ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-03-16 11:13:49

ᠵᠣᠬᠢᠶᠠᠭ᠍ᠴᠢ᠄ ᠯᠢ ᠢᠦᠢ ᠵᠦᠸᠸ ᠭᠤᠤ ᠮᠢᠨ ᠨᠠ ᠱᠢᠤᠸᠠᠢ ᠢ ᠴᠢᠶᠦ᠋ᠨ ᠸᠠᠩ ᠲᠠᠨ᠎ᠠ ᠯᠢᠦ ᠱᠤᠸᠠᠩ ᠴᠧᠨ ᠶᠠᠨ ᠷᠦᠩ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ 《ᠤᠮᠠᠷᠠᠲᠤ ᠬᠢᠯᠢ᠎ᠶ᠋ᠢᠨ ᠵᠢᠱ᠌ᠢᠶᠡᠴᠢ》 ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ᠎ᠤᠨ ᠲᠡᠷᠭᠡᠨ ᠠᠩᠬᠢ᠎ᠶ᠋ᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢᠨ ᠲᠣᠭᠣᠷᠢᠨ ᠮᠡᠳᠡᠭᠦᠯᠦᠯᠲᠡ᠎ᠶ᠋ᠢᠨ ᠬᠤᠷᠠᠯ ᠬᠥᠯᠥᠨ ᠪᠤᠢ᠌ᠷ ᠬᠤᠳᠠ᠂ ᠬᠢᠩᠭᠠᠨ ᠠᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠎ᠳᠤ ᠶᠠᠪᠤᠭ᠍ᠳᠠᠪᠠ᠃

ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ ᠮᠠ ᠸᠸᠨ ᠭᠠᠩ᠂ ᠳ᠋ᠢᠩ ᠳ᠋ᠠᠨ᠂ ᠭᠤᠤ ᠳ᠋ᠦᠩ ᠬᠤᠸᠠ᠂ ᠵᠶ᠋ᠢ ᠶᠤᠸᠠᠢ᠂ ᠵᠤᠤ ᠶᠦᠩ ᠹᠸᠩ ᠵᠡᠷᠭᠡ 5 ᠤᠬᠠᠭᠤᠯᠤᠨ ᠲᠠᠢᠯᠪᠤᠷᠢᠯᠠᠭ᠍ᠴᠢ ᠲᠤᠬᠠᠢ᠎ᠶ᠋ᠢᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ᠂ ᠬᠥᠲᠥᠯᠥᠭ᠌ᠴᠢ᠎ᠲᠡᠶ ᠶᠠᠷᠢᠯᠴᠠᠵᠤ ᠰᠤᠷᠪᠤᠯᠵᠢᠯᠠᠬᠤ ᠬᠣᠶᠠᠷ ᠵᠦᠢᠯ᠎ᠦᠨ ᠬᠡᠯᠪᠡᠷᠢ᠎ᠪᠡᠷ ᠠᠳᠠᠯᠢ ᠪᠤᠰᠤ ᠬᠠᠷᠠᠭᠠᠰᠤ ᠡᠴᠡ ᠯᠸᠢ ᠹᠸᠩ᠎ᠤᠨ ᠲᠡᠷᠭᠡᠨ ᠠᠩᠬᠢ᠎ᠶ᠋ᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠠᠮᠢᠳᠤᠯᠢᠭ᠎ᠢᠶᠠᠷ ᠬᠦᠦᠷᠨᠢᠵᠡᠢ᠃

ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠯᠧᠢ ᠹᠧᠩ᠎ᠤᠨ ᠲᠡᠷᠭᠡᠨ ᠠᠩᠭᠢ 2007 ᠣᠨ᠎ᠤ 7 ᠰᠠᠷ᠎ᠠ᠎ᠳᠤ ᠪᠠᠢᠭᠤᠯᠤᠭ᠍ᠳᠠᠪᠠ᠃ 16 ᠵᠢᠯ᠎ᠦᠨ ᠲᠤᠷᠰᠢ᠂ ᠲᠡᠷᠭᠡᠨ ᠠᠩᠭᠢ᠎ᠶ᠋ᠢᠨ ᠭᠡᠱᠢᠭᠦᠳ ᠠᠷᠠᠳ ᠲᠦᠮᠡᠨ᠎ᠳᠦ ᠦᠶ᠋ᠯᠡᠴᠢᠯᠡᠬᠦ᠌᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠤ ᠵᠣᠷᠢᠭ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠨ᠂ ᠨᠡᠢᠭᠡᠮ᠎ᠦᠨ ᠦᠶ᠋ᠯᠡᠴᠢᠯᠡᠭᠡ᠂ ᠠᠮᠤᠷ᠎ᠢ ᠬᠠᠮᠠᠭᠠᠯᠠᠬᠤ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ ᠵᠡᠷᠭᠡ ᠶᠠᠪᠤᠳᠠᠯ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠯᠸᠢ ᠹᠸᠩ᠎ᠤᠨ ᠵᠣᠷᠢᠭ ᠰᠠᠨᠠᠭ᠎ᠠ᠎ᠶ᠋ᠢ ᠵᠠᠯᠭᠠᠮᠵᠢᠯᠠᠨ᠂ ᠥᠯᠢᠭᠡᠷ ᠳᠠᠭᠤᠷᠢᠶᠠᠯ᠎ᠤᠨ ᠬᠦᠴᠦᠨ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠥᠯᠢᠭᠡᠷ᠎ᠢ ᠦᠷᠭᠦᠯᠵᠢᠯᠡᠨ ᠪᠢᠴᠢᠭ᠌ᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠤᠢ᠍ᠢᠷ᠎ᠠ᠎ᠶ᠋ᠢᠨ ᠡᠳᠦᠷ ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠎ᠤᠨ ᠲᠡᠷᠭᠡᠨ ᠠᠩᠬᠢ᠎ᠶ᠋ᠢᠨ ᠨᠠᠮ᠎ᠤᠨ ᠶᠡᠷᠦᠩᠬᠡᠢ ᠡᠭᠦᠷ᠎ᠲᠦ 《ᠤᠮᠠᠷᠠᠲᠤ ᠬᠢᠯᠢ᠎ᠶ᠋ᠢᠨ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ ᠣᠯᠭᠣᠪᠠ᠃

《ᠡᠨᠡ ᠵᠢᠯ ᠪᠣᠯ ᠮᠠᠤ ᠽᠸ ᠳ᠋ᠦᠩ᠎ᠦᠨ 〈ᠯᠸᠢ ᠹᠸᠩ ᠨᠥᠬᠥᠷ᠎ᠡᠴᠡ ᠰᠤᠷᠤᠯᠴᠠᠶ᠎ᠠ〉 ᠭᠡᠬᠦ᠌ ᠪᠢᠴᠢᠭᠡᠰᠦ ᠪᠢᠴᠢᠭ᠌ᠰᠡᠨ 60 ᠵᠢᠯ᠎ᠦᠨ ᠤᠢ ᠪᠣᠯᠤᠨ᠎ᠠ᠂ ᠪᠢᠳᠡ ᠲᠣᠭᠣᠷᠢᠨ ᠮᠡᠳᠡᠭᠦᠯᠦᠯᠲᠡ᠎ᠶ᠋ᠢᠨ ᠬᠤᠷᠠᠯ᠎ᠤᠨ ᠬᠡᠯᠪᠡᠷᠢ᠎ᠪᠡᠷ ᠯᠸᠢ ᠹᠸᠩ᠎ᠤᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠪᠠᠳᠠᠷᠠᠭᠤᠯᠤᠨ ᠳᠡᠯᠭᠡᠷᠡᠭᠦᠯᠬᠦ᠌᠎ᠶ᠋ᠢᠨ ᠬᠠᠮᠲᠤ᠂ ᠮᠥᠨ ᠪᠢᠳᠡᠨ᠎ᠦ ᠨᠥᠯᠥᠭᠡ᠎ᠪᠡᠷ ᠡᠯ᠎ᠡ ᠭᠠᠵᠠᠷ᠎ᠤᠨ ᠰᠠᠢ᠌ᠨ ᠲᠤᠷᠠᠴᠤᠳ᠂ ᠯᠸᠢ ᠹᠸᠩ᠎ᠤᠨ ᠵᠣᠷᠢᠭ ᠰᠠᠨᠠᠭᠠᠨ᠎ᠤ ᠤᠯᠠᠮᠵᠢᠯᠠᠭ᠍ᠴᠢᠳ᠎ᠲᠠᠶ ᠬᠠᠮᠲᠤ ᠪᠠᠷ ᠯᠸᠢ ᠹᠸᠩ᠎ᠤᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠤᠯᠠᠮᠵᠢᠯᠠᠨ ᠵᠠᠯᠭᠠᠮᠵᠢᠯᠠᠬᠤ᠎ᠶ᠋ᠢ ᠬᠦᠰᠡᠵᠦ᠍ ᠪᠠᠢᠨ᠎ᠠ》 ᠭᠡᠵᠦ᠍ ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ᠎ᠤᠨ ᠲᠡᠷᠭᠡᠨ ᠠᠩᠬᠢ᠎ᠶ᠋ᠢᠨ ᠳᠠᠷᠤᠭ᠎ᠠ ᠮᠠ ᠸᠸᠨ ᠭᠠᠩ ᠬᠡᠯᠡᠪᠡ᠃

ᠬᠥᠯᠥᠨ ᠪᠤᠢ᠌ᠷ ᠬᠤᠳᠠ᠎ᠳᠤ ᠡᠯ᠎ᠡ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠲᠥᠯᠥᠭᠡᠯᠡᠭ᠌ᠴᠢ᠂ ᠲᠦᠷᠢᠶᠡᠰᠦᠨ ᠮᠠᠱᠢᠨ᠎ᠲᠡᠷᠭᠡᠨ᠎ᠤ ᠠᠵᠢᠯ ᠲᠦᠷᠦᠯ᠎ᠦᠨ ᠲᠥᠯᠥᠭᠡᠯᠡᠭ᠌ᠴᠢ᠂ ᠰᠠᠢ᠌ᠨ ᠲᠤᠷᠠᠴᠤᠳ᠎ᠤᠨ ᠲᠥᠯᠥᠭᠡᠯᠡᠭ᠌ᠴᠢ᠎ᠨᠡᠷ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃ ᠤᠯᠠᠨ᠎ᠢᠶᠠᠷ᠎ᠢᠶᠠᠨ᠂ ᠮᠡᠳᠡᠭᠦᠯᠦᠯᠲᠡ᠎ᠶ᠋ᠢᠨ ᠬᠤᠷᠠᠯ᠎ᠤᠨ ᠭᠣᠣᠯ ᠰᠡᠳᠦᠪ ᠨᠢ ᠭᠦᠨᠵᠡᠭᠡᠢ᠂ ᠬᠥᠮᠦᠰ᠎ᠢ ᠭᠦᠨ ᠪᠤᠳᠤᠯᠭᠠᠰᠢᠷᠠᠭᠤᠯᠵᠦ᠂ ᠦᠯᠢᠭᠡᠷ ᠳᠠᠭᠤᠷᠢᠶᠠᠯ᠎ᠤᠨ ᠬᠦᠴᠦᠨ᠎ᠢᠶᠡᠷ ᠵᠢᠯᠤᠭᠤᠳᠤᠯᠭ᠎ᠠ ᠪᠣᠯᠭᠠᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠢᠳᠡᠪᠬᠢᠲᠡᠢ ᠣᠷᠣᠯᠴᠠᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠳᠠᠮᠵᠢᠭᠤᠯᠤᠨ᠎ᠠ ᠭᠡᠵᠦ᠍ ᠢᠯᠡᠳᠭᠡᠵᠡᠭᠡᠪᠡ᠃ ᠬᠥᠯᠥᠨ ᠪᠣᠢᠷ ᠬᠣᠲᠠ ᠲᠣᠰ ᠤᠳᠠᠭᠠᠨ᠎ᠤ ᠮᠡᠳᠡᠭᠦᠯᠦᠯᠲᠡ᠎ᠶ᠋ᠢᠨ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠳᠤᠭᠤᠰᠢᠯᠠᠭᠤᠯᠵᠦ᠂ ᠨᠠᠮ᠎ᠤᠨ ᠭᠡᠱᠢᠭᠦᠨ ᠺᠠᠳ᠋ᠷᠴᠤᠳ᠎ᠢ ᠳᠠᠢᠴᠢᠯᠠᠨ ᠵᠢᠱ᠌ᠢᠶᠡᠴᠢ ᠳᠠᠭᠠᠭᠤᠯᠬᠤ ᠦᠶ᠋ᠯᠡᠳᠦᠯ᠎ᠢᠶᠡᠨ ᠪᠠᠳᠠᠷᠠᠭᠤᠯᠵᠤ᠂ ᠯᠸᠢ ᠹᠸᠩ᠎ᠠᠴᠠ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠯᠸᠢ ᠹᠸᠩ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠭᠦᠨᠵᠡᠭᠡᠶ ᠡᠵᠡᠮᠱᠢᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ ᠦᠶ᠋ᠯᠡᠳᠦᠯᠭᠡᠵᠢᠭᠦᠯᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ᠎ᠠ᠃

ᠬᠢᠩᠭᠠᠨ ᠠᠢᠮᠠᠭ ᠲᠸ᠋ ᠠᠢᠮᠠᠭ᠎ᠤᠨ ᠱᠢᠭᠤᠳ ᠬᠠᠷᠢᠶ᠎ᠠ ᠡᠯ᠎ᠡ ᠪᠠᠢᠭᠤᠯᠭ᠎ᠠ᠂ ᠰᠤᠷᠭᠠᠨ ᠬᠥᠮᠦᠵᠢᠯ᠎ᠦᠨ ᠱᠢᠰᠲ᠋ᠧᠮ᠎ᠦᠨ ᠲᠥᠯᠥᠭᠡᠯᠡᠭ᠌ᠴᠢ᠂ ᠲᠦᠷᠢᠶᠡᠰᠦᠨ ᠮᠠᠱᠢᠨ ᠲᠡᠷᠭᠡᠨ᠎ᠦ ᠠᠵᠢᠯ ᠲᠥᠷᠥᠯ᠎ᠦᠨ ᠲᠥᠯᠥᠭᠡᠯᠡᠭ᠌ᠴᠢ᠂ ᠰᠠᠢᠨ ᠲᠤᠷᠠᠴᠤᠳ᠎ᠤᠨ ᠲᠥᠯᠥᠭᠡᠯᠡᠭ᠌ᠴᠢ᠎ᠨᠡᠷ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃ ᠬᠢᠩᠭᠠᠨ ᠠᠢᠮᠠᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠤᠯᠪᠤᠭ᠎ᠠ᠎ᠶ᠋ᠢᠨ ᠬᠠᠷᠢᠭᠤᠴᠠᠯᠭᠠᠲᠠᠨ ᠰᠦᠨ ᠱᠢᠶᠤᠤ ᠯᠢ᠄ 《ᠰᠠᠢᠨ ᠲᠤᠷᠠᠴᠤᠳ ᠪᠣᠯᠤᠭ᠍ᠰᠠᠨ᠎ᠤ ᠬᠤᠪᠢ᠎ᠳᠤ᠂ ᠲᠣᠰ ᠤᠳᠠᠭᠠᠨ᠎ᠤ ᠦᠶ᠋ᠯᠡ ᠠᠵᠢᠯᠯᠠᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠤᠭᠠᠳ ᠭᠦᠨ ᠲᠥᠷᠥᠭ᠌ᠳᠡᠯ᠎ᠲᠡᠶ ᠪᠠᠢᠨ᠎ᠠ᠃ 〈ᠤᠮᠠᠷᠠᠲᠤ ᠬᠢᠯᠢ᠎ᠶ᠋ᠢᠨ ᠵᠢᠱ᠌ᠢᠶᠡᠴᠢ〉 ᠯᠧᠢ ᠹᠧᠩ᠎ᠤᠨ ᠲᠡᠷᠭᠡᠨ ᠠᠩᠭᠢ ᠵᠢᠵᠢᠭ ᠦᠢᠯᠠ ᠠᠵᠢᠯᠯᠠᠭ᠎ᠠ ᠪᠠᠷ ᠵᠢᠡᠨ᠎ᠶᠡᠬᠡ ᠬᠠᠢᠷ᠎ᠠ᠎ᠶ᠋ᠢᠨ ᠤᠷᠲᠤ ᠤᠷᠤᠰᠭᠠᠯ᠎ᠢ ᠪᠦᠷᠢᠯᠲᠤᠬᠦᠯᠵᠤ᠂ ᠵᠢᠵᠢᠭ ᠦᠢᠯᠠ ᠠᠵᠢᠯᠯᠠᠭ᠎ᠠ ᠪᠠᠷ᠎ᠵᠢᠡᠨ ᠦᠯᠢᠭᠡᠷ ᠳᠠᠭᠤᠷᠢᠶᠠᠯ ᠪᠣᠯᠵᠠᠶ᠃ ᠯᠸᠢ ᠹᠸᠩ ᠡᠴᠡ ᠰᠤᠷᠤᠯᠴᠠᠬᠤ᠎ᠳᠤ ᠤᠳᠠᠭᠠᠨ ᠳᠠᠭᠠᠭᠠᠮᠠᠭᠠᠶ ᠪᠠᠢᠵᠤ᠂ ᠡᠳᠦᠷ ᠲᠤᠲᠤᠮ᠎ᠤᠨ ᠦᠢᠯᠡᠳᠪᠦᠷᠢᠯᠡᠯ ᠠᠮᠢᠳᠤᠷᠠᠯ᠎ᠳᠤ ᠠᠭᠤᠰᠭᠠᠨ ᠣᠷᠣᠭᠤᠯᠵᠤ᠂ ᠯᠸᠢ ᠹᠸᠩ᠎ᠤᠨ ᠵᠣᠷᠢᠭ ᠰᠠᠨᠠᠭ᠎ᠠ᠎ᠪᠠᠷ ᠦᠯᠢᠭᠡᠷ ᠵᠢᠱ᠌ᠢᠶ᠎ᠡ ᠪᠣᠯᠭᠠᠵᠤ᠂ ᠦᠯᠢᠭᠡᠷ ᠲᠠᠭᠤᠷᠢᠶᠠᠯ ᠪᠣᠯᠭᠠᠬᠤ ᠬᠡᠷᠡᠭᠲᠠᠢ》 ᠬᠡᠵᠤ ᠬᠡᠯᠡᠪᠡ᠃

ᠲᠦᠩᠯᠢᠶᠣᠤ ᠬᠤᠳᠠ᠎ᠶ᠋ᠢᠨ ᠮᠡᠳᠡᠭᠦᠯᠦᠯᠲᠡ᠎ᠶ᠋ᠢᠨ ᠬᠤᠷᠠᠯ᠎ᠤᠨ ᠠᠬᠤᠢ ᠲᠠᠯᠠᠪᠠᠢ᠎ᠳᠤ᠂ ᠲᠦᠩᠯᠢᠶᠣᠤ ᠬᠤᠳᠠ᠎ᠶ᠋ᠢᠨ ᠡᠯ᠎ᠡ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠲᠥᠯᠥᠭᠡᠯᠡᠭ᠌ᠴᠢ᠂ ᠰᠠᠢ᠌ᠨ ᠲᠤᠷᠠᠴᠤᠳ᠎ᠤᠨ ᠲᠥᠯᠥᠭᠡᠯᠡᠭ᠌ᠴᠢ ᠵᠡᠷᠭᠡ 300 ᠭᠠᠷᠤᠢ ᠬᠥᠮᠦᠨ ᠮᠡᠳᠡᠭᠦᠯᠦᠯᠲᠡ᠎ᠶ᠋ᠢ ᠰᠣᠨᠣᠰᠪᠠ᠃ ᠤᠯᠠᠨ᠎ᠢᠶᠠᠷ᠎ᠢᠶᠠᠨ᠂ ᠠᠮᠢᠳᠤ ᠳᠦᠷᠰᠦᠯᠢᠭ ᠦᠯᠢᠬᠡᠷ ᠳᠠᠭᠤᠷᠢᠶᠠᠯ ᠳᠡᠷᠭᠡᠳᠡ ᠪᠠᠢᠵᠤ᠂ ᠳᠠᠭᠤᠷᠢᠶᠠᠯ᠎ᠤᠨ ᠬᠦᠴᠦᠨ᠎ᠢᠶᠡᠷ ᠵᠢᠯᠤᠭᠤᠳᠤᠯᠭ᠎ᠠ ᠪᠣᠯᠭᠠᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠳᠦ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠦᠯᠢᠬᠡᠷ᠎ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃ ᠲᠦᠩᠯᠢᠶᠣᠤ ᠬᠤᠳᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶᠠᠨ ᠤ᠋ ᠪᠠᠢᠭᠤᠯᠭ᠎ᠠ᠎ᠶ᠋ᠢᠨ ᠨᠠᠮ᠎ᠤᠨ ᠡᠭᠦᠷ᠎ᠦᠨ ᠵᠣᠬᠢᠶᠠᠨ ᠪᠠᠢᠭᠤᠯᠬᠤ ᠭᠡᠱᠢᠭᠦᠨ ᠱᠢᠤᠸᠠᠢ ᠶᠤᠸᠠᠨ ᠳ᠋ᠦᠩ᠄ 《ᠯᠸᠢ ᠹᠸᠩ᠎ᠤᠨ ᠲᠡᠷᠭᠡᠨ ᠠᠩᠬᠢ᠎ᠶ᠋ᠢᠨ ᠡᠭᠡᠯ ᠵᠢᠷ᠎ᠦᠨ ᠬᠥᠮᠦᠰ᠎ᠦᠨ ᠡᠷᠬᠢᠮ ᠲᠠᠬᠡᠲᠤ ᠠᠵᠢᠯᠯᠠᠭ᠎ᠠ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠯᠸᠢ ᠹᠸᠩ᠎ᠤᠨ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠠᠷᠠᠳ᠎ᠤᠨ ᠲᠥᠯᠥᠭᠡ ᠭᠡᠬᠦ᠌ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠵᠠᠮ ᠬᠠᠷᠢᠯᠴᠠᠭ᠎ᠠ᠎ᠳᠤ ᠦᠢᠯᠡᠴᠢᠯᠡᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠵᠤ᠂ ᠭᠡᠷᠡᠯ ᠭᠢᠯᠪᠠᠭ᠎ᠠ ᠰᠠᠴᠤᠷᠠᠭᠤᠯᠤᠨ᠎ᠠ》 ᠬᠡᠵᠦ ᠬᠡᠯᠡᠪᠠ᠃

ᠤᠯᠠᠭᠠᠨᠬᠠᠳᠠ ᠬᠣᠲᠠ᠎ᠶ᠋ᠢᠨ ᠡᠯ᠎ᠡ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠲᠥᠯᠥᠭᠡᠯᠡᠭ᠌ᠴᠢ᠂ ᠲᠦᠷᠢᠶᠡᠰᠦᠨ ᠮᠠᠱᠢᠨ ᠲᠡᠷᠭᠡᠨ᠎ᠦ ᠠᠵᠢᠯ ᠲᠥᠷᠥᠯ᠎ᠦᠨ ᠲᠥᠯᠥᠭᠡᠯᠡᠭ᠌ᠴᠢ᠂ ᠰᠤᠷᠭᠠᠨ ᠬᠥᠮᠦᠵᠢᠯ᠎ᠦᠨ ᠱᠢᠰᠲ᠋ᠧᠮ᠎ᠦᠨ ᠲᠥᠯᠥᠭᠡᠯᠡᠭ᠌ᠴᠢ᠎ᠨᠡᠷ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃ ᠤᠯᠠᠭᠠᠨᠬᠠᠳᠠ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶᠠᠨ᠎ᠤ ᠠᠯᠪᠠᠨ ᠭᠡᠷ᠎ᠦᠨ ᠭᠡᠱᠢᠭᠦᠨ ᠱ᠌ᠢ ᠪᠥᠸᠧ ᠶᠠᠩ᠄《ᠡᠨᠡ ᠤᠳᠠᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ ᠨᠢ ᠨᠡᠩ ᠳᠦᠷᠰᠦᠯᠢᠭ᠂ ᠠᠮᠢᠳᠤᠷᠠᠯ᠎ᠳᠤ ᠨᠡᠩ ᠤᠢ᠍ᠢᠷᠠᠲᠤᠭ᠍ᠰᠠᠠ ᠬᠡᠯᠪᠡᠷᠢ ᠪᠠᠷ ᠨᠠᠲᠠ ᠳ᠋ᠤ ᠯᠸᠢ ᠹᠸᠩ᠎ᠤᠨ ᠵᠣᠷᠢᠭ ᠰᠠᠨᠠᠭ᠎ᠠ᠎ᠳᠠᠬᠢ ᠠᠷᠠᠳ ᠲᠦᠮᠡᠨ᠎ᠳᠦ ᠦᠢᠯᠡᠴᠢᠯᠡᠬᠦ᠌᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠤ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ ᠪᠣᠯᠤᠨ ᠨᠢᠭᠡ ᠠᠵᠢᠯ ᠲᠦᠷᠦᠯ᠎ᠢ ᠬᠢᠪᠡᠯ ᠨᠢᠭᠡ ᠠᠵᠢᠯ ᠲᠦᠷᠦᠯ᠎ᠢᠶᠡᠨ ᠬᠠᠢᠷᠠᠯᠠᠬᠤ᠂ ᠨᠢᠭᠡ ᠠᠵᠢᠯ ᠲᠦᠷᠦᠯ᠎ᠳᠦ ᠮᠡᠷᠭᠡᠱᠢᠬᠦ᠂ ᠠᠵᠢᠯ ᠦᠢᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠣᠢᠯᠠᠭᠠᠭᠤᠯᠵᠠᠢ᠃ ᠬᠣᠢᠱᠢᠳᠠ᠎ᠶ᠋ᠢᠨ ᠠᠵᠢᠯ᠎ᠳᠠᠭᠠᠨ ᠪᠢ ᠯᠸᠢ ᠹᠸᠩ᠎ᠤᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠤᠯᠠᠮᠵᠢᠯᠠᠨ ᠵᠠᠯᠭᠠᠮᠵᠢᠯᠠᠵᠤ᠂ ᠠᠵᠢᠯ ᠦᠢᠯᠡᠰ᠎ᠢᠶᠡᠨ ᠳᠡᠭᠡᠳᠦᠯᠡᠵᠦ᠍᠂ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠨ᠂ ᠱᠢᠨ᠎ᠡ ᠴᠠᠭ ᠦᠶ᠎ᠡ᠎ᠶ᠋ᠢᠨ ᠰᠠᠢᠨ ᠵᠠᠯᠠᠭᠤᠴᠤᠳ ᠪᠣᠯᠬᠤ᠎ᠪᠠᠷ ᠴᠢᠷᠮᠠᠢᠨ᠎ᠠ》 ᠬᠡᠵᠤ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面