2023-03-04 18:01:04
— ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠢᠯᠡᠴᠢᠯᠡᠭᠡ ᠶ᠋ᠢ ᠥᠷᠭᠡᠨ᠎ᠢᠶᠡᠷ ᠥᠷᠨᠢᠭᠦᠯᠬᠦ᠌ ᠲᠤᠬᠠᠶ ᠰᠠᠨᠠᠭᠠᠴᠢᠯᠠᠭ᠎ᠠ᠎ᠶ᠋ᠢᠨ ᠪᠢᠴᠢᠭ
ᠪᠦᠬᠦ᠌ ᠣᠷᠣᠨ᠎ᠤ ᠥᠷᠭᠡᠨ ᠤᠯᠠᠨ ᠰᠠᠢ᠌ᠨ ᠳᠤᠷᠠᠴᠤᠤᠯ᠂ ᠰᠠᠢᠨ ᠲᠤᠷ᠎ᠠ ᠵᠢᠨ ᠦᠢᠯᠡᠴᠢᠯᠡᠭᠡᠨ᠎ᠤ ᠵᠤᠬᠢᠶᠠᠨ ᠪᠠᠢᠭᠤᠯᠤᠯᠲᠠ᠄
ᠡᠨᠡ ᠵᠢᠯ ᠪᠣᠯ ᠮᠠᠤ ᠽᠸ ᠳ᠋ᠦᠩ ᠵᠡᠷᠭᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠯᠸᠢ ᠹᠸᠩ ᠨᠥᠬᠥᠷ᠎ᠲᠦ ᠪᠢᠴᠢᠭᠡᠰᠦ ᠬᠠᠢᠷᠠᠯᠠᠬᠰᠡᠨ 60 ᠵᠢᠯ᠎ᠦᠨ ᠣᠶ ᠪᠣᠯᠤᠨ᠎ᠠ᠃ ᠣᠢᠷ᠎ᠠ᠎ᠳᠤ ᠶᠡᠷᠦᠩᠬᠡᠶ ᠱᠦᠵᠢ ᠰᠢ ᠵᠢᠨ ᠫᠢᠩ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ ᠶ᠋ᠢ ᠭᠦᠨᠵᠡᠭᠡᠶ ᠥᠷᠨᠢᠭᠦᠯᠬᠦ᠌ ᠲᠤᠬᠠᠶ ᠴᠢᠬᠤᠯᠠ ᠵᠢᠭᠠᠪᠤᠷᠢ ᠭᠠᠷᠭᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠪᠥᠬᠥ᠌ ᠣᠷᠣᠨ᠎ᠤ ᠥᠷᠭᠡᠨ ᠣᠯᠠᠨ ᠰᠠᠢᠨ ᠳᠤᠷᠠᠴᠤᠤᠯ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠬᠥᠲᠥᠯᠦᠨ ᠵᠢᠯᠣᠭᠣᠳᠴᠤ᠌ ᠤᠷᠮᠠᠰᠢᠭᠤᠯᠤᠨ ᠵᠣᠷᠢᠭ᠍ᠵᠢᠭᠤᠯᠵᠤ ᠯᠸᠢ ᠹᠸᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠥᠷᠭᠡᠨ᠎ᠢᠶᠡᠷ ᠥᠷᠨᠢᠭᠦᠯᠵᠦ᠍᠂ ᠨᠡᠢᠭᠡᠮ ᠳᠠᠶᠠᠭᠠᠷᠤ 《ᠡᠷᠭᠦᠨ ᠵᠤᠷᠢᠭᠤᠯᠬᠤ᠂ ᠨᠥᠬᠥᠷᠰᠡᠭ ᠲᠤᠳᠤᠨᠤ᠂ ᠬᠠᠷᠢᠯᠴᠠᠨ ᠬᠠᠪᠰᠤᠷᠤᠯᠴᠠᠬᠤ᠂ ᠤᠷᠤᠬᠰᠢᠯᠠᠨ ᠳᠠᠪᠱᠢᠬᠤ》 ᠢᠳᠡᠪᠬᠢ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ᠂ ᠤᠶᠤᠨ᠎ᠤ ᠪᠣᠯᠪᠠᠰᠤᠨ᠎ᠤ ᠪᠠᠢᠭᠤᠯᠤᠯᠳᠠ ᠵᠢᠨ ᠵᠢᠯᠤᠭᠤᠳᠬᠤ ᠵᠥᠪᠯᠠᠯ ᠤᠨ ᠠᠯᠪᠠᠨ ᠭᠡᠷ᠎ᠡᠴᠡ ᠲᠤᠤᠷᠠᠬᠢ ᠰᠠᠨᠠᠭᠠᠴᠢᠯᠠᠭ᠎ᠠ ᠵᠢ ᠭᠠᠷᠭᠠᠪᠠ᠄
ᠨᠢᠭᠡ᠂ ᠦᠵᠡᠯ ᠰᠠᠨᠠᠭᠠᠨ᠎ᠤ ᠲᠤᠭ᠎ᠢ ᠥᠨᠳᠥᠷ ᠮᠠᠨᠳᠤᠭᠤᠯᠵᠤ᠂ ᠱᠢᠨ᠎ᠡ ᠴᠠᠭ ᠦᠶ᠎ᠡ᠎ᠶ᠋ᠢᠨ 《 ᠨᠠᠮ᠎ᠤᠨ ᠲᠠᠭᠤᠨ 》 ᠤ᠋ ᠤᠯᠠᠮᠵᠢᠯᠠᠭ᠍ᠴᠢ ᠪᠣᠯᠬᠤ᠎ᠪᠠᠷ ᠴᠢᠷᠮᠠᠢᠶ᠎ᠠ᠃ ᠥᠷᠭᠡᠨ ᠤᠯᠠᠨ ᠰᠠᠢ᠌ᠨ ᠳᠤᠷᠠᠴᠤᠤᠯ ᠪᠠ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠠᠮᠢᠳᠤᠷᠠᠯ᠎ᠳᠤ ᠣᠢᠷᠠᠲᠤᠬᠤ᠂ ᠤᠯᠠᠨ ᠲᠦᠮᠡᠨ᠎ᠲᠡᠶ ᠣᠢᠷᠠᠲᠤᠬᠤ ᠳᠠᠪᠠᠭᠤᠯᠢᠭ᠎ᠢᠶᠠᠨ ᠪᠠᠳᠠᠷᠠᠭᠤᠯᠵᠦ᠂ 《ᠨᠠᠮ᠎ᠤᠨ ᠲᠠᠭᠤᠨᠢ᠋ ᠲᠦᠭ ᠲᠦᠮᠡᠨ ᠡᠷᠦᠬᠡ᠎ᠳᠦ ᠤᠷᠤᠭᠤᠯᠬᠤ》 ᠭᠣᠸ᠋ᠯ ᠰᠡᠳᠦᠪᠲᠦ ᠤᠬᠠᠭᠤᠯᠤᠨ ᠲᠠᠢᠯᠪᠤᠷᠢᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠂ ᠰᠢ ᠵᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠦᠨᠳᠦᠰᠦᠨ ᠦᠵᠡᠯᠲᠡ᠂ ᠭᠣᠣᠯᠯᠠᠬᠤ ᠣᠢᠯᠠᠭᠠᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠠᠮᠢᠳᠤᠯᠢᠭ᠎ᠢᠶᠠᠷ ᠲᠣᠳᠣᠷᠬᠠᠢᠯᠠᠨ ᠥᠭᠦᠯᠡᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠤᠬᠠᠭᠤᠯᠤᠨ ᠲᠠᠢᠯᠪᠤᠷᠢᠯᠠᠵᠤ ᠂ ᠯᠸᠢ ᠹᠸᠩ ᠨᠥᠬᠥᠷᠰᠢᠭ ᠱᠢᠨᠵᠢᠯᠡᠬᠦ᠌ ᠤᠬᠠᠭᠠᠨᠴᠢ ᠤᠨᠤᠯ᠎ᠵᠢᠡᠷ 《ᠠᠮᠤ ᠪᠤᠳᠠᠭ᠎ᠠ》 ᠂ 《 ᠵᠡᠷ ᠵᠡᠪᠰᠡᠭ》᠂ 《 ᠵᠠᠯᠠᠭᠤᠷ》 ᠪᠤᠯᠭᠠᠵᠤ᠂ ᠥᠷᠭᠡᠨ ᠤᠯᠠᠨ ᠦᠨᠳᠦᠰᠦᠨ ᠱᠠᠲᠤᠨ᠎ᠤ ᠤᠯᠠᠨ ᠲᠦᠮᠡᠨ᠎ᠢ ᠬᠠᠪᠰᠤᠷᠤᠨ ᠨᠠᠮ᠎ᠤᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠤᠢ᠍ᠢᠯᠠᠭᠠᠨ ᠡᠵᠡᠮᠱᠢᠭᠦᠯᠵᠦ᠍᠂ ᠢᠲᠡᠭᠡᠯ ᠪᠢᠱᠢᠷᠡᠯ ᠢᠲᠡᠭᠡᠯ ᠵᠣᠷᠢᠭ᠎ᠢ ᠨᠢ ᠪᠠᠲᠤᠳᠭᠠᠬᠤ ᠬᠡᠷᠡᠭ᠌ᠲᠡᠢ᠃
ᠬᠣᠶᠠᠷ᠂ ᠥᠷᠲᠡᠭ᠎ᠢᠶᠡᠷ ᠬᠥᠲᠥᠯᠦᠨ ᠳᠠᠭᠠᠭᠤᠯᠬᠤ᠎ᠶ᠋ᠢ ᠳᠣᠪᠣᠢᠯᠭᠠᠵᠤ᠂ ᠱᠢᠨ᠎ᠡ ᠴᠠᠭ ᠦᠶ᠎ᠡ᠎ᠶ᠋ᠢᠨ 《ᠪᠣᠯᠪᠠᠰᠤᠨ ᠱᠢᠨ᠎ᠡ ᠰᠤᠷᠲᠠᠯ》᠎ᠤ᠋ᠨ ᠦᠶ᠋ᠯᠡᠳᠦᠯᠭᠡᠵᠢᠭᠦᠯᠦᠭ᠌ᠴᠢ ᠪᠣᠯᠬᠤ᠎ᠪᠠᠷ ᠴᠢᠷᠮᠠᠢᠶ᠎ᠠ᠃ ᠨᠠᠮ᠎ᠢᠶᠠᠨ ᠬᠠᠢᠷᠠᠯᠠᠬᠤ᠂ ᠡᠬᠡ ᠤᠯᠤᠰ᠎ᠢᠶᠠᠨ ᠬᠠᠢᠷᠠᠯᠠᠬᠤ᠂ ᠨᠡᠢᠭᠡᠮ ᠵᠢᠷᠤᠮ᠎ᠢ ᠬᠠᠢᠷᠠᠯᠠᠬᠤ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ᠎ᠢ ᠶᠡᠬᠡ ᠪᠡᠷ ᠪᠠᠳᠠᠷᠠᠭᠤᠯᠵᠤ᠂ ᠲᠤᠬᠠᠢᠯᠠᠬᠰᠠᠨ ᠠᠵᠢᠯ ᠵᠢᠡᠨ ᠬᠠᠢᠷᠠᠯᠠᠬᠤ᠂ ᠲᠤᠬᠠᠢᠯᠠᠬᠰᠠᠨ ᠠᠵᠢᠯ ᠳ᠋ᠠᠭᠠᠨ ᠮᠡᠷᠭᠡᠰᠢᠬᠦ ᠠᠵᠢᠯ ᠦᠢᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠲᠦᠮᠡᠨ᠎ᠳᠦ ᠦᠢᠯᠡᠴᠢᠯᠡᠬᠦ᠂ ᠪᠤᠰᠤᠳ᠎ᠢ ᠲᠤᠰᠠᠯᠠᠬᠤ᠎ᠪᠠᠷ ᠵᠤᠯ ᠵᠢᠷᠭᠠᠯ᠎ᠢᠶᠠᠨ ᠪᠣᠯᠭᠠᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠷᠡᠰ ᠱᠢᠭᠤᠷᠬᠠᠶ᠎ᠪᠠᠷ ᠤᠷᠤᠭ᠍ᠰᠢᠯᠠᠨ ᠲᠠᠪᠱᠢᠬᠤ ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ ᠂ ᠠᠵᠢᠯᠴᠢ ᠪᠤᠷᠤᠭᠵᠢᠭᠤᠨ ᠠᠷᠪᠢᠴᠢ ᠭᠠᠮᠳᠠᠢ ᠪᠠᠢᠬᠤ ᠦᠢᠯᠡᠰ ᠪᠤᠰᠬᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠬᠡᠷᠡᠭ᠌ᠲᠡᠶ; ᠣᠯᠠᠨ ᠵᠦᠢᠯ᠎ᠦᠨ ᠠᠷᠭ᠎ᠠ ᠬᠡᠯᠪᠡᠷᠢ᠎ᠪᠡᠷ ᠠᠵᠢᠯᠯᠠᠭᠠᠨ᠎ᠤ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠯᠸᠢ ᠹᠸᠩ᠎ᠤᠨ ᠦᠢᠯᠡ ᠠᠵᠢᠯᠯᠠᠭ᠎ᠠ᠎ᠶ᠋ᠢ ᠶᠡᠬᠡᠪᠡᠷ ᠤᠬᠠᠭᠤᠯᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠯᠸᠢ ᠹᠸᠩ᠎ᠤᠨ ᠵᠣᠷᠢᠭ ᠰᠠᠨᠠᠭ᠎ᠠ ᠡᠴᠠ ᠱᠢᠮ᠎ᠡ ᠲᠡᠵᠢᠭᠡᠯ ᠪᠠ ᠬᠦᠴᠦᠨ ᠴᠢᠳᠠᠯ ᠱᠢᠩᠭᠡᠭᠡᠨ ᠠᠪᠬᠤ ᠬᠡᠷᠡᠭᠲᠡᠢ᠃ ᠤᠷᠤᠭ᠎ᠤᠨ ᠶᠠᠪᠤᠳᠠᠯ᠎ᠢ ᠰᠢᠨ᠎ᠡ᠎ᠪᠡᠷ ᠡᠷᠭᠢᠯᠡᠭᠦ᠂ ᠪᠡᠯᠪᠡᠰᠦᠷᠡᠯ᠎ᠦᠨ ᠶᠠᠪᠤᠳᠠᠯ᠎ᠢ ᠳᠥᠭᠥᠮᠴᠢᠯᠡᠨ ᠡᠷᠭᠢᠯᠡᠭᠦ᠎ᠶᠢ ᠰᠠᠨᠠᠭᠠᠴᠢᠯᠠᠬᠤ᠎ᠪᠠᠷ ᠬᠦᠴᠦᠯᠡᠬᠦ ᠴᠡᠭ ᠪᠤᠯᠭᠠᠵᠤ᠂ ᠵᠠᠩ ᠳᠠᠳᠬᠠᠯ᠎ᠢ ᠥᠭᠡᠷᠡᠴᠢᠯᠡᠨ ᠲᠦᠬᠦᠮᠴᠢᠯᠡᠬᠦ ᠰᠠᠢᠨ ᠳᠤᠷ᠎ᠠ᠎ᠶᠢᠨ ᠦᠢᠯᠡᠴᠢᠯᠡᠭᠡ᠎ᠶᠢ ᠥᠷᠨᠢᠭᠦᠯᠵᠦ᠂ ᠶᠡᠬᠡᠪᠡᠷ ᠪᠡᠯᠡᠳᠬᠡᠨ ᠶᠡᠬᠡᠪᠡᠷ ᠡᠷᠭᠢᠯᠡᠭᠦ᠂ ᠲᠡᠭᠷᠢ᠎ᠶᠢᠨ ᠦᠨ᠎ᠡ᠎ᠪᠡᠷ ᠪᠣᠭᠲᠣᠯᠠᠬᠤ᠂ ᠱᠠᠯᠢᠨ ᠪᠦᠷᠢᠯᠭᠡᠬᠦ᠂ ᠬᠦᠨᠳᠦ᠎ᠪᠡᠷ ᠣᠷᠣᠰᠢᠭᠤᠯᠵᠤ ᠮᠠᠭᠤ ᠠᠰᠠᠷᠠᠬᠤ ᠵᠡᠷᠭᠡ ᠮᠠᠭᠤ ᠵᠠᠩ ᠳᠠᠳᠬᠠᠯ᠎ᠢ ᠡᠷᠡᠰ ᠬᠣᠷᠢᠭ᠍ᠯᠠᠵᠤ᠂ ᠪᠣᠯᠪᠠᠰᠤᠨ ᠬᠥᠳᠡᠭᠡ᠎ᠶᠢᠨ ᠰᠤᠷᠲᠠᠯ᠂ ᠰᠠᠢᠨ ᠰᠠᠢᠬᠠᠨ ᠭᠡᠷ᠎ᠦᠨ ᠰᠤᠷᠲᠠᠯ᠂ ᠪᠣᠷᠣᠭᠵᠢᠭᠤᠨ ᠠᠷᠠᠳ᠎ᠤᠨ ᠰᠤᠷᠲᠠᠯ᠎ᠢ ᠪᠤᠢ ᠪᠤᠯᠭᠠᠬᠤ᠎ᠶᠢ ᠠᠬᠢᠭᠤᠯᠤᠨ᠎ᠠ᠃
ᠭᠤᠷᠪᠠ᠂ ᠠᠷᠠᠳ ᠲᠦᠮᠡᠨ᠎ᠳᠦ ᠦᠢᠯᠡᠴᠢᠯᠡᠬᠦ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ 《ᠰᠠᠢᠨ ᠳᠤᠷ᠎ᠠ᠎ᠶᠢᠨ ᠦᠢᠯᠡᠴᠢᠯᠡᠭᠡ》 ᠵᠢᠨ ᠬᠣᠰᠢᠭᠤᠴᠢ ᠪᠤᠯᠬᠤ᠎ᠪᠠᠷ ᠴᠢᠷᠮᠠᠢᠶᠡ᠃ ᠡᠯ᠎ᠡ ᠱᠠᠲᠤᠨ᠎ᠤ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠥᠪ (ᠭᠠᠵᠠᠷ ᠂ ᠦᠷᠳᠡᠭᠡ) ᠤ᠋ᠨ ᠬᠢᠨ ᠤᠯᠠᠨ ᠲᠦᠮᠡᠨ᠎ᠦ 《 ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ》 ᠪᠠᠢᠭ᠎ᠠ ᠠᠰᠠᠭᠤᠳᠠᠯ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠨᠠᠰᠤᠲᠠᠨ᠎ᠢᠶᠠᠨ ᠬᠦᠨᠳᠦᠯᠡᠵᠦ ᠵᠡᠮᠳᠡᠭᠴᠦᠳ᠎ᠢ ᠬᠠᠪᠰᠤᠷᠬᠤ᠂ ᠬᠦᠴᠢᠷ ᠲᠦᠪᠡᠭ᠎ᠢ ᠬᠠᠪᠰᠤᠷᠤᠨ ᠰᠢᠢᠳᠪᠦᠷᠢᠯᠡᠬᠦ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠠᠷᠠᠳ᠎ᠲᠤ ᠲᠦᠭᠦᠮ ᠦᠵᠡᠭᠦᠯᠵᠦ ᠠᠷᠠᠳ᠎ᠲᠤ ᠠᠰᠢᠭ᠋ ᠬᠦᠷᠲᠡᠭᠡᠬᠦ ᠵᠡᠷᠭᠡ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠬᠦ ᠬᠡᠷᠡᠭᠲᠡᠢ᠃ ᠲᠤᠰᠬᠠᠢ ᠮᠡᠷᠭᠡᠵᠢᠯ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠵᠣᠬᠢᠶᠠᠨ ᠪᠠᠢᠭᠤᠯᠵᠤ ᠰᠣᠶᠣᠯ ᠪᠡᠶ᠎ᠡ᠎ᠶᠢᠨ ᠲᠠᠮᠢᠷ᠂ ᠡᠮᠴᠢᠯᠡᠭᠡ ᠡᠷᠡᠭᠦᠯᠵᠢᠯ᠂ ᠬᠠᠤᠯᠢ ᠴᠠᠭᠠᠵᠠ᠎ᠶᠢᠨ ᠲᠤᠰᠠᠯᠠᠮᠵᠢ ᠂ ᠨᠡᠢᠭᠡᠮ᠎ᠦᠨ ᠠᠪᠤᠷᠠᠨ ᠲᠤᠰᠠᠯᠠᠬᠤ ᠂ ᠪᠠᠴᠢᠮ ᠠᠪᠤᠷᠠᠨ ᠲᠤᠰᠠᠯᠠᠬᠤ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠳᠤ ᠣᠷᠣᠯᠴᠠᠭᠤᠯᠤᠨ᠎ᠠ᠃ ᠭᠡᠷ᠎ᠲᠡᠬᠡᠨ ᠬᠣᠴᠣᠷᠤᠭᠰᠠᠨ ᠨᠠᠰᠤᠲᠠᠢᠴᠤᠳ᠂ ᠭᠡᠷ᠎ᠲᠡᠬᠡᠨ ᠬᠣᠴᠣᠷᠤᠭᠰᠠᠨ ᠬᠡᠦᠬᠡᠳ᠂ ᠵᠡᠮᠳᠡᠭ ᠬᠦᠮᠦᠰ ᠵᠡᠷᠭᠡ ᠣᠨᠴᠠᠭᠠᠢ ᠬᠦᠮᠦᠰ ᠲᠦ᠍ ᠬᠠᠨᠳᠤᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠢᠳᠤᠷᠠᠯ᠎ᠤᠨ ᠬᠠᠷᠠᠭᠠᠯᠵᠠᠯ᠂ ᠰᠤᠷᠤᠯᠭ᠎ᠠ᠎ᠶᠢᠨ ᠬᠠᠪᠰᠤᠷᠤᠨ ᠵᠢᠯᠣᠭᠣᠳᠤᠯᠭ᠎ᠠ᠂ ᠠᠮᠤᠷ ᠲᠦᠪᠰᠢᠨ᠎ᠦ ᠬᠥᠮᠦᠵᠢᠯ ᠵᠡᠷᠭᠡ ᠰᠠᠢᠨ ᠳᠤᠷ᠎ᠠ᠎ᠶᠢᠨ ᠦᠢᠯᠡᠴᠢᠯᠡᠭᠡ᠎ᠶᠢ ᠭᠣᠣᠯᠳᠠᠯᠭ᠎ᠠ᠎ᠲᠠᠢ ᠥᠷᠨᠢᠭᠦᠯᠦᠨ᠎ᠡ᠃ ᠬᠤᠳᠠᠯᠳᠤᠭᠠᠨ᠎ᠤ ᠲᠠᠯᠠᠪᠤᠷ ᠂ ᠵᠣᠴᠢᠳ᠎ᠤᠨ ᠪᠠᠭᠤᠳᠠᠯ᠂ ᠡᠮᠨᠡᠯᠭᠡ᠎ᠶᠢᠨ ᠬᠣᠷᠢᠶ᠎ᠠ᠂ ᠪᠠᠩᠬᠢ᠂ ᠴᠠᠭᠢᠯᠭᠠᠨ ᠬᠣᠯᠪᠤᠭ᠎ᠠ ᠵᠡᠷᠭᠡ ᠴᠣᠩᠬᠣᠪᠴᠢ ᠨᠢᠭᠡᠴᠢ ᠪᠠ ᠴᠡᠴᠡᠷᠯᠢᠭ᠂ ᠠᠭᠤᠳᠠᠮ ᠲᠠᠯᠠᠪᠠᠶ᠂ ᠲᠡᠷᠭᠡᠨ ᠥᠷᠲᠡᠭᠡ᠂ ᠨᠢᠰᠬᠡᠯ᠎ᠦᠨ ᠪᠠᠭᠤᠳᠠᠯ᠂ ᠵᠢᠭᠤᠯᠴᠢᠯᠠᠯ ᠤ᠋ᠨ ᠦᠵᠡᠮᠵᠢ᠎ᠶᠢᠨ ᠣᠷᠣᠨ ᠵᠡᠷᠭᠡ ᠪᠣᠯᠪᠠᠰᠤᠨ ᠦᠢᠯᠡᠳᠦᠯᠭᠡ᠎ᠶᠢᠨ ᠵᠢᠭ᠍ᠰᠠᠭᠠᠯ᠎ᠤᠨ ᠭᠠᠵᠠᠷ᠎ᠢ ᠵᠣᠬᠢᠶᠠᠨ ᠪᠠᠢᠭᠤᠯᠵᠤ᠂ ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠯᠧᠢ ᠹᠧᠩ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ ᠴᠢᠬᠤᠯᠠ ᠴᠣᠩᠬᠣᠪᠴᠢ ᠪᠣᠯᠭᠠᠨ᠎ᠠ᠃ ᠬᠥᠮᠥᠨ ᠪᠦᠭᠦᠨ ᠯᠧᠢ ᠹᠧᠩ᠎ᠤᠨ ᠵᠣᠷᠢᠭ᠋ ᠰᠠᠨᠠᠭ᠎ᠠ ᠡᠴᠡ ᠰᠤᠷᠤᠯᠴᠠᠵᠤ᠂ ᠬᠡᠵᠢᠶ᠎ᠡ ᠬᠠᠮᠢᠭ᠎ᠠ ᠬᠡᠰᠡᠨ ᠦᠭᠡᠢ ᠬᠠᠢᠷ᠎ᠠ ᠬᠠᠯᠠᠮᠵᠢ ᠪᠡᠨ ᠡᠷᠬᠦᠵᠦ ᠪᠣᠯᠣᠨ᠎ᠠ᠃ ᠪᠦᠭᠦ ᠣᠷᠣᠨ᠎ᠤ ᠥᠷᠭᠡᠨ ᠣᠯᠠᠨ ᠰᠠᠢᠨ ᠳᠤᠷ᠎ᠠ᠎ᠶᠢᠨ ᠠᠵᠢᠯᠯᠠᠭ᠍ᠴᠢ ᠪᠠ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠨᠤᠭᠤᠳ ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯ᠎ᠤᠨ ᠲᠤᠬᠠᠢ ᠶᠡᠷᠦᠩᠬᠡᠢ ᠱᠦᠵᠢ ᠰᠢ᠎ᠶᠢᠨ ᠫᠢᠩ ᠤ᠋ᠨ ᠰᠢᠷᠢᠰ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠯᠧᠢ ᠹᠧᠩ᠎ᠤᠨ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠠᠭᠤᠯᠤᠭᠳᠠᠬᠤᠨ᠎ᠢ ᠭᠦᠨᠵᠡᠭᠡᠢ ᠡᠵᠡᠮᠳᠡᠬᠦ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠤᠨ ᠵᠢᠱ᠌ᠢᠶᠡᠴᠢ ᠳᠠᠭᠠᠭᠤᠯᠬᠤ ᠦᠢᠯᠡᠳᠦᠯ ᠢ᠋ ᠨᠡᠩ ᠰᠠᠢᠨ ᠪᠠᠳᠠᠷᠠᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠯᠧᠢ ᠹᠧᠩ ᠠ᠋ᠴᠠ ᠰᠤᠷᠤᠯᠴᠠᠵᠤ᠂ ᠡᠷᠬᠢᠮ ᠳᠡᠭᠡᠳᠦ ᠬᠦᠰᠡᠯᠡᠩ ᠢᠲᠡᠭᠡᠯ ᠪᠢᠰᠢᠷᠡᠯ ᠪᠠ ᠶᠣᠰᠣ᠌ ᠮᠣᠷᠠᠯ ᠵᠠᠩ ᠴᠢᠨᠠᠷ ᠢ᠋ ᠡᠳᠦᠷ ᠲᠤᠲᠤᠮ᠎ᠤᠨ ᠠᠵᠢᠯ ᠠᠮᠢᠳᠤᠷᠠᠯ᠎ᠳᠠᠭᠠᠨ ᠠᠭᠤᠰᠬᠠᠵᠤ᠂ ᠰᠢᠨ᠎ᠡ ᠴᠠᠭ ᠦᠶ᠎ᠡ ᠶ᠋ᠢᠨ ᠯᠧᠢ ᠹᠧᠩ᠎ᠤᠨ ᠦᠯᠢᠭᠡᠷ ᠢ᠋ ᠴᠢᠷᠮᠠᠢᠨ ᠪᠢᠴᠢᠭᠯᠡᠵᠦ᠂ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠰᠢᠨ᠎ᠡ ᠴᠠᠭ ᠦᠶ᠎ᠡ᠎ᠳᠦ ᠨᠡᠩ ᠭᠡᠷᠡᠯ ᠰᠠᠴᠤᠷᠠᠩᠭᠤᠢ ᠪᠠᠳᠠᠷᠠᠭᠤᠯᠰᠤᠭᠠᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠬᠠᠭᠤᠯᠬᠤ ᠬᠡᠯᠲᠡᠰ ᠥᠪᠡᠷᠲᠡᠭᠡᠨ ᠵᠠᠰᠠᠬᠤ ᠣᠷᠣᠨ ᠤ ᠤᠶᠤᠨ᠎ᠤ ᠪᠣᠯᠪᠠᠰᠤᠨ᠎ᠤ ᠪᠠᠢᠭᠤᠯᠤᠯᠳᠠ ᠵᠢᠨ ᠵᠢᠯᠤᠭᠤᠳᠬᠤ ᠵᠥᠪᠯᠠᠯ ᠤᠨ ᠠᠯᠪᠠᠨ ᠭᠡᠷ
2023 ᠣᠨ᠎ᠤ 3 ᠰᠠᠷ᠎ᠠ᠎ᠶᠢᠨ 1 ᠤ᠋ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃