2023-02-25 11:30:41
《ᠪᠢ ᠥᠪᠡᠷ᠎ᠦᠨ ᠠᠮᠢ ᠨᠠᠰᠤ᠎ᠪᠠᠨ ᠠᠷᠠᠳ ᠣᠯᠠᠨ᠎ᠤ ᠠᠮᠤᠷ ᠲᠦᠪᠰᠢᠨ ᠠᠶᠤᠯ ᠲᠦᠭᠰᠢᠭᠦᠷᠢ᠎ᠲᠠᠢ ᠨᠢᠭᠳᠠ ᠬᠣᠯᠪᠣᠵᠤ᠂ ᠦᠪᠡᠷ᠎ᠤᠨ ᠬᠠᠢᠷᠠᠳᠠᠢ ᠪᠠᠬᠠᠳᠠᠢ ᠭᠠᠯ ᠰᠡᠷᠬᠡᠢᠯᠡᠵᠦ ᠭᠠᠯ ᠤᠨᠲᠠᠷᠠᠭᠠᠬᠤ ᠦᠢᠯᠡᠰ᠎ᠦᠨ ᠵᠢᠡᠨ ᠲᠥᠯᠥᠭᠡ ᠦᠨᠡᠨ ᠰᠡᠳᠬᠢᠯ᠎ᠡᠴᠡ᠎ᠪᠡᠨ ᠵᠢᠳᠬᠦᠨ ᠴᠢᠷᠮᠠᠢᠨ᠎ᠠ᠃》 ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠤᠨ ᠴᠡᠴᠡᠷᠯᠢᠭ᠎ᠦᠨ ᠪᠠᠷᠠᠭᠤᠨ ᠵᠠᠮ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠳᠠᠷᠤᠭ᠎ᠠ᠎ᠶᠢᠨ ᠲᠤᠰᠠᠯᠠᠭ᠍ᠴᠢ ᠭᠤᠤ ᠸᠧᠢ ᠨᠠᠮ᠎ᠳᠤ ᠣᠷᠣᠬᠤ ᠡᠷᠡᠮᠡᠯᠵᠡᠯ᠎ᠦᠨ ᠪᠢᠴᠢᠭ ᠲᠡᠬᠡᠨ ᠢᠩᠬᠢᠵᠦ ᠪᠢᠴᠢᠭᠰᠡᠨ ᠪᠠᠢᠯ᠎ᠠ᠃
2002 ᠣᠨ᠎ᠳᠤ ᠭᠠᠯ ᠰᠡᠷᠬᠡᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ᠎ᠳᠤ ᠣᠷᠣᠯᠴᠠᠭᠰᠠᠨ᠎ᠡᠴᠡ ᠨᠠᠭᠠᠰᠢ᠂ ᠭᠤᠤ ᠸᠧᠢ ᠤ᠌ᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ ᠪᠡᠷ ᠬᠦᠢᠴᠡᠳᠭᠡᠵᠦ᠂ 7000 ᠭᠠᠷᠤᠢ ᠤᠳᠠᠭ᠎ᠠ᠎ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠳ᠋ᠤ ᠤᠷᠤᠯᠴᠠᠵᠤ᠂ ᠲᠦᠭ ᠲᠦᠮᠡᠨ ᠤᠯᠠᠨ ᠲᠦᠮᠡᠨ᠎ᠢ ᠠᠶᠤᠯ ᠲᠦᠭᠰᠢᠭᠦᠷᠢ᠎ᠡᠴᠡ ᠵᠠᠢᠯᠠᠭᠤᠯᠵᠤ᠂ ᠬᠡᠳᠦᠨ ᠮᠢᠩᠭᠠᠨ ᠲᠦᠮᠡᠨ ᠲᠥᠭᠥᠷᠢᠭ᠎ᠦᠨ ᠡᠳ᠋ ᠬᠥᠷᠥᠩᠭᠡ᠎ᠶᠢ ᠬᠣᠬᠢᠷᠠᠯ᠎ᠠᠴᠠ ᠬᠡᠯᠳᠦᠷᠢᠬᠦᠯᠵᠦ᠂ 《ᠠᠮᠢ ᠨᠠᠰᠤ ᠪᠡᠷ ᠵᠢᠡᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠦᠨᠡᠨᠴᠢ ᠰᠢᠳᠤᠷᠭᠤ ᠪᠡᠷ ᠲᠦᠭ ᠲᠦᠮᠡᠨ᠎ᠢ ᠠᠪᠤᠷᠠᠬᠤ》 ᠡᠷᠡᠰ ᠲᠠᠩᠭᠠᠷᠢᠭ᠋᠎ᠢᠶᠠᠨ ᠪᠤᠳᠠᠳᠤ ᠠᠵᠢᠯᠯᠠᠭ᠎ᠠ ᠪᠤᠯᠭᠠᠨ ᠦᠢᠯᠡᠳᠦᠯᠭᠡᠵᠢᠭᠦᠯᠦᠭᠰᠡᠨ ᠪᠠᠢᠨ᠎ᠠ᠃
ᠠᠵᠢᠯ᠎ᠤᠨ ᠪᠠᠢᠷᠢ ᠪᠤᠯ ᠠᠯᠤᠰ᠎ᠤᠨ ᠬᠦᠰᠡᠯᠡᠩ᠎ᠢᠶᠡᠨ ᠪᠡᠶᠡᠯᠡᠭᠦᠯᠬᠦ ᠵᠢᠨ ᠥᠨᠳᠥᠷᠯᠢᠭ ᠮᠦᠨ᠃ ᠴᠠᠭᠳᠠᠭᠠᠨ᠎ᠤ ᠬᠤᠸᠠᠷᠠᠨ᠎ᠳᠤ ᠠᠩᠬ᠎ᠠ ᠣᠷᠣᠭᠰᠠᠨ ᠲᠡᠷᠡ ᠡᠳᠦᠷ ᠡᠴᠡ ᠭᠤᠤ ᠸᠧᠢ ᠰᠢᠯᠢᠳᠡᠭ ᠭᠠᠯ ᠤᠨᠲᠠᠷᠠᠭᠠᠭ᠍ᠴᠢ ᠪᠣᠯᠬᠤ᠎ᠪᠠᠷ ᠵᠣᠷᠢᠭ᠋ ᠰᠢᠭᠤᠳᠴᠠᠢ᠃ ᠲᠡᠷᠡ ᠬᠦᠴᠢᠷ ᠪᠡᠷᠬᠡᠰᠢᠶᠡᠯ᠎ᠡᠴᠡ ᠤᠭᠳᠤ ᠠᠶᠤᠳᠠᠭ ᠦᠭᠡᠢ᠂ ᠥᠷᠯᠥᠭᠡ ᠪᠦᠷᠢ 5 ᠺᠢᠯᠣᠮᠧᠲᠷ ᠬᠡᠭᠡᠷᠡᠯᠡᠨ ᠠᠶᠠᠯᠠᠬᠤ᠂ ᠤᠷᠤᠢ ᠪᠤᠯᠭᠠᠨ ᠪᠠᠰᠠ ᠬᠠᠳᠠᠭᠤᠵᠢᠯᠳᠠᠢ ᠪᠡᠶ᠎ᠡ ᠵᠢᠨ ᠲᠠᠮᠢᠷ᠎ᠤᠨ ᠪᠤᠯᠪᠠᠰᠤᠷᠠᠯ ᠬᠢᠬᠦ ᠵᠢ ᠴᠢᠩᠭ᠎ᠠ ᠪᠠᠷᠢᠮᠳᠠᠯᠠᠵᠤ᠂ ᠤᠷᠢᠳ ᠬᠣᠵᠢᠳ 10 ᠭᠠᠷᠤᠢ ᠤᠳᠠᠭ᠎ᠠ ᠪᠦᠬᠦ ᠬᠤᠳᠠ᠎ᠶᠢᠨ ᠭᠠᠯ ᠤᠨᠲᠠᠷᠠᠭᠠᠬᠤ ᠤᠷᠤᠯᠳᠤᠭᠠᠨ᠎ᠳᠤ ᠠᠯᠳᠠ ᠮᠥᠩᠭᠥᠨ ᠮᠧᠳ᠋ᠠᠯ ᠵᠢᠡᠷ ᠮᠢᠯᠢᠶᠠᠯᠭᠠᠵᠠᠢ᠃ ᠲᠡᠷᠡ ᠰᠢᠮᠳᠠᠨ ᠰᠤᠷᠤᠯᠴᠠᠵᠤ ᠰᠢᠷᠭᠠᠭᠤ ᠰᠤᠳᠤᠯᠵᠤ᠂ 33 ᠵᠦᠢᠯ᠎ᠦᠨ ᠣᠨᠴᠠ ᠲᠦᠷᠦᠯ᠎ᠦᠨ ᠪᠠᠭᠠᠵᠢ ᠬᠡᠷᠡᠭᠰᠡᠯ᠎ᠦᠨ ᠬᠡᠷᠡᠭᠯᠡᠭᠡᠨ᠎ᠦ ᠭᠠᠷ ᠠᠪᠤᠯᠭ᠎ᠠ᠎ᠶᠢ ᠨᠠᠢᠷᠠᠭᠤᠯᠤᠨ ᠪᠢᠴᠢᠵᠦ᠂ ᠳᠠᠢ᠍ᠢᠴᠢᠨ ᠨᠥᠬᠥᠳ᠎ᠲᠡᠬᠡᠨ 《ᠵᠡᠪᠰᠡᠭ ᠲᠣᠨᠣᠭᠯᠠᠯ᠎ᠤᠨ ᠨᠡᠪᠲᠡᠷᠬᠡᠢ ᠲᠣᠯᠢ》 ᠭᠡᠵᠦ ᠨᠡᠷᠡᠯᠡᠭᠳᠡᠪᠡ᠃
ᠤᠳᠠᠭ᠎ᠠ ᠪᠤᠯᠭᠠᠨ᠎ᠤ ᠪᠠᠢᠯᠳᠤᠭᠠᠨ᠎ᠳᠤ ᠭᠤᠤ ᠸᠧᠢ ᠭᠠᠪᠰᠢᠭᠠᠢᠯᠠᠨ ᠲᠠᠢᠳᠤᠵᠤ ᠡᠷᠡᠯᠭᠡᠭᠯᠡᠨ ᠤᠷᠤᠭ᠍ᠰᠢᠯᠠᠳᠠᠭᠢ ᠲᠡᠬᠦᠨ᠎ᠤ ᠪᠡᠶ᠎ᠡ ᠳᠡᠭᠡᠷᠡᠬᠢ 10 ᠭᠠᠷᠤᠢ ᠶᠡᠬᠡ ᠪᠠᠭ᠎ᠠ ᠱᠢᠷᠬ᠎ᠠ ᠰᠣᠷᠪᠢ ᠦᠨᠡᠨ ᠪᠤᠳᠠᠳᠠᠢ ᠬᠡᠷᠡᠴᠢᠯᠡᠵᠦ ᠪᠤᠢ᠃ 2012 ᠣᠨ᠎ᠤ 8 ᠰᠠᠷ᠎ᠠ᠎ᠶ᠋ᠢᠨ 1 ᠤ᠋᠎ᠡᠳᠦᠷ᠂ ᠬᠥᠬᠡᠬᠣᠲᠠ᠎ᠶ᠋ᠢᠨ ᠪᠠᠶᠠᠨᠲᠠᠯ᠎ᠠ ᠬᠣᠭᠣᠯᠠᠨ ᠭᠡᠷ᠎ᠦᠨ ᠲᠠᠭᠠᠯᠳᠠ ᠠᠰᠠᠷ ᠨᠤᠷᠠᠵᠤ᠂ ᠤᠯᠠᠨ ᠬᠥᠮᠦᠨ ᠲᠣᠪᠷᠠᠭ᠎ᠲᠤ ᠲᠠᠷᠤᠭᠳᠠᠪᠠ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠭᠤᠤ ᠸᠧᠢ ᠯᠠᠪᠳᠠᠭᠤᠨ ᠪᠣᠯᠭᠣᠮᠵᠢᠲᠠᠢ᠎ᠪᠠᠷ ᠪᠦᠬᠦ᠌ ᠨᠦᠬᠦᠳ ᠵᠢᠡᠨ ᠵᠢᠯᠣᠭᠣᠳᠤᠨ 15 ᠴᠠᠭ ᠭᠠᠷᠤᠢ ᠠᠭᠠᠳᠠᠷ ᠪᠤᠷᠤᠭᠠᠨ᠎ᠤ ᠲᠤᠮᠳᠠ ᠠᠪᠤᠷᠠᠨ ᠲᠤᠰᠠᠯᠠᠬᠤ ᠠᠵᠢᠯ᠎ᠢ ᠪᠦᠬᠦ ᠲᠠᠯ᠎ᠠ ᠪᠡᠷ ᠥᠷᠨᠢᠭᠦᠯᠵᠦ᠂ ᠡᠴᠦᠰ ᠲᠡᠭᠡᠨ ᠲᠠᠷᠤᠭᠳᠠᠭᠰᠠᠨ 16 ᠬᠦᠮᠦᠨ᠎ᠢ ᠠᠪᠤᠷᠠᠨ ᠭᠠᠷᠭᠠᠪᠠ᠃ ᠲᠤᠰ ᠤᠳᠠᠭ᠎ᠠ ᠲᠡᠬᠦᠨ᠎ᠤ ᠬᠣᠶᠠᠷ ᠬᠦᠯᠤᠨ 5 ᠭᠠᠵᠠᠷ ᠪᠠ ᠬᠤᠶᠠᠷ ᠭᠠᠷᠤᠨ 6 ᠬᠤᠷᠤᠭᠤ ᠨᠢ ᠠᠳᠠᠯᠢ ᠪᠤᠰᠤ ᠬᠡᠮᠵᠢᠶ᠎ᠡ ᠪᠡᠷ ᠱᠢᠷᠬᠠᠲᠤᠭᠰᠠᠨ ᠪᠠᠢᠯ᠎ᠠ᠃
2019 ᠣᠨ᠎ᠤ 5 ᠰᠠᠷ᠎ᠠ᠎ᠶ᠋ᠢᠨ 9 ᠤ᠋ ᠡᠳᠦᠷ᠂ ᠬᠥᠬᠡᠬᠣᠲᠠ᠎ᠶ᠋ᠢᠨ ᠬᠢᠩᠭᠠᠨ ᠬᠣᠢᠲᠤ ᠵᠠᠮ᠎ᠤᠨ ᠵᠢᠤᠢ ᠷᠠᠨ ᡁᠢ ᠵᠢᠶᠠᠬᠤᠳᠠᠯᠳᠤᠭᠠᠨᠤ ᠠᠰᠠᠷ ᠲᠸ᠋ ᠭᠠᠯ᠎ᠤᠨ ᠠᠶᠤᠯ ᠭᠠᠷᠤᠭᠰᠠᠨ ᠳ᠋ᠤ᠂ ᠭᠤᠤ ᠸᠧᠶ᠎ᠶ᠋ᠢᠨ ᠪᠠᠢᠭ᠎ᠠ ᠡᠭᠡᠯᠵᠢ ᠳᠤᠭᠤᠢᠯᠠᠩ ᠲᠤᠰᠠᠯᠠᠬᠤ ᠬᠦᠴᠦᠨ ᠪᠤᠯᠵᠤ ᠲᠤᠬᠠᠶ᠎ᠶ᠋ᠢᠨ ᠲᠠᠯᠠᠪᠠᠶ᠎ᠳᠤ ᠬᠦᠷᠴᠡᠶ᠃ ᠠᠵᠢᠭᠯᠠᠨ ᠪᠠᠢᠴᠠᠭᠠᠬᠤ᠂ ᠡᠪᠳᠡᠬᠦ᠌᠂ ᠬᠠᠮᠠᠭᠠᠯᠠᠬᠤ᠂ ᠬᠤᠷᠢᠭᠯᠠᠬᠤ᠂ ᠬᠠᠮᠲᠤᠷᠠᠨ ᠴᠣᠬᠢᠬᠤ ᠁ ᠭᠤᠤ ᠸᠧᠶ ᠪᠣᠭᠣᠮᠲᠠ ᠱᠢᠪᠲᠤᠯᠬᠤ ᠳᠤᠭᠤᠢᠯᠠᠩ᠎ᠢ ᠳᠠᠭᠠᠭᠤᠯᠤᠨ ᠭᠠᠯ᠎ᠤᠨ ᠲᠤᠮᠳᠠᠭᠤᠷ ᠰᠦᠷᠦᠨ ᠤᠷᠤᠭᠰᠢᠯᠠᠵᠤ᠂ 9 ᠴᠠᠭ ᠭᠠᠷᠤᠶ ᠬᠠᠳᠠᠭᠤᠵᠢᠯᠳᠠᠢ ᠲᠡᠮᠡᠴᠡᠨ᠂ 10 ᠭᠠᠷᠤᠶ ᠠᠭᠠᠷ ᠠᠮᠢᠰᠭᠤᠭᠤᠷ ᠰᠣᠯᠢᠵᠤ᠂ ᠳᠠᠢᠴᠢᠨ ᠨᠥᠬᠥᠳ᠎ᠲᠡᠶ᠎ᠪᠡᠨ ᠬᠠᠮᠲᠤ ᠭᠤᠷᠪᠠᠳᠤᠭᠠᠷ ᠳᠠᠪᠬᠤᠷᠯᠢᠭ᠎ᠲᠤ ᠪᠠᠢᠭ᠎ᠠ ᠬᠤᠸᠠ ᠯᠢᠶᠠᠨ ᠬᠡᠲᠦ ᠳᠡᠯᠭᠡᠭᠦᠷ᠎ᠦᠨ ᠬᠥᠮᠥᠷᠭᠡ ᠪᠣᠯᠤᠨ ᠲᠦᠷᠪᠡᠳᠦᠭᠡᠷ ᠳᠠᠪᠬᠤᠷᠯᠢᠭ᠎ᠤᠨ ᠬᠣᠢᠲᠤ ᠲᠠᠯ᠎ᠠ᠎ᠶ᠋ᠢᠨ ᠪᠠᠷᠠᠭ᠎ᠠ᠎ᠶ᠋ᠢᠨ ᠵᠢᠶᠠᠰᠠ᠎ᠶ᠋ᠢ ᠪᠠᠲᠤᠯᠠᠵᠤ᠂ 1000 ᠲᠦᠮᠡᠨ ᠲᠥᠭᠥᠷᠢᠭ᠎ᠤᠨ ᠡᠳ᠋ ᠬᠥᠷᠥᠩᠭᠡ᠎ᠶ᠋ᠢ ᠬᠠᠮᠠᠭᠠᠯᠠᠭ᠍ᠰᠠᠨ ᠪᠠᠢᠨ᠎ᠠ᠃
2020 ᠣᠨ᠎ᠳᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠡᠨᠡᠳᠲᠡ ᠡᠬᠦᠰᠦᠭᠰᠡᠨ ᠦᠶ᠎ᠡ ᠳ᠋ᠤ᠂ ᠭᠤᠤ ᠸᠧᠢ ᠳᠠᠷᠤᠢᠬᠠᠨ ᠬᠢᠵᠢᠭ᠎ᠢ ᠰᠡᠷᠭᠡᠢᠯᠡᠨ ᠡᠵᠡᠮᠳᠡᠬᠦ ᠲᠠᠢᠯᠠᠯᠳᠤᠭᠠᠨ᠎ᠳᠦ ᠤᠷᠤᠯᠴᠠᠬᠤ ᠭᠤᠶᠤᠴᠢᠯᠠᠯ᠎ᠤᠨ ᠪᠢᠴᠢᠭ ᠳᠡᠪᠱᠢᠭᠦᠯᠵᠦ᠍᠂ ᠨᠦᠭᠦᠳ᠎ᠢᠶᠡᠨ ᠳᠠᠭᠠᠭᠤᠯᠤᠨ ᠬᠠᠯᠳᠠᠪᠤᠷᠢᠯᠠᠭ᠍ᠳᠠᠬᠤ ᠠᠶᠤᠯ ᠲᠦᠭᠰᠢᠬᠦᠷᠢ ᠵᠢ ᠦᠯᠦ ᠬᠠᠢᠬᠤᠷᠤᠨ ᠬᠢᠵᠢᠭ᠎ᠲᠦ ᠬᠣᠯᠪᠣᠭ᠍ᠳᠠᠭ᠍ᠰᠠᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ ᠪᠣᠯᠤᠨ ᠱᠢᠢᠳᠪᠦᠷᠢᠯᠡᠬᠦ᠌ ᠶᠠᠪᠤᠴᠠ᠎ᠶ᠋ᠢ ᠰᠤᠳᠤᠯᠤᠨ ᠲᠣᠭ᠍ᠲᠠᠭᠠᠵᠤ᠂ 7 ᠲᠤᠰᠠᠭᠠᠷᠯᠠᠬᠤ ᠪᠠᠭᠤᠳᠠᠯ᠎ᠳᠤ 30 ᠭᠠᠷᠤᠢ ᠤᠳᠠᠭ᠎ᠠ ᠮᠡᠷᠭᠡᠵᠢᠯ᠎ᠦᠨ ᠦᠢᠯᠡᠴᠢᠯᠡᠭᠡ ᠥᠷᠨᠢᠭᠦᠯᠵᠦ᠍᠂ 60 ᠭᠠᠷᠤᠢ ᠤᠳᠠᠭ᠎ᠠ ᠰᠣᠷᠢᠯᠲᠠ ᠪᠤᠯᠪᠠᠰᠤᠷᠠᠯ ᠬᠢᠵᠦ᠍ ᠠᠷᠢᠭᠤᠳᠭᠠᠨ᠂ 200 ᠭᠠᠷᠤᠢ ᠤᠳᠠᠭ᠎ᠠ ᠬᠢᠵᠢᠭ᠎ᠲᠡᠶ ᠲᠡᠮᠡᠴᠡᠬᠦ᠌ ᠡᠳ᠋ ᠪᠣᠳᠠᠰ᠎ᠢ ᠵᠥᠭᠡᠭᠡᠪᠦᠷᠢᠯᠡᠵᠦ᠍᠂ 300 ᠭᠠᠷᠤᠢ ᠬᠥᠮᠦᠨ᠎ᠳᠦ ᠪᠣᠯᠪᠠᠰᠤᠷᠠᠯ ᠬᠦᠷᠲᠡᠭᠡᠵᠦ᠍᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠷᠭ᠎ᠠ ᠬᠡᠯᠪᠡᠷᠢ᠎ᠪᠡᠷ ᠬᠤᠲᠠ᠎ᠶ᠋ᠢᠨ ᠠᠷᠠᠳ᠎ᠤᠨ ᠠᠮᠤᠷ ᠲᠦᠪᠰᠢᠨ᠎ᠢ ᠬᠠᠮᠠᠭᠠᠯᠠᠪᠠ᠃
ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ᠎ᠲᠦ ᠣᠷᠣᠯᠴᠠᠭ᠍ᠰᠠᠨ ᠲᠡᠷᠡ ᠦᠶ᠎ᠡ᠎ᠡᠴᠡ ᠡᠬᠢᠯᠡᠨ᠂ ᠭᠤᠤ ᠸᠧᠢ ᠨᠠᠮ ᠪᠣᠯᠤᠨ ᠠᠷᠠᠳ ᠲᠦᠮᠡᠨ᠎ᠤ ᠰᠢᠳᠤᠷᠭᠤ ᠬᠠᠮᠠᠭᠠᠯᠠᠭ᠍ᠴᠢ ᠪᠤᠯᠤᠨ᠎ᠠ ᠭᠡᠳᠡᠭ᠎ᠢᠶᠡᠨ ᠴᠠᠭ ᠢᠮᠠᠭ᠍ᠲᠠ ᠪᠠᠲᠤ ᠴᠡᠭᠡᠵᠢᠯᠡᠵᠦ᠍᠂ ᠠᠷᠠᠳ ᠲᠦᠮᠡᠨ᠎ᠦ ᠲᠥᠯᠥᠭᠡ ᠴᠢᠩ ᠰᠡᠳᠭᠢᠯ᠎ᠡᠴᠡ᠎ᠪᠡᠨ ᠵᠢᠳᠬᠦᠵᠦ᠍᠂ ᠯᠸᠢ ᠹᠸᠩ᠎ᠤᠨ ᠵᠣᠷᠢᠭ ᠰᠠᠨᠠᠭᠠᠨ᠎ᠤ ᠵᠠᠯᠭᠠᠮᠵᠢᠯᠠᠭ᠍ᠴᠢ ᠪᠣᠯᠬᠤ᠎ᠪᠠᠷ ᠴᠢᠷᠮᠠᠢᠵᠤ ᠢᠷᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃