2023-02-26 13:00:02
2 ᠰᠠᠷ᠎ᠠ᠎ᠶ᠋ᠢᠨ 21 ᠤ᠋ ᠡᠳᠦᠷ᠂ ᠪᠢᠯᠢᠭ᠎ᠦᠨ ᠤᠯᠠᠷᠢᠯ᠎ᠤᠨ 2 ᠰᠠᠷ᠎ᠠ᠎ᠶ᠋ᠢᠨ 2 ᠤ᠋ᠨ ᠡᠳᠦᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠤᠸᠠᠬᠤᠱᠢᠭᠤ ᠪᠠᠯᠭᠠᠰᠤᠨ᠎ᠤ ᠬᠠᠱᠢᠶ᠎ᠠ᠎ᠲᠤ ᠲᠣᠰᠭᠣᠨ᠎ᠳᠤ ᠬᠥᠷ ᠨᠠᠷᠭᠢᠶᠠᠨ᠎ᠢᠶᠠᠷ ᠪᠢᠯᠬᠠᠵᠤ᠂ ᠲᠣᠰᠭᠣᠨ᠎ᠤ ᠠᠷᠠᠳ ᠦᠷᠯᠦᠬᠡ ᠡᠷᠲᠡᠯᠡᠨ ᠲᠣᠰᠭᠣᠨ᠎ᠤ ᠵᠥᠪᠯᠡᠯ᠎ᠳᠦ ᠢᠷᠡᠵᠥ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠬᠦᠯᠢᠶᠡᠵᠦ᠍ ᠪᠠᠢᠯ᠎ᠠ᠃ 《ᠲᠣᠰᠭᠣᠨ᠎ᠤ ᠮᠠᠰᠢ ᠣᠯᠠᠨ ᠨᠠᠰᠤᠲᠠᠨ᠎ᠤ ᠪᠡᠶ᠎ᠡ᠎ᠨᠢ ᠣᠢᠷ᠎ᠠ᠎ᠳᠤ ᠬᠠᠷᠢᠭᠤ ᠥᠬᠡᠶ ᠪᠠᠢᠬᠤ᠎ᠶ᠋ᠢ ᠮᠡᠳᠡᠭᠡᠳ᠂ ᠪᠢᠳᠡ ᠰᠠᠢᠨ ᠳᠤᠷ᠎ᠠ᠎ᠶ᠋ᠢᠨ ᠡᠮᠴᠢᠯᠡᠭᠡᠨ᠎ᠦ ᠠᠩᠭᠢ᠎ᠲᠠᠶ ᠬᠠᠷᠢᠯᠴᠠᠵᠤ ᠲᠣᠰᠭᠣᠨ᠎ᠤ ᠨᠠᠰᠤᠲᠠᠢᠴᠤᠳ᠎ᠲᠤ ᠠᠯᠪᠠᠨ ᠵᠢᠷᠤᠮ᠎ᠤᠨ ᠡᠮᠴᠢᠯᠡᠭᠡ ᠬᠢᠯᠬᠡᠬᠦ᠌᠎ᠶ᠋ᠢᠨ ᠬᠠᠮᠲᠤ ᠭᠡᠵᠢᠭᠡ ᠨᠢ ᠵᠠᠰᠠᠵᠤ ᠥᠭ᠌ᠴᠠᠢ᠃ ᠢᠩᠭᠢᠵᠦ᠍ ᠪᠢᠳᠡ ᠵᠢᠯ ᠪᠦᠷᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ ᠠᠳᠠᠯᠢ ᠪᠤᠰᠤ ᠬᠥᠮᠦᠰ᠎ᠲᠦ ᠦᠶ᠋ᠯᠡᠴᠢᠯᠡᠭᠡ ᠬᠦᠷᠬᠡᠳᠡᠭ ᠪᠢᠯᠡ᠃ ᠤᠯᠠᠨ᠎ᠤ ᠬᠦᠷᠢᠶᠡᠯᠡᠯ᠎ᠢ ᠣᠯᠤᠭ᠍ᠰᠠᠨ ᠨᠢ ᠪᠢᠳᠡᠨ᠎ᠦ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯ᠎ᠢᠶᠠᠨ ᠰᠠᠢᠲᠤᠷ ᠬᠢᠵᠦ᠍᠂ ᠱᠢᠯᠢᠳᠡᠭ᠌ᠵᠢᠭᠦᠯᠬᠦ᠌ ᠢᠲᠡᠭᠡᠯ ᠵᠣᠷᠢᠭ᠎ᠢ ᠤᠯᠠᠮ ᠪᠠᠲᠤᠳᠭᠠᠵᠠᠢ!》 ᠬᠡᠵᠥ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠵᠠᠯᠠᠭᠤᠴᠤᠳ ᠪᠠᠭᠠᠴᠤᠳ᠎ᠤᠨ ᠨᠡᠢᠭᠡᠮ᠎ᠦᠨ ᠦᠢᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠨᠠᠮ᠎ᠤᠨ ᠡᠭᠦᠷ᠎ᠦᠨ ᠳᠡᠳ᠋ ᠱᠦᠵᠢ᠂ ᠰᠠᠢ᠌ᠨ ᠲᠤᠷᠠᠴᠤᠤᠯ᠎ᠤᠨ ᠠᠵᠢᠯ᠎ᠤᠨ ᠬᠡᠯᠲᠡᠰ᠎ᠦᠨ ᠳᠠᠷᠤᠭ᠎ᠠ ᠶᠠᠩ ᠭᠦᠸᠧ ᠴᠢ ᠬᠡᠯᠡᠪᠡ᠃
ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯ᠎ᠤᠨ ᠪᠠᠢᠷᠢ ᠳᠡᠭᠡᠷ᠎ᠡ ᠶᠠᠩ ᠭᠦᠸᠧ ᠴᠢ 10 ᠵᠢᠯ ᠠᠵᠢᠯᠯᠠᠵᠠᠶ᠃ ᠲᠡᠷᠡ ᠯᠠᠪᠳᠠᠭᠤᠨ ᠪᠠᠲᠤᠲᠠᠢ ᠠᠵᠢᠯᠯᠠᠵᠤ᠂ ᠡᠭᠦᠷᠭᠡ ᠲᠤᠱᠢᠶᠠᠯ᠎ᠳᠠᠭᠠᠨ ᠦᠨᠡᠨᠴᠢ ᠱᠢᠳᠤᠷᠭᠤ ᠪᠠᠢᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠯᠧᠢ ᠹᠧᠩ᠎ᠦᠨ ᠦᠯᠢᠭᠡᠷ᠎ᠢ ᠪᠢᠴᠢᠭ᠌ᠯᠡᠭᠰᠡᠭᠡᠷ ᠪᠤᠢ᠃ ᠲᠡᠷᠠ 10 ᠵᠢᠯ᠎ᠦᠨ ᠲᠤᠷᠰᠢ᠂ 《ᠯᠸᠢ ᠹᠸᠩ᠎ᠤᠨ ᠵᠣᠷᠢᠭ ᠰᠠᠨᠠᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠮᠥᠨ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠯᠠᠮᠵᠢᠯᠠᠵᠤ᠂ ᠰᠠᠢᠲᠤᠷ ᠪᠠᠳᠠᠷᠠᠭᠤᠯᠬᠤ᠎ᠳᠤ᠂ ᠦᠯᠢᠭᠡᠷ ᠳᠠᠭᠤᠷᠢᠶᠠᠯ᠎ᠤᠨ ᠬᠦᠴᠦᠨ᠎ᠢ ᠬᠡᠷᠡᠭ᠌ᠯᠡᠨ ᠠᠵᠢᠯ᠎ᠤᠨ ᠪᠠᠢᠷᠢ ᠳᠡᠭᠡᠷ᠎ᠡ᠎ᠪᠡᠨ ᠯᠸᠢ ᠹᠸᠩ ᠡᠴᠡ ᠰᠤᠷᠤᠯᠴᠠᠬᠤ ᠠᠵᠢᠯᠯᠠᠭ᠎ᠠ᠎ᠶ᠋ᠢ ᠲᠠᠰᠤᠷᠠᠯᠲᠠ ᠦᠭᠡᠶ ᠭᠦᠨᠵᠡᠭᠡᠢᠷᠡᠭᠦᠯᠦᠨ ᠥᠷᠭᠡᠳᠭᠡᠵᠦ᠍᠂ ᠯᠸᠢ ᠹᠸᠩ ᠡᠴᠡ ᠰᠤᠷᠤᠯᠴᠠᠬᠤ ᠠᠵᠢᠯᠯᠠᠭ᠎ᠠ᠎ᠶ᠋ᠢ ᠪᠠᠢᠩᠭᠤᠵᠢᠭᠤᠯᠬᠤ᠂ ᠣᠯᠠᠨ ᠶᠠᠩᠵᠤᠴᠢᠯᠠᠭᠤᠯᠬᠤ᠂ ᠪᠣᠳᠠᠲᠠᠢᠵᠢᠭᠤᠯᠬᠤ ᠬᠡᠷᠡᠭ᠌ᠲᠡᠶ》 ᠬᠡᠵᠦ ᠢᠩᠭᠢᠵᠦ᠍ ᠬᠡᠯᠡᠭ᠌ᠰᠡᠨ ᠪᠥᠭᠡᠳ ᠢᠩᠭᠢᠵᠦ᠍ ᠬᠢᠭ᠌ᠰᠡᠨ ᠶᠤᠮ᠃
2020 ᠣᠨ᠎ᠤ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ᠂ ᠶᠠᠩ ᠭᠦᠸᠧ ᠴᠢ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠣᠶᠠᠷ᠎ᠤᠨ ᠡᠳᠤᠷ ᠡᠴᠡ᠂ ᠡᠮᠦᠨ᠎ᠡ ᠹᠷᠣᠨᠲ᠎ᠲᠤ ᠬᠦᠷᠴᠦ᠍ ᠰᠡᠷᠭᠡᠢᠯᠡᠨ ᠡᠵᠡᠮᠳᠡᠬᠦ᠌ ᠠᠵᠢᠯ᠎ᠢ ᠵᠢᠯᠣᠭᠣᠳᠪᠠ᠃ 2022 ᠣᠨ᠎ᠤ 10 ᠰᠠᠷ᠎ᠠ᠎ᠳᠤ᠂ ᠬᠢᠵᠢᠭ᠎ᠦᠨ ᠪᠠᠢᠳᠠᠯ ᠳᠠᠬᠢᠨᠲᠠ ᠬᠥᠬᠡᠬᠣᠲᠠ᠎ᠳᠦ ᠦᠷᠪᠢᠰᠬᠦ᠎ᠳᠦ᠂ ᠶᠠᠩ ᠭᠦᠸᠧ ᠴᠢ ᠠᠩᠭᠢ ᠳᠠᠭᠠᠭᠤᠯᠤᠨ ᠡᠮᠦᠨ᠎ᠡ ᠹᠷᠣᠨᠲ᠎ᠲᠤ 50 ᠭᠠᠷᠤᠶ ᠡᠳᠦᠷ ᠡᠷᠡᠯᠬᠡᠭ᠌ᠯᠡᠨ ᠲᠡᠮᠡᠴᠡᠵᠦ᠍᠂ ᠬᠠᠩᠭᠠᠯᠭ᠎ᠠ᠎ᠶ᠋ᠢ ᠪᠠᠲᠤᠯᠠᠬᠤ᠂ ᠵᠢᠵᠢᠭᠦᠷᠯᠡᠨ ᠰᠠᠬᠢᠬᠤ᠂ ᠠᠷᠢᠭᠤᠳᠭᠠᠬᠤ᠂ ᠵᠣᠬᠢᠴᠠᠭᠤᠯᠤᠨ ᠵᠢᠯᠣᠭᠣᠳᠭᠤ ᠠᠵᠢᠯ ᠵᠡᠷᠬᠡ ᠭᠠᠵᠠᠷ ᠪᠣᠯᠭᠠᠨ᠎ᠳᠤ ᠲᠡᠭᠦᠨ᠎ᠦ ᠪᠠᠷ᠎ᠠ ᠰᠡᠭᠦᠳᠡᠷ ᠬᠠᠷᠠᠭ᠍ᠳᠠᠵᠤ ᠪᠠᠢᠯ᠎ᠠ᠃
ᠰᠠᠢᠨ ᠳᠤᠷᠠᠴᠤᠤᠯ ᠤ᠋ᠨ ᠠᠵᠢᠯ᠎ᠤᠨ ᠪᠠᠢᠷᠢ᠎ᠳᠤ 10 ᠵᠢᠯ ᠠᠵᠢᠯᠯᠠᠭ᠍ᠰᠠᠨ ᠶᠠᠩ ᠭᠦᠸᠧ ᠴᠢ ᠪᠥᠬᠥ᠌ ᠣᠷᠣᠨ᠎ᠤ ᠪᠣᠶ ᠪᠥᠬᠥᠶ ᠬᠣᠱᠢᠭᠤ ᠱᠢᠶᠠᠨ ᠬᠣᠲᠠ ᠲᠣᠭᠣᠷᠢᠭ᠎ᠲᠤ ᠬᠦᠷᠴᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠦ ᠪᠣᠳᠠᠲᠤ ᠪᠠᠢᠳᠠᠯ᠎ᠢ ᠭᠦᠶ᠋ᠴᠡᠳ ᠣᠢᠯᠠᠭᠠᠵᠤ᠂ ᠬᠣᠲᠠ᠎ᠳᠤ ᠣᠷᠣᠵᠤ ᠬᠥᠯᠥᠰᠥᠨ ᠠᠵᠢᠯ ᠬᠢᠭᠰᠡᠳ᠎ᠤᠨ ᠦᠷ᠎ᠡ ᠬᠡᠦᠬᠡᠳ᠎ᠢ ᠬᠠᠯᠠᠮᠵᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠲᠡᠷᠡ ᠬᠠᠪᠰᠤᠷᠤᠯᠴᠠᠭ᠎ᠠ ᠪᠠᠢᠭᠤᠯᠤᠨ ᠦᠴᠦᠸᠠᠨ ᠱᠢᠶᠠᠨ᠎ᠤ ᠶᠠᠳᠠᠭᠤ ᠬᠦᠴᠢᠷᠳᠡᠯᠲᠡᠢ ᠬᠤᠶᠠᠷ ᠬᠡᠦᠬᠡᠳ᠎ᠢ ᠬᠠᠪᠰᠤᠷᠤᠨ ᠲᠡᠳᠬᠦᠵᠦ᠍ ᠥᠨᠳᠥᠷ ᠲᠤᠮᠳᠠᠳᠤ ᠵᠢᠨ ᠰᠤᠷᠤᠯᠭ᠎ᠠ᠎ᠵᠢ ᠨᠢ ᠠᠮᠵᠢᠯᠲᠠ᠎ᠲᠠᠶ ᠲᠡᠬᠦᠰᠭᠡᠨ᠂ ᠶᠡᠬᠡ ᠰᠤᠷᠭᠠᠭᠤᠯᠢ᠎ᠳᠤ ᠱᠢᠯᠭᠠᠨ ᠣᠷᠣᠭᠤᠯᠪᠠ᠃ ᠣᠳᠣᠬᠠᠨ᠎ᠳᠤ᠂ ᠲᠡᠷᠡ ᠶᠠᠭ ᠴᠢᠩ ᠱᠦᠢ ᠾᠧ ᠱᠢᠶᠠᠨ᠎ᠤ ᠨᠢᠭᠡᠨ ᠰᠤᠷᠤᠭ᠍ᠴᠢ᠎ᠶ᠋ᠢ ᠲᠤᠰᠠᠯᠠᠵᠤ᠂ ᠲᠡᠬᠦᠨ ᠢ᠋ ᠪᠠᠭ᠎ᠠ ᠰᠤᠷᠭᠠᠭᠤᠯᠢ᠎ᠡᠴᠡ ᠠᠩᠬ᠎ᠠ ᠳᠤᠮᠳᠠᠳᠤ ᠳ᠋ᠤ ᠲᠠᠪᠰᠢᠭᠤᠯᠵᠤ᠂ ᠲᠠᠬᠢᠨ ᠶᠡᠬᠡ ᠰᠤᠷᠭᠠᠭᠤᠯᠢ᠎ᠳᠤ ᠱᠢᠯᠭᠠᠨ ᠣᠷᠣᠬᠤ ᠬᠦᠷᠲᠡᠯ᠎ᠡ ᠲᠡᠳᠬᠦᠨ ᠲᠤᠰᠠᠯᠠᠬᠤ ᠪᠠᠷ ᠪᠠᠢᠨ᠎ᠠ᠃ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ᠂ ᠲᠤᠰᠠᠯᠠᠭ᠍ᠴᠢ ᠪᠣᠯᠤᠨ ᠲᠤᠰᠠᠯᠠᠭ᠍ᠳᠠᠭ᠍ᠴᠢ ᠬᠠᠷᠢᠯᠴᠠᠨ ᠲᠠᠨᠢᠯᠴᠠᠭᠤᠯᠬᠤ ᠦᠭᠡᠢ᠂ ᠶᠠᠪᠤᠯᠴᠠᠭᠤᠯᠵᠤ ᠪᠣᠯᠬᠤ ᠦᠭᠡᠢ᠃ ᠭᠡᠪᠡᠴᠦ᠍ ᠨᠢᠭᠡ ᠤᠳᠠᠭ᠎ᠠ᠎ᠶ᠋ᠢᠨ ᠠᠵᠠ ᠲᠣᠬᠢᠶᠠᠯ᠎ᠢᠶᠠᠷ᠂ ᠶᠠᠩ ᠭᠦᠸᠧ ᠴᠢ ᠴᠢᠩ ᠱᠦᠢ ᠾᠧ ᠱᠢᠶᠠᠨ᠎ᠳᠤ ᠪᠠᠢᠴᠠᠭᠠᠨ ᠰᠤᠳᠤᠯᠤᠯᠲᠠ ᠬᠢᠵᠦ᠍᠂ ᠨᠢᠭᠡ ᠶᠠᠳᠠᠭᠤ ᠬᠦᠴᠢᠷᠳᠡᠯᠲᠡᠢ ᠡᠷᠦᠬᠡ᠎ᠶ᠋ᠢ ᠲᠣᠬᠣᠨᠢᠭᠤᠯᠬᠤ᠎ᠳᠠᠭᠠᠨ᠂ ᠡᠴᠢᠨᠡᠨ ᠵᠢᠯ᠎ᠦᠨ ᠲᠤᠷᠰᠢ ᠶᠠᠩ ᠭᠦᠸᠧ ᠴᠢ ᠭᠡᠳᠡᠭ ᠬᠥᠮᠦᠨ ᠶᠡᠷᠦ᠍ ᠨᠢ ᠬᠡᠦᠬᠡᠳᠢ᠋ ᠨᠢ ᠵᠣᠭᠣᠰ ᠮᠥᠩᠭᠥ᠎ᠪᠡᠷ ᠲᠤᠰᠠᠯᠠᠭ᠍ᠰᠠᠭᠠᠷ ᠢᠷᠡᠵᠡᠢ ᠭᠡᠵᠤ ᠡᠵᠡᠭᠳᠠᠢ ᠵᠢᠨ ᠬᠡᠯᠡᠬᠦ ᠵᠢ ᠰᠣᠨᠣᠰᠤᠭᠠᠳ ᠮᠠᠰᠢ ᠰᠡᠳᠭᠢᠯ ᠳᠣᠭ᠍ᠳᠣᠯᠵᠤ᠂ ᠨᠢᠯᠪᠤᠰᠤ ᠠᠰᠭᠠᠷᠠᠭᠤᠯᠤᠨ ᠲᠡᠷᠡ ᠬᠡᠦᠬᠡᠳ᠎ᠢ ᠲᠡᠪᠡᠷᠢᠵᠦ᠍᠄ 《ᠴᠢ ᠵᠠᠪᠠᠯ ᠰᠠᠢᠲᠤᠷ ᠰᠤᠷᠤᠯᠴᠠᠬᠤ ᠬᠡᠷᠡᠭ᠌ᠲᠡᠢ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠨᠡᠢᠭᠡᠮ᠎ᠦᠨ ᠡᠯ᠎ᠡ ᠡᠲᠡᠭᠡᠳ᠎ᠦᠨ ᠬᠢᠨ ᠪᠦᠷ ᠴᠢᠮᠠᠶ᠋ᠢ ᠬᠠᠯᠠᠮᠵᠢᠯᠠᠵᠤ᠂ ᠴᠢᠮᠠᠶ᠋ᠢ ᠬᠠᠪᠰᠤᠷᠴᠤ᠌ ᠪᠠᠢᠨ᠎ᠠ᠂ ᠶᠠᠭᠠᠬᠢᠭ᠍ᠰᠠᠨ ᠴᠤ᠌ ᠴᠢᠨᠤ ᠰᠤᠷᠤᠯᠭ᠎ᠠ ᠵᠢ ᠴᠢᠨᠢ ᠳᠣᠷᠭᠣᠨ ᠵᠣᠭ᠍ᠰᠣᠭᠠᠬᠤ ᠦᠭᠡᠢ》 ᠭᠡᠵᠤ ᠬᠡᠯᠡᠪᠡ!
ᠬᠠᠢᠷ᠎ᠠ ᠬᠠᠯᠠᠮᠵᠢ᠎ᠪᠠᠨ ᠡᠷᠭᠦᠬᠦ᠌᠎ᠶ᠋ᠢᠨ ᠬᠠᠮᠲᠤ᠂ ᠶᠠᠩ ᠭᠦᠸᠧ ᠴᠢ ᠥᠪᠡᠷ᠎ᠦᠨ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠴᠤ᠌ ᠴᠥᠬᠥᠷᠡᠰᠢ ᠦᠭᠡᠢ ᠵᠢᠳᠬᠦᠪᠡ᠃ ᠲᠡᠷᠡ ᠲᠦᠷᠦᠭᠦᠯᠡᠨ ᠠᠵᠢᠯ᠎ᠤᠨ ᠱᠢᠨ᠎ᠡ ᠬᠡᠯᠪᠡᠷᠢ᠎ᠶ᠋ᠢ ᠡᠭᠦᠳᠴᠦ᠍᠂ ᠢᠨᠲ᠋ᠧᠷ ᠰᠦᠯᠵᠢᠶ᠎ᠡ᠎ᠳᠦ ᠲᠦᠱᠢᠭ᠌ᠯᠡᠨ᠂ 《ᠤᠮᠠᠷᠠᠳᠤ ᠬᠢᠯᠢ ᠵᠢᠨ ᠰᠠᠢᠨ ᠲᠤᠷ᠎ᠠ》 ᠤ᠋ᠨ ᠰᠠᠢᠨ ᠲᠤᠷᠠᠴᠤᠤᠯ ᠤ᠋ᠨ ᠦᠶ᠋ᠯᠡᠴᠢᠯᠡᠭᠡᠨ᠎ᠦ ᠮᠡᠳᠡᠭᠡ ᠵᠠᠩᠭᠢ᠎ᠶ᠋ᠢᠨ ᠲᠠᠪᠴᠠᠩ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠪᠡ᠃ ᠲᠣᠰ ᠲᠠᠪᠴᠠᠩ᠎ᠨᠢ ᠰᠠᠢᠨ ᠳᠤᠷᠠᠴᠤᠤᠯ᠎ᠤᠨ ᠳᠡᠩᠰᠡᠯᠡᠯᠲᠡ᠂ ᠦᠶ᠋ᠯᠡᠴᠢᠯᠡᠭᠡᠨ᠎ᠦ ᠴᠠᠭ᠎ᠤᠨ ᠣᠷᠳᠣ᠎ᠶ᠋ᠢᠨ ᠨᠡᠢᠯᠡᠪᠦᠷᠢ᠂ ᠦᠶ᠋ᠯᠡᠴᠢᠯᠡᠭᠡᠨ᠎ᠦ ᠭᠡᠷᠡᠴᠢ ᠭᠠᠷᠭᠠᠵᠤ ᠥᠭ᠌ᠬᠦ ᠵᠢᠴᠢ ᠰᠠᠢᠨ ᠳᠤᠷᠠᠴᠤᠤᠯ᠎ᠤᠨ ᠲᠤᠰᠭᠠᠶ ᠬᠠᠷᠢᠶᠠᠲᠤ ᠳᠠᠭᠠᠳᠭᠠᠯ ᠵᠡᠷᠭᠡ ᠡᠯ᠎ᠡ ᠵᠦᠶ᠋ᠯ᠎ᠦᠨ ᠴᠢᠳᠠᠮᠵᠢ᠎ᠶ᠋ᠢ ᠨᠡᠭᠡᠭᠡᠭ᠌ᠰᠡᠨᠪᠦᠭᠡᠳ ᠪᠠᠰᠠ ᠪᠥᠬᠥ᠌ ᠤᠯᠤᠰ᠎ᠤᠨ ᠰᠠᠢᠨ ᠳᠤᠷᠠᠴᠤᠤᠯ ᠤ᠋ᠨ ᠦᠶ᠋ᠯᠡᠴᠢᠯᠡᠭᠡᠨ᠎ᠦ ᠮᠡᠳᠡᠭᠡ ᠵᠠᠩᠭᠢ᠎ᠶ᠋ᠢᠨ ᠱᠢᠰᠲ᠋ᠧᠮ᠎ᠢ ᠪᠥᠬᠥ᠌ ᠲᠠᠯ᠎ᠠ᠎ᠪᠠᠷ ᠵᠣᠯᠭᠠᠭᠤᠯᠵᠤ᠂ ᠪᠣᠯᠪᠠᠰᠤᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠯᠧᠢ ᠹᠧᠩ᠎ᠡᠴᠡ ᠰᠤᠷᠤᠯᠴᠠᠬᠤ ᠬᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃
ᠶᠠᠩ ᠭᠦᠸᠧ ᠴᠢ᠎ᠶ᠋ᠢᠨ ᠳᠠᠭᠠᠭᠤᠯᠭ᠎ᠠ ᠳᠤᠤᠷ᠎ᠠ᠂ ᠪᠥᠬᠥ᠌ ᠣᠷᠣᠨ᠎ᠤ ᠯᠧᠢ ᠹᠧᠩ᠎ᠡᠴᠡ ᠰᠤᠷᠤᠯᠴᠠᠬᠤ ᠨᠡᠷᠡᠳᠦ ᠲᠡᠮᠳᠡᠭ᠌ᠴᠢᠯᠡᠭ᠌ᠰᠡᠨ ᠰᠠᠢᠨ ᠳᠤᠷᠠᠴᠤᠤᠯ ᠤ᠋ᠨ ᠦᠶ᠋ᠯᠡᠴᠢᠯᠡᠭᠡ᠎ᠨᠢ ᠦᠨᠳᠦᠰᠦᠨ ᠱᠠᠲᠤ ᠪᠣᠯᠤᠨ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠤ᠋ᠨ ᠳᠣᠲᠣᠷ᠎ᠠ᠂ ᠴᠢᠬᠤᠯᠠ ᠦᠶ᠋ᠯᠡᠳᠦᠯ᠎ᠢᠶᠡᠨ ᠲᠠᠰᠤᠷᠠᠯᠲᠠ ᠥᠬᠡᠶ ᠪᠠᠳᠠᠷᠠᠭᠤᠯᠪᠠ᠃ ᠵᠠᠷᠢᠮ ᠨᠠᠷᠠᠲᠤ ᠲᠡᠮᠳᠡᠭ ᠪᠤᠯᠤᠭᠰᠠᠨ ᠰᠠᠢᠨ ᠳᠤᠷᠠᠴᠤᠤᠯ ᠤ᠋ᠨ ᠦᠶ᠋ᠯᠡᠴᠢᠯᠡᠭᠡᠨ᠎ᠦ ᠠᠵᠢᠯ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠤᠬᠳᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ᠎ᠢ ᠳᠡᠭᠡᠭ᠌ᠰᠢᠯᠡᠭᠦᠯᠪᠡ᠃ 2021 ᠣᠨ᠎ᠳᠤ᠂ ᠶᠠᠩ ᠭᠦᠸᠧ ᠴᠢ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠵᠢᠨ ᠵᠢᠳᠬᠦᠯ ᠴᠢᠷᠮᠠᠢᠯᠭ᠎ᠠ ᠲᠠᠢ ᠵᠠᠯᠠᠭᠤ ᠪᠡᠷ ᠦᠨᠡᠯᠡᠭᠳᠡᠪᠡ᠃
《ᠰᠠᠢᠨ ᠲᠤᠷᠠᠴᠤᠤᠯ ᠤ᠋ᠨ ᠦᠶ᠋ᠯᠡᠴᠢᠯᠡᠭᠡ ᠪᠣᠯ ᠮᠢᠨᠦ᠍ ᠲᠤᠬᠠᠢᠯᠠᠭ᠍ᠰᠠᠨ ᠠᠵᠢᠯ ᠪᠣᠯᠬᠤ᠎ᠪᠦᠭᠡᠳ ᠨᠠᠩ ᠴᠤ᠌ ᠮᠢᠨᠦ᠍ ᠠᠮᠢᠳᠤᠷᠠᠯ᠎ᠤᠨ ᠳᠤᠲᠠᠭ᠍ᠳᠠᠵᠤ ᠪᠣᠯᠤᠰᠢ ᠥᠬᠡᠶ ᠨᠢᠭᠡ ᠬᠡᠰᠡᠭ ᠪᠣᠯᠤᠨ᠎ᠠ!》 ᠭᠡᠵᠤ ᠶᠠᠩ ᠭᠦᠸᠧ ᠴᠢ ᠬᠡᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃