2023-02-22 10:37:40
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠡᠪᠯᠡᠯ᠎ᠦᠨ ᠬᠣᠷᠢᠶ᠎ᠠ ᠵᠡᠷᠭᠡ 15 ᠬᠠᠮᠲᠤ᠎ᠶᠢ ᠨᠠᠢ᠍ᠮᠠᠳᠤᠭᠠᠷ ᠪᠦᠯᠦᠭ᠎ᠦᠨ ᠪᠦᠬᠦ ᠣᠷᠣᠨ᠎ᠤ ᠯᠧᠢ ᠹᠸᠩ᠎ᠡᠴᠡ ᠰᠤᠷᠤᠯᠴᠠᠬᠤ ᠠᠵᠢᠯᠯᠠᠭ᠎ᠠ᠎ᠶᠢᠨ ᠵᠢᠱ᠌ᠢᠶ᠎ᠡ ᠦᠵᠡᠭᠦᠯᠬᠦ ᠴᠡᠭ᠎ᠢᠶᠡᠷ ᠨᠡᠷᠡᠢᠳᠴᠦ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠢ ᡁᠢ ᠶᠤᠸᠠᠨ ᠪᠣᠯᠪᠠᠰᠤᠷᠠᠯ᠎ᠤᠨ ᠰᠤᠷᠭᠠᠭᠤᠯᠢ᠎ᠶᠢᠨ ᠨᠠᠮ᠎ᠤᠨ ᠡᠭᠦᠷ᠎ᠦᠨ ᠱᠦᠵᠢ ᠹᠦ ᠪᠢᠩ ᠪᠢᠩ ᠵᠡᠷᠭᠡ 30 ᠨᠥᠬᠥᠳ᠎ᠢ ᠨᠠᠢ᠍ᠮᠠᠳᠤᠭᠠᠷ ᠪᠦᠯᠦᠭ᠎ᠦᠨ ᠪᠦᠬᠦ ᠣᠷᠣᠨ᠎ᠤ ᠠᠵᠢᠯ᠎ᠤᠨ ᠪᠠᠢᠷᠢ ᠳᠡᠭᠡᠷ᠎ᠡ ᠪᠠᠨ ᠯᠧᠢ ᠹᠸᠩ᠎ᠡᠴᠡ ᠰᠤᠷᠤᠯᠴᠠᠬᠰᠠᠨ ᠪᠢᠶᠤᠤᠪᠢᠩ ᠢ᠋ᠢᠡᠷ ᠨᠡᠷᠡᠶ᠋ᠢᠳᠬᠦ᠎ᠪᠡᠷ ᠲᠣᠭᠲᠠᠪᠠ᠃
ᠣᠢᠯᠠᠭᠠᠭᠰᠠᠨ᠎ᠢᠶᠠᠷ᠂ ᠲᠤᠰ ᠤᠳᠠᠭᠠᠨ᠎ᠤ ᠨᠡᠷᠡᠢᠳᠦᠭᠰᠡᠨ ᠪᠦᠬᠦ ᠣᠷᠣᠨ᠎ᠤ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠶᠢᠨ ᠵᠢᠱ᠌ᠢᠶ᠎ᠡ ᠦᠵᠡᠭᠦᠯᠬᠦ ᠴᠡᠭ ᠪᠠ ᠠᠵᠢᠯ᠎ᠤᠨ ᠪᠠᠢᠷᠢᠳᠡᠭᠡᠷᠡ ᠪᠠᠨ ᠯᠧᠢ ᠹᠧᠩ᠎ᠡᠴᠡ ᠰᠤᠷᠤᠯᠴᠠᠬᠰᠠᠨ ᠪᠢᠶᠤᠤᠪᠢᠩ ᠨᠢ ᠡᠯ᠎ᠡ ᠠᠵᠢᠯ ᠲᠥᠷᠥᠯ᠂ ᠡᠯ᠎ᠡ ᠬᠦᠷᠢᠶ᠎ᠡ᠂ ᠡᠯ᠎ᠡ ᠹᠷᠣᠨᠲ ᠢ᠋ ᠬᠠᠮᠤᠷᠴᠤ᠂ ᠲᠡᠳᠡ ᠠᠵᠢᠯ ᠦᠢᠯᠡᠰ ᠢ᠋ᠶ᠋ᠡᠨ ᠲᠡᠭᠡᠲᠦᠯᠡᠨ᠂ ᠨᠡᠢᠭᠡᠮ᠎ᠳᠦ ᠬᠤᠪᠢ ᠨᠡᠮᠡᠷᠢ ᠦᠵᠡᠭᠦᠯᠵᠦ᠂ ᠡᠭᠡᠯ ᠵᠢᠷ᠎ᠦᠨ ᠠᠵᠢᠯ᠎ᠤᠨ ᠪᠠᠢᠷᠢ᠎ᠳᠠᠭᠠᠨ ᠶᠡᠷᠦ ᠪᠤᠰᠤ ᠶ᠋ᠢᠨ ᠠᠮᠵᠢᠯᠲᠠ ᠪᠦᠲᠦᠮᠵᠢ ᠭᠠᠷᠭᠠᠨ ᠬᠤᠪᠢ ᠨᠡᠮᠡᠷᠢ ᠦᠵᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠰᠢᠨ᠎ᠡ ᠴᠠᠭ ᠦᠶ᠎ᠡ ᠶ᠋ᠢᠨ ᠯᠧᠢ ᠹᠧᠩ᠎ᠤᠨ ᠦᠯᠢᠭᠡᠷ ᠢ᠋ ᠪᠢᠴᠢᠭᠯᠡᠪᠠ᠃ ᠲᠡᠲᠡ ᠪᠤᠯ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠪᠠᠳᠠᠷᠠᠭᠤᠯᠤᠭᠰᠠᠨ ᠰᠢᠯᠢᠳᠡᠭ ᠲᠥᠯᠥᠭᠡᠯᠡᠭᠴᠢ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ ᠶ᠋ᠢᠨ ᠵᠢᠱ᠌ᠢᠶᠡᠴᠢ ᠦᠢᠯᠡᠳᠦᠯᠭᠡᠵᠢᠭᠦᠯᠦᠭᠴᠢ ᠮᠥᠨ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ ᠦᠨ ᠦᠵᠡᠯᠲᠡ ᠵᠢ ᠬᠦᠮᠦᠵᠢᠭᠦᠯᠦᠨ ᠦᠢᠯᠡᠳᠦᠯᠭᠡᠵᠢᠭᠦᠯᠬᠦ ᠦᠨᠳᠦᠰᠦᠨ ᠡᠭᠦᠷᠭᠡ᠎ᠶᠢ ᠪᠠᠲᠤ ᠡᠵᠡᠮᠰᠢᠵᠦ ᠂ ᠯᠧᠢ ᠹᠧᠩ᠎ᠡᠴᠡ ᠰᠤᠷᠤᠯᠴᠠᠬᠰᠠᠨ 60 ᠵᠢᠯ᠎ᠦᠨ ᠣᠶ ᠵᠢ ᠳᠤᠷᠠᠰᠬᠠᠬᠤ᠎ᠪᠠᠷ ᠠᠵᠠ ᠲᠣᠬᠢᠶᠠᠯ ᠪᠣᠯᠭᠠᠵᠤ᠂ ᠯᠧᠢ ᠹᠧᠩ ᠡᠴᠡ ᠰᠤᠷᠤᠯᠴᠠᠬᠤ ᠠᠵᠢᠯᠯᠠᠭ᠎ᠠ᠎ᠶᠢᠨ ᠵᠢᠱ᠌ᠢᠶ᠎ᠡ ᠦᠵᠡᠭᠦᠯᠬᠦ ᠴᠡᠭ᠎ᠦᠨ ᠲᠡᠷᠢᠭᠦᠨ᠎ᠦ ᠲᠤᠷᠰᠢᠯᠭ᠎ᠠ᠎ᠶᠢ ᠬᠢᠨᠠᠮᠠᠭᠠᠢ ᠰᠤᠷᠤᠯᠴᠠᠨ ᠯᠠᠪᠯᠠᠯᠲᠠ ᠪᠣᠯᠭᠠᠵᠤ᠂ ᠠᠵᠢᠯ᠎ᠤᠨ ᠪᠠᠢᠷᠢᠳᠡᠭᠡᠷᠡ ᠪᠠᠨ ᠯᠧᠢ ᠹᠧᠩ ᠡᠴᠡ ᠰᠤᠷᠤᠯᠴᠠᠬᠰᠠᠨ ᠲᠠᠭᠤᠷᠢᠶᠠᠯ᠎ᠤᠨ ᠲᠡᠷᠢᠭᠦᠨ᠎ᠦ ᠦᠢᠯᠡ ᠠᠵᠢᠯᠯᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ᠂ ᠦᠯᠢᠭᠡᠷ ᠳᠠᠭᠤᠷᠢᠶᠠᠯ ᠤ᠋ᠨ ᠬᠦᠴᠦᠨ᠎ᠢᠶᠡᠷ ᠠᠵᠢᠯ᠎ᠤᠨ ᠪᠠᠢᠷᠢᠳᠡᠭᠡᠷᠡ ᠪᠠᠨ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠵᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠥᠷᠭᠡᠳᠬᠡᠵᠦ᠂ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠶᠢᠨ ᠪᠠᠢᠩᠭᠤᠵᠢᠯᠳᠠ᠂ ᠣᠯᠠᠨ ᠶᠠᠩᠵᠤᠵᠢᠯᠳᠠ᠂ ᠪᠣᠳᠠᠲᠠᠢᠵᠢᠯᠳᠠ ᠶᠢ ᠠᠬᠢᠭᠤᠯᠵᠤ᠂ ᠯᠧᠢ ᠹᠧᠩ᠎ᠤᠨ ᠵᠣᠷᠢᠭ᠋ ᠰᠠᠨᠠᠭ᠎ᠠ᠎ᠶᠢ ᠰᠢᠨ᠎ᠡ ᠴᠠᠭ ᠦᠶ᠎ᠡ᠎ᠳᠦ ᠰᠢᠨ᠎ᠡ ᠬᠡᠷᠡᠯ ᠭᠢᠯᠪᠠᠭ᠎ᠠ ᠰᠠᠴᠤᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠶᠢ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠨᠠᠩ ᠲᠡᠭᠦᠯᠲᠡᠷ ᠡᠷᠴᠢ ᠵᠣᠷᠢᠭ᠋᠂ ᠨᠠᠩ ᠪᠣᠳᠠᠲᠠᠢ ᠰᠤᠷᠲᠠᠯ᠂ ᠨᠠᠩ ᠲᠡᠭᠦᠯᠳᠡᠷ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠰᠡᠳᠬᠢᠯ᠎ᠢᠶᠡᠨ ᠨᠢᠭᠡᠳᠬᠡᠨ ᠬᠦᠴᠦ ᠪᠠᠨ ᠬᠠᠮᠲᠤᠳᠬᠠᠵᠤ ᠣᠳᠣᠬᠢᠴᠢᠯᠠᠭᠰᠠᠨ ᠥᠪᠥᠷ ᠮᠣᠩᠭᠣᠯ᠎ᠢᠶᠠᠨ ᠰᠠᠢᠲᠤᠷ ᠪᠦᠲᠦᠭᠡᠨ ᠪᠠᠢᠭᠤᠯᠵᠤ᠂ ᠰᠠᠢᠲᠤᠷ ᠬᠥᠭᠵᠢᠭᠦᠯᠬᠦ ᠬᠡᠷᠡᠭᠲᠡᠢ ᠬᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃