2022-03-29 11:12:42
— ᠥᠪᠥᠷ ᠮᠣᠩᠭᠣᠯ᠎ᠤᠨ ᠮᠦᠽᠧᠶ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠢ᠋ ᠲᠡᠮᠲᠡᠭᠯᠡᠪᠡ
《ᠥᠩᠭᠡᠷᠡᠭ᠌ᠰᠡᠨ᠎ᠳᠦ ᠪᠢᠳᠡ ᠮᠦᠽᠧᠶ᠎ᠳᠦ ᠬᠦᠷᠴᠤ ᠳᠡᠯᠭᠡᠨ ᠦᠵᠡᠭᠦᠯᠭᠡ᠎ᠶ᠋ᠢ ᠰᠤᠨᠢᠷᠬᠠᠵᠦ ᠪᠠᠢᠭ᠍ᠰᠠᠨ᠂ ᠤᠳᠤ ᠮᠦᠽᠧᠶ ᠰᠤᠷᠭᠠᠭᠤᠯᠢ ᠳ᠋ᠤ ᠢᠷᠡᠵᠦ ᠪᠢᠳᠡᠨ᠎ᠳᠦ ᠬᠢᠴᠢᠶᠡᠯ ᠣᠷᠣᠵᠤ ᠪᠠᠢᠨ᠎ᠠ᠂ ᠮᠦᠽᠧᠶ᠎ᠶ᠋ᠢᠨ ᠬᠢᠴᠢᠶᠡᠯ ᠮᠠᠰᠢ ᠰᠣᠨᠢᠷᠬᠠᠯᠲᠠᠶ᠂ ᠰᠤᠷᠭᠠᠭᠤᠯᠢ ᠡᠴᠡ ᠤᠯᠵᠦ ᠰᠤᠷᠤᠯᠴᠠᠬᠤ ᠦᠭᠡᠢ ᠮᠡᠳᠡᠯᠭᠡ᠎ᠶ᠋ᠢ ᠡᠨᠳᠡ ᠡᠴᠡ ᠨᠥᠬᠥᠪᠥᠷᠢᠯᠡᠵᠦ᠍ ᠪᠣᠯᠤᠨ᠎ᠠ》 ᠭᠡᠵᠦ ᠬᠦᠬᠡᠬᠤᠳᠠ ᠵᠢᠨ ᠰᠸ᠋ ᠬ᠍ᠣ ᠵᠡᠭᠡᠯᠢ᠎ᠶ᠋ᠢᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠪᠠᠶᠠᠷᠯᠠᠨ ᠶᠠᠷᠢᠵᠠᠭᠠᠨ᠎ᠠ᠃
ᠤᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠮᠦᠽᠧᠢ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠡᠯᠪᠡᠭ ᠪᠠᠶᠠᠯᠢᠭ ᠬᠠᠭᠤᠴᠢ ᠡᠬᠢ ᠪᠠᠶᠠᠯᠢᠭ᠎ᠲᠤ ᠲᠦᠱᠢᠭ᠌ᠯᠡᠨ ᠤᠯᠠᠨ ᠶᠠᠩᠵᠤ᠎ᠶ᠋ᠢᠨ ᠨᠡᠢᠭᠡᠮ ᠵᠢᠷᠤᠮ᠎ᠤᠨ ᠬᠥᠮᠦᠵᠢᠯ᠎ᠦᠨ ᠠᠵᠢᠯᠯᠠᠭ᠎ᠠ ᠥᠷᠨᠢᠭᠦᠯᠵᠡᠢ᠃
《ᠨᠡᠭᠦᠲᠡᠯ ᠮᠦᠽᠧᠶ》ᠪᠣᠯ ᠥᠪᠥᠷ ᠮᠣᠩᠭᠣᠯ᠎ᠤᠨ ᠮᠦᠽᠧᠶ᠎ᠶ᠋ᠢᠨ ᠨᠠᠷᠠᠲᠤ ᠲᠡᠮᠳᠡᠭ᠌ᠲᠦ᠍ ᠲᠥᠷᠥᠯ ᠵᠦᠶ᠋ᠯ ᠪᠣᠯᠤᠨ᠎ᠠ᠃ 2021 ᠣᠨ᠎ᠳᠤ᠂《ᠨᠡᠭᠦᠲᠡᠯ ᠮᠦᠽᠧᠶ》ᠲᠦᠷᠦᠯ ᠵᠦᠢᠯ ᠨᠢ ᠨᠡᠢᠲᠡ 69 ᠲᠠᠯᠠᠪᠠᠶ ᠠᠵᠢᠯᠯᠠᠭ᠎ᠠ ᠦᠷᠨᠢᠭᠦᠯᠵᠦ᠂ 6000 ᠱᠢᠬᠠᠮ ᠰᠣᠷᠣᠭ᠍ᠴᠢ ᠣᠷᠣᠯᠴᠠᠵᠤ᠂ ᠮᠦᠽᠧᠶ᠎ᠶ᠋ᠢᠨ ᠬᠢᠴᠢᠶᠡᠯ ᠨᠢ ᠰᠤᠷᠭᠠᠭᠤᠯᠢ᠎ᠶ᠋ᠢᠨ ᠪᠠᠭ᠍ᠰᠢ ᠰᠣᠷᠣᠭ᠍ᠴᠢ ᠪᠣᠯᠤᠨ ᠬᠡᠷ᠎ᠦᠨ ᠠᠬᠠᠮᠠᠳ᠎ᠤᠨ ᠰᠠᠢᠨ ᠦᠨᠡᠯᠡᠯᠲᠡ᠎ᠶ᠋ᠢ ᠣᠯᠵᠠᠢ᠃
2017 ᠣᠨ᠎ᠳᠤ᠂ ᠥᠪᠥᠷ ᠮᠣᠩᠭᠣᠯ᠎ᠤᠨ ᠮᠦᠽᠧᠶ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠭᠤᠷᠪᠠᠳᠤᠭᠠᠷ ᠪᠦᠯᠦᠭ᠎ᠦᠨ ᠪᠥᠬᠥ᠌ ᠤᠯᠤᠰ᠎ᠤᠨ ᠯᠸᠢ ᠹᠸᠩ ᠡᠴᠡ ᠰᠤᠷᠤᠯᠴᠠᠬᠤ ᠠᠵᠢᠯᠯᠠᠭ᠎ᠠ᠎ᠶ᠋ᠢᠨ 50 ᠵᠢᠱ᠌ᠢᠶ᠎ᠡ ᠦᠵᠡᠭᠦᠯᠬᠦ᠌ ᠴᠡᠭ ᠵᠢᠠᠷ ᠳᠤᠭᠳᠠᠭᠠᠭᠳᠠᠪᠠ᠃ ᠲᠤᠰ ᠬᠡᠯᠲᠡᠰ ᠤ᠋ᠨ ᠠᠵᠢᠯᠲᠠᠳ ᠵᠢᠯ ᠳᠠᠷᠠᠭᠠᠯᠠᠨ ᠠᠵᠢᠯ᠎ᠤᠨ ᠪᠠᠢᠷᠢ ᠳᠡᠭᠡᠷ᠎ᠡ᠎ᠪᠡᠨ ᠱᠢᠷᠭᠠᠭᠤ ᠬᠢᠴᠢᠶᠡᠩᠭᠦᠶ ᠠᠵᠢᠯᠯᠠᠵᠤ᠂ ᠬᠠᠢᠷ᠎ᠠ ᠰᠡᠳᠬᠢᠯᠭᠡ ᠪᠡᠷ ᠢ᠋ᠢᠡᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠵᠤ᠂ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠯᠸᠢ ᠹᠸᠩ᠎ᠤᠨ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠤᠨ᠎ᠠ᠃
ᠥᠪᠥᠷ ᠮᠣᠩᠭᠣᠯ᠎ᠤᠨ ᠮᠦᠽᠧᠶ ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠨᠢ ᠮᠦᠽᠧᠶ᠎ᠶ᠋ᠢᠨ ᠭᠠᠳᠠᠭ᠍ᠰᠢ ᠨᠡᠭᠡᠭᠡᠬᠦ᠂ ᠡᠳᠦᠷ ᠲᠤᠲᠤᠮ᠎ᠤᠨ ᠦᠵᠡᠭ᠌ᠴᠢᠳ᠎ᠢ ᠬᠦᠯᠢᠶᠡᠨ ᠠᠪᠬᠤ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠬᠤ ᠪᠥᠭᠡᠳ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ᠂ ᠤᠬᠠᠭᠤᠯᠵᠦ ᠰᠤᠷᠭᠠᠨ ᠬᠥᠮᠦᠵᠢᠭᠦᠯᠬᠦ ᠠᠵᠢᠯ᠎ᠢ ᠤᠬᠠᠭᠠᠯᠠᠨ ᠵᠣᠬᠢᠶᠠᠨ ᠪᠠᠢᠭᠤᠯᠵᠤ ᠥᠷᠨᠢᠭᠦᠯᠬᠦ᠌ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠲᠠᠭ᠃
ᠪᠥᠬᠥ᠌ ᠤᠯᠤᠰ᠎ᠤᠨ ᠮᠦᠽᠧᠶ᠎ᠶ᠋ᠢ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠭ᠌ᠰᠡᠨ᠎ᠦ ᠳᠠᠷᠠᠭ᠎ᠠ᠂ ᠥᠪᠥᠷ ᠮᠣᠩᠭᠣᠯ᠎ᠤᠨ ᠮᠦᠽᠧᠶ ᠢ᠋ᠢᠨ ᠦᠵᠡᠭ᠌ᠴᠢᠳ᠎ᠦᠨ ᠲᠣᠭ᠎ᠠ ᠲᠦᠷᠭᠡᠨ ᠨᠡᠮᠡᠭ᠌ᠳᠡᠵᠦ᠂ ᠢᠯᠠᠩᠭᠤᠶ᠎ᠠ ᠪᠠᠶᠠᠷ ᠳᠤᠷᠠᠰᠭᠠᠯ᠎ᠤᠨ ᠡᠲᠦᠷ ᠠᠮᠠᠷᠠᠯᠲᠠ᠎ᠶ᠋ᠢᠨ ᠬᠤᠭᠤᠴᠠᠭᠠᠨ᠎ᠳᠤ ᠨᠢᠭᠡ ᠯᠡ ᠡᠳᠦᠷ᠎ᠤᠨ ᠦᠵᠡᠭ᠌ᠴᠢ ᠵᠢᠨ ᠲᠣᠭ᠎ᠠ 2.5 ᠲᠦᠮᠡ ᠭᠠᠷᠤᠶ ᠬᠥᠮᠦᠨᠤᠳᠠᠭᠠᠳᠤ ᠬᠦᠷᠦᠭᠰᠡᠨ ᠬᠠᠮᠤᠭ᠎ᠤᠨ ᠥᠨᠳᠥᠷ ᠲᠡᠮᠳᠡᠭ᠌ᠯᠡᠯ᠎ᠢ ᠡᠭᠦᠳᠪᠡ᠃ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠤ᠋ᠨ ᠪᠦᠬᠦ᠌ ᠠᠵᠢᠯᠲᠠᠳ 《ᠨᠢᠭᠡᠳᠦᠭᠡᠷ ᠹᠷᠣᠨᠲ》 ᠲᠸ᠋ ᠡᠷᠡᠯᠬᠡᠭ᠌ᠯᠡᠨ ᠲᠡᠮᠡᠴᠡᠵᠦ᠍᠂ ᠠᠯᠢ ᠤᠯᠠᠨ ᠲᠤᠰᠭᠠᠢ ᠮᠡᠷᠭᠡᠵᠢᠯ᠎ᠦᠨ ᠲᠠᠢᠯᠪᠤᠷᠢᠯᠠᠯᠲᠠ᠂ ᠠᠯᠢ ᠤᠯᠠᠨ ᠨᠠᠷᠢᠨ ᠨᠢᠮᠪᠠᠢ ᠤᠬᠠᠭᠠᠯᠠᠨ ᠲᠦᠰᠦᠪᠯᠡᠭᠰᠡᠨ ᠠᠵᠢᠯᠯᠠᠭ᠎ᠠ᠎ᠪᠠᠷ ᠤᠯᠠᠨ ᠨᠡᠢᠲᠡ᠎ᠶ᠋ᠢᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠠᠷᠠᠳ ᠲᠦᠮᠡᠨ᠎ᠳᠦ ᠦᠢᠯᠡᠴᠢᠯᠡᠬᠦ᠌ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠲᠠᠢᠯᠪᠤᠷᠢᠯᠠᠭ᠍ᠰᠠᠨ ᠪᠠᠢᠨ᠎ᠠ᠃
ᠥᠪᠥᠷ ᠮᠣᠩᠭᠣᠯ᠎ᠤᠨ ᠮᠦᠽᠧᠶ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠤ᠋ᠨ ᠬᠢᠨ ᠣᠲᠣ ᠦᠶ᠎ᠡ᠎ᠶ᠋ᠢᠨ ᠮᠦᠽᠧᠶ᠎ᠶ᠋ᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠨᠢ《ᠬᠠᠳᠠᠭᠠᠯᠠᠮᠠᠯ ᠡᠳ᠋ ᠢ᠋ᠢᠡᠷ ᠲᠥᠪ ᠪᠣᠯᠭᠠᠵᠤ》 ᠪᠠᠢᠭ᠍ᠰᠠᠨ ᠡᠴᠡ ᠪᠠᠨ《ᠬᠥᠮᠦᠨ᠎ᠢᠶᠡᠷ ᠲᠥᠪ ᠪᠣᠯᠭᠠᠬᠤ》ᠳᠠᠢᠰᠢ ᠬᠤᠪᠢᠷᠠᠵᠤ ᠪᠠᠢᠬᠤ ᠵᠢ ᠲᠠᠨᠢᠵᠤ ᠣᠯᠪᠠ᠃ ᠱᠢᠨ᠎ᠡ ᠪᠠᠢᠳᠠᠯ᠎ᠤᠨ ᠡᠮᠦᠨ᠎ᠡ᠂ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ 《ᠬᠠᠳᠠᠭᠠᠯᠠᠮᠠᠯ ᠡᠳ᠋》 ᠢ᠋ᠢᠡᠨ ᠲᠠᠰᠤᠷᠠᠯᠲᠠ ᠥᠬᠡᠶ ᠠᠮᠢᠳᠤᠯᠢᠭ ᠪᠣᠯᠭᠠᠵᠤ᠂ ᠰᠤᠷᠭᠠᠨ ᠬᠥᠮᠦᠵᠢᠯ᠎ᠦᠨ ᠳᠠᠪᠠᠭᠤᠯᠢᠭ᠎ᠢᠶᠠᠨ ᠪᠠᠳᠠᠷᠠᠭᠤᠯᠤᠨ᠂ ᠭᠠᠵᠠᠷ ᠣᠷᠣᠨ᠎ᠤ ᠨᠡᠢᠭᠡᠮ᠎ᠦᠨ ᠰᠤᠷᠭᠠᠨ ᠬᠥᠮᠦᠵᠢᠯ᠎ᠦᠨ ᠲᠥᠪ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠬᠰᠠᠨ ᠪᠠᠢᠨ᠎ᠠ᠃
《ᠪᠠᠶᠠᠰᠭᠤᠯᠠᠩᠲᠤ ᠶᠡᠬᠡ ᠬᠢᠴᠢᠶᠡᠯ᠎ᠦᠨ ᠲᠠᠩᠬᠢᠮ》 ᠤ᠋ᠨ ᠮᠡᠳᠡᠯᠭᠡ᠎ᠶ᠋ᠢᠨ ᠤᠷᠤᠯᠳᠤᠭᠠᠨ᠂ ᠨᠡᠭᠦᠲᠡᠯ ᠮᠦᠽᠧᠶ᠂ ᠪᠢᠴᠢᠬᠠᠨ ᠲᠠᠢᠯᠪᠤᠷᠢᠯᠠᠭ᠍ᠴᠢ᠎ᠶ᠋ᠢᠨ ᠪᠣᠯᠪᠠᠰᠤᠷᠠᠯ᠎ᠤᠨ ᠠᠩᠭᠢ᠂《ᠪᠥᠸᠧ ᠶᠤᠸᠠᠨ》 ᠶᠠᠷᠢᠶᠠᠨ᠎ᠤ ᠲᠠᠪᠴᠠᠩ᠂ ᠨᠡᠭᠦᠳᠡᠯ ᠲᠣᠭᠠᠴᠢᠯᠠᠬᠰᠠᠨ ᠮᠦᠽᠧᠶ᠂ ᠶᠡᠷᠦᠩᠬᠡᠢᠯᠡᠭ᠌ᠰᠡᠨ ᠦᠶ᠋ᠯᠡᠳᠦᠯᠭᠡ᠎ᠶ᠋ᠢᠨ ᠬᠢᠴᠢᠶᠡᠯ᠂ ᠪᠠᠶᠠᠷ ᠳᠤᠷᠠᠰᠭᠠᠯᠳᠤ ᠠᠩᠬᠠᠷᠤᠯ᠎ᠢᠶᠠᠨ ᠲᠥᠪᠯᠡᠷᠡᠭᠦᠯᠬᠦ᠌᠂ ᠭᠠᠷᠠᠭ᠎ᠤᠨ ᠰᠡᠭᠦᠯᠴᠢ᠎ᠪᠡᠷ ᠪᠣᠯᠵᠣᠬᠤ᠂ ᠬᠠᠷᠢᠯᠴᠠᠨ ᠬᠥᠳᠡᠯᠦᠯᠴᠡᠬᠦ᠌ ᠣᠷᠣᠨ ᠵᠠᠶ ᠪᠠ《ᠵᠠᠭᠠᠭ ᠬᠢᠵᠠᠭᠠᠷ ᠥᠬᠡᠶ ᠮᠦᠽᠧᠶ》ᠵᠡᠷᠭᠡ ᠠᠷᠪᠠᠨ ᠶᠡᠬᠡ ᠲᠥᠷᠥᠯ᠎ᠦᠨ ᠠᠳᠠᠯᠢ ᠪᠤᠰᠤ ᠭᠥᠯᠢᠶᠡᠨ ᠠᠪᠤᠭ᠍ᠴᠢᠳ᠎ᠲᠤ ᠬᠠᠨᠳᠤᠭᠤᠯᠤᠭ᠍ᠰᠠᠨ ᠰᠤᠷᠭᠠᠨ ᠬᠥᠮᠦᠵᠢᠯ᠎ᠦᠨ ᠲᠥᠷᠥᠯ ᠵᠦᠶ᠋ᠯ᠂ ᠡᠭᠦᠨ᠎ᠳᠦ ᠰᠦᠯᠵᠢᠶᠡᠨ ᠳᠡᠭᠡᠷᠡᠬᠢ ᠪᠠ ᠪᠤᠲᠠᠲᠤ ᠴᠤᠬᠴᠠ ᠢ᠋ᠢᠨ ᠠᠳᠠᠯᠢ ᠪᠤᠰᠤ ᠤᠯᠠᠮᠵᠢᠯᠠᠨ ᠲᠠᠷᠬᠠᠭᠠᠬᠤ ᠠᠷᠭ᠎ᠠ ᠪᠠᠷᠢᠯ᠂ ᠮᠦᠽᠸᠢ ᠢ᠋ᠢᠨ ᠳᠣᠲᠣᠨ᠎ᠠ ᠭᠠᠳᠠᠨᠠᠬᠢ ᠠᠳᠠᠯᠢ ᠪᠤᠰᠤ ᠤᠯᠠᠮᠵᠢᠯᠠᠨ ᠲᠠᠷᠬᠠᠭᠠᠬᠤ ᠭᠠᠵᠠᠷ ᠣᠷᠣᠨ᠎ᠢ ᠪᠠᠭ᠍ᠲᠠᠭᠠᠵᠤ᠂ ᠰᠤᠷᠭᠠᠨ ᠬᠥᠮᠦᠵᠢᠯ᠎ᠦᠨ ᠠᠩᠭᠢᠯᠠᠯ᠎ᠢ ᠱᠢᠨᠵᠢᠯᠡᠬᠦ᠌ ᠤᠬᠠᠭᠠᠨᠴᠢᠯᠠᠬᠤ᠂ ᠰᠤᠷᠭᠠᠨ ᠬᠥᠮᠦᠵᠢᠯ᠎ᠦᠨ ᠵᠦᠢᠯᠡᠰ᠎ᠢ ᠱᠢᠰᠲ᠋ᠧᠮᠵᠢᠭᠦᠯᠬᠦ᠂ ᠰᠤᠷᠭᠠᠨ ᠬᠥᠮᠦᠵᠢᠯ᠎ᠦᠨ ᠠᠷᠭ᠎ᠠ ᠪᠠᠷᠢᠯ᠎ᠢ ᠤᠯᠠᠨ ᠶᠠᠩᠵᠤᠴᠢᠯᠠᠬᠤ᠎ᠶ᠋ᠢ ᠪᠡᠶᠡᠯᠡᠭᠦᠯᠵᠦ᠍᠂ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠎ᠲᠠᠶ ᠮᠥᠷᠲᠡᠭᠡᠨ ᠪᠠᠰᠠ ᠮᠦᠽᠧᠶ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠳᠤ ᠨᠡᠢᠴᠡᠭ᠌ᠰᠡᠨ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠪᠠ᠃
《ᠪᠠᠶᠠᠰᠭᠤᠯᠠᠩᠲᠤ ᠶᠡᠬᠡ ᠬᠢᠴᠢᠶᠡᠯ᠎ᠦᠨ ᠲᠠᠩᠬᠢᠮ》᠎ᠤ᠋ᠨ ᠮᠡᠳᠡᠯᠭᠡ᠎ᠶ᠋ᠢᠨ ᠤᠷᠤᠯᠳᠤᠭᠠᠨ ᠪᠣᠯ ᠪᠡᠶᠠᠴᠢᠯᠠᠨ ᠣᠢᠯᠠᠭᠠᠬᠤ ᠮᠠᠶᠢᠭ᠎ᠤᠨ᠂ ᠦᠶ᠋ᠯᠡᠳᠦᠯᠭᠡ᠎ᠶ᠋ᠢᠨ ᠮᠠᠶᠢᠭ᠎ᠤᠨ᠂ ᠦᠵᠡᠵᠦ᠍ ᠰᠣᠨᠣᠰᠭᠤ ᠮᠠᠶᠢᠭ᠎ᠤᠨ ᠬᠠᠷᠢᠯᠴᠠᠨ ᠦᠶ᠋ᠯᠡᠳᠦᠯᠴᠡᠬᠦ᠌ ᠲᠦᠷᠦᠯ ᠵᠦᠶ᠋ᠯ ᠪᠣᠯᠤᠨ᠎ᠠ᠃ 2005 ᠣᠨ᠎ᠳᠤ ᠪᠠᠢᠭᠤᠯᠤᠭ᠍ᠳᠠᠭ᠍ᠰᠠᠨ ᠡᠴᠡ ᠣᠲᠣ ᠪᠣᠯᠲᠠᠯ᠎ᠠ᠂《ᠪᠠᠶᠠᠰᠭᠤᠯᠠᠩᠲᠤ ᠶᠡᠬᠡ ᠬᠢᠴᠢᠶᠡᠯ᠎ᠦᠨ ᠲᠠᠩᠬᠢᠮ》᠎ᠢ᠋ ᠮᠢᠩᠭ᠎ᠠ ᠱᠢᠬᠠᠮ ᠬᠤᠭᠤᠴᠠᠭ᠎ᠠ ᠠᠮᠵᠢᠯᠲᠠ᠎ᠲᠠᠶ ᠡᠷᠭᠢᠯᠡᠵᠦ᠍᠂ 20 ᠲᠦᠮᠡ ᠱᠢᠬᠠᠮ ᠰᠣᠷᠣᠭ᠍ᠴᠢ ᠣᠷᠣᠯᠴᠠᠪᠠ; ᠨᠡᠭᠦᠳᠡᠯ ᠲᠣᠭᠠᠴᠢᠯᠠᠭ᠍ᠰᠠᠨ ᠮᠦᠽᠧᠢ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ《ᠡᠴᠦᠰ᠎ᠦᠨ ᠨᠢᠭᠡ ᠺᠢᠯᠤᠮᠸᠲᠷ 》᠎ᠢ᠋ ᠰᠠᠭᠠᠳ ᠦᠭᠡᠢ ᠨᠡᠪᠲᠡᠷᠡᠭᠦᠯᠵᠦ᠍᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠪᠡᠶᠡᠯᠡᠬᠦᠯᠵᠡᠢ᠃ 2013 ᠣᠨ᠎ᠤ 5 ᠰᠠᠷ᠎ᠠ᠎ᠶ᠋ᠢᠨ 18 ᠤ᠋ ᠡᠳᠦᠷ ᠠᠩᠬ᠎ᠠ ᠤᠳᠠᠭ᠎ᠠ ᠳᠡᠯᠭᠡᠨ ᠦᠵᠡᠭᠦᠯᠦᠭ᠌ᠰᠡᠨ᠎ᠡᠴᠡ ᠨᠠᠭᠠᠰᠢ᠂ ᠤᠷᠢᠳ ᠬᠣᠵᠢᠳ ᠪᠦᠬᠦ᠌ ᠣᠷᠣᠨ᠎ᠤ 12 ᠠᠢᠮᠠᠭ ᠬᠤᠳᠠ᠎ᠶ᠋ᠢᠨ 80 ᠭᠠᠷᠤᠢ ᠬᠣᠱᠢᠭᠤ ᠱᠢᠶᠠᠨ᠎ᠳᠤ ᠬᠦᠷᠴᠦ᠍᠂ ᠨᠡᠢ᠌ᠳᠡ 416 ᠲᠠᠯᠠᠪᠠᠢ ᠳᠡᠯᠭᠡᠨ ᠦᠵᠡᠭᠦᠯᠬᠡ ᠡᠷᠬᠢᠯᠡᠵᠥ ᠂ 21 ᠲᠦᠮᠡ ᠭᠠᠷᠤᠢ ᠦᠨᠳᠦᠰᠦᠨ ᠱᠠᠲᠤᠨ᠎ᠤ ᠤᠯᠠᠨ ᠲᠦᠮᠡᠨ᠎ᠳᠦ ᠮᠦᠽᠧᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠭᠠᠢᠬᠠᠭᠤᠯᠵᠠᠢ᠃
ᠥᠪᠥᠷ ᠮᠣᠩᠭᠣᠯ᠎ᠤᠨ ᠮᠦᠽᠧᠶ ᠨᠢ ᠡᠯᠪᠡᠭ ᠪᠠᠶᠠᠯᠢᠭ ᠳᠡᠯᠭᠡᠨ ᠦᠵᠡᠭᠦᠯᠬᠦ᠌ ᠠᠭᠤᠯᠭ᠎ᠠ᠂ ᠣᠯᠠᠨ ᠶᠠᠩᠵᠤ᠎ᠶ᠋ᠢᠨ ᠰᠤᠷᠭᠠᠨ ᠬᠥᠮᠦᠵᠢᠯ᠎ᠦᠨ ᠠᠵᠢᠯᠯᠠᠭ᠎ᠠ ᠪᠠ ᠱᠢᠯᠢᠳᠡᠭ ᠰᠣᠶᠣᠯ᠎ᠤᠨ ᠦᠶ᠋ᠯᠡᠴᠢᠯᠡᠭᠡ᠎ᠪᠡᠷ᠎ᠢᠶᠡᠨ ᠦᠵᠡᠭ᠌ᠴᠢᠳ᠎ᠦᠨ ᠮᠠᠭ᠍ᠲᠠᠭᠠᠯ ᠰᠠᠢᠱᠢᠶᠠᠯ ᠪᠠ ᠨᠡᠢᠭᠡᠮ᠎ᠦᠨ ᠡᠯ᠎ᠡ ᠡᠲᠡᠭᠡᠳ᠎ᠦᠨ ᠰᠠᠢᠨ ᠦᠨᠡᠯᠡᠯᠲᠡ᠎ᠶ᠋ᠢ ᠭᠥᠷᠳᠡᠵᠦ᠍᠂ ᠨᠠᠩ ᠣᠯᠠᠨ ᠦᠵᠡᠭ᠌ᠴᠢᠳ ᠥᠪᠥᠷ ᠮᠣᠩᠭᠣᠯ᠎ᠤᠨ ᠮᠦᠽᠧᠶ᠎ᠳᠦ ᠬᠦᠷᠴᠦ᠍᠂ ᠥᠪᠥᠷ ᠮᠣᠩᠭᠣᠯ᠎ᠤᠨ ᠥᠨᠢ ᠤᠳᠠᠭᠠᠨ ᠲᠡᠸ᠋ᠬᠡ᠎ᠶ᠋ᠢᠨ ᠪᠣᠯᠪᠠᠰᠤᠨ᠎ᠢ ᠣᠢᠯᠠᠭᠠᠵᠤ ᠪᠠᠢᠨ᠎ᠠ᠃
ᠥᠪᠥᠷ ᠮᠣᠩᠭᠣᠯ᠎ᠤᠨ ᠮᠦᠽᠧᠢ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ ᠤ᠋ᠨ ᠰᠤᠷᠭᠠᠨ ᠬᠥᠮᠦᠵᠢᠯ᠎ᠦᠨ ᠭᠣᠣᠯᠯᠠᠨ ᠬᠠᠮᠢᠶᠠᠷᠤᠭ᠍ᠴᠢ ᠯᠢᠦ ᠬᠣᠩ ᠱᠢᠤᠸᠠᠨ᠄《ᠬᠣᠢᠱᠢᠳᠠ ᠪᠢᠳᠡ ᠣᠯᠠᠨ ᠨᠡᠢᠲᠡ᠎ᠳᠦ ᠣᠯᠠᠨ ᠶᠠᠩᠵᠤ᠎ᠶ᠋ᠢᠨ ᠰᠤᠷᠭᠠᠨ ᠬᠥᠮᠦᠵᠢᠯ᠎ᠦᠨ ᠠᠵᠢᠯᠯᠠᠭ᠎ᠠ ᠪᠠ ᠰᠣᠶᠣᠯ᠎ᠤᠨ ᠦᠢᠯᠡᠴᠢᠯᠡᠭᠡ᠎ᠶ᠋ᠢ ᠦᠷᠭᠦᠯᠵᠢᠯᠡᠨ ᠬᠠᠩᠭᠠᠵᠤ᠂ ᠱᠢᠯᠢᠳᠡᠭ ᠤᠯᠠᠮᠵᠢᠯᠠᠯᠲᠤ ᠰᠣᠶᠣᠯ᠎ᠤᠨ〈ᠳᠡᠯᠭᠡᠷᠡᠭᠦᠯᠦᠭ᠌ᠴᠢ〉᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ〈ᠪᠠᠳᠠᠷᠠᠭᠤᠯᠤᠭ᠍ᠴᠢ〉ᠪᠣᠯᠬᠤ᠎ᠪᠠᠷ ᠴᠢᠷᠮᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠳᠤ ᠬᠤᠪᠢ ᠨᠡᠮᠡᠷᠢ᠎ᠪᠡᠨ ᠦᠵᠡᠭᠦᠯᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠱᠢᠨ᠎ᠡ ᠭᠡᠷᠡᠯ ᠭᠢᠯᠪᠠᠭ᠎ᠠ ᠰᠠᠴᠤᠷᠠᠭᠤᠯᠤᠨ᠎ᠠ》ᠬᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃