ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-03-10 09:57:14

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠲᠡᠷᠡ ᠪᠣᠯ ᠦᠪᠡᠷᠳᠡᠭᠡᠨ ᠵᠠᠰᠠᠬᠤ ᠤᠷᠤᠨ᠎ᠦ ᠡᠳ᠋᠎ᠦᠨ ᠵᠠᠰᠠᠭ᠎ᠤᠨ ᠨᠥᠬᠥᠪᠥᠷᠢ ᠪᠡᠯᠡ ᠮᠥᠩᠭᠥ᠎ᠵᠢᠨ 《ᠪᠦᠷᠢᠨ ᠴᠢᠳᠠᠮᠵᠢᠳᠤ ᠺᠠᠷᠲ》 ᠢ᠋ ᠲᠠᠷᠬᠠᠭᠠᠬᠤ ᠠᠵᠢᠯ᠎ᠤᠨ ᠲᠡᠷᠢᠭᠦᠨ᠎ᠦ ᠬᠤᠪᠢ ᠬᠥᠮᠦᠨ᠂ ᠤᠯᠠᠭᠠᠨᠬᠠᠳᠠ ᠬᠣᠲᠠ᠎ᠶ᠋ᠢᠨ ᠠᠷᠪᠠᠨ ᠶᠡᠬᠡ 《ᠦᠨᠳᠦᠰᠦᠨ ᠱᠠᠲᠤᠨ᠎ᠤ ᠠᠷᠢᠭᠤᠨ ᠴᠢᠬᠡᠴᠢ ᠺᠠᠳ᠋ᠷ᠎ᠤᠨ ᠵᠢᠱ᠌ᠢᠶᠡᠴᠢ》᠂ ᠤᠯᠠᠭᠠᠨᠬᠠᠳᠠ ᠬᠣᠲᠠ᠎ᠶ᠋ᠢᠨ ᠠᠵᠢᠯ᠎ᠤᠨ ᠪᠠᠢᠷᠢ᠎ᠳᠠᠭᠠᠨ ᠯᠸᠢ ᠹᠸᠩ᠎ᠡᠴᠡ ᠰᠤᠷᠤᠯᠴᠠᠭ᠍ᠰᠠᠨ ᠵᠢᠱ᠌ᠢᠶᠡᠴᠢ ᠮᠦᠨ᠂ ᠨᠠᠷᠢᠨ ᠪᠠᠯᠭᠠᠰᠤᠨ᠎ᠤ ᠡᠳ᠋᠎ᠦᠨ ᠵᠠᠰᠠᠭ᠎ᠤᠨ ᠭᠠᠵᠠᠷ᠎ᠲᠡᠭᠦᠨ᠎ᠤ ᠳᠠᠭᠠᠭᠤᠯᠭ᠎ᠠ ᠳᠤᠤᠷ᠎ᠠ ᠪᠥᠬᠥ᠌ ᠤᠯᠤᠰ᠎ᠤᠨ 《ᠬᠠᠮᠤᠭ᠎ᠤᠨ ᠭᠣᠶᠣ ᠡᠳ᠋᠎ᠦᠨ ᠵᠠᠰᠠᠭ᠎ᠤᠨ ᠭᠠᠵᠠᠷ》 ᠎ᠤ᠋ᠨ ᠴᠤᠯᠠ ᠬᠦᠷᠲᠡᠵᠦ ᠦᠩᠭᠡᠷᠡᠭᠰᠡᠨ ᠪᠠᠢᠨ᠎ᠠ᠃

ᠳᠡᠬᠦᠨ᠎ᠢ ᠰᠦᠨ ᠵᠢᠩ ᠱᠠᠨ ᠭᠡᠳᠡᠭ᠂ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠨᠠᠷᠢᠨ ᠪᠠᠯᠭᠠᠰᠤᠨ᠎ᠤ ᠡᠳ᠋᠎ᠦᠨ ᠵᠠᠰᠠᠭ᠎ᠤᠨ ᠭᠠᠵᠠᠷ᠎ᠤᠨ ᠳᠠᠷᠤᠭ᠎ᠠ ᠪᠣᠯᠤᠨ᠎ᠠ᠃ ᠰᠦᠨ ᠵᠢᠩ ᠱᠠᠨ ᠱᠢᠶᠠᠩ ᠪᠠᠯᠭᠠᠰᠤᠨ᠎ᠤ ᠡᠳ᠋᠎ᠦᠨ ᠵᠠᠰᠠᠭ᠎ᠤᠨ ᠠᠵᠢᠯ᠎ᠢ ᠬᠠᠷᠢᠭᠤᠴᠠᠭᠰᠠᠨ 36 ᠵᠢᠯ᠎ᠤᠨ ᠲᠤᠷᠰᠢ᠂ ᠢᠮᠠᠭ᠍ᠲᠠ ᠦᠨᠡᠨᠴᠢ ᠱᠢᠳᠤᠷᠭᠤ ᠠᠷᠢᠭᠤᠨ ᠴᠢᠬᠡᠴᠢ ᠪᠡᠷ ᠬᠠᠷᠢᠭᠤᠴᠠᠯᠭ᠎ᠠ ᠡᠭᠦᠷᠭᠡᠯᠡᠵᠦ᠍᠂ ᠶᠣᠰᠣ ᠰᠤᠷᠲᠠᠬᠤᠨ᠎ᠢ ᠡᠷᠬᠢᠮᠯᠡᠨ ᠪᠤᠶᠠᠨ ᠦᠢᠯᠡᠳᠴᠤ᠎ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠭᠰᠠᠭᠠᠷ ᠢᠷᠡᠵᠡᠢ᠃

ᠶᠠᠮᠠᠷ ᠠᠵᠢᠯ ᠢ᠋ ᠬᠢᠪᠡᠯ ᠶᠠᠮᠠᠷ ᠠᠵᠢᠯ᠎ᠢᠶᠠᠨ ᠬᠠᠢᠷᠠᠯᠠᠬᠤ ᠣᠢᠯᠠᠭᠠᠭ᠍ᠳᠠᠬᠤᠨ᠎ᠢ ᠪᠠᠷᠢᠮᠲᠠᠯᠠᠵᠤ᠂ ᠰᠦᠨ ᠵᠢᠩ ᠱᠠᠨ ᠠᠵᠢᠯ᠎ᠤᠨ ᠳᠤᠮᠳᠠ᠎ᠪᠠᠨ ᠢᠳᠡᠪᠬᠢᠲᠡᠢ᠎ᠪᠡᠷ ᠤᠷᠤᠭ᠍ᠰᠢᠯᠠᠨ ᠲᠠᠪᠱᠢᠵᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠱᠢᠶᠠᠩ ᠪᠠᠯᠭᠠᠰᠤᠨ᠎ᠤ ᠡᠳ᠋᠎ᠦᠨ ᠵᠠᠰᠠᠭ᠎ᠤᠨ ᠪᠣᠳᠠᠲᠤ ᠪᠠᠢᠳᠠᠯ᠎ᠢ ᠦᠨᠳᠦᠰᠦᠯᠡᠨ᠂ 《ᠡᠳ᠋᠎ᠦᠨ ᠬᠠᠮᠢᠶᠠᠷᠤᠯᠲᠠ ᠨᠡᠢᠲᠡ᠎ᠶ᠋ᠢᠨ ᠲᠥᠯᠥᠭᠡ᠂ ᠦᠢᠯᠡᠴᠢᠯᠡᠬᠦ᠌᠎ᠪᠡᠷ ᠦᠨᠳᠦᠰᠦ ᠪᠣᠯᠭᠠᠵᠤ᠂ ᠨᠠᠷᠢᠯᠢᠭ ᠪᠥᠭᠡᠳ ᠥᠨᠳᠥᠷ ᠪᠦᠲᠦᠮᠵᠢᠲᠡᠢ᠂ ᠦᠨᠡᠨ᠎ᠢ ᠪᠠᠷᠢᠮᠲᠠᠯᠠᠨ ᠱᠢᠨ᠎ᠡ᠎ᠶ᠋ᠢ ᠡᠭᠦᠳᠬᠦ᠌》 ᠱᠢᠶᠠᠩ ᠪᠠᠯᠭᠠᠰᠤᠨ᠎ᠤ 《ᠡᠳ᠋᠎ᠦᠨ ᠵᠠᠰᠠᠭ᠎ᠤᠨ ᠵᠣᠷᠢᠭ ᠰᠠᠨᠠᠭ᠎ᠠ》 ᠵᠢ ᠪᠣᠯᠪᠠᠰᠤᠷᠠᠭᠤᠯᠤᠨ ᠭᠠᠷᠭᠠᠵᠤ᠂ 《ᠨᠡᠮᠡᠬᠦ᠌ ᠬᠠᠰᠤᠬᠤ ᠦᠷᠡᠵᠢᠭᠦᠯᠬᠦ᠌ ᠬᠤᠪᠢᠶᠠᠬᠤ》 ᠲᠦᠷᠢᠮ᠂ 《01122》 ᠠᠵᠢᠯᠯᠠᠬᠤ ᠠᠷᠭ᠎ᠠ᠎ᠶ᠋ᠢ ᠳ᠋ᠦᠩᠨᠡᠨ ᠭᠠᠷᠭᠠᠬᠤ᠎ᠶ᠋ᠢᠨ ᠬᠠᠮᠲᠤ ᠪᠣᠳᠠᠲᠠᠢ ᠠᠵᠢᠯ᠎ᠤᠨ ᠳᠤᠮᠳᠠ᠎ᠪᠠᠨ ᠬᠡᠷᠡᠭᠵᠢᠬᠦᠯᠪᠡ᠃ ᠡᠳ᠋᠎ᠦᠨ ᠵᠠᠰᠠᠭ᠎ᠤᠨ ᠶᠠᠮᠤᠨ᠎ᠤ 《ᠳᠤᠮᠳᠠᠳᠤ ᠤᠯᠤᠰ᠎ᠤᠨ ᠡᠳ᠋᠎ᠦᠨ ᠵᠠᠰᠠᠭ》 ᠰᠡᠳᠬᠦᠯ ᠳ᠋ᠤ 《ᠥᠪᠥᠷ ᠮᠣᠩᠭᠣᠯ᠎ᠤᠨ ᠨᠠᠷᠢᠨ ᠪᠠᠯᠭᠠᠰᠤ᠄〈ᠨᠡᠮᠡᠬᠦ᠌ ᠬᠠᠰᠤᠬᠤ ᠦᠷᠡᠵᠢᠭᠦᠯᠬᠦ᠌ ᠬᠤᠪᠢᠶᠠᠬᠤ〉ᠡᠳ᠋᠎ᠦᠨ ᠵᠠᠰᠠᠭ᠎ᠤᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠰᠠᠢᠲᠤᠷ ᠬᠢᠵᠦ ᠪᠤᠢ》 ᠭᠡᠬᠦ᠌ ᠰᠡᠳᠦᠪ᠎ᠢᠶᠡᠷ ᠮᠡᠳᠡᠭᠡ ᠨᠡᠢᠳᠡᠯᠡᠵᠦ᠂ ᠲᠡᠳᠡᠨᠤᠰ᠎ᠦᠨ ᠲᠤᠷᠱᠢᠯᠭ᠎ᠠ ᠠᠷᠭ᠎ᠠ ᠬᠢᠳᠡᠯ᠎ᠢ ᠪᠦᠬᠦ᠌ ᠤᠯᠤᠰ᠎ᠲᠤ ᠳᠡᠯᠭᠡᠷᠡᠭᠦᠯᠬᠦ ᠵᠢ ᠵᠤᠷᠢᠵᠠᠢ᠃

ᠰᠦᠨ ᠵᠢᠩ ᠱᠠᠨ᠎ᠠᠵᠢᠯ᠎ᠤᠨ ᠪᠠᠢᠷᠢ ᠳᠡᠭᠡᠷ᠎ᠠ ᠪᠠᠨ ᠱᠢᠯᠢᠳᠡᠭ ᠪᠣᠯᠬᠤ᠎ᠪᠠᠷ ᠮᠡᠷᠡᠢᠨ ᠴᠢᠷᠮᠠᠢᠬᠰᠠᠨ ᠵᠢᠠᠷ ᠪᠠᠷᠠᠬᠤ ᠦᠭᠡᠢ᠂ ᠨᠡᠩ ᠴᠤ᠌ ᠵᠣᠷᠢᠭ᠍ᠲᠠᠶ ᠮᠦᠷᠳᠡᠭᠡᠨ ᠴᠢᠳᠠᠮᠠᠭᠠᠶ᠎ᠪᠠᠷ ᠲᠡᠮᠡᠴᠡᠬᠦ᠌ ᠰᠥᠰᠥ᠍ ᠵᠣᠷᠢᠭ᠎ᠲᠠᠶ ᠶᠤᠮ᠃ ᠺᠣᠮᠫᠠᠨᠢ᠎ᠶ᠋ᠢᠨ ᠰᠦᠷᠳᠡᠭᠦᠯᠦᠯ᠂ ᠠᠵᠤ ᠠᠬᠤᠶ᠎ᠶ᠋ᠢᠨ ᠠᠱᠢᠭ᠎ᠢᠶᠠᠷ ᠲᠠᠲᠠᠬᠤ ᠠᠵᠢᠯᠯᠠᠭ᠎ᠠ᠎ᠶ᠋ᠢᠨ ᠡᠮᠦᠨ᠎ᠡ᠂ ᠲᠡᠷᠡ ᠠᠵᠢᠯ ᠵᠢᠡᠨ ᠠᠯᠳᠠᠭᠰᠠᠨ ᠴᠤ᠌ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠬᠣᠬᠢᠷᠠᠭᠤᠯᠵᠤ ᠪᠣᠯᠬᠤ ᠦᠭᠡᠢ ᠭᠡᠬᠦ ᠡᠷᠡᠰ ᠪᠠᠲᠤ ᠢᠲᠡᠭᠡᠯ ᠵᠣᠷᠢᠭ᠎ᠢ ᠪᠠᠷᠢᠮᠲᠠᠯᠠᠵᠤ᠂ 5 ᠰᠠᠷ᠎ᠠ ᠱᠢᠬᠠᠮ ᠲᠡᠮᠡᠴᠡᠵᠦ᠂ 500 ᠲᠦᠮᠡᠨ ᠲᠥᠭᠥᠷᠢᠭ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠠᠷᠢᠯᠭᠠᠪᠠ; ᠥᠷᠢᠲᠦᠭ᠌ᠰᠡᠨ ᠡᠳ᠋ ᠪᠣᠳᠠᠰ᠎ᠢ ᠪᠠᠷᠢᠯᠭ᠎ᠠ᠎ᠶ᠋ᠢᠨ ᠵᠣᠭᠣᠰ᠎ᠢᠶᠠᠷ ᠨᠤᠭᠤᠯᠵᠤ ᠪᠤᠳᠤᠪᠠᠯ 76.30 ᠲᠦᠮᠡᠨ ᠲᠥᠭᠥᠷᠢᠭ᠎ᠲᠦ ᠬᠦᠷᠥᠭᠰᠡᠨ ᠭᠡᠷᠨᠭ ᠲᠸ᠋ ᠲᠡᠷᠡ 《ᠬᠠᠮ ᠠᠷᠭ᠎ᠠ》 ᠭᠠᠷᠭᠠᠵᠤ᠂ ᠬᠦᠨᠳᠦ ᠶᠡᠬᠡ ᠥᠷᠢ ᠥᠭ᠌ᠴᠡᠭᠡᠨ᠎ᠦ ᠲᠦᠭ᠌ᠰᠢᠭᠦᠷᠢ᠎ᠶ᠋ᠢ ᠠᠷᠢᠯᠭᠠᠪᠠ; ᠨᠢᠭᠡᠨ ᠺᠤᠮᠫᠠᠨᠢ ᠡᠴᠡ 121.6 ᠲᠦᠮᠡᠨ ᠲᠥᠭᠥᠷᠢᠭ᠎ᠦᠨ ᠬᠦᠯᠦᠰᠦᠨ ᠠᠵᠢᠯᠴᠢᠨ᠎ᠤ ᠴᠠᠯᠢᠩ᠎ᠢ ᠴᠠᠭ ᠲᠤᠬᠠᠢ ᠳ᠋ᠤᠨᠢ ᠦᠭᠭᠦᠭᠰᠡᠨ ᠦᠭᠡᠢ ᠪᠠᠢᠳᠠᠯ ᠳᠤᠤᠷ᠎ᠠ᠂ ᠲᠡᠷᠡ ᠤᠷᠢᠳ ᠬᠤᠵᠢᠳ 48 ᠡᠳᠦᠷ ᠴᠢᠷᠮᠠᠢᠵᠤ ᠪᠠᠢᠭᠠᠳ ᠡᠴᠦᠰ ᠲᠡᠭᠡᠨ 238 ᠬᠥᠯᠥᠰᠥᠨ ᠠᠵᠢᠯᠴᠢᠨ᠎ᠳᠤ ᠨᠥᠬᠥᠪᠥᠷᠢ ᠮᠥᠩᠭᠥ᠎ᠶ᠋ᠢ ᠠᠮᠵᠢᠯᠲᠠ ᠲᠠᠶ ᠣᠯᠭᠣᠭ᠍ᠰᠠᠨ ᠪᠠᠢᠨ᠎ᠠ᠃

ᠡᠳ᠋᠎ᠦᠨ ᠵᠠᠰᠠᠭ᠎ᠤᠨ ᠭᠠᠵᠠᠷ᠎ᠤᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠰᠦᠨ ᠵᠢᠩ ᠱᠠᠨ ᠢᠮᠠᠭ᠍ᠲᠠ ᠪᠡᠶ᠎ᠡ᠎ᠪᠡᠷ᠎ᠢᠶᠡᠨ ᠬᠡᠪ ᠲᠦᠷᠢᠮ ᠪᠣᠯᠵᠣ᠂ ᠱᠢᠮᠳᠠᠨ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠵᠤ᠂ ᠤᠨᠤᠯ᠎ᠤᠨ ᠮᠡᠳᠡᠯᠭᠡ ᠪᠠ ᠤᠷ᠎ᠠ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠡᠢ᠃ ᠲᠡᠷᠡ ᠰᠤᠯᠠ ᠰᠡᠯᠡᠭᠦᠦ ᠴᠠᠭ ᠵᠢᠡᠨ ᠠᠱᠢᠭ᠍ᠯᠠᠨ ᠥᠪᠡᠷ᠎ᠢᠶᠡᠨ ᠰᠤᠷᠴᠤ᠌ ᠳᠡᠭᠡᠳᠦ ᠵᠡᠷᠭᠡ᠎ᠶ᠋ᠢᠨ ᠨᠢᠭ᠍ᠲᠠᠯᠠᠨ ᠪᠤᠳᠤᠭ᠍ᠴᠢ᠂ ᠳᠡᠭᠡᠳᠦ ᠵᠡᠷᠭᠡ᠎ᠶ᠋ᠢᠨ ᠠᠵᠤ ᠠᠬᠤᠢᠴᠢ ᠵᠢᠨ ᠦᠨᠡᠮᠯᠡᠯ ᠤᠯᠵᠠᠢ᠃ 《ᠰᠤᠷᠤᠯᠴᠠᠯᠭ᠎ᠠ ᠵᠢᠨ ᠬᠦᠴᠦᠷᠭᠡᠭ ᠤᠯᠤᠰ》᠎ᠤᠨ ᠲᠡᠪᠴᠡᠩ᠎ᠤᠨ ᠥᠷᠢᠰᠥᠯᠳᠦᠭᠡᠨ᠎ᠦ ᠰᠡᠳᠦᠪ᠎ᠢ 29 ᠤᠳᠠᠭ᠎ᠠ ᠪᠣᠭᠣᠮᠲᠠ ᠥᠩᠭᠡᠷᠡᠭᠡᠵᠦ᠍᠂ ᠤᠯᠠᠭᠠᠨᠬᠠᠳᠠ ᠬᠤᠳᠠ᠎ᠶ᠋ᠢᠨ ᠰᠤᠷᠤᠯᠴᠠᠯᠭ᠎ᠠ᠎ᠳᠤ ᠴᠠᠭᠠᠷᠠᠭ᠍ᠰᠠᠳ᠎ᠤᠨ ᠥᠷᠢᠰᠥᠯᠳᠦᠨ ᠬᠠᠷᠢᠭᠤᠯᠬᠤ ᠤᠷᠤᠯᠳᠤᠭᠠᠨ᠎ᠤ ᠬᠣᠶᠠᠳᠤᠭᠠᠷ ᠳᠡᠰ᠎ᠤᠨ ᠱᠠᠩᠨᠠᠯ᠎ᠢ ᠬᠦᠷᠳᠡᠵᠡᠢ᠃ ᠲᠡᠷᠡ ᠤᠷᠢᠳ ᠬᠣᠵᠢᠳ ᠤᠯᠠᠭᠠᠨᠬᠠᠳᠠ ᠬᠤᠳᠠ᠂ ᠱᠢᠯᠢ᠎ᠶ᠋ᠢᠨ ᠭᠣᠣᠯ ᠠᠢᠮᠠᠭ᠂ ᠬᠥᠯᠥᠨ ᠪᠤᠢ᠌ᠷ ᠪᠣᠯᠤᠨ ᠤᠷᠳᠤᠰ ᠬᠤᠳᠠ᠎ᠳᠤ ᠱᠢᠶᠠᠩ ᠪᠠᠯᠭᠠᠰᠤᠨ᠎ᠤ ᠡᠳ᠋᠎ᠦᠨ ᠵᠠᠰᠠᠭ᠎ᠤᠨ ᠬᠠᠮᠢᠶᠠᠷᠤᠯᠲᠠ᠎ᠶ᠋ᠢᠨ ᠲᠤᠷᠱᠢᠯᠭ᠎ᠠ᠎ᠪᠡᠨ ᠤᠯᠠᠮᠵᠢᠯᠠᠵᠦ ᠦᠩᠭᠡᠷᠡᠭᠰᠡᠨ ᠪᠠᠢᠨ᠎ᠠ᠃

ᠠᠵᠢᠯ᠎ᠤᠨ ᠳᠤᠮᠳᠠ ᠪᠠᠨ ᠲᠡᠷᠡ ᠢᠳᠡᠪᠬᠢᠯᠡᠨ ᠳᠠᠪᠱᠢᠵᠤ᠂ ᠥᠴᠦᠬᠡᠨ ᠴᠦ᠍ ᠣᠰᠣᠯᠳᠠᠬᠰᠠᠨ ᠦᠭᠡᠢ; ᠠᠮᠢᠳᠤᠷᠠᠯ᠎ᠤᠨ ᠳᠤᠮᠳᠠ ᠪᠠᠨ᠂ ᠲᠡᠷᠡ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠵᠤ᠂ ᠭᠤᠶᠠᠴᠢ ᠦᠭᠡᠢ ᠵᠢᠳᠭᠦᠵᠠᠢ᠃ ᠮᠠᠯᠴᠢᠨ ᠲᠠᠷᠢᠶᠠᠴᠢᠨ ᠡᠷᠦᠬᠡ ᠬᠦᠴᠢᠷᠳᠡᠯ᠎ᠲᠡᠶ ᠪᠣᠯ ᠰᠦᠨ ᠵᠢᠩ ᠱᠠᠨ ᠥᠪᠡᠷ᠎ᠵᠢᠡᠨ ᠵᠣᠭᠣᠰ᠎ᠮᠦᠩᠬᠦ ᠭᠠᠷᠭᠠᠵᠦ ᠬᠠᠪᠰᠤᠷᠤᠯᠭ᠎ᠠ ᠦᠵᠡᠭᠦᠯᠳᠡᠭ; ᠬᠠᠮᠲᠤ ᠠᠵᠢᠯᠲᠠᠨ ᠨᠢ ᠬᠦᠨᠳᠦ ᠡᠪᠡᠳᠴᠢᠯᠡᠭᠰᠡᠨ ᠥᠶ᠎ᠠ ᠎ᠳᠤ᠂ ᠲᠡᠷᠡ ᠨᠢᠭᠡ ᠰᠠᠷ᠎ᠠ᠎ᠶ᠋ᠢᠨ ᠴᠠᠯᠢᠩ᠎ᠢ ᠨᠢ ᠤᠷᠢᠳᠴᠢᠯᠡᠨ ᠥᠭᠬᠥᠭᠰᠡᠨ ᠤᠳᠠᠭ᠎ᠠ ᠪᠤᠢ; ᠬᠢᠵᠢᠭ᠎ᠲᠡᠶ ᠲᠡᠮᠡᠴᠡᠬᠦ᠌᠎ᠳᠦ᠂ ᠲᠡᠷᠡ ᠰᠠᠨᠠᠭᠠᠴᠢᠯᠠᠭ᠎ᠠ᠎ᠡᠴᠡ᠎ᠪᠠᠨ ᠨᠠᠮ᠎ᠤᠨ ᠭᠡᠱᠢᠭᠦᠨ᠎ᠦ ᠭᠠᠷᠤᠯ᠎ᠢᠶᠠᠨ ᠲᠣᠳᠣᠷᠬᠠᠢᠯᠠᠵᠤ᠂ ᠰᠠᠢ᠌ᠨ ᠲᠤᠷᠠᠴᠤᠤᠯ ᠪᠣᠯᠪᠠ; ᠶᠡᠬᠡ ᠳᠡᠭᠡᠳᠦ ᠰᠤᠷᠭᠠᠭᠤᠯᠢ᠎ᠵᠢᠨ ᠤᠯᠤᠰ᠎ᠤ᠋ᠨ᠌ ᠨᠢᠭᠡᠳᠦᠯᠲᠡᠶ ᠱᠢᠯᠭᠠᠯᠲᠠ᠎ᠳᠤ ᠦᠶ᠋ᠯᠡᠴᠢᠯᠡᠵᠦ᠍᠂ ᠶᠡᠬᠡ ᠳᠡᠭᠡᠳᠦ ᠰᠤᠷᠭᠠᠭᠤᠯᠢ᠎ᠵᠢᠨ ᠤᠯᠤᠰ᠎ᠤᠨ ᠨᠢᠭᠡᠳᠦᠯᠲᠡᠶ ᠱᠢᠯᠭᠠᠯᠲᠠ᠎ᠳᠤ ᠣᠷᠣᠯᠴᠠᠬᠰᠠᠨ 40 ᠭᠠᠷᠤᠶ ᠱᠢᠯᠭᠠᠭᠤᠯᠤᠭ᠍ᠴᠢ᠎ᠳᠤ ᠦᠨ᠎ᠡ ᠲᠥᠯᠥᠪᠦᠷᠢ ᠥᠬᠡᠶ᠎ᠪᠡᠷ ᠡᠷᠡᠮᠡᠯᠵᠡᠯ ᠮᠡᠳᠡᠭᠦᠯᠦᠨ ᠥᠭ᠌ᠪᠡ; 22 ᠵᠢᠯ᠎ᠦᠨ ᠲᠤᠷᠰᠢ᠂ ᠲᠡᠷᠡ ᠨᠡᠢᠲᠡ 6000 ᠮᠢᠯᠢᠯᠢᠲ᠋ᠷ ᠴᠢᠰᠤ ᠬᠠᠨᠳᠢᠪᠯᠠᠵᠠᠢ᠃

《 ᠬᠡᠳᠦᠢᠪᠡᠷ ᠮᠢᠨᠦ᠍ ᠬᠤᠪᠢ ᠪᠡᠶ᠎ᠠ ᠵᠢᠨ ᠬᠦᠴᠦᠨ ᠬᠢᠵᠠᠭᠠᠷᠳᠠᠢ ᠪᠤᠯᠪᠠᠴᠤ ᠬᠡᠷᠡᠭᠴᠡᠭᠡ ᠲᠠᠢ ᠬᠥᠮᠦᠰ ᠲᠦ᠍ ᠲᠤᠰᠠᠯᠠᠬᠤ᠎ᠶ᠋ᠢ ᠬᠦᠰᠡᠳᠡᠭ᠃ ᠪᠤᠰᠤᠳ ᠲᠦ᠍ ᠰᠠᠷᠭᠠᠢ ᠴᠡᠴᠡᠭ ᠬᠦᠷᠭᠡᠪᠡᠯ᠂ ᠠᠩᠬᠢᠯᠤᠮ᠎ᠠ ᠦᠨᠦᠷ ᠨᠢ ᠭᠠᠷ᠎ᠲᠤ ᠦᠯᠡᠳᠡᠳᠡᠭ ᠭᠡᠳᠡᠭ᠂ ᠪᠢ ᠪᠤᠰᠤᠳ᠎ᠢ ᠬᠠᠪᠰᠤᠷᠬᠤ ᠪᠡᠷ ᠵᠢᠷᠭᠠᠯ᠎ᠢᠶᠡᠨ ᠪᠤᠯᠭᠠᠨ᠎ᠠ》ᠬᠡᠵᠡᠢ᠃ ᠡᠨᠡ ᠪᠣᠯ ᠰᠦᠨ ᠵᠢᠩ ᠱᠠᠨ᠎ᠤ ᠥᠨᠡᠨᠴᠢ ᠥᠴᠢᠯ ᠪᠣᠯᠤᠨ᠎ᠠ᠂ ᠲᠡᠷᠡ ᠦᠷᠭᠦᠯᠵᠢᠯᠡᠨ ᠡᠨᠡ ᠬᠦ᠌ ᠢᠲᠡᠭᠡᠯ ᠪᠢᠱᠢᠷᠡᠯ᠎ᠢᠶᠡᠨ ᠡᠪᠦᠷᠯᠡᠨ᠂ ᠥᠭᠡᠳᠡᠷᠬᠡᠭ ᠰᠡᠳᠭᠢᠯ᠎ᠢᠶᠡᠷ ᠠᠷᠠᠳ ᠲᠦᠮᠡᠨ᠎ᠦ ᠰᠠᠢᠨ 《ᠦᠢᠯᠡᠴᠢᠯᠡᠭ᠌ᠴᠢ》ᠪᠤᠯᠬᠤ ᠪᠡᠷ ᠵᠢᠳᠬᠦᠨ ᠴᠢᠷᠮᠠᠢᠭᠰᠠᠭᠠᠷ ᠁

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面