ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2022-03-14 10:47:44

ᠵᠣᠬᠢᠶᠠᠭ᠍ᠴᠢ᠄ ᠤᠯᠠᠭᠠᠨᠲᠤᠶᠠᠭ᠎ᠠ ᠣᠩᠱᠢᠭ᠍ᠰᠠᠨ ᠣᠳᠠᠭ᠎ᠠ᠄ 3

— ᠦᠪᠦᠷ ᠮᠤᠩᠭᠤᠯ ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ ᠬᠢᠭᠡᠳ ᠰᠢᠨ᠎ᠡ ᠵᠢ ᠡᠭᠦᠳᠬᠦ ᠦᠢᠯᠡᠴᠢᠯᠡᠭᠡᠨ ᠎ᠤ ᠲᠦᠪ᠎ᠢ ᠲᠡᠮᠲᠡᠭᠯᠡᠪᠡ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠎ᠤ ᠵᠤᠷᠢᠭ ᠰᠠᠨᠠᠭ᠎ᠠ ᠵᠢ ᠵᠠᠯᠠᠭᠤᠴᠤᠳ ᠪᠠᠭᠠᠴᠤᠳ᠎ᠲᠤ ᠬᠦᠷᠲᠡᠭᠡᠬᠦ ᠨᠢ ᠦᠪᠦᠷ ᠮᠤᠩᠭᠤᠯ ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ ᠬᠢᠭᠡᠳ ᠰᠢᠨ᠎ᠡ ᠵᠢ ᠡᠭᠦᠳᠬᠦ ᠦᠢᠯᠡᠴᠢᠯᠡᠭᠡᠨ᠎ᠤ ᠲᠦᠪ᠎ᠤᠨ ᠤᠯᠠᠨ ᠵᠢᠯ᠎ᠤᠨ ᠪᠠᠷᠢᠮᠳᠠᠯᠠᠯ ᠪᠦᠭᠡᠳ ᠤᠭ ᠰᠠᠨᠠᠭ᠎ᠠ ᠪᠤᠯᠤᠨ᠎ᠠ᠃ ᠲᠤᠰ ᠲᠦᠪ ᠨᠢ ᠯᠧᠢ ᠹᠧᠩ ᠎ᠤᠨ ᠵᠤᠷᠢᠭ ᠰᠠᠨᠠᠭ᠎ᠠ ᠵᠢ ᠰᠤᠷᠤᠯᠴᠠᠬᠤ ᠠᠵᠢᠯᠯᠠᠭ᠎ᠠ ᠵᠢ ᠦᠢᠯᠡᠳᠦᠯᠭᠡᠵᠢᠭᠦᠯᠬᠦ ᠪᠡᠷ ᠠᠴᠢᠶᠠᠯᠠᠪᠤᠷᠢ ᠪᠤᠯᠭᠠᠵᠤ᠂ ᠵᠠᠯᠠᠭᠤᠴᠤᠳ ᠪᠠᠭᠠᠴᠤᠳ᠎ᠤᠨ ᠦᠰᠦᠯᠲᠡ ᠪᠤᠢᠵᠢᠯᠲᠠ᠎ᠵᠢᠨ ᠬᠡᠷᠡᠭᠴᠡᠭᠡ ᠵᠢ ᠬᠠᠩᠭᠠᠬᠤ ᠪᠡᠷ ᠤᠳᠤᠷᠢᠳᠤᠮᠵᠢ ᠪᠤᠯᠭᠠᠵᠤ᠂ ᠬᠡᠦᠬᠡᠳ᠎ᠤᠨ ᠦᠰᠦᠯᠲᠡ ᠪᠤᠢᠵᠢᠯᠲᠠ ᠵᠢᠨ ᠵᠠᠮ ᠳ᠋ᠤ 《ᠭᠡᠷᠡᠯᠲᠦ ᠴᠠᠮᠬᠠᠭ》 ᠬᠠᠩᠭᠠᠵᠤ ᠪᠠᠢᠳᠠᠭ᠃

ᠤᠯᠠᠭᠠᠨᠬᠠᠳᠠ ᠬᠤᠲᠠ ᠵᠢᠨ ᠬᠠᠷᠠᠴᠢᠨ ᠬᠤᠰᠢᠭᠤᠨ᠎ᠤ ᠵᠢᠨ ᠱᠠᠨ ᠲᠠᠪᠤᠳᠤᠭᠠᠷ ᠳᠤᠮᠳᠠᠳᠤ ᠰᠤᠷᠭᠠᠭᠤᠯᠢ ᠵᠢᠨ ᠪᠢᠲ᠎ᠤᠨ ᠲᠤᠷᠰᠢᠯᠲᠠ ᠵᠢᠨ ᠬᠢᠴᠢᠶᠡᠯ ᠳᠡᠭᠡᠷ᠎ᠡ ᠰᠤᠷᠤᠭᠴᠢᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠠᠢᠨ ᠳᠤᠷᠡᠴᠤᠳ᠎ᠤᠨ ᠬᠦᠯᠢᠴᠡᠩᠭᠦᠢ ᠵᠢᠯᠤᠭᠤᠳᠤᠯᠭ᠎ᠠ ᠳᠤᠤᠷ᠎ᠠ 《ᠭᠡᠭᠡᠨᠴᠢᠷ ᠵᠤᠰᠠᠯᠠᠩ᠎ᠤᠨ ᠤᠷᠳᠤᠨ》᠂ 《ᠤᠨᠴᠠ ᠬᠤᠶᠠᠭᠲᠤ ᠲᠡᠷᠭᠡ》᠁ ᠵᠡᠷᠭᠡ ᠡᠯ᠎ᠡ ᠵᠦᠢᠯ᠎ᠤᠨ ᠬᠠᠴᠢᠨ ᠴᠢᠳᠠᠮᠵᠢ ᠪᠦᠬᠦᠢ᠂ ᠶᠠᠩᠵᠤ ᠪᠦᠷᠢ ᠵᠢᠨ ᠬᠡᠯᠪᠡᠷᠢ ᠲᠠᠢ ᠤᠶᠤᠨᠴᠢ ᠪᠦᠲᠦᠭᠡᠭᠳᠡᠭᠦᠨ ᠦᠢᠯᠡᠳᠦᠭᠡᠳ ᠶᠠᠭᠠᠷᠠᠨ᠎ᠠ᠃《ᠡᠢᠮᠦᠷᠬᠦ ᠰᠢᠨ᠎ᠡ ᠵᠢ ᠡᠭᠦᠳᠬᠦ ᠬᠢᠴᠢᠶᠡᠯ᠎ᠢ ᠪᠢ ᠪᠠᠰᠠ ᠠᠩᠬ᠎ᠠ ᠤᠳᠠᠭ᠎ᠠ ᠬᠠᠷᠠᠯ᠎ᠠ᠃ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠢᠴᠢᠶᠡᠯ ᠨᠢ ᠰᠤᠷᠤᠭᠴᠢᠳ᠎ᠤᠨ ᠬᠠᠷᠠᠭ᠎ᠠ ᠵᠢ ᠦᠷᠭᠡᠳᠬᠡᠵᠦ᠂ ᠰᠡᠳᠬᠢᠭᠦᠢ ᠵᠢ ᠪᠤᠯᠪᠠᠰᠤᠷᠠᠭᠤᠯᠵᠤ᠂ ᠬᠦᠳᠡᠭᠡ ᠲᠤᠰᠬᠤᠨ᠎ᠤ ᠰᠤᠷᠭᠠᠭᠤᠯᠢ ᠵᠢᠨ ᠰᠢᠨ᠎ᠡ ᠵᠢ ᠡᠭᠦᠳᠬᠦ ᠤᠬᠠᠮᠰᠠᠷ ᠎ᠢ᠋ ᠴᠢᠩᠭᠠᠳᠬᠠᠬᠤ ᠳ᠋ᠤ ᠢᠳᠡᠪᠬᠢᠲᠡᠢ ᠦᠢᠯᠡᠳᠦᠯ ᠲᠠᠢ ᠶᠤᠮ》 ᠭᠡᠵᠦ ᠲᠤᠰ ᠰᠤᠷᠭᠠᠭᠤᠯᠢ ᠵᠢᠨ ᠠᠩᠬ᠎ᠠ ᠳᠤᠮᠳᠠᠳᠤ ᠵᠢᠨ ᠨᠢᠭᠡᠳᠦᠭᠡᠷ ᠤᠨ᠎ᠤ ᠪᠠᠭᠰᠢ ᠯᠢᠦ ᠰᠢᠤᠸᠠᠢ ᠭᠤᠸᠠᠩ ᠶᠠᠷᠢᠨ᠎ᠠ᠃

ᠥᠢᠯᠠᠭᠠᠬᠰᠠᠨ᠎ᠢᠶᠡᠷ᠂ ᠪᠦᠬᠦ ᠤᠷᠤᠨ᠎ᠤ 300 ᠲᠦᠮᠡ ᠭᠠᠷᠤᠢ ᠵᠠᠯᠠᠭᠤᠴᠤᠳ ᠪᠠᠭᠠᠴᠤᠳ᠎ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠤᠷᠤᠯᠳᠤᠭᠠᠨ᠎ᠤ ᠲᠠᠪᠴᠠᠩ ᠪᠠᠢᠭᠤᠯᠤᠨ ᠦᠭᠴᠦ᠂ ᠬᠡᠦᠬᠡᠳ᠎ᠤᠨ ᠰᠢᠨ᠎ᠡ ᠵᠢ ᠡᠭᠦᠳᠬᠦ ᠬᠦᠰᠡᠯ ᠵᠤᠷᠢᠭ᠎ᠢ ᠬᠦᠪᠴᠢᠯᠡᠵᠠᠢ; ᠦᠨᠳᠦᠰᠦᠨ ᠱᠠᠲᠤᠨ᠎ᠤ ᠰᠤᠷᠭᠠᠭᠤᠯᠢ᠂ ᠨᠡᠢᠭᠡᠮ ᠲᠤᠭᠤᠷᠢᠭ ᠵᠡᠷᠭᠡ ᠵᠢ ᠲᠡᠳᠬᠦᠨ ᠵᠠᠯᠠᠭᠤᠴᠤᠳ ᠪᠠᠭᠠᠴᠤᠳ ᠎ᠤᠨ ᠰᠢᠨᠵᠢᠯᠡᠬᠦ ᠤᠬᠠᠭᠠᠨ ᠎ᠤ ᠠᠵᠢᠯᠯᠠᠬᠤ ᠦᠷᠦᠭᠡ ᠵᠢ 45 ᠪᠠᠢᠭᠤᠯᠤᠨ ᠦᠭᠴᠦ᠂ ᠡᠭᠦᠨ ᠳ᠋ᠦ ᠬᠠᠭᠠᠰ ᠤᠷᠴᠢᠮ ᠨᠢ ᠬᠢᠯᠢ ᠬᠢᠵᠠᠭᠠᠷ᠎ᠤᠨ ᠬᠤᠴᠤᠷᠤᠩᠭᠤᠢ ᠬᠤᠰᠢᠭᠤᠨ ᠰᠢᠶᠠᠨ ᠳ᠋ᠤ ᠪᠠᠢᠨ᠎ᠠ; 2018 ᠤᠨ ᠡᠴᠡ ᠨᠠᠭᠠᠰᠢ ᠦᠨᠳᠦᠰᠦᠨ ᠱᠠᠲᠤᠨ ᠳ᠋ᠤ ᠨᠡᠢᠲᠡ 320 ᠭᠠᠷᠤᠢ ᠲᠦᠮᠡᠨ ᠲᠦᠭᠦᠷᠢᠭ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ᠎ᠤᠨ ᠨᠤᠮ ᠳᠡᠪᠲᠡᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ᠎ᠤᠨ ᠡᠬᠢ ᠪᠠᠶᠠᠯᠢᠭ ᠵᠢᠡᠷ ᠳᠤᠰᠠᠯᠠᠪᠠ ᠁

ᠬᠦᠬᠡᠬᠤᠲᠠ ᠵᠢᠨ ᠰᠠᠨ ᠱᠦᠨ ᠳ᠋ᠢᠶᠠᠨ ᠨᠡᠢᠭᠡᠮ ᠲᠤᠭᠤᠷᠢᠭ᠎ᠤᠨ《ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ᠎ᠤ ᠠᠵᠢᠯᠯᠠᠬᠤ ᠦᠷᠦᠭᠡ》ᠳ᠋ᠤ ᠬᠡᠳᠦᠨ ᠬᠡᠦᠬᠡᠳ ᠶᠠᠭ ᠬᠢᠨᠠᠮᠠᠭᠠᠢ ᠰᠤᠳᠤᠯᠤᠯᠲᠠ ᠬᠢᠵᠦ ᠬᠠᠮᠲᠤ ᠪᠡᠷ ᠤᠶᠤᠨᠴᠢ ᠮᠠᠰᠢᠨ ᠬᠦᠮᠦᠨ ᠵᠤᠬᠢᠶᠠᠨ᠎ᠠ᠃ ᠲᠤᠰ ᠨᠡᠢᠭᠡᠮ ᠲᠤᠭᠤᠷᠢᠭ᠎ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ ᠵᠢᠡᠷ᠂ ᠵᠢᠯ ᠪᠦᠷᠢ ᠵᠢᠨ ᠡᠪᠦᠯ ᠵᠤᠨ᠎ᠤ ᠠᠮᠠᠷᠠᠯᠲᠠ ᠳ᠋ᠤ ᠠᠵᠢᠯᠯᠠᠬᠤ ᠦᠷᠦᠭᠡ ᠳ᠋ᠤ ᠪᠦᠷ ᠵᠠᠯᠠᠭᠤᠴᠤᠳ ᠪᠠᠭᠠᠴᠤᠳ᠎ᠤᠨ ᠰᠡᠳᠬᠢᠴᠡ ᠵᠢ ᠬᠠᠯᠠᠮᠵᠢᠯᠠᠬᠤ ᠠᠵᠢᠯᠯᠠᠭ᠎ᠠ ᠵᠡᠷᠭᠡ ᠵᠢ ᠲᠤᠭᠲᠠᠭᠰᠠᠨ ᠬᠤᠭᠤᠴᠠᠭ᠎ᠠ ᠲᠠᠢ ᠦᠷᠨᠢᠭᠦᠯᠵᠦ᠂ ᠰᠤᠷᠭᠠᠭᠤᠯᠢ ᠵᠢᠨ ᠬᠦᠷᠢᠶ᠎ᠡ ᠪᠠ ᠰᠤᠷᠭᠠᠭᠤᠯᠢ ᠵᠢᠨ ᠭᠠᠳᠠᠨᠠᠬᠢ ᠵᠢᠨ ᠬᠢᠨ ᠬᠠᠮᠵᠢᠯᠴᠠᠨ ᠬᠦᠮᠦᠵᠢᠭᠦᠯᠬᠦ ᠰᠠᠢᠨ ᠰᠠᠢᠬᠠᠨ ᠤᠷᠴᠢᠨ᠎ᠢ ᠪᠤᠢ ᠪᠤᠯᠭᠠᠪᠠ᠃

ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠦᠮᠦᠵᠢᠯ ᠬᠢᠭᠡᠳ ᠰᠢᠨ᠎ᠡ ᠵᠢ ᠡᠭᠦᠳᠬᠦ ᠦᠢᠯᠡᠴᠢᠯᠡᠭᠡᠨ᠎ᠤ ᠲᠦᠪ ᠤᠷᠢᠳ ᠬᠤᠵᠢᠳ ᠬᠦᠬᠡᠬᠤᠲᠠ ᠵᠢᠴᠢ ᠡᠷᠭᠢᠨ ᠲᠤᠭᠤᠷᠢᠨ᠎ᠤ ᠬᠤᠰᠢᠭᠤᠨ ᠰᠢᠶᠠᠨ ᠎ᠤ 11 ᠳᠤᠮᠳᠠᠳᠤ ᠪᠠᠭ᠎ᠠ ᠰᠤᠷᠭᠠᠭᠤᠯᠢ ᠳ᠋ᠤ ᠭᠦᠨᠵᠡᠭᠡᠢᠷᠡᠵᠦ᠂ ᠰᠦᠯᠵᠢᠶᠡᠨ᠎ᠤ ᠲᠠᠪᠴᠠᠩ᠎ᠢ ᠠᠰᠢᠭᠯᠠᠨ ᠪᠦᠬᠦ ᠤᠷᠤᠨ᠎ᠤ ᠦᠷᠭᠡᠨ ᠤᠯᠠᠨ ᠵᠠᠯᠠᠭᠤᠴᠤᠳ ᠪᠠᠭᠠᠴᠤᠳ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠠᠪᠰᠤᠷᠤᠨ ᠵᠢᠯᠤᠭᠤᠳᠤᠭᠴᠢᠳ᠎ᠲᠤ ᠡᠯ᠎ᠡ ᠲᠦᠷᠦᠯ᠎ᠤᠨ ᠰᠢᠯᠢᠳᠡᠭ ᠰᠦᠯᠵᠢᠶᠡᠨ ᠎ᠤ ᠵᠢᠭᠠᠨ ᠰᠤᠷᠭᠠᠯᠳᠠ ᠵᠢᠨ ᠡᠬᠢ ᠪᠠᠶᠠᠯᠢᠭ ᠬᠠᠩᠭᠠᠵᠤ᠂ 2020 ᠤᠨ᠎ᠳᠤ ᠨᠡᠢᠲᠡ 426 ᠴᠠᠭ᠎ᠤᠨ ᠰᠦᠯᠵᠢᠶᠡᠨ᠎ᠤ ᠬᠢᠴᠢᠶᠡᠯ ᠨᠡᠭᠡᠭᠡᠭᠰᠡᠨ ᠪᠠᠢᠨ᠎ᠠ᠃ 2019 ᠤᠨ ᠳ᠋ᠤ《ᠪᠦᠬᠦ ᠤᠯᠤᠰ᠎ᠤᠨ ᠯᠧᠢ ᠹᠧᠩ ᠡᠴᠡ ᠰᠤᠷᠤᠯᠴᠠᠬᠤ ᠠᠵᠢᠯᠯᠠᠭ᠎ᠠ ᠵᠢᠨ ᠵᠢᠱ᠌ᠢᠶ᠎ᠡ ᠦᠵᠡᠭᠦᠯᠬᠦ ᠴᠡᠭ》ᠵᠢᠡᠷ ᠦᠨᠡᠯᠡᠭᠳᠡᠭᠰᠡᠨ᠎ᠤ ᠳᠠᠷᠠᠭ᠎ᠠ ᠲᠤᠰ ᠲᠦᠪ ᠨᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠯᠧᠢ ᠹᠧᠩ ᠡᠴᠡ ᠰᠤᠷᠤᠯᠴᠠᠬᠤ ᠠᠵᠢᠯᠯᠠᠭ᠎ᠠ ᠵᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠠᠵᠢᠯ ᠯᠤᠭ᠎ᠠ ᠨᠡᠩ ᠨᠢᠭᠲᠠ ᠠᠭᠤᠰᠤᠯᠴᠠᠭᠤᠯᠵᠤ᠂ ᠺᠠᠳ᠋ᠷ ᠠᠵᠢᠯᠲᠠᠳ᠎ᠢ ᠬᠦᠴᠦᠨ ᠵᠢᠡᠨ ᠬᠠᠮᠲᠤᠳᠬᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠨᠡᠢᠭᠡᠮ ᠨᠡᠢᠲᠡ ᠳ᠋ᠤ ᠦᠢᠯᠡᠴᠢᠯᠡᠬᠦ ᠵᠢ ᠵᠤᠷᠢᠭᠵᠢᠭᠤᠯᠤᠭᠰᠠᠭᠠᠷ ᠢᠷᠡᠪᠡ᠃

ᠠᠵᠤ ᠠᠬᠤᠢᠯᠠᠯ ᠳ᠋ᠤ ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠠᠢᠨ ᠳᠤᠷ᠎ᠠ ᠵᠢᠨ ᠦᠢᠯᠡᠴᠢᠯᠡᠭᠡ ᠦᠷᠨᠢᠭᠦᠯᠵᠦ ᠪᠠᠢᠭᠰᠠᠨ ᠡᠴᠡ ᠬᠦᠳᠡᠭᠡ ᠲᠤᠰᠬᠤᠨ᠎ᠤ ᠲᠤᠰᠬᠠᠢ ᠮᠡᠷᠭᠡᠵᠢᠯ᠎ᠤᠨ ᠵᠤᠬᠢᠶᠠᠨ ᠪᠠᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠠᠭ᠎ᠠ ᠬᠦᠷᠢᠶᠡᠯᠡᠩ ᠳ᠋ᠤ ᠲᠦᠰᠢᠭᠯᠡᠨ ᠬᠦᠳᠡᠭᠡ ᠲᠤᠰᠬᠤᠨ ᠮᠠᠯᠵᠢᠬᠤ ᠤᠷᠤᠨ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠵᠦ᠂ ᠳᠠᠬᠢᠨ ᠺᠠᠳ᠋ᠷ ᠠᠵᠢᠯᠲᠠᠳ᠎ᠢ ᠵᠤᠬᠢᠶᠠᠨ ᠪᠠᠢᠭᠤᠯᠤᠨ ᠦᠨ᠎ᠡ ᠲᠦᠯᠦᠪᠦᠷᠢ ᠦᠭᠡᠢ ᠪᠡᠷ ᠴᠢᠰᠤ ᠬᠠᠨᠳᠢᠪᠯᠠᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠂ ᠪᠦᠬᠦ ᠤᠯᠤᠰ᠎ᠤᠨ ᠪᠤᠯᠪᠠᠰᠤᠨ ᠬᠤᠲᠠ ᠵᠢ ᠡᠭᠦᠳᠦᠨ ᠪᠠᠢᠭᠤᠯᠬᠤ ᠵᠡᠷᠭᠡ ᠰᠠᠢᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠬᠦ ᠬᠦᠷᠲᠡᠯ᠎ᠡ ᠲᠤᠰ ᠲᠦᠪ᠎ᠤᠨ ᠺᠠᠳ᠋ᠷ ᠠᠵᠢᠯᠲᠠᠳ ᠦᠨᠳᠦᠰᠦᠨ ᠱᠠᠲᠤᠨ ᠳ᠋ᠤ ᠭᠦᠨᠵᠡᠭᠡᠢᠷᠡᠵᠦ᠂ ᠰᠤᠷᠭᠠᠭᠤᠯᠢ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠳ᠋ᠤ ᠤᠯᠠᠨ ᠬᠡᠯᠪᠡᠷᠢ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠠᠢᠨ ᠳᠤᠷ᠎ᠠ ᠵᠢᠨ ᠦᠢᠯᠡᠴᠢᠯᠡᠭᠡ ᠦᠷᠨᠢᠭᠦᠯᠵᠦ᠂ ᠰᠢᠷᠭᠠᠭᠤ ᠠᠵᠢᠯᠯᠠᠵᠤ ᠦᠢᠯᠡᠰ ᠪᠤᠰᠬᠠᠬᠤ ᠵᠤᠷᠢᠭ ᠰᠠᠨᠠᠭ᠎ᠠ ᠪᠤᠯᠤᠨ ᠯᠧᠢ ᠹᠧᠩ᠎ᠤᠨ ᠵᠤᠷᠢᠭ ᠰᠠᠨᠠᠭ᠎ᠠ ᠪᠡᠷ ᠴᠢᠳᠠᠪᠤᠷᠢ ᠪᠠᠨ ᠳᠡᠭᠡᠭᠰᠢᠯᠡᠭᠦᠯᠬᠦ᠂ ᠠᠵᠢᠯ ᠦᠢᠯᠡᠰ᠎ᠤᠨ ᠬᠦᠭᠵᠢᠯᠲᠡ ᠪᠠᠨ ᠠᠬᠢᠭᠤᠯᠬᠤ ᠬᠦᠳᠡᠯᠭᠡᠬᠦ ᠬᠦᠴᠦᠨ ᠪᠤᠯᠭᠠᠬᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面