ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-04-22 11:52:05

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

《ᠲᠠ᠎ᠨᠠᠷ ᠯᠸᠢ ᠹᠸᠩ᠎ᠢ ᠲᠠᠨᠢᠨ᠎ᠠ ᠦᠦ? ᠲᠡᠭᠦᠨ᠎ᠦ ᠦᠢᠯᠡ ᠶᠠᠪᠤᠳᠠᠯ᠎ᠢ ᠮᠡᠳᠡᠨ᠎ᠡ ᠦᠦ? ᠪᠠᠭ᠍ᠰᠢ ᠨᠢ ᠲᠠ ᠨᠠᠷ ᠲᠸ᠋ ᠶᠠᠷᠢᠵᠤ ᠥᠭ᠌ᠭᠥᠶ᠎ᠡ ᠁》

ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠤᠨ ᠬᠣᠶᠠᠳᠤᠭᠠᠷ ᠪᠠᠭ᠎ᠠ ᠰᠤᠷᠭᠠᠭᠤᠯᠢ ᠎ᠶ᠋ᠢᠨ ᠬᠦᠷᠢᠶᠡᠨ᠎ᠤ 《ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠥᠯᠢᠭᠡᠷ》ᠬᠡᠬᠦ ᠦᠵᠡᠭᠦᠯᠭᠡ᠎ᠶ᠋ᠢᠨ ᠰᠠᠮᠪᠠᠷ᠎ᠠ᠎ᠶ᠋ᠢᠨ ᠡᠮᠦᠨ᠎ᠡ᠂ ᠰᠤᠷᠤᠭ᠍ᠴᠢᠳ ᠪᠠᠭ᠍ᠰᠢ᠎ᠶ᠋ᠢᠨ ᠵᠢᠡᠨ ᠳᠠᠭᠠᠭᠤᠯᠭ᠎ᠠ ᠳᠤᠤᠷ᠎ᠠ ᠯᠸᠢ ᠹᠸᠩ᠎ᠤᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠨᠠᠷᠢᠨ ᠬᠢᠨᠠᠮᠠᠭᠠᠶ ᠰᠣᠨᠣᠰᠤᠨ᠎ᠠ᠃《ᠪᠢ ᠯᠧᠢ ᠹᠧᠩ ᠠᠪᠠᠭ᠎ᠠ᠎ᠶ᠋ᠢᠨ ᠪᠤᠰᠤᠳ᠎ᠢ ᠬᠠᠪᠰᠤᠷᠬᠤ ᠪᠡᠷ ᠵᠢᠷᠭᠠᠯ ᠪᠤᠯᠭᠠᠳᠠᠭ ᠵᠣᠷᠢᠭ ᠰᠠᠨᠠᠭ᠎ᠠ ᠡᠴᠡ ᠲᠠᠭᠠᠨ ᠰᠤᠷᠤᠯᠴᠠᠵᠤ᠂ ᠬᠦᠴᠢᠷᠳᠡᠯ ᠎ᠲᠡᠶ ᠬᠠᠮᠲᠤ ᠰᠤᠷᠤᠬᠴᠢ ᠪᠡᠨ ᠬᠠᠪᠰᠤᠷᠤᠨ᠎ᠠ》 ᠂ 《ᠪᠢ ᠯᠧᠢ ᠹᠧᠩ ᠠᠪᠠᠭ᠎ᠠ ᠱᠢᠭ᠋ ᠡᠬᠡ ᠤᠯᠤᠰ᠎ᠢᠶᠠᠨ ᠬᠠᠢᠷᠠᠯᠠᠵᠤ᠂ ᠬᠠᠮᠲᠤ ᠨᠡᠢᠲᠡ᠎ᠪᠡᠨ ᠬᠠᠯᠠᠮᠵᠢᠯᠠᠵᠤ᠂ ᠪᠤᠰᠤᠳ᠎ᠢ ᠬᠠᠪᠰᠤᠷᠤᠨ᠎ᠠ》 ᠭᠡᠵᠦ᠍ ᠰᠤᠷᠤᠭ᠍ᠴᠢᠳ ᠥᠪᠡᠷ ᠦᠪᠡᠷ᠎ᠦᠨ ᠲᠥᠷᠥᠭ᠌ᠳᠡᠯ᠎ᠢᠶᠡᠨ ᠬᠤᠪᠢᠶᠠᠯᠴᠠᠵᠤ᠂ ᠯᠸᠢ ᠹᠸᠩ ᠠᠪᠠᠭ᠎ᠠ᠎ᠡᠴᠡ ᠲᠠᠭᠠᠨ ᠰᠤᠷᠤᠯᠴᠠᠬᠤ ᠵᠤᠷᠢᠬ ᠵᠢᠡᠨ ᠢᠯᠡᠳᠭᠡᠵᠡᠭᠡᠨ᠎ᠡ᠃

ᠤᠢ᠍ᠢᠷ᠎ᠠ᠎ᠶ᠋ᠢᠨ ᠵᠢᠯ᠎ᠡᠴᠡ᠂ ᠬᠠᠢ᠌ᠷᠤᠪ᠎ᠤᠨ ᠲᠤᠬᠤᠢ ᠲᠣᠭᠣᠷᠢᠭ᠎ᠤᠨ ᠬᠣᠶᠠᠳᠤᠭᠠᠷ ᠪᠠᠭ᠎ᠠ ᠰᠤᠷᠭᠠᠭᠤᠯᠢ ᠯᠸᠢ ᠹᠸᠩ ᠎ᠤᠨ ᠵᠣᠷᠢᠭ ᠰᠠᠨᠠᠭ᠎ᠠ ᠪᠣᠯᠤᠨ ᠴᠠᠭ ᠦᠶ᠎ᠡ᠎ᠲᠡᠶ ᠵᠣᠬᠢᠴᠠᠭ᠍ᠰᠠᠨ ᠶᠣᠰᠣ ᠰᠤᠷᠲᠠᠬᠤᠨ᠎ᠤ ᠬᠥᠮᠦᠵᠢᠯ ᠎ᠦᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠯᠸᠢ ᠹᠸᠩ ᠰᠤᠷᠭᠠᠭᠤᠯᠢ᠎ᠶ᠋ᠢ ᠡᠬᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ ᠎ᠶ᠋ᠢᠨ ᠵᠢᠭᠠᠨ ᠰᠤᠷᠭᠠᠯᠲᠠ ᠪᠠ ᠬᠥᠮᠦᠨ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠯᠸᠢ ᠹᠸᠩ᠎ᠤᠨ ᠵᠣᠷᠢᠭ ᠰᠠᠨᠠᠭ᠎ᠠ ᠎ᠶ᠋ᠢ ᠬᠤᠭᠤᠰᠤᠨ ᠤᠷᠢᠶ᠎ᠠ᠎ᠠᠴᠠ ᠪᠣᠳᠠᠲᠠᠢ ᠠᠵᠢᠯᠯᠠᠭ᠎ᠠ᠎ᠳᠤ ᠨᠠᠢᠳᠠᠪᠤᠷᠢᠵᠢᠭᠤᠯᠪᠠ᠃

ᠰᠤᠷᠭᠠᠭᠤᠯᠢ᠎ᠶ᠋ᠢᠨ ᠬᠦᠷᠢᠶ᠎ᠡ ᠪᠡᠷ ᠰᠤᠯᠠ ᠠᠯᠬᠤᠯᠠᠬᠤ ᠳ᠋ᠦ᠂ ᠯᠸᠢ ᠹᠸᠩ ᠨᠡᠷᠡᠳᠦ ᠬᠢᠴᠢᠶᠡᠯ᠎ᠤᠨ ᠲᠠᠩᠬᠢᠮ᠂ ᠱᠤᠭᠤᠮᠠᠯ ᠬᠥᠷᠥᠭ᠂ ᠰᠣᠶᠣᠯ᠎ᠤᠨ ᠬᠣᠩᠭᠢᠯ᠂ ᠬᠠᠢᠷ᠎ᠠ ᠬᠠᠯᠠᠮᠵᠢᠳᠤ ᠨᠣᠮ᠎ᠤᠨ ᠥᠷᠲᠡᠭᠡ᠂ ᠠᠯᠪᠠᠨ ᠵᠢᠷᠤᠮ᠎ᠤᠨ ᠠᠵᠢᠯ᠎ᠤᠨ ᠥᠷᠲᠡᠭᠡ᠂ ᠭᠡᠭᠡᠭ᠌ᠰᠡᠨ ᠶᠠᠭᠤᠮ᠎ᠠ᠎ᠪᠠᠨ ᠲᠠᠨᠢᠵᠤ ᠠᠪᠬᠤ ᠭᠠᠵᠠᠷ ᠵᠡᠷᠭᠡ ᠭᠠᠵᠠᠷ ᠰᠠᠢ ᠦᠭᠡᠢ ᠬᠠᠷᠠᠭ᠍ᠳᠠᠵᠤ᠂ ᠰᠤᠷᠤᠭ᠍ᠴᠢᠳ᠎ᠤᠨ ᠣᠶᠤᠨ ᠰᠠᠨᠠᠭ᠎ᠠ᠎ᠶ᠋ᠢ ᠨᠥᠯᠥᠭᠡᠯᠡᠨ ᠵᠣᠷᠢᠭ᠍ᠵᠢᠭᠤᠯᠤᠨ᠎ᠠ᠃

ᠯᠧᠶ ᠹᠧᠩ ᠨᠡᠷᠡᠳᠦ ᠬᠢᠴᠢᠶᠡᠯ᠎ᠤᠨ ᠲᠠᠩᠬᠢᠮ ᠳ᠋ᠦ ᠤᠷᠤᠪᠠᠯ᠂ ᠪᠢᠴᠢᠬᠠᠨ ᠲᠠᠢᠯᠪᠤᠷᠢᠯᠠᠭ᠍ᠴᠢ ᠯᠧᠶ ᠹᠧᠩ ᠨᠥᠬᠥᠷ᠎ᠦᠨ ᠶᠡᠷᠦ᠍ ᠪᠤᠰᠤ᠎ᠶ᠋ᠢᠨ ᠨᠢᠭᠡ ᠨᠠᠰᠤ᠎ᠶ᠋ᠢ ᠬᠦᠨ ᠰᠡᠳᠬᠢᠯᠭᠡ ᠲᠠᠢ ᠤᠬᠠᠭᠤᠯᠤᠨ ᠶᠠᠷᠢᠨ᠎ᠠ᠃ ᠰᠤᠷᠤᠭ᠍ᠴᠢᠳ ᠬᠤᠪᠢᠰᠭᠠᠯᠳᠤ ᠬᠦᠮᠦᠵᠢᠯ᠎ᠤᠨ ᠭᠠᠷ ᠳᠡᠪᠲᠡᠷ ᠳᠡᠭᠡᠷ᠎ᠡ ᠪᠠᠨ ᠲᠤᠰ ᠤᠳᠠᠭᠠᠨ᠎ᠤ《ᠯᠧᠢ ᠹᠧᠩ᠎ᠡᠴᠡ ᠰᠤᠷᠤᠯᠴᠠᠬᠤ ᠠᠶᠠᠯᠠᠯ》ᠤ᠋ᠨ ᠲᠥᠷᠥᠭ᠌ᠳᠡᠯ᠎ᠢᠶᠡᠨ ᠪᠢᠴᠢᠵᠦ᠍᠂ ᠮᠥᠷᠦᠯᠡᠨ ᠵᠣᠭ᠍ᠰᠣᠵᠤ ᠪᠠᠭ᠍ᠰᠢ᠎ᠪᠠᠷ ᠲᠠᠮᠠᠭ᠎ᠠ ᠳᠠᠷᠤᠭᠤᠯᠤᠨ᠎ᠠ᠃《ᠯᠸᠢ ᠹᠸᠩ᠎ᠬᠢᠴᠢᠶᠡᠯ ᠎ᠤᠨ ᠲᠠᠩᠬᠢᠮ᠎ᠤᠨ ᠪᠢᠴᠢᠬᠠᠨ ᠲᠠᠢᠯᠪᠤᠷᠢᠯᠠᠭ᠍ᠴᠢ ᠪᠣᠯᠤᠭ᠍ᠰᠠᠨ᠎ᠳᠠᠭᠠᠨ ᠪᠢ ᠮᠠᠰᠢ ᠥᠩᠭᠡ ᠭᠡᠷᠡᠯ᠎ᠲᠡᠶ ᠰᠠᠨᠠᠭ᠍ᠳᠠᠵᠤ ᠪᠠᠢᠨ᠎ᠠ᠂ ᠪᠢ ᠲᠠᠢᠯᠤᠮᠵᠢ ᠬᠢᠬᠦ᠌᠎ᠪᠡᠷ ᠳᠠᠮᠵᠢᠨ ᠯᠸᠢ ᠹᠸᠩ᠎ᠤᠨ ᠦᠯᠢᠭᠡᠷ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠣᠯᠠᠨ ᠲᠠᠶᠠᠭᠠᠷ ᠲᠸ᠋ ᠤᠯᠠᠮᠵᠢᠯᠠᠨ᠎ᠠ》 ᠬᠡᠵᠦ ᠪᠢᠴᠢᠬᠠᠨ ᠲᠠᠢᠯᠪᠤᠷᠢᠯᠠᠭ᠍ᠴᠢ ᠭᠤᠸᠠᠨ ᠴᠢ ᠱᠢᠤᠸᠠᠨ ᠬᠡᠯᠡᠨ᠎ᠠ᠃

《ᠬᠡᠷᠪᠡ ᠲᠠ ᠨᠢᠭᠡ ᠪᠠᠬᠴᠠ ᠴᠦᠶ᠋ᠳᠡᠩ ᠪᠤᠯᠤᠬᠰᠠᠨ ᠪᠣᠯ᠂ ᠲᠠ ᠴᠦᠶ᠋ᠳᠡᠩ ᠬᠤᠳᠠᠯᠳᠤᠳᠠᠭ ᠪᠢᠴᠢᠬᠠᠨ ᠬᠡᠦᠬᠡᠨ᠎ᠳᠦ ᠬᠠᠯᠠᠭᠤᠨ ᠳᠤᠯᠠᠭᠠᠨ ᠬᠦᠷᠭᠡᠵᠦ᠍ ᠥᠭ᠌ᠭᠦᠨ᠎ᠡ ᠦᠦ? ᠬᠡᠷᠪᠡ ᠲᠠ ᠨᠢᠭᠡ ᠨᠣᠮ ᠪᠠᠢᠭ᠍ᠰᠠᠨ ᠪᠣᠯ᠂ ᠬᠥᠮᠦᠰ᠎ᠢ ᠳᠠᠭᠠᠭᠤᠯᠵᠤ ᠮᠡᠳᠡᠯᠭᠡ ᠎ᠶ᠋ᠢᠨ ᠳᠠᠯᠠᠢ ᠪᠡᠷ ᠱᠤᠩᠪᠠᠭᠤᠯᠤᠨ᠎ᠠ ᠦᠦ ?᠁》《ᠯᠧᠢ ᠹᠧᠩ ᠎ᠦᠨ ᠵᠣᠷᠢᠭ ᠰᠠᠨᠠᠭ᠎ᠠ ᠵᠢ ᠬᠠᠳᠠᠩᠰᠢᠭᠤᠯᠤᠶ᠎ᠠ》ᠭᠡᠬᠦ᠌ ᠬᠢᠴᠢᠶᠡᠯ ᠳᠡᠭᠡᠷ᠎ᠡ᠂ ᠳᠥᠷᠪᠡᠳᠦᠭᠡᠷ ᠠᠩᠭᠢ᠎ᠶ᠋ᠢᠨ ᠰᠤᠷᠤᠭ᠍ᠴᠢ ᠸᠠᠩ ᠬᠣᠩ ᠪᠥᠸᠧ ᠥᠪᠡᠷ᠎ᠦᠨ ᠵᠣᠬᠢᠶᠠᠭ᠍ᠰᠠᠨ ᠱᠢᠯᠦᠭ᠎ᠢᠶᠡᠨ ᠤᠷᠮ᠎ᠠ ᠰᠡᠳᠭᠢᠯᠭᠡ ᠎ᠲᠡᠶ ᠤᠩᠱᠢᠵᠤ ᠪᠠᠢᠯ᠎ᠠ᠃

ᠵᠢᠭᠠᠨ ᠰᠤᠷᠭᠠᠯᠲᠠ᠎ᠶ᠋ᠢᠨ ᠦᠶ᠋ᠯᠡᠳᠦᠯᠭᠡ ᠳᠤᠮᠳᠠ᠂ ᠲᠣᠰ ᠰᠤᠷᠭᠠᠭᠤᠯᠢ᠎ᠨᠢ《ᠯᠧᠢ ᠹᠧᠩ ᠎ᠦᠨ ᠵᠣᠷᠢᠭ ᠰᠠᠨᠠᠭ᠎ᠠ ᠵᠢ ᠬᠠᠳᠠᠩᠰᠢᠭᠤᠯᠤᠶ᠎ᠠ》ᠬᠡᠬᠦ ᠬᠢᠴᠢᠶᠡᠯ ᠎ᠢ ᠨᠡᠭᠡᠭᠡᠵᠦ᠂《ᠰᠣᠨᠣᠰᠭᠤ᠂ ᠶᠠᠷᠢᠬᠤ ᠂ ᠰᠤᠷᠤᠯᠴᠠᠬᠤ᠂ ᠬᠢᠬᠦ᠌᠂ ᠦᠨᠡᠯᠡᠬᠦ᠌》᠂ 《ᠲᠠᠪᠤᠨ ᠴᠠᠭᠠᠷᠢᠬᠲᠦ》 ᠬᠥᠮᠦᠨ ᠬᠥᠮᠦᠵᠢᠭᠦᠯᠬᠦ᠌ ᠵᠠᠭ᠍ᠪᠤᠷ᠎ᠢ ᠡᠭᠦᠳᠴᠦ᠍᠂《ᠣᠷᠴᠢᠨ ᠲᠣᠭᠣᠷᠢᠨ ᠵᠢᠡᠷ ᠶᠣᠰᠣ ᠮᠣᠷᠠᠯ᠎ᠢ ᠤᠮᠳᠠᠯᠠᠬᠤ》 《ᠵᠣᠷᠢᠭ ᠰᠠᠨᠠᠭ᠎ᠠ᠎ᠪᠠᠷ ᠶᠣᠰᠣ ᠮᠣᠷᠠᠯ᠎ᠢ ᠱᠤᠭᠤᠬᠤ》᠂《ᠶᠣᠰᠣᠯᠠᠯ ᠵᠢᠡᠷ ᠠᠵᠢᠯᠯᠠᠭ᠎ᠠ ᠵᠢ ᠲᠦᠷᠢᠮᠵᠢᠭᠦᠯᠬᠦ》 ᠂ 《ᠦᠪᠡᠷ᠎ᠤᠨ ᠪᠡᠶ᠎ᠡ ᠎ᠪᠡᠷ ᠎ᠢᠶᠡᠨ ᠦᠶ᠋ᠯᠡᠳᠦᠯᠭᠡᠵᠢᠭᠦᠯᠬᠦ᠌》 ᠳᠥᠷᠪᠡᠨ ᠶᠡᠬᠡ ᠬᠢᠴᠢᠶᠡᠯ ᠎ᠢ ᠨᠡᠭᠡᠭᠡᠵᠦ᠍᠂ ᠯᠧᠢ ᠹᠧᠩ ᠎ᠦᠨ ᠵᠣᠷᠢᠭ ᠰᠠᠨᠠᠭ᠎ᠠ ᠪᠡᠷ ᠬᠡᠦᠭᠡᠳ᠎ᠤᠨ ᠰᠡᠳᠬᠢᠯ᠎ᠢ ᠤᠮᠳᠠᠯᠠᠨ᠎ᠠ᠃

ᠯᠧᠢ ᠹᠧᠩ᠎ᠦᠨ ᠵᠣᠷᠢᠭ ᠰᠠᠨᠠᠭ᠎ᠠ ᠡᠴᠡ ᠲᠠᠭᠠᠨ ᠰᠤᠷᠤᠯᠴᠠᠬᠤ᠎ᠶ᠋ᠢ ᠵᠣᠷᠢᠭ᠍ᠵᠢᠭᠤᠯᠬᠤ ᠎ᠶ᠋ᠢᠨ ᠲᠥᠯᠥᠭᠡ᠂ ᠰᠤᠷᠭᠠᠭᠤᠯᠢ ᠵᠢᠨ ᠬᠢᠨ ᠪᠠᠰᠠ 《ᠲᠠᠪᠤᠨ ᠥᠩᠭᠡ᠎ᠶ᠋ᠢᠨ ᠯᠧᠢ ᠹᠧᠩ᠎ᠦᠨ ᠲᠡᠮᠳᠡᠭ᠎ᠢ ᠴᠤᠭ᠍ᠯᠠᠭᠤᠯᠵᠤ᠂ ᠯᠧᠢ ᠹᠧᠩ ᠮᠠᠶᠢᠭ᠎ᠤᠨ ᠰᠠᠢᠨ ᠭᠡᠱᠢᠭᠦᠨ ᠪᠣᠯᠬᠤ᠎ᠪᠠᠷ ᠴᠢᠷᠮᠠᠢᠬᠤ》 ᠱᠢᠷᠢᠰ ᠰᠤᠷᠭᠠᠨ ᠬᠥᠮᠦᠵᠢᠯ᠎ᠦᠨ ᠠᠵᠢᠯᠯᠠᠭ᠎ᠠ᠎ᠶ᠋ᠢ ᠲᠥᠰᠦᠪᠯᠡᠪᠡ᠃ ᠲᠠᠷᠤᠢ ᠰᠤᠷᠤᠭᠴᠢᠳ᠎ᠤᠨ ᠪᠦᠯᠬᠦᠮᠳᠡᠨ ᠨᠢᠭᠳᠠᠷᠠᠵᠤ ᠰᠠᠬᠢᠯᠭ᠎ᠠ ᠪᠠᠲᠤ᠎ᠶ᠋ᠢ ᠰᠠᠬᠢᠬᠤ᠂ ᠪᠣᠯᠪᠠᠰᠤᠨ ᠶᠣᠰᠣ ᠮᠣᠷᠠᠯ᠎ᠲᠠᠶ ᠪᠠᠢᠬᠤ᠂ ᠬᠠᠯᠠᠭᠤᠨ ᠰᠡᠳᠭᠢᠯ᠎ᠢᠶᠡᠷ ᠦᠢᠯᠡᠴᠢᠯᠡᠬᠦ᠌᠂ ᠬᠡᠵᠢᠶᠡᠳᠡ ᠨᠤᠭᠤᠷᠠᠰᠢ ᠦᠭᠡᠢ ᠪᠠᠢᠬᠤ᠂ ᠦᠨᠡᠨᠴᠢ ᠱᠢᠳᠤᠷᠭᠤ ᠠᠰᠪᠤᠷᠢ ᠴᠠᠭᠠᠪᠤᠷ ᠪᠠᠢᠬᠤ ᠵᠡᠷᠭᠡ ᠲᠠᠪᠤᠨ ᠵᠦᠢᠯ᠎ᠦᠨ ᠯᠧᠢ ᠹᠧᠩ᠎ᠤᠨ ᠲᠡᠮᠳᠡᠭ᠎ᠢ ᠲᠡᠮᠡᠴᠡᠨ ᠤᠯᠬᠤ ᠵᠢ ᠵᠣᠷᠢᠭ᠍ᠵᠢᠭᠤᠯᠬᠤ᠎ᠪᠠᠷ ᠳᠠᠮᠵᠢᠭᠤᠯᠤᠨ᠂ ᠪᠦᠬᠦ᠌ ᠰᠤᠷᠭᠠᠭᠤᠯᠢ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ ᠪᠦᠬᠦᠨ 《ᠪᠢᠴᠢᠬᠠᠨ ᠯᠧᠢ ᠹᠧᠩ》 ᠰᠠᠢᠨ ᠳᠤᠷ᠎ᠠ᠎ᠶ᠋ᠢᠨ ᠠᠵᠢᠯᠯᠠᠭ᠍ᠴᠢ ᠪᠣᠯᠬᠤ ᠪᠠᠷ ᠴᠢᠷᠮᠠᠢᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ ᠡᠭᠦᠨ ᠎ᠦ ᠬᠠᠮᠲᠤ᠂ ᠰᠤᠷᠭᠠᠭᠤᠯᠢ ᠡᠴᠡ ᠪᠠᠰᠠ ᠦᠢᠯᠡᠴᠢᠯᠡᠭᠡᠨ᠎ᠤ ᠠᠩᠭᠢ᠂ ᠬᠠᠢᠷ᠎ᠠ ᠬᠠᠯᠠᠮᠵᠢ ᠬᠦᠷᠭᠡᠬᠦ᠌ ᠵᠡᠷᠭᠡ ᠯᠧᠢ ᠹᠧᠩ ᠡᠴᠡ ᠰᠤᠷᠤᠯᠴᠠᠬᠤ ᠠᠩᠭᠢ ᠵᠢ ᠵᠤᠬᠢᠶᠠᠨ ᠪᠠᠢᠭᠤᠯᠵᠤ᠂ ᠬᠢᠴᠢᠶᠡᠯ ᠎ᠦᠨ ᠭᠠᠳᠠᠨᠠᠬᠢ ᠴᠠᠭ᠎ᠢᠶᠠᠨ ᠠᠱᠢᠭ᠍ᠯᠠᠨ᠂ ᠪᠠᠭᠠᠴᠤᠳ ᠎ᠤᠨ ᠬᠤᠰᠢᠭᠤᠴᠢ ᠠᠩᠭᠢ᠎ᠶ᠋ᠢᠨ ᠭᠡᠱᠢᠭᠦᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠰᠠᠢᠨ ᠳᠤᠷ᠎ᠠ ᠎ᠶ᠋ᠢᠨ ᠠᠵᠢᠯ ᠬᠢᠵᠦ᠍᠂ ᠬᠤᠪᠢ ᠨᠡᠮᠡᠷᠢ ᠦᠵᠡᠭᠦᠯᠬᠦ ᠵᠢ ᠵᠤᠷᠢᠬᠵᠢᠭᠤᠯᠪᠠ᠃

《ᠰᠤᠷᠭᠠᠭᠤᠯᠢ ᠡᠴᠡ ᠯᠸᠢ ᠹᠸᠩ ᠎ᠤᠨ ᠵᠣᠷᠢᠭ ᠰᠠᠨᠠᠭ᠎ᠠ᠎ᠶ᠋ᠢ ᠰᠤᠷᠭᠠᠭᠤᠯᠢ ᠡᠷᠭᠢᠯᠡᠨ ᠬᠥᠮᠦᠨ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠭᠠᠵᠤ᠂ ᠰᠤᠷᠭᠠᠭᠤᠯᠢ᠎ᠶ᠋ᠢᠨ ᠶᠣᠰᠣ ᠮᠣᠷᠠᠯ᠎ᠤᠨ ᠬᠥᠮᠦᠵᠢᠯ᠎ᠢ ᠲᠣᠳᠣᠷᠬᠠᠶ ᠬᠠᠷᠠᠯᠲᠠ ᠲᠠᠢ᠂ ᠦᠯᠢᠭᠡᠷ ᠵᠢᠱ᠌ᠢᠶ᠎ᠡ᠎ᠲᠠᠶ ᠪᠣᠯᠭᠠᠵᠤ᠂ ᠬᠡᠦᠬᠡᠳ ᠨᠢᠭᠡᠪᠦᠷᠢ᠎ᠶ᠋ᠢᠨ ᠰᠡᠳᠭᠢᠯ᠎ᠳᠦ ᠯᠸᠢ ᠹᠸᠩ᠎ᠤᠨ ᠵᠣᠷᠢᠭ ᠰᠠᠨᠠᠭᠠᠨ᠎ᠤ ᠦᠷ᠎ᠡ᠎ᠶ᠋ᠢ ᠰᠠᠴᠤᠭ᠍ᠰᠠᠨ ᠪᠠᠢᠨ᠎ᠠ》 ᠭᠡᠵᠦ᠍ ᠬᠠᠢ᠌ᠷᠤᠪ᠎ᠤᠨ ᠲᠤᠬᠤᠢ ᠲᠣᠭᠣᠷᠢᠭ᠎ᠤᠨ ᠬᠣᠶᠠᠳᠤᠭᠠᠷ ᠪᠠᠭ᠎ᠠ ᠰᠤᠷᠭᠠᠭᠤᠯᠢ᠎ᠶ᠋ᠢᠨ ᠶᠣᠰᠣ ᠰᠤᠷᠲᠠᠬᠤᠨ᠎ᠤ ᠬᠥᠮᠦᠵᠢᠯ ᠎ᠦᠨ ᠳᠡᠳ᠋ ᠡᠷᠬᠢᠯᠡᠭ᠌ᠴᠢ ᠸᠠᠩ ᠵᠢᠩ ᠮᠢᠨ ᠬᠡᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面