2023-04-07 10:08:13
ᠬᠣᠷᠢᠨ ᠭᠤᠷᠪᠠᠨ ᠵᠢᠯ᠎ᠦᠨ ᠡᠮᠨᠡᠯᠭᠡ᠎ᠶ᠋ᠢᠨ ᠠᠵᠢᠯ᠎ᠤᠨ ᠥᠩᠭᠡᠷᠡᠯᠲᠡ᠂ ᠬᠣᠷᠢᠨ ᠭᠤᠷᠪᠠᠨ ᠵᠢᠯ᠎ᠦᠨ ᠴᠥᠬᠥᠷᠡᠯ ᠦᠭᠡᠢ ᠬᠥᠭᠡᠭᠡᠴᠡᠯᠳᠦᠯ᠃ ᠦᠩᠭᠡᠷᠡᠭᠰᠡᠨ ᠳ᠋ᠤ ᠬᠦᠰᠡᠯ ᠵᠡᠭᠦᠳᠦ᠍᠎ᠶ᠋ᠢᠨ᠎ᠢᠶᠡᠨ ᠲᠥᠯᠥᠭᠡ ᠬᠦᠭᠡᠷᠦᠨ ᠬᠦᠭᠰᠡᠵᠦ᠂ ᠡᠳᠦᠭᠡ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠶ᠋ᠢᠨ ᠲᠥᠯᠥᠭᠡ ᠴᠢᠷᠮᠠᠢᠨ ᠲᠡᠮᠡᠴᠡᠨ᠎ᠡ᠃ ᠲᠡᠷᠡ ᠪᠤᠰᠤᠳ ᠲᠤ᠌ ᠪᠤᠶᠠᠨ ᠦᠢᠯᠡᠳᠬᠦ ᠡᠴᠡ ᠪᠢᠰᠢ ᠪᠤᠰᠤᠳ ᠡᠴᠡ ᠭᠠᠷ ᠰᠤᠩᠭᠠᠨ ᠠᠪᠳᠠᠭ ᠦᠭᠡᠢ᠂ ᠲᠡᠷᠡ ᠪᠣᠯ ᠳᠠᠷᠤᠶ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠡᠮᠨᠡᠯᠭᠡ᠎ᠶ᠋ᠢᠨ ᠬᠣᠷᠢᠶᠠᠨ᠎ᠤ ᠳᠣᠲᠣᠭᠠᠳᠤ ᠱᠦᠭᠦᠷᠡᠯ᠎ᠦᠨ ᠰᠠᠯᠠᠭᠠᠨ᠎ᠤ ᠡᠷᠬᠢᠯᠡᠭ᠌ᠴᠢ ᠵᠧᠸ᠋ ᠱᠢᠶᠤᠤ ᠹᠠᠩ ᠪᠤᠯᠤᠨ᠎ᠠ᠃
2000 ᠣᠨ᠎ᠤ 7 ᠰᠠᠷ᠎ᠠ᠎ᠳᠤ᠂ ᠵᠧᠸ᠋ ᠱᠢᠶᠤᠤ ᠹᠠᠩ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠠᠴᠠ ᠲᠡᠭᠦᠰᠴᠦ᠍᠂ ᠠᠷᠤ ᠬᠣᠷᠴᠢᠨ ᠬᠣᠱᠢᠭᠤᠨ᠎ᠤ ᠡᠮᠨᠡᠯᠭᠡ᠎ᠶ᠋ᠢᠨ ᠬᠣᠷᠢᠶᠠᠨ᠎ᠤ ᠳᠣᠲᠣᠷ ᠰᠠᠯᠠᠭ᠎ᠠ᠎ᠳᠤ ᠠᠵᠢᠯᠯᠠᠵᠤ᠂ 2013 ᠣᠨ᠎ᠳᠤ ᠠᠷᠤ ᠬᠣᠷᠴᠢᠨ ᠬᠣᠱᠢᠭᠤᠨ᠎ᠤ ᠡᠮᠨᠡᠯᠭᠡ᠎ᠶ᠋ᠢᠨ ᠬᠣᠷᠢᠶᠠᠨ᠎ᠳᠤ ᠳᠡᠳ᠋ ᠡᠷᠬᠢᠯᠡᠭ᠌ᠴᠢ ᠡᠮᠴᠢ᠎ᠪᠡᠷ ᠤᠷᠢᠭ᠍ᠳᠠᠵᠠᠶ᠃ ᠡᠮᠴᠢᠯᠡᠵᠦ᠍ ᠪᠠᠢᠬᠤ ᠬᠤᠭᠤᠴᠠᠭᠠᠨ᠎ᠳᠠᠭᠠᠨ᠂ ᠵᠧᠦ ᠱᠢᠶᠤᠤ ᠹᠠᠩ ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢ ᠲᠠᠰᠤᠷᠠᠯᠲᠠ ᠦᠭᠡᠢ ᠰᠤᠳᠤᠯᠵᠤ᠂ ᠡᠯ᠎ᠡ ᠵᠦᠢᠯ᠎ᠦᠨ ᠠᠵᠢᠯᠯᠠᠭᠠᠨ᠎ᠤ ᠮᠡᠷᠭᠡᠵᠢᠯ᠎ᠢ ᠪᠣᠯᠪᠠᠰᠤᠷᠠᠩᠭᠤᠶ ᠡᠵᠡᠮᠱᠢᠭ᠌ᠰᠡᠨ ᠪᠥᠭᠡᠳ ᠡᠯ᠎ᠡ ᠵᠦᠢᠯ᠎ᠦᠨ ᠡᠮᠴᠢᠯᠡᠭᠡᠨ᠎ᠦ ᠪᠠᠭᠠᠵᠢ ᠬᠡᠷᠡᠭ᠌ᠰᠡᠯ᠎ᠦᠨ ᠪᠦᠲᠦᠴᠡ᠂ ᠮᠡᠷᠭᠡᠵᠢᠯ ᠪᠣᠯᠤᠨ ᠬᠡᠷᠡᠭ᠌ᠯᠡᠭᠡ᠎ᠶ᠋ᠢ ᠪᠦᠬᠦ᠌ ᠲᠠᠯ᠎ᠠ᠎ᠪᠠᠷ ᠡᠵᠡᠮᠱᠢᠭ᠌ᠰᠡᠨ ᠪᠠᠢᠨ᠎ᠠ᠃ ᠥᠪᠡᠷ᠎ᠦᠨ ᠡᠮᠴᠢᠯᠡᠭᠡᠨ᠎ᠦ ᠬᠢᠷᠢ ᠬᠡᠮᠵᠢᠶ᠎ᠡ᠎ᠪᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠲᠡᠷᠡ ᠤᠷᠢᠳ ᠬᠣᠵᠢᠳ ᠥᠪᠥᠷ ᠮᠣᠩᠭᠣᠯ᠎ᠤᠨ ᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ᠂ ᠪᠡᠭᠡᠵᠢᠩ᠎ᠦᠨ ᠴᠦᠢ ᠶᠠᠩ ᠯᠢᠦ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠳᠠᠪᠲᠠᠨ ᠪᠣᠯᠪᠠᠰᠤᠷᠠᠵᠤ᠂ ᠡᠨᠡ ᠬᠤᠭᠤᠴᠠᠭᠠᠨ ᠳ᠋ᠠᠭᠠᠨ ᠠᠨᠠᠭᠠᠬᠤ ᠤᠬᠠᠭᠠᠨ᠎ᠤ ᠮᠠᠲ᠋ᠧᠷᠢᠶᠠᠯ᠎ᠢ ᠴᠤᠭ᠍ᠯᠠᠭᠤᠯᠵᠤ᠂ ᠲᠦᠮᠡ ᠭᠠᠷᠤᠶ ᠦᠰᠦᠭ᠎ᠦᠨ ᠰᠤᠷᠤᠯᠴᠠᠯᠭ᠎ᠠ᠎ᠶ᠋ᠢᠨ ᠲᠡᠮᠳᠡᠭ᠌ᠯᠡᠯ ᠪᠢᠴᠢᠵᠡᠶ᠃
ᠰᠤᠷᠤᠯᠴᠠᠯᠭ᠎ᠠ᠎ᠪᠠᠷ ᠳᠠᠮᠵᠢᠨ᠂ ᠲᠡᠷᠡ ᠱᠢᠬᠢᠷ ᠱᠢᠵᠢᠩ ᠡᠪᠡᠳᠴᠢᠨ᠂ ᠪᠥᠭᠡᠷᠡᠨ ᠡᠪᠡᠳᠴᠢᠨ᠎ᠢ ᠵᠠᠰᠠᠬᠤ ᠲᠠᠯ᠎ᠠ᠎ᠪᠠᠷ ᠪᠦᠷ ᠱᠢᠨ᠎ᠡ ᠱᠢᠪᠲᠤᠯᠤᠯᠲᠠᠤᠯᠪᠠ᠃ ᠢᠯᠠᠩᠭᠤᠶ᠎ᠠ ᠱᠢᠬᠢᠷ ᠱᠢᠵᠢᠩ ᠡᠪᠡᠳᠴᠢᠨ᠎ᠢ ᠡᠮᠨᠡᠨ ᠵᠠᠰᠠᠬᠤ ᠲᠠᠯ᠎ᠠ᠎ᠪᠠᠷ᠂ ᠨᠣᠢᠷ᠎ᠤᠨ ᠠᠷᠠᠯ᠎ᠤᠨ ᠡᠳ᠋᠎ᠦᠨ ᠬᠥᠭᠡᠷᠭᠡ ᠪᠡᠷ ᠵᠤᠵᠢᠬ ᠴᠢᠨᠠᠷᠲᠠᠶ ᠴᠢᠰᠤᠨ ᠱᠢᠬᠢᠷ ᠥᠨᠳᠥᠷᠵᠢᠬᠦ᠌ᠶ᠋ᠢ ᠡᠮᠨᠡᠨ ᠵᠠᠰᠠᠵᠤ ᠪᠠᠶᠠᠷᠯᠠᠭᠤᠱᠢᠲᠠᠶ ᠦᠷ᠎ᠡ ᠳ᠋ᠦᠩ ᠣᠯᠵᠤ᠂ ᠠᠷᠤ ᠬᠣᠷᠴᠢᠨ ᠬᠣᠱᠢᠭᠤᠨ᠎ᠤ ᠱᠢᠬᠢᠷ ᠱᠢᠵᠢᠩ ᠡᠪᠡᠳᠴᠢᠨ᠎ᠢ ᠡᠮᠨᠡᠨ ᠵᠠᠰᠠᠬᠤ ᠲᠠᠯ᠎ᠠ᠎ᠪᠠᠷ ᠬᠢ ᠬᠣᠭᠣᠰᠣᠨ᠎ᠢ ᠨᠥᠬᠥᠪᠥᠷᠢᠯᠡᠵᠡᠶ᠃
《ᠡᠪᠡᠳᠴᠢᠲᠡᠨ ᠠᠮᠢ ᠨᠠᠰᠤ ᠪᠠᠨ ᠨᠠᠢᠳᠠᠵᠤ ᠪᠠᠢᠬᠤ ᠳ᠋ᠤ ᠡᠮᠴᠢ ᠪᠤᠯᠤᠭᠰᠠᠳ ᠵᠠᠪᠠᠯ ᠴᠢᠩ ᠦᠨᠡᠨᠴᠢ᠎ᠪᠡᠷ ᠬᠠᠨᠳᠤᠬᠤ ᠬᠡᠷᠡᠭᠳᠡᠢ》᠃ ᠡᠨᠡ ᠪᠣᠯ ᠵᠧᠦ ᠱᠢᠶᠤᠤ ᠹᠠᠩ᠎ᠤ᠋ᠨ ᠪᠠᠷᠢᠮᠳᠠᠯᠠᠭᠰᠠᠭᠠᠷ ᠢᠷᠡᠭᠰᠡᠨ ᠡᠪᠡᠳᠴᠢᠲᠡᠨ ᠳ᠋ᠤ ᠬᠠᠨᠳᠤᠬᠤ ᠤᠪᠤᠷ ᠪᠤᠯᠤᠨ᠎ᠠ᠃ ᠰᠥᠨᠢ ᠳᠦᠯᠢ᠎ᠶ᠋ᠢᠨ ᠤᠳᠠᠰᠤ᠎ᠶ᠋ᠢᠨ ᠬᠣᠩᠬᠣ ᠪᠤᠯᠭᠠᠨ ᠨᠢ ᠨᠢᠭᠡᠨᠲᠡ ᠲᠡᠭᠦᠨ᠎ᠦ ᠡᠮᠴᠢᠯᠡᠬᠦ ᠪᠠᠷ ᠭᠠᠷᠬᠤ ᠵᠠᠷᠯᠢᠭ ᠪᠣᠯᠪᠠ᠃ ᠲᠡᠭ ᠴᠠᠭ᠎ᠲᠤ ᠡᠮᠴᠢᠯᠡᠬᠦ ᠪᠠᠷ ᠭᠠᠷᠬᠤ ᠨᠢ ᠲᠡᠭᠦᠨ᠎ᠳᠦ ᠠᠪᠴᠤ᠌ ᠬᠡᠯᠡᠪᠡᠯ ᠭᠡᠨᠡᠳᠲᠡ᠎ᠶ᠋ᠢᠨ ᠶᠠᠪᠤᠳᠠᠯ ᠪᠢᠰᠢ᠂ ᠭᠠᠷᠠᠭ᠎ᠤᠨ ᠡᠳᠦᠷ ᠠᠮᠠᠷᠠᠬᠤ ᠨᠢ ᠲᠡᠭᠦᠨ᠎ᠳᠦ ᠠᠪᠴᠤ᠌ ᠬᠡᠯᠡᠪᠡᠯ ᠬᠡᠳᠦ ᠵᠢᠨ ᠬᠦᠰᠡᠯ ᠲᠡᠳᠦᠶ᠃ ᠬᠡᠳᠦᠢᠪᠡᠷ ᠡᠢᠮᠦ᠍ ᠪᠠᠢᠭ᠍ᠰᠠᠨ ᠴᠤ᠌᠂ ᠡᠪᠡᠳᠴᠢᠲᠡᠨ᠎ᠦ ᠡᠮᠦᠨ᠎ᠡ ᠲᠡᠷᠡ ᠬᠡᠵᠢᠶᠡᠳᠡ ᠴᠤᠭ ᠵᠢᠪᠬᠤᠭ᠎ᠠ᠎ᠲᠠᠶ ᠪᠠᠢᠵᠤ᠂ ᠴᠢᠷᠠᠶ ᠳᠦᠭᠦᠷᠡᠩ ᠢᠨᠢᠶᠡᠮᠰᠦᠭ᠌ᠯᠡᠵᠦ᠍᠂ ᠡᠪᠡᠳᠴᠢᠲᠡᠨ ᠨᠢᠭᠡ ᠪᠦᠷᠢ᠎ᠶ᠋ᠢ ᠥᠪᠡᠷ᠎ᠦᠨ ᠳᠣᠲᠣᠨᠣ ᠬᠥᠮᠦᠨ᠎ᠲᠡᠶ᠎ᠪᠡᠨ ᠠᠳᠠᠯᠢ᠎ᠪᠠᠷ ᠦᠵᠡᠳᠡᠭ᠃
ᠨᠢᠳᠤᠨᠤᠨ ᠡᠪᠦᠯ᠂ ᠵᠧᠦ ᠱᠢᠶᠤᠤ ᠹᠠᠩ ᠨᠢᠭᠡᠨ ᠬᠥᠳᠡᠭᠡ᠎ᠶ᠋ᠢᠨ ᠬᠡᠦᠬᠡᠳ᠎ᠢ ᠡᠮᠨᠡᠨ ᠵᠠᠰᠠᠬᠤ᠎ᠳᠠᠭᠠᠨ ᠬᠡᠦᠬᠡᠳ᠎ᠦᠨ ᠭᠡᠷ᠎ᠦᠨ ᠠᠮᠢᠳᠤᠷᠠᠯ ᠨᠢ ᠶᠠᠳᠠᠭᠤ ᠬᠦᠴᠢᠷᠳᠡᠯᠲᠡᠢ ᠪᠠᠢᠬᠤ᠎ᠶ᠋ᠢ ᠣᠢᠯᠠᠭᠠᠵᠤ᠂ ᠭᠣᠣᠯ ᠡᠮᠨᠡᠬᠦ ᠡᠮᠴᠢᠲᠡᠶᠨᠢ ᠶᠠᠷᠢᠯᠴᠠᠵᠤ ᠬᠠᠮᠤᠭ᠎ᠤᠨ ᠰᠠᠢ᠌ᠨ ᠡᠮᠨᠡᠨ ᠵᠠᠰᠠᠬᠤ ᠲᠥᠰᠦᠯ ᠲᠣᠭ᠍ᠲᠠᠭᠠᠭ᠍ᠰᠠᠨ ᠪᠥᠭᠡᠳ ᠡᠮ ᠬᠡᠷᠡᠭ᠌ᠯᠡᠬᠦ᠌ ᠲᠠᠯ᠎ᠠ᠎ᠪᠠᠷ ᠦᠨᠡᠨ᠎ᠢ ᠬᠢᠮᠳᠠ ᠪᠥᠭᠡᠳ ᠡᠳᠡᠭᠡᠷᠡᠯᠲᠡ ᠨᠢ ᠲᠦᠷᠭᠡᠨ ᠡᠮ ᠬᠡᠷᠡᠭ᠌ᠯᠡᠵᠦ᠍᠂ ᠡᠮ ᠡᠮᠨᠡᠯᠭᠡ᠎ᠶ᠋ᠢᠨ ᠵᠠᠷᠤᠳᠠᠯ᠎ᠢ ᠨᠢ ᠠᠯᠢ ᠴᠢᠳᠠᠬᠤ᠎ᠪᠠᠷ ᠠᠷᠪᠢᠯᠠᠵᠤ ᠦᠭᠪᠡ᠃ ᠲᠡᠷᠡ ᠬᠡᠦᠬᠡᠳ ᠡᠳᠡᠭᠡᠷᠡᠭᠡᠳ ᠡᠮᠨᠡᠯᠭᠡ᠎ᠡᠴᠡ ᠭᠠᠷᠬᠤ ᠦᠶ᠎ᠡ᠎ᠳᠦ ᠰᠡᠮᠡᠭᠡᠷ ᠭᠡᠷ᠎ᠤᠨ ᠠᠬᠠᠮᠠᠳ ᠲᠤᠨᠢ ᠵᠣᠭᠣᠰ ᠦᠭᠴᠦ ᠬᠡᠦᠬᠡᠳ᠎ᠲᠡᠬᠡᠨ ᠬᠦᠢᠲᠡᠨ᠎ᠡᠴᠡ ᠰᠡᠷᠭᠡᠢᠯᠡᠬᠦ᠌ ᠬᠤᠪᠴᠠᠰᠤ ᠠᠪᠴᠤ᠌ ᠥᠭ᠌ᠬᠦᠭᠡᠷᠡᠢ ᠭᠡᠵᠦ ᠵᠠᠬᠢᠪᠠ; ᠨᠠᠶᠠᠨ ᠨᠠᠰᠤᠲᠠᠶ ᠫᠸᠩ ᠶᠦᠨ ᠴᠢ ᠨᠠᠰᠤᠲᠠᠨ ᠵᠠᠩ ᠠᠭᠠᠰᠢ ᠨᠢ ᠲᠤᠯᠬᠢᠨ ᠪᠤᠯᠬᠤᠷ ᠦᠷᠭᠦᠯᠵᠢ ᠡᠮᠴᠢ ᠰᠤᠪᠢᠯᠠᠭ᠍ᠴᠢ᠎ᠳᠦ ᠠᠭᠤᠷᠯᠠᠳᠠᠭ᠃ ᠡᠮᠨᠡᠯᠭᠡ᠎ᠳᠦ ᠰᠠᠭᠤᠵᠤ ᠪᠠᠢᠬᠤ ᠬᠤᠭᠤᠴᠠᠭᠠᠨ᠎ᠳᠤ ᠲᠡᠷᠡ ᠶᠡᠷᠦ᠍ ᠨᠢ ᠪᠤᠰᠤᠳ ᠬᠦᠮᠦᠨ᠎ᠢ ᠢᠲᠡᠭᠡᠬᠦ᠌ ᠦᠭᠡᠢ ᠬᠥᠭᠡᠭᠡᠵᠦ᠍ ᠶᠠᠪᠤᠭᠤᠯᠳᠠᠭ᠂ ᠭᠡᠬᠦ ᠳ᠋ᠡᠭᠡᠨ ᠵᠧᠦ ᠱᠢᠶᠤᠤ ᠹᠠᠩ᠎ᠢ ᠢᠲᠡᠭᠡᠵᠦ᠍᠂ ᠵᠢᠭᠠᠬᠠᠨ ᠠᠶᠠᠭᠦᠶ ᠪᠣᠯᠤᠮᠠᠭ᠍ᠴᠠ ᠲᠡᠭᠦᠨ᠎ᠳᠦ ᠤᠲᠠᠰᠤᠳᠠᠳᠠᠭ᠃ ᠵᠧᠦ ᠱᠢᠶᠤᠤ ᠹᠠᠩ ᠤᠳᠠᠭ᠎ᠠ ᠪᠦᠷᠢ ᠴᠠᠭ ᠲᠤᠬᠠᠶ᠎ᠳᠤᠨᠢ ᠢᠷᠡᠵᠦ᠍᠂ ᠨᠠᠰᠤᠲᠠᠨ᠎ᠤ ᠡᠪᠡᠳᠴᠢᠨ᠎ᠦ ᠪᠠᠢᠳᠠᠯ᠎ᠢ ᠨᠠᠷᠢᠨ ᠪᠠᠢᠴᠠᠭᠠᠳᠠᠭ᠂ ᠴᠢᠨᠠᠭ᠍ᠰᠢᠯᠠᠪᠠᠯ ᠡᠮᠨᠡᠯᠭᠡ᠎ᠡᠴᠡ ᠭᠠᠷᠤᠭ᠍ᠰᠠᠨ᠎ᠤ ᠲᠠᠷᠠᠭ᠎ᠠ ᠰᠥᠨᠢ ᠳᠦᠯᠢ᠎ᠪᠡᠷ ᠢᠷᠡᠭᠦᠯᠦᠭ᠌ᠰᠡᠨ ᠤᠲᠠᠰᠤ᠎ᠶ᠋ᠢ ᠴᠤ᠌ ᠶᠡᠷᠦ ᠡᠴᠡ ᠲᠤᠰᠤᠭᠰᠠᠨ ᠦᠭᠡᠢ ᠪᠠᠢᠳᠠᠯ ᠭᠠᠷᠤᠭᠰᠠᠨ ᠦᠭᠡᠢ᠂ ᠬᠠᠷᠢᠨ ᠬᠦᠯᠢᠴᠡᠩᠭᠦᠶ᠎ᠪᠡᠷ ᠨᠠᠰᠤᠲᠠᠨ ᠳ᠋ᠤ ᠠᠩᠬᠠᠷᠪᠠᠯ ᠵᠣᠬᠢᠬᠤ ᠵᠦᠢᠯ᠎ᠢ ᠲᠠᠢᠳᠭᠤᠷᠠᠭᠤᠯᠤᠨ ᠬᠡᠯᠡᠵᠤ ᠦᠭᠳᠡᠭ᠃
ᠡᠢᠮᠦ᠍ ᠦᠯᠢᠭᠡᠷ ᠮᠠᠰᠢ ᠤᠯᠠᠨ ᠪᠠᠢᠳᠠᠭ᠃ ᠭᠡᠪᠡᠴᠦ᠍ ᠲᠡᠭᠦᠨ᠎ᠡᠴᠡ ᠠᠰᠠᠭᠤᠬᠤ᠎ᠳᠤ ᠲᠡᠷᠡ᠄ 《ᠡᠳᠦᠷ ᠪᠦᠷᠢ ᠡᠪᠡᠳᠴᠢᠲᠡᠨ᠎ᠢ ᠦᠵᠡᠭᠡᠳ ᠶᠠᠭᠠᠷᠠᠵᠤ ᠠᠮᠵᠢᠬᠤ ᠦᠭᠡᠢ ᠪᠠᠢᠨ᠎ᠠ᠂ ᠮᠠᠰᠢ ᠤᠯᠠᠨ ᠤᠴᠢᠷ᠎ᠢ ᠮᠠᠷᠲᠠᠴᠢᠬᠠᠯ᠎ᠠ》 ᠭᠡᠵᠦ᠍ ᠢᠨᠢᠶᠠᠮᠰᠦᠭᠯᠡᠨ ᠬᠡᠯᠡᠨ᠎ᠠ᠃ ᠵᠧᠸ᠋ ᠱᠢᠶᠤᠤ ᠹᠠᠩ ᠵᠢᠯ ᠪᠦᠷᠢ ᠪᠠᠷᠤᠭ 1000 ᠭᠠᠷᠤᠶ ᠡᠪᠡᠳᠴᠢᠲᠡᠨ᠎ᠢ ᠡᠮᠨᠡᠨ ᠵᠠᠰᠠᠭᠰᠠᠨ ᠪᠦᠭᠡᠳ ᠡᠳᠡᠭᠡᠷᠡᠯᠲᠡ᠎ᠶ᠋ᠢᠨ ᠨᠣᠷᠮ᠎ᠠ ᠨᠢ 95% ᠵᠢ ᠳᠠᠪᠠᠵᠤ᠂ ᠣᠯᠠᠨ ᠵᠢᠯ᠎ᠦᠨ ᠲᠤᠷᠰᠢ ᠶᠡᠷᠦ᠍ ᠠᠯᠳᠠᠭ᠎ᠠ ᠪᠤᠷᠤᠭᠤ ᠭᠠᠷᠭᠠᠭ᠍ᠰᠠᠨ ᠦᠭᠡᠶ᠃
ᠲᠡᠭᠦᠨ᠎ᠦ ᠡᠷᠡᠯᠬᠡᠭ᠌ᠯᠡᠨ ᠤᠷᠤᠭ᠍ᠰᠢᠯᠠᠬᠤ ᠠᠯᠬᠤᠭ᠎ᠠ᠎ᠶ᠋ᠢᠨ ᠳᠤᠮᠳᠠ᠂ ᠡᠳᠡᠭᠡᠷᠡᠭ᠌ᠰᠡᠨ ᠡᠪᠡᠳᠴᠢᠲᠡᠨ ᠲᠠᠰᠤᠷᠠᠯᠲᠡ ᠦᠭᠡᠢ ᠬᠡᠮᠡᠷᠯᠢᠭ ᠲᠤᠭ ᠬᠦᠷᠭᠡᠵᠦ᠂ 20 ᠭᠠᠷᠤᠶ ᠬᠡᠮᠡᠷᠯᠢᠭ ᠲᠤᠭ᠎ᠤᠨ ᠳᠣᠲᠣᠷ᠎ᠠ ᠲᠡᠭᠦᠨ᠎ᠦ ᠠᠷᠠᠳ᠎ᠤᠨ ᠲᠥᠯᠥᠭᠡ ᠵᠢᠳᠬᠦᠭᠰᠡᠨ ᠬᠠᠢᠷ᠎ᠠ ᠰᠡᠳᠭᠢᠯᠭᠡ᠎ᠶ᠋ᠢ ᠰᠡᠢᠯᠵᠡᠢ᠃ ᠲᠡᠷᠡ ᠴᠤ᠌ ᠭᠠᠷᠮᠠᠭᠠᠢ ᠠᠵᠢᠯ᠎ᠤᠨ ᠪᠦᠲᠦᠮᠵᠢ᠎ᠪᠡᠷ᠎ᠢᠶᠡᠨ ᠠᠷᠤ ᠬᠣᠷᠴᠢᠨ ᠬᠣᠱᠢᠭᠤᠨ᠎ᠤ ᠵᠠᠰᠠᠭ᠎ᠤᠨ ᠣᠷᠳᠣᠨ᠎ᠠᠴᠠ ᠣᠯᠭᠣᠭ᠍ᠰᠠᠨ 《ᠭᠤᠷᠪᠠᠳᠤᠭᠠᠷ ᠳᠡᠰ᠎ᠤᠨ ᠭᠠᠪᠢᠶ᠎ᠠ》᠂ ᠠᠷᠤ ᠬᠣᠷᠴᠢᠨ ᠬᠣᠱᠢᠭᠤᠨ᠎ᠤ ᠠᠩᠬᠠᠳᠤᠭᠠᠷ ᠬᠤᠭᠤᠴᠠᠭᠠᠨ᠎ᠤ ᠡᠮᠴᠢ᠎ᠶ᠋ᠢᠨ ᠪᠠᠶᠠᠷ᠎ᠤᠨ 《ᠠᠷᠪᠠᠨ ᠱᠢᠯᠢᠳᠡᠭ ᠡᠮᠴᠢ》᠂ 《ᠠᠷᠤ ᠬᠣᠷᠴᠢᠨ ᠬᠣᠱᠢᠭᠤᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠦᠨ ᠱᠢᠯᠢᠳᠡᠭ ᠠᠵᠢᠯᠲᠠᠨ》᠂ 《2020 ᠣᠨ᠎ᠤ ᠳᠤᠮᠳᠠᠳᠤ ᠤᠯᠤᠰ᠎ᠤᠨ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠬᠠᠮᠠᠭᠠᠯᠠᠬᠴᠢ》 ᠵᠡᠷᠭᠡ ᠢᠷᠠᠭᠤ ᠠᠯᠳᠠᠷ᠎ᠢ ᠭᠥᠷᠳᠡᠭ᠌ᠰᠡᠨ ᠪᠠᠢᠨ᠎ᠠ᠃
《ᠢᠷᠠᠭᠤ ᠠᠯᠳᠠᠷ ᠪᠣᠯ ᠠᠮᠵᠢᠯᠲᠠ ᠪᠦᠲᠦᠮᠵᠢ᠎ᠶ᠋ᠢᠨ ᠪᠡᠯᠭᠡ ᠲᠡᠮᠳᠡᠭ ᠮᠥᠨ᠂ ᠱᠠᠩᠨᠠᠯ ᠬᠥᠬᠢᠭᠦᠯᠦᠯ ᠪᠣᠯ ᠡᠷᠴᠢ ᠵᠣᠷᠢᠭ᠎ᠢᠶᠠᠨ ᠬᠥᠪᠴᠢᠯᠡᠬᠦ᠌᠎ᠶ᠋ᠢᠨ ᠬᠥᠳᠡᠯᠭᠡᠬᠦ᠌ ᠬᠦᠴᠦᠨ ᠮᠥᠨ᠂ ᠪᠢ ᠠᠷᠠᠳ ᠣᠯᠠᠨ᠎ᠤ ᠡᠷᠡᠭᠦᠯ ᠮᠡᠨᠳᠦ᠍᠎ᠶ᠋ᠢ ᠬᠠᠮᠠᠭᠠᠯᠠᠬᠤ᠎ᠶ᠋ᠢᠨ ᠲᠥᠯᠥᠭᠡ ᠴᠥᠬᠥᠷᠡᠰᠢ ᠦᠭᠡᠶ ᠲᠡᠮᠡᠴᠡᠨ᠎ᠡ》 ᠭᠡᠵᠦ᠍ ᠵᠧᠦ ᠱᠢᠶᠤᠤ ᠹᠠᠩ ᠡᠷᠡᠰ ᠱᠢᠭᠤᠷᠬᠠᠢ᠎ᠪᠠᠷ ᠬᠡᠯᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃