ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-05-23 10:51:54

ᠵᠣᠬᠢᠶᠠᠭ᠍ᠴᠢ᠄ ​ᠪᠠᠢ ᠰᠡᠴᠡᠨ ᠣᠩᠱᠢᠭ᠍ᠰᠠᠨ ᠣᠳᠠᠭ᠎ᠠ᠄ 3

ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ《ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌ ᠲᠤᠬᠠᠶ ᠬᠡᠷᠡᠭ᠌ᠵᠢᠭᠦᠯᠬᠦ᠌ ᠲᠥᠰᠦᠯ 》 ( ᠳᠣᠷᠣᠭ᠍ᠰᠢ 《 ᠬᠡᠷᠡᠭ᠌ᠵᠢᠭᠦᠯᠬᠦ᠌ ᠲᠥᠰᠦᠯ 》 ᠭᠡᠵᠦ᠍ ᠲᠣᠪᠴᠢᠯᠠᠨ᠎ᠠ ) ᠎ᠢ᠋ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ᠎ᠬᠢᠨ᠎ᠤ ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠪᠠᠢᠩᠭᠤ ᠭᠦᠨᠵᠡᠭᠡᠶ ᠥᠷᠨᠢᠭᠦᠯᠬᠦ᠌ ᠲᠤᠬᠠᠶ ᠪᠠᠢᠷᠢᠯᠠᠭᠤᠯᠤᠯᠳᠠ ᠬᠢᠪᠡ᠃

《ᠬᠡᠷᠡᠭ᠌ᠵᠢᠭᠦᠯᠬᠦ᠌ ᠲᠥᠰᠦᠯ》 ᠳ᠋ᠤ᠂ ᠡᠯ᠎ᠡ ᠭᠠᠵᠠᠷ᠎ᠤᠨ ᠬᠢᠨ ᠯᠧᠢ ᠹᠧᠩ᠎ᠦᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠡᠵᠡᠮᠱᠢᠵᠦ᠍᠂ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠶ᠋ᠢ ᠡᠳᠦᠷ ᠲᠤᠲᠤᠮ᠎ᠤᠨ ᠠᠵᠢᠯ᠎ᠳᠠᠭᠠᠨ ᠠᠭᠤᠰᠭᠠᠵᠤ᠂ ᠪᠠᠢᠩᠭᠤᠵᠢᠭᠤᠯᠵᠤ᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠨ ᠵᠠᠯᠭᠠᠮᠵᠢᠯᠠᠵᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠢ ᠵᠤᠷᠢᠬᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠨ ᠰᠠᠢᠬᠠᠨ ᠶᠣᠰᠣ ᠮᠣᠷᠠᠯ᠎ᠤᠨ ᠵᠠᠯᠭᠠᠮᠵᠢᠯᠠᠭ᠍ᠴᠢ᠂ ᠨᠡᠢᠭᠡᠮ ᠵᠢᠷᠤᠮ᠎ᠤᠨ ᠭᠣᠣᠯᠯᠠᠬᠤ ᠥᠷᠲᠡᠭ᠎ᠦᠨ ᠦᠵᠡᠯᠲᠡ᠎ᠶ᠋ᠢᠨ ᠦᠢᠯᠡᠳᠦᠯᠭᠡᠵᠢᠭᠦᠯᠦᠭ᠌ᠴᠢ᠂ ᠰᠠᠢᠨ ᠰᠠᠢᠬᠠᠨ ᠨᠡᠢᠭᠡᠮ᠎ᠦᠨ ᠬᠡᠪ ᠰᠤᠷᠲᠠᠯ᠎ᠤᠨ ᠡᠭᠦᠳᠦᠭᠴᠢ ᠪᠣᠯᠬᠤ ᠵᠢ ᠬᠦᠳᠦᠯᠦᠨ ᠵᠢᠯᠤᠭᠤᠳᠴᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠳᠠᠢ ᠬᠡᠵᠤ ᠴᠢᠬᠤᠯᠠᠴᠢᠯᠠᠪᠠ᠃

《 ᠬᠡᠷᠡᠭ᠌ᠵᠢᠭᠦᠯᠬᠦ᠌ ᠲᠥᠰᠦᠯ》 ᠳ᠋ᠤ᠂ ᠲᠤᠬᠠᠢ᠎ᠶ᠋ᠢᠨ ᠭᠠᠵᠠᠷ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ (ᠪᠦᠯᠬᠦᠮ)᠂ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠢ᠎ᠶ᠋ᠢᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠠᠵᠢᠯᠳᠠᠳ ᠪᠠ ᠥᠷᠭᠡᠨ ᠤᠯᠠᠨ ᠰᠠᠢ᠌ᠨ ᠳᠤᠷᠠᠴᠤᠳ᠎ᠢ ᠲᠠᠢ᠌ᠴᠢᠯᠠᠨ ᠨᠠᠰᠤᠳᠠᠢᠴᠤᠳ ᠨᠢᠯᠬᠠᠰ ᠬᠦᠴᠢᠷᠳᠡᠯᠲᠡᠢ ᠬᠦᠮᠤᠰ ᠵᠡᠮᠳᠡᠭᠴᠤᠳ ᠵᠡᠷᠭᠡ ᠣᠨᠴᠠᠭᠠᠢ ᠪᠦᠯᠬᠦᠮ ᠨᠡᠢᠳᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠍ ᠪᠣᠳᠠᠲᠠᠢ ᠬᠦᠴᠢᠷᠳᠡᠯ᠎ᠢ ᠨᠢ ᠱᠢᠢᠳᠪᠦᠷᠢᠯᠡᠵᠦ ᠦᠭᠬᠦ ᠳᠤᠮᠳᠠ ᠯᠸᠢ ᠹᠧᠩ᠎ᠤᠨ ᠵᠣᠷᠢᠭ ᠰᠠᠨᠠᠭ᠎ᠠ᠎ᠶ᠋ᠢ ᠦᠨᠡᠨᠬᠦ ᠪᠣᠳᠠᠲᠠᠢ ᠳ᠋ᠤ ᠨᠠᠢᠳᠠᠪᠤᠷᠢᠵᠢᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠬᠦᠴᠢᠷᠳᠡᠯᠲᠡᠶ ᠣᠯᠠᠨ ᠲᠦᠮᠡᠨ ᠪᠣᠯᠤᠨ ᠬᠡᠷᠡᠭ᠌ᠴᠡᠭᠡ ᠱᠠᠭᠠᠷᠳᠠᠯᠭ᠎ᠠ᠎ᠲᠠᠶ ᠤᠯᠠᠨ ᠲᠦᠮᠡᠨ ᠎ᠢ ᠬᠠᠪᠰᠤᠷᠤᠨ ᠲᠡᠳᠬᠦᠬᠦ᠂ ᠡᠮ ᠡᠮᠴᠢᠯᠡᠭᠡ᠂ ᠤᠷ᠎ᠠ ᠮᠡᠷᠭᠡᠵᠢᠯ᠎ᠦᠨ ᠪᠣᠯᠪᠠᠰᠤᠷᠠᠯ᠂ ᠠᠵᠤ ᠦᠶ᠋ᠯᠡᠰ᠎ᠢᠶᠡᠷ ᠲᠡᠳᠬᠦᠬᠦ ᠵᠡᠷᠭᠡ ᠤᠯᠠᠨ ᠶᠠᠨᠭᠵᠤ ᠬᠡᠯᠪᠡᠷᠢ ᠵᠢᠨ ᠯᠧᠶ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ ᠲᠤᠮᠳᠠ ᠯᠧᠶ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠢ ᠪᠠᠢᠨᠭᠭᠤᠵᠢᠭᠤᠯᠬᠤ ᠲᠤᠬᠠᠢ ᠪᠠᠢᠷᠢᠯᠠᠭᠤᠯᠤᠯᠳᠠ ᠬᠢᠵᠡᠢ᠃

《ᠬᠡᠷᠡᠭ᠌ᠵᠢᠭᠦᠯᠬᠦ᠌ ᠲᠥᠰᠦᠯ》 ᠳ᠋ᠤ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠬᠢᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭᠠᠳᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠯᠦᠭᠡ᠎ᠶ᠋ᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭᠠᠳᠭᠠᠵᠤ᠂ ᠯᠧᠢ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠲᠠᠰᠤᠷᠠᠯᠲᠠ ᠤᠢ᠍ᠭᠡᠢ ᠭᠦᠨᠵᠡᠭᠡᠢᠷᠡᠬᠦᠯᠦᠨ ᠪᠣᠳᠠᠲᠠᠢᠵᠢᠭᠤᠯᠬᠤ ᠬᠡᠷᠡᠭᠳᠠᠢ᠃ ᠡᠭᠦᠨ᠎ᠦ ᠬᠠᠮᠲᠤ᠂ ᠵᠢᠱ᠌ᠢᠶ᠎ᠡ ᠦᠵᠡᠭᠦᠯᠦᠨ ᠬᠥᠲᠥᠯᠥᠨ ᠲᠠᠭᠠᠭᠤᠯᠬᠤ᠎ᠶ᠋ᠢ ᠴᠢᠬᠤᠯᠠᠴᠢᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠳᠤᠮᠳᠠ ᠴᠣᠯᠭᠣᠷᠠᠨ ᠭᠠᠷᠤᠭ᠍ᠰᠠᠨ ᠱᠢᠯᠢᠳᠡᠭ ᠲᠥᠷᠥᠯ ᠵᠦᠶ᠋ᠯ᠂ ᠰᠠᠢᠨ ᠳᠤᠷᠠᠴᠤᠳ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠎ᠢ ᠳᠡᠮᠵᠢᠬᠦ᠌ ᠡᠷᠴᠢᠮ᠎ᠢᠶᠡᠨ ᠦᠨᠡᠨ ᠬᠦ᠌ ᠴᠢᠩᠭᠠᠷᠠᠭᠤᠯᠵᠤ᠂ ᠨᠠᠩ ᠣᠯᠠᠨ ᠨᠡᠢᠭᠡᠮ᠎ᠦᠨ ᠬᠦᠴᠦᠨ᠎ᠢ ᠳᠠᠢᠴᠢᠯᠠᠵᠤ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠬᠡᠷᠡᠭ᠌ᠲᠡᠶ ᠬᠡᠵᠤ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面