ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-04-16 09:52:48

ᠵᠣᠬᠢᠶᠠᠭ᠍ᠴᠢ᠄ ᠯᠢᠦ ᡁᠢ ᠰᠢᠶᠠᠨ ᠣᠩᠱᠢᠭ᠍ᠰᠠᠨ ᠣᠳᠠᠭ᠎ᠠ᠄ 3

ᠬᠤᠤ ᠵᠢᠶᠠ ᠸᠧᠢ ᠪᠠᠭ᠍ᠰᠢ ᠶᠡᠷᠦ ᠨᠢ ᠶᠠᠭᠠᠷᠠᠤ᠃ ᠬᠢᠴᠢᠶᠡᠯ ᠣᠷᠣᠨ᠎ᠠ᠂ ᠰᠤᠷᠭᠠᠭᠤᠯᠢ᠎ᠶᠢᠨ ᠵᠢᠷᠭᠢᠶ᠎ᠡ᠎ᠶᠢᠨ ᠤᠯᠠᠨ ᠨᠡᠶ᠋ᠢᠲᠡ᠎ᠶᠢᠨ ᠲᠠᠪᠴᠠᠩ ᠎ᠢ ᠡᠵᠡᠩᠨᠡᠨ᠎ᠠ᠂ ᠳᠡᠭᠡᠳᠦ ᠰᠤᠷᠭᠠᠭᠤᠯᠢ᠎ᠶᠢᠨ ᠵᠢᠡᠨ 《ᠰᠢᠨ᠎ᠠ ᠮᠡᠳᠡᠭᠡ ᠵᠠᠡᠭᠭᠢ》 ᠵᠢ ᠪᠠᠭ᠍ᠰᠢ ᠰᠤᠷᠤᠭ᠍ᠴᠢᠳ᠎ᠲᠤ ᠪᠠᠨ ᠳᠠᠮᠵᠢᠭᠤᠯᠤᠨ᠎ᠠ ᠁ ᠬᠤᠤ ᠵᠢᠶᠠ ᠸᠧᠢ ᠪᠣᠯ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠠᠭ᠍ᠰᠢ ᠪᠥᠭᠡᠳ ᠤᠬᠠᠭᠤᠯᠭ᠎ᠠ ᠵᠢᠨ ᠠᠵᠢᠯᠲᠠᠨ ᠪᠣᠯᠣᠨ᠎ᠠ᠂ ᠲᠦᠷᠦᠭᠦᠬᠡᠨ ᠲᠡᠷᠡ ᠪᠡᠷ 《ᠨᠠᠢ᠍ᠮᠠᠳᠤᠭᠠᠷ ᠪᠦᠯᠦᠭ᠎ᠦᠨ ᠪᠦᠬᠦ ᠣᠷᠣᠨ᠎ᠤ ᠠᠵᠢᠯ᠎ᠤᠨ ᠪᠠᠢᠷᠢ᠎ᠲᠡᠭᠡᠷ᠎ᠡ ᠪᠠᠨ ᠯᠧᠢ ᠹᠧᠩ ᠡᠴᠡ ᠰᠤᠷᠤᠯᠴᠠᠭᠰᠠᠨ ᠵᠢᠱ᠌ᠢᠶᠡᠴᠢ》 ᠵᠢᠨ ᠢᠷᠠᠭᠤ ᠠᠯᠳᠠᠷ ᠎ᠢ ᠬᠦᠷᠳᠡᠪᠡ᠃

6 ᠵᠢᠯ᠎ᠦᠨ ᠲᠤᠷᠰᠢ᠂ ᠬᠤᠤ ᠵᠢᠶᠠ ᠸᠧᠢ ᠰᠤᠷᠭᠠᠭᠤᠯᠢ᠎ᠶᠢᠨ ᠬᠦᠷᠢᠶ᠎ᠡ ᠪᠡᠷ ᠠᠯᠳᠠᠯ ᠦᠭᠡᠢ ᠰᠤᠷᠪᠤᠯᠵᠢᠯᠠᠵᠤ᠂ ᠰᠤᠷᠭᠠᠭᠤᠯᠢ᠎ᠶᠢᠨ ᠬᠦᠷᠢᠶᠡᠨ᠎ᠦ ᠭᠤᠶᠤ ᠰᠠᠢᠬᠠᠨ ᠦᠯᠢᠬᠡᠷ ᠢ᠋ ᠲᠠᠰᠤᠷᠠᠯᠲᠠ ᠦᠭᠡᠢ ᠠᠭᠤᠳᠠᠯᠵᠤ᠂ ᠢᠳᠡᠪᠬᠢ ᠬᠦᠴᠦᠨ᠎ᠢ ᠳᠠᠮᠵᠢᠭᠤᠯᠤᠭᠰᠠᠭᠠᠷ ᠢᠷᠡᠪᠡ᠃ ᠣᠢᠷ᠎ᠠ᠎ᠳᠤ ᠲᠡᠷᠡ ᠪᠠᠰᠠ ᠳᠡᠭᠡᠳᠦ ᠰᠤᠷᠭᠠᠭᠤᠯᠢ᠎ᠶᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠪᠠᠭ᠍ᠰᠢ ᠰᠤᠷᠤᠭ᠍ᠴᠢᠳ ᠲᠤ᠌ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠨᠠᠢᠳᠠᠪᠤᠷᠢᠵᠢᠭᠤᠯᠬᠤ ᠪᠠ 《ᠰᠠᠢᠨ ᠡᠬᠢᠯᠡᠬᠦᠯᠵᠦ ᠰᠠᠢᠳᠤᠷ ᠵᠠᠮᠨᠠᠬᠤ》 ᠵᠡᠷᠭᠡ ᠲᠠᠯ᠎ᠠ᠎ᠶᠢᠨ ᠤᠬᠠᠭᠤᠯᠭ᠎ᠠ᠎ᠶᠢᠨ ᠠᠵᠢᠯ᠎ᠢ ᠰᠠᠢᠲᠤᠷ ᠬᠢᠵᠦ ᠰᠢᠯᠢᠳᠡᠭ ᠦᠷ᠎ᠡ ᠪᠦᠲᠦᠮᠵᠢ ᠭᠠᠷᠭᠠᠬᠰᠠᠨ ᠪᠠᠢᠨ᠎ᠠ᠃

ᠬᠠᠮᠲᠤ ᠠᠵᠢᠯᠯᠠᠭᠰᠠᠳ ᠲᠦ᠍ ᠪᠠᠨ ᠬᠤᠤ ᠵᠢᠶᠠ ᠸᠧᠢ ᠪᠣᠯ ᠠᠵᠢᠯ᠎ᠳᠠᠭᠠᠨ ᠴᠢᠷᠮᠠᠢᠯᠭ᠎ᠠ ᠳᠠᠢ ᠪᠦᠭᠡᠳ ᠨᠠᠷᠢᠨ ᠬᠢᠨᠠᠮᠠᠭᠠᠢ ᠪᠠᠬᠰᠢ ᠪᠣᠯᠣᠨ᠎ᠠ; ᠰᠤᠷᠤᠭ᠍ᠴᠢᠳ ᠲᠦ᠍ ᠪᠠᠨ ᠲᠡᠷᠡ ᠪᠣᠯ ᠡᠯᠢᠭᠡᠰᠡᠭ ᠳᠣᠲᠣᠨᠣ᠌ ᠨᠣᠮ᠎ᠤᠨ ᠬᠠᠨᠢᠳᠠᠨ᠎ᠬᠡᠮᠡᠷ ᠪᠠᠭ᠍ᠰᠢ ᠶᠤᠮ᠂ ᠲᠡᠷᠡ ᠶᠡᠷᠦ ᠨᠢ ᠵᠦᠭᠡᠷ ᠰᠠᠭᠤᠵᠤ ᠴᠢᠳᠠᠳᠠᠭ ᠦᠭᠡᠢ ᠬᠦᠮᠦᠨ ᠪᠢᠯᠡ᠃

ᠨᠢᠳᠤᠨᠤᠨ᠎ᠤ 10 ᠰᠠᠷ᠎ᠠ᠎ᠳᠤ᠂ ᠬᠢᠵᠢᠭ᠎ᠢ ᠰᠡᠷᠭᠡᠢᠯᠡᠨ ᠡᠵᠡᠮᠳᠡᠬᠥ ᠪᠠᠢᠳᠠᠯ᠎ᠤᠨ ᠡᠮᠦᠨ᠎ᠡ᠂ ᠬᠤᠤ ᠵᠢᠶᠠ ᠸᠧᠢ ᠰᠠᠨᠠᠭᠠᠴᠢᠯᠠᠭ᠎ᠠ ᠠ᠋ᠴᠠ᠎ᠪᠠᠨ ᠭᠤᠶᠤᠴᠢᠯᠠᠵᠤ᠂ 67 ᠡᠳᠦᠷ ᠳᠠᠷᠠᠭᠠᠯᠠᠨ ᠰᠤᠷᠭᠠᠭᠤᠯᠢ᠎ᠳ᠋ᠠᠭᠠᠨ ᠰᠠᠭᠤᠵᠤ᠂ ᠬᠢᠵᠢᠭ᠎ᠢ ᠡᠰᠡᠷᠭᠦᠴᠡᠬᠦ ᠡᠮᠦᠨ᠎ᠡ ᠹᠷᠣᠨᠲ᠎ᠲᠤ ᠭᠠᠪᠰᠢᠭᠠᠢᠯᠠᠪᠠ᠃ ᠲᠡᠷᠡ ᠡᠳᠦᠷ᠎ᠵᠢᠡᠷ ᠰᠡᠭᠦᠳᠡᠷᠯᠡᠨ ᠰᠤᠷᠪᠤᠯᠵᠢᠯᠠᠵᠤ᠂ ᠣᠷᠣᠢ᠎ᠳᠠᠭᠠᠨ ᠰᠢᠩᠭᠡᠭᠡᠯᠳᠡ ᠪᠠᠨ ᠡᠰᠭᠡᠨ ᠨᠠᠢᠷᠠᠭᠤᠯᠵᠤ᠂ ᠡᠬᠡ ᠪᠢᠴᠢᠭ᠎ᠢᠶᠡᠨ ᠲᠤᠭᠤᠷᠪᠢᠵᠥ᠂ ᠳᠡᠭᠡᠳᠦ ᠰᠤᠷᠭᠠᠭᠤᠯᠢ᠎ᠶᠢᠨ ᠵᠢᠡᠨ ᠬᠢᠵᠢᠭ᠎ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠦᠬᠦ ᠲᠠᠯ᠎ᠠ ᠎ᠪᠠᠷ ᠮᠡᠳᠡᠭᠡᠯᠡᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠂ ᠪᠠᠭ᠍ᠰᠢ ᠰᠤᠷᠤᠭ᠍ᠴᠢ ᠰᠠᠢᠨ ᠳᠤᠷᠠᠴᠤᠳ᠎ᠤᠨ ᠲᠡᠷᠢᠭᠦᠨ᠎ᠦ ᠦᠢᠯᠡ ᠠᠵᠢᠯᠯᠠᠭ᠎ᠠ ᠎ᠶᠢ ᠤᠬᠠᠭᠤᠯᠵᠤ᠂ 《ᠬᠢᠵᠢᠭ᠎ᠦᠨ ᠲᠠᠢᠯᠠᠯᠳᠤᠭᠠᠨ ᠤ᠋ ᠡᠮᠦᠨ᠎ᠡ ᠹᠷᠣᠨᠲ᠎ᠲᠤ ᠨᠠᠮ᠎ᠤᠨ ᠲᠤᠭ᠎ᠢ ᠨᠠᠮᠢᠷᠠᠭᠤᠯᠤᠶ᠎ᠠ》 ᠂ 《ᠬᠢᠵᠢᠭ ᠳᠠᠢ ᠳᠡᠮᠡᠴᠡᠭᠰᠡᠨ ᠬᠣᠰᠢᠭᠤᠴᠢ》᠂ 《ᠬᠢᠵᠢᠭ ᠳᠠᠢ ᠳᠡᠮᠡᠴᠡᠭᠰᠡᠨ ᠵᠠᠯᠠᠭᠤᠴᠤᠳ》 ᠵᠡᠷᠭᠡ ᠣᠨᠴᠠᠯᠢᠭ᠍ᠲᠤ ᠲᠤᠰᠬᠠᠢ ᠪᠤᠯᠤᠩ ᠨᠡᠭᠡᠭᠡᠵᠦ᠂ 200 ᠭᠠᠷᠤᠢ ᠮᠡᠳᠡᠭᠡ ᠵᠠᠡᠭᠬᠢ ᠨᠡᠢᠲᠡᠯᠡᠵᠦ᠂ ᠬᠦᠯᠢᠶᠡᠨ ᠠᠪᠴᠤ ᠦᠵᠡᠭᠴᠢᠳ᠎ᠤᠨ ᠳᠤᠭ᠎ᠠ100 ᠭᠠᠷᠤᠢ ᠲᠦᠮᠡᠨ ᠬᠥᠮᠥᠨ ᠤᠳᠠᠭ᠎ᠠ᠎ᠶᠢ ᠳᠠᠪᠠᠵᠤ᠂ ᠰᠤᠷᠤᠭ᠍ᠴᠢ᠂ ᠭᠡᠷ᠎ᠦᠨ ᠠᠬᠠᠮᠠᠳ᠎ᠲᠤ ᠰᠤᠷᠭᠠᠭᠤᠯᠢ᠎ᠶᠢᠨ ᠬᠢᠵᠢᠭ᠎ᠢ ᠰᠡᠷᠭᠡᠢᠯᠡᠬᠦ ᠠᠵᠢᠯ᠎ᠢ ᠭᠦᠢᠴᠡᠳ ᠣᠢᠯᠠᠭᠠᠭᠤᠯᠵᠤ᠂ ᠪᠠᠭ᠍ᠰᠢ ᠰᠤᠷᠤᠭ᠍ᠴᠢᠳ᠎ᠤᠨ ᠰᠡᠳᠬᠢᠯ ᠨᠢᠭᠡᠳᠦᠨ ᠬᠢᠵᠢᠭ᠎ᠢ ᠡᠰᠡᠷᠭᠦᠴᠡᠬᠦ ᠢᠲᠡᠭᠡᠯ ᠵᠣᠷᠢᠭ᠋᠎ᠢ ᠬᠥᠪᠴᠢᠯᠡᠵᠥ᠂ ᠰᠤᠷᠭᠠᠭᠤᠯᠢ᠎ᠶᠢᠨ ᠬᠦᠷᠢᠶᠡᠨ᠎ᠦ ᠬᠢᠵᠢᠭ᠎ᠢ ᠰᠡᠷᠭᠡᠢᠯᠡᠨ ᠡᠵᠡᠮᠳᠡᠬᠦ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ ᠪᠦᠬᠦ ᠲᠠᠯ᠎ᠠ᠎ᠪᠠᠷ ᠢᠯᠠᠯᠲᠠ ᠣᠯᠬᠤ᠎ᠳᠤ ᠦᠵᠡᠯ ᠰᠠᠨᠠᠭᠠᠨ᠎ᠤ ᠰᠠᠭᠤᠷᠢ᠎ᠶᠢ ᠲᠠᠯᠪᠢᠭ᠍ᠰᠠᠨ ᠪᠠᠢᠨ᠎ᠠ᠃

《ᠬᠥᠮᠥᠨ ᠶᠡᠷᠦᠨᠢ ᠠᠮᠢᠳᠤᠷᠠᠬᠤᠢ ᠵᠢᠨ ᠬᠡᠷᠡᠯ ᠬᠢᠯᠪᠠᠭ᠎ᠠ ᠪᠠᠨ ᠰᠠᠴᠤᠷᠠᠭᠤᠯᠵᠤ ᠪᠤᠯᠤᠨ᠎ᠠ ᠬᠡᠰᠡᠨ ᠢ᠋ ᠪᠢ ᠢᠳᠡᠬᠡᠳᠡᠭ》 ᠬᠡᠵᠦ ᠬᠤᠤ ᠵᠢᠶᠠ ᠸᠧᠢ ᠶᠠᠷᠢᠨ᠎ᠠ᠃ ᠲᠡᠷᠡ ᠣᠶᠤᠲᠠᠳ᠎ᠤᠨ ᠰᠢᠨ᠎ᠡ ᠵᠠᠭᠤᠴᠢᠯᠠᠭᠤᠷ᠎ᠤᠨ ᠲᠥᠪ᠎ᠦᠨ ᠰᠣᠷᠪᠣᠯᠵᠢᠯᠠᠭ᠍ᠴᠢᠳ᠎ᠤᠨ ᠪᠦᠯᠬᠦᠮ ᠢ᠋ ᠵᠣᠬᠢᠶᠠᠨ ᠪᠠᠢᠭᠤᠯᠵᠤ᠂ ᠮᠠᠰᠢ ᠣᠯᠠᠨ ᠰᠢᠯᠢᠳᠡᠭ ᠰᠤᠷᠤᠭ᠍ᠴᠢᠳ ᠢ᠋ ᠴᠤᠭᠯᠠᠭᠤᠯᠤᠨ᠂ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠪᠠᠳᠠᠷᠠᠭᠤᠯᠵᠤ᠂ ᠨᠠᠢᠵᠠ ᠨᠥᠬᠥᠳ᠎ᠦᠨ ᠬᠠᠷᠠᠭᠠᠨ ᠡᠴᠡ ᠳᠡᠷᠭᠡᠳᠡᠬᠢ ᠰᠡᠳᠬᠢᠯ ᠬᠥᠳᠡᠯᠭᠡᠮ᠎ᠡ ᠦᠯᠢᠭᠡᠷ ᠢ᠋ ᠦᠨᠡᠨ ᠪᠣᠳᠠᠲᠠᠢ᠎ᠪᠠᠷ ᠲᠡᠮᠳᠡᠭᠯᠡᠬᠦ ᠵᠢ ᠬᠦᠳᠦᠯᠦᠨ ᠵᠢᠯᠤᠭᠤᠳᠪᠠ᠃ ᠡᠨᠡ᠎ᠬᠦ ᠶᠠᠪᠤᠴᠠ᠎ᠳᠤ ᠰᠤᠷᠤᠭ᠍ᠴᠢᠳ ᠳᠡᠷᠭᠡᠳᠡᠬᠢ ᠯᠧᠢ ᠹᠧᠩ᠎ᠤᠨ ᠦᠯᠢᠭᠡᠷ ᠢ᠋ ᠲᠠᠰᠤᠷᠠᠯᠲᠠ ᠦᠭᠡᠢ ᠢᠯᠡᠷᠡᠭᠦᠯᠵᠦ᠂ ᠰᠢᠨ᠎ᠡ ᠴᠠᠭ ᠦᠶ᠎ᠡ ᠶ᠋ᠢᠨ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠦᠢᠯᠡᠳᠦᠯᠭᠡᠵᠢᠭᠦᠯᠵᠦ᠂ ᠬᠤᠷᠴᠠ ᠪᠢᠷ᠂ ᠳᠦᠷᠰᠦ ᠰᠢᠩᠭᠡᠭᠡᠯᠳᠡ ᠵᠢᠨ ᠮᠠᠰᠢᠨ ᠵᠢᠡᠷ ᠵᠢᠡᠨ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠰᠤᠷᠭᠠᠭᠤᠯᠢ ᠶ᠋ᠢᠨ ᠬᠦᠷᠢᠶᠡᠨ᠎ᠳᠦ ᠶᠡᠭᠡ ᠪᠡᠷ ᠤᠯᠠᠮᠵᠢᠯᠠᠨ ᠪᠠᠳᠠᠷᠠᠭᠤᠯᠪᠠ᠃

《ᠯᠧᠢ ᠹᠧᠩ ᠨᠢᠭᠡ ᠨᠠᠰᠤᠨ᠎ᠳᠠᠭᠠᠨ ᠪᠤᠰᠤᠳ ᠢ᠋ ᠬᠠᠪᠰᠤᠷᠬᠤ᠎ᠪᠠᠷ ᠬᠠᠮᠤᠭ᠎ᠤᠨ ᠶᠡᠬᠡ ᠪᠠᠶᠠᠷ ᠪᠠᠶᠠᠰᠤᠯ᠎ᠢᠶᠠᠨ ᠪᠣᠯᠭᠠᠳᠠᠭ᠂ ᠪᠢ ᠶᠡᠬᠡ ᠳᠡᠭᠡᠳᠦ ᠰᠤᠷᠭᠠᠭᠤᠯᠢ᠎ᠶᠢᠨ ᠰᠤᠷᠳᠠᠯ ᠤᠬᠠᠭᠤᠯᠭ᠎ᠠ ᠵᠢᠨ ᠠᠵᠢᠯᠲᠠᠨ ᠪᠣᠯᠤᠭᠰᠠᠨ᠎ᠤ ᠬᠤᠪᠢ᠎ᠳᠤ᠂ ᠯᠧᠢ ᠹᠧᠩ᠎ᠤᠨ ᠵᠣᠷᠢᠭ᠋ ᠰᠠᠨᠠᠭ᠎ᠠ ᠶ᠋ᠢ ᠦᠢᠯᠡᠳᠦᠯᠭᠡᠵᠢᠭᠦᠯᠵᠦ᠂ ᠬᠦᠰᠡᠯᠡᠩ ᠪᠠ ᠢᠲᠡᠭᠡᠯ ᠵᠣᠷᠢᠭ᠋ ᠵᠢᠡᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠲᠤᠬᠠᠢᠯᠠᠭᠰᠠᠨ ᠠᠵᠢᠯ᠎ᠤᠨ ᠪᠠᠢᠷᠢ᠂ ᠡᠳᠦᠷ ᠲᠤᠲᠤᠮ᠎ᠤᠨ ᠠᠮᠢᠳᠤᠷᠠᠯ᠎ᠤᠨ ᠳᠤᠮᠳᠠ ᠪᠠᠨ ᠬᠡᠷᠡᠭᠴᠡᠭᠡ ᠲᠠᠢ ᠪᠠᠭ᠍ᠰᠢ ᠰᠤᠷᠤᠭ᠍ᠴᠢ᠂ ᠣᠯᠠᠨ ᠲᠦᠮᠡᠨ᠎ᠳᠦ ᠴᠢᠳᠠᠯ᠎ᠤᠨ ᠵᠢᠡᠨ ᠬᠢᠷᠢ᠎ᠪᠡᠷ ᠦᠢᠯᠡᠴᠢᠯᠡᠵᠦ ᠪᠤᠰᠤᠳ ᠲᠠᠯ᠎ᠠ ᠶ᠋ᠢᠨ ᠬᠠᠪᠰᠤᠷᠤᠯᠭ᠎ᠠ ᠬᠠᠩᠭᠠᠵᠤ᠂ ᠤᠬᠠᠭᠤᠯᠭ᠎ᠠ ᠮᠡᠳᠡᠭᠡᠯᠡᠯ᠎ᠤᠨ ᠳᠤᠮᠳᠠ ᠪᠠᠭ᠍ᠰᠢ ᠰᠤᠷᠤᠭ᠍ᠴᠢᠳ᠎ᠤᠨ ᠣᠷᠤᠯᠴᠠᠬᠤ ᠲᠥᠷᠥᠭᠳᠡᠯ᠂ ᠪᠡᠶᠡᠳᠡᠨ ᠤᠢᠯᠠᠭᠠᠬᠤ ᠲᠦᠷᠦᠭᠳᠡᠯ᠂ ᠬᠦᠷᠲᠡᠮᠵᠢ ᠶ᠋ᠢᠨ ᠲᠥᠷᠥᠭᠳᠡᠯ᠎ᠢ ᠨᠡᠮᠡᠭᠳᠡᠬᠦᠯᠵᠦ᠂ ᠤᠬᠠᠭᠤᠯᠭ᠎ᠠ ᠶ᠋ᠢᠨ ᠠᠵᠢᠯ᠎ᠤᠨ ᠤᠳᠬ᠎ᠠ ᠠᠭᠤᠯᠭ᠎ᠠ᠂ ᠦᠨ᠎ᠡ ᠥᠷᠲᠡᠭ᠎ᠢ ᠲᠠᠨᠢᠭᠤᠯᠤᠨ᠎ᠠ》 ᠬᠤᠤ ᠵᠢᠶᠠ ᠸᠧᠢ ᠬᠡᠯᠡᠨ᠎ᠠ᠃

ᠪᠠᠭ᠍ᠰᠢ ᠰᠤᠷᠤᠭ᠍ᠴᠢᠳ᠎ᠤᠨ ᠦᠯᠢᠭᠡᠷ ᠤᠴᠠᠷᠠᠯ᠎ᠢ ᠰᠠᠢᠲᠤᠷ ᠶᠠᠷᠢᠵᠤ᠂ ᠳᠡᠷᠬᠡᠳᠡᠬᠢ ᠰᠡᠳᠬᠢᠯ ᠳᠤᠭᠳᠤᠯᠤᠭᠤᠯᠤᠮ᠎ᠠ ᠬᠡᠷᠡᠭ ᠤᠴᠢᠷ ᠢ᠋ ᠨᠡᠩ ᠤᠯᠠᠨ ᠬᠥᠮᠥᠨ᠎ᠳᠦ ᠮᠡᠳᠡᠭᠦᠯᠵᠦ᠂ ᠰᠤᠷᠭᠠᠭᠤᠯᠢ᠎ᠶᠢᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠨᠢ ᠬᠤᠤ ᠵᠢᠶᠠ ᠸᠧᠢ᠎ᠶᠢᠨ ᠣᠳᠣᠬᠠᠨ᠎ᠤ ᠬᠠᠮᠤᠭ᠎ᠤᠨ ᠲᠤᠳᠤᠨᠤ ᠵᠤᠷᠢᠬᠵᠢᠭᠤᠯᠤᠯ ᠪᠤᠯᠵᠥ ᠪᠢᠯᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面