ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2022-04-18 10:17:51

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

— ᠲᠤᠮᠲᠠᠲᠤ ᠤᠯᠤᠰ ᠤ᠋ᠨ ᠲᠡᠮᠦᠷ ᠵᠠᠮ ᠤ᠋ᠨ ᠬᠦᠬᠡᠬᠤᠲᠠ ᠵᠢᠨ ᠲᠤᠪᠴᠢᠶ᠎ᠠ ᠪᠦᠯᠦᠭᠯᠡᠯ ᠤ᠋ᠨ ᠬᠢᠵᠠᠭᠠᠷᠲᠦ ᠺᠤᠮᠫᠠᠨᠢ ᠢ᠋ᠢᠨ ᠡᠷᠢᠶᠡᠨ ᠳ᠋ᠡᠬᠢ ᠲᠡᠷᠭᠡᠨ ᠦᠷᠲᠡᠭᠡ ᠵᠢ ᠲᠡᠮᠲᠡᠭᠯᠡᠪᠡ

ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠪᠠᠢᠭᠤᠯᠵᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠵᠢᠯ ᠪᠦᠷᠢ ᠲᠣᠭ᠍ᠲᠠᠬᠰᠠᠨ ᠬᠤᠭᠤᠴᠠᠭ᠎ᠠ ᠲᠠᠢ ᠦᠷᠨᠢᠭᠦᠯᠪᠡ; ᠳᠤᠮᠳᠠᠳᠤ ᠭᠠᠳᠠᠭᠠᠳᠤ᠎ᠶ᠋ᠢᠨ ᠠᠶᠠᠨᠴᠢᠳ ᠤ᠋ᠨ ᠪᠢᠯᠧᠲ ᠬᠤᠳᠠᠯᠳᠤᠨ ᠠᠪᠬᠤ ᠳ᠋ᠤᠨᠢ ᠵᠥᠪᠯᠡᠯᠭᠡ ᠥᠭ᠌ᠬᠦ᠂ ᠲᠡᠷᠭᠡ ᠬᠦᠯᠢᠶᠡᠬᠦ᠌᠎ᠳ᠋ᠤᠨᠢ ᠬᠥᠲᠥᠯᠦᠨ ᠵᠢᠯᠣᠭᠣᠳᠭᠤ᠂ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠵᠡᠷᠭᠡ ᠪᠥᠬᠥ᠌ ᠲᠠᠯ᠎ᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠩᠭᠠᠪᠠ; ᠬᠢᠯᠢ ᠢ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠢᠳᠡᠪᠬᠢᠲᠡᠶ᠎ᠪᠡᠷ ᠳᠡᠮᠵᠢᠵᠦ᠍᠂ ᠡᠷᠬᠢᠨ ᠲᠣᠭᠣᠷᠢᠨ᠎ᠤ ᠨᠡᠢᠭᠡᠮ ᠲᠣᠭᠣᠷᠢᠭ᠂ ᠰᠤᠷᠭᠠᠭᠤᠯᠢ᠂ ᠶᠠᠳᠠᠭᠤ ᠬᠦᠴᠢᠷᠳᠡᠯᠲᠡᠶ ᠬᠡᠷ ᠪᠦᠯᠢ ᠪᠠ ᠵᠠᠮ ᠳᠠᠭᠠᠤ᠎ᠶ᠋ᠢᠨ ᠲᠡᠷᠭᠡᠨ ᠥᠷᠲᠡᠭᠡ᠂ ᠮᠠᠯᠵᠢᠬᠤ ᠣᠷᠣᠨ᠎ᠳᠤ ᠭᠦᠨᠵᠡᠭᠡᠢᠷᠡᠨ᠂ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠶ᠎ᠶ᠋ᠢᠨ ᠦᠶ᠋ᠯᠡᠰ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠪᠠ ᠁ 3 ᠰᠠᠷ᠎ᠠ᠎ᠶ᠋ᠢᠨ ᠡᠬᠢ᠎ᠪᠡᠷ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠵᠢᠨ ᠲᠣᠪᠴᠢᠶ᠎ᠠ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠡᠷᠢᠶᠡᠨ ᠳ᠋ᠡᠬᠢ ᠲᠡᠷᠭᠡᠨ ᠥᠷᠲᠡᠭᠡ 《ᠳᠣᠯᠣᠳᠤᠭᠠᠷ ᠪᠦᠯᠦᠭ᠎ᠦᠨ ᠪᠥᠬᠥ᠌ ᠤᠯᠤᠰ᠎ᠤᠨ ᠯᠸᠢ ᠹᠸᠩ᠎ᠡᠴᠡ ᠰᠤᠷᠤᠯᠴᠠᠬᠤ ᠠᠵᠢᠯᠯᠠᠭ᠎ᠠ᠎ᠶ᠋ᠢᠨ ᠵᠢᠱ᠌ᠢᠶ᠎ᠡ ᠦᠵᠡᠭᠦᠯᠬᠦ᠌ ᠴᠡᠭ》 ᠢ᠋ᠢᠡᠷ ᠦᠨᠡᠯᠡᠭ᠌ᠳᠡᠪᠡ᠃

4 ᠰᠠᠷ᠎ᠠ᠎ᠶ᠋ᠢᠨ 5 ᠎ᠤ᠋ ᠦᠳᠡ᠎ᠶ᠋ᠢᠨ ᠬᠣᠢᠨ᠎ᠠ᠂ ᠡᠷᠢᠶᠡᠨ ᠳ᠋ᠡᠬᠢ ᠲᠡᠷᠭᠡᠨ ᠥᠷᠲᠡᠭᠡᠨ᠎ᠦ 《ᠰᠦᠨ ᠴᠢ ᠬᠠᠯᠠᠭᠤᠨ ᠲᠤᠲᠤᠨᠤ ᠦᠶ᠋ᠯᠡᠴᠢᠯᠡᠭᠡᠨ᠎ᠦ ᠲᠠᠪᠴᠠᠩ》ᠤ᠋ᠨ ᠡᠮᠦᠨ᠎ᠡ ᠪᠠᠢᠨ ᠪᠠᠢᠨ ᠠᠶᠠᠨᠴᠢᠳ ᠢᠷᠡᠵᠦ᠍ ᠠᠰᠠᠭᠤᠨ ᠯᠠᠪᠯᠠᠵᠤ᠂ ᠠᠶᠠᠨᠴᠢᠳ᠎ᠤᠨ ᠲᠡᠭᠡᠭᠡᠪᠦᠷᠢ᠎ᠶ᠋ᠢᠨ ᠵᠢᠵᠢᠭᠦᠷᠯᠡᠭ᠌ᠴᠢ ᠡᠴᠡ ᠠᠶᠠᠨᠴᠢᠳ᠎ᠤᠨ ᠮᠠᠳᠠᠭ᠎ᠲᠠᠶ ᠠᠰᠠᠭᠤᠳᠠᠯ᠎ᠢ ᠨᠠᠷᠢᠨ ᠬᠢᠨᠠᠮᠠᠭᠠᠶ ᠲᠠᠢᠯᠪᠤᠷᠢᠯᠠᠨ ᠥᠭ᠌ᠴᠦ᠂ ᠠᠶᠠᠨᠴᠢᠳ᠎ᠢ ᠠᠮᠤᠷ ᠲᠦᠪᠱᠢᠨ᠎ᠢᠶᠡᠷ ᠲᠡᠷᠭᠡᠨ᠎ᠳᠦ ᠰᠠᠭᠤᠯᠭᠠᠬᠤ᠎ᠪᠠᠷ ᠬᠥᠲᠥᠯᠥᠨ ᠵᠢᠯᠣᠭᠣᠳᠴᠤ᠌ ᠪᠠᠢᠯ᠎ᠠ᠃ ᠡᠷᠢᠶᠡᠨ ᠳ᠋ᠡᠬᠢ ᠲᠡᠷᠭᠡᠨ ᠥᠷᠲᠡᠭᠡ 《ᠰᠦᠨ ᠴᠢ ᠬᠠᠯᠠᠭᠤᠨ ᠳᠣᠲᠣᠨᠣ ᠦᠢᠯᠡᠴᠢᠯᠡᠭᠡᠨ᠎ᠦ ᠲᠠᠪᠴᠠᠩ》 ᠢ᠋ ᠲᠤᠬᠢᠷᠠᠭᠤᠯᠤᠬᠰᠠᠨ ᠡᠴᠡ ᠨᠠᠭᠠᠰᠢ᠂ ᠯᠸᠢ ᠹᠸᠩ᠎ᠤᠨ ᠵᠣᠷᠢᠭ ᠰᠠᠨᠠᠭ᠎ᠠ ᠵᠢ ᠦᠢᠯᠡᠴᠢᠯᠡᠭᠡᠨ᠎ᠦ ᠪᠦᠬᠦ ᠲᠠᠯ᠎ᠠ ᠎ᠳᠦ ᠲᠤᠭᠤᠰᠢᠯᠠᠭᠤᠯᠬᠤ᠎ᠶ᠋ᠢ ᠪᠠᠷᠢᠮᠲᠠᠯᠠᠨ᠂ ᠦᠢᠯᠡᠴᠢᠯᠡᠭᠡᠨ᠎ᠦ ᠨᠠᠷᠢᠨ ᠵᠦᠢᠯᠡᠰ᠎ᠢ ᠲᠡᠭᠦᠯᠳᠡᠷᠵᠢᠭᠦᠯᠬᠦ᠌᠎ᠶ᠋ᠢ ᠴᠢᠬᠤᠯᠠᠴᠢᠯᠠᠵᠤ᠂《ᠮᠡᠳᠡᠭᠡ ᠵᠠᠩᠭᠢ᠎ᠶ᠋ᠢᠨ ᠵᠥᠪᠯᠡᠯᠭᠡ ᠥᠭ᠌ᠬᠦ᠂ ᠬᠥᠲᠥᠯᠥᠨ ᠵᠢᠯᠣᠭᠣᠳᠴᠤ᠌ ᠬᠠᠪᠰᠤᠷᠬᠤ᠂ ᠭᠣᠣᠯᠳᠠᠯᠭ᠎ᠠ᠎ᠲᠠᠶ ᠦᠢᠯᠡᠴᠢᠯᠡᠬᠦ᠌᠂ ᠭᠡᠭᠡᠭ᠌ᠰᠡᠨ ᠶᠠᠭᠤᠮ᠎ᠠ᠎ᠪᠠᠨ ᠲᠠᠨᠢᠵᠤ ᠠᠪᠬᠤ᠂ ᠪᠠᠴᠢᠮ ᠪᠠᠢᠳᠠᠯ᠎ᠢ ᠠᠷᠭᠠᠴᠠᠭᠠᠬᠤ ᠤᠳᠠᠰᠤ ᠪᠤᠶᠤ ᠵᠠᠭᠠᠯᠳᠤᠯᠭ᠎ᠠ᠎ᠶ᠋ᠢ ᠬᠦᠯᠢᠶᠡᠨ ᠠᠪᠴᠤ᠌ ᠱᠢᠶ᠋ᠳᠪᠦᠷᠢᠯᠡᠬᠦ᠌》 ᠵᠢᠷᠭᠤᠭᠠᠨ ᠶᠡᠬᠡ ᠳᠣᠲᠣᠨᠣ ᠴᠢᠳᠠᠮᠵᠢ᠎ᠶ᠋ᠢᠨ ᠲᠣᠭᠣᠷᠢᠨ᠎ᠳᠤ ᠲᠤᠰᠭᠠᠶ ᠡᠳ᠋ ᠪᠣᠳᠠᠰ᠎ᠢ ᠬᠠᠳᠠᠭᠠᠯᠠᠬᠤ ᠬᠠᠢᠷᠴᠠᠭ᠂ ᠠᠷᠠᠳ᠎ᠲᠤ ᠳᠥᠭᠥᠮ ᠦᠵᠡᠭᠦᠯᠬᠦ᠌ ᠪᠣᠷᠣᠭᠠᠨ᠎ᠤ ᠱᠢᠬᠦᠷ᠂ ᠠᠷᠠᠳ᠎ᠲᠤ ᠳᠥᠭᠥᠮ ᠦᠵᠡᠭᠦᠯᠬᠦ᠌ ᠡᠮ᠎ᠦᠨ ᠬᠠᠢᠷᠴᠠᠭ ᠵᠡᠷᠭᠡ ᠲᠥᠬᠥᠭᠡᠷᠦᠮᠵᠢ᠎ᠶ᠋ᠢ ᠨᠡᠮᠡᠭ᠌ᠳᠡᠭᠦᠯᠦᠭᠡᠳ᠂ ᠠᠶᠠᠨᠴᠢᠳ᠎ᠤᠨ ᠶᠠᠪᠤᠵᠤ ᠰᠠᠭᠤᠬᠤ ᠬᠡᠷᠡᠭ᠌ᠴᠡᠭᠡ᠎ᠳᠦ ᠲᠤᠢᠯ᠎ᠤᠨ ᠶᠡᠬᠡ ᠳᠥᠭᠥᠮ ᠦᠵᠡᠭᠦᠯᠪᠡ᠃

ᠬᠢᠯᠢ᠎ᠶ᠋ᠢᠨ ᠪᠣᠭᠣᠮᠲᠠ᠎ᠶ᠋ᠢᠨ ᠥᠷᠲᠡᠭᠡᠨ᠎ᠦ ᠣᠨᠴᠠᠭᠠᠶ ᠭᠠᠵᠠᠷ ᠵᠦᠶ᠎ᠶ᠋ᠢᠨ ᠪᠠᠢᠷᠢᠱᠢᠯ ᠡᠴᠡ ᠪᠣᠯᠵᠣ᠂ ᠭᠠᠳᠠᠭᠠᠳᠤ᠎ᠶ᠋ᠢᠨ ᠬᠠᠷᠢᠶᠠᠲᠤ ᠪᠠ ᠴᠥᠭᠡᠨ ᠲᠣᠭᠠᠲᠤ ᠦᠨᠳᠦᠰᠦᠲᠡᠨ᠎ᠦ ᠠᠶᠠᠨᠴᠢᠨ ᠨᠡᠯᠢᠶᠡᠳ ᠣᠯᠠᠨ ᠪᠠᠢᠳᠠᠭ ᠡᠴᠡ ᠳᠤᠰ ᠲᠡᠷᠭᠡᠨ ᠥᠷᠲᠡᠭᠡ ᠪᠠᠰᠠ ᠠᠶᠠᠨᠴᠢᠳ᠎ᠤᠨ ᠦᠶ᠋ᠯᠡᠴᠢᠯᠡᠭᠡ᠎ᠶ᠋ᠢ ᠪᠠᠢᠴᠠᠭᠠᠨ ᠯᠠᠪᠯᠠᠬᠤ ᠣᠶᠤᠨᠴᠢ ᠱᠢᠰᠲ᠋ᠧᠮ᠎ᠢ ᠪᠡᠶ᠎ᠡ᠎ᠪᠡᠨ ᠳᠠᠭᠠᠭᠠᠨ ᠰᠤᠳᠤᠯᠤᠨ ᠨᠡᠭᠡᠭᠡᠵᠦ᠍᠂ ᠠᠪᠢᠶᠠᠨ᠎ᠤ ᠣᠷᠴᠢᠭᠤᠯᠭ᠎ᠠ᠂ 12306 ᠠᠶᠠᠨᠴᠢᠳ᠎ᠤᠨ ᠦᠶ᠋ᠯᠡᠴᠢᠯᠡᠭᠡ᠂ ᠵᠢᠭᠤᠯᠴᠢᠯᠠᠯ᠎ᠤᠨ ᠮᠡᠳᠡᠭᠡ ᠵᠠᠩᠭᠢ᠂ ᠴᠠᠭ ᠠᠭᠤᠷ᠎ᠤᠨ ᠮᠡᠳᠡᠭᠡ ᠵᠠᠩᠭᠢ ᠵᠡᠷᠭᠡ ᠠᠭᠤᠯᠭ᠎ᠠ᠎ᠶ᠋ᠢ ᠨᠢᠭᠡ ᠴᠣᠭ᠍ᠴᠠ ᠪᠣᠯᠭᠠᠨ᠂ ᠠᠶᠠᠨᠴᠢᠳ᠎ᠤᠨ ᠥᠪᠡᠰᠦᠪᠡᠨ ᠪᠠᠢᠴᠠᠭᠠᠨ ᠯᠠᠪᠯᠠᠬᠤ᠎ᠳᠤ ᠲᠥᠬᠥᠮ ᠦᠵᠡᠭᠦᠯᠵᠦ᠍᠂᠎ᠦᠭᠡ ᠬᠡᠯᠡ ᠨᠡᠪᠲᠡᠷᠡᠯᠴᠡᠬᠦ᠌ ᠥᠬᠡᠶ᠎ᠡᠴᠡ ᠪᠣᠯᠤᠭ᠍ᠰᠠᠨ ᠦᠶ᠋ᠯᠡᠴᠢᠯᠡᠭᠡᠨ᠎ᠦ ᠬᠠᠷᠰᠢ ᠰᠠᠭᠠᠳ᠎ᠢ ᠶᠡᠬᠡ᠎ᠪᠡᠷ ᠪᠠᠭᠠᠰᠭᠠᠪᠠ᠃

ᠡᠭᠦᠨ᠎ᠦ ᠬᠠᠮᠲᠦ ᠳᠤᠰ ᠲᠡᠷᠭᠡᠨ ᠥᠷᠲᠡᠭᠡᠨ᠎ᠦ ᠬᠢᠨ《ᠰᠦᠨ ᠴᠢ ᠬᠠᠯᠠᠭᠤᠨ ᠳᠤᠳᠤᠨᠤ ᠦᠢᠯᠡᠴᠢᠯᠡᠭᠡᠨ᠎ᠦ ᠲᠠᠪᠴᠠᠩ》 ᠤ᠋ᠨ ᠬᠠᠵᠠᠭᠤ᠎ᠳᠤ ᠠᠷᠠᠳ᠎ᠲᠤ ᠳᠥᠭᠥᠮ ᠦᠵᠡᠭᠦᠯᠬᠦ᠌ ᠦᠢᠯᠡᠴᠢᠯᠡᠭᠡᠨ᠎ᠦ ᠪᠤᠯᠤᠩ ᠪᠣᠯᠤᠨ ᠤᠯᠠᠭᠠᠨ ᠵᠠᠭᠠᠯᠮᠠᠢᠲᠠᠨ᠎ᠤ ᠪᠠᠴᠢᠮ ᠪᠠᠢᠳᠠᠯ᠎ᠢ ᠠᠷᠭᠠᠴᠠᠭᠠᠨ ᠠᠪᠤᠷᠠᠬᠤ ᠭᠠᠵᠠᠷ ᠲᠤᠬᠢᠷᠠᠭᠤᠯᠵᠦ᠂ ᠬᠦᠷᠳᠦᠲᠦ ᠰᠠᠨᠳᠠᠯᠢ ᠪᠣᠯᠤᠨ ᠴᠢᠰᠤᠨ ᠳᠠᠷᠤᠯᠲᠠ᠎ᠶ᠋ᠢᠨ ᠬᠡᠮᠵᠢᠭᠦᠷ᠂ ᠱᠢᠷᠬᠠᠨ᠎ᠤ ᠪᠣᠭᠣᠯᠲᠠ ᠵᠡᠷᠭᠡ ᠲᠦᠷᠭᠡᠨ ᠠᠪᠤᠷᠠᠬᠤ ᠬᠡᠷᠡᠭ᠌ᠰᠡᠯ᠎ᠢ ᠲᠣᠬᠢᠷᠠᠭᠤᠯᠵᠤ᠂ ᠠᠶᠠᠨᠴᠢᠳ᠎ᠲᠤ ᠬᠠᠯᠠᠭᠤᠨ ᠲᠤᠲᠤᠨᠤ᠂ ᠲᠦᠭᠦᠮ ᠲᠦᠲᠡ ᠲᠡᠷᠭᠡ ᠬᠦᠯᠢᠶᠡᠬᠦ᠌ ᠣᠷᠴᠢᠨ ᠨᠥᠬᠥᠴᠡᠯ ᠢ᠋ ᠬᠠᠩᠭᠠᠪᠠ᠃

ᠴᠢᠮᠡᠭ ᠨᠠᠰᠤᠳᠡᠨ ᠪᠣᠯ ᠡᠷᠢᠶᠡᠨ ᠳ᠋ᠡᠬᠢ ᠲᠡᠷᠭᠡᠨ ᠦᠷᠲᠡᠭᠡᠨ ᠤ᠋ ᠠᠬᠠᠮᠠᠳ ᠠᠵᠢᠯᠲᠠᠨ ᠪᠤᠯᠤᠨ᠎ᠠ᠃ ᠬᠡᠳᠦᠨ ᠠᠷᠪᠠᠨ ᠵᠢᠯ᠎ᠦᠨ ᠲᠤᠷᠰᠢ ᠲᠡᠷᠡ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ ᠲᠸ᠋ ᠬᠠᠯᠠᠭᠤᠨ ᠰᠡᠳᠬᠢᠯ ᠢ᠋ᠢᠡᠷ ᠵᠢᠳᠬᠦᠵᠦ᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠤ ᠵᠢ ᠨᠠᠰᠤᠨ ᠲᠤᠷᠰᠢᠲᠠ ᠢ᠋ᠢᠨ ᠲᠠᠳᠬᠠᠯ ᠢ᠋ᠢᠡᠨ ᠪᠤᠯᠭᠠᠵᠦ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭᠠᠷ ᠬᠤᠭᠤᠴᠠᠭᠠᠨ᠎ᠤ ᠶᠣᠰᠣ ᠰᠤᠷᠲᠠᠬᠤᠨ᠎ᠤ ᠵᠢᠱ᠌ᠢᠶᠡᠴᠢ》 ᠢ᠋ᠢᠨ ᠢᠷᠠᠭᠤ ᠠᠯᠲᠠᠷ ᠢ᠋ ᠭᠥᠷᠳᠡᠭ᠌ᠰᠡᠨ ᠪᠢᠯᠡ᠃ ᠲᠡᠭᠦᠨ᠎ᠦ ᠦᠢᠯᠡ ᠠᠵᠢᠯᠯᠠᠭ᠎ᠠ ᠨᠢ ᠡᠷᠢᠶᠡᠨ ᠳ᠋ᠡᠬᠢ ᠲᠡᠷᠭᠡᠨ ᠥᠷᠲᠡᠭᠡᠨ᠎ᠦ ᠵᠠᠯᠠᠭᠤᠴᠤᠳ᠎ᠢ ᠶᠡᠬᠡᠳᠡ ᠨᠥᠯᠥᠭᠡᠯᠡᠵᠦ᠍᠂ 2016 ᠣᠨ᠎ᠤ ᠰᠡᠭᠦᠯᠴᠢ᠎ᠪᠡᠷ᠂ ᠡᠷᠢᠶᠡᠨ ᠳ᠋ᠡᠬᠢ ᠲᠡᠷᠭᠡᠨ ᠦᠷᠳᠡᠭᠡ《ᠴᠢᠮᠡᠭ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ》ᠶ᠋ᠢ ᠪᠠᠢᠭᠤᠯᠵᠦ᠂ ᠣᠳᠣᠬᠠᠨ᠎ᠳᠤ᠂ ᠲᠤᠰ ᠦᠶ᠋ᠯᠡᠴᠢᠯᠡᠭᠡᠨ᠎ᠦ ᠠᠩᠭᠢ ᠨᠢ ᠨᠢᠭᠡᠨᠲᠡ ᠡᠷᠢᠶᠡᠨ ᠲᠡᠷᠭᠡᠨ ᠥᠷᠲᠡᠭᠡᠨ᠎ᠦ ᠥᠪᠡᠷᠮᠢᠴᠡ ᠣᠨᠴᠠᠯᠢᠭ᠎ᠲᠠᠶ ᠦᠶ᠋ᠯᠡᠴᠢᠯᠡᠭᠡᠨ᠎ᠦ ᠨᠠᠷᠠᠲᠤ ᠲᠡᠮᠳᠡᠭ ᠪᠣᠯᠵᠣ᠂ 35 ᠵᠠᠯᠠᠭᠤ ᠰᠠᠢᠨ ᠳᠤᠷᠠᠴᠤᠳ ᠲᠡᠷᠭᠡᠨ ᠥᠷᠲᠡᠭᠡ᠎ᠪᠡᠷ ᠲᠥᠪ ᠪᠣᠯᠭᠠᠨ᠂ ᠡᠷᠢᠶᠡᠨ ᠬᠣᠲᠠ᠎ᠶ᠋ᠢᠨ ᠪᠥᠬᠥ᠌ ᠬᠣᠲᠠ᠎ᠳᠤ ᠰᠠᠢᠨ ᠳᠤᠷ᠎ᠠ᠎ᠶ᠋ᠢᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠷ᠎ᠡ ᠪᠦᠲᠦᠮᠵᠢ ᠨᠡᠯᠢᠶᠡᠳ ᠰᠠᠢᠨ ᠪᠠᠢᠯ᠎ᠠ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ ᠡᠭᠦᠰᠦᠭ᠌ᠰᠡᠨ ᠡᠴᠡ ᠨᠠᠭᠠᠰᠢ᠂《ᠴᠢᠮᠡᠭ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠩᠭᠢ》 ᠎ᠶ᠋ᠢᠨ ᠭᠡᠱᠢᠭᠦᠳ ᠬᠢᠵᠢᠭ᠎ᠢ ᠰᠡᠷᠭᠡᠢᠯᠡᠬᠦ᠌ ᠮᠡᠳᠡᠯᠭᠡ᠎ᠶ᠋ᠢ ᠢᠳᠡᠪᠬᠢᠲᠡᠶ ᠴᠤᠭ᠍ᠯᠠᠭᠤᠯᠤᠨ ᠡᠮᠬᠢᠳᠭᠡᠵᠦ᠍᠂ ᠬᠢᠵᠢᠭ᠎ᠢ ᠰᠡᠷᠭᠡᠢᠯᠡᠬᠦ᠌ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠰᠠᠭᠤᠭᠠᠯᠢ ᠠᠷᠠᠳ᠎ᠤᠨ ᠰᠡᠷᠭᠡᠢᠯᠡᠨ ᠬᠠᠮᠠᠭᠠᠯᠠᠬᠤ᠎ᠪᠠᠷ ᠭᠣᠣᠯ ᠠᠭᠤᠯᠭ᠎ᠠ ᠪᠣᠯᠭᠠᠭ᠍ᠰᠠᠨ ᠤᠬᠠᠭᠤᠯᠭ᠎ᠠ᠎ᠶ᠋ᠢᠨ ᠬᠠᠭᠤᠳᠠᠰᠤ ᠵᠣᠬᠢᠶᠠᠵᠤ᠂ ᠭᠡᠱᠢᠭᠦᠳ᠎ᠢ ᠵᠣᠬᠢᠶᠠᠨ ᠪᠠᠢᠭᠤᠯᠤᠨ ᠥᠷᠲᠡᠭᠡᠨ᠎ᠦ ᠡᠮᠦᠨᠡᠬᠢ ᠠᠭᠤᠳᠠᠮ ᠲᠠᠯᠠᠪᠠᠢ᠂ ᠲᠡᠷᠭᠡ ᠬᠦᠯᠢᠶᠡᠬᠦ᠌ ᠲᠢᠩᠬᠢᠮ᠂ ᠪᠢᠯᠧᠲ ᠬᠤᠳᠠᠯᠳᠤᠬᠤ ᠲᠢᠩᠬᠢᠮ ᠵᠡᠷᠭᠡ ᠲᠠᠯᠠᠪᠤᠷ᠎ᠲᠤ ᠬᠢᠵᠢᠭ᠎ᠢ ᠰᠡᠷᠭᠡᠢᠯᠡᠬᠦ᠌ ᠮᠡᠳᠡᠯᠭᠡ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠥᠷᠨᠢᠭᠦᠯᠵᠦ᠍᠂ ᠠᠶᠠᠨᠴᠢᠳ᠎ᠤᠨ ᠥᠪᠡᠷ᠎ᠢ᠎ᠪᠡᠨ ᠬᠠᠮᠠᠭᠠᠯᠠᠬᠤ ᠤᠬᠠᠮᠰᠠᠷ᠎ᠢ ᠨᠢ ᠳᠡᠭᠡᠭ᠌ᠰᠢᠯᠡᠭᠦᠯᠪᠡ᠃

ᠲᠡᠷᠭᠡᠨ ᠥᠷᠲᠡᠭᠡᠨ᠎ᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠲᠡᠬᠦ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ᠂ 《ᠴᠢᠮᠡᠭ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠩᠭᠢ》 ᠶ᠋ᠢᠨ ᠬᠢᠨ ᠲᠡᠷᠭᠡᠨ ᠥᠷᠲᠡᠭᠡᠨ᠎ᠦ ᠡᠷᠭᠢᠨ ᠲᠣᠭᠣᠷᠢᠨ᠎ᠤ ᠰᠠᠭᠤᠭᠠᠯᠢ ᠠᠷᠠᠳ ᠤ᠋ᠨ ᠲᠣᠭᠣᠷᠢᠭ ᠤ᠋ᠨ ᠬᠢᠵᠢᠭ᠎ᠢ ᠰᠡᠷᠭᠡᠢᠯᠡᠬᠦ᠌ ᠠᠵᠢᠯᠲᠠᠨ ᠳᠤᠲᠠᠭ᠍ᠳᠠᠵᠤ ᠪᠠᠢᠭ᠎ᠠ ᠪᠣᠳᠠᠲᠤ ᠪᠠᠢᠳᠠᠯ᠎ᠳᠤ ᠴᠢᠭ᠌ᠯᠡᠭᠦᠯᠦᠨ᠂ ᠡᠷᠢᠶᠡᠨ ᠬᠣᠲᠠ᠎ᠶ᠋ᠢᠨ ᠳ᠋ᠦᠩ ᠴᠧᠩ ᠨᠡᠢᠭᠡᠮ ᠲᠣᠭᠣᠷᠢᠭ᠎ᠲᠠᠶ ᠰᠠᠨᠠᠭᠠᠴᠢᠯᠠᠭ᠎ᠠ ᠡᠴᠡ᠎ᠪᠠᠨ ᠠᠵᠢᠯ ᠢ᠋ᠢᠡᠨ ᠵᠤᠯᠭᠠᠭᠤᠯᠵᠦ᠂ 8 ᠰᠠᠢᠨ ᠳᠤᠷᠠᠴᠤᠳ ᠢ᠋ ᠨᠡᠢᠭᠡᠮ ᠲᠣᠭᠣᠷᠢᠭ᠎ᠲᠤ ᠲᠣᠮᠢᠯᠠᠨ ᠬᠠᠮᠵᠢᠨ ᠠᠵᠢᠯᠯᠠᠭᠤᠯᠵᠤ᠂ ᠨᠡᠢᠭᠡᠮ ᠲᠣᠭᠣᠷᠢᠭ᠎ᠤᠨ ᠠᠵᠢᠯᠲᠠᠳ᠎ᠲᠠᠶ ᠬᠠᠮᠲᠤ ᠰᠠᠭᠤᠭᠠᠯᠢ ᠠᠷᠠᠳ᠎ᠤ᠋ᠨ ᠰᠡᠳᠬᠢᠯ ᠢ᠋ ᠲᠠᠢᠳᠭᠤᠷᠠᠭᠤᠯᠬᠤ᠂ ᠡᠷᠦᠬᠡ ᠳᠠᠷᠠᠭᠠᠯᠠᠨ ᠪᠠᠢᠴᠠᠭᠠᠯᠲᠠ ᠬᠢᠬᠦ᠌᠂ ᠬᠢᠵᠢᠭ᠎ᠦᠨ ᠪᠠᠢᠳᠠᠯ᠎ᠤᠨ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠣᠷᠣᠵᠤ ᠭᠠᠷᠬᠤ ᠬᠥᠮᠦᠰ᠎ᠦᠨ ᠲᠡᠷᠭᠡ ᠬᠥᠰᠭᠡ᠎ᠶ᠋ᠢ ᠪᠠᠢᠴᠠᠭᠠᠵᠤ ᠳᠠᠩᠰᠠᠯᠠᠬᠤ ᠵᠡᠷᠭᠡ ᠠᠵᠢᠯ᠎ᠢ ᠰᠠᠢᠲᠤᠷ ᠬᠢᠪᠡ ᠃

ᠬᠡᠳᠦᠢᠪᠡᠷ ᠴᠠᠭ ᠦᠶ᠎ᠡ ᠤᠯᠠᠷᠢᠨ ᠬᠤᠪᠢᠷᠠᠵᠤ ᠪᠠᠢᠭ᠎ᠠ ᠪᠣᠯᠪᠠᠴᠤ᠌ ᠯᠸᠢ ᠹᠸᠩ᠎ᠤᠨ ᠵᠣᠷᠢᠭ ᠰᠠᠨᠠᠭ᠎ᠠ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ᠂ ᠶᠠᠪᠤᠬᠤ ᠲᠤᠲᠤᠮ ᠱᠢᠨᠡᠳᠴᠦ᠍ ᠪᠠᠢᠭ᠎ᠠ ᠣᠶᠤᠨ ᠰᠠᠨᠠᠭᠠᠨ᠎ᠤ ᠬᠦᠴᠦᠨ ᠮᠥᠨ᠃ ᠡᠷᠢᠶᠡᠨ ᠳ᠋ᠡᠬᠢ ᠲᠡᠷᠭᠡᠨ ᠥᠷᠲᠡᠭᠡᠨ᠎ᠦ ᠪᠦᠬᠦ᠌ ᠬᠥᠮᠦᠰ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠯᠧᠢ ᠹᠧᠩ᠎ᠦᠨ ᠦᠯᠢᠭᠡᠷ᠎ᠢ ᠪᠢᠴᠢᠭ᠌ᠯᠡᠵᠦ᠍᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠰᠤᠷᠤᠯᠴᠠᠬᠤ ᠨᠢ ᠨᠢᠭᠡᠨᠲᠡ ᠥᠷᠲᠡᠭᠡᠨ᠎ᠦ ᠲᠠᠳᠬᠠᠯ ᠪᠣᠯᠵᠠᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面