ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-07-20 11:17:27

ᠵᠣᠬᠢᠶᠠᠭ᠍ᠴᠢ᠄ ᠯᠢ ᠢᠦᠶ ᠵᠦᠸᠸ ᠣᠩᠱᠢᠭ᠍ᠰᠠᠨ ᠣᠳᠠᠭ᠎ᠠ᠄ 3

ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠯᠧᠶ ᠹᠧᠩ᠎ᠡᠴᠡ ᠰᠤᠷᠤᠯᠴᠠᠬᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ᠎ᠵᠢ ᠪᠠᠢᠩᠭᠤᠵᠢᠭᠤᠯᠵᠤ᠂ ᠶᠠᠳᠠᠭᠤ᠎ᠶ᠋ᠢ ᠬᠠᠪᠰᠤᠷᠤᠨ ᠬᠦᠴᠢᠷᠳᠡᠯ᠎ᠢ ᠨᠢ ᠲᠤᠰᠠᠯᠠᠬᠤ᠂ ᠪᠠᠭᠤᠷᠠᠢᠴᠤᠤᠯ᠎ᠢ ᠲᠡᠳᠬᠦᠨ ᠵᠡᠮᠳᠡᠭ᠌ᠴᠦᠳ᠎ᠢ ᠠᠪᠤᠷᠠᠬᠤ᠂ ᠪᠣᠯᠪᠠᠰᠤᠨ᠎ᠢ ᠰᠠᠨᠠᠭᠠᠴᠢᠯᠠᠬᠤ ᠵᠡᠷᠭᠡ ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠳᠤ ᠢᠳᠡᠪᠬᠢᠲᠡᠶ ᠣᠷᠣᠯᠴᠠᠪᠠ᠃

ᠲᠤᠰ ᠪᠠᠢᠴᠠᠭᠠᠬᠤ ᠬᠣᠷᠢᠶᠠᠨ᠎ᠳᠤ 88 ᠪᠠᠢᠴᠠᠭᠠᠬᠤ ᠠᠵᠢᠯᠳᠠᠨ᠎ᠢᠶᠠᠷ ᠪᠦᠷᠢᠯᠳᠦᠭ᠌ᠰᠡᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠭᠢ ᠪᠤᠢ᠃ ᠲᠠᠳᠠ ᠭᠡᠷ ᠲᠡᠭᠡᠨ ᠬᠤᠴᠤᠷᠤᠭᠰᠠᠨ ᠨᠠᠰᠤᠳᠠᠨ᠎ᠢᠶᠡᠷ ᠦᠶ᠋ᠯᠡᠴᠢᠯᠡᠬᠦ᠌ ᠡᠲᠡᠭᠡᠳ᠎ᠢᠶᠡᠨ ᠪᠣᠯᠭᠠᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ 24 ᠨᠠᠰᠤᠲᠠᠨ᠎ᠳᠤ ᠠᠯᠪᠠᠨ ᠵᠢᠷᠤᠮ᠎ᠤᠨ ᠦᠰᠦ ᠵᠠᠰᠠᠵᠤ᠂ ᠣᠷᠳᠣ ᠬᠤᠭᠤᠴᠠᠭ᠎ᠠ᠎ᠪᠠᠷ ᠬᠠᠪᠰᠤᠷᠤᠯᠴᠠᠭ᠎ᠠ ᠪᠠᠢᠭᠤᠯᠵᠤ ᠭᠡᠷ ᠲᠡᠭᠡᠨ ᠬᠤᠴᠤᠷᠤᠭᠰᠠᠨ ᠨᠠᠰᠤᠲᠠᠨ᠎ᠢ ᠬᠠᠪᠰᠤᠷᠤᠨ ᠲᠡᠳᠬᠦᠪᠡ᠃ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ ᠵᠡᠷᠭᠡ ᠤᠯᠠᠮᠵᠢᠯᠠᠯᠲᠤ ᠪᠠᠶᠠᠷ᠎ᠤᠨ ᠡᠳᠦᠷ᠂ ᠲᠣᠰ ᠪᠠᠢᠴᠠᠭᠠᠬᠤ ᠬᠣᠷᠢᠶ᠎ᠠ ᠺᠠᠳ᠋ᠷ ᠴᠠᠭ᠍ᠳᠠᠭ᠎ᠠ ᠪᠠᠨ ᠵᠣᠬᠢᠶᠠᠨ ᠪᠠᠢᠭᠤᠯᠵᠤ ᠨᠡᠢᠭᠡᠮ ᠲᠣᠭᠣᠷᠢᠭ᠎ᠤᠨ ᠭᠡᠷ ᠲᠡᠭᠡᠨ ᠬᠤᠴᠤᠷᠤᠭᠰᠠᠨ ᠨᠠᠰᠤᠳᠠᠳ᠎ᠤᠨ ᠭᠡᠷ ᠪᠦᠯᠢ᠎ᠳᠤ ᠠᠮᠢᠳᠤᠷᠠᠯ᠎ᠤᠨ ᠬᠡᠷᠡᠭ᠌ᠰᠡᠯ ᠬᠦᠷᠭᠡᠵᠦ᠍᠂ ᠬᠡᠷ᠎ᠦᠨ ᠴᠠᠬᠢᠯᠭᠠᠨ ᠬᠡᠷᠡᠭ᠌ᠰᠡᠯ᠎ᠢ ᠨᠢ ᠰᠡᠯᠪᠢᠨ ᠵᠠᠰᠠᠵᠤ᠂ ᠬᠡᠷ ᠪᠠᠢᠱᠢᠩ᠎ᠢ ᠨᠢ ᠴᠡᠪᠡᠷᠯᠡᠵᠦ᠍᠂ ᠨᠠᠰᠤᠲᠠᠳ ᠲᠦ᠍ ᠪᠠᠷ᠎ᠠ ᠪᠣᠯᠵᠣ ᠰᠡᠳᠭᠢᠯ᠎ᠦᠨ ᠦᠭᠡ ᠪᠠᠨ ᠬᠤᠪᠢᠶᠠᠯᠴᠠᠵᠤ᠂ ᠦᠨᠡᠨ ᠰᠡᠳᠭᠢᠯ᠎ᠢᠶᠡᠷ ᠬᠠᠢᠷᠠᠯᠠᠨ ᠬᠠᠯᠠᠮᠵᠢᠯᠠᠪᠠ᠃

ᠲᠦᠷᠦᠭᠦᠬᠡᠨ᠂ ᠰᠠᠢᠨ ᠲᠤᠷᠠᠴᠤᠳ᠎ᠤᠨ ᠦᠶ᠋ᠯᠡᠴᠢᠯᠡᠭᠡᠨ᠎ᠦ ᠠᠩᠭᠢ ᠳᠠᠬᠢᠨᠲᠠ ᠠᠷᠤ ᠭᠤᠤᠯ ᠪᠠᠯᠭᠠᠰᠤᠨ᠎ᠤ ᠫᠢᠩ ᠠᠨ ᠨᠡᠢᠭᠡᠮ ᠲᠣᠭᠣᠷᠢᠭ᠎ᠲᠤ ᠬᠦᠷᠴᠦ᠍᠂ ᠨᠡᠢᠲᠡ᠎ᠶ᠋ᠢᠨ ᠠᠰᠠᠷᠠᠮᠵᠢ ᠶ᠋ᠢᠨ ᠵᠠᠷᠭᠤ ᠬᠢᠬᠦ᠌ ᠵᠢᠴᠢ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠤᠬᠠᠭᠤᠯᠭ᠎ᠠ᠎ᠶ᠋ᠢᠨ ᠭᠠᠷ ᠠᠪᠤᠯᠭ᠎ᠠ ᠲᠠᠷᠬᠠᠭᠠᠵᠤ᠂ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠲᠤᠰᠭᠠᠶ ᠰᠡᠳᠦᠪᠲᠦ ᠲᠠᠢᠯᠤᠮᠵᠢ ᠡᠷᠭᠢᠯᠡᠪᠡ᠃ ᠦᠢᠯᠡᠴᠢᠯᠡᠭ᠌ᠴᠢᠳ ᠬᠥᠳᠡᠯᠵᠦ᠍ ᠪᠠᠷᠢᠬᠤ᠎ᠳᠤ ᠳᠥᠭᠥᠮ ᠦᠭᠡᠢ ᠨᠠᠰᠤᠲᠠᠨ᠎ᠤ ᠭᠡᠷ᠎ᠲᠦ ᠬᠦᠷᠴᠦ᠂ ᠨᠠᠰᠤᠲᠠᠢᠴᠤᠳ᠎ᠤᠨ ᠦᠰᠦ᠎ᠶ᠋ᠢ ᠵᠠᠰᠠᠵᠤ ᠥᠭ᠌ᠪᠡ᠃ ᠵᠠᠰᠠᠭᠤᠯᠤᠭᠰᠠᠨ ᠭᠡᠵᠢᠭᠡ᠎ᠪᠠᠨ ᠲᠣᠯᠢᠨ᠎ᠳᠤ ᠦᠵᠡᠭᠡᠳ ᠨᠠᠰᠤᠲᠠᠨ ᠪᠠᠢᠨ ᠳᠠᠬᠢᠨ ᠲᠣᠯᠣᠭᠠᠶ ᠳᠣᠬᠢᠵᠤ᠄ 《ᠴᠤᠭ ᠵᠢᠪᠬᠤᠭ᠎ᠠ᠎ᠲᠠᠶ ᠬᠠᠷᠠᠭᠳᠠᠵᠤ ᠪᠤᠢ᠂ ᠦᠨᠡᠭᠡᠷ ᠰᠠᠢᠬᠠᠨ ᠵᠠᠰᠠᠯ᠎ᠠ᠂ ᠲᠠ᠎ᠨᠠᠷ᠎ᠢ ᠵᠦᠳᠡᠭᠡᠯ᠎ᠡ》 ᠭᠡᠪᠡ᠃

ᠠᠷᠤ ᠭᠤᠤᠯ ᠪᠠᠯᠭᠠᠰᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠣᠯᠠᠩᠬᠢ ᠨᠢ ᠭᠡᠷ᠎ᠲᠡᠬᠡᠨ ᠬᠣᠴᠣᠷᠤᠭ᠍ᠰᠠᠨ ᠬᠡᠦᠬᠡᠳ ᠶᠤᠮ᠃ ᠪᠠᠢᠴᠠᠭᠠᠬᠤ ᠬᠣᠷᠢᠶ᠎ᠠ ᠡᠨᠡ ᠪᠠᠭ᠎ᠠ ᠰᠤᠷᠭᠠᠭᠤᠯᠢ ᠲᠠᠶ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠪᠡ᠃ ᠤᠯᠠᠨ ᠵᠢᠯ᠎ᠦᠨ ᠲᠤᠷᠰᠢ᠂ ᠬᠠᠤᠯᠢᠵᠢᠯ᠎ᠤᠨ ᠳᠡᠳ᠋ ᠵᠠᠬᠢᠷᠤᠯ ᠭᠦ᠋ ᠬᠤᠢ ᠮᠢᠨ ᠬᠠᠪᠰᠤᠷᠤᠨ ᠵᠢᠯᠤᠭᠤᠳᠤᠬ᠍ᠴᠢ ᠲᠠᠶ ᠬᠠᠮᠲᠤ ᠪᠤᠯᠴᠢᠩ ᠰᠤᠯᠠᠷᠠᠭᠰᠠᠨ ᠡᠪᠡᠳᠴᠢᠨ ᠲᠠᠢ ᠬᠡᠦᠬᠡᠳ᠎ᠦᠨ ᠭᠡᠷ᠎ᠲᠦ ᠬᠦᠷᠴᠦ᠍ ᠬᠢᠴᠢᠶᠡᠯ ᠣᠷᠣᠵᠤ᠂ ᠬᠠᠢᠷ᠎ᠠ ᠬᠠᠯᠠᠮᠵᠢ ᠬᠦᠷᠭᠡᠪᠡ; ᠪᠠᠢᠴᠠᠭᠠᠬᠤ ᠠᠵᠢᠯᠲᠠᠳ ᠵᠣᠭᠣᠰ ᠬᠠᠨᠳᠢᠪᠯᠠᠵᠤ ᠬᠡᠷ᠎ᠲᠡᠬᠡᠨ ᠬᠣᠴᠣᠷᠤᠭ᠍ᠰᠠᠨ ᠬᠡᠦᠬᠡᠳ᠎ᠲᠦ ᠦᠪᠴᠢ ᠪᠡᠶ᠎ᠠ ᠲᠠᠮᠢᠷ᠎ᠤᠨ ᠬᠤᠪᠴᠠᠰᠤ ᠬᠤᠳᠠᠯᠳᠤᠨ ᠠᠪᠴᠤ᠌ ᠥᠭ᠌ᠭᠦᠭ᠌ᠰᠡᠨ ᠪᠥᠭᠡᠳ ᠡᠳᠦᠷ ᠲᠤᠲᠤᠮ᠎ᠤᠨ ᠬᠠᠶᠠᠭ᠍ᠳᠠᠮᠠᠯ ᠴᠠᠭᠠᠰᠤ᠂ ᠬᠠᠭᠤᠴᠢᠨ ᠡᠳ᠋᠎ᠢᠶᠡᠨ ᠴᠤᠭ᠍ᠯᠠᠭᠤᠯᠵᠤ ᠬᠤᠳᠠᠯᠳᠤᠭᠰᠠᠨ ᠵᠤᠭᠤᠰ᠎ᠢᠶᠠᠨ ᠬᠡᠦᠬᠡᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠰᠤᠷᠤᠯᠭ᠎ᠠ ᠲᠡᠳᠬᠦᠬᠦ᠌ ᠠᠵᠢᠯᠯᠠᠭ᠎ᠠ᠎ᠳᠤ ᠬᠡᠷᠡᠭ᠌ᠯᠡᠪᠡ᠃

2022 ᠣᠨ᠎ᠤ 6 ᠰᠠᠷ᠎ᠠ᠎ᠳᠤ᠂ ᠯᠢ ᠳ᠋ᠠᠢ ᠮᠢᠨ ᠪᠠᠢᠴᠠᠭᠠᠬᠤ ᠳᠠᠷᠤᠭ᠎ᠠ ᠬᠣᠱᠢᠭᠤᠨ᠎ᠤ ᠪᠠᠢᠴᠠᠭᠠᠬᠤ ᠬᠣᠷᠢᠶ᠎ᠠ᠎ᠶ᠋ᠢ ᠲᠥᠯᠥᠭᠡᠯᠡᠨ ᠬᠣᠱᠢᠭᠤᠨ᠎ᠤ ᠣᠨᠴᠠᠭᠠᠢ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠪᠤᠳᠠᠭ᠎ᠠ ᠭᠤᠯᠢᠷ᠂ ᠠᠮᠢᠳᠤᠷᠠᠯ᠎ᠤᠨ ᠬᠡᠷᠡᠭ᠌ᠰᠡᠯ ᠪᠣᠯᠤᠨ ᠠᠹᠷᠢᠺᠠ ᠪᠥᠮᠪᠥᠷ ᠵᠡᠷᠭᠡ ᠰᠣᠶᠣᠯ᠎ᠤᠨ ᠬᠡᠷᠡᠭ᠌ᠰᠡᠯ ᠬᠠᠨᠳᠢᠪᠯᠠᠪᠠ᠃ ᠲᠤᠬᠠᠢ᠎ᠶ᠋ᠢᠨ ᠲᠠᠯᠠᠪᠠᠢ᠎ᠳᠤ᠂ ᠬᠡᠦᠬᠡᠳ᠎ᠦᠳ ᠤᠷ᠎ᠠ ᠠᠪᠢᠶᠠᠰ᠎ᠢᠶᠠᠨ ᠭᠠᠢᠬᠠᠭᠤᠯᠵᠤ᠂ ᠭᠠᠷ ᠤᠷᠠᠯᠠᠯ᠎ᠤᠨ ᠪᠦᠲᠦᠭᠡᠭ᠌ᠳᠡᠬᠦᠨ ᠬᠢᠵᠦ᠍ ᠪᠠᠢᠯ᠎ᠠ᠃ ᠪᠠᠢᠴᠠᠭᠠᠬᠤ ᠲᠤᠱᠢᠶᠠᠯᠲᠠᠨ ᠰᠤᠷᠤᠭ᠍ᠴᠢᠳ ᠲᠠᠶ ᠬᠠᠮᠲᠤ᠎ᠪᠠᠷ 《ᠳᠣᠬᠢᠶᠠᠨ᠎ᠤ ᠬᠡᠯᠡᠨ᠎ᠦ ᠲᠠᠮᠢᠷ》᠎ᠬᠢᠵᠦ᠂ ᠰᠣᠨᠢᠷᠬᠠᠯᠲᠠᠶ ᠲᠣᠭ᠍ᠯᠠᠭᠠᠮ᠎ᠲᠤᠭᠯᠠᠪᠠ᠃

2022 ᠣᠨ᠎ᠤ 9 ᠰᠠᠷ᠎ᠠ᠎ᠳᠤ᠂ ᠬᠣᠱᠢᠭᠤᠨ᠎ᠤ ᠪᠠᠢᠴᠠᠭᠠᠬᠤ ᠬᠣᠷᠢᠶ᠎ᠠ ᠠᠷᠤ ᠭᠤᠤᠯ ᠪᠠᠯᠭᠠᠰᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠲᠠᠶ ᠬᠠᠮᠲᠤᠷᠠᠨ 《ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠲᠦ ᠬᠠᠢᠷ᠎ᠠ ᠬᠠᠯᠠᠮᠵᠢ᠎ᠪᠡᠷ ᠬᠡᠦᠬᠡᠳ᠎ᠢ ᠲᠤᠰᠠᠯᠠᠬᠤ》 ᠲᠤᠰᠠᠯᠠᠮᠵᠢ᠎ᠶ᠋ᠢᠨ ᠠᠵᠢᠯᠯᠠᠭ᠎ᠠ ᠥᠷᠨᠢᠭᠦᠯᠪᠡ᠃ ᠬᠣᠱᠢᠭᠤᠨ᠎ᠤ ᠪᠠᠢᠴᠠᠭᠠᠬᠤ ᠬᠣᠷᠢᠶ᠎ᠠ ᠰᠤᠷᠭᠠᠭᠤᠯᠢ᠎ᠳᠤ 1.1 ᠲᠦᠮᠡᠨ ᠲᠥᠭᠥᠷᠢᠭ᠎ᠤᠨ ᠰᠤᠷᠤᠯᠭ᠎ᠠ᠎ᠶᠢᠨ ᠳᠡᠳᠭᠦᠮᠵᠢ᠎ᠶᠢᠨ ᠮᠥᠨᠭᠬᠦ ᠪᠠ ᠰᠣᠶᠣᠯ᠎ᠤᠨ ᠬᠡᠷᠡᠭ᠌ᠰᠡᠯ ᠬᠠᠨᠳᠢᠪᠯᠠᠵᠤ᠂ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ ᠶ᠋ᠢ ᠪᠠᠢᠴᠠᠭᠠᠬᠤ ᠬᠤᠷᠢᠶ᠎ᠠ᠎ᠶᠢᠨ ᠠᠵᠢᠯᠲᠠᠨ ᠰᠠᠢᠨ ᠳᠤᠷ᠎ᠠ ᠡᠴᠡ ᠪᠠᠨ ᠬᠠᠨᠳᠢᠪᠯᠠᠪᠠ᠃ ᠬᠠᠤᠯᠢᠵᠢᠯ᠎ᠤᠨ ᠳᠡᠳ᠋ ᠵᠠᠬᠢᠷᠤᠯ ᠬᠥ᠋ ᠬᠤᠢ ᠮᠢᠨ 《ᠰᠤᠷᠭᠠᠭᠤᠯᠢ ᠡᠬᠢᠯᠡᠬᠦ᠌ ᠨᠢᠭᠡᠳᠦᠭᠡᠷ ᠬᠢᠴᠢᠶᠡᠯ᠂ ᠬᠠᠤᠯᠢᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠪᠠᠷ ᠭᠤᠤᠯ ᠰᠡᠳᠦᠪ ᠪᠣᠯᠭᠠᠭ᠍ᠰᠠᠨ ᠬᠠᠤᠯᠢᠵᠢᠯ᠎ᠤᠨ ᠤᠬᠠᠭᠤᠯᠭ᠎ᠠ ᠶ᠋ᠢᠨ ᠬᠢᠴᠢᠶᠡᠯ ᠤᠷᠤᠵᠤ᠂ ᠬᠡᠦᠬᠡᠳ᠎ᠦᠳ᠎ᠢ ᠪᠠᠭ᠎ᠠ᠎ᠡᠴᠡ ᠪᠠᠨ ᠠᠮᠤᠷ ᠲᠦᠪᠱᠢᠨ᠎ᠦ ᠤᠬᠠᠮᠰᠠᠷ᠎ᠢ ᠪᠣᠶ ᠪᠣᠯᠭᠠᠵᠤ᠂ ᠥᠪᠡᠷ᠎ᠢ ᠪᠡᠨ ᠬᠠᠮᠠᠭᠠᠯᠠᠬᠤ ᠴᠢᠳᠠᠪᠤᠷᠢ ᠪᠠᠨ ᠳᠡᠭᠡᠭ᠌ᠰᠢᠯᠡᠭᠦᠯᠬᠦ᠌᠎ᠲᠤᠬᠠᠢ ᠵᠢᠭᠠᠨ ᠵᠢᠯᠣᠭᠣᠳᠪᠠ᠃

6 ᠵᠢᠯ᠎ᠦᠨ ᠲᠤᠷᠰᠢ᠂ ᠲᠤᠰ ᠪᠠᠢᠴᠠᠭᠠᠬᠤ ᠬᠣᠷᠢᠶ᠎ᠠ ᠶᠠᠳᠠᠭᠤ ᠬᠦᠴᠢᠷᠳᠡᠯᠲᠡᠢ 142 ᠰᠤᠷᠤᠭ᠍ᠴᠢ᠎ᠶ᠋ᠢ ᠬᠠᠪᠰᠤᠷᠤᠨ ᠲᠡᠳᠬᠦᠵᠦ᠍᠂ 7.4 ᠲᠦᠮᠡᠨ ᠲᠥᠭᠥᠷᠢᠭ᠎ᠦᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠬᠠᠨᠳᠢᠪᠯᠠᠭ᠍ᠰᠠᠨ ᠪᠥᠭᠡᠳ ᠰᠣᠶᠣᠯ᠎ᠤᠨ ᠬᠡᠷᠡᠭ᠌ᠰᠡᠯ᠂ ᠪᠠᠶᠠᠷ᠎ᠤᠨ ᠡᠳᠦᠷ᠎ᠦᠨ ᠪᠡᠯᠡᠭ ᠬᠦᠷᠭᠡᠵᠦ᠍᠂ ᠶᠠᠳᠠᠭᠤ ᠬᠦᠴᠢᠷᠳᠡᠯᠲᠡᠢ ᠰᠤᠷᠤᠭ᠍ᠴᠢᠳ᠎ᠲᠤ ᠪᠦᠬᠦ᠌ ᠨᠡᠢᠭᠡᠮ᠎ᠦᠨ ᠬᠠᠢᠷ᠎ᠠ ᠬᠠᠯᠠᠮᠵᠢ᠎ᠶ᠋ᠢ ᠭᠦᠢᠴᠡᠳ ᠬᠦᠷᠲᠡᠭᠡᠵᠡᠢ᠃

ᠲᠤᠰ ᠪᠠᠢᠴᠠᠭᠠᠬᠤ ᠬᠣᠷᠢᠶ᠎ᠠ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠪᠠᠢᠴᠠᠭᠠᠬᠤ ᠬᠤᠷᠢᠶ᠎ᠠ᠎ᠶᠢᠨ ᠠᠵᠢᠯᠲᠠᠳ᠎ᠢ ᠤᠯᠠᠨ ᠤᠳᠠᠭ᠎ᠠ ᠵᠣᠬᠢᠶᠠᠨ ᠪᠠᠢᠭᠤᠯᠤᠨ ᠬᠠᠢᠷ᠎ᠠ ᠬᠠᠯᠠᠮᠵᠢ᠎ᠶ᠋ᠢᠨ ᠬᠠᠨᠳᠢᠪ᠂ ᠬᠠᠤᠯᠢ ᠴᠠᠭᠠᠵᠠ᠎ᠶ᠋ᠢᠨ ᠶᠡᠷᠦ᠍ ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠬᠥᠮᠦᠵᠢᠯ᠎ᠢ ᠥᠷᠨᠢᠭᠦᠯᠪᠡ᠃

ᠣᠯᠠᠨ ᠵᠢᠯ᠎ᠦᠨ ᠲᠤᠷᠰᠢ᠂ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠪᠠᠢᠴᠠᠭᠠᠬᠤ ᠬᠣᠷᠢᠶ᠎ᠠ ᠤᠬᠠᠮᠰᠠᠷ᠎ᠡᠴᠡ᠎ᠪᠠᠨ ᠨᠠᠩ ᠣᠯᠠᠨ ᠨᠡᠢᠭᠡᠮ᠎ᠦᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠣᠨᠴᠠ ᠬᠦᠴᠢᠷᠳᠡᠯᠲᠡᠶ ᠬᠡᠷ ᠪᠦᠯᠢ᠂ ᠪᠠᠭᠤᠷᠠᠢᠴᠤᠤᠯ᠎ᠢ ᠬᠠᠪᠰᠤᠷᠤᠨ ᠲᠡᠳᠬᠦᠵᠦ᠍᠂ ᠨᠡᠢᠲᠡ 11.73 ᠲᠦᠮᠡᠨ ᠲᠥᠭᠥᠷᠢᠭ ᠬᠠᠨᠳᠢᠪᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠬᠥᠮᠦᠨ ᠪᠦᠬᠦᠨ ᠤᠷᠤᠯᠴᠠᠬᠤ ᠳᠤᠷᠠᠲᠠᠶ᠂ ᠴᠠᠭ ᠢᠮᠠᠭ᠍ᠲᠠ ᠬᠢᠵᠦ᠍ ᠳᠡᠢᠯᠬᠦ᠌᠂ ᠭᠠᠵᠠᠷ ᠪᠣᠯᠭᠠᠨ᠎ᠳᠤ ᠬᠢᠵᠦ᠍ ᠳᠡᠢᠯᠬᠦ᠌ ᠠᠮᠢᠳᠤᠯᠢᠭ ᠪᠠᠢᠳᠠᠯ᠎ᠢ ᠪᠣᠶ ᠪᠣᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面