2023-02-24 09:39:25
《95 ᠣᠨ᠎ᠠᠴᠠ ᠬᠤᠵᠢᠭᠤᠳᠠ》 ᠲᠥᠷᠥᠭᠰᠡᠨ ᠤᠷᠭ᠎ᠠ ᠪᠣᠯ ᠬᠥᠯᠥᠨ ᠪᠤᠢ᠌ᠷ ᠬᠤᠳᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠠᠯᠳᠠ᠋ᠡᠮᠡᠭᠡᠯ ᠪᠠᠯᠭᠠᠰᠤ᠎ᠶ᠋ᠢᠨ ᠢ ᠲᠤᠤ ᠲᠤᠩ ᠴᠧᠨᠭ ᠵᠠᠬᠢᠶᠠᠯᠠᠭ᠎ᠠ ᠵᠢᠨ ᠲᠠᠪᠴᠠᠩ᠎ᠤᠨ 《ᠲᠦᠷᠭᠡᠨ ᠬᠦᠷᠭᠡᠭᠴᠢ》 ᠪᠣᠯᠤᠨ᠎ᠠ᠃ 2015 ᠣᠨ᠎ᠳᠤ ᠰᠤᠷᠭᠠᠭᠤᠯᠢ᠎ᠪᠠᠨ ᠲᠡᠭᠦᠰᠦᠭ᠌ᠰᠡᠨ᠎ᠦ ᠲᠠᠷᠠᠭ᠎ᠠ᠂ ᠤᠷᠭ᠎ᠠ ᠦᠢᠯᠡᠰ ᠪᠤᠰᠭᠠᠬᠤ ᠰᠣᠩᠭᠣᠯᠲᠠ ᠬᠢᠵᠦ᠍᠂ ᠬᠣᠱᠢᠭᠤᠨ᠎ᠤ ᠪᠠᠨ 《ᠲᠦᠷᠭᠡᠨ ᠬᠦᠷᠭᠡᠭ᠌ᠴᠢ》 ᠪᠤᠯᠵᠤ᠂ 4 ᠵᠢᠯ᠎ᠦᠨ ᠲᠠᠷᠠᠭ᠎ᠠ ᠢ ᠲᠤᠤ ᠲᠤᠩ ᠴᠧᠨᠭ ᠵᠠᠬᠢᠶᠠᠯᠠᠭ᠎ᠠ ᠵᠢᠨ ᠲᠠᠪᠴᠠᠩ᠎ᠢ ᠡᠵᠡᠩᠨᠡᠵᠦ᠍ ᠡᠬᠢᠯᠡᠵᠡᠢ᠃ ᠠᠭᠠᠭᠢᠮ᠎ᠠ ᠵᠣᠨ᠎ᠤ ᠬᠠᠯᠠᠭᠤᠨ ᠪᠠ ᠬᠠᠬᠢᠷ ᠡᠪᠦᠯ᠎ᠤᠨ ᠬᠦᠶ᠋ᠲᠡᠨ᠎ᠢ ᠬᠠᠯᠠᠰᠢᠷᠠᠯ ᠥᠬᠡᠢ᠂ ᠲᠡᠷᠡ ᠪᠦᠷ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠤᠨᠤᠵᠤ᠂ ᠡᠯ᠎ᠡ ᠡᠳ᠋ ᠪᠠᠷᠠᠭ᠎ᠠ ᠵᠢ ᠬᠠᠮᠤᠭ᠎ᠤᠨ ᠣᠬᠣᠷᠬᠠᠨ ᠬᠤᠭᠤᠴᠠᠭᠠᠨ᠎ᠳᠤ ᠬᠡᠷᠡᠭ᠌ᠯᠡᠭ᠌ᠴᠢᠳ᠎ᠦᠨ ᠭᠠᠷ᠎ᠲᠤ ᠬᠦᠷᠭᠡᠵᠤ ᠪᠠᠢᠯ᠎ᠠ᠃
ᠤᠷᠭ᠎ᠠ ᠦᠷᠦᠭᠡᠯ ᠪᠤᠰᠤᠳ᠎ᠢ ᠬᠠᠪᠰᠤᠷᠬᠤ᠎ᠪᠠᠷ ᠥᠪᠡᠷ᠎ᠦᠨ ᠠᠮᠢᠳᠤᠷᠠᠯ᠎ᠤᠨ᠎ᠢᠶᠠᠨ ᠴᠢᠬᠤᠯᠠ ᠨᠢᠭᠡ ᠠᠭᠤᠯᠭ᠎ᠠ ᠪᠤᠯᠭᠠᠳᠠᠬ᠂ ᠨᠡᠢᠭᠡᠮ᠎ᠳᠦ ᠦᠢᠯᠡᠴᠢᠯᠡᠬᠦ᠌ ᠪᠠ ᠪᠤᠰᠤᠳ᠎ᠢ ᠬᠠᠪᠰᠤᠷᠬᠤ ᠶᠠᠪᠤᠴᠠ᠎ᠳᠤ ᠥᠪᠡᠷ᠎ᠢ᠎ᠪᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠥᠪᠡᠷ᠎ᠦᠨ ᠪᠠᠶᠠᠷ ᠵᠢᠷᠭᠠᠯ᠎ᠢᠶᠠᠨ ᠣᠯᠳᠠᠭ᠃
2021ᠣᠨ᠎ᠤ 7 ᠰᠠᠷ᠎ᠠ᠎ᠶ᠋ᠢᠨ 20 ᠤ᠋ ᠡᠳᠦᠷ᠂ ᠵᠸᠩᠵᠸᠦ ᠬᠤᠳᠠ᠎ᠳᠤ ᠱᠢᠷᠦᠭᠦᠨ ᠪᠣᠷᠣᠭᠠᠨ ᠦᠶᠡᠷ ᠤᠰᠤᠳᠤᠯ᠎ᠦᠨ ᠭᠠᠮᠱᠢᠭ᠎ᠲᠤ ᠳᠠᠭᠠᠷᠢᠭ᠍ᠳᠠᠭ᠍ᠰᠠᠨ ᠴᠢᠮᠡᠭᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠷᠭ᠎ᠠ ᠬᠣᠶᠠᠳᠤᠭᠠᠷ ᠡᠳᠦᠷ᠎ᠲᠡᠬᠡᠨ ᠬᠥᠯᠥᠨ ᠪᠣᠢᠷ᠎ᠠᠴᠠ ᠨᠢᠰᠭᠡᠯ᠎ᠢᠶᠡᠷ ᠱ᠌ᠢ ᠵᠢᠶᠠ ᠵᠤᠸᠠᠩ᠎ᠳᠤ ᠬᠦᠷᠴᠦ᠍᠂ ᠲᠠᠬᠢᠨ ᠨᠢᠰᠬᠡᠯ ᠳ᠋ᠤ ᠰᠠᠭᠤᠵᠤ᠂ 7 ᠰᠠᠷ᠎ᠠ᠎ᠶ᠋ᠢᠨ 23 ᠤ᠋ ᠡᠳᠦᠷ᠎ᠦᠨ ᠥᠷᠯᠥᠭᠡ ᠵᠸᠨᠭᠵᠸᠦ᠍ᠳᠦ ᠬᠦᠷᠴᠡᠶ᠃ ᠲᠡᠷᠡ ᠬᠠᠮᠤᠭ ᠤᠢ᠍ᠢᠷ᠎ᠠ ᠪᠠᠢᠭ᠎ᠠ ᠬᠤᠢ ᠵᠶ᠋ᠢ ᠲᠣᠭᠣᠷᠢᠭ᠎ᠤᠨ ᠡᠪᠯᠡᠯ᠎ᠦᠨ ᠬᠣᠷᠢᠢ᠎ᠠ᠎ᠲᠠᠶ ᠬᠣᠯᠪᠣᠭ᠎ᠠ ᠠᠪᠴᠤ᠌᠂ ᠴᠠᠩ ᠱᠢᠩ ᠯᠦ᠍ ᠵᠡᠭᠡᠯᠢ᠎ᠶ᠋ᠢᠨ ᠭᠠᠮᠱᠢᠭ᠎ᠤᠨ ᠳᠠᠷᠠᠭᠠᠬᠢ ᠰᠡᠷᠭᠦᠭᠡᠬᠦ᠌ ᠠᠵᠢᠯ᠎ᠢ ᠳᠡᠮᠵᠢᠬᠦ᠌ ᠰᠠᠢ᠌ᠨ ᠲᠤᠷᠠᠴᠤᠤᠯ ᠪᠣᠯᠪᠠ᠃ ᠡᠭᠦᠨ᠎ᠦ ᠳᠠᠷᠠᠭ᠎ᠠ᠂ ᠤᠷᠭ᠎ᠠ ᠪᠠᠰᠠ ᠱᠢᠨ ᠱᠢᠶᠠᠩ ᠬᠤᠳᠠ᠎ᠳᠤ ᠬᠦᠷᠴᠤ᠂ ᠭᠠᠮᠱᠢᠭ᠎ᠤᠨ ᠳᠠᠷᠠᠭᠠᠬᠢ ᠠᠪᠤᠷᠠᠨ ᠲᠤᠰᠠᠯᠠᠬᠤ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠠᠵᠢᠯ᠎ᠳᠤ ᠣᠷᠣᠯᠴᠠᠪᠠ᠂ ᠲᠡᠷᠡ᠄ 《ᠲᠤᠬᠠᠢ᠎ᠶ᠋ᠢᠨ ᠦᠶ᠎ᠡ᠎ᠳᠦ᠂ ᠲᠡᠷᠭᠡ ᠲᠡᠷᠭᠡᠡᠳ᠋ ᠪᠣᠳᠠᠰ᠎ᠢ ᠱᠢᠨ ᠱᠢᠶᠠᠩ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠪᠢᠳᠡ ᠵᠣᠭ᠍ᠰᠣᠯ ᠦᠭᠡᠢ ᠵᠥᠭᠡᠭᠡᠪᠤᠷᠢᠯᠡᠳᠡᠭ᠃ ᠪᠢ ᠪᠦᠬᠦ ᠤᠯᠤᠰ᠎ᠤᠨ ᠡᠯ᠎ᠡ ᠭᠠᠵᠠᠷ᠎ᠠᠴᠠ ᠬᠦᠷᠤᠯᠴᠡᠨ ᠢᠷᠡᠭ᠌ᠰᠡᠨ ᠰᠠᠢ᠌ᠨ ᠳᠤᠷᠠᠴᠤᠤᠯ ᠵᠢᠴᠢ ᠲᠤᠬᠠᠢ᠎ᠶ᠋ᠢᠨ ᠭᠠᠵᠠᠷ᠎ᠤᠨ ᠨᠠᠰᠤᠲᠠᠢᠴᠤᠳ ᠪᠣᠯᠤᠨ ᠬᠡᠦᠬᠡᠳ᠎ᠦᠨ ᠡᠭᠦᠨ᠎ᠦ ᠲᠥᠯᠥᠭᠡ ᠴᠢᠷᠮᠠᠢᠵᠤ ᠪᠠᠢᠬᠤ᠎ᠶ᠋ᠢ ᠦᠵᠡᠭᠡᠳ ᠮᠠᠰᠢ ᠰᠡᠳᠭᠢᠯ ᠬᠥᠳᠡᠯᠪᠡ》 ᠬᠡᠵᠠᠢ᠃
ᠦᠶᠡᠷ᠎ᠲᠡᠶ ᠲᠡᠮᠡᠴᠡᠨ ᠭᠠᠮᠱᠢᠭ᠎ᠠᠴᠠ ᠠᠪᠤᠷᠠᠬᠤ ᠠᠵᠢᠯ ᠳᠠᠭᠤᠰᠤᠭ᠍ᠰᠠᠨ᠎ᠤ ᠳᠠᠷᠠᠭ᠎ᠠ᠂ 7 ᠰᠠᠷ᠎ᠠ ᠶ᠋ᠢᠨ 31᠎ᠤ᠋ ᠡᠳᠦᠷ᠂ ᠤᠷᠭ᠎ᠠ ᠱᠢᠨ ᠱᠢᠶᠠᠩ᠎ᠠᠴᠠ ᠲᠦᠷᠭᠡᠨ᠎ᠤ ᠭᠠᠯᠳᠤ ᠲᠡᠷᠭᠡᠨ᠎ᠳᠦ ᠰᠠᠭᠤᠵᠤ ᠲᠢᠶᠠᠨᠵᠢᠨ᠎ᠳᠤ ᠬᠦᠷᠴᠦ᠍ ᠨᠤᠲᠤᠭ᠎ᠲᠠᠭᠠᠨ ᠪᠤᠴᠠᠬᠤ᠎ᠪᠠᠷ ᠪᠡᠯᠡᠳᠭᠡᠵᠦ᠍ ᠪᠠᠢᠲᠠᠯ᠎ᠠ᠂ ᠵᠧᠩᠵᠸᠦ᠎ᠳᠦ ᠬᠢᠵᠢᠭ ᠭᠠᠷᠤᠭ᠍ᠰᠠᠨ ᠴᠢᠮᠡᠭᠡ᠎ᠶ᠋ᠢ ᠰᠤᠨᠤᠰᠪᠠ᠃ 《ᠬᠠᠰᠢᠯᠠ ᠵᠧᠩᠵᠧᠦ᠍ᠳᠦ ᠬᠠᠷᠢᠴᠢᠬᠠᠶᠠ᠂ ᠪᠢ ᠵᠧᠩᠵᠧᠦ᠍ᠳᠦ ᠤᠳᠠᠭᠠᠨ ᠡᠳᠦᠷ ᠪᠤᠯᠤᠬᠰᠠᠨ ᠪᠤᠯᠬᠤᠷ ᠨᠢᠭᠡᠨᠲᠡ ᠱᠢᠨ᠎ᠡ ᠲᠢᠳ᠋ᠢᠮᠯᠢᠭ ᠸᠢᠷᠦ᠋ᠰᠲᠸ᠋ ᠬᠠᠯᠳᠠᠪᠤᠷᠢᠯᠠᠬᠳᠠᠬᠰᠠᠨ ᠪᠠᠢᠵᠤ ᠮᠡᠳᠡᠨ᠎ᠡ᠂ ᠨᠥᠭᠥᠭᠡ ᠲᠠᠯ᠎ᠠ᠎ᠪᠠᠷ ᠪᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ᠎ᠶ᠋ᠢᠨ ᠦᠢᠯᠡᠴᠢᠯᠡᠭᠡ᠎ᠳᠦ ᠣᠷᠣᠯᠴᠠᠵᠤ ᠥᠩᠭᠡᠷᠡᠭ᠌ᠰᠡᠨ ᠪᠤᠯᠬᠤᠷ ᠵᠣᠬᠢᠬᠤ ᠬᠡᠮᠵᠢᠶᠡᠨ᠎ᠤ ᠲᠤᠷᠱᠢᠯᠭ᠎ᠠ᠎ᠲᠠᠶ》 ᠬᠡᠵᠦ ᠤᠷᠭ᠎ᠠ ᠬᠡᠯᠡᠨ᠎ᠡ᠃
8 ᠰᠠᠷ᠎ᠠ᠎ᠶ᠋ᠢᠨ 1 ᠤ᠋ ᠡᠳᠦᠷ᠂ ᠤᠷᠭ᠎ᠠ ᠪᠠᠰᠠ ᠵᠧᠩᠵᠧᠸ᠋ ᠬᠣᠲᠠ᠎ᠶ᠋ᠢᠨ ᠬᠤᠢ ᠵᠢᠶ ᠲᠣᠭᠣᠷᠢᠭ᠎ᠤᠨ ᠴᠠᠩ ᠱᠢᠩ ᠵᠠᠮ᠎ᠤᠨ ᠵᠡᠭᠡᠯᠢ ᠭᠤᠳᠤᠮᠵᠢ᠎ᠶ᠋ᠢᠨ ᠶᠢᠨ ᠾᠧ ᠨᠡᠢᠭᠡᠮ ᠲᠣᠭᠣᠷᠢᠭ᠎ᠲᠤ ᠬᠦᠷᠴᠦ᠍᠂ ᠤᠯᠠᠭᠠᠨ ᠡᠯᠢᠭᠡᠪᠴᠢ ᠪᠡᠨ ᠡᠮᠦᠰᠦᠨ᠂ ᠬᠠᠯᠠᠭᠤᠨ᠎ᠢ ᠬᠡᠮᠵᠢᠬᠦ᠌ ᠪᠠᠭᠠᠵᠢ ᠪᠠᠨ ᠠᠪᠴᠤ᠌᠂ ᠬᠢᠵᠢᠭ᠎ᠲᠠᠢ ᠲᠡᠮᠡᠴᠡᠬᠦ ᠡᠮᠦᠨ᠎ᠡ ᠹᠷᠤᠨᠲ ᠲᠸ᠋ ᠭᠠᠪᠰᠢᠭᠠᠢᠯᠠᠵᠠᠢ᠃ ᠲᠡᠷᠡᠪᠡᠷ ᠥᠷᠯᠥᠭᠡ᠎ᠡᠴᠡ ᠣᠷᠣᠢ ᠪᠣᠯᠲᠠᠯ᠎ᠠ ᠰᠠᠭᠤᠭᠠᠯᠢ ᠠᠷᠠᠳ᠎ᠤᠨ ᠲᠤᠭᠤᠷᠢᠬ᠎ᠤᠨ ᠡᠭᠦᠳᠡ ᠵᠢ ᠵᠢᠵᠢᠭᠦᠷᠯᠡᠨ ᠰᠠᠬᠢᠵᠦ᠂ ᠰᠠᠭᠤᠭᠠᠯᠢ ᠠᠷᠠᠳ᠎ᠤᠨ ᠤᠷᠤᠵᠤ ᠭᠠᠷᠬᠤ ᠵᠢ ᠲᠡᠮᠳᠡᠭᠯᠡᠨ᠂ ᠪᠡᠶ᠎ᠡ᠎ᠶ᠋ᠢᠨ ᠬᠠᠯᠠᠭᠤᠨ᠎ᠢ ᠬᠡᠮᠵᠢᠨ᠂ ᠬᠡᠷᠡᠴᠢ ᠪᠢᠴᠢᠭ᠎ᠢ ᠱᠢᠯᠭᠠᠨ ᠪᠠᠢ᠍ᠴᠠᠭᠠᠬᠤᠵᠡᠷᠭᠡ ᠠᠵᠢᠯ᠎ᠢ ᠬᠠᠷᠢᠭᠤᠴᠠᠬᠰᠠᠨ ᠪᠠᠢᠯ᠎ᠠ᠃
ᠲᠤᠬᠠᠶ᠎ᠶ᠋ᠢᠨ ᠵᠢᠯ᠎ᠦᠨ 12 ᠰᠠᠷ᠎ᠠ᠎ᠳᠤ᠂ ᠲᠥᠷᠥᠭ᠌ᠰᠡᠨ ᠨᠤᠲᠤᠭ ᠱᠢᠨ᠎ᠡ ᠪᠠᠷᠭᠤ ᠪᠠᠷᠠᠭᠤᠨ ᠬᠣᠱᠢᠭᠤᠨ᠎ᠳᠤ ᠬᠢᠵᠢᠭ᠎ᠦᠨ ᠪᠠᠢᠳᠠᠯ ᠡᠭᠦᠰᠪᠡ᠃ ᠤᠷᠭ᠎ᠠ ᠬᠠᠮᠤᠭ᠎ᠤᠨ ᠲᠦᠷᠦᠭᠦᠨ᠎ᠳᠦ ᠬᠤᠰᠢᠭᠤᠨ᠎ᠤ ᠡᠪᠯᠡᠯ᠎ᠦᠨ ᠬᠣᠷᠢᠶᠠᠨ᠎ᠤ ᠡᠯᠰᠡᠭ᠌ᠰᠡᠨ ᠰᠠᠢᠨ ᠳᠤᠷᠠᠴᠤᠤᠯ᠎ᠤᠨ ᠡᠩᠨᠡᠭᠡᠨ᠎ᠳᠦ ᠣᠷᠣᠵᠤ᠂ ᠲᠤᠰᠭᠠᠢᠯᠠᠨ ᠨᠢᠭᠡᠨ ᠰᠠᠯᠠᠭ᠎ᠠ ᠬᠢᠵᠢᠭ᠎ᠦᠨ ᠪᠠᠢᠳᠠᠯ ᠳ᠋ᠦ ᠲᠣᠬᠢᠷᠠᠭᠤᠯᠤᠨ ᠬᠦᠷᠭᠡᠬᠦ᠌ ᠰᠠᠯᠪᠤᠷᠢ ᠪᠠᠭ᠎ᠠ ᠠᠩᠭᠢ ᠵᠢ ᠵᠣᠬᠢᠶᠠᠨ ᠪᠠᠢᠭᠤᠯᠵᠤ᠂ ᠭᠡᠷ᠎ᠲᠡᠬᠡᠨ ᠰᠠᠭᠤᠵᠤ ᠲᠤᠰᠠᠭᠠᠷᠯᠠᠵᠤ ᠪᠠᠢᠭ᠎ᠠ ᠬᠥᠮᠦᠰ᠎ᠲᠦ ᠠᠮᠢᠳᠤᠷᠠᠯ᠎ᠤᠨ ᠬᠡᠷᠡᠭ᠌ᠰᠡᠯ᠎ᠢ ᠦᠨ᠎ᠡ ᠲᠥᠯᠥᠪᠦᠷᠢ ᠦᠭᠡᠶ᠎ᠪᠡᠷ ᠲᠣᠬᠢᠷᠠᠭᠤᠯᠤᠨ ᠬᠦᠷᠭᠡᠨ ᠥᠭ᠌ᠴᠦ᠂ ᠨᠤᠲᠤᠭ᠎ᠤᠨ᠎ᠢᠶᠠᠨ ᠬᠢᠵᠢᠭ᠎ᠲᠠᠢ ᠲᠡᠮᠡᠴᠡᠬᠦ ᠳ᠋ᠦ ᠥᠪᠡᠷ᠎ᠦᠨ ᠬᠦᠴᠦᠨ ᠴᠢᠳᠠᠯ᠎ᠢᠶᠠᠨ ᠡᠷᠭᠦᠪᠡ᠃
2022 ᠣᠨ᠎ᠤ 2 ᠰᠠᠷ᠎ᠠ᠎ᠶ᠋ᠢᠨ 21 ᠤ᠋ ᠡᠳᠦᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ ᠬᠦᠨᠳᠦ ᠨᠣᠴᠢᠲᠠᠢ ᠪᠣᠯᠤᠭ᠍ᠰᠠᠨ᠎ᠢ ᠣᠯᠵᠤ ᠮᠡᠳᠡᠭᠡᠳ ᠤᠷᠭ᠎ᠠ ᠳᠠᠷᠤᠢᠳᠤᠨᠢ ᠬᠥᠬᠡᠬᠣᠲᠠ᠎ᠳᠤ ᠬᠦᠷᠴᠦ᠍ ᠲᠤᠰᠠᠯᠠᠪᠠ᠃ ᠴᠠᠩᠴᠦ᠋ᠨ᠎ᠳᠦ ᠬᠢᠵᠢᠭ ᠳᠡᠯᠭᠡᠷᠡᠭ᠌ᠰᠡᠨᠦ ᠳᠠᠷᠠᠭ᠎ᠠ ᠲᠡᠷᠡ ᠪᠠᠰᠠ ᠴᠠᠩᠴᠦ᠋ᠨ᠎ᠳᠦ ᠣᠴᠢᠵᠠᠶ ᠁
ᠤᠯᠠᠨ ᠵᠢᠯ᠎ᠦᠨ ᠲᠤᠷᠰᠢ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯ ᠳ᠋ᠦ ᠢᠳᠠᠪᠬᠢᠳᠠᠢ ᠤᠷᠤᠯᠴᠠᠵᠤ᠂ ᠤᠷᠢᠳ ᠬᠣᠵᠢᠳ 《ᠬᠥᠯᠥᠨ ᠪᠤᠢ᠌ᠷ ᠬᠤᠳᠠ᠎ᠶ᠋ᠢᠨ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭ᠍ᠰᠠᠨ ᠶᠣᠰᠣ ᠰᠤᠷᠲᠠᠬᠤᠨ᠎ᠤ ᠵᠢᠱ᠌ᠢᠶᠡᠴᠢ》᠂ 《ᠪᠦᠬᠦ᠌ ᠣᠷᠣᠨ᠎ᠤ ᠱᠢᠯᠢᠳᠡᠭ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ᠂ 《ᠪᠦᠬᠦ᠌ ᠤᠯᠤᠰ᠎ᠤᠨ ᠱᠢᠯᠢᠳᠡᠭ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ》ᠵᠡᠷᠭᠡ ᠢᠷᠠᠭᠤ ᠠᠯᠳᠠᠷ᠎ᠢ ᠬᠦᠷᠳᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃