ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-07-11 17:07:53

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

ᠱᠢᠷᠭᠠᠭᠤ ᠰᠤᠷᠤᠯᠴᠠᠨ᠂ ᠬᠠᠯᠠᠭᠤᠮᠰᠤᠭ ᠦᠢᠯᠡᠴᠢᠯᠡᠵᠦ᠂ ᠪᠤᠰᠤᠳ ᠢ᠋ ᠬᠠᠪᠰᠤᠷᠬᠤ ᠳᠤᠷᠠᠲᠠᠶ ᠁ ᠡᠨᠡ ᠪᠤᠯ ᠤᠯᠤᠰ ᠤ᠋ᠨ ᠭᠠᠢᠯᠢ ᠶ᠋ᠢᠨ ᠶᠠᠪᠤᠳᠠᠯ ᠤ᠋ᠨ ᠶᠡᠷᠦᠩᠬᠡᠶ ᠲᠣᠪᠴᠢᠶ᠎ᠠ ᠶ᠋ᠢᠨ ᠥᠪᠥᠷ ᠮᠣᠩᠭᠣᠯ ᠤ᠋ᠨ ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠣᠭᠣᠷᠢᠭ ᠤ᠋ᠨ ᠭᠠᠢᠯᠢ ᠶ᠋ᠢᠨ ᠶᠠᠪᠤᠳᠠᠯ ᠤ᠋ᠨ ᠲᠣᠪᠴᠢᠶ᠎ᠠ ᠶ᠋ᠢᠨ ᠭᠠᠢᠯᠢ ᠶ᠋ᠢᠨ ᠶᠠᠪᠤᠳᠠᠯ ᠤ᠋ᠨ ᠲᠠᠰᠤᠭ ᠤ᠋ᠨ ᠳᠠᠷᠤᠭ᠎ᠠ ᠸᠠᠩ ᠵᠢᠶᠠ ᠶ᠋ᠢᠨ ᠪᠤᠰᠤᠳ ᠎ᠲᠤ ᠦᠭᠬᠦᠭᠰᠡᠨ ᠲᠦᠷᠦᠭᠳᠡᠯ ᠪᠢᠯᠡ᠃ ᠤᠯᠠᠨ ᠵᠢᠯ ᠤ᠋ᠨ ᠲᠤᠷᠰᠢ᠂ ᠸᠠᠩ ᠵᠢᠶᠠ ᠪᠦᠬᠦ᠌ ᠰᠡᠳᠭᠢᠯ ᠪᠦᠬᠦ᠌ ᠵᠣᠷᠢᠭ ᠶ᠋ᠢᠡᠷ ᠶ᠋ᠢᠡᠨ ᠭᠠᠢᠯᠢ ᠲᠤᠱᠢᠶᠠᠭ᠍ᠴᠢ ᠳ᠋ᠦ ᠱᠢᠯᠢᠳᠡᠭ ᠦᠢᠯᠡᠴᠢᠯᠡᠭᠡ ᠬᠠᠡᠭᠭᠠᠨ᠂ ᠰᠠᠢ᠌ᠨ ᠳᠤᠷ᠎ᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠳ᠋ᠦ ᠢᠳᠡᠪᠬᠢᠲᠡᠢ ᠤᠷᠤᠯᠴᠠᠭᠰᠠᠭᠠᠷ ᠢᠷᠡᠵᠡᠢ᠃ ᠣᠲᠣ᠂ ᠸᠠᠩ ᠵᠢᠶᠠ ᠦᠬᠠᠶ ᠶ᠋ᠢᠨ ᠭᠠᠢᠯᠢ ᠶ᠋ᠢᠨ ᠶᠠᠪᠤᠳᠠᠯ ᠤ᠋ᠨ 《ᠦᠶ᠋ᠯᠡᠴᠢᠯᠡᠭᠡᠨ ᠤ᠋ ᠨᠡᠷ᠎ᠡ ᠶ᠋ᠢᠨ ᠬᠠᠭᠤᠳᠠᠰᠤ》 ᠪᠣᠯᠤᠭ᠍ᠰᠠᠨ ᠪᠥᠭᠡᠳ ᠲᠡᠭᠦᠨ ᠤ᠋ ᠵᠤᠬᠢᠶᠠᠨ ᠪᠠᠢᠭᠤᠯᠤᠭ᠍ᠰᠠᠨ 《ᠴᠡᠩᠬᠡᠷ ᠲᠡᠯᠡᠶ ᠶ᠋ᠢᠨ ᠤᠯᠠᠭᠠᠨ ᠳᠠᠷᠪᠠᠭᠤᠯ》 ᠵᠠᠯᠠᠭᠤᠴᠤᠳ ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ᠎ᠨᠢ ᠨᠠᠩ ᠴᠤ᠌ ᠪᠣᠳᠠᠲᠤ ᠠᠵᠢᠯᠯᠠᠭ᠎ᠠ᠎ᠪᠠᠷ ᠶ᠋ᠢᠡᠨ 《ᠯᠸᠢ ᠹᠸᠩ ᠤ᠋ᠨ ᠵᠣᠷᠢᠭ ᠰᠠᠨᠠᠭ᠎ᠠ》 ᠵᠢ ᠦᠶ᠋ᠯᠡᠳᠦᠯᠭᠡᠵᠢᠭᠦᠯᠵᠦ᠍ ᠪᠠᠢᠨ᠎ᠠ᠃ 《ᠯᠧᠢ ᠹᠧᠩ ᠤ᠋ᠨ ᠵᠣᠷᠢᠭ ᠰᠠᠨᠠᠭᠠᠨ᠎ᠤ ᠠᠭᠤᠯᠤᠭ᠍ᠳᠠᠬᠤᠨ ᠡᠯᠪᠡᠭ ᠪᠠᠶᠠᠯᠢᠭ᠂ ᠭᠠᠵᠠᠷ ᠪᠣᠯᠭᠠᠨ ᠳ᠋ᠦ ᠰᠤᠷᠤᠯᠴᠠᠵᠤ ᠬᠥᠮᠦᠨ ᠪᠦᠬᠦᠨ ᠰᠤᠷᠤᠯᠴᠠᠵᠤ ᠪᠣᠯᠤᠨ᠎ᠠ᠂ ᠮᠢᠨᠦ᠍ ᠬᠢᠬᠦ᠌ ᠠᠵᠢᠯ ᠪᠣᠯ ᠳᠠᠷᠤᠶ ᠲᠤᠬᠠᠢᠯᠠᠭ᠍ᠰᠠᠨ ᠠᠵᠢᠯ ᠤ᠋ᠨ ᠪᠠᠢᠷᠢ᠎ᠳᠠᠭᠠᠨ ᠰᠠᠭᠤᠷᠢᠯᠠᠵᠤ᠂ ᠭᠠᠢᠯᠢ ᠲᠤᠰᠢᠶᠠᠭᠴᠢ ᠳ᠋ᠦ ᠬᠠᠮᠤᠭ ᠤ᠋ᠨ ᠱᠢᠯᠢᠳᠡᠭ ᠦᠶ᠋ᠯᠡᠴᠢᠯᠡᠭᠡ ᠬᠠᠩᠭᠠᠬᠤ ᠶᠠᠪᠤᠳᠠᠯ ᠪᠣᠯᠤᠨ᠎ᠠ》 ᠭᠡᠵᠦ ᠲᠡᠷᠡ ᠦᠷᠬᠦᠯᠵᠢ ᠶᠠᠷᠢᠳᠠᠭ᠃ ᠡᠨᠡ ᠬᠦ᠌ ᠡᠬᠡᠯ ᠪᠣᠷᠣᠭ᠍ᠵᠢᠭᠤᠨ ᠦᠭᠡ ᠶᠠᠷᠢᠶ᠎ᠠ ᠨᠢ ᠠᠵᠢᠯ ᠤ᠋ᠨ ᠪᠠᠢᠷᠢ ᠳ᠋ᠠᠭᠠᠨ10 ᠵᠢᠯ ᠪᠤᠯᠵᠤ ᠶᠠᠪᠤᠭ᠎ᠠ ᠸᠠᠡᠭ ᠵᠢᠶᠠ ᠶ᠋ᠢᠨ ᠰᠡᠳᠭᠢᠯ᠎ᠳᠦ ᠬᠠᠳᠠᠩᠱᠢᠭ᠍ᠰᠠᠨ ᠶ᠋ᠢᠡᠷ ᠪᠠᠷᠠᠬᠤ ᠦᠭᠡᠢ ᠪᠤᠳᠠᠳᠦ ᠠᠵᠢᠯ᠎ᠳᠠᠭᠠᠨ ᠦᠢᠯᠡᠳᠦᠯᠭᠡᠵᠢᠬᠦᠯᠬᠦ ᠵᠢ ᠤᠯᠠᠨ ᠵᠢᠯ ᠤ᠋ᠨ ᠲᠤᠷᠰᠢ ᠬᠥᠭᠡᠭᠡᠴᠡᠯᠳᠦᠭ᠌ᠰᠡᠭᠡᠷ ᠢᠷᠡᠭ᠌ᠰᠡᠨ ᠠᠵᠢᠯ ᠤ᠋ᠨ ᠪᠠᠷᠢᠮᠵᠢᠶ᠎ᠠ ᠪᠣᠯᠤᠭ᠍ᠰᠠᠨ ᠪᠠᠢᠨ᠎ᠠ᠃

ᠠᠵᠢᠯ᠎ᠤᠨ ᠭᠠᠷᠤᠭ᠎ᠠ ᠪᠠᠨ ᠠᠪᠤᠭᠰᠠᠨ ᠲᠡᠷᠡ᠎ᠬᠦ ᠵᠠᠢᠴᠠ᠎ᠳᠤ᠂ ᠸᠠᠩ ᠵᠢᠶᠠ ᠭᠠᠢᠯᠢ ᠶ᠋ᠢᠨ ᠶᠠᠪᠤᠳᠠᠯ ᠭᠦᠢᠴᠡᠳᠭᠡᠬᠦ ᠴᠤᠡᠭᠬᠤᠪᠴᠢ ᠳ᠋ᠦ ᠲᠣᠮᠢᠯᠠᠭ᠍ᠳᠠᠨ ᠠᠵᠢᠯᠯᠠᠵᠤ᠂ ᠠᠵᠢᠯ᠎ᠤᠨ ᠲᠠᠷᠤᠭᠠᠰᠤ ᠬᠦᠨᠳᠦ ᠪᠠᠢᠭᠰᠠᠨ ᠪᠤᠯᠪᠠᠴᠤ ᠂ ᠲᠤᠬᠠᠢᠯᠠᠭ᠍ᠰᠠᠨ ᠠᠵᠢᠯ ᠤ᠋ᠨ ᠰᠠᠭᠤᠷᠢ᠎ᠪᠠᠨ ᠪᠠᠲᠤᠳᠭᠠᠪᠠᠯ ᠰᠠᠶᠢ ᠭᠠᠢᠯᠢ ᠶ᠋ᠢᠨ ᠶᠠᠪᠤᠳᠠᠯ ᠢ᠋ ᠰᠠᠢᠲᠤᠷ ᠬᠢᠵᠦ᠍ ᠴᠢᠳᠠᠨ᠎ᠠ ᠭᠡᠳᠡᠭ ᠢ᠋ ᠤᠬᠠᠵᠠᠢ᠃ ᠲᠡᠭᠡᠭᠡᠳ ᠲᠠᠷᠠ ᠥᠪᠡᠷ ᠤ᠋ᠨ ᠪᠡᠶ᠎ᠡ ᠪᠠᠨ ᠴᠢᠡᠭᠭ᠎ᠠ ᠱᠠᠭᠠᠷᠳᠠᠵᠤ ᠂ ᠬᠤᠪᠢᠳᠠᠭᠰᠠᠨ ᠠᠵᠢᠯ ᠎ᠵᠢᠡᠨ ᠰᠠᠢᠳᠤᠷ ᠬᠦᠢᠴᠡᠳᠭᠡᠨ᠂ ᠣᠢᠯᠠᠭᠠᠬᠤ ᠦᠭᠡᠢ ᠵᠦᠢᠯ ᠲᠣᠬᠢᠶᠠᠯᠳᠤᠪᠠᠯ ᠰᠠᠨᠠᠭᠠᠴᠢᠯᠠᠭ᠎ᠠ᠎ᠠᠴᠠ᠎ᠪᠠᠨ ᠡᠷᠭᠢᠨ ᠲᠣᠭᠣᠷᠢᠨ᠎ᠤ ᠬᠠᠮᠲᠤ ᠠᠵᠢᠯᠯᠠᠭᠰᠠᠳ ᠡᠴᠡ᠎ᠪᠠᠨ ᠠᠰᠠᠭᠤᠨ ᠯᠠᠪᠯᠠᠵᠤ᠂ ᠨᠠᠷᠢᠨ ᠬᠢᠨᠠᠮᠠᠭᠠᠢ ᠲᠡᠮᠳᠡᠭ᠌ᠯᠡᠯ ᠬᠢᠵᠦ᠂ ᠠᠮᠠᠷᠠᠬᠤ ᠴᠠᠭ ᠶ᠋ᠢᠡᠨ ᠠᠱᠢᠭ᠍ᠯᠠᠨ ᠲᠤᠬᠠᠢᠯᠠᠭ᠍ᠰᠠᠨ ᠠᠵᠢᠯ ᠤ᠋ᠨ ᠮᠡᠳᠡᠯᠭᠡ ᠪᠠᠨ ᠦᠷᠭᠦᠯᠵᠢᠯᠡᠨ ᠪᠠᠲᠤᠳᠬᠠᠵᠤ᠂ ᠱᠢᠷᠭᠠᠭᠤ ᠰᠤᠷᠤᠯᠴᠠᠵᠤ ᠬᠠᠲᠠᠭᠤᠵᠢᠯᠲᠠᠶ ᠪᠣᠯᠪᠠᠰᠤᠷᠠᠵᠤ᠂ ᠠᠵᠢᠯ ᠤ᠋ᠨ ᠬᠦᠴᠢᠷᠳᠡᠯ ᠶ᠋ᠢᠡᠨ ᠰᠢᠢᠳᠪᠦᠷᠢᠯᠡᠵᠦ ᠪᠠᠢᠯ᠎ᠠ᠃ ᠡᠢᠨ ᠬᠦ᠌ ᠴᠥᠬᠥᠷᠡᠰᠢ ᠦᠭᠡᠢ ᠴᠢᠷᠮᠠᠢᠯᠭ᠎ᠠ᠎ᠪᠠᠷ ᠲᠠᠮᠵᠢᠨ᠂ ᠸᠠᠩ ᠵᠢᠶᠠ ᠲᠤᠬᠠᠢᠯᠠᠭ᠍ᠰᠠᠨ ᠠᠵᠢᠯ ᠳ᠋ᠠᠭᠠᠨ ᠴᠠᠭᠠᠷᠠᠵᠤ᠂ ᠤᠯᠠᠨ ᠎ᠤ ᠪᠠᠨ ᠲᠤᠮᠳᠠ ᠵᠢᠱ᠌ᠢᠶᠡᠴᠢ ᠲᠠᠭᠤᠷᠢᠶᠠᠯ ᠪᠤᠯᠵᠤ ᠴᠤᠯᠭᠤᠷᠠᠭᠰᠠᠨ ᠪᠠᠢᠨ᠎ᠠ ᠃

ᠭᠠᠢᠯᠢ ᠶ᠋ᠢᠨ ᠶᠠᠪᠤᠳᠠᠯ ᠭᠦᠢᠴᠡᠳᠭᠡᠬᠦ ᠴᠤᠡᠭᠬᠤᠪᠴᠢ ᠶ᠋ᠢᠨ ᠠᠵᠢᠯᠲᠠᠨ ᠪᠣᠯᠤᠭ᠍ᠰᠠᠨ᠎ᠤ ᠬᠤᠪᠢ ᠳ᠋ᠦ᠂ ᠭᠠᠢᠯᠢ ᠲᠤᠱᠢᠶᠠᠭ᠍ᠴᠢ ᠶ᠋ᠢᠨ ᠬᠠᠨᠤᠮᠵᠢ ᠶ᠋ᠢᠨ ᠬᠡᠮᠵᠢᠶ᠎ᠡ ᠨᠢ ᠲᠡᠭᠦᠨ ᠤ᠋ ᠠᠵᠢᠯ ᠤ᠋ᠨ ᠶᠠᠰᠤ ᠴᠢᠨᠠᠷ ᠢ᠋ ᠱᠢᠯᠭᠠᠬᠤ ᠪᠠᠷᠢᠮᠵᠢᠶ᠎ᠡ ᠮᠥᠨ᠃ 《ᠡᠵᠡᠩᠨᠡᠯᠲᠡ ᠶ᠋ᠢᠨ ᠭᠠᠢᠯᠢ᠎ᠶ᠋ᠢ ᠥᠷᠲᠡᠭ ᠤ᠋ᠨ ᠨᠡᠮᠡᠭ᠌ᠳᠡᠯ ᠤ᠋ᠨ ᠭᠠᠢᠯᠢ ᠪᠣᠯᠭᠠᠨ ᠥᠭᠡᠷᠡᠴᠢᠯᠡᠬᠦ᠌》 ᠬᠤᠭᠤᠴᠠᠭᠠᠨ ᠳ᠋ᠦ᠂ ᠭᠠᠢᠯᠢ ᠶ᠋ᠢᠨ ᠶᠠᠪᠤᠳᠠᠯ ᠤ᠋ᠨ ᠲᠢᠩᠬᠢᠮ ᠤ᠋ᠨ ᠭᠠᠢᠯᠢ ᠲᠤᠱᠢᠶᠠᠭ᠍ᠴᠢ ᠶ᠋ᠢᠨ ᠲᠤᠭ᠎ᠠ ᠲᠦᠷᠭᠡᠨ ᠶ᠋ᠢᠡᠷ ᠨᠡᠮᠡᠭ᠌ᠳᠡᠵᠦ᠍᠂ ᠴᠠᠭ ᠨᠡᠮᠡᠵᠦ᠍ ᠠᠵᠢᠯᠯᠠᠬᠤ ᠨᠢ ᠪᠠᠢᠡᠭᠭᠤ ᠶ᠋ᠢᠨ ᠶᠠᠪᠤᠳᠠᠯ ᠪᠣᠯᠵᠠᠶ᠃ ᠨᠠᠮ ᠤ᠋ᠨ ᠭᠡᠱᠢᠭᠦᠨ ᠪᠣᠯᠤᠭ᠍ᠰᠠᠨ᠎ᠤ ᠬᠤᠪᠢ ᠳ᠋ᠦ ᠂ ᠸᠠᠩ ᠵᠢᠶᠠ ᠪᠡᠶ᠎ᠡ᠎ᠪᠡᠷ ᠶ᠋ᠢᠡᠨ ᠬᠡᠪ ᠲᠠᠭᠤᠷᠢᠶᠠᠯ ᠪᠣᠯᠵᠣ᠂ ᠡᠳᠦᠷ ᠪᠦᠷᠢ ᠬᠠᠮᠤᠭ ᠤ᠋ᠨ ᠰᠡᠭᠦᠯ᠎ᠳᠦ ᠠᠵᠢᠯ᠎ᠡᠴᠡ ᠪᠠᠨ ᠪᠠᠭᠤᠵᠤ᠂ ᠠᠵᠢᠯ ᠤ᠋ᠨ ᠲᠠᠪᠴᠠᠡᠭ ᠤ᠋ᠨ ᠬᠡᠷᠡᠭᠯᠡᠯᠲᠡ ᠵᠢ ᠳᠠᠬᠢᠨ ᠳᠠᠪᠲᠠᠨ ᠪᠤᠯᠪᠠᠰᠤᠷᠠᠵᠤ ᠭᠠᠢᠯᠢ ᠶ᠋ᠢᠨ ᠶᠠᠪᠤᠳᠠᠯ ᠭᠦᠶ᠋ᠴᠡᠳᠭᠡᠬᠦ᠌ ᠳᠤᠮᠳᠠ ᠤᠷᠤᠰᠢᠵᠤ ᠪᠠᠢᠭ᠎ᠠ ᠡᠪᠡᠷᠱᠢᠶᠡᠯ ᠤ᠋ᠨ ᠴᠡᠭ᠂ ᠲᠦᠭ᠌ᠵᠢᠷᠡᠯ ᠤ᠋ᠨ ᠴᠡᠭ ᠢ᠋ ᠰᠤᠳᠤᠯᠵᠤ᠂ ᠪᠥᠬᠥ᠌ ᠲᠤᠪᠴᠢᠶᠠᠨ ᠳ᠋ᠠᠭᠠᠨ ᠲᠠᠪᠴᠠᠡᠭ ᠤ᠋ᠨ ᠬᠡᠷᠡᠭᠯᠡᠯᠲᠡ ᠵᠢ ᠬᠠᠮᠤᠭ ᠤ᠋ᠨ ᠲᠡᠷᠢᠭᠦᠨ᠎ᠳᠦ ᠪᠣᠯᠪᠠᠰᠤᠷᠠᠩᠭᠤᠶ ᠡᠵᠡᠮᠰᠢᠭᠰᠡᠨ 《ᠳᠠᠭᠠᠭᠤᠯᠤᠭ᠍ᠴᠢ》 ᠪᠣᠯᠵᠣ ᠂ ᠲᠤᠬᠠᠢᠯᠠᠭ᠍ᠰᠠᠨ ᠠᠵᠢᠯ ᠤ᠋ᠨ ᠭᠦᠶ᠋ᠴᠡᠳᠭᠡᠬᠦ᠌ ᠴᠠᠭ ᠢ᠋ ᠪᠦᠲᠦᠮᠵᠢᠲᠡᠶ ᠪᠠᠭᠠᠰᠬᠠᠪᠠ᠃

ᠠᠵᠢᠯ ᠤ᠋ᠨ ᠬᠡᠷᠡᠭ᠌ᠴᠡᠭᠡ᠎ᠡᠴᠡ ᠪᠤᠯᠵᠤ ᠂ 2021 ᠣᠨ᠎ᠠᠴᠠ ᠡᠬᠢᠯᠡᠨ ᠸᠠᠩ ᠵᠢᠶᠠ ᠪᠠᠢᠭᠤᠯᠭ᠎ᠠ ᠶ᠋ᠢᠨ ᠨᠠᠮ ᠤ᠋ᠨ ᠪᠠᠢᠭᠤᠯᠤᠯᠲᠠ ᠶ᠋ᠢᠨ ᠠᠵᠢᠯ ᠢ᠋ ᠬᠠᠷᠢᠭᠤᠴᠠᠵᠤ ᠂ ᠱᠢᠨ᠎ᠡ ᠠᠵᠢᠯ ᠤ᠋ᠨ ᠪᠠᠢᠷᠢ ᠳᠡᠭᠡᠷ᠎ᠡ ᠪᠠᠨ ᠰᠢᠷᠭᠠᠭᠤ ᠬᠠᠲᠠᠭᠤᠵᠢᠯᠲᠠᠢ ᠠᠵᠢᠯ ᠤ᠋ᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠪᠠ᠃ ᠸᠠᠩ ᠵᠢᠶᠠ ᠨᠠᠮ ᠤ᠋ᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠭᠠᠢᠯᠢ ᠲᠠᠲᠠᠪᠤᠷᠢ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠱᠢᠨ᠎ᠡ ᠠᠷᠭ᠎ᠠ ᠵᠠᠮ ᠢ᠋ ᠢᠳᠡᠪᠬᠢᠲᠡᠶ ᠰᠦᠪᠡᠭ᠌ᠴᠢᠯᠡᠵᠦ᠍᠂ ᠨᠠᠮ ᠤ᠋ᠨ ᠡᠭᠦᠷ ᠶ᠋ᠢᠡᠨ ᠵᠣᠬᠢᠶᠠᠨ ᠪᠠᠢᠭᠤᠯᠵᠤ ᠬᠠᠷᠢᠶ᠎ᠠ ᠣᠷᠣᠨ᠎ᠤ ᠠᠵᠤ ᠠᠬᠤᠢᠯᠠᠯ ᠤ᠋ᠨ ᠨᠠᠮ ᠤ᠋ᠨ ᠡᠭᠦᠷ᠎ᠲᠡᠶ ᠬᠠᠮᠲᠤ᠎ᠪᠠᠷ 《 ᠠᠵᠤ ᠠᠬᠤᠢᠯᠠᠯ ᠢ᠋ ᠲᠤᠰᠠᠯᠠᠵᠤ ᠠᠵᠤ ᠠᠬᠤᠢᠯᠠᠯ ᠳ᠋ᠦ ᠠᠱᠢᠭ ᠬᠦᠷᠲᠡᠭᠡᠬᠦ᠌ ᠨᠠᠮ ᠤ᠋ᠨ ᠪᠠᠢᠭᠤᠯᠤᠯᠲᠠ ᠶ᠋ᠢᠨ ᠬᠣᠯᠪᠣᠭ᠎ᠠ 》 ᠪᠠᠢᠭᠤᠯᠪᠠ᠃ ᠲᠡᠷᠡ ᠪᠠᠰᠠ ᠨᠠᠮ ᠤ᠋ᠨ ᠭᠡᠱᠢᠭᠦᠳ ᠶ᠋ᠢᠡᠨ ᠵᠣᠬᠢᠶᠠᠨ ᠪᠠᠢᠭᠤᠯᠤᠨ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠠᠵᠤ ᠠᠬᠤᠢᠯᠠᠯ ᠳ᠋ᠦ ᠬᠦᠷᠴᠦ᠍ ᠭᠠᠢᠯᠢ ᠲᠠᠲᠠᠪᠤᠷᠢ ᠶ᠋ᠢᠨ ᠲᠦᠷᠦ᠍ ᠶ᠋ᠢᠨ ᠪᠤᠳᠤᠯᠭ᠎ᠠ ᠶ᠋ᠢᠨ ᠪᠣᠯᠪᠠᠰᠤᠷᠠᠯ ᠤ᠋ᠨ ᠬᠠᠪᠰᠤᠷᠤᠨ ᠵᠢᠯᠤᠭᠤᠳᠤᠯᠭ᠎ᠠ ᠂ ᠭᠠᠢᠯᠢ ᠶ᠋ᠢᠨ ᠶᠠᠪᠤᠳᠠᠯ ᠤ᠋ᠨ ᠯᠠᠪᠯᠠᠭ᠎ᠠ ᠂ ᠤᠨᠴᠠᠯᠢᠬ᠍ᠳᠤ ᠦᠢᠯᠡᠴᠢᠯᠡᠭᠡ ᠬᠠᠡᠭᠭᠠᠵᠤ ᠂ ᠠᠵᠤ ᠠᠬᠤᠢᠯᠠᠯ ᠤ᠋ᠨ ᠨᠢᠭᠡᠳᠦᠯᠲᠡᠢ ᠰᠠᠢ᠌ᠨ ᠦᠨᠡᠯᠡᠯᠲᠡ᠎ᠶ᠋ᠢ ᠤᠯᠪᠠ᠃

ᠠᠵᠢᠯ ᠤ᠋ᠨ ᠴᠢᠯᠥᠭᠡᠨ᠎ᠳᠡᠭᠡᠨ ᠂ ᠸᠠᠩ ᠵᠢᠶᠠ ᠪᠠᠢᠭᠤᠯᠭ᠎ᠠ ᠶ᠋ᠢᠨ ᠶ᠋ᠢᠡᠨ ᠭᠠᠢᠯᠢ ᠶ᠋ᠢᠨ ᠶᠠᠪᠤᠳᠠᠯ ᠤ᠋ᠨ ᠵᠠᠯᠠᠭᠤ ᠺᠠᠳ᠋ᠷᠴᠤᠳ ᠢ᠋ ᠳᠠᠭᠠᠭᠤᠯᠤᠨ 《ᠴᠡᠩᠬᠡᠷ ᠳᠠᠯᠠᠢ ᠶ᠋ᠢᠨ ᠤᠯᠠᠭᠠᠨ ᠳᠠᠷᠪᠠᠭᠤᠯ》 ᠵᠠᠯᠠᠭᠤᠴᠤᠳ ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ᠎ᠶ᠋ᠢ ᠪᠠᠢᠭᠤᠯᠵᠤ᠂ ᠯᠧᠢ ᠹᠧᠩ ᠨᠥᠬᠥᠷ ᠶ᠋ᠢᠡᠷ ᠳᠠᠭᠤᠷᠢᠶᠠᠯ ᠪᠣᠯᠭᠠᠵᠤ᠂ ᠲᠡᠭᠦᠨ ᠤ᠋ ᠰᠠᠢᠨ ᠳᠤᠷ᠎ᠠ ᠶ᠋ᠢᠨ ᠵᠣᠷᠢᠭ ᠰᠠᠨᠠᠭ᠎ᠠ᠎ᠶ᠋ᠢ ᠢᠳᠡᠪᠬᠢᠲᠡᠶ ᠦᠶ᠋ᠯᠡᠳᠦᠯᠭᠡᠵᠢᠭᠦᠯᠪᠡ᠃ ᠦᠬᠠᠶ ᠬᠣᠲᠠ ᠶ᠋ᠢᠨ ᠡᠮ ᠡᠮᠨᠡᠯᠭᠡ ᠨᠠᠰᠤᠵᠢᠯ ᠤ᠋ᠨ ᠠᠰᠠᠷᠠᠮᠵᠢ ᠶ᠋ᠢᠨ ᠬᠦᠷᠢᠶᠡᠯᠡᠩ᠂ ᠨᠡᠢᠭᠡᠮ ᠲᠣᠭᠣᠷᠢᠭ ᠤ᠋ᠨ ᠶᠠᠳᠠᠭᠤ ᠬᠦᠴᠢᠷᠳᠡᠯᠲᠡᠶ ᠡᠷᠦᠬᠡ᠎ᠪᠡᠷ ᠲᠡᠳᠡᠨ ᠤ᠋ ᠪᠠᠷ᠎ᠠ ᠦᠷᠬᠦᠯᠵᠢ ᠬᠠᠷᠠᠭᠳᠠᠳᠠᠭ᠃ ᠠᠮᠠᠷᠠᠬᠤ ᠴᠠᠭ ᠶ᠋ᠢᠡᠨ ᠠᠱᠢᠭ᠍ᠯᠠᠨ᠂ ᠲᠡᠳᠡ ᠪᠠᠰᠠ 《ᠭᠠᠷᠠᠭ ᠤ᠋ᠨ ᠰᠡᠭᠦᠯᠴᠢ ᠶ᠋ᠢᠨ 1 ᠴᠠᠭ᠎ᠤᠨ ᠰᠠᠢ᠌ᠨ ᠳᠤᠷ᠎ᠠ ᠶ᠋ᠢᠨ ᠦᠢᠯᠡᠴᠢᠯᠡᠭᠡ》 ᠵᠡᠷᠭᠡ ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠬᠦ ᠶ᠋ᠢᠨ ᠬᠠᠮᠲᠤ᠂ 《ᠪᠢ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ ᠶ᠋ᠢᠨ ᠠᠵᠢᠯᠯᠠᠭ᠎ᠠ᠎ᠲᠠᠶ ᠤᠶᠠᠯᠳᠤᠭᠤᠯᠵᠤ᠂ ᠸᠠᠩ ᠵᠢᠶᠠ ᠪᠠᠢᠭᠤᠯᠭ᠎ᠠ ᠶ᠋ᠢᠨ ᠶ᠋ᠢᠡᠨ ᠰᠠᠢ᠌ᠨ ᠳᠤᠷᠠᠴᠤᠳ ᠶ᠋ᠢᠡᠨ ᠳᠠᠭᠠᠭᠤᠯᠤᠨ ᠭᠠᠢᠯᠢ ᠲᠠᠲᠠᠪᠤᠷᠢ ᠶ᠋ᠢᠨ ᠦᠢᠯᠡᠴᠢᠯᠡᠭᠡ᠂ ᠪᠣᠯᠪᠠᠰᠤᠨ ᠬᠤᠲᠠ ᠵᠢ ᠡᠭᠦᠳᠦᠨ ᠪᠠᠢᠭᠤᠯᠬᠤ᠂ ᠴᠢᠰᠤ ᠬᠠᠨᠳᠢᠪᠯᠠᠬᠤ ᠵᠡᠷᠭᠡ ᠰᠠᠢ᠌ᠨ ᠳᠤᠷ᠎ᠠ ᠶ᠋ᠢᠨ ᠦᠢᠯᠡᠴᠢᠯᠡᠭᠡᠨ ᠤ᠋ ᠠᠵᠢᠯᠯᠠᠭ᠎ᠠ ᠳ᠋ᠦ ᠣᠷᠣᠯᠴᠠᠵᠤ᠂ ᠬᠥᠮᠦᠰ ᠤ᠋ᠨ ᠰᠡᠳᠭᠢᠯ ᠢ᠋ ᠳᠤᠯᠠᠭᠠᠴᠠᠭᠤᠯᠬᠤ ᠢᠳᠡᠪᠬᠢ ᠬᠦᠴᠦᠨ ᠢ᠋ ᠲᠠᠰᠤᠷᠠᠯᠳᠠ ᠦᠭᠡᠢ ᠳᠠᠮᠵᠢᠭᠤᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面