ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-02-27 10:51:33

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

《ᠪᠦᠦ ᠳᠠᠷᠤᠭ᠎ᠠ ᠤᠯᠠᠭᠠᠨᠮᠥ᠋ᠴᠢᠷ ᠤ᠋ᠨ ᠭᠡᠰᠢᠬᠦᠳ ᠲᠠᠢ ᠪᠡᠨ ᠬᠦᠷᠤᠭᠡᠳ ᠢᠷᠡᠯ᠎ᠡ !》 ᠬᠡᠵᠦ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠢᠨᠳᠡᠷ ᠪᠠᠯᠭᠠᠰᠤᠨ᠎ᠤ ᠴᠡᠴᠡᠭ᠌ᠲᠦ ᠭᠠᠴᠠᠭ᠎ᠠ᠎ᠳ᠋ᠤ᠂ ᠬᠦᠮᠦᠰ ᠠᠷᠦ ᠠᠷᠦ᠎ᠡᠴᠡ᠎ᠪᠠᠨ ᠰᠣᠶᠣᠯ᠎ᠤᠨ ᠠᠵᠢᠯᠯᠠᠭᠠᠨ᠎ᠤ ᠲᠠᠰᠤᠭ᠎ᠲᠤ ᠴᠤᠭ᠍ᠯᠠᠷᠠᠪᠠ᠃ 《ᠪᠦᠦ ᠳᠠᠷᠤᠭ᠎ᠠ ᠵᠢ ᠪᠢᠳᠡ ᠬᠦᠰᠡᠨ ᠬᠦᠯᠢᠶᠡᠳᠡᠭ᠂ ᠶᠠᠭ ᠰᠠᠳᠤᠨ ᠲᠦᠷᠦᠯ ᠬᠦᠷᠴᠦ ᠢᠷᠡᠬᠦ ᠶᠤᠮᠰᠢᠭ ᠲᠤᠯᠠᠭᠠᠬᠠᠨ ᠰᠠᠨᠠᠬᠳᠠᠨ᠎ᠠ》 ᠭᠡᠵᠦ᠍ ᠨᠢᠭᠡ ᠮᠠᠯᠴᠢᠨ ᠬᠡᠯᠡᠨ᠎ᠠ᠃

ᠣᠯᠠᠨ᠎ᠤ ᠶᠠᠷᠢᠵᠤ ᠪᠠᠢᠭ᠎ᠠ ᠪᠦᠦ ᠳᠠᠷᠤᠭ᠎ᠠ ᠪᠣᠯ ᠵᠠᠯᠠᠢᠳ ᠬᠣᠱᠢᠭᠤᠨ᠎ᠤ ᠤᠯᠠᠭᠠᠨᠮᠥ᠋ᠴᠢᠷ᠎ᠦᠨ ᠨᠠᠮ᠎ᠤᠨ ᠡᠭᠦᠷ᠎ᠦᠨ ᠱᠦᠵᠢ᠂ ᠳᠠᠷᠤᠭ᠎ᠠ ᠪᠦᠦ ᠵᠢᠶᠦ᠋ᠨ ᠵᠢᠶᠧ ᠪᠣᠯᠤᠨ᠎ᠠ᠃ ᠤᠷᠴᠢᠮ ᠲᠡᠷᠡ ᠡᠳᠦᠷ ᠪᠦᠷᠢ ᠵᠠᠯᠠᠢᠳ ᠬᠣᠱᠢᠭᠤᠨ᠎ᠤ ᠤᠯᠠᠭᠠᠨᠮᠥ᠋ᠴᠢᠷ᠎ᠢ ᠳᠠᠭᠠᠭᠤᠯᠤᠨ ᠪᠠᠭ᠎ᠠ ᠰᠠᠯᠪᠤᠷᠢ ᠲᠤᠭᠤᠢᠯᠠᠩ᠎ᠤᠨ ᠬᠡᠯᠪᠡᠷᠢ᠎ᠪᠡᠷ ᠠᠢᠯ ᠡᠷᠦᠬᠡ᠎ᠳᠦ ᠭᠦᠨᠵᠡᠭᠡᠢᠷᠡᠨ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ》 ᠵᠢᠴᠢ 《ᠵᠠᠭᠤᠨ ᠪᠦᠯᠬᠦᠮ ᠮᠢᠩᠭᠠᠨ ᠲᠠᠯᠠᠪᠤᠷ》 ᠤ᠋ᠨ ᠦᠨᠳᠦᠰᠦᠨ ᠱᠠᠲᠤᠨ᠎ᠳᠤ ᠪᠠᠭᠤᠵᠤ ᠲᠣᠭ᠍ᠯᠠᠯᠲᠠ ᠭᠠᠷᠭᠠᠬᠤ ᠠᠵᠢᠯᠯᠠᠭ᠎ᠠ ᠦᠷᠨᠢᠬᠦᠯᠪᠠ᠃ ᠲᠣᠭ᠍ᠯᠠᠯᠲᠠ᠎ᠶ᠋ᠢᠨ ᠠᠬᠤᠢ ᠲᠠᠯᠠᠪᠠᠢ᠎ᠳᠤ᠂ ᠢᠷᠠᠭᠤ ᠰᠠᠢᠬᠠᠨ ᠬᠥᠭ᠌ᠵᠢᠮ᠎ᠦᠨ ᠠᠶ᠎ᠠ ᠬᠦᠩᠭᠢᠨᠡᠨ᠂ ᠭᠤᠶᠤ ᠰᠠᠢᠬᠠᠨ ᠲᠣᠭ᠍ᠯᠠᠯᠲᠠ ᠦᠵᠡᠭᠴᠢ ᠤᠯᠠᠨ ᠤ᠋ ᠬᠠᠷᠠᠭ᠎ᠠ ᠵᠢ ᠪᠠᠶᠠᠰᠬᠠᠨ᠎ᠠ᠃ ᠳᠠᠭᠤᠤ᠂ ᠪᠥᠵᠢᠭ᠂ ᠤᠬᠠᠭᠤᠯᠤᠨ ᠲᠠᠢᠯᠪᠤᠷᠢᠯᠠᠯᠳᠠ ᠵᠢ ᠰᠤᠨᠤᠰᠤᠭᠠᠤᠨ ᠬᠥᠮᠦᠰ ᠦᠶ᠎ᠡ ᠦᠶ᠎ᠡ ᠤᠤᠬᠠᠢ ᠬᠠᠰᠬᠢᠷᠴᠤ᠂ ᠭᠠᠷ ᠤᠲᠠᠰᠤ᠎ᠪᠠᠷ ᠰᠡᠭᠦᠳᠡᠷ ᠲᠠᠲᠠᠵᠤ᠂ ᠭᠠᠢᠬᠠᠮ᠎ᠠ ᠬᠤᠷᠤᠮ᠎ᠢ ᠲᠡᠮᠳᠡᠭ᠌ᠯᠡᠵᠡᠭᠡᠨ᠎ᠠ᠃

1997 ᠣᠨ᠎ᠳ᠋ᠤ ᠤᠯᠠᠭᠠᠨᠮᠥ᠋ᠴᠢᠷ ᠲᠤ᠌ ᠠᠵᠢᠯᠯᠠᠬᠰᠡᠨ ᠡᠴᠡ ᠣᠲᠣ ᠪᠣᠯᠲᠠᠯ᠎ᠠ᠂ ᠪᠦᠦ ᠵᠢᠶᠦ᠋ᠨ ᠵᠢᠶᠧ ᠦᠨᠳᠦᠰᠦᠨ ᠱᠠᠲᠤᠨ᠎ᠳᠤ ᠦᠶ᠋ᠯᠡᠴᠢᠯᠡᠬᠦ᠌᠂ ᠣᠯᠠᠨ ᠲᠦᠮᠡᠨ᠎ᠳᠦ ᠦᠶ᠋ᠯᠡᠴᠢᠯᠡᠬᠦ᠌᠎ᠪᠡᠷ ᠬᠠᠷᠠᠯᠲᠠ ᠪᠣᠯᠭᠠᠬᠤ᠎ᠶ᠋ᠢ ᠪᠠᠷᠢᠮᠲᠠᠯᠠᠭ᠍ᠰᠠᠭᠠᠷ ᠢᠷᠡᠵᠡᠶ᠂ ᠬᠠᠬᠢᠷ ᠡᠪᠤᠯ᠂ ᠠᠭᠠᠬᠢᠮ᠎ᠠ ᠵᠤᠨ᠎ᠢ ᠬᠠᠢᠬᠤᠷᠤᠯ ᠦᠭᠡᠢ ᠵᠢᠯ ᠪᠦᠷᠢ ᠦᠨᠳᠦᠰᠦᠨ ᠱᠠᠲᠤᠨ᠎ᠤ ᠣᠯᠠᠨ ᠲᠦᠮᠡᠨ᠎ᠳᠦ ᠵᠠᠭᠤ ᠱᠢᠬᠠᠮ ᠲᠠᠯᠠᠪᠠᠶ ᠤᠷᠠᠨ ᠰᠠᠢᠬᠠᠨ᠎ᠤ ᠲᠣᠭ᠍ᠯᠠᠯᠲᠠ ᠭᠠᠷᠭᠠᠨ ᠦᠭᠳᠡᠭ᠃

《ᠬᠥᠳᠡᠭᠡ ᠪᠠᠭᠤᠵᠤ ᠲᠣᠭ᠍ᠯᠠᠯᠲᠠ ᠭᠠᠷᠭᠠᠬᠤ᠎ᠳᠤ ᠬᠠᠮᠤᠭ᠎ᠤᠨ ᠴᠢᠬᠤᠯᠠ ᠨᠢ ᠠᠷᠠᠳ ᠲᠦᠮᠡᠨ ᠲᠠᠢ ᠢᠯᠡᠬᠦᠭᠡᠨ ᠤᠢᠷᠠᠳᠤᠵᠤ᠎ᠰᠡᠳᠬᠢᠯ ᠵᠢᠷᠤᠭᠡ ᠪᠡᠨ ᠬᠤᠯᠪᠤᠵᠤ᠂ ᠨᠦᠬᠦᠴᠡᠯ ᠪᠠᠷᠤᠬᠳᠠᠢ ᠭᠡᠵᠤ ᠪᠤᠳᠤᠵᠤ ᠪᠤᠯᠬᠤ ᠦᠭᠡᠢ᠂ ᠲᠠᠷᠢᠶᠠᠴᠢᠨ ᠠᠢᠯ᠎ᠤᠨ ᠬᠦᠷᠢᠶᠡᠨ᠎ᠳᠦ ᠴᠢᠨᠠᠭ᠍ᠰᠢᠯᠠᠪᠠᠯ ᠬᠠᠨᠵᠤᠨ ᠳᠡᠭᠡᠷ᠎ᠡ ᠨᠢ ᠴᠦ᠍ ᠲᠣᠭ᠍ᠯᠠᠵᠤ ᠴᠢᠳᠠᠨ᠎ᠠ᠂ ᠡᠨᠡ ᠪᠣᠯ ᠰᠠᠶᠢ ᠬᠢᠷᠢ ᠲᠡᠩᠴᠡᠭ᠌ᠰᠡᠨ 〈ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ〉 ᠮᠥᠨ ᠭᠡᠵᠦ᠍ ᠪᠦᠦ ᠳᠠᠷᠤᠭ᠎ᠠ ᠦᠷᠭᠦᠯᠵᠢ ᠭᠡᠱᠢᠭᠦᠳ ᠲᠡᠭᠡᠨ ᠶᠠᠷᠢᠳᠠᠭ》᠃ ᠤᠯᠠᠭᠠᠨᠮᠥ᠋ᠴᠢᠷ᠎ᠦᠨ ᠭᠡᠱᠢᠭᠦᠨ ᠵᠢᠨ ᠾᠧ᠂ ᠤᠯᠠᠨ ᠵᠢᠯ᠎ᠦᠨ ᠲᠤᠷᠰᠢ᠂ ᠬᠥᠳᠡᠭᠡ ᠪᠠᠭᠤᠵᠤ ᠲᠣᠭ᠍ᠯᠠᠯᠲᠠ ᠭᠠᠷᠭᠠᠳᠠᠭ ᠯᠠ ᠶᠤᠮ ᠪᠣᠯ ᠪᠦᠦ ᠳᠠᠷᠤᠭ᠎ᠠ ᠶᠡᠷᠦ᠍ ᠨᠢ ᠬᠠᠮᠤᠭ᠎ᠤᠨ ᠡᠮᠦᠨ᠎ᠡ ᠨᠢ ᠭᠠᠪᠱᠢᠭᠠᠢᠯᠠᠵᠤ᠂ ᠲᠡᠷᠡ ᠭᠡᠱᠢᠭᠦᠳ᠎ᠢᠶᠡᠨ ᠳᠠᠭᠠᠭᠤᠯᠤᠨ ᠵᠠᠯᠠᠢᠳ ᠬᠣᠱᠢᠭᠤᠨ᠎ᠤ ᠭᠠᠴᠠᠭ᠎ᠠ ᠲᠣᠰᠭᠣᠨ ᠎ᠢᠶᠠᠷ ᠶᠠᠪᠤᠳᠠᠭ ᠭᠡᠵᠦ ᠬᠡᠯᠡᠪᠡ᠃

ᠪᠦᠦ ᠵᠢᠶᠦ᠋ᠨ ᠵᠢᠶᠧ ᠪᠠᠶᠠᠷ ᠳᠤᠷᠠᠰᠭᠠᠯ᠎ᠤᠨ ᠡᠳᠦᠷ ᠪᠣᠯᠬᠤ ᠪᠦᠷᠢ ᠤᠯᠠᠭᠠᠨᠮᠥ᠋ᠴᠢᠷ᠎ᠦᠨ ᠭᠡᠱᠢᠭᠦᠳ᠎ᠢᠶᠡᠨ ᠳᠠᠭᠠᠭᠤᠯᠤᠨ ᠶᠠᠳᠠᠭᠤ ᠬᠦᠴᠢᠷᠳᠡᠯᠲᠡᠶ ᠬᠡᠷ ᠪᠦᠯᠢ᠂ ᠵᠡᠮᠳᠡᠭ᠌ᠴᠦᠳ᠎ᠦᠨ ᠬᠡᠷ ᠪᠦᠯᠢ᠎ᠳᠦ ᠬᠦᠷᠴᠦ᠍ ᠲᠣᠬᠣᠨᠢᠭᠤᠯᠬᠤ ᠲᠣᠭ᠍ᠯᠠᠯᠲᠠ ᠭᠠᠷᠭᠠᠬᠤ᠎ᠶ᠋ᠢᠨ ᠬᠠᠮᠲᠤ᠂ ᠬᠡᠷ᠎ᠲᠡᠬᠡᠨ ᠬᠣᠴᠣᠷᠤᠭ᠍ᠰᠠᠨ ᠨᠠᠰᠤᠲᠠᠢᠴᠤᠳ᠎ᠢ ᠬᠠᠯᠠᠮᠵᠢᠯᠠᠨ ᠬᠠᠢᠷᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠬᠦ᠌᠎ᠶ᠋ᠢ ᠪᠠᠷᠢᠮᠲᠠᠯᠠᠵᠤ᠂ ᠬᠡᠷ᠎ᠲᠡᠬᠡᠨ ᠬᠣᠴᠣᠷᠤᠭ᠍ᠰᠠᠨ ᠥᠨᠳᠥᠷ ᠨᠠᠰᠤᠲᠠᠢᠴᠤᠳ᠎ᠲᠤ ᠠᠮᠢᠳᠤᠷᠠᠯ᠎ᠤᠨ ᠬᠠᠷᠠᠭᠠᠯᠵᠠᠯ᠂ ᠰᠡᠳᠭᠢᠴᠡ᠎ᠶ᠋ᠢᠨ ᠲᠣᠬᠣᠨᠢᠭᠤᠯᠤᠯ᠂ ᠰᠣᠶᠣᠯ ᠵᠤᠭ᠎ᠠ ᠴᠡᠩᠭᠡᠯ ᠵᠡᠷᠭᠡ ᠡᠯ᠎ᠡ ᠲᠥᠷᠥᠯ᠎ᠦᠨ ᠦᠶ᠋ᠯᠡᠴᠢᠯᠡᠭᠡ ᠬᠠᠩᠭᠠᠳᠠᠭ᠃

ᠪᠦᠦ ᠵᠢᠶᠦ᠋ᠨ ᠵᠢᠶᠧ᠂ ᠵᠠᠷᠢᠮ᠎ᠳᠠᠭᠠᠨ ᠨᠠᠰᠤᠲᠠᠢᠴᠤᠳ᠎ᠲᠤ ᠭᠣᠢᠳᠠ ᠰᠠᠢᠬᠠᠨ ᠲᠣᠭ᠍ᠯᠠᠯᠲᠠ ᠭᠠᠷᠭᠠᠵᠤ ᠥᠭ᠌ᠬᠦ᠎ᠶ᠋ᠢᠨ ᠲᠥᠯᠥᠭᠡ᠂ ᠨᠢᠭᠡ ᠡᠳᠦᠷ ᠲᠤ᠌ ᠬᠣᠶᠠᠷ ᠨᠠᠰᠤᠲᠠᠨ᠎ᠢ ᠠᠰᠠᠷᠠᠬᠤ ᠬᠦᠷᠢᠶᠡᠯᠡᠩ ᠳ᠋ᠤ ᠤᠴᠢᠳᠠᠭ᠃ ᠨᠠᠰᠤᠲᠠᠨ᠎ᠢ ᠬᠠᠪᠰᠤᠷᠤᠨ ᠲᠣᠯᠣᠭᠠᠢ᠎ᠶ᠋ᠢ ᠨᠢ ᠤᠬᠢᠶᠠᠵᠤ᠂ ᠬᠡᠵᠢᠬᠡ᠎ᠶ᠋ᠢ ᠨᠢ ᠵᠠᠰᠠᠵᠤ᠂ ᠭᠡᠷ᠎ᠢ ᠨᠢ ᠴᠡᠪᠡᠷᠯᠡᠵᠦ᠍᠂ ᠪᠤᠳᠠᠭ᠎ᠠ ᠭᠤᠯᠢᠷ᠎ᠢ ᠨᠢ ᠬᠦᠷᠭᠡᠨ᠎ᠡ ᠁ ᠬᠡᠳᠦᠢᠪᠡᠷ ᠵᠦᠳᠡᠷᠡᠯᠲᠡᠢ ᠪᠣᠯᠪᠠᠴᠤ᠌᠂ ᠨᠠᠰᠤᠲᠠᠢᠴᠤᠳ᠎ᠤᠨ ᠢᠨᠢᠶᠡᠮᠰᠦᠩᠭᠦᠢ ᠴᠢᠷᠠᠢ᠎ᠶ᠋ᠢ ᠨᠢ ᠬᠠᠷᠠᠬᠤ ᠪᠦᠷᠢ᠂ ᠲᠠᠳᠡᠨᠤᠰ᠎ᠤᠨ ᠠᠯᠠᠭ᠎ᠠ ᠲᠠᠱᠢᠯᠳᠠ᠎ᠶ᠋ᠢᠨ ᠲᠠᠭᠤᠨ᠎ᠢ ᠰᠣᠨᠣᠰᠭᠤ ᠪᠦᠷᠢ᠂ ᠶᠠᠮᠠᠷ ᠦᠷᠡᠭ᠌ᠳᠡᠯ ᠭᠠᠷᠭᠠᠭ᠍ᠰᠠᠨ ᠴᠤ᠌ ᠪᠡᠨ᠎ᠡ᠎ᠲᠡᠶ ᠰᠠᠨᠠᠭ᠍ᠳᠠᠳᠠᠭ ᠭᠡᠵᠦ ᠬᠡᠯᠡᠪᠡ᠃

ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠮᠠᠯᠴᠢᠨ ᠲᠠᠷᠢᠶᠠᠴᠢᠨ ᠲᠦᠮᠡᠨ᠎ᠳᠦ ᠦᠶ᠋ᠯᠡᠴᠢᠯᠡᠨ᠎ᠡ᠃ ᠥᠩᠭᠡᠷᠡᠭ᠌ᠰᠡᠨ ᠨᠢᠭᠡ ᠵᠢᠯ᠎ᠳᠦ᠂ ᠬᠡᠳᠦᠢᠪᠡᠷ ᠬᠢᠵᠢᠭ᠎ᠦᠨ ᠨᠥᠯᠥᠭᠡ᠎ᠡᠴᠡ ᠪᠣᠯᠤᠭ᠍ᠰᠠᠨ ᠪᠣᠯᠪᠠᠴᠤ᠌ ᠪᠦᠦ ᠵᠢᠶᠦ᠋ᠨ ᠵᠢᠶᠧ ᠮᠥᠨ ᠬᠦ᠌ ᠤᠯᠠᠭᠠᠨᠮᠥ᠋ᠴᠢᠷ᠎ᠢ ᠳᠠᠭᠠᠭᠤᠯᠤᠨ ᠶᠡᠷᠦᠩᠬᠡᠢᠯᠡᠭ᠌ᠰᠡᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠣᠭ᠍ᠯᠠᠯᠲᠠ᠎ᠶ᠋ᠢᠨ ᠠᠵᠢᠯᠯᠠᠭ᠎ᠠ᠎ᠶ᠋ᠢ 102 ᠲᠠᠯᠠᠪᠤᠷ ᠤᠳᠠᠭ᠎ᠠ ᠦᠷᠨᠢᠭᠦᠯᠵᠦ᠂ ᠦᠨᠳᠦᠰᠦᠨ ᠱᠠᠲᠤᠨ᠎ᠤ ᠣᠯᠠᠨ ᠲᠦᠮᠡᠨ᠎ᠦ ᠠᠵᠢᠯ᠎ᠤᠨ ᠴᠢᠯᠥᠭᠡᠨ᠎ᠦ ᠤᠳᠭ᠎ᠠ ᠤᠷᠠᠯᠢᠭ᠎ᠤᠨ ᠠᠵᠢᠯᠯᠠᠭ᠎ᠠ᠎ᠶ᠋ᠢ 45 ᠲᠠᠯᠠᠪᠤᠷ ᠤᠳᠠᠭ᠎ᠠ ᠰᠠᠢᠨ ᠲᠤᠷ᠎ᠠ ᠡᠴᠡ ᠪᠡᠨ ᠵᠢᠯᠣᠭᠣᠳᠴᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ 40 ᠲᠠᠯᠠᠪᠤᠷ ᠤᠳᠠᠭ᠎ᠠ ᠦᠷᠨᠢᠭᠦᠯᠵᠦ᠂ ᠰᠦᠯᠵᠢᠶᠡᠨ᠎ᠦ ᠤᠬᠠᠭᠤᠯᠭ᠎ᠠ᠎ᠶ᠋ᠢᠨ ᠪᠦᠲᠦᠭᠡᠯ᠎ᠢ 101 ᠤᠳᠠᠭ᠎ᠠ ᠵᠣᠬᠢᠶᠠᠨ ᠪᠦᠲᠦᠭᠡᠪᠡ᠃

《ᠬᠣᠢᠱᠢᠳᠠ᠎ᠶ᠋ᠢᠨ ᠠᠵᠢᠯ᠎ᠤᠨ ᠳᠤᠮᠳᠠ᠂ ᠪᠢ ᠦᠷᠭᠦᠯᠵᠢᠯᠡᠨ〈ᠬᠠᠷᠠᠮ ᠥᠬᠡᠶ ᠵᠣᠷᠢᠭᠤᠯᠬᠤ᠂ ᠨᠥᠬᠥᠷᠰᠡᠭ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠱᠢᠬᠤ〉 ᠬᠡᠬᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠷᠢᠭ ᠰᠠᠨᠠᠭ᠎ᠠ ᠪᠣᠯᠤᠨ ᠤᠯᠠᠭᠠᠨᠮᠥ᠋ᠴᠢᠷ᠎ᠦᠨ ᠵᠣᠷᠢᠭ ᠰᠠᠨᠠᠭ᠎ᠠ᠎ᠶ᠋ᠢ ᠨᠢᠭ᠍ᠲᠠ ᠤᠶᠠᠯᠳᠤᠭᠤᠯᠵᠤ᠂ ᠲᠣᠰ ᠪᠡᠶ᠎ᠡ ᠵᠢᠴᠢ ᠪᠦᠯᠬᠦᠮ᠎ᠦᠨ ᠪᠠᠢᠭᠤᠯᠤᠯᠲᠠ᠎ᠪᠠᠨ ᠲᠠᠰᠤᠷᠠᠯᠲᠠ ᠥᠬᠡᠶ ᠴᠢᠩᠭᠠᠳᠭᠠᠵᠤ᠂〈ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ〉ᠤ᠋ᠨ ᠢᠯᠡ ᠲᠣᠳᠣ ᠳᠡᠪᠢᠰᠭᠡᠷ ᠥᠩᠭᠡ᠎ᠶ᠋ᠢ ᠪᠠᠲᠤᠯᠠᠵᠤ᠂ ᠦᠷᠭᠦᠯᠵᠢᠯᠡᠨ ᠭᠡᠱᠢᠭᠦᠳ᠎ᠢᠶᠡᠨ ᠳᠠᠭᠠᠭᠤᠯᠤᠨ ᠡᠯ᠎ᠡ ᠵᠦᠶ᠋ᠯ᠎ᠦᠨ ᠬᠡᠯᠪᠡᠷᠢ᠎ᠪᠡᠷ ᠡᠯᠪᠡᠭ ᠪᠠᠶᠠᠯᠢᠭ ᠰᠠᠢᠨ ᠳᠤᠷ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠤᠳᠭ᠎ᠠ ᠤᠷᠠᠯᠢᠭ᠎ᠤᠨ ᠦᠷ᠎ᠡ ᠪᠦᠲᠦᠭᠡᠯ᠎ᠢ ᠭᠠᠵᠠᠷ ᠪᠣᠯᠭᠠᠨ᠎ᠳᠤ ᠳᠡᠯᠭᠡᠷᠡᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠢᠳ᠎ᠨᠤᠳᠤᠭ ᠲᠦ᠍ ᠦᠨᠳᠦᠰᠦᠯᠡᠭᠦᠯᠦᠨ᠎ᠡ》 ᠭᠡᠵᠦ᠍ ᠪᠦᠦ ᠵᠢᠶᠦ᠋ᠨ ᠵᠢᠶᠧ ᠬᠡᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面