2023-02-23 10:54:55
ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠢ ᡁᠢ ᠶᠤᠸᠠᠨ ᠪᠤᠯᠪᠠᠰᠤᠷᠠᠯ᠎ᠤᠨ ᠰᠤᠷᠭᠠᠭᠤᠯᠢ᠎ᠶ᠋ᠢᠨ ᠨᠠᠮ᠎ᠤᠨ ᠡᠭᠦᠷ᠎ᠦᠨ ᠱᠦᠵᠢ᠂ ᠰᠤᠷᠭᠠᠭᠤᠯᠢ᠎ᠶ᠋ᠢᠨ ᠵᠠᠬᠢᠷᠤᠯ ᠹᠦ᠋ ᠪᠢᠩ ᠪᠢᠩ ᠤᠮᠠᠷᠠᠲᠤ ᠬᠢᠯᠢ᠎ᠳᠦ ᠦᠨᠳᠦᠰᠦᠯᠡᠨ ᠶᠡᠭᠡ ᠬᠠᠢᠷ᠎ᠠ ᠵᠢᠨ ᠬᠠᠯᠠᠭᠤᠨ ᠲᠤᠯᠠᠭᠠᠨ᠎ᠢ ᠳᠠᠮᠵᠢᠭᠤᠯᠤᠨ᠎ᠠ᠃ ᠲᠡᠷᠡ ᠪᠡᠷ᠂ ᠶᠠᠳᠠᠭᠤ ᠬᠦᠴᠢᠷᠳᠡᠯᠲᠡᠢ ᠭᠡᠷ ᠪᠦᠯᠢ ᠪᠣᠯᠤᠨ ᠠᠵᠢᠯ᠎ᠤᠨ ᠪᠠᠢᠷᠢ᠎ᠠᠴᠠ᠎ᠪᠠᠨ ᠪᠠᠭᠤᠭ᠍ᠰᠠᠨ ᠠᠵᠢᠯᠲᠠᠨ ᠠᠵᠢᠯᠴᠢᠨ ᠵᠢᠴᠢ ᠨᠡᠢᠭᠡᠮ᠎ᠳᠦ ᠣᠨᠴᠠᠭᠠᠢ ᠬᠤᠪᠢ ᠨᠡᠮᠡᠷᠢ ᠦᠵᠡᠭᠦᠯᠦᠭ᠌ᠰᠡᠨ ᠭᠡᠷ ᠪᠦᠯᠢ᠎ᠶ᠋ᠢᠨ ᠦᠷ᠎ᠡ ᠬᠡᠦᠬᠡᠳ ᠡᠴᠡ ᠰᠦᠢᠳᠭᠡᠯ ᠬᠤᠷᠢᠶᠠᠬᠤ ᠦᠭᠡᠢ ᠰᠤᠷᠭᠠᠨ ᠬᠦᠮᠦᠵᠢᠬᠦᠯᠬᠦ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠰᠤᠷᠭᠠᠭᠤᠯᠢ ᠡᠷᠬᠢᠯᠡᠭᠰᠡᠨ 18 ᠵᠢᠯ᠎ᠤᠨ ᠲᠤᠷᠰᠢ 1380 ᠭᠠᠷᠤᠢ ᠶᠠᠳᠠᠭᠤ ᠬᠦᠴᠢᠷᠳᠡᠯᠲᠡᠢ ᠰᠤᠷᠤᠭ᠍ᠴᠢᠳ᠎ᠢ ᠬᠠᠪᠰᠤᠷᠤᠨ ᠶᠡᠬᠡ ᠰᠤᠷᠭᠠᠭᠤᠯᠢ ᠵᠢᠨ ᠬᠦᠰᠡᠯ ᠵᠡᠬᠦᠳᠦ ᠵᠢ ᠨᠢ ᠲᠡᠷᠭᠡᠯᠰᠢᠬᠦᠯᠪᠡ᠃
ᠹᠦ᠋ ᠪᠢᠩ ᠪᠢᠩ᠂ ᠵᠢᠶᠠᠩᠰᠦ ᠮᠤᠵᠢ᠎ᠶ᠋ᠢᠨ ᠤᠮᠠᠷᠠᠲᠤ ᠬᠡᠰᠡᠭ᠎ᠦᠨ ᠨᠢᠭᠡᠨ ᠬᠥᠳᠡᠭᠡ ᠲᠣᠰᠭᠣᠨ᠎ᠳᠦ ᠳᠦᠷᠦᠵᠡᠶ᠃ 2004 ᠣᠨ᠎ᠳᠤ ᠬᠠᠳᠠᠭᠤᠵᠢᠯᠳᠠᠢ ᠤᠷᠠᠯᠢᠭ᠎ᠤᠨ ᠱᠢᠯᠭᠠᠯᠲᠠ᠎ᠶ᠋ᠢ ᠳᠤᠭᠤᠯᠵᠤ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠷᠠᠯᠢᠭ᠎ᠤᠨ ᠲᠤᠰᠭᠠᠶ ᠮᠡᠷᠭᠡᠵᠢᠯ᠎ᠳᠦ ᠱᠢᠯᠭᠠᠭᠤᠯᠤᠨ ᠣᠷᠣᠵᠠᠶ᠃ ᠲᠦᠷᠦᠯᠬᠢ ᠠᠪᠢᠶᠠᠰ᠎ᠲᠡᠶ᠂ ᠤᠷᠠᠯᠢᠭ᠎ᠤᠨ ᠲᠥᠷᠥᠯ᠎ᠦᠨ ᠲᠤᠰᠭᠠᠶ ᠮᠡᠷᠭᠡᠵᠢᠯ᠎ᠳᠦ ᠲᠤᠷ᠎ᠠ ᠪᠠᠬ᠎ᠠ ᠲᠠᠢ ᠮᠠᠰᠢ ᠤᠯᠠᠨ ᠬᠡᠦᠬᠡᠳ ᠭᠡᠷ ᠪᠦᠯᠢ᠎ᠶ᠋ᠢᠨ ᠠᠵᠤ ᠠᠬᠤᠶ᠎ᠶ᠋ᠢᠨ ᠨᠥᠬᠥᠴᠡᠯ᠎ᠤᠨ ᠬᠢᠵᠠᠭᠠᠷᠯᠠᠯ ᠡᠴᠡ ᠪᠣᠯᠵᠤ ᠳᠤᠷ᠎ᠠ ᠰᠤᠨᠢᠷᠬᠠᠯ ᠵᠢᠡᠨ ᠠᠷᠭ᠎ᠠ ᠦᠭᠡᠶ ᠲᠠᠶᠠᠭᠳᠠᠳᠠᠭ ᠭᠡᠳᠡᠭ᠎ᠢ ᠲᠡᠷᠡ ᠰᠠᠢᠨ ᠮᠡᠳᠡᠳᠡᠭ᠃ ᠶᠡᠬᠡ ᠰᠤᠷᠭᠠᠭᠤᠯᠢ ᠵᠢᠨ ᠤᠶᠤᠳᠠᠨᠤ ᠠᠮᠢᠳᠤᠷᠠᠯ ᠵᠢᠡᠨ ᠡᠬᠢᠯᠡᠬᠦᠯᠦᠮᠡᠭᠴᠡ ᠲᠡᠷᠡ ᠢ ᡁᠢ ᠶᠤᠸᠠᠨ ᠰᠤᠷᠭᠠᠭᠤᠯᠢ᠎ᠶ᠋ᠢ ᠡᠭᠦᠰᠭᠡᠨ ᠪᠠᠢᠭᠤᠯᠵᠤ᠂ 《ᠢ ᡁᠢ ᠶᠤᠸᠠᠨ ᠬᠦᠰᠡᠯ ᠵᠡᠭᠦᠳᠦ᠍᠎ᠶ᠋ᠢ ᠲᠡᠷᠭᠡᠯᠰᠢᠬᠦᠯᠬᠦ ᠨᠡᠢᠲᠡ᠎ᠶ᠋ᠢᠨ ᠠᠰᠠᠷᠠᠮᠵᠢ᠎ᠶ᠋ᠢᠨ ᠰᠤᠷᠤᠯᠭ᠎ᠠ᠎ᠶ᠋ᠢᠨ ᠲᠡᠳᠬᠦᠮᠵᠢ》 ᠲᠠᠪᠴᠠᠩ᠎ᠢ ᠪᠠᠢᠭᠤᠯᠵᠤ᠂ ᠬᠦᠰᠡᠯ ᠮᠦᠷᠦᠭᠡᠳᠦᠯ ᠲᠠᠢ᠂ ᠤᠷᠠᠯᠢᠭ᠎ᠤᠨ ᠡᠷᠢᠯ ᠬᠥᠭᠡᠭᠡᠴᠡᠯᠳᠦᠯ᠎ᠲᠡᠶ ᠬᠡᠦᠬᠡᠳ᠎ᠢ ᠬᠠᠪᠰᠤᠷᠤᠨ ᠶᠡᠬᠡ ᠰᠤᠷᠭᠠᠭᠤᠯᠢ᠎ᠶ᠋ᠢᠨ ᠬᠦᠰᠡᠯ ᠵᠡᠭᠦᠳᠦ᠍᠎ᠶ᠋ᠢ ᠨᠢ ᠲᠡᠷᠭᠡᠯᠱᠢᠭᠦᠯᠬᠦ ᠵᠢ ᠵᠤᠷᠢᠭᠰᠠᠨ ᠪᠠᠢᠨ᠎ᠠ᠃
《ᠨᠢᠭᠡ ᠬᠡᠦᠬᠡᠳ᠎ᠢ ᠬᠠᠪᠰᠤᠷᠬᠤ ᠨᠢ ᠳᠠᠷᠤᠢ ᠨᠢᠭᠡ ᠬᠡᠷ ᠪᠦᠯᠢ᠎ᠶ᠋ᠢ ᠬᠠᠪᠰᠤᠷᠤᠭᠰᠠᠨ ᠲᠠᠢ ᠠᠳᠠᠯᠢ᠃ ᠶᠠᠭᠠᠬᠢᠭᠰᠠᠨ ᠴᠸ᠋ ᠬᠡᠷ ᠪᠦᠯᠢ᠎ᠶ᠋ᠢᠨ ᠬᠦᠴᠢᠷᠳᠡᠯ᠎ᠡᠴᠡ ᠪᠤᠯᠵᠤ ᠬᠡᠦᠬᠡᠳ᠎ᠦᠨ ᠴᠢᠳᠠᠪᠤᠷᠢᠲᠠᠨ ᠪᠣᠯᠬᠤ ᠵᠠᠮ᠎ᠢ ᠬᠠᠷᠱᠢᠯᠠᠵᠤ ᠪᠣᠯᠬᠤ ᠥᠬᠡᠶ》 ᠭᠡᠵᠦ᠍ ᠹᠦ᠋ ᠪᠢᠩ ᠪᠢᠩ ᠶᠠᠷᠢᠨ᠎ᠠ᠃
ᠬᠣᠷᠢᠨᠭᠡᠷ ᠱᠢᠶᠠᠨ᠎ᠤ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠳᠤ ᠰᠤᠷᠤᠯᠴᠠᠵᠤ ᠪᠠᠢᠭᠰᠠᠨ ᠪᠤᠷᠭᠢᠶᠠ ᠵᠢᠷᠤᠭ ᠵᠢᠷᠤᠬᠤ ᠮᠠᠰᠢ ᠲᠤᠷᠠᠳᠠᠢ᠂ ᠭᠡᠪᠡᠴᠦ᠍ ᠬᠡᠷ᠎ᠦᠨ ᠠᠮᠢᠳᠤᠷᠠᠯ ᠨᠢ ᠬᠦᠴᠢᠷᠳᠡᠯᠲᠡᠶ᠎ᠡᠴᠡ ᠪᠣᠯᠵᠣ ᠦᠷᠭᠦᠯᠵᠢᠯᠡᠨ ᠰᠤᠷᠤᠯᠴᠠᠵᠤ ᠴᠢᠳᠠᠬᠤ ᠥᠬᠡᠶ ᠪᠠᠢᠯ᠎ᠠ᠃ ᠲᠡᠷᠡ ᠢ ᡁᠢ ᠶᠤᠸᠠᠨ ᠪᠣᠯᠪᠠᠰᠤᠷᠠᠯ᠎ᠤᠨ ᠰᠤᠷᠭᠠᠭᠤᠯᠢ᠎ᠶ᠋ᠢ ᠰᠤᠨᠤᠰᠤᠭᠰᠠᠨ᠎ᠤ ᠬᠤᠢᠨ᠎ᠠ ᠲᠤᠷᠱᠢᠨ ᠦᠵᠡᠬᠦ᠌ ᠪᠤᠳᠤᠯ᠎ᠢᠶᠠᠷ ᠨᠡᠷ᠎ᠡ ᠮᠡᠳᠡᠭᠦᠯᠪᠡ᠃ ᠰᠤᠷᠭᠠᠭᠤᠯᠢ᠎ᠠᠴᠠ ᠰᠤᠷᠤᠯᠭ᠎ᠠ᠎ᠶ᠋ᠢᠨ ᠰᠦᠶ᠋ᠳᠭᠡᠯ᠎ᠢ ᠨᠢ ᠬᠠᠰᠤᠵᠤ ᠬᠡᠯᠲᠦᠷᠢᠭᠦᠯᠦᠭ᠌ᠰᠡᠨᠢᠶᠡᠷ ᠪᠠᠷᠠᠬᠤ ᠥᠬᠡᠶ᠂ ᠪᠠᠭ᠍ᠰᠢ ᠨᠠᠷ ᠨᠢ ᠨᠠᠩ ᠴᠤ᠌ ᠨᠢᠭᠡᠳ ᠨᠢᠭᠡ᠎ᠪᠡᠷ ᠬᠦᠯᠢᠴᠡᠩᠭᠦᠶ᠎ᠪᠡᠷ ᠵᠢᠭᠠᠨ ᠵᠢᠯᠤᠭᠤᠳᠤᠭᠰᠠᠨ ᠨᠢ ᠲᠡᠭᠦᠨ᠎ᠤ ᠰᠠᠨᠠᠭᠠᠨ᠎ᠳᠤ ᠦᠭᠡᠢ ᠪᠠᠢᠯ᠎ᠠ᠃ ᠹᠦ ᠪᠢᠩ ᠪᠢᠩ ᠵᠢᠴᠢ ᠪᠤᠰᠤᠳ ᠪᠠᠭ᠍ᠰᠢ᠎ᠨᠠᠷ᠎ᠤᠨ ᠬᠠᠪᠰᠤᠷᠤᠯᠭ᠎ᠠ ᠳᠣᠣᠷ᠎ᠠ᠂ ᠪᠤᠷᠭᠢᠶᠠ ᠤᠷᠠᠯᠢᠭ᠎ᠤᠨ ᠰᠢᠯᠭᠠᠯᠳᠠ᠎ᠳᠠᠭᠠᠨ ᠱᠢᠯᠢᠳᠡᠭ ᠬᠢᠷᠢ ᠪᠦᠲᠦᠮᠵᠢᠤᠯᠵᠦ ᠳᠤᠮᠳᠠᠳᠤ ᠡᠮᠦᠨᠡᠲᠦ᠍᠎ᠶ᠋ᠢᠨ ᠦᠨᠳᠦᠰᠦᠲᠡᠨ᠎ᠦ ᠶᠡᠬᠡ ᠰᠤᠷᠭᠠᠭᠤᠯᠢ᠎ᠳᠤ ᠡᠯᠰᠡᠭ᠌ᠳᠡᠪᠡ᠃
ᠡᠳᠦᠷ ᠲᠤᠲᠤᠮ᠎ᠤᠨ ᠵᠢᠭᠠᠨ ᠰᠤᠷᠭᠠᠯᠲᠠ᠎ᠶᠢᠨ ᠠᠵᠢᠯ᠎ᠤᠨ ᠳᠤᠮᠳᠠ ᠂ ᠹᠦ ᠪᠢᠨᠭ ᠪᠢᠨᠭ ᠰᠤᠷᠤᠭ᠍ᠴᠢ ᠨᠢᠭᠡᠪᠦᠷᠢ᠎ᠶ᠋ᠢᠨ ᠪᠠᠢᠳᠠᠯ᠎ᠢ ᠴᠠᠭ ᠲᠤᠬᠠᠶ᠎ᠳᠤᠨᠢ ᠣᠢᠯᠠᠭᠠᠬᠤ᠎ᠶ᠋ᠢᠨ ᠬᠠᠮᠲᠤ ᠴᠢᠭ᠌ᠯᠡᠬᠦᠯᠦᠯᠳᠦ ᠴᠢᠨᠠᠷᠲᠠᠶ᠎ᠪᠠᠷ ᠬᠠᠯᠠᠮᠵᠢᠯᠠᠨ ᠲᠡᠳᠬᠦᠳᠡᠭ᠃ ᠲᠡᠷᠡ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠪᠡᠷ ᠰᠤᠷᠭᠠᠭᠤᠯᠢ ᠡᠷᠬᠢᠯᠡᠬᠦ᠌ ᠦᠨᠳᠦᠰᠦᠨ ᠵᠣᠷᠢᠯᠲᠠ᠎ᠪᠠᠨ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠢ ᠰᠤᠷᠭᠠᠭᠤᠯᠢ ᠡᠷᠬᠢᠯᠡᠵᠤ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠰᠤᠷᠭᠠᠭᠤᠯᠢ᠎ᠶ᠋ᠢᠨ ᠬᠦᠷᠢᠶᠡᠨ᠎ᠳᠦ ᠳᠡᠯᠭᠡᠷᠡᠭᠦᠯᠪᠡ᠃
ᠡᠭᠦᠨ᠎ᠡᠴᠡ ᠭᠠᠳᠠᠨ᠎ᠠ᠂ ᠹᠦ᠋ ᠪᠢᠩ ᠪᠢᠨᠭ᠌ ᠪᠠᠰᠠ ᠭᠡᠷ ᠲᠡᠭᠡᠨ ᠬᠣᠴᠣᠷᠤᠭ᠍ᠰᠠᠨ ᠬᠡᠦᠬᠡᠳ᠂ ᠥᠨᠥᠴᠢᠨ ᠪᠡᠯᠪᠡᠰᠦᠨ ᠨᠠᠰᠤᠲᠠᠨ᠎ᠢ ᠬᠠᠯᠠᠮᠵᠢᠯᠠᠨ ᠬᠠᠢᠷᠠᠯᠠᠬᠤ ᠵᠢᠴᠢ ᠡᠳ᠋ ᠮᠥᠩᠭᠥ᠎ᠪᠡᠷ ᠰᠤᠷᠤᠯᠭ᠎ᠠ᠎ᠶ᠋ᠢ ᠲᠡᠳᠬᠦᠬᠦ᠌ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠪᠠ᠃ 2015 ᠣᠨ᠎ᠳᠤ 《F·B ᠨᠡᠢᠲᠡ᠎ᠶ᠋ᠢᠨ ᠠᠰᠠᠷᠠᠮᠵᠢ》 ᠵᠢᠨ ᠵᠣᠬᠢᠶᠠᠨ ᠪᠠᠢᠭᠤᠯᠤᠯᠲᠠ ᠵᠢ ᠪᠠᠢᠭᠤᠯᠤᠭᠰᠠᠨ᠎ᠠᠴᠠ ᠣᠲᠣ ᠪᠣᠯᠲᠠᠯ᠎ᠠ᠂ ᠲᠡᠷᠡ ᠤᠷᠢᠳ ᠬᠣᠵᠢᠳ ᠡᠳ᠋ ᠮᠥᠩᠭᠥ᠎ᠪᠡᠷ ᠰᠤᠷᠤᠯᠭ᠎ᠠ᠎ᠶ᠋ᠢ ᠲᠡᠳᠬᠦᠬᠦ᠌᠂ ᠬᠠᠢᠷ᠎ᠠ ᠬᠠᠯᠠᠮᠵᠢ ᠬᠦᠷᠭᠡᠬᠦ᠌ ᠵᠡᠷᠭᠡ ᠠᠵᠢᠯᠯᠠᠭ᠎ᠠ᠎ᠶ᠋ᠢ 100 ᠭᠠᠷᠤᠶ ᠤᠳᠠᠭ᠎ᠠ ᠥᠷᠨᠢᠭᠦᠯᠵᠦ᠍᠂ 250 ᠭᠠᠷᠤᠶ ᠲᠦᠮᠡᠨ ᠲᠥᠭᠥᠷᠢᠭ᠎ᠦᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ᠂ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠲᠠᠢᠯᠤᠮᠵᠢ᠎ᠶ᠋ᠢ 100 ᠭᠠᠷᠤᠶ ᠤᠳᠠᠭ᠎ᠠ ᠡᠷᠭᠢᠯᠡᠵᠦ᠍᠂ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ᠎ᠳᠤ ᠵᠥᠪᠯᠡᠯᠭᠡ ᠥᠭ᠌ᠬᠦ ᠦᠶ᠋ᠯᠡᠴᠢᠯᠡᠭᠡ ᠬᠠᠩᠭᠠᠪᠠ᠃
2020 ᠣᠨ᠎ᠳᠤ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ ᠂ ᠹᠦ᠋ ᠪᠢᠩ ᠪᠢᠩ ᠬᠠᠢᠷ᠎ᠠ ᠬᠠᠯᠠᠮᠵᠢ ᠬᠦᠷᠭᠡᠬᠦ᠌ ᠠᠵᠢᠯᠯᠠᠭ᠎ᠠ᠎ᠶ᠋ᠢ ᠤᠯᠠᠨ ᠤᠳᠠᠭ᠎ᠠ ᠵᠣᠬᠢᠶᠠᠨ ᠪᠠᠢᠭᠤᠯᠵᠤ ᠂ 3 ᠵᠢᠯ᠎ᠳᠦ ᠡᠮᠦᠨ᠎ᠡ ᠹᠷᠣᠨᠲ ᠤᠨ ᠰᠡᠷᠭᠡᠢᠯᠡᠨ ᠡᠵᠡᠮᠳᠡᠬᠦ᠌ ᠠᠵᠢᠯᠳᠠᠨ ᠪᠣᠯᠤᠨ ᠨᠡᠢᠭᠡᠮ ᠲᠣᠭᠣᠷᠢᠭ᠎ᠤᠨ ᠠᠵᠢᠯᠳᠠᠨ᠎ᠳᠤ ᠨᠡᠢ᠌ᠳᠡ 20 ᠲᠦᠮᠡᠨ ᠲᠥᠭᠥᠷᠢᠭ᠎ᠦᠨ ᠦᠷᠳᠡᠭ ᠪᠦᠬᠦᠢ ᠠᠮᠢᠳᠤᠷᠠᠯ᠎ᠤᠨ ᠬᠡᠷᠡᠭᠰᠡᠯ ᠪᠣᠯᠤᠨ ᠬᠢᠵᠢᠭ᠎ᠢ ᠰᠡᠷᠭᠡᠢᠯᠡᠬᠦ᠌ ᠡᠳ᠋ ᠪᠣᠳᠠᠰ ᠬᠦᠷᠭᠡᠪᠡ᠃
ᠲᠡᠷᠡ ᠪᠠᠰᠠ ᠠᠮᠢᠳᠤᠷᠠᠯ ᠨᠢ ᠬᠦᠴᠢᠷᠳᠡᠯᠲᠡᠢ ᠶᠣᠰᠣ ᠰᠤᠷᠲᠠᠬᠤᠨ᠎ᠤ ᠵᠢᠱ᠌ᠢᠶᠡᠴᠢ ᠵᠢᠴᠢ ᠳᠡᠷᠭᠡᠳᠡᠬᠢ ᠰᠠᠢ᠌ᠨ ᠬᠥᠮᠦᠨ᠎ᠳᠦ ᠬᠠᠢᠷ᠎ᠠ ᠬᠠᠯᠠᠮᠵᠢ ᠬᠦᠷᠭᠡᠬᠦ᠌᠎ᠶ᠋ᠢ ᠢᠮᠠᠭᠳᠠ ᠪᠠᠷᠢᠮᠲᠠᠯᠠᠭᠰᠠᠭᠠᠷ ᠢᠷᠡᠪᠡ᠃ ᠡᠨᠡ ᠵᠢᠯ᠎ᠦᠨ ᠴᠠᠭᠠᠨ ᠰᠠᠷ᠎ᠠ᠎ᠶ᠋ᠢᠨ 《ᠦᠨᠳᠦᠰᠦᠨ ᠱᠠᠲᠤᠨ᠎ᠳᠤ ᠭᠦᠨᠵᠡᠭᠡᠢᠷᠡᠵᠦ᠍ ᠬᠠᠢᠷ᠎ᠠ ᠬᠠᠯᠠᠮᠵᠢ ᠬᠦᠷᠭᠡᠬᠦ᠌》 ᠠᠵᠢᠯᠯᠠᠭ᠎ᠠ ᠳᠤᠮᠳᠠ᠂ ᠲᠡᠷᠡ ᠴᠡᠷᠢᠭ᠎ᠡᠴᠡ ᠬᠠᠯᠠᠭ᠍ᠳᠠᠭ᠍ᠰᠠᠳ᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠭ᠍ᠰᠠᠨ ᠠᠬᠠᠮᠠᠳ ᠴᠡᠷᠢᠭ᠂ ᠠᠬᠠᠮᠠᠳ ᠨᠠᠮ᠎ᠤᠨ ᠭᠡᠱᠢᠭᠦᠨ᠎ᠢ 50 ᠬᠥᠮᠦᠨ ᠤᠳᠠᠭ᠎ᠠ ᠪᠣᠯᠭᠣᠭᠠᠨ ᠲᠣᠬᠣᠨᠢᠭᠤᠯᠵᠤ᠂ ᠦᠨᠳᠦᠰᠦᠲᠡᠨ᠎ᠨᠦᠭᠦᠳ᠎ᠦᠨ ᠬᠦᠴᠢᠷᠳᠡᠯᠲᠡᠶ ᠣᠯᠠᠨ ᠲᠦᠮᠡᠨ᠂ ᠡᠮᠦᠨ᠎ᠡ ᠹᠷᠣᠨᠲ᠎ᠤᠨ ᠶᠠᠳᠠᠭᠤ ᠬᠦᠴᠢᠷᠳᠡᠯᠲᠡᠶ 100 ᠠᠵᠢᠯᠲᠠᠨ ᠠᠵᠢᠯᠴᠢᠨ᠎ᠢ ᠲᠣᠬᠣᠨᠢᠭᠤᠯᠵᠤ᠂ 5 ᠲᠦᠮᠡᠨ ᠲᠥᠭᠥᠷᠢᠭ᠎ᠦᠨ ᠥᠷᠲᠡᠭ ᠪᠥᠬᠥᠶ ᠭᠤᠯᠢᠷ ᠪᠤᠳᠠᠭ᠎ᠠ ᠲᠣᠰᠣ ᠵᠡᠷᠭᠡ ᠠᠮᠢᠳᠤᠷᠠᠯ᠎ᠤᠨ ᠬᠡᠷᠡᠭ᠌ᠰᠡᠯ ᠵᠢᠴᠢ ᠲᠣᠬᠣᠨᠢᠭᠤᠯᠬᠤ ᠮᠥᠩᠭᠥ᠌ ᠬᠦᠷᠭᠡᠪᠡ᠃《ᠪᠢ ᠤᠭ ᠰᠠᠨᠠᠭ᠎ᠠ᠎ᠪᠠᠨ ᠪᠠᠳᠤ ᠴᠡᠭᠡᠵᠢᠯᠡᠵᠦ᠂ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠵᠦ᠍ ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠦᠵᠢᠭᠦᠯᠵᠦ᠍᠂ ᠨᠡᠩ ᠤᠯᠠᠨ ᠬᠥᠮᠦᠨ ᠳ᠋ᠤ ᠲᠤᠰᠠᠯᠠᠮᠵᠢ ᠦᠵᠡᠭᠦᠯᠦᠨ᠎ᠠ》 ᠭᠡᠵᠦ᠍ ᠹᠦ᠋ ᠪᠢᠩ ᠪᠢᠨᠭ᠌ ᠬᠡᠯᠡᠵᠦ ᠪᠠᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃