2023-03-19 18:19:15
《ᠯᠸᠢ ᠹᠸᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ ᠳ᠋ᠦ ᠤᠯᠠᠮᠵᠢᠯᠠᠨ ᠵᠠᠯᠭᠠᠮᠵᠢᠯᠠᠬᠤ》 ᠭᠤᠤᠯ ᠰᠡᠳᠦᠪᠳᠦ ᠤᠷᠠᠨ ᠤᠩᠰᠢᠯᠭ᠎ᠠ ᠵᠢᠨ ᠨᠠᠢᠷ ᠶᠠᠪᠤᠬᠳᠠᠪᠠ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠯᠧᠢ ᠹᠧᠩ᠎ᠡᠴᠡ ᠰᠤᠷᠤᠯᠴᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠦᠯᠦᠭᠡ ᠂ ᠲᠦᠷᠦᠬᠦᠬᠡᠨ ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠂ ᠰᠤᠷᠭᠠᠨ ᠬᠥᠮᠦᠵᠢᠯ᠎ᠦᠨ ᠲᠢᠩᠬᠢᠮ᠂ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠵᠥᠪᠯᠡᠯ᠎ᠡᠴᠡ ᠬᠠᠮᠲᠤᠷᠠᠨ ᠡᠷᠭᠢᠯᠡᠭ᠌ᠰᠡᠨ 《 ᠯᠸᠢ ᠹᠸᠩ᠎ᠤᠨ ᠵᠣᠷᠢᠭ ᠰᠠᠨᠠᠭ᠎ᠠ ᠵᠢ ᠦᠶ᠎ᠡ ᠵᠢᠨ ᠦᠶ᠎ᠡ ᠳ᠋ᠦ ᠤᠯᠠᠮᠵᠢᠯᠠᠨ ᠵᠠᠯᠭᠠᠮᠵᠢᠯᠠᠬᠤ 》 ᠥᠪᠥᠷ ᠮᠣᠩᠭᠣᠯ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠣᠸ᠋ᠯ ᠰᠡᠳᠦᠪᠲᠦ ᠤᠷᠠᠨ ᠤᠩᠰᠢᠯᠭ᠎ᠠ᠎ᠶ᠋ᠢᠨ ᠨᠠᠢᠷ — ᠮᠠᠤ ᠽᠸ ᠳ᠋ᠦᠩ ᠵᠡᠷᠭᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠯᠸᠢ ᠹᠸᠩ ᠨᠥᠬᠥᠷ᠎ᠲᠦ ᠪᠢᠴᠢᠭᠡᠰᠦ ᠪᠢᠴᠢᠵᠦ ᠦᠭᠭᠦᠭᠰᠡᠨ ᠵᠢᠷᠠᠨ ᠵᠢᠯ᠎ᠦᠨ ᠣᠶ᠎ᠶ᠋ᠢ ᠳᠤᠷᠠᠰᠭᠠᠬᠤ ᠠᠵᠢᠯᠯᠠᠭ᠎ᠠ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠦᠨᠳᠦᠰᠦᠲᠡᠨ᠎ᠦ ᠪᠠᠭ᠎ᠠ ᠰᠤᠷᠭᠠᠭᠤᠯᠢ᠎ᠳᠤ ᠶᠠᠪᠤᠭ᠍ᠳᠠᠪᠠ᠃

ᠤᠷᠠᠨ ᠤᠩᠰᠢᠯᠭ᠎ᠠ ᠶ᠋ᠢᠨ ᠨᠠᠢᠷ ᠨᠢ 《 ᠯᠧᠢ ᠹᠧᠩ ᠠᠪᠠᠭ᠎ᠠ ᠲᠠ ᠬᠠᠮᠢᠭ᠎ᠠ ᠪᠠᠢᠬᠤ ᠪᠤᠢ?》 ᠂ 《ᠯᠧᠢ ᠹᠧᠩ ᠠᠪᠠᠭ᠎ᠠ ᠪᠢᠳᠡᠨ᠎ᠦ ᠳᠠᠭᠤᠷᠢᠶᠠᠯ 》 ᠂ 《 ᠯᠧᠢ ᠹᠧᠩ᠎ᠦᠨ ᠵᠣᠷᠢᠭ ᠰᠠᠨᠠᠭ᠎ᠠ ᠡᠭᠦᠷᠢᠳᠡ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ 》 ᠬᠡᠬᠦ ᠭᠤᠷᠪᠠᠨ ᠪᠦᠯᠦᠭ ᠵᠢᠡᠷ ᠪᠦᠷᠢᠯᠳᠦᠵᠦ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠠᠪᠰᠤᠷᠤᠨ ᠵᠢᠯᠤᠭᠤᠳᠤᠭ᠍ᠴᠢ ᠪᠠ ᠭᠡᠷ᠎ᠦᠨ ᠠᠬᠠᠮᠠᠳ 430 ᠭᠠᠷᠤᠢ ᠬᠥᠮᠦᠨ ᠣᠷᠣᠯᠴᠠᠵᠠᠢ᠃
ᠲᠠᠨᠢᠯᠴᠠᠭᠤᠯᠤᠬᠰᠠᠨ ᠵᠢᠡᠷ ᠂ ᠲᠠᠷᠠᠭᠠᠴᠢ᠎ᠶ᠋ᠢᠨ ᠠᠯᠬᠤᠮ᠎ᠳᠤ ᠪᠥᠬᠥ᠌ ᠣᠷᠣᠨ᠎ᠤ ᠡᠯ᠎ᠡ ᠱᠠᠲᠤᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ ᠬᠤᠰᠢᠭᠤᠴᠢ ᠠᠩᠭᠢ᠎ᠶ᠋ᠢᠨ ᠬᠤᠷᠠᠯ ᠂ ᠬᠤᠰᠢᠭᠤᠴᠢ ᠠᠩᠭᠢ᠎ᠶ᠋ᠢᠨ ᠬᠢᠴᠢᠶᠡᠯ ᠂ ᠭᠣᠸ᠋ᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ ᠵᠡᠷᠭᠡ ᠬᠡᠯᠪᠡᠷᠢ ᠪᠡᠷ ᠳᠠᠮᠵᠢᠭᠤᠯᠤᠨ ᠯᠸᠢ ᠹᠸᠩ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠦ ᠦᠶ᠋ᠯᠡᠳᠦᠯᠭᠡᠵᠢᠭᠦᠯᠦᠨ᠎ᠡ; ᠥᠷᠭᠡᠨ ᠣᠯᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌ ᠵᠢᠵᠢᠭ ᠰᠠᠵᠢᠬ ᠶᠠᠪᠤᠳᠠᠯ᠎ᠠᠴᠠ ᠭᠠᠷᠳᠠᠨ ᠬᠢᠵᠦ᠍ ᠂ ᠬᠠᠵᠠᠭᠤᠬᠠᠪᠢ ᠡᠴᠡ ᠪᠡᠨ ᠡᠬᠢᠯᠡᠨ ᠬᠢᠵᠦ᠍᠂ ᠯᠸᠢ ᠹᠸᠩ ᠡᠴᠡ ᠰᠤᠷᠤᠯᠴᠠᠬᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠪᠠᠢᠩᠭᠤᠵᠢᠭᠤᠯᠵᠤ ᠂ ᠣᠷᠳᠣ ᠬᠤᠭᠤᠴᠠᠭ᠎ᠠ ᠪᠡᠷ ᠪᠠᠷᠢᠮᠳᠠᠯᠠᠨ ᠂ ᠯᠸᠢ ᠹᠸᠩ᠎ᠤᠨ ᠵᠣᠷᠢᠭ ᠰᠠᠨᠠᠭ᠎ᠠ ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠨ ᠵᠠᠯᠭᠠᠮᠵᠢᠯᠠᠨ᠎ᠠ ;ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠂ ᠪᠠᠭᠠᠴᠤᠳ᠎ᠤᠨ ᠬᠤᠰᠢᠭᠤᠴᠢ ᠠᠩᠬᠢ ᠵᠢᠨ ᠠᠵᠢᠯ᠎ᠤᠨ ᠵᠥᠪᠯᠡᠯ ᠡᠴᠡ 《 ᠤᠯᠠᠭᠠᠨ ᠪᠥᠴᠡᠲᠡᠨ᠎ᠦ ᠲᠣᠭᠣᠷᠢᠨ ᠤᠬᠠᠭᠤᠯᠬᠤ ᠪᠦᠯᠬᠦᠮ 》 ᠤ᠋ᠨ ᠬᠡᠰᠢᠭᠦᠨ᠎ᠢ ᠵᠣᠬᠢᠶᠠᠨ ᠪᠠᠢᠭᠤᠯᠵᠤ ᠂ ᠰᠤᠷᠭᠠᠭᠤᠯᠢ ᠂ ᠨᠡᠢᠭᠡᠮ ᠲᠣᠭᠣᠷᠢᠭ᠎ᠲᠤ ᠬᠦᠷᠴᠦ᠍ ᠂ ᠵᠠᠯᠠᠭᠤᠴᠤᠳ ᠪᠠᠭᠠᠴᠤᠳ᠎ᠤᠨ ᠳᠤᠮᠳᠠ ᠭᠦᠨᠵᠡᠭᠡᠢᠷᠡᠨ ᠯᠸᠢ ᠹᠸᠩ᠎ᠤᠨ ᠥᠯᠢᠭᠡᠷ ᠢ ᠶᠠᠷᠢᠵᠤ᠂ ᠯᠸᠢ ᠹᠸᠩ᠎ᠤᠨ ᠵᠣᠷᠢᠭ ᠰᠠᠨᠠᠭᠠᠨ᠎ᠤ ᠥᠨᠢᠳᠡ᠎ᠶ᠋ᠢᠨ ᠦᠨ᠎ᠡ ᠥᠷᠲᠡᠭ᠎ᠢ ᠲᠣᠳᠣᠷᠬᠠᠢᠯᠠᠨ ᠲᠠᠢᠯᠪᠤᠷᠢᠯᠠᠨ᠎ᠠ ; 《 ᠨᠠᠮ᠎ᠤᠨ ᠦᠯᠢᠭᠡᠷ᠎ᠢ ᠶᠠᠷᠢᠬᠤᠢ — ᠤᠯᠠᠭᠠᠨ ᠪᠦᠴᠡᠳᠡᠨᠤ ᠤᠬᠠᠭᠤᠯᠤᠨ ᠲᠠᠢᠯᠪᠤᠷᠢᠯᠠᠬᠤ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠨᠢᠭᠦᠯᠵᠦ᠂ ᠪᠠᠭᠠᠴᠤᠳ ᠬᠡᠦᠬᠡᠳ᠎ᠦᠨ ᠵᠦᠪ ᠥᠷᠲᠡᠭ᠎ᠦᠨ ᠦᠵᠡᠯᠲᠡ᠎ᠶ᠋ᠢ ᠪᠤᠢ ᠪᠣᠯᠭᠠᠵᠤ ᠂ ᠯᠧᠢ ᠹᠧᠩ᠎ᠡᠴᠡ ᠰᠤᠷᠤᠯᠴᠠᠬᠤ ᠵᠢ ᠬᠡᠪ ᠵᠠᠩᠱᠢᠯ ᠪᠣᠯᠭᠠᠵᠤ᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠱᠢᠨ᠎ᠡ ᠴᠠᠭ ᠦᠶ᠎ᠡ᠎ᠳᠦ ᠨᠡᠩ ᠭᠡᠷᠡᠯ ᠭᠢᠯᠪᠠᠭ᠎ᠠ ᠰᠠᠴᠤᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃