ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2022-03-21 10:04:19

ᠵᠣᠬᠢᠶᠠᠭ᠍ᠴᠢ᠄ ᠯᠢ ᠢᠦᠶ ᠵᠦᠸᠸ ᠣᠩᠱᠢᠭ᠍ᠰᠠᠨ ᠣᠳᠠᠭ᠎ᠠ᠄ 3

— ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠺᠤᠤ ᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠹᠠᠩ ᠶᠤᠸᠠᠨ ᠨᠡᠢᠭᠡᠮ ᠲᠣᠭᠣᠷᠢᠭ ᠎ᠢ ᠳᠡᠮᠳᠡᠭᠯᠡᠪᠡ

ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠺᠤᠤ ᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠹᠠᠩ ᠶᠤᠸᠠᠨ ᠨᠡᠢᠭᠡᠮ ᠲᠣᠭᠣᠷᠢᠭ᠎ᠲᠤ ᠯᠧᠢ ᠹᠧᠩ᠎ᠡᠴᠡ ᠰᠤᠷᠤᠯᠴᠠᠵᠤ᠂ ᠱᠢᠨ᠎ᠡ ᠴᠠᠭ ᠦᠶ᠎ᠡ᠎ᠶ᠋ᠢᠨ ᠯᠧᠢ ᠹᠧᠩ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠨᠢ ᠨᠢᠭᠡᠨᠲᠡ ᠬᠡᠪ ᠵᠠᠩᠱᠢᠯ ᠪᠣᠯᠪᠠ᠃

ᠦᠨᠦ ᠵᠢᠯ 71 ᠨᠠᠰᠤᠲᠠᠶ ᠨᠡᠢᠭᠡᠮ ᠲᠣᠭᠣᠷᠢᠭ᠎ᠤᠨ ᠠᠬᠠᠮᠠᠳ ᠨᠠᠮ᠎ᠤᠨ ᠭᠡᠱᠢᠭᠦᠨ ᠯᠢᠦ ᠵᠧᠨ ᠹᠠ ᠠᠵᠢᠯ᠎ᠠᠴᠠ᠎ᠪᠠᠨ ᠠᠮᠠᠷᠠᠬᠰᠠᠨ ᠪᠤᠯᠪᠠᠴᠦ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ᠎ᠲᠦ ᠢᠳᠡᠪᠬᠢᠲᠡᠶ ᠣᠷᠣᠯᠴᠠᠬᠰᠠᠭᠠᠷ ᠢᠷᠡᠵᠡᠢ᠃ ᠳᠤᠯᠠᠭᠠᠯᠠᠮᠵᠢ ᠵᠢᠨ ᠲᠦᠭᠦᠭᠡᠷᠦᠮᠵᠢ ᠵᠠᠰᠠᠬᠤ ᠮᠡᠷᠭᠡᠵᠢᠯ᠎ᠲᠡᠶ ᠪᠣᠯᠬᠣᠷ ᠯᠢᠦ ᠵᠧᠨ ᠹᠠ ᠥᠪᠡᠷ᠎ᠢᠶᠡᠨ ᠪᠠᠭᠠᠵᠢ ᠬᠡᠷᠡᠭ᠌ᠰᠡᠯ ᠬᠤᠳᠠᠯᠳᠤᠨ ᠠᠪᠴᠤ᠌᠂ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠲᠤ ᠰᠠᠨᠠᠭᠠᠴᠢᠯᠠᠭ᠎ᠠ᠎ᠠᠴᠠ᠎ᠪᠠᠨ ᠳᠤᠯᠠᠭᠠᠯᠠᠮᠵᠢ ᠵᠢᠨ ᠳᠤᠨᠤᠭ ᠲᠦᠭᠦᠭᠡᠷᠦᠮᠵᠢ᠂ ᠤᠰᠤᠨ ᠬᠣᠭᠣᠯᠠᠶ᠎ᠶ᠋ᠢ ᠰᠡᠯᠪᠢᠨ ᠵᠠᠰᠠᠵᠤ᠂ ᠴᠢᠨᠠᠭ᠍ᠰᠢᠯᠠᠪᠠᠯ ᠥᠪᠡᠷ᠎ᠢᠶᠡᠨ ᠰᠤᠷᠬᠤ᠎ᠪᠠᠷ ᠳᠡᠮᠵᠢᠨ ᠬᠡᠷ᠎ᠦᠨ ᠴᠠᠬᠢᠯᠭᠠᠨ ᠬᠡᠷᠡᠭ᠌ᠰᠡᠯ᠎ᠢ ᠵᠠᠰᠠᠵᠤ ᠥᠭ᠌ᠳᠡᠭ ᠪᠢᠯᠡ᠃

2014 ᠣᠨ᠎ᠠᠴᠠ ᠡᠬᠢᠯᠡᠨ᠂ ᠯᠢᠦ ᠵᠧᠨ ᠹᠠ ᠰᠠᠭᠤᠭᠠᠯᠢ ᠠᠷᠠᠳ᠎ᠤᠨ ᠲᠣᠭᠣᠷᠢᠭ᠎ᠤᠨ ᠬᠦᠷᠢᠶᠡᠨ᠎ᠳᠦ 100 ᠭᠠᠷᠤᠢ ᠰᠠᠭᠤᠷᠢ ᠵᠢᠮᠢᠰ᠎ᠦᠨ ᠮᠣᠳᠣ ᠲᠠᠷᠢᠵᠤ᠂ ᠤᠳᠤ ᠨᠢᠭᠡᠨᠲᠡ ᠪᠦᠬᠦᠨ᠎ᠶ᠋ᠢᠡᠷ᠎ᠶ᠋ᠢᠡᠨ ᠤᠷᠭᠤᠴᠠ ᠰᠠᠢᠳᠠᠢ ᠪᠠᠢᠵᠦ᠂ ᠰᠠᠭᠤᠭᠠᠯᠢ ᠠᠷᠠᠳ᠎ᠤᠨ ᠲᠣᠭᠣᠷᠢᠭ᠎ᠤᠨ ᠪᠣᠬᠢᠷᠲᠤᠯ ᠦᠭᠡᠢ ᠦᠵᠡᠮᠵᠢ᠎ᠶ᠋ᠢᠨ ᠣᠷᠣᠨ ᠪᠣᠯᠵᠠᠢ᠃ 2020 ᠣᠨ᠎ᠳᠤ᠂ ᠯᠢᠦ ᠵᠧᠨ ᠹᠠ 46 ᠡᠳᠦᠷ ᠺᠤᠤ ᠱᠠᠨ ᠵᠡᠭᠡᠯᠢ ᠭᠤᠳᠤᠮᠵᠢ᠎ᠶ᠋ᠢᠨ ᠬᠠᠷᠢᠶᠠᠨ᠎ᠳᠠᠬᠢ 20 ᠭᠠᠷᠤᠢ ᠰᠠᠭᠤᠭᠠᠯᠢ ᠠᠷᠠᠳ᠎ᠤᠨ ᠲᠣᠭᠣᠷᠢᠭ᠎ᠢᠶᠠᠷ ᠶᠠᠪᠤᠵᠤ᠂ 1000 ᠭᠠᠷᠤᠢ ᠪᠡᠶ᠎ᠡ ᠴᠢᠭᠢᠷᠠᠭ᠍ᠵᠢᠭᠤᠯᠬᠤ ᠲᠦᠭᠦᠭᠡᠷᠦᠮᠵᠢ ᠵᠢ ᠪᠠᠢᠴᠠᠭᠠᠵᠦ ᠰᠡᠯᠪᠢᠨ ᠵᠠᠰᠠᠪᠠ᠃ ᠯᠢᠦ ᠵᠧᠨ ᠹᠠ᠄ 《ᠯᠧᠢ ᠹᠧᠩ ᠬᠢᠵᠠᠭᠠᠷ᠎ᠲᠠᠶ ᠠᠮᠢ ᠨᠠᠰᠤ᠎ᠪᠠᠨ ᠬᠢᠵᠠᠭᠠᠷ ᠦᠭᠡᠢ ᠠᠷᠠᠳ ᠲᠦᠮᠡᠨ᠎ᠳᠦ ᠦᠢᠯᠡᠴᠢᠯᠡᠬᠦ᠌ ᠦᠢᠯᠡᠰ᠎ᠲᠤ ᠡᠷᠭᠦᠨ᠎ᠡ ᠭᠡᠵᠦ᠍ ᠬᠡᠯᠡᠵᠦ᠍ ᠥᠩᠭᠡᠷᠡᠭ᠌ᠰᠡᠨ ᠶᠤᠮ᠃ ᠬᠡᠳᠦᠢᠪᠡᠷ ᠪᠢ ᠠᠵᠢᠯ᠎ᠠᠴᠠ᠎ᠪᠠᠨ ᠠᠮᠠᠷᠠᠭ᠍ᠰᠠᠨ ᠪᠣᠯᠪᠠᠴᠤ᠌ ᠦᠪᠡᠷ᠎ᠤᠨ ᠬᠦᠴᠦᠨ ᠴᠢᠳᠠᠯ ᠵᠢᠡᠨ ᠠᠷᠠᠳ ᠲᠦᠮᠡᠨ᠎ᠳᠦ ᠡᠷᠬᠦᠵᠦ ᠦᠢᠯᠡᠴᠢᠯᠡᠨ᠎ᠡ 》 ᠭᠡᠵᠦ ᠲᠤᠭᠳᠤᠯᠤᠨ ᠶᠠᠷᠢᠨ᠎ᠠ᠃

ᠹᠠᠩ ᠶᠤᠸᠠᠨ ᠨᠡᠢᠭᠡᠮ ᠲᠣᠭᠣᠷᠢᠭ᠎ᠲᠤ᠂ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠨᠢ ᠪᠠᠰᠠ ᠬᠡᠪ ᠵᠠᠩᠱᠢᠯ ᠪᠣᠯᠪᠠ᠃ 19 ᠨᠠᠰᠤᠲᠠᠶ ᠵᠦ᠍ ᠱᠢᠨ ᠶᠠᠩ ᠪᠣᠯ ᠨᠢᠭᠡᠨ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠰᠤᠷᠤᠯᠴᠠᠵᠤ ᠪᠠᠢᠭ᠎ᠠ ᠰᠤᠷᠤᠭ᠍ᠴᠢ ᠪᠣᠯᠤᠨ᠎ᠠ᠃ ᠤᠯᠠᠭᠠᠨ ᠵᠠᠭᠠᠯᠮᠠᠢᠲᠠᠨ᠎ᠤ ᠲᠦᠷᠭᠡᠨ ᠠᠪᠤᠷᠠᠯᠳᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠢᠷᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠱᠢᠨ᠎ᠡ᠎ᠶ᠋ᠢ ᠡᠭᠦᠳᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡ ᠁ 3 ᠵᠢᠯ᠎ᠦᠨ ᠲᠤᠷᠰᠢ᠂ ᠵᠦ᠍ ᠱᠢᠨ ᠶᠠᠩ ᠡᠯ᠎ᠡ ᠲᠥᠷᠥᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠳᠤ ᠨᠡᠢᠲᠡ 90 ᠭᠠᠷᠤᠶ ᠤᠳᠠᠭ᠎ᠠ ᠣᠷᠣᠯᠴᠠᠵᠤ᠂ ᠶᠡᠷᠦᠩᠬᠡᠶ ᠦᠶ᠋ᠯᠡᠴᠢᠯᠡᠭᠡᠨ᠎ᠦ ᠴᠠᠭ᠎ᠨᠢ 3000 ᠭᠠᠷᠤᠶ ᠴᠠᠭ᠎ᠲᠤ ᠬᠦᠷᠴᠠᠢ᠃ ᠵᠦ᠍ ᠱᠢᠨ ᠶᠠᠩ᠎ᠤᠨ ᠦᠵᠡᠬᠦ᠌᠎ᠪᠡᠷ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠳᠤ ᠣᠷᠣᠯᠴᠠᠬᠤ ᠨᠢ ᠥᠪᠡᠷ᠎ᠦᠨ ᠰᠣᠶᠣᠯ ᠮᠡᠳᠡᠯᠭᠡ᠎ᠶ᠋ᠢᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠌᠎ᠪᠡᠷ᠎ᠪᠠᠷᠠᠬᠤ᠎ᠦᠭᠡᠢ᠎ᠪᠠᠰᠠ ᠵᠠᠯᠠᠭᠤᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ ᠢ᠋ ᠬᠥᠮᠦᠵᠢᠭᠦᠯᠵᠦ᠍ ᠴᠢᠳᠠᠨ᠎ᠠ᠃

《ᠠᠯᠲᠠ ᠣᠯᠤᠭᠠᠳ ᠠᠮᠢᠨ᠎ᠳᠠᠭᠠᠨ ᠠᠪᠬᠤ ᠦᠭᠡᠢ》 ᠵᠢᠶᠠ ᠪᠦᠦ ᠺᠦᠨ᠂ ᠯᠢ ᠱᠢᠶᠤᠤ ᠫᠢᠩ᠂ ᠤᠰᠤᠨ᠎ᠳᠤ ᠤᠨᠠᠭ᠍ᠰᠠᠨ ᠬᠡᠦᠬᠡᠳ᠎ᠢ ᠠᠪᠤᠷᠠᠭ᠍ᠰᠠᠨ ᠵᠠᠩ ᠬᠠᠨ ᡁᠢ᠂ 89 ᠨᠠᠰᠤᠲᠠᠢ ᠠᠯᠪᠠᠨ ᠵᠢᠷᠤᠮ᠎ᠤᠨ ᠴᠡᠪᠡᠷᠯᠡᠭ᠌ᠴᠢ ᠵᠧᠩ ᠯᠢ ᠵᠦᠩ᠂ 71 ᠨᠠᠰᠤᠲᠠᠢ ᠠᠯᠪᠠᠨ ᠵᠢᠷᠤᠮ᠎ᠤᠨ ᠰᠡᠯᠪᠢᠨ ᠵᠠᠰᠠᠬᠤ ᠠᠵᠢᠯᠴᠢᠨ ᠯᠢᠦ ᠵᠧᠨ ᠹᠠ᠂ ᠮᠣᠷᠠᠯ ᠰᠤᠷᠤᠯᠭ᠎ᠠ ᠬᠣᠣᠰᠯᠠᠭ᠍ᠰᠠᠨ᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭ᠍ᠰᠠᠨ ᠰᠠᠢ᠌ᠨ ᠪᠠᠭᠠᠴᠤᠳ ᠱᠤᠤ ᠱᠤᠸᠠᠢ ᠂ ᠽᠦᠸᠧ ᠵᠢᠩ᠂ ᠬᠤᠢᠴᠢ ᠦᠶ᠎ᠡ ᠵᠢᠨ ᠵᠢᠡᠨ ᠬᠠᠯᠠᠮᠵᠢᠯᠠᠬᠤ ᠠᠵᠢᠯ᠎ᠤᠨ ᠵᠥᠪᠯᠡᠯ᠎ᠦᠨ ᠠᠵᠢᠯ ᠦᠢᠯᠡᠰ᠎ᠲᠦ ᠬᠠᠢᠷ᠎ᠠ ᠰᠡᠳᠭᠢᠯ ᠵᠢᠡᠨ ᠵᠤᠷᠢᠭᠤᠯᠤᠬᠰᠠᠨ ᠵᠠᠩ ᠸᠧᠢ ᠭᠦᠸᠧ ᠂ ᠵᠢᠶᠤᠤ ᠬᠦᠢ ᠹᠸᠨ᠂ ᠵᠠᠩ ᠴᠦᠨ ᠬᠤᠸᠠ ᠁ ᠡᠳᠡᠭᠡ ᠤᠯᠠᠨ《ᠯᠸᠢ ᠹᠸᠩ》 ᠨᠠᠷ ᠹᠠᠩ ᠶᠤᠸᠠᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠪᠣᠯᠭᠠᠨ᠎ᠳᠦ ᠳᠠᠭᠤᠷᠢᠶᠠᠯ ᠪᠤᠯᠵᠦ᠂ ᠰᠡᠳᠭᠢᠯ᠎ᠢ ᠳᠤᠯᠠᠭᠠᠴᠠᠭᠤᠯᠤᠮ᠎ᠠ ᠦᠯᠢᠭᠡᠷ ᠨᠢ ᠯᠸᠢ ᠹᠸᠩ᠎ᠤᠨ ᠵᠣᠷᠢᠭ ᠰᠠᠨᠠᠭ᠎ᠠ᠎ᠶ᠋ᠢ ᠴᠠᠭ ᠢᠮᠠᠭ᠍ᠲᠠ ᠢᠯᠡᠷᠡᠭᠦᠯᠵᠦ᠍ ᠪᠠᠢᠳᠠᠭ᠃

ᠣᠯᠠᠨ ᠵᠢᠯ᠎ᠦᠨ ᠲᠤᠷᠰᠢ᠂ ᠹᠠᠩ ᠶᠤᠸᠠᠨ ᠨᠡᠢᠭᠡᠮ ᠲᠣᠭᠣᠷᠢᠭ ᠣᠨᠴᠠᠯᠢᠭ᠍ᠲᠤ ᠠᠵᠢᠯᠯᠠᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠬᠦᠴᠦᠯᠡᠨ ᠪᠠᠢᠭᠤᠯᠵᠤ ᠂ ᠯᠧᠶ ᠹᠧᠩ᠎ᠦᠨ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠠᠶ᠃ ᠨᠡᠢᠭᠡᠮ ᠲᠣᠭᠣᠷᠢᠭ ᠨᠢ ᠨᠠᠰᠤᠲᠠᠨ᠎ᠢᠶᠠᠨ ᠬᠦᠨᠳᠦᠯᠡᠨ ᠨᠠᠰᠤᠲᠠᠨ᠎ᠢᠶᠠᠨ ᠬᠠᠢᠷᠠᠯᠠᠬᠤ᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠤ᠂ ᠬᠠᠷᠠᠮ ᠦᠭᠡᠶ ᠵᠣᠷᠢᠭᠤᠯᠬᠤ ᠯᠸᠢ ᠹᠸᠩ᠎ᠤᠨ ᠵᠣᠷᠢᠭ ᠰᠠᠨᠠᠭ᠎ᠠ᠎ᠶ᠋ᠢ ᠰᠠᠨᠠᠭᠠᠴᠢᠯᠠᠵᠤ᠂ 《ᠬᠥᠮᠦᠨ ᠪᠦᠬᠦᠨ ᠠᠮᠢᠳᠤ ᠯᠸᠢ ᠹᠸᠩ ᠪᠣᠯᠬᠤ》 ᠨᠡᠢᠭᠡᠮ ᠲᠣᠭᠣᠷᠢᠭ᠎ᠤᠨ ᠰᠣᠶᠣᠯ᠎ᠤᠨ ᠤᠷᠴᠢᠨ ᠠᠬᠤᠢ ᠵᠢ ᠪᠣᠶ ᠪᠣᠯᠭᠠᠬᠤ᠎ᠶ᠋ᠢᠨ ᠬᠠᠮᠲᠤ ᠨᠡᠢᠭᠡᠮ ᠲᠣᠭᠣᠷᠢᠭ᠎ᠤᠨ ᠣᠨᠴᠠᠯᠢᠭ᠎ᠲᠠᠶ ᠪᠠᠨ ᠤᠶᠠᠯᠳᠤᠭᠤᠯᠤᠨ᠂ ᠯᠸᠢ ᠹᠸᠩ᠎ᠠᠴᠠ ᠰᠤᠷᠤᠯᠴᠠᠬᠤ ᠠᠵᠢᠯᠯᠠᠭ᠎ᠠ᠎ᠶ᠋ᠢᠨ ᠠᠭᠤᠯᠭ᠎ᠠ᠎ᠶ᠋ᠢ ᠲᠠᠰᠤᠷᠠᠯᠲᠠ ᠤᠢ᠍ᠭᠡᠢ ᠪᠠᠶᠠᠯᠢᠭ᠍ᠵᠢᠭᠤᠯᠵᠤ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠶ᠋ᠢ ᠶᠡᠬᠡ ᠪᠡᠷ ᠳᠡᠯᠭᠡᠷᠡᠭᠦᠯᠪᠡ᠃ ᠨᠡᠢᠭᠡᠮ ᠲᠣᠭᠣᠷᠢᠭ ᠨᠢ ᠵᠢᠯ ᠪᠦᠷᠢ ᠯᠧᠶ ᠹᠧᠩ᠎ᠡᠴᠡ ᠰᠤᠷᠤᠯᠴᠠᠵᠤ᠂ ᠰᠠᠢᠨ ᠳᠤᠷ᠎ᠠ᠎ᠠᠴᠠ᠎ᠪᠠᠨ ᠶᠠᠳᠠᠭᠤ᠎ᠶ᠋ᠢ ᠲᠡᠳᠬᠦᠬᠦ᠌ ᠠᠵᠢᠯᠯᠠᠭ᠎ᠠ᠎ᠶ᠋ᠢ 60 ᠭᠠᠷᠤᠶ ᠤᠳᠠᠭ᠎ᠠ ᠥᠷᠨᠢᠭᠦᠯᠵᠦ᠍᠂ ᠯᠧᠶ ᠹᠧᠩ᠎ᠦᠨ ᠦᠢᠯᠡ ᠶᠠᠪᠤᠳᠠᠯ᠂ ᠯᠧᠶ ᠹᠧᠩ᠎ᠦᠨ ᠵᠣᠷᠢᠭ ᠰᠠᠨᠠᠭ᠎ᠠ᠎ᠶ᠋ᠢ ᠰᠤᠷᠤᠯᠴᠠᠬᠤ ᠪᠠ ᠤᠬᠠᠭᠤᠯᠤᠨ ᠲᠠᠢᠯᠪᠤᠷᠢᠯᠠᠬᠤ᠎ᠳᠤ ᠤᠷᠲᠤ ᠬᠤᠭᠤᠴᠠᠭ᠎ᠠ᠎ᠪᠠᠷ ᠣᠷᠣᠯᠴᠠᠭ᠍ᠰᠠᠨ ᠰᠠᠭᠤᠭᠠᠯᠢ ᠠᠷᠠᠳ ᠮᠢᠩᠭ᠎ᠠ ᠭᠠᠷᠤᠶ᠎ᠬᠦᠮᠦᠨ᠎ᠳᠦ ᠬᠦᠷᠪᠡ᠃

ᠹᠠᠩ ᠶᠤᠸᠠᠨ ᠨᠡᠢᠭᠡᠮ ᠲᠣᠭᠣᠷᠢᠭ ᠨᠢ ᠵᠢᠯ ᠲᠤᠷᠰᠢ ᠰᠠᠢ᠌ᠨ ᠲᠤᠷᠠᠴᠤᠳ᠎ᠢ ᠡᠯᠰᠡᠵᠦ᠍᠂ ᠳᠠᠩᠰᠠᠯᠠᠨ ᠲᠡᠮᠳᠡᠭ᠌ᠯᠡᠬᠦ᠌᠂ ᠰᠠᠢᠨ ᠳᠤᠷ᠎ᠠ᠎ᠶ᠋ᠢᠨ ᠠᠵᠢᠯᠯᠠᠭ᠍ᠰᠠᠳ᠎ᠢ ᠪᠣᠯᠪᠠᠰᠤᠷᠠᠭᠤᠯᠬᠤ᠂ ᠱᠠᠩᠨᠠᠨ ᠤᠷᠮᠠᠱᠢᠭᠤᠯᠬᠤ ᠵᠡᠷᠭᠡ ᠳᠦᠷᠢᠮ᠎ᠢ ᠲᠤᠭᠳᠠᠭᠠᠨ ᠪᠦᠷᠢᠨᠱᠢᠭᠦᠯᠵᠦ᠍᠂ ᠨᠡᠢᠭᠡᠮ ᠲᠣᠭᠣᠷᠢᠭ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠵᠢᠷᠤᠮᠵᠢᠭᠤᠯᠤᠯᠲᠠ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃ ᠣᠳᠣᠬᠠᠨ᠎ᠳᠤ᠂ ᠨᠡᠢᠭᠡᠮ ᠲᠣᠭᠣᠷᠢᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢᠨ ᠳᠠᠩᠰᠠᠯᠠᠭᠤᠯᠤᠭ᠍ᠰᠠᠨ ᠰᠠᠢᠨ ᠳᠤᠷᠠᠴᠤᠳ 702 ᠪᠤᠯᠵᠦ᠂ ᠨᠡᠢᠭᠡᠮ ᠲᠣᠭᠣᠷᠢᠭ᠎ᠤᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ 17% ᠵᠢ ᠡᠵᠡᠯᠡᠵᠦ᠍ ᠪᠠᠢᠨ᠎ᠠ᠃ ᠨᠡᠢᠭᠡᠮ ᠲᠣᠭᠣᠷᠢᠭ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠠᠩᠭᠢ ᠨᠢ ᠨᠡᠢᠭᠡᠮ ᠲᠣᠭᠣᠷᠢᠭ᠎ᠢ ᠴᠡᠪᠡᠷᠯᠡᠬᠦ᠌᠂ ᠰᠠᠭᠤᠭᠠᠯᠢ ᠠᠷᠠᠳ᠎ᠲᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠠᠮᠤᠷ ᠲᠦᠪᠱᠢᠨ᠎ᠦ ᠮᠡᠳᠡᠯᠭᠡ᠎ᠶ᠋ᠢ ᠤᠬᠠᠭᠤᠯᠬᠤ ᠵᠡᠷᠭᠡ ᠦᠢᠯᠡᠴᠢᠯᠡᠭᠡᠨ᠎ᠦ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠵᠦ ᠪᠤᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠳᠤ᠂ ᠰᠠᠢᠨ ᠳᠤᠷᠠᠴᠤᠳ ᠯᠧᠢ ᠹᠧᠩ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠢᠳᠡᠪᠬᠢᠲᠡᠶ ᠣᠷᠣᠯᠴᠠᠵᠤ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠤᠨ ᠠᠮᠢ ᠨᠠᠰᠤ ᠡᠷᠡᠭᠦᠯ ᠮᠡᠨᠳᠦ᠍᠎ᠶ᠋ᠢ ᠬᠠᠮᠠᠭᠠᠯᠠᠬᠤ᠎ᠶ᠋ᠢᠨ ᠲᠥᠯᠥᠭᠡ ᠬᠠᠷᠠᠮ ᠥᠬᠡᠶ ᠵᠣᠷᠢᠭᠤᠯᠵᠤ᠂ ᠥᠪᠡᠷ᠎ᠦᠨ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠰᠠᠢᠨ ᠳᠤᠷᠠᠴᠤᠳ᠎ᠤᠨ ᠴᠣᠭ ᠵᠢᠪᠬᠤᠭ᠎ᠠ᠎ᠶ᠋ᠢ ᠢᠯᠡᠷᠡᠭᠦᠯᠪᠡ᠃ ᠹᠠᠩ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠮᠠ ᠲᠢᠶᠠᠨ ᠬᠤᠸᠠ᠄ 《 ᠹᠠᠩ ᠶᠤᠸᠠᠨ ᠨᠡᠢᠭᠡᠮ ᠲᠣᠭᠣᠷᠢᠭ ᠱᠢᠨ᠎ᠡ ᠴᠠᠭ ᠦᠶ᠎ᠡ᠎ᠶ᠋ᠢᠨ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ᠎ᠶ᠋ᠢ ᠦᠷᠭᠦᠯᠵᠢᠯᠡᠨ ᠵᠠᠯᠭᠠᠮᠵᠢᠯᠠᠵᠤ᠂ 〈ᠬᠠᠷᠠᠮ ᠦᠭᠡᠢ ᠵᠣᠷᠢᠭᠤᠯᠬᠤ᠂ ᠨᠥᠬᠥᠷᠰᠡᠭ᠂ ᠬᠠᠷᠢᠯᠴᠠᠨ ᠬᠠᠪᠰᠤᠷᠤᠯᠴᠠᠬᠤ ᠂ ᠬᠠᠮᠳᠤ ᠪᠡᠷ ᠲᠠᠪᠱᠢᠬᠤ 〉 ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠷᠢᠭ ᠰᠠᠨᠠᠭ᠎ᠠ᠎ᠶ᠋ᠢ ᠦᠷᠬᠦᠯᠵᠢᠯᠡᠨ ᠪᠠᠳᠠᠷᠠᠭᠤᠯᠵᠤ᠂ 〈 ᠭᠡᠷ ᠪᠦᠯᠢ ᠡᠶ᠎ᠡ ᠡᠪᠳᠠᠢ᠂ ᠬᠥᠷᠰᠢ ᠵᠡᠷᠭᠡᠯᠡᠳᠡᠭᠡ ᠡᠶ᠎ᠡ ᠨᠠᠢᠷᠲᠠᠢ ᠂ ᠨᠡᠢᠭᠡᠮ ᠲᠣᠭᠣᠷᠢᠭ ᠡᠶ᠎ᠡ ᠵᠣᠬᠢᠴᠠᠩᠭᠤᠢ 〉 ᠰᠠᠢ᠌ᠨ ᠰᠠᠢᠬᠠᠨ ᠠᠭᠤᠷ ᠠᠮᠢᠰᠭᠤᠯ᠎ᠢ ᠴᠢᠷᠮᠠᠢᠨ ᠪᠤᠢ ᠪᠣᠯᠭᠠᠨ᠎ᠠ 》 ᠭᠡᠵᠦ᠍ ᠶᠠᠷᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面