ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-03-26 10:32:05

ᠵᠣᠬᠢᠶᠠᠭ᠍ᠴᠢ᠄ ᠲᠡᠭᠦᠰᠪᠢᠯᠢᠭ ᠬᠤᠤ ᠪᠢᠶᠤᠤ ᠯᠢᠦ ᠬᠣᠩ ᠵᠠᠩ ᠣᠩᠱᠢᠭ᠍ᠰᠠᠨ ᠣᠳᠠᠭ᠎ᠠ᠄ 3

《ᠤᠮᠠᠷᠠᠲᠤ ᠬᠢᠯᠢ᠎ᠶ᠋ᠢᠨ ᠵᠢᠱ᠌ᠢᠶᠡᠴᠢ》 ᠵᠢᠨ ᠲᠣᠭᠣᠷᠢᠨ ᠮᠡᠳᠡᠭᠦᠯᠦᠯᠲᠡ᠎ᠶ᠋ᠢᠨ ᠬᠤᠷᠠᠯ ᠪᠠᠶᠠᠨᠨᠠᠭᠤᠷ ᠬᠤᠳᠠ ᠦᠬᠠᠢ ᠬᠤᠳᠠ ᠠᠯᠠᠱᠠ ᠠᠢᠮᠠᠭ᠎ᠲᠤ ᠶᠠᠪᠤᠭ᠍ᠳᠠᠪᠠ


ᠤᠢ᠍ᠢᠷ᠎ᠠ᠎ᠶ᠋ᠢᠨ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠡᠴᠡ ᠭᠣᠣᠯᠯᠠᠨ ᠡᠷᠬᠢᠯᠡᠭ᠌ᠰᠡᠨ 《ᠤᠮᠠᠷᠠᠲᠤ ᠬᠢᠯᠢ᠎ᠶ᠋ᠢᠨ ᠵᠢᠱ᠌ᠢᠶᠡᠴᠢ》 ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠮᠠᠰᠢᠨ ᠲᠡᠷᠭᠡᠨ᠎ᠤ ᠠᠩᠬᠢ᠎ᠶ᠋ᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢᠨ ᠲᠣᠭᠣᠷᠢᠨ ᠮᠡᠳᠡᠭᠦᠯᠦᠯᠲᠡ᠎ᠶ᠋ᠢᠨ ᠬᠤᠷᠠᠯ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠢᠮᠠᠭ᠎ᠲᠤ ᠶᠠᠪᠤᠭ᠍ᠳᠠᠪᠠ᠃

ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠮᠠ ᠸᠸᠨ ᠭᠠᠩ᠂ ᠵᠶ᠋ᠢ ᠶᠤᠸᠠᠢ᠂ ᠳ᠋ᠢᠩ ᠳ᠋ᠠᠨ᠂ ᠭᠤᠤ ᠳ᠋ᠦᠩ ᠬᠤᠸᠠ᠂ ᠵᠤᠤ ᠶᠦᠩ ᠹᠸᠩ ᠵᠡᠷᠭᠡ 5 ᠤᠬᠠᠭᠤᠯᠤᠨ ᠲᠠᠢᠯᠪᠤᠷᠢᠯᠠᠭ᠍ᠴᠢ ᠲᠤᠬᠠᠢ᠎ᠶ᠋ᠢᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ ᠪᠠ ᠬᠥᠲᠥᠯᠥᠭ᠌ᠴᠢ᠎ᠶ᠋ᠢᠨ ᠶᠠᠷᠢᠯᠴᠠᠭ᠎ᠠ ᠬᠢᠵᠤ ᠰᠤᠷᠪᠤᠯᠵᠢᠯᠠᠨ ᠶᠠᠷᠢᠯᠴᠠᠬᠤ ᠬᠡᠯᠪᠡᠷᠢ᠎ᠪᠡᠷ ᠳᠠᠮᠵᠢᠭᠤᠯᠤᠨ᠂ ᠠᠳᠠᠯᠢ ᠪᠤᠰᠤ ᠳᠦᠷᠢ᠂ ᠦᠨᠡᠨ ᠪᠣᠳᠠᠲᠠᠢ ᠠᠮᠢᠳᠤᠯᠢᠭ ᠵᠢᠱ᠌ᠢᠢ᠎ᠡ᠂ ᠴᠢᠩ ᠦᠨᠡᠨᠴᠢ ᠬᠠᠯᠠᠭᠤᠨ ᠲᠤᠯᠠᠭᠠᠨ ᠬᠠᠢᠷ᠎ᠠ ᠰᠡᠳᠭᠢᠯᠭᠡ᠎ᠪᠡᠷ᠂ ᠯᠸᠢ ᠹᠸᠩ ᠮᠠᠱᠢᠨ ᠲᠡᠷᠭᠡᠨ᠎ᠦ ᠠᠩᠬᠢ᠎ᠶ᠋ᠢᠨ ᠲᠡᠷᠢᠭᠦᠨ᠎ᠦ ᠦᠢᠯᠡ ᠠᠵᠢᠯᠯᠠᠭ᠎ᠠ᠎ᠶ᠋ᠢ ᠭᠦᠨ ᠰᠡᠳᠭᠢᠯᠭᠡ᠎ᠲᠡᠶ ᠶᠠᠷᠢᠪᠠ᠃ ᠰᠡᠳᠭᠢᠯ ᠳᠣᠭ᠍ᠳᠣᠯᠤᠮ᠎ᠠ ᠭᠣᠢᠳᠠ ᠰᠠᠢᠬᠠᠨ ᠶᠠᠷᠢᠶ᠎ᠠ ᠵᠢ ᠰᠤᠨᠤᠰᠤᠭᠠᠳ ᠬᠦᠮᠦᠰ ᠨᠢᠵᠢᠬᠢᠨᠡᠳᠡᠯ᠎ᠠ ᠠᠯᠠᠭ᠎ᠠ ᠲᠠᠱᠢᠵᠠᠭᠠᠪᠠ᠃

ᠪᠠᠶᠠᠨᠨᠠᠭᠤᠷ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢ᠂ ᠲᠦᠷᠢᠶᠡᠰᠦᠨ ᠮᠠᠱᠢᠨ ᠲᠡᠷᠭᠡᠨ᠎ᠦ ᠵᠢᠯᠤᠭᠤᠴᠢ ᠵᠡᠷᠭᠡ ᠯᠧᠢ ᠹᠧᠩ᠎ᠡᠴᠡ ᠰᠤᠷᠤᠯᠴᠠᠬᠤ ᠰᠠᠢᠨ ᠳᠤᠷᠠᠴᠤᠳ ᠤ᠋ᠨ ᠦᠶ᠋ᠯᠡᠴᠢᠯᠡᠭᠡᠨ᠎ᠦ ᠠᠵᠢᠯᠲᠠᠨ᠎ᠤ ᠲᠥᠯᠥᠭᠡᠯᠡᠭ᠌ᠴᠢ ᠨᠡᠢᠲᠡ 280 ᠬᠥᠮᠦᠨ ᠲᠤᠬᠠᠶ᠎ᠶ᠋ᠢᠨ ᠲᠠᠯᠠᠪᠠᠶ᠎ᠳᠤ ᠮᠡᠳᠡᠭᠦᠯᠦᠯᠲᠡ᠎ᠶ᠋ᠢ ᠰᠣᠨᠣᠰᠪᠠ᠃ ᠤᠯᠠᠨ᠎ᠢᠶᠠᠷ᠎ᠢᠶᠠᠨ᠂ ᠮᠡᠳᠡᠭᠦᠯᠦᠯᠲᠡ᠎ᠶ᠋ᠢᠨ ᠬᠤᠷᠠᠯ᠎ᠤᠨ ᠭᠣᠣᠯ ᠰᠡᠳᠦᠪ ᠭᠦᠨᠵᠡᠭᠡᠢ᠂ ᠬᠥᠮᠦᠰ ᠲᠸ᠋ ᠬᠦᠨ ᠰᠠᠭᠤᠭᠳᠠᠯ ᠲᠠᠢ᠃ ᠦᠯᠢᠭᠡᠷ ᠳᠠᠭᠤᠷᠢᠶᠠᠯ᠎ᠤᠨ ᠬᠦᠴᠦᠨ᠎ᠢᠶᠡᠷ ᠵᠢᠯᠤᠭᠤᠳᠤᠯᠭ᠎ᠠ ᠪᠣᠯᠭᠠᠵᠤ᠂ ᠰᠠᠢ᠌ᠨ ᠳᠤᠷᠠᠴᠤᠳ ᠤ᠋ᠨ ᠦᠢᠯᠡᠴᠢᠯᠡᠭᠡ᠎ᠳᠦ ᠢᠳᠡᠪᠬᠢᠲᠡᠢ ᠣᠷᠣᠯᠴᠠᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠳᠠᠮᠵᠢᠭᠤᠯᠤᠨ᠎ᠠ ᠭᠡᠵᠦ᠍ ᠢᠯᠡᠳᠭᠡᠵᠡᠭᠡᠪᠡ᠃ 《ᠴᠢᠩᠱᠠᠨ ᠲᠣᠭᠣᠷᠢᠭ᠎ᠤᠨ ᠯᠧᠢ ᠹᠧᠩ ᠮᠠᠰᠢᠨ ᠲᠡᠷᠭᠡᠨ᠎ᠤ ᠠᠩᠭᠢ ᠪᠣᠯ ᠮᠢᠨᠦ᠍ ᠳᠠᠭᠤᠷᠢᠶᠠᠯ ᠮᠥᠨ᠂ ᠪᠢ ᠯᠠᠪᠲᠠᠶ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠮᠠᠨ᠎ᠤ ᠮᠠᠰᠢᠨ ᠲᠡᠷᠭᠡᠨ᠎ᠤ ᠠᠩᠭᠢ᠎ᠪᠠᠨ ᠴᠤ᠌ ᠲᠡᠳᠡᠨ᠎ᠲᠡᠶ ᠠᠳᠠᠯᠢᠬᠠᠨ ᠯᠧᠢ ᠹᠧᠩ ᠮᠠᠰᠢᠨ ᠲᠡᠷᠭᠡᠨ᠎ᠤ ᠠᠩᠭᠢ ᠪᠣᠯᠭᠠᠨ ᠪᠠᠢᠭᠤᠯᠤᠨ᠎ᠠ》 ᠭᠡᠵᠦ᠍ ᠪᠠᠶᠠᠨᠨᠠᠭᠤᠷ ᠬᠤᠳᠠ᠎ᠶ᠋ᠢᠨ ᠯᠸᠢ ᠹᠸᠩ ᠮᠠᠰᠢᠨ ᠲᠡᠷᠭᠡᠨ᠎ᠤ ᠠᠩᠬᠢ᠎ᠶ᠋ᠢᠨ ᠰᠠᠢ᠌ᠨ ᠲᠤᠷᠠᠴᠤᠳ᠎ᠤᠨ ᠨᠡᠢᠭᠡᠮᠯᠢᠭ᠎ᠦᠨ ᠳᠠᠷᠤᠭ᠎ᠠ ᠰᠣ᠌ ᠮᠧᠢ ᠯᠢᠩ ᠰᠡᠳᠭᠢᠯ ᠳᠣᠭ᠍ᠳᠣᠯᠤᠨ ᠬᠡᠯᠡᠪᠡ᠃

ᠦᠬᠠᠢ ᠬᠤᠳᠠ᠎ᠶ᠋ᠢᠨ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠲᠥᠯᠥᠭᠡᠯᠡᠭ᠌ᠴᠢ᠂ ᠦᠬᠠᠢ ᠬᠤᠳᠠ᠎ᠶ᠋ᠢᠨ ᠯᠸᠢ ᠹᠸᠩ ᠮᠠᠱᠢᠨ ᠲᠡᠷᠭᠡᠨ᠎ᠦ ᠠᠩᠬᠢ᠎ᠶ᠋ᠢᠨ ᠲᠥᠯᠥᠭᠡᠯᠡᠭ᠌ᠴᠢ᠂ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠲᠥᠯᠥᠭᠡᠯᠡᠭ᠌ᠴᠢ ᠨᠡᠢ᠌ᠳᠡ 100 ᠭᠠᠷᠤᠢ ᠬᠥᠮᠦᠨ ᠲᠤᠬᠠᠢ᠎ᠶ᠋ᠢᠨ ᠲᠠᠯᠠᠪᠠᠢ᠎ᠳᠤ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠪᠠ᠃ ᠦᠬᠠᠢ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠵᠢᠨ ᠠᠷᠠᠳ᠎ᠤᠨ ᠴᠠᠭ᠍ᠳᠠᠭ᠎ᠠ ᠶᠠᠩ ᠹᠠᠨ᠄ 《ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠮᠠᠰᠢᠨ ᠲᠡᠷᠭᠡᠨ᠎ᠤ ᠠᠩᠬᠢ᠎ᠶ᠋ᠢᠨ 16 ᠵᠢᠯ᠎ᠢ ᠨᠢᠭᠡ ᠯᠡ ᠡᠳᠦᠷ ᠮᠡᠲᠦ᠍᠎ᠪᠡᠷ ᠤᠯᠠᠨ ᠲᠦᠮᠡᠨ᠎ᠳᠦ ᠦᠢᠯᠡᠴᠢᠯᠡᠭ᠌ᠰᠡᠨ ᠦᠢᠯᠡ ᠠᠵᠢᠯᠯᠠᠭ᠎ᠠ ᠨᠢ ᠨᠠᠮ᠎ᠠ ᠵᠢ ᠶᠡᠬᠡᠳᠡ ᠳᠣᠭ᠍ᠳᠣᠯᠤᠭᠤᠯᠵᠤ᠂ ᠶᠡᠬᠡᠳᠡ ᠵᠣᠷᠢᠭ᠍ᠵᠢᠭᠤᠯᠵᠠᠢ᠃ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠯᠧᠶ ᠹᠧᠩ ᠮᠠᠰᠢᠨ ᠲᠡᠷᠭᠡᠨ᠎ᠤ ᠠᠩᠭᠢ᠎ᠪᠠᠷ ᠳᠠᠭᠤᠷᠢᠶᠠᠯ ᠪᠣᠯᠭᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠶ᠋ᠯᠡᠴᠢᠯᠡᠬᠦ᠌ ᠵᠣᠷᠢᠯᠲᠠ᠎ᠶ᠋ᠢ ᠡᠷᠡᠰ ᠲᠤᠭᠤᠰᠢᠯᠠᠭᠤᠯᠵᠤ᠂ ᠣᠯᠠᠨ ᠲᠦᠮᠡᠨ᠎ᠦ ᠬᠦᠴᠢᠷ ᠵᠣᠪᠠᠯᠠᠩ᠎ᠢ ᠱᠢᠶ᠋ᠳᠪᠦᠷᠢᠯᠡᠵᠦ᠍᠂ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠵᠦ᠍᠂ ᠱᠢᠨ᠎ᠡ ᠴᠠᠭ ᠦᠶ᠎ᠡ᠎ᠶ᠋ᠢᠨ ᠯᠧᠶ ᠹᠧᠩ᠎ᠦᠨ ᠵᠣᠷᠢᠭ ᠰᠠᠨᠠᠭᠠᠨ᠎ᠤ ᠦᠶ᠋ᠯᠡᠳᠦᠯᠭᠡᠵᠢᠭᠦᠯᠦᠭ᠌ᠴᠢ ᠪᠣᠯᠤᠨ᠎ᠠ》ᠭᠡᠵᠤ ᠬᠡᠯᠡᠪᠡ᠃

ᠠᠯᠠᠱᠠ ᠠᠢᠮᠠᠭ᠎ᠤᠨ ᠱᠢᠭᠤᠳ ᠬᠠᠷᠢᠶ᠎ᠠ ᠡᠯ᠎ᠡ ᠪᠠᠢᠭᠤᠯᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠲᠥᠯᠥᠭᠡᠯᠡᠭ᠌ᠴᠢ᠂ ᠶᠣᠰᠣ ᠰᠤᠷᠲᠠᠬᠤᠨ᠎ᠤ ᠵᠢᠱ᠌ᠢᠶᠡᠴᠢ ᠪᠣᠯᠤᠨ《ᠬᠣᠶᠠᠷ ᠱᠢᠯᠢᠳᠡᠭ ᠨᠢᠭᠡ ᠲᠡᠷᠢᠭᠦᠨ》 ᠤ᠋ ᠲᠥᠯᠥᠭᠡᠯᠡᠭ᠌ᠴᠢ᠂ ᠬᠠᠮᠤᠭ᠎ᠤᠨ ᠭᠤᠶᠤ ᠴᠡᠷᠢᠭ᠎ᠦᠨ ᠠᠯᠪᠠ᠎ᠡᠴᠡ ᠬᠠᠯᠠᠭ᠍ᠳᠠᠭ᠍ᠰᠠᠳ᠎ᠤᠨ ᠲᠥᠯᠥᠭᠡᠯᠡᠭ᠌ᠴᠢ᠂ ᠲᠦᠷᠢᠶᠡᠰᠦᠨ ᠮᠠᠱᠢᠨ ᠲᠡᠷᠭᠡᠨ᠎ᠦ ᠠᠵᠢᠯ ᠲᠦᠷᠦᠯ᠎ᠦᠨ ᠲᠥᠯᠥᠭᠡᠯᠡᠭ᠌ᠴᠢ ᠂ ᠱᠢᠯᠢᠳᠡᠭ ᠰᠠᠢ᠌ᠨ ᠲᠤᠷᠠᠴᠤᠳ᠎ᠤᠨ ᠲᠥᠯᠥᠭᠡᠯᠡᠭ᠌ᠴᠢ ᠵᠡᠷᠭᠡ 800 ᠭᠠᠷᠤᠢ ᠬᠥᠮᠦᠨ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃ ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠬᠢ᠎ᠶ᠋ᠢᠨ ᠨᠢᠭᠡᠳᠦᠭᠡᠷ ᠶᠡᠬᠡ ᠠᠩᠬᠢ᠎ᠶ᠋ᠢᠨ ᠳᠡᠳ᠋ ᠳᠠᠷᠤᠭ᠎ᠠ ᠯᠢ ᠱᠢᠩ ᠢᠦᠢ᠄ 《〈ᠤᠮᠠᠷᠠᠲᠤ ᠬᠢᠯᠢ᠎ᠶ᠋ᠢᠨ ᠵᠢᠱ᠌ᠢᠶᠡᠴᠢ〉 ᠯᠸᠢ ᠹᠸᠩ ᠮᠠᠱᠢᠨ ᠲᠡᠷᠭᠡᠨ᠎ᠦ ᠠᠩᠬᠢ 〈ᠪᠠᠭ᠎ᠠ ᠶᠠᠪᠤᠳᠠᠯ ᠬᠢᠬᠦ〉 ᠪᠡᠷ ᠦᠯᠢᠬᠡᠷ ᠳᠠᠭᠤᠷᠢᠶᠠᠯ ᠪᠣᠯᠭᠠᠵᠤ᠂ 〈ᠦᠪᠡᠷ ᠢ᠋ ᠪᠡᠨ ᠤᠮᠠᠷᠳᠠᠬᠤ〉 ᠪᠡᠷ ᠡᠷᠬᠢᠮ ᠰᠤᠷᠲᠠᠯ᠎ᠤᠨ ᠬᠥᠱᠢᠢ᠎ᠡ᠎ᠶ᠋ᠢ ᠪᠤᠰᠭᠠᠪᠠ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠠᠵᠢᠯ ᠪᠣᠯ ᠵᠠᠮ ᠬᠠᠷᠢᠯᠴᠠᠭᠠᠨ᠎ᠤ ᠠᠵᠢᠯ ᠲᠥᠷᠥᠯ᠎ᠦᠨ ᠠᠮᠤᠷ ᠲᠦᠪᠱᠢᠨ᠎ᠦ ᠬᠠᠮᠠᠭᠠᠯᠠᠭ᠍ᠴᠢ ᠮᠥᠨ᠂ ᠪᠢᠳᠡ ᠯᠸᠢ ᠹᠸᠩ ᠮᠠᠱᠢᠨ ᠲᠡᠷᠭᠡᠨ᠎ᠦ ᠠᠩᠭᠢ᠎ᠪᠠᠷ ᠳᠠᠭᠤᠷᠢᠶᠠᠯ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠯᠸᠢ ᠹᠸᠩ ᠎ᠤᠨ ᠵᠣᠷᠢᠭ ᠰᠠᠨᠠᠭ᠎ᠠ᠎ᠶ᠋ᠢ ᠠᠵᠢᠯ᠎ᠤᠨ ᠳᠤᠮᠳᠠ ᠦᠶ᠋ᠯᠡᠳᠦᠯᠭᠡᠵᠢᠭᠦᠯᠵᠦ᠍᠂ ᠠᠮᠢᠳᠤᠷᠠᠯ᠎ᠤᠨ ᠳᠤᠮᠳᠠ ᠪᠠᠳᠠᠷᠠᠭᠤᠯᠤᠨ᠎ᠠ》 ᠭᠡᠵᠤ ᠬᠡᠯᠡᠪᠡ᠃

《ᠡᠨᠡ ᠤᠳᠠᠭ᠎ᠠ ᠡᠯ᠎ᠡ ᠭᠠᠵᠠᠷ᠎ᠲᠤ ᠲᠣᠭᠣᠷᠢᠨ ᠤᠬᠠᠭᠤᠯᠤᠨ ᠲᠠᠢᠯᠪᠤᠷᠢᠯᠠᠬᠤ ᠪᠡᠷ ᠳᠡᠮᠵᠢᠨ᠂ ᠪᠢᠳᠡ ᠪᠠᠰᠠ ᠲᠤᠬᠠᠶ᠎ᠶ᠋ᠢᠨ ᠭᠠᠵᠠᠷ᠎ᠤᠨ ᠰᠠᠢᠨ ᠳᠤᠷᠠᠴᠤᠳ ᠤ᠋ᠨ ᠵᠣᠬᠢᠶᠠᠨ ᠪᠠᠢᠭᠤᠯᠤᠯᠲᠠ᠎ᠲᠠᠶ ᠬᠠᠷᠢᠯᠴᠠᠭ᠎ᠠ ᠪᠠᠢᠭᠤᠯᠵᠤ᠂ ᠡᠩᠨᠡᠭᠡ ᠎ᠪᠡᠨ ᠤᠯᠠᠮ ᠴᠢᠨᠠᠬᠰᠢᠳᠠ ᠥᠷᠭᠡᠳᠭᠡᠨ᠂ ᠣᠯᠠᠨ᠎ᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠬᠠᠮᠲᠤ ᠎ᠪᠠᠷ ᠰᠠᠢᠨ ᠳᠤᠷᠠᠴᠤᠳ ᠤ᠋ᠨ ᠦᠶ᠋ᠯᠡᠴᠢᠯᠡᠭᠡ᠎ᠶ᠋ᠢ ᠨᠠᠩ ᠰᠠᠢᠲᠤᠷ ᠬᠢᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠨᠠᠰᠤᠨ ᠲᠤᠷᠱᠢᠳᠠ ᠦᠶ᠋ᠯᠡᠳᠦᠯᠭᠡᠵᠢᠭᠦᠯᠬᠦ᠌᠎ᠶ᠋ᠢ ᠬᠦᠰᠡᠵᠦ᠍ ᠪᠠᠢᠨ᠎ᠠ》 ᠭᠡᠵᠦ᠍ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠮᠠᠰᠢᠨ ᠲᠡᠷᠭᠡᠨ᠎ᠤ ᠠᠩᠭᠢ᠎ᠶ᠋ᠢᠨ ᠳᠠᠷᠤᠭ᠎ᠠ ᠮᠠ ᠸᠸᠨ ᠭᠠᠩ ᠢᠯᠡᠳᠭᠡᠪᠡ᠃

ᠣᠢᠯᠠᠭᠠᠭ᠍ᠰᠠᠨ᠎ᠢᠶᠠᠷ᠂ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠮᠠᠰᠢᠨ ᠲᠡᠷᠭᠡᠨ ᠤ᠋ ᠠᠩᠭᠢ ᠪᠠᠢᠭᠤᠯᠤᠭ᠍ᠳᠠᠭ᠍ᠰᠠᠨ 16 ᠵᠢᠯ᠎ᠦᠨ ᠲᠤᠷᠰᠢ᠂ ᠮᠠᠰᠢᠨ ᠲᠡᠷᠭᠡᠨ᠎ᠤ ᠠᠩᠭᠢ᠎ᠶ᠋ᠢᠨ ᠭᠡᠱᠢᠭᠦᠳ ᠢᠮᠠᠭ᠍ᠲᠠ ᠠᠷᠠᠳ ᠲᠦᠮᠡᠨ᠎ᠳᠦ ᠦᠶ᠋ᠯᠡᠴᠢᠯᠡᠬᠦ᠌᠂ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠬᠤ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠨᠡᠢᠭᠡᠮ᠎ᠦᠨ ᠦᠶ᠋ᠯᠡᠴᠢᠯᠡᠭᠡ᠂ ᠠᠮᠤᠷ᠎ᠢ ᠬᠠᠮᠠᠭᠠᠯᠠᠬᠤ ᠵᠡᠷᠭᠡ ᠡᠯ᠎ᠡ ᠲᠥᠷᠥᠯ᠎ᠦᠨ ᠬᠡᠷᠡᠭ ᠶᠠᠪᠤᠳᠠᠯ᠎ᠳᠤ ᠰᠠᠨᠠᠭᠠᠴᠢᠯᠠᠭ᠎ᠠ᠎ᠡᠴᠡ᠎ᠪᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠯᠸᠢ ᠹᠸᠩ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠥᠯᠢᠭᠡᠷ ᠳᠠᠭᠤᠷᠢᠶᠠᠯ᠎ᠤᠨ ᠬᠦᠴᠦᠨ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠥᠯᠢᠭᠡᠷ᠎ᠢ ᠦᠷᠭᠦᠯᠵᠢᠯᠡᠨ ᠪᠢᠴᠢᠭ᠌ᠯᠡᠪᠡ᠃ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠡᠴᠡ ᠪᠤᠭᠤᠲᠤ ᠬᠣᠲᠠ᠎ᠶ᠋ᠢᠨ ᠴᠢᠩᠱᠠᠨ ᠲᠣᠭᠣᠷᠢᠭ᠎ᠤᠨ ᠯᠸᠢ ᠹᠸᠩ ᠮᠠᠰᠢᠨ ᠲᠡᠷᠭᠡᠨ᠎ᠤ ᠠᠩᠭᠢ᠎ᠶ᠋ᠢᠨ ᠨᠠᠮ᠎ᠤᠨ ᠶᠡᠷᠦᠩᠬᠡᠶ ᠡᠭᠦᠷ ᠲᠤ᠌ 《ᠤᠮᠠᠷᠠᠳᠤ ᠬᠢᠯᠢ ᠵᠢᠨ ᠵᠢᠱ᠌ᠢᠶᠠᠴᠢ》 ᠵᠢᠨ ᠢᠷᠠᠭᠤ ᠠᠯᠳᠠᠷ᠎ᠤᠨ ᠴᠣᠯᠠ ᠣᠯᠭᠣᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面