2023-04-24 10:40:46
ᠤᠷᠴᠢᠮᠤᠨ ᠨᠢᠭᠡᠨᠰᠦᠨᠢ ᠂ ᠥᠪᠥᠷ ᠮᠣᠩᠭᠣᠯᠤᠨ 《ᠬᠠᠮᠠᠭᠠᠯᠠᠭ᠍ᠴᠢ》 ᠵᠢᠯᠣᠭᠣᠴᠢ ᠥᠬᠡᠶ ᠨᠢᠰᠭᠡᠯ ᠵᠢᠡᠷ ᠪᠠᠴᠢᠮ ᠪᠠᠢᠳᠠᠯ ᠢ ᠠᠷᠭᠠᠴᠠᠭᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ ᠤ ᠳ᠋ᠠ ᠯᠦ᠍ ᠪᠠᠯᠭᠠᠰᠤ ᠵᠢᠨ ᠨᠢᠭᠡᠨ ᠲᠠᠷᠢᠶᠠᠴᠢᠨ ᠡᠷᠦᠬᠡ ᠵᠢᠨ ᠲᠤᠰᠠᠯᠠᠮᠵᠢ ᠬᠦᠰᠡᠭᠰᠡᠨ ᠤᠳᠠᠰᠤ ᠵᠢ ᠲᠤᠰᠴᠠᠢ᠃ ᠲᠤᠰ ᠲᠠᠷᠢᠶᠠᠴᠢᠨ ᠡᠷᠦᠭᠡ 100 ᠭᠠᠷᠤᠶ ᠬᠣᠨᠢᠪᠠᠨ ᠠᠯᠳᠠᠵᠤ ᠣᠢᠷ᠎ᠠ ᠬᠠᠪᠢ ᠳ᠋ᠠᠭᠠᠨ ᠬᠡᠳᠦᠨ ᠴᠠᠭ ᠡᠷᠢᠭᠡᠳ ᠤᠯᠤᠭᠰᠠᠨ ᠦᠭᠡᠢ ᠪᠤᠯᠬᠤᠷ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠵᠢᠨ ᠬᠢᠨᠢ ᠵᠢᠯᠣᠭᠣᠴᠢ ᠥᠬᠡᠶ ᠨᠢᠰᠭᠡᠯ ᠵᠢᠡᠷ ᠵᠢᠡᠨ ᠡᠷᠢᠵᠦ᠍ ᠥᠭ᠌ᠬᠦᠶ᠋ᠢ ᠭᠤᠶᠤᠴᠢᠯᠠᠭᠰᠠᠨ ᠪᠠᠢᠯ᠎ᠠ᠃
ᠲᠤᠭ ᠨᠤᠢᠷ ᠲᠠᠭᠠᠨ ᠪᠠᠢᠭᠰᠠᠨ ᠳᠡᠳ᠋ ᠠᠩᠭᠢ ᠶ᠋ᠢᠨ ᠳᠠᠷᠤᠭ᠎ᠠ ᠯᠢᠦ ᠷᠦᠢ ᠴᠢᠶᠠᠩ ᠵᠢᠴᠢ ᠪᠤᠰᠤᠳ 4 ᠭᠡᠱᠢᠭᠦᠨ ᠰᠡᠩᠳᠡ ᠮᠡᠩᠳᠡ ᠪᠣᠰᠴᠤ᠌ ᠲᠣᠨᠣᠭ ᠲᠥᠬᠥᠭᠡᠷᠦᠮᠵᠢ ᠪᠡᠨ ᠲᠢᠭ᠌ᠯᠡᠵᠦ᠍ ᠂ ᠮᠠᠰᠢᠨ ᠵᠢᠡᠷ ᠬᠠᠭᠠᠰ ᠴᠠᠭ ᠲᠠᠪᠬᠢᠭᠤᠯᠵᠤ ᠲᠠᠷᠢᠶᠠᠴᠢᠨ ᠡᠷᠦᠬᠡ ᠶ᠋ᠢᠨ ᠭᠡᠷ ᠲᠦ ᠬᠦᠷᠴᠦ᠍ ᠂ 3 ᠰᠠᠭᠤᠷᠢ ᠤᠯᠠᠭᠠᠨ ᠤ ᠭᠠᠳᠠᠨᠠᠬᠢ ᠬᠠᠷᠠᠩᠭᠤᠢ ᠵᠢ ᠲᠤᠯᠢᠳᠠᠬᠤ ᠴᠢᠳᠠᠪᠤᠷᠢ ᠲᠠᠶ ᠵᠢᠯᠣᠭᠣᠴᠢ ᠦᠭᠡᠢ ᠨᠢᠰᠭᠡᠯ ᠢ ᠨᠡᠭᠡᠭᠡᠵᠦ᠍ ᠂ ᠭᠤᠤ ᠭᠠᠩᠭ᠎ᠠ ᠰᠦᠯᠵᠢᠯᠳᠦᠭ᠌ᠰᠡᠨ ᠮᠤᠤ ᠯᠢᠶᠠᠩ ᠦᠨ ᠠᠭᠤᠯᠠᠷᠬᠠᠭ ᠣᠷᠣᠨ ᠳᠤ ᠡᠷᠢᠵᠦ᠍ ᠬᠠᠢᠬᠤ ᠠᠵᠢᠯᠢᠶᠠᠨ ᠡᠬᠢᠯᠡᠭᠦᠯᠪᠡ᠃ ᠲᠡᠳᠡ ᠲᠠᠭᠠᠷᠠᠵᠤ ᠪᠡᠭᠡᠷᠡᠬᠦ ᠵᠢ ᠦᠯᠦ ᠬᠠᠢᠬᠤᠷᠤᠨ 3 ᠴᠠᠭ ᠭᠠᠷᠤᠢ ᠬᠢᠨᠠᠭᠤᠷ ᠯᠠᠪᠳᠠᠭᠤᠨ ᠬᠠᠢᠵᠤ᠂ ᠡᠴᠦᠰᠲᠡᠬᠡᠨ ᠠᠯᠳᠠᠭᠰᠠᠨ ᠬᠣᠨᠢᠨ ᠰᠦᠷᠦᠭᠢ ᠡᠷᠢᠵᠦ᠍ ᠤᠯᠤᠭᠰᠠᠨ ᠪᠦᠭᠡᠳ ᠲᠠᠷᠢᠶᠠᠴᠢᠨ ᠡᠷᠦᠬᠡ ᠶ᠋ᠢ ᠬᠠᠪᠰᠤᠷᠤᠨ ᠬᠣᠨᠢᠨ ᠰᠦᠷᠦᠭᠢ ᠬᠤᠷᠤᠭ᠎ᠠ ᠬᠠᠱᠢᠶᠠᠨᠳ᠋ᠤᠨᠢ ᠠᠮᠤᠷ ᠲᠦᠪᠰᠢᠨ ᠬᠤᠳᠠᠯᠳᠤᠭᠤᠯᠤᠭᠰᠠᠨᠤ ᠲᠠᠷᠠᠭ᠎ᠠ ᠰᠠᠶᠢ ᠰᠠᠨᠠᠭ᠎ᠠ ᠠᠮᠤᠷ ᠪᠤᠴᠠᠬᠰᠠᠨ ᠪᠠᠢᠯ᠎ᠠ᠃
《ᠨᠤᠲᠤᠭ ᠤᠨ ᠬᠥᠮᠦᠰ ᠬᠣᠨᠢ ᠲᠡᠵᠢᠭᠡᠬᠦ᠌ ᠳᠦ ᠠᠮᠠᠷ ᠦᠭᠡᠢ᠂ ᠬᠡᠷᠪᠡ ᠬᠤᠨᠢ ᠪᠠᠨ ᠠᠯᠳᠠᠪᠠᠯ ᠬᠣᠬᠢᠷᠠᠯ ᠶᠡᠬᠡ ᠪᠣᠯᠤᠨ᠎ᠠ》 ᠬᠡᠵᠦ ᠯᠢᠦ ᠷᠦᠢ ᠴᠢᠶᠠᠩ ᠬᠡᠵᠢᠶᠠᠳᠡ ᠠᠷᠠᠳ ᠣᠯᠠᠨ ᠤ ᠠᠰᠢᠭ ᠲᠤᠰᠠ ᠵᠢᠨ ᠲᠦᠯᠦᠭᠡ ᠰᠠᠨᠠᠭᠠᠰᠢᠷᠠᠳᠠᠭ᠃ ᠬᠠᠷᠢᠯᠴᠠᠭ᠎ᠠ ᠲᠠᠰᠤᠷᠠᠭ᠍ᠰᠠᠨ ᠤᠯᠠᠨ ᠲᠦᠮᠡᠨ ᠢ ᠡᠷᠢᠵᠦ᠍ ᠠᠪᠤᠷᠠᠬᠤ ᠂ ᠮᠠᠯ ᠤᠨᠤᠭ᠎ᠠ ᠪᠠᠨ ᠠᠯᠳᠠᠭ᠍ᠰᠠᠨ ᠵᠡᠷᠭᠡ ᠪᠠᠴᠢᠮ ᠪᠠᠢᠳᠠᠯ ᠢ ᠠᠷᠭᠠᠴᠠᠭᠠᠬᠤ ᠳᠤ ᠰᠠᠢ᠌ᠨ ᠳᠤᠷ᠎ᠠ ᠶ᠋ᠢᠨ ᠦᠢᠯᠡᠴᠢᠯᠡᠭᠡᠨ ᠦ ᠠᠩᠭᠢ ᠵᠢᠨ ᠬᠢᠨ ᠶᠡᠷᠦᠨᠢ ᠲᠠᠳᠠᠭᠠᠯᠵᠠᠯ ᠦᠭᠡᠢ ᠭᠠᠪᠰᠢᠭᠠᠢᠯᠠᠨ ᠰᠢᠭᠤᠷᠬᠠᠢᠯᠠᠳᠠᠭ ᠠᠵᠢ᠃
ᠥᠪᠥᠷ ᠮᠣᠩᠭᠣᠯ ᠤᠨ 《ᠬᠠᠮᠠᠭᠠᠯᠠᠭ᠍ᠴᠢ》 ᠵᠢᠯᠣᠭᠣᠴᠢ ᠥᠬᠡᠶ ᠨᠢᠰᠭᠡᠯ ᠵᠢᠡᠷ ᠪᠠᠴᠢᠮ ᠪᠠᠢᠳᠠᠯ ᠢ ᠠᠷᠭᠠᠴᠠᠭᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ 2019 ᠣᠨ ᠳᠤ ᠪᠠᠢᠭᠤᠯᠤᠭ᠍ᠳᠠᠵᠠᠢ᠃ ᠥᠪᠡᠷᠲᠡᠭᠡᠨ ᠵᠠᠰᠠᠬᠤ ᠣᠷᠣᠨ ᠤ 《ᠬᠠᠮᠤᠭ ᠤᠨ ᠭᠣᠶᠣ ᠴᠡᠷᠢᠭ ᠦᠨ ᠠᠯᠪᠠ ᠠᠴᠠ ᠬᠠᠯᠠᠭ᠍ᠳᠠᠭ᠍ᠰᠠᠳ 》 ᠮᠠ ᠪᠢᠨ ᠵᠢᠡᠷ ᠲᠦᠷᠦᠭᠦᠯᠡᠭᠦᠯᠵᠦ᠂ ᠱᠢᠤᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶ᠋ᠢᠨ ᠴᠡᠷᠢᠭ ᠦᠨ ᠠᠯᠪᠠ ᠠᠴᠠ ᠬᠠᠯᠠᠭ᠍ᠳᠠᠭ᠍ᠰᠠᠳ ᠢᠶᠠᠷ ᠭᠤᠤᠯ ᠬᠦᠴᠦᠨ ᠪᠣᠯᠭᠠᠵᠤ ᠪᠠᠢᠭᠤᠯᠤᠭ᠍ᠰᠠᠨ ᠥᠪᠥᠷ ᠮᠣᠩᠭᠣᠯ ᠣᠷᠣᠨ ᠤ ᠠᠩᠬᠠᠳᠠᠭ᠍ᠴᠢ ᠵᠢᠯᠣᠭᠣᠴᠢ ᠥᠬᠡᠶ ᠨᠢᠰᠭᠡᠯ ᠵᠢᠡᠷ ᠪᠠᠴᠢᠮ ᠪᠠᠢᠳᠠᠯ ᠢ ᠠᠷᠭᠠᠴᠠᠭᠠᠬᠤ ᠲᠤᠰᠭᠠᠶ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠪᠣᠯᠤᠨ᠎ᠠ᠃ ᠦᠶ᠋ᠯᠡᠴᠢᠯᠡᠭᠡᠨ ᠦ ᠠᠩᠭᠢ ᠵᠢᠨ ᠬᠢᠨ ᠰᠠᠭᠤᠭ᠎ᠠ ᠭᠠᠵᠠᠷ ᠤᠨ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠪᠠ ᠱᠢᠨ᠎ᠡ ᠴᠠᠭ ᠦᠶ᠎ᠡ ᠶ᠋ᠢᠨ ᠪᠣᠯᠪᠠᠰᠤᠨ ᠤ ᠦᠶ᠋ᠯᠡᠳᠦᠯᠭᠡ ᠶ᠋ᠢᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠵᠣᠬᠢᠶᠠᠨ ᠪᠠᠢᠭᠤᠯᠤᠯᠲᠠ ᠲᠠᠶ ᠰᠠᠨᠠᠭᠠᠴᠢᠯᠠᠭ᠎ᠠ ᠠᠴᠠᠪᠠᠨ ᠵᠤᠯᠭᠠᠯᠴᠠᠵᠤ᠂ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠠᠷᠭ᠎ᠠ ᠪᠠᠷᠢᠯ ᠵᠢᠡᠷ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠂ ᠬᠥᠮᠦᠨ ᠪᠣᠳᠠᠰ ᠡᠷᠢᠬᠦ᠌ ᠵᠡᠷᠭᠡ ᠠᠵᠢᠯ ᠳᠤ ᠣᠷᠣᠯᠴᠠᠵᠤ ᠂ ᠣᠯᠠᠨ ᠲᠦᠮᠡᠨ ᠦ ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ ᠪᠠᠢᠬᠤ ᠠᠰᠠᠭᠤᠳᠠᠯ ᠢ ᠱᠢᠶ᠋ᠳᠪᠦᠷᠢᠯᠡᠵᠦ ᠦᠭᠳᠡᠭ᠃
ᠰᠠᠢᠨ ᠳᠤᠷᠠᠶ᠋ᠢᠨ ᠦᠶ᠋ᠯᠡᠴᠢᠯᠡᠭᠡᠨ ᠦ ᠠᠩᠭᠢ ᠪᠠᠢᠭᠤᠯᠤᠭ᠍ᠳᠠᠭ᠍ᠰᠠᠨ ᠠᠴᠠ ᠨᠠᠭᠠᠰᠢ ᠂ ᠤᠷᠢᠳ ᠬᠣᠵᠢᠳ ᠬᠥᠬᠡᠬᠣᠲᠠ ᠂ ᠪᠤᠭᠤᠲᠤ ᠂ ᠣᠷᠳᠣᠰ ᠵᠡᠷᠭᠡ ᠭᠠᠵᠠᠷ᠎ᠲᠤ ᠬᠦᠷᠴᠦ᠂ ᠵᠢᠯᠣᠭᠣᠴᠢ ᠥᠬᠡᠶ ᠨᠢᠰᠭᠡᠯ ᠢᠶᠡᠷ ᠥᠨᠳᠥᠷ ᠣᠭ᠍ᠲᠠᠷᠭᠤᠶᠳᠤ ᠲᠣᠭᠣᠷᠢᠨ ᠪᠠᠢᠴᠠᠭᠠᠬᠤ ᠂ ᠯᠠᠢᠰᠧᠷ ᠢᠶᠡᠷ ᠵᠠᠭ᠍ᠪᠤᠷ ᠪᠠᠢᠭᠤᠯᠬᠤ ᠂ ᠤᠯᠠᠭᠠᠨᠤ ᠭᠠᠳᠠᠨᠠᠬᠢ ᠳᠤᠯᠠᠭᠠᠨᠤ ᠬᠡᠮᠵᠢᠯᠳᠡ ᠵᠡᠷᠭᠡ ᠮᠡᠷᠭᠡᠵᠢᠯ ᠦᠨ ᠠᠷᠭ᠎ᠠ ᠪᠠᠷᠢᠯ ᠢᠶᠠᠷ ᠬᠠᠷᠢᠯᠴᠠᠭ᠎ᠠ ᠲᠠᠰᠤᠷᠠᠭ᠍ᠰᠠᠨ ᠣᠯᠠᠨ ᠲᠦᠮᠡᠨ ᠢ 19 ᠤᠳᠠᠭ᠎ᠠ ᠡᠷᠢᠵᠦ᠍ ᠠᠪᠤᠷᠠᠪᠠ ;ᠰᠠᠨᠠᠭᠠᠴᠢᠯᠠᠭ᠎ᠠ ᠠᠴᠠᠪᠠᠨ ᠬᠥᠬᠡᠬᠣᠲᠠ ᠂ ᠣᠷᠳᠣᠰ ᠬᠣᠶᠠᠷ ᠭᠠᠵᠠᠷ ᠤᠨ ᠵᠠᠰᠠᠭ ᠤᠨ ᠣᠷᠳᠣᠨ ᠢ ᠬᠠᠮᠵᠢᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠢ 70 ᠭᠠᠷᠤᠶ ᠤᠳᠠᠭ᠎ᠠ ᠥᠷᠨᠢᠭᠦᠯᠵᠦ᠍᠂ ᠬᠢᠵᠢᠭ ᠢ ᠰᠡᠷᠭᠡᠢᠯᠡᠬᠦ᠌ ᠲᠥᠷᠥ ᠶ᠋ᠢᠨ ᠪᠣᠳᠣᠯᠭ᠎ᠠ ᠶ᠋ᠢ ᠤᠬᠠᠭᠤᠯᠵᠤ ᠂ ᠲᠤᠬᠠᠶ ᠶ᠋ᠢᠨ ᠲᠠᠯᠠᠪᠠᠶ ᠶ᠋ᠢᠨ ᠡᠮᠬᠢ ᠳᠢᠭ᠌ᠯᠢᠮ ᠢ ᠬᠠᠮᠠᠭᠠᠯᠠᠵᠤ ᠂ 300 ᠭᠠᠷᠤᠶ ᠴᠠᠭᠤᠨ ᠬᠢᠵᠢᠭ ᠢ ᠰᠡᠷᠭᠡᠢᠯᠡᠬᠦ᠌ ᠸᠢᠳᠢᠣ᠋ ᠶ᠋ᠢ ᠱᠢᠩᠭᠡᠭᠡᠨ ᠦᠶ᠋ᠯᠡᠳᠪᠡ ; ᠵᠡᠪᠰᠡᠭ᠌ᠲᠦ ᠴᠠᠭ᠍ᠳᠠᠭᠠ ᠶ᠋ᠢᠨ ᠣᠷᠳᠣᠰᠤ᠋ᠨ ᠰᠠᠯᠪᠤᠷᠢ ᠠᠩᠭᠢ ᠶ᠋ᠢᠨ ᠤᠷᠢᠯᠭ᠎ᠠ ᠪᠠᠷ ᠂ ᠴᠡᠷᠢᠭ ᠠᠩᠭᠢ ᠶ᠋ᠢᠨ ᠣᠨᠴᠠ ᠪᠠᠢᠯᠳᠤᠭᠠᠨᠤ ᠲᠤᠷᠱᠢᠨ ᠪᠠᠢᠴᠠᠭᠠᠭ᠍ᠴᠢ ᠂ ᠵᠢᠯᠣᠭᠣᠴᠢ ᠥᠬᠡᠶ ᠨᠢᠰᠭᠡᠯ ᠳ᠋ᠤ ᠪᠠᠬᠠᠳᠠᠢ ᠬᠦᠮᠤᠰ ᠲᠸ᠋ 20 ᠭᠠᠷᠤᠶ ᠴᠠᠭᠦᠨ ᠲᠤᠰᠭᠠᠶ ᠮᠡᠷᠭᠡᠵᠢᠯ ᠦᠨ ᠪᠣᠯᠪᠠᠰᠤᠷᠠᠯ ᠥᠷᠨᠢᠭᠦᠯᠪᠡ; 3 ᠵᠢᠯ ᠳᠠᠷᠠᠭᠠᠯᠠᠨ ᠬᠠᠪᠤᠷ ᠨᠠᠮᠤᠷ ᠦᠨ ᠤᠯᠠᠷᠢᠯ ᠂ ᠬᠠᠩᠰᠢ ᠶ᠋ᠢᠨ ᠬᠤᠭᠤᠴᠠᠭᠠᠨ ᠳᠤ ᠭᠤᠤᠯᠳᠠᠯᠭ᠎ᠠ ᠲᠠᠶ ᠠᠭᠤᠯᠠ ᠣᠶ ᠶ᠋ᠢᠨ ᠣᠷᠣᠨ ᠪᠦᠰᠡ ᠳᠦ ᠵᠡᠷᠭᠡ ᠪᠡᠷ ᠰᠡᠷᠭᠡᠢᠯᠡᠨ ᠡᠵᠡᠮᠳᠡᠬᠦ᠌ ᠶ᠋ᠢ ᠬᠡᠷᠡᠭ᠌ᠵᠢᠭᠦᠯᠵᠦ᠍ ᠂ 43 ᠤᠳᠠᠭ᠎ᠠ ᠵᠢᠨ ᠲᠦᠶ᠋ᠮᠡᠷ ᠢ ᠴᠠᠭ ᠲᠤᠬᠠᠶᠳᠤᠨᠢ ᠢᠯᠡᠷᠡᠭᠦᠯᠦᠨ ᠤᠨᠲᠠᠷᠠᠭᠠᠵᠤ᠂ 1600 ᠭᠠᠷᠤᠶ ᠮᠥ᠍ ᠠᠭᠤᠯᠠ ᠣᠶ ᠶ᠋ᠢ ᠪᠦᠲᠦᠮᠵᠢᠲᠡᠶ ᠬᠠᠮᠠᠭᠠᠯᠠᠪᠠ ; ᠠᠭᠠᠷ ᠤᠨ ᠠᠶᠠᠯᠠᠯ ᠤᠨ ᠮᠡᠳᠡᠯᠭᠡ ᠶ᠋ᠢᠨ ᠱᠢᠨᠵᠢᠯᠡᠬᠦ᠌ ᠤᠬᠠᠭᠠᠨᠢ ᠲᠦᠭᠡᠮᠡᠯᠵᠢᠬᠦᠯᠬᠦ ᠶ᠋ᠢ ᠰᠤᠷᠭᠠᠭᠤᠯᠢ ᠶ᠋ᠢᠨ ᠬᠦᠷᠢᠶᠡᠨ ᠳᠦ ᠣᠷᠣᠭᠤᠯᠬᠤ ᠠᠵᠢᠯᠯᠠᠭ᠎ᠠ ᠶ᠋ᠢ ᠥᠷᠨᠢᠭᠦᠯᠵᠦ᠍ ᠂ 《ᠱᠢᠨ᠎ᠡ ᠵᠠᠮᠴᠢᠯᠠᠭ᠍ᠴᠢ ·ᠤᠭᠳᠠᠷᠭᠤᠢ ᠳ᠋ᠡᠬᠢ ᠬᠢᠴᠢᠶᠡᠯ ᠦᠨ ᠲᠠᠩᠬᠢᠮ》 ᠢ᠋ 60 ᠭᠠᠷᠤᠶ ᠲᠠᠯᠠᠪᠤᠷ ᠵᠣᠬᠢᠶᠠᠨ ᠪᠠᠢᠭᠤᠯᠵᠤ ᠂ ᠲᠦᠮᠡ ᠱᠢᠬᠠᠮ ᠬᠥᠮᠦᠨ ᠤᠳᠠᠭ᠎ᠠ ᠳ᠋ᠤ ᠠᠰᠢᠭ ᠬᠦᠷᠳᠡᠭᠡᠵᠡᠢ᠃ ᠲᠡᠳᠡ ᠪᠣᠳᠠᠲᠤ ᠠᠵᠢᠯᠯᠠᠭ᠎ᠠ ᠪᠠᠷ ᠢᠶᠠᠨ 《 ᠬᠤᠪᠢ ᠨᠡᠮᠡᠷᠢ ᠦᠵᠡᠬᠦᠯᠬᠦ᠂ ᠨᠥᠬᠥᠷᠰᠡᠭ ᠳᠣᠲᠣᠨᠣ ᠪᠠᠢᠬᠤ ᠂ ᠬᠠᠷᠢᠯᠴᠠᠨ ᠬᠠᠪᠰᠤᠷᠤᠯᠴᠠᠬᠤ ᠂ ᠤᠷᠤᠭᠰᠢᠯᠠᠨ ᠲᠠᠪᠱᠢᠬᠤ》 ᠰᠠᠢ᠌ᠨ ᠳᠤᠷ᠎ᠠ ᠶ᠋ᠢᠨ ᠦᠢᠯᠡᠴᠢᠯᠡᠭᠡᠨ ᠦ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠤᠯᠠᠨ ᠲᠦᠮᠡᠨ ᠦ ᠥᠷᠭᠡᠨ ᠳᠡᠯᠭᠡᠷ ᠰᠠᠢ᠌ᠨ ᠦᠨᠡᠯᠡᠯᠲᠡ ᠶ᠋ᠢ ᠣᠯᠤᠭ᠍ᠰᠠᠨ ᠪᠠᠢᠨ᠎ᠠ᠃
2022 ᠣᠨᠳᠤ ᠂ ᠥᠪᠥᠷ ᠮᠣᠩᠭᠣᠯ ᠤᠨ 《 ᠬᠠᠮᠠᠭᠠᠯᠠᠭ᠍ᠴᠢ 》 ᠵᠢᠯᠣᠭᠣᠴᠢ ᠥᠬᠡᠶ ᠨᠢᠰᠭᠡᠯ ᠵᠢᠡᠷ ᠪᠠᠴᠢᠮ ᠪᠠᠢᠳᠠᠯ ᠢ ᠠᠷᠭᠠᠴᠠᠭᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠵᠠᠯᠠᠭᠤᠴᠤᠳ ᠤᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠲᠥᠷᠥᠯ ᠵᠦᠶ᠋ᠯ ᠦᠨ ᠤᠷᠤᠯᠳᠤᠭᠠᠨ ᠤ ᠠᠯᠲᠠᠨ ᠱᠠᠩᠨᠠᠯ ᠂ ᠪᠥᠬᠥ᠌ ᠤᠯᠤᠰ ᠤᠨ ᠵᠢᠷᠭᠤᠳᠤᠭᠠᠷ ᠬᠤᠭᠤᠴᠠᠭᠠᠨ ᠤ ᠵᠠᠯᠠᠭᠤᠴᠤᠳ ᠤᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠤᠷᠤᠯᠳᠤᠭᠠᠨ ᠤ ᠬᠦᠷᠡᠯ ᠱᠠᠩᠨᠠᠯ ᠵᠡᠷᠭᠡ ᠢᠷᠠᠭᠤ ᠠᠯᠳᠠᠷ ᠢ ᠭᠥᠷᠳᠡᠪᠡ᠃ 2023 ᠣᠨ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠤᠬᠠᠭᠤᠯᠬᠤ ᠬᠡᠯᠲᠡᠰ ᠡᠴᠡ ᠰᠠᠢᠨ ᠳᠤᠷ᠎ᠠ ᠶ᠋ᠢᠨ ᠦᠶ᠋ᠯᠡᠴᠢᠯᠡᠭᠡᠨ ᠦ ᠠᠩᠭᠢ ᠶ᠋ᠢ 《 ᠪᠥᠬᠥ᠌ ᠣᠷᠣᠨ ᠤ ᠯᠧᠢ ᠹᠧᠩ ᠡᠴᠡ ᠰᠤᠷᠤᠯᠴᠠᠬᠤ ᠠᠵᠢᠯᠯᠠᠭ᠎ᠠ ᠶ᠋ᠢᠨ ᠵᠢᠱ᠌ᠢᠶ᠎ᠡ ᠦᠵᠡᠭᠦᠯᠬᠦ᠌ ᠴᠡᠭ 》 ᠢ᠋ᠢᠡᠷ ᠨᠡᠷᠡᠢᠳᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃