2023-04-12 10:18:57
《 1949 ᠣᠨ᠎ᠤ 8 ᠰᠠᠷ᠎ᠠ ᠳᠤ ᠯᠸᠢ ᠹᠸᠩ᠎ᠤᠨ ᠨᠤᠲᠤᠭ ᠴᠢᠯᠥᠭᠡᠯᠡᠭ᠌ᠳᠡᠵᠦ᠍᠂ ᠲᠡᠷᠡ ᠭᠠᠵᠠᠷ ᠱᠢᠷᠣᠶ ᠬᠤᠪᠢᠶᠠᠨ ᠣᠯᠵᠤ᠂ ᠲᠠᠷᠢᠶᠠᠴᠢᠨ᠎ᠤ ᠡᠪᠯᠡᠯ ᠪᠠᠰᠠ ᠦᠨ᠎ᠡ ᠲᠥᠯᠥᠪᠦᠷᠢ ᠦᠭᠡᠶ᠎ᠪᠡᠷ ᠲᠡᠭᠦᠨ ᠢ ᠰᠤᠷᠭᠠᠭᠤᠯᠢ ᠳᠤ ᠬᠦᠷᠭᠡᠵᠡᠶ᠃ ᠯᠧᠢ ᠹᠧᠩ ᠨᠥᠬᠥᠷ ᠡᠳᠦᠷ᠎ᠦᠨ ᠲᠡᠮᠳᠡᠭ᠌ᠯᠡᠯ᠎ᠳᠡᠭᠡᠨ᠂ ᠠᠭᠤᠤ ᠶᠡᠬᠡ ᠨᠠᠮ — ᠮᠢᠨᠦ᠍ ᠡᠨᠡᠷᠢᠩᠭᠦᠶ ᠡᠵᠢ᠂ ᠲᠠ ᠨᠠᠮᠠᠶ᠋ᠢ ᠪᠠᠷᠰ᠎ᠤᠨ ᠠᠮᠠ ᠡᠴᠡ ᠴᠢᠯᠦᠭᠡᠯᠡᠵᠦ᠂ ᠬᠦᠮᠦᠵᠢᠭᠦᠯᠵᠦ ᠪᠣᠢᠵᠢᠭᠤᠯᠤᠭ᠍ᠰᠠᠨ ᠶᠤᠮ ᠁》 ᠭᠡᠵᠦ᠍ ᠭᠦᠨ ᠰᠡᠳᠭᠢᠯᠭᠡ᠎ᠲᠡᠶ ᠪᠢᠴᠢᠵᠡᠶ᠃ ᠥᠷᠯᠥᠭᠡ᠎ᠶ᠋ᠢᠨ 8 ᠴᠠᠭ ᠬᠠᠭᠠᠰ᠎ᠲᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠤᠯᠠᠭᠠᠨᠬᠣᠲᠠ᠎ᠶ᠋ᠢᠨ ᠬᠣᠷᠢᠶᠠᠶᠢᠨᠱᠦᠵᠢ ᠯᠢ ᠰᠧ ᠨᠢᠩ ᠪᠣᠯᠤᠨ ᠬᠢᠩᠭᠠᠨ᠎ᠤ ᠢᠯᠴᠢ᠎ᠶ᠋ᠢᠨ ᠴᠠᠬᠢᠯᠭᠠᠨ᠎ᠤ ᠶᠡᠷᠦᠩᠬᠡᠢᠯᠡᠭ᠌ᠰᠡᠨ ᠡᠪᠯᠡᠯ᠎ᠦᠨ ᠡᠭᠦᠷ ᠦᠨ ᠡᠪᠯᠡᠯ᠎ᠤᠨ ᠭᠡᠱᠢᠭᠦᠨ ᠵᠠᠯᠠᠭᠤᠴᠤᠳ ᠤᠯᠠᠭᠠᠨᠬᠣᠲᠠ᠎ᠶ᠋ᠢᠨ ᠰᠡᠷᠡᠭᠡᠨ ᠣᠲᠣ ᠦᠶ᠎ᠡ᠎ᠶ᠋ᠢᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠤᠨ ᠸᠧᠶ ᠳ᠋ᠦᠩ ᠭᠤᠤᠯ ᠪᠠᠭ᠎ᠠ ᠰᠤᠷᠭᠠᠭᠤᠯᠢ᠎ᠳᠤ ᠢᠷᠡᠵᠦ᠍᠂ ᠡᠨᠳᠡᠬᠢ ᠬᠡᠦᠬᠡᠳ᠎ᠲᠦ ᠨᠢᠭᠡ ᠤᠳᠠᠭ᠎ᠠ ᠵᠢᠨ ᠪᠡᠶᠡᠴᠢᠯᠡᠭᠰᠡᠨ ᠤᠢᠯᠠᠭᠠᠯᠳᠠ ᠲᠠᠢ᠂ ᠰᠤᠯᠢᠯᠴᠠᠭ᠎ᠠ ᠲᠠᠢ᠂ ᠭᠦᠨᠴᠡ ᠲᠠᠢ ᠲᠤᠰᠬᠠᠢ ᠰᠡᠳᠦᠪᠲᠦ᠍ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯᠤᠷᠤᠵᠠᠢ᠃
ᠯᠧᠶ ᠹᠧᠩ ᠦᠨ ᠦᠯᠢᠭᠡᠷ᠎ᠢ ᠶᠠᠷᠢᠵᠤ᠂ ᠯᠧᠶ ᠹᠧᠩ᠎ᠡᠴᠡ ᠰᠤᠷᠤᠯᠴᠠᠬᠤ ᠭᠤᠤᠯ ᠰᠡᠳᠦᠪᠲᠦ ᠪᠢᠴᠢᠮᠡᠯ ᠰᠤᠨᠢᠨ ᠢ ᠵᠢᠷᠤᠵᠤ ᠦᠢᠯᠡᠳᠬᠦ ᠪᠡᠷ ᠳᠠᠮᠵᠢᠨ᠂ ᠯᠢ ᠰᠧ ᠨᠢᠩ ᠰᠤᠷᠤᠭ᠍ᠴᠢᠳ᠎ᠲᠤ ᠯᠧᠶ ᠹᠧᠩ᠎ᠦᠨ ᠦᠢᠯᠡ ᠠᠵᠢᠯᠯᠠᠭ᠎ᠠ᠎ᠶ᠋ᠢ ᠣᠢᠯᠠᠭᠠᠭᠤᠯᠵᠤ᠂ ᠯᠧᠶ ᠹᠧᠩ᠎ᠦᠨ ᠵᠣᠷᠢᠭ ᠰᠠᠨᠠᠭ᠎ᠠ᠎ᠶ᠋ᠢ ᠮᠡᠳᠡᠷᠡᠭᠦᠯᠵᠠᠶ᠃
ᠡᠢᠮᠦᠷᠬᠦᠦ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠎ᠳᠤ ᠯᠢ ᠰᠧ ᠨᠢᠩ ᠤᠯᠠᠨ ᠤᠳᠠᠭ᠎ᠠ ᠣᠷᠣᠯᠴᠠᠵᠤ ᠥᠩᠭᠡᠷᠡᠵᠡᠢ᠂ ᠲᠡᠭᠦᠨ᠎ᠳᠦ ᠠᠪᠴᠤ᠌ ᠬᠡᠯᠡᠪᠡᠯ ᠤᠳᠠᠭ᠎ᠠ ᠪᠦᠷᠢ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠨᠢ ᠴᠥᠮ ᠲᠤᠷᠱᠢᠯᠭ᠎ᠠ ᠪᠠ ᠣᠯᠤᠯᠲᠠ ᠪᠣᠯᠬᠤ ᠶᠤᠮ᠃
2018 ᠣᠨ᠎ᠤ ᠨᠢᠭᠡ ᠤᠳᠠᠭ᠎ᠠ ᠵᠢᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠳᠤᠮᠳᠠ᠂ ᠯᠢ ᠰᠧ ᠨᠢᠩ ᠣᠯᠠᠨᠲᠠ ᠡᠭᠦᠰᠳᠡᠭ ᠮᠡᠳᠡᠷᠡᠯ᠎ᠦᠨ ᠱᠢᠷᠬᠡᠭ᠎ᠲᠦ ᠬᠠᠪᠤᠳᠠᠷ᠎ᠲᠠᠶ ᠪᠣᠯᠪᠠᠴᠤ᠌ ᠮᠥᠨ ᠯᠡ ᠵᠢᠷᠤᠭ ᠵᠢᠷᠤᠬᠤ᠎ᠪᠠᠨ ᠪᠠᠷᠢᠮᠲᠠᠯᠠᠵᠤ ᠪᠠᠢᠳᠠᠭ ᠵᠠᠯᠠᠭᠤ ᠯᠢᠦ ᠯᠢᠲᠡᠶ ᠲᠠᠨᠢᠯᠴᠠᠪᠠ᠃ ᠯᠢ ᠰᠧ ᠨᠢᠩ ᠲᠡᠭᠦᠨ ᠦ ᠪᠠᠶᠠᠰᠤᠩᠭᠤᠢ ᠤᠪᠤᠷ ᠪᠠᠢᠳᠠᠯ᠎ᠳᠦ᠎ᠨᠢ ᠰᠡᠳᠭᠢᠯ ᠬᠥᠳᠡᠯᠵᠦ᠍᠂ ᠬᠣᠩ ᠴᠧᠩ᠎ᠦᠨ ᠵᠠᠯᠠᠭᠤᠴᠤᠳ ᠤᠯᠠᠨ ᠨᠡᠢᠲᠡ᠎ᠶ᠋ᠢᠨ ᠲᠠᠪᠴᠠᠩ ᠳᠡᠭᠡᠷ᠎ᠡ 《ᠦᠬᠦᠯ ᠬᠦᠷᠴᠦ᠍ ᠢᠷᠡᠬᠦ᠌᠎ᠡᠴᠡ ᠡᠮᠦᠨ᠎ᠡ᠂ ᠪᠢ ᠲᠠᠨ᠎ᠳᠤ ᠨᠢᠭᠡᠨ ᠺᠠᠷᠲ ᠵᠢᠷᠤᠵᠤ ᠥᠭᠭᠦᠶ᠎ᠡ》 ᠭᠡᠬᠦ᠌ ᠵᠣᠬᠢᠶᠠᠯ ᠨᠡᠢᠲᠡᠯᠡᠵᠦ᠍᠂ ᠯᠢᠦ ᠯᠢ ᠪᠣᠯᠤᠨ ᠲᠡᠭᠦᠨ᠎ᠦ ᠪᠦᠲᠦᠭᠡᠯ᠎ᠢ ᠨᠡᠩ ᠤᠯᠠᠨ ᠬᠥᠮᠦᠨ᠎ᠦ ᠬᠠᠷᠠᠭᠠᠨ᠎ᠳᠤ ᠬᠦᠷᠭᠡᠪᠡ᠃ ᠯᠢ ᠰᠧ ᠨᠢᠩ᠎ᠦᠨ ᠵᠣᠷᠢᠭ᠍ᠵᠢᠭᠤᠯᠤᠯ ᠳᠣᠣᠷ᠎ᠠ᠂ ᠯᠢᠦ ᠯᠢ ᠠᠮᠢᠳᠤᠷᠠᠯ᠎ᠳ᠋ᠠᠭᠠᠨ ᠤᠯᠠᠮ ᠬᠦᠰᠡᠯ ᠡᠷᠡᠮᠡᠯᠵᠡᠯ ᠲᠠᠢ ᠪᠤᠯᠵᠤ᠂ ᠭᠠᠷ᠎ᠲᠠᠬᠢ ᠵᠢᠷᠤᠭ᠎ᠤᠨ ᠪᠢᠷ᠎ᠢᠶᠠᠷ᠎ᠢᠶᠠᠨ ᠬᠥᠮᠦᠨ᠎ᠦ ᠠᠮᠢᠳᠤᠷᠠᠯ᠎ᠤᠨ ᠬᠦᠰᠡᠯ ᠵᠡᠭᠦᠳᠦ᠍᠎ᠪᠡᠨ ᠴᠢᠷᠮᠠᠢᠨ ᠪᠡᠶᠡᠯᠡᠭᠦᠯᠦᠨ᠎ᠡ᠃
ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠤᠳᠠ᠎ᠶ᠋ᠢᠨ ᠬᠣᠷᠢᠶ᠎ᠠ᠎ᠳᠤ 8 ᠵᠢᠯ ᠠᠵᠢᠯᠯᠠᠭ᠍ᠰᠠᠨ᠎ᠡᠴᠡ ᠨᠠᠭᠠᠰᠢ᠂ ᠯᠢ ᠰᠧ ᠨᠢᠩ ᠨᠡᠢᠲᠡ᠎ᠶ᠋ᠢᠨ ᠠᠰᠠᠷᠠᠮᠵᠢ᠎ᠶ᠋ᠢᠨ ᠰᠠᠢ᠌ᠨ ᠳᠤᠷ᠎ᠠ᠎ᠶ᠋ᠢᠨ ᠠᠵᠢᠯᠯᠠᠭ᠎ᠠ᠎ᠶ᠋ᠢ 500 ᠭᠠᠷᠤᠢ ᠤᠳᠠᠭ᠎ᠠ ᠵᠣᠬᠢᠶᠠᠨ ᠪᠠᠢᠭᠤᠯᠤᠭ᠍ᠰᠠᠨ ᠪᠥᠭᠡᠳ ᠣᠷᠣᠯᠴᠠᠵᠤ᠂ 200 ᠭᠠᠷᠤᠢ ᠵᠡᠮᠳᠡᠭ ᠬᠡᠦᠬᠡᠳ ᠢ ᠬᠠᠪᠰᠤᠷᠴᠤ᠌᠂ 3000 ᠱᠢᠬᠠᠮ ᠵᠠᠯᠠᠭᠤᠴᠤᠳ᠎ᠤᠨ ᠨᠤᠲᠤᠭ ᠳᠠᠭᠠᠨ ᠦᠢᠯᠡᠰ ᠪᠤᠰᠭᠠᠵᠤ ᠠᠵᠢᠯ ᠣᠯᠬᠤ᠎ᠵᠢ ᠪᠡᠶᠡᠯᠡᠭᠦᠯᠵᠡᠢ᠃ ᠡᠭᠦᠨ᠎ᠤ ᠬᠠᠮᠲᠤ᠌᠂ ᠯᠢ ᠰᠧ ᠨᠢᠩ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠤᠯᠠᠭᠠᠨᠬᠣᠲᠠ᠎ᠶ᠋ᠢᠨ ᠵᠠᠯᠠᠭᠤᠴᠤᠳ᠎ᠤᠨ ᠰᠠᠢᠨ ᠳᠤᠷ᠎ᠠ᠎ᠶᠢᠨ ᠦᠶ᠋ᠯᠡᠴᠢᠯᠡᠭᠡᠨ᠎ᠦ ᠱᠢᠰᠲ᠋ᠧᠮ᠎ᠢ ᠢᠳᠡᠪᠬᠢᠲᠡᠶ ᠪᠡᠷ ᠲᠡᠭᠦᠯᠳᠡᠷᠵᠢᠭᠦᠯᠵᠦ᠂ 2017ᠣᠨ ᠳ᠋ᠤ ᠤᠯᠠᠭᠠᠨᠬᠣᠲᠠ ᠶ᠋ᠢᠨ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢ ᠪᠠᠢᠭᠤᠯᠤᠨ᠂ ᠡᠯ᠎ᠡ ᠲᠥᠷᠥᠯ᠎ᠦᠨ ᠰᠠᠢᠨ ᠲᠤᠷᠠᠴᠤᠳ᠎ᠤᠨ ᠳᠤᠭᠤᠢᠯᠠᠩ ᠬᠤᠪᠢᠶᠠᠨ ᠬᠠᠮᠢᠶᠠᠷᠬᠤ ᠵᠢᠴᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠥᠷᠥᠯ ᠬᠡᠯᠪᠡᠷᠢ ᠬᠤᠪᠢᠶᠠᠭ᠍ᠰᠠᠨ ᠲᠤᠰᠭᠠᠶ ᠮᠡᠷᠭᠡᠵᠢᠯ᠎ᠦᠨ ᠪᠣᠯᠪᠠᠰᠤᠷᠠᠯ᠎ᠢ ᠪᠡᠶᠡᠯᠡᠭᠦᠯᠵᠦ᠂ ᠰᠠᠢᠨ ᠳᠤᠷᠠᠴᠤᠳ ᠤ᠋ᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶ᠋ᠢ ᠦᠷᠭᠦᠯᠵᠢᠯᠡᠨ ᠪᠠᠢᠭᠤᠯᠵᠤ ᠂ ᠤᠯᠠᠭᠠᠨᠬᠣᠲᠠ᠎ᠶ᠋ᠢᠨ ᠵᠠᠯᠠᠭᠤᠴᠤᠳ᠎ᠤᠨ ᠰᠠᠢᠨ ᠳᠤᠷᠠᠴᠤᠳ᠎ᠤᠨ ᠨᠡᠢᠭᠡᠮᠯᠢᠭ᠎ᠦᠨ ᠳᠤᠤᠷ᠎ᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠩᠭᠢ᠂ ᠲᠠᠢᠯᠪᠤᠷᠢᠯᠠᠬᠤ ᠶᠣᠰᠣᠯᠠᠯ᠎ᠤᠨ ᠦᠢᠯᠡᠴᠢᠯᠡᠭᠡᠨ᠎ᠦ ᠠᠩᠭᠢ᠂ ᠪᠤᠯᠪᠠᠰᠤᠨ ᠬᠤᠲᠠ᠎ᠵᠢ ᠡᠭᠦᠳᠦᠨ ᠪᠠᠢᠭᠤᠯᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠂ ᠬᠤᠷᠠᠯ ᠤᠷᠤᠯᠳᠤᠭᠠᠨ᠎ᠤ ᠦᠶ᠋ᠯᠡᠴᠢᠯᠡᠭᠡᠨ᠎ᠦ ᠠᠩᠭᠢ ᠵᠡᠷᠭᠡ ᠲᠤᠰᠭᠠᠶ ᠮᠡᠷᠭᠡᠵᠢᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠵᠢ ᠲᠤᠬᠢᠷᠠᠭᠤᠯᠵᠤ᠂ 《 ᠪᠥᠬᠥ᠌ ᠠᠷᠠᠳ᠎ᠤᠨ ᠰᠠᠢᠨ ᠳᠤᠷ᠎ᠠ᠎ᠶ᠋ᠢᠨ ᠦᠢᠯᠡᠴᠢᠯᠡᠭᠡ — ᠣᠨᠴᠠ ᠴᠢᠳᠠᠪᠤᠷᠢ ᠵᠢᠨ ᠰᠠᠢᠨ ᠳᠤᠷ᠎ᠠ᠎ᠶ᠋ᠢᠨ ᠦᠢᠯᠡᠴᠢᠯᠡᠭᠡ — ᠬᠠᠨᠳᠤᠯᠭ᠎ᠠ᠎ᠲᠠᠶ ᠰᠠᠢᠨ ᠳᠤᠷ᠎ᠠ᠎ᠶ᠋ᠢᠨ ᠦᠢᠯᠡᠴᠢᠯᠡᠭᠡ》ᠵᠡᠷᠭᠡ ᠣᠯᠠᠨ ᠲᠠᠰ ᠳᠠᠪᠬᠤᠷᠭ᠎ᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠠᠬᠢᠭᠤᠯᠤᠨ ᠪᠦᠷᠢᠯᠳᠦᠭᠦᠯᠵᠦ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠲᠥᠷᠥᠯ ᠵᠦᠢᠯᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠂ ᠪᠣᠳᠠᠲᠤ ᠠᠵᠢᠯᠯᠠᠭ᠎ᠠ᠎ᠪᠠᠷ᠎ᠢᠶᠠᠨ ᠡᠪ ᠬᠠᠮᠲᠤ ᠨᠠᠮ᠎ᠤᠨ ᠭᠡᠱᠢᠭᠦᠨ ᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠦᠢᠯᠡᠳᠦᠯᠭᠡᠵᠢᠭᠦᠯᠪᠠ᠃
《ᠯᠸᠢ ᠹᠸᠩ ᠡᠭᠡᠯ ᠵᠢᠷ᠎ᠦᠨ ᠣᠯᠠᠨ ᠲᠦᠮᠡᠨ᠎ᠡᠴᠡ ᠱᠢᠯᠢᠳᠡᠭ ᠡᠪ ᠬᠠᠮᠲᠤ ᠨᠠᠮ᠎ᠤᠨ ᠭᠡᠱᠢᠭᠦᠨ ᠪᠣᠯᠵᠤ᠂ ᠬᠠᠭᠤᠴᠢᠨ ᠨᠡᠢᠭᠡᠮ᠎ᠦᠨ ᠥᠨᠥᠴᠢᠨ ᠬᠡᠦᠬᠡᠳ᠎ᠡᠴᠡ ᠱᠢᠨ᠎ᠡ ᠳᠤᠮᠳᠠᠳᠤ ᠤᠯᠤᠰ᠎ᠤᠨ ᠴᠠᠭ ᠦᠶ᠎ᠡ᠎ᠶ᠋ᠢᠨ ᠦᠯᠢᠭᠡᠷ ᠳᠠᠭᠤᠷᠢᠶᠠᠯ ᠪᠣᠯᠵᠤ᠂ ᠵᠠᠯᠠᠭᠤ ᠨᠠᠰᠤᠨ᠎ᠤ ᠲᠡᠮᠡᠴᠡᠯ᠎ᠢᠶᠡᠷ᠎ᠢᠶᠡᠨ ᠥᠪᠡᠷ᠎ᠦᠨ ᠠᠮᠢᠳᠤᠷᠠᠯ᠎ᠢᠶᠠᠨ ᠭᠡᠷᠡᠯᠲᠦᠭᠦᠯᠦᠭ᠌ᠰᠡᠨ ᠶᠤᠮ᠃ ᠱᠢᠨ᠎ᠡ ᠴᠠᠭ ᠦᠶ᠎ᠡ᠎ᠶ᠋ᠢᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠯᠧᠢ ᠹᠧᠩ᠎ᠦᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠭᠦᠯᠵᠦ᠍᠂ ᠲᠡᠳᠡᠨ᠎ᠦ ᠠᠮᠢᠳᠤᠷᠠᠯ᠎ᠤᠨ ᠵᠠᠮ ᠳᠡᠭᠡᠷᠡᠬᠢ ᠭᠡᠷᠡᠯᠳᠤ ᠴᠠᠮᠬᠠᠭ ᠪᠣᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠡᠭᠦᠷᠭᠡ ᠬᠠᠷᠢᠭᠤᠴᠠᠯᠭ᠎ᠠ᠎ᠶ᠋ᠢ᠎ᠨᠢ ᠡᠭᠦᠷᠭᠡᠯᠡᠭᠦᠯᠵᠦ᠍᠂ ᠯᠧᠢ ᠹᠧᠩ᠎ᠦᠨ ᠵᠣᠷᠢᠭ ᠰᠠᠨᠠᠭ᠎ᠠ᠎ᠶ᠋ᠢ ᠵᠠᠯᠠᠭᠤ ᠨᠠᠰᠤᠨ᠎ᠤ ᠲᠡᠮᠡᠴᠡᠯ᠎ᠲᠡᠶ ᠤᠶᠠᠯᠳᠤᠭᠤᠯᠵᠤ᠂ ᠱᠢᠨ᠎ᠡ ᠴᠠᠭ ᠦᠶ᠎ᠡ᠎ᠳᠦ ᠵᠠᠯᠠᠭᠤ ᠨᠠᠰᠤᠨ᠎ᠤ ᠬᠡᠷᠡᠯ ᠬᠢᠯᠪᠡᠭᠠ ᠪᠠᠨ ᠰᠠᠴᠤᠷᠠᠭᠤᠯᠬᠤ ᠬᠡᠷᠡᠭᠲᠡᠢ》 ᠭᠡᠵᠦ᠍ ᠯᠢ ᠰᠧ ᠨᠢᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃