ᠭᠣᠣᠯ ᠰᠡᠳᠦᠪᠲᠦ ᠮᠡᠳᠡᠭᠡᠯᠡᠯ > ᠮᠠᠨ᠎ᠤ᠋ ᠳᠡᠷᠭᠡᠳᠡᠬᠢ ᠯᠸᠢ ᠹᠸᠩ

2023-06-25 10:08:06

ᠵᠣᠬᠢᠶᠠᠭ᠍ᠴᠢ᠄ ᠭᠦᠸᠧ ᠬᠤᠩ ᠱᠸᠨ ᠂ ᠴᠢᠮᠡᠭᠡᠯᠡᠭ᠌ᠴᠢ ᠯᠢᠦ ᠱᠢᠶᠠᠩ ᠮᠧᠶ ᠣᠩᠱᠢᠭ᠍ᠰᠠᠨ ᠣᠳᠠᠭ᠎ᠠ᠄ 3

ᠭᠠᠷᠠᠭ᠎ᠤᠨ ᠠᠮᠠᠷᠠᠯᠳᠡ ᠦᠬᠡᠢ᠂ ᠡᠳᠦᠷ ᠰᠦᠨᠢ ᠢᠯᠭᠠᠯ ᠦᠭᠡᠢ ᠠᠵᠢᠯᠯᠠᠬᠤ ᠨᠢ ᠴᠢᠨ ᠶᠠᠨ᠎ᠤ ᠠᠵᠢᠯ᠎ᠤᠨ ᠬᠡᠪ᠎ᠦᠨ ᠪᠠᠢᠳᠠᠯ ᠪᠣᠯᠤᠨ᠎ᠠ᠃ ᠭᠠᠷᠠᠭ᠎ᠤᠨ ᠠᠮᠠᠷᠠᠯᠲᠠ᠎ᠶ᠋ᠢᠨ ᠡᠳᠦᠷ᠂ ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ ᠲᠡᠷᠡ ᠪᠠᠷᠤᠭ ᠪᠦᠷ ᠡᠮᠦᠨ᠎ᠠ ᠹᠷᠣᠨᠲ᠎ᠲᠤ ᠪᠠᠢᠳᠠᠭ᠃ ᠲᠡᠷᠡ ᠺᠠᠳ᠋ᠷ ᠤᠯᠠᠨ ᠲᠦᠮᠡᠨ᠎ᠦ ᠰᠠᠨᠠᠯ ᠰᠠᠨᠠᠭᠤᠯᠭ᠎ᠠ ᠰᠡᠳᠬᠢᠯ᠎ᠤᠨ ᠳᠠᠭᠤᠨ᠎ᠢ ᠰᠣᠨᠣᠰᠭᠤ ᠳᠤᠮᠳᠠ᠎ᠪᠠᠨ ᠦᠨᠳᠦᠰᠦᠨ ᠱᠠᠲᠤᠨ᠎ᠤ ᠺᠠᠳ᠋ᠷᠴᠤᠳ᠎ᠤᠨ ᠠᠷᠠᠳ᠎ᠤᠨ ᠲᠥᠯᠥᠭᠡ ᠲᠦᠷᠦ ᠪᠠᠷᠢᠬᠤ ᠵᠠᠮ ᠱᠤᠭᠤᠮ᠎ᠤᠨ ᠵᠢᠷᠤᠭ᠎ᠢ ᠵᠢᠷᠤᠭ᠍ᠯᠠᠵᠠᠶ᠃

ᠴᠢᠨ ᠶᠠᠨ 2017 ᠣᠨ᠎ᠳᠤ ᠬᠦᠷᠢᠶ᠎ᠡ ᠬᠣᠱᠢᠭᠤᠨ᠎ᠤ ᠰᠢᠶᠠᠨᠵᠢᠨ ᠰᠤᠮᠤ᠎ᠶ᠋ᠢᠨ ᠰᠤᠮᠤᠨ ᠳᠠᠷᠤᠭ᠎ᠠ᠎ᠶᠢᠨ ᠲᠤᠱᠢᠶᠠᠯ᠎ᠢ ᠬᠠᠷᠢᠭᠤᠴᠠᠵᠤ᠂ 2021 ᠣᠨ᠎ᠤ 5 ᠰᠠᠷ᠎ᠠ᠎ᠳᠤ ᠰᠤᠮᠤ᠎ᠶ᠋ᠢᠨ ᠨᠠᠮ᠎ᠤᠨ ᠬᠣᠷᠢᠶᠠᠨ᠎ᠤ ᠱᠦᠵᠢ᠎ᠶ᠋ᠢᠨ ᠲᠤᠱᠢᠶᠠᠯ᠎ᠢ ᠬᠠᠷᠢᠭᠤᠴᠠᠵᠤ᠂ 2022 ᠣᠨ᠎ᠤ 10 ᠰᠠᠷ᠎ᠠ᠎ᠳᠤ ᠬᠦᠷᠢᠶ᠎ᠡ ᠬᠣᠱᠢᠭᠤᠨ᠎ᠤ ᠳᠡᠳ᠋ ᠬᠤᠰᠢᠭᠤᠨ ᠳᠠᠷᠤᠭ᠎ᠠ ᠵᠢᠴᠢ ᠰᠢᠶᠠᠨᠵᠢᠨ ᠰᠤᠮᠤ᠎ᠶ᠋ᠢᠨ ᠨᠠᠮ᠎ᠤᠨ ᠬᠣᠷᠢᠶᠠᠨ᠎ᠤ ᠱᠦᠵᠢ᠎ᠶ᠋ᠢᠨ ᠲᠤᠱᠢᠶᠠᠯ᠎ᠢ ᠬᠠᠷᠢᠭᠤᠴᠠᠵᠠᠶ᠃ ᠤᠯᠠᠨ ᠵᠢᠯ᠎ᠦᠨ ᠲᠤᠷᠰᠢ᠂ ᠲᠡᠷᠡ ᠦᠨᠡᠨᠴᠢ ᠱᠢᠳᠤᠷᠭᠤ ᠡᠷᠡᠰ ᠪᠠᠲᠤ ᠢᠲᠡᠭᠡᠯ ᠵᠣᠷᠢᠭ᠂ ᠨᠢᠭᠡ ᠰᠡᠳᠭᠢᠯ᠎ᠢᠶᠡᠷ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠂ ᠪᠣᠳᠠᠲᠠᠢ᠎ᠶ᠋ᠢ ᠡᠷᠬᠢᠮᠯᠡᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠪᠡᠷ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠵᠤᠷᠢᠬᠳᠠᠢ ᠡᠭᠦᠷᠭᠡᠯᠡᠨ ᠵᠢᠳᠬᠦᠯ ᠭᠠᠷᠭᠠᠵᠤ᠂ ᠥᠪᠡᠷ᠎ᠦᠨ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠤᠨ ᠲᠡᠦᠬᠡᠳᠤ ᠡᠭᠦᠷᠭᠡ᠂ ᠡᠭᠦᠷᠭᠡᠯᠡᠯ ᠪᠤᠯᠤᠨ ᠬᠠᠷᠢᠭᠤᠴᠠᠯᠭ᠎ᠠ᠎ᠶ᠋ᠢ ᠲᠠᠢᠯᠪᠤᠷᠢᠯᠠᠵᠠᠢ᠃

ᠲᠡᠷᠡ ᠠᠷᠠᠳ᠎ᠤᠨ ᠲᠥᠯᠥᠭᠡ ᠲᠦᠷᠦ᠍ ᠪᠠᠷᠢᠬᠤ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠤᠯᠠᠨ ᠲᠦᠮᠡᠨ᠎ᠳᠦ ᠦᠢᠯᠡᠴᠢᠯᠡᠵᠠᠢ᠃ ᠰᠤᠮᠤᠨ᠎ᠤ ᠨᠠᠮ᠎ᠤᠨ ᠬᠣᠷᠢᠶᠠᠨ᠎ᠤ ᠱᠦᠵᠢ ᠪᠣᠯᠤᠭ᠍ᠰᠠᠨ᠎ᠤ ᠬᠤᠪᠢ᠎ᠳᠤ ᠂ ᠴᠢᠨ ᠶᠠᠨ ᠡᠮᠦᠨ᠎ᠠ ᠹᠷᠣᠨᠲ᠎ᠲᠤ ᠠᠵᠢᠯᠯᠠᠨ᠂ ᠤᠯᠠᠨ ᠲᠦᠮᠡᠨ᠎ᠢ ᠲᠠᠢ᠌ᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ᠎ᠪᠠᠷ ᠬᠠᠷᠠᠯᠲᠠ ᠪᠣᠯᠭᠠᠵᠤ᠂ ᠳᠡᠭᠡᠳᠦ ᠱᠠᠲᠤᠨ᠎ᠤ ᠲᠦᠷᠦᠯ ᠵᠦᠢᠯ ᠪᠤᠯᠤᠨ ᠪᠡᠯᠡ ᠮᠥᠩᠭᠥ᠎ᠶ᠋ᠢ ᠴᠢᠷᠮᠠᠢᠨ ᠣᠯᠵᠤ᠂ ᠬᠡᠪᠴᠢᠶᠡᠵᠢᠭ᠌ᠰᠡᠨ ᠦᠬᠡᠷ ᠲᠡᠵᠢᠭᠡᠬᠦ᠌ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ 3 ᠭᠠᠵᠠᠷ ᠮᠢᠩᠭ᠎ᠠ᠎ᠠᠴᠠ ᠳᠡᠭᠡᠭ᠌ᠰᠢᠬᠢ ᠠᠮᠢᠳᠤᠷᠠᠯ᠎ᠤᠨ ᠲᠤᠭᠤᠷᠢᠬ ᠪᠠ ᠦᠢᠯᠡᠳᠪᠦᠷᠢᠯᠡᠯ᠎ᠤᠨ ᠲᠤᠭᠤᠷᠢᠭ᠎ᠢ ᠰᠠᠯᠭᠠᠭᠰᠠᠨ ᠲᠡᠵᠢᠭᠡᠨ ᠦᠷᠡᠵᠢᠭᠦᠯᠬᠦ᠌ ᠲᠣᠭᠣᠷᠢᠭ᠎ᠢ ᠪᠠᠢᠭᠤᠯᠵᠤ᠂ ᠪᠦᠬᠦ᠌ ᠰᠤᠮᠤᠨ᠎ᠤ ᠲᠡᠵᠢᠭᠡᠨ ᠦᠷᠡᠵᠢᠭᠦᠯᠵᠦ ᠪᠠᠢᠭ᠎ᠠ ᠮᠢᠬᠠᠨ᠎ᠤ ᠦᠬᠡᠷ᠎ᠤᠨ ᠲᠤᠭ᠎ᠠ 3 ᠲᠦᠮᠡ ᠎ᠶ᠋ᠢ ᠳᠠᠪᠠᠵᠠᠢ᠃ ᠲᠡᠷᠡ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠡᠶ ᠵᠣᠬᠢᠴᠠᠭᠤᠯᠤᠨ ᠬᠠᠮᠲᠤ᠎ᠶ᠋ᠢᠨ ᠠᠵᠤ ᠠᠬᠤᠢ᠎ᠶ᠋ᠢᠨ ᠲᠡᠳᠬᠦᠮᠵᠢ᠎ᠶ᠋ᠢᠨ ᠪᠡᠯᠡ ᠮᠥᠩᠭᠥ᠌ ᠭᠤᠶᠤᠴᠢᠯᠠᠵᠤ᠂ ᠨᠡᠷᠡᠨ᠎ᠤ ᠡᠨ᠋ᠸᠷᠬᠢ ᠵᠢᠨ ᠬᠦᠯᠡᠮᠵᠢ᠎ᠶ᠋ᠢᠨ ᠲᠦᠷᠦᠯ ᠵᠦᠢᠯ᠎ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠵᠢᠮᠢᠰ ᠨᠣᠭᠣᠭ᠎ᠠ ᠲᠠᠷᠢᠬᠤ᠂ ᠲᠡᠭᠦᠬᠦ᠂ ᠲᠣᠭᠣᠷᠢᠨ ᠦᠵᠡᠬᠦ᠂ ᠪᠣᠷᠣᠯᠠᠭᠤᠯᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠲᠠᠷᠢᠮᠠᠯ᠎ᠤᠨ ᠰᠠᠭᠤᠷᠢᠨ᠎ᠢ ᠪᠠᠢᠭᠤᠯᠵᠤ᠂ ᠰᠤᠮᠤᠨ᠎ᠤ ᠪᠠᠨ ᠰᠣᠶᠣᠯ ᠵᠢᠭᠤᠯᠴᠢᠯᠠᠯ᠎ᠤᠨ ᠦᠢᠯᠡᠰ᠎ᠦᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠠᠢ᠃ ᠰᠤᠮᠤᠨ᠎ᠤ ᠮᠠᠯ ᠠᠵᠤ ᠠᠬᠤᠢ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡᠨ᠎ᠦ ᠬᠥᠭ᠌ᠵᠢᠯᠲᠡ ᠤᠳᠠᠭᠠᠨ᠂ ᠵᠣᠬᠢᠶᠠᠨ ᠪᠠᠢᠭᠤᠯᠬᠤ ᠬᠢᠷᠢ ᠬᠡᠮᠵᠢᠶ᠎ᠡ ᠳᠣᠣᠷ᠎ᠠ ᠵᠡᠷᠭᠡ ᠠᠰᠠᠭᠤᠳᠠᠯ᠎ᠳᠤ ᠴᠢᠭᠯᠡᠬᠦᠯᠦᠨ᠂ ᠲᠡᠷᠡ ᠳᠡᠭᠡᠳᠦ ᠱᠠᠲᠤᠨ᠎ᠠᠴᠠ ᠲᠠᠷᠢᠶᠠᠯᠠᠩ᠎ᠤᠨ ᠮᠠᠱᠢᠨ᠎ᠤ ᠬᠤᠷᠱᠢᠶ᠎ᠠ᠎ᠶ᠋ᠢᠨ ᠲᠦᠷᠦᠯ ᠵᠦᠢᠯ᠎ᠢ ᠲᠣᠰᠭᠣᠨ᠎ᠳᠤ ᠤᠷᠤᠭᠤᠯᠬᠤ᠎ᠪᠠᠷ ᠢᠳᠡᠪᠬᠢᠲᠡᠢ ᠴᠢᠷᠮᠠᠢᠵᠤ᠂ ᠲᠠᠷᠢᠶᠠᠴᠢᠨ ᠡᠷᠦᠬᠡ᠎ᠶ᠋ᠢ ᠲᠠᠢ᠌ᠴᠢᠯᠠᠨ ᠭᠠᠵᠠᠷ ᠱᠢᠷᠣᠢ᠎ᠶ᠋ᠢ ᠨᠠᠢᠳᠠᠨ ᠬᠠᠮᠢᠶᠠᠷᠤᠭᠤᠯᠵᠤ᠂ ᠲᠠᠷᠢᠶᠠᠴᠢᠳ᠎ᠤᠨ ᠵᠢᠯ᠎ᠦᠨ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ ᠲᠦᠮᠡ ᠭᠠᠷᠤᠢ ᠲᠥᠭᠥᠷᠢᠭ ᠨᠡᠮᠡᠭ᠌ᠳᠡᠭᠦᠯᠵᠠᠢ᠃ ᠲᠡᠷᠡ ᠲᠦᠷᠦᠭᠦᠯᠡᠨ ᠰᠤᠮᠤᠨ᠎ᠤ ᠺᠠᠩ ᠵᠤᠸᠠᠩ ᠳᠠᠷᠢᠵᠤ ᠲᠡᠵᠢᠭᠡᠨ ᠦᠷᠡᠵᠢᠭᠦᠯᠬᠦ᠌ ᠬᠣᠷᠱᠢᠶ᠎ᠠ ᠵᠢᠨ ᠬᠣᠯᠪᠣᠭᠠᠲᠤ ᠬᠣᠷᠱᠢᠶ᠎ᠠ᠎ᠶ᠋ᠢ ᠵᠣᠬᠢᠶᠠᠨ ᠪᠠᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠵᠢᠯᠣᠭᠣᠳᠣᠯᠭ᠎ᠠ᠂ ᠬᠣᠷᠱᠢᠶ᠎ᠠ ᠵᠢᠨ ᠪᠦᠯᠬᠦᠮ᠎ᠦᠨ ᠬᠥᠭ᠌ᠵᠢᠯᠲᠡ ᠪᠤᠯᠤᠨ ᠣᠯᠠᠨ ᠲᠦᠮᠡᠨ᠎ᠦ ᠢᠳᠡᠪᠬᠢ ᠦᠶ᠋ᠯᠡᠳᠦᠯ᠎ᠢ ᠪᠦᠲᠦᠮᠵᠢᠲᠡᠶ᠎ᠪᠡᠷ ᠠᠭᠤᠰᠤᠯᠴᠠᠭᠤᠯᠤᠨ᠂ ᠳᠠᠭᠠᠭᠤᠯᠤᠬᠴᠢ ᠠᠵᠤ ᠠᠬᠤᠢᠯᠠᠯ᠂ ᠪᠠᠶᠠᠵᠢᠯ᠎ᠤᠨ ᠴᠢᠳᠠᠪᠤᠷᠢᠲᠠᠨ ᠪᠤᠯᠤᠨ ᠮᠠᠯᠴᠢᠨ ᠲᠠᠷᠢᠶᠠᠴᠢᠨ ᠡᠷᠦᠬᠡ᠎ᠵᠢ ᠬᠤᠪᠢ ᠣᠷᠣᠭᠤᠯᠤᠨ ᠠᠱᠢᠭ ᠬᠤᠪᠢᠶᠠᠬᠤ ᠪᠤᠯᠭᠠᠨ᠂ ᠲᠣᠰᠭᠣᠨ᠎ᠤ ᠬᠠᠮᠲᠤ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠮᠠᠯᠴᠢᠨ ᠲᠠᠷᠢᠶᠠᠴᠢᠨ᠎ᠢ ᠪᠠᠶᠠᠵᠢᠭᠤᠯᠬᠤ᠎ᠶ᠋ᠢ ᠦᠷᠭᠦᠯᠵᠢᠯᠡᠨ ᠳᠠᠢᠴᠢᠯᠠᠵᠤ᠂ ᠰᠤᠮᠤᠨ᠎ᠤ ᠪᠠᠨ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠠᠢ᠃

ᠲᠡᠷᠡ ᠣᠯᠠᠨ ᠲᠦᠮᠡᠨ᠎ᠦ ᠤᠷᠤᠰᠢᠨ ᠰᠠᠭᠤᠷᠢᠰᠢᠬᠤ ᠣᠷᠴᠢᠨ ᠲᠣᠭᠣᠷᠢᠨ᠎ᠢ ᠰᠠᠢᠵᠢᠷᠠᠭᠤᠯᠬᠤ᠎ᠶ᠋ᠢᠨ ᠲᠥᠯᠥᠭᠡ᠂ ᠨᠡᠢᠲᠡ 2000 ᠲᠦᠮᠡᠨ ᠲᠥᠭᠥᠷᠢᠭ᠎ᠦᠨ ᠪᠠᠯᠠ ᠤᠷᠤᠭᠤᠯᠵᠦ᠂ ᠪᠦᠬᠦᠢᠯᠡ ᠱᠢᠶᠠᠩ᠎ᠤᠨ ᠪᠣᠬᠢᠷ ᠤᠰᠤ᠎ᠶ᠋ᠢ ᠱᠢᠶ᠋ᠳᠪᠦᠷᠢᠯᠡᠬᠦ᠌ ᠲᠥᠷᠥᠯ ᠵᠦᠶ᠋ᠯ᠎ᠢ ᠠᠬᠢᠭᠤᠯᠬᠤ᠎ᠪᠠᠷ ᠴᠢᠷᠮᠠᠢᠵᠠᠢ᠃ ᠲᠡᠷᠡ ᠨᠠᠮ᠎ᠤᠨ ᠭᠡᠱᠢᠭᠦᠨ ᠺᠠᠳ᠋ᠷᠴᠤᠳ᠎ᠢ ᠳᠠᠭᠠᠭᠤᠯᠤᠨ ᠲᠡᠷᠢᠭᠦᠨ᠎ᠦ ᠭᠠᠵᠠᠷ ᠣᠷᠣᠨ᠎ᠤ ᠲᠤᠷᠱᠢᠯᠭ᠎ᠠ᠎ᠶ᠋ᠢ ᠢᠳᠡᠪᠬᠢᠲᠡᠶ ᠰᠤᠷᠤᠯᠴᠠᠵᠤ᠂ ᠬᠠᠮᠤᠭ ᠲᠡᠷᠢᠭᠦᠨ᠎ᠳᠦ ᠪᠥᠬᠥ᠌ ᠬᠣᠱᠢᠭᠤᠨ᠎ᠤ ᠠᠩᠬᠠᠳᠠᠭ᠍ᠴᠢ ᠱᠢᠶᠠᠩ ᠪᠠᠯᠭᠠᠰᠤᠨ᠎ᠤ ᠲᠠᠰ᠎ᠤᠨ 《ᠵᠢᠷᠭᠤᠭᠠᠨ ᠰᠡᠳᠭᠢᠯ᠎ᠢ ᠨᠢᠭᠡᠳᠭᠡᠬᠦ᠌》 ᠵᠥᠷᠢᠴᠡᠯ᠎ᠢ ᠨᠠᠮᠳᠠᠭᠤᠯᠬᠤ ᠦᠶ᠋ᠯᠡᠴᠢᠯᠡᠭᠡᠨ᠎ᠦ ᠲᠥᠪ᠎ᠢ ᠪᠠᠢᠭᠤᠯᠵᠤ᠂ ᠣᠷᠣᠭ ᠬᠡᠷ ᠪᠦᠯᠢ᠎ᠶ᠋ᠢᠨ ᠡᠶᠡᠳᠡᠭᠦᠯᠬᠦ᠌ ᠲᠠᠰᠤᠭ ᠪᠤᠯᠤᠨ ᠡᠮᠡᠭ᠌ᠲᠡᠶ ᠨᠠᠮ᠎ᠤᠨ ᠭᠡᠱᠢᠭᠦᠨ᠎ᠦ ᠰᠦᠯᠵᠢᠶᠡᠨ᠎ᠦ ᠠᠵᠢᠯᠲᠠᠨ᠎ᠤ ᠡᠶᠡᠳᠡᠭᠦᠯᠬᠦ᠌ ᠡᠩᠨᠡᠭᠡ᠎ᠶ᠋ᠢ ᠪᠠᠢᠭᠤᠯᠵᠤ ᠂ ᠵᠥᠷᠢᠴᠡᠯ ᠵᠢᠭᠤᠷᠠᠯᠳᠤᠭᠠᠨ᠎ᠢ ᠡᠬᠢᠨ ᠡᠴᠡ ᠨᠢ ᠨᠠᠮᠳᠠᠭᠤᠯᠵᠠᠢ᠃

ᠲᠡᠷᠡ 《ᠪᠦᠲᠦᠭᠡᠵᠦ᠍ ᠴᠢᠳᠠᠬᠤ》 ᠎ᠶ᠋ᠢᠨ ᠲᠥᠯᠥᠭᠡ ᠯᠡ ᠠᠷᠭ᠎ᠠ ᠪᠤᠳᠤᠨ᠂ 《ᠲᠡᠢᠯᠬᠦ ᠦᠭᠡᠢ》 ᠵᠢᠨ ᠲᠥᠯᠥᠭᠡ ᠱᠢᠯᠲᠠᠭ ᠦᠯᠦ ᠡᠷᠢᠳᠡᠭ ᠃ ᠴᠢᠨ ᠶᠠᠨ 《ᠭᠤᠷᠪᠠ᠎ᠶ᠋ᠢ ᠠᠳᠭᠤᠵᠤ ᠭᠤᠷᠪᠠ᠎ᠶ᠋ᠢ ᠬᠦᠴᠦᠷᠬᠡᠭ᠌ᠵᠢᠭᠦᠯᠬᠦ᠌》 ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠮᠥᠷᠥᠨ ᠳᠡᠭᠡᠷ᠎ᠡ᠎ᠪᠡᠨ ᠡᠭᠦᠷᠭᠡᠯᠡᠵᠦ᠍᠂ ᠭᠠᠷ᠎ᠲᠠᠭᠠᠨ ᠴᠢᠩᠭ᠎ᠠ ᠠᠳᠭᠤᠵᠠᠢ᠃ ᠭᠣᠣᠯ ᠬᠠᠷᠢᠭᠤᠴᠠᠯᠭ᠎ᠠ ᠭᠣᠣᠯ ᠠᠵᠢᠯ᠎ᠢ ᠠᠳᠭᠤᠵᠤ᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠬᠠᠨ᠂ ᠨᠠᠮ᠎ᠤᠨ ᠪᠠᠢᠭᠤᠯᠤᠯᠲᠠ᠎ᠶ᠋ᠢ ᠠᠳᠭᠤᠬᠤ 《ᠲᠠᠪᠤᠨ ᠨᠢᠭᠡ》 ᠵᠢᠨ ᠠᠵᠢᠯ᠎ᠤᠨ ᠲᠣᠭ᠍ᠲᠠᠴᠠ ᠵᠢᠴᠢ ᠤᠳᠤᠷᠢᠳᠭᠤ ᠪᠠᠭ᠎ᠤᠨ ᠪᠦᠷᠢᠯᠳᠦᠬᠦᠨ᠎ᠦ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠬᠤ ᠴᠡᠭ᠎ᠦᠨ ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ 21 ᠬᠠᠷᠢᠯᠴᠠᠬᠤ ᠴᠡᠭ ᠪᠠᠢᠭᠤᠯᠵᠤ᠂ ᠪᠠᠯᠭᠠᠰᠤ ᠲᠣᠰᠭᠣᠨ ᠬᠣᠶᠠᠷ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠠᠢ᠃ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠂ ᠲᠠᠢ᠌ᠴᠢᠨ ᠪᠡᠬᠢᠯᠡᠯᠲᠡ᠎ᠶ᠋ᠢ ᠴᠢᠩᠭᠠᠳᠭᠠᠬᠤ᠎ᠶ᠋ᠢ ᠠᠳᠭᠤᠵᠤ᠂ 《ᠭᠤᠷᠪᠠᠨ ᠬᠦᠴᠦᠷᠬᠡᠭ ᠭᠤᠷᠪᠠᠨ ᠱᠢᠯᠢᠳᠡᠭ》 ᠎ᠦ᠋ᠨ ᠬᠠᠮᠤᠭ᠎ᠤᠨ ᠬᠦᠴᠦᠷᠬᠡᠭ ᠨᠠᠮ᠎ᠤᠨ ᠡᠭᠦᠷ᠎ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍ ᠂ ᠡᠷᠳᠡᠮ ᠴᠢᠳᠠᠪᠤᠷᠢ᠎ᠶᠢᠨ ᠮᠥᠷᠥᠢᠴᠡᠭᠡᠨ᠎ᠢᠶᠡᠷ ᠳᠠᠮᠵᠢᠭᠤᠯᠤᠨ 11 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠎ᠢ᠋ ᠡᠭᠦᠳᠦᠨ ᠪᠠᠢᠭᠤᠯᠵᠤ᠂ 17 ᠦᠨᠳᠦᠰᠦᠨ ᠱᠠᠲᠤᠨ᠎ᠤ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯ᠎ᠢ ᠪᠡᠶᠡᠯᠡᠭᠦᠯᠵᠠᠢ ᠃ ᠲᠡᠷᠡ 《ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠢ᠎ᠪᠠᠷ ᠠᠵᠢᠯ ᠬᠢᠬᠦ᠌》 ᠪᠡᠷ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠳᠤᠷᠢᠳᠤᠮᠵᠢ ᠪᠣᠯᠭᠠᠵᠤ᠂ ᠠᠵᠢᠯ ᠬᠢᠬᠦ᠌᠎ᠶ᠋ᠢ ᠪᠤᠳᠤᠳᠠᠭ᠂ ᠠᠵᠢᠯ ᠬᠢᠵᠦ᠍ ᠴᠢᠳᠠᠳᠠᠭ᠂ ᠠᠵᠢᠯ ᠬᠢᠵᠦ᠍ ᠳᠡᠢᠯᠳᠡᠭ ᠺᠠᠳ᠋ᠷ᠎ᠤᠨ ᠡᠩᠨᠡᠭᠡ᠎ᠶ᠋ᠢ ᠳᠠᠭᠠᠭᠤᠯᠵᠤ᠂ ᠵᠥᠪᠬᠡᠨ 《ᠪᠦᠲᠦᠭᠡᠵᠦ᠍ ᠳᠡᠢᠯᠬᠦ᠌》 ᠵᠢᠨ ᠲᠥᠯᠥᠭᠡ ᠠᠷᠭ᠎ᠠ ᠪᠤᠳᠤᠬᠤ᠂《ᠲᠡᠢᠯᠬᠦ ᠦᠭᠡᠢ》 ᠵᠢᠨ ᠲᠥᠯᠥᠭᠡ ᠰᠢᠯᠳᠠᠭ ᠦᠯᠦ ᠡᠷᠢᠬᠦ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠪᠦᠷᠢᠯᠳᠦᠭᠦᠯᠵᠡᠢ᠃

ᠬᠡᠳᠦᠨ ᠵᠢᠯ᠎ᠦᠨ ᠲᠤᠷᠰᠢ᠂ ᠴᠢᠨ ᠶᠠᠨ᠎ᠤ ᠰᠠᠨᠠᠭᠠᠴᠢᠯᠠᠭ᠎ᠠ᠎ᠪᠠᠷ ᠲᠤᠰ ᠰᠤᠮᠤ ᠵᠢᠨ ᠵᠢᠡᠨ ᠶᠡᠬᠡ ᠰᠤᠷᠭᠠᠭᠤᠯᠢ᠎ᠲᠡᠬᠦᠰᠦᠭᠰᠡᠨ ᠤᠶᠤᠳᠠᠨ᠂ ᠴᠡᠷᠢᠭ᠎ᠡᠴᠡ ᠬᠠᠯᠠᠭ᠍ᠳᠠᠭ᠍ᠰᠠᠳ᠂ ᠪᠠᠶᠠᠵᠢᠨ ᠴᠢᠨᠡᠭᠡᠯᠢᠭ᠌ᠵᠢᠭ᠌ᠰᠡᠨ ᠴᠢᠳᠠᠪᠤᠷᠢᠲᠠᠨ ᠵᠡᠷᠭᠡ 65 ᠬᠥᠮᠦᠨ᠎ᠢ ᠬᠣᠶᠠᠷ ᠵᠥᠪᠯᠡᠯ᠎ᠦᠨ ᠪᠠᠭ᠎ᠲᠠᠭᠠᠨ ᠤᠷᠤᠭᠤᠯᠤᠨ ᠠᠪᠴᠢᠷᠠᠪᠠ᠃ ᠪᠥᠬᠥ᠌ ᠲᠠᠯ᠎ᠠ᠎ᠪᠠᠷ ᠬᠡᠷᠡᠭ᠌ᠵᠢᠭᠦᠯᠦᠭ᠌ᠰᠡᠨ ᠭᠠᠴᠠᠭ᠎ᠠ ᠲᠣᠰᠭᠣᠨ᠎ᠤ ᠺᠠᠳ᠋ᠷᠴᠤᠳ᠎ᠤᠨ 《 ᠲᠠᠪᠤ᠎ᠶ᠋ᠢ ᠱᠠᠩᠨᠠᠵᠤ ᠵᠢᠷᠭᠤᠭ᠎ᠠ᠎ᠶ᠋ᠢ ᠵᠣᠭ᠍ᠰᠣᠭᠠᠵᠤ ᠳᠣᠯᠣᠭ᠎ᠠ᠎ᠶ᠋ᠢ ᠠᠮᠠᠷᠠᠭᠤᠯᠬᠤ》 ᠠᠵᠢᠯ᠎ᠤᠨ ᠲᠣᠭ᠍ᠲᠠᠴᠠ ᠨᠢ ᠨᠠᠩ ᠴᠤ᠌ ᠨᠠᠮ᠎ᠤᠨ ᠭᠡᠱᠢᠭᠦᠨ ᠺᠠᠳ᠋ᠷᠴᠤᠳ᠎ᠢ 《 ᠬᠦᠯᠢᠶᠡᠵᠦ᠍ ᠦᠯᠦ ᠪᠤᠯᠬᠤ》 ᠪᠠᠴᠢᠮ ᠲᠤᠯᠭᠠᠮ ᠰᠡᠳᠭᠢᠯᠭᠡ᠂ 《ᠤᠳᠠᠭᠠᠱᠢᠷᠠᠭᠤᠯᠵᠤ ᠦᠯᠦ ᠪᠤᠯᠬᠤ》 ᠲᠦᠭ᠌ᠰᠢᠭᠦᠷᠢᠲᠦ ᠰᠡᠳᠭᠢᠯᠭᠡ᠂ 《ᠰᠤᠯᠠᠷᠠᠭᠤᠯᠵᠤ ᠦᠯᠦ ᠪᠤᠯᠬᠤ》 ᠬᠠᠷᠢᠭᠤᠴᠠᠯᠭᠠᠲᠤ ᠰᠡᠳᠭᠢᠯᠭᠡ᠎ᠪᠡᠷ ᠦᠨᠡᠨ ᠪᠣᠳᠠᠲᠠᠶ ᠠᠵᠢᠯ᠎ᠤᠨ ᠠᠮᠵᠢᠯᠲᠠ ᠪᠦᠲᠦᠮᠵᠢ ᠭᠠᠷᠭᠠᠬᠤ ᠵᠢ ᠵᠤᠷᠢᠬᠵᠢᠭᠤᠯᠵᠦ᠂ ᠠᠷᠠᠳ ᠣᠯᠠᠨ᠎ᠤ ᠢᠲᠡᠭᠡᠯ᠎ᠢ ᠤᠯᠵᠠᠢ ᠃

2021 ᠣᠨ᠎ᠳᠤ᠂ 70 ᠵᠢᠯ᠎ᠳᠦ ᠨᠢᠭᠡ ᠤᠳᠠᠭ᠎ᠠ ᠲᠣᠬᠢᠶᠠᠯᠳᠤᠭ᠍ᠰᠠᠨ ᠣᠨᠴᠠ ᠶᠡᠬᠡ ᠴᠠᠰᠤ ᠱᠢᠭᠤᠷᠭ᠎ᠠ᠎ᠳᠤ ᠲᠡᠷᠡ ᠨᠠᠮ᠎ᠤᠨ ᠭᠡᠱᠢᠭᠦᠨ ᠺᠠᠳ᠋ᠷᠴᠤᠳ ᠵᠢᠡᠨ ᠳᠠᠭᠠᠭᠤᠯᠤᠨ ᠪᠡᠶ᠎ᠡ᠎ᠪᠡᠷ᠎ᠢᠶᠡᠨ ᠬᠡᠪ ᠳᠠᠭᠤᠷᠢᠶᠠᠯ ᠪᠤᠯᠵᠤ᠂ ᠺᠠᠳ᠋ᠷ ᠤᠯᠠᠨ ᠲᠦᠮᠡᠨ᠎ᠲᠡᠶ ᠬᠠᠮᠲᠤ᠎ᠪᠠᠷ ᠵᠠᠮ᠎ᠤᠨ ᠴᠠᠰᠤ᠎ᠶ᠋ᠢ ᠠᠷᠢᠯᠭᠠᠬᠤ᠂ ᠠᠮᠤᠷ ᠲᠦᠪᠱᠢᠨ᠎ᠦ ᠪᠠᠢᠴᠠᠭᠠᠯᠲᠠ ᠬᠢᠬᠦ᠌ ᠪᠤᠯᠤᠨ ᠡᠳ᠋ ᠪᠣᠳᠠᠰ ᠵᠥᠭᠡᠭᠡᠪᠦᠷᠢᠯᠡᠬᠦ᠌ ᠠᠵᠢᠯ ᠥᠷᠨᠢᠭᠦᠯᠵᠦ᠍᠂ 7 ᠡᠳᠦᠷ 7 ᠰᠥᠨᠢ᠎ᠶ᠋ᠢᠨ ᠴᠢᠷᠮᠠᠢᠯᠭ᠎ᠠ᠎ᠪᠠᠷ ᠳᠠᠮᠵᠢᠨ ᠤᠯᠠᠨ ᠲᠦᠮᠡᠨ᠎ᠳᠦ 《ᠠᠮᠢ ᠨᠠᠰᠤᠨ᠎ᠤ ᠵᠠᠮ》 ᠎ᠢ᠋ ᠨᠡᠭᠡᠭᠡᠨ ᠥᠭ᠌ᠴᠡᠢ ᠃

2022 ᠣᠨ᠎ᠤ 10 ᠰᠠᠷ᠎ᠠ᠎ᠳᠤ ᠬᠤᠰᠢᠭᠤᠨ᠎ᠤ ᠪᠠᠨ ᠳᠡᠳ᠋ ᠬᠤᠰᠢᠭᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠭ᠍ᠰᠠᠨ᠎ᠠᠴᠠ ᠨᠠᠭᠠᠰᠢ᠂ ᠴᠢᠨ ᠶᠠᠨ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠭᠤᠯᠬᠤ᠎ᠶ᠋ᠢ ᠬᠢᠨᠠᠨ ᠱᠢᠯᠭᠠᠵᠤ ᠦᠨᠡᠯᠡᠨ ᠵᠢᠱ᠌ᠢᠬᠦ᠌ ᠪᠤᠯᠤᠨ ᠤᠯᠤᠰ᠎ᠤᠨ ᠪᠡᠯᠡ ᠮᠥᠩᠭᠥ᠎ᠶ᠋ᠢᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠬᠣᠶᠠᠷ ᠤᠳᠠᠭ᠎ᠠ᠎ᠶ᠋ᠢᠨ ᠶᠡᠬᠡ ᠣᠨ᠎ᠤ ᠱᠢᠯᠭᠠᠯᠲᠠ᠎ᠶ᠋ᠢ ᠤᠬᠳᠤᠨ᠂ 99% ᠡᠴᠡ ᠲᠡᠭᠡᠭᠰᠢ ᠬᠠᠨᠤᠮᠵᠢ᠎ᠶ᠋ᠢᠨ ᠬᠡᠮᠵᠢᠶ᠎ᠡ᠎ᠪᠡᠷ ᠬᠦᠷᠢᠶ᠎ᠡ ᠬᠣᠱᠢᠭᠤᠨ᠎ᠳᠤ ᠲᠡᠭᠦᠰ ᠠᠮᠵᠢᠯᠲᠠ᠎ᠲᠠᠶ ᠬᠠᠷᠢᠭᠤᠯᠲᠠ ᠥᠭ᠌ᠴᠡᠢ᠃ ᠲᠡᠷᠡ 56 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠮᠥᠷᠭᠡ᠎ᠳᠦ ᠣᠷᠣᠭᠤᠯᠬᠤ ᠲᠦᠷᠦᠯ ᠵᠦᠢᠯ᠎ᠢ ᠲᠥᠰᠦᠪᠯᠡᠨ ᠲᠣᠭ᠍ᠲᠠᠭᠠᠬᠤ᠎ᠳᠤ ᠣᠷᠣᠯᠴᠠᠵᠤ᠂ ᠪᠦᠬᠦ᠌ ᠬᠣᠱᠢᠭᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠲᠦᠷᠦᠯ ᠵᠦᠢᠯ᠎ᠦᠨ ᠲᠤᠯᠭᠠᠭᠤᠷᠢᠯᠠᠯ ᠬᠠᠩᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面