2022-08-24 11:18:10
ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠠᠴᠢ ᠡᠨᠡᠷᠢᠯ ᠳᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠲᠦᠷᠭᠡᠳᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠭᠤᠤ ᠶᠡᠬᠡ ᠦᠶ᠋ᠯᠡᠳᠦᠯᠭᠡ ᠳᠤᠮᠳᠠ ᠯᠠᠪᠳᠠᠭᠤᠨ ᠪᠠᠲᠤᠲᠠᠶ ᠠᠯᠬᠤᠮ ᠢ᠋ ᠠᠯᠬᠤᠪᠠ᠃
8 ᠰᠠᠷ᠎ᠠ᠎ᠶ᠋ᠢᠨ 24 ᠤ᠋ ᠡᠳᠦᠷ᠎ᠡᠴᠡ ᠡᠬᠢᠯᠡᠨ᠂ ᠲᠤᠰ ᠰᠣᠨᠢᠨ《ᠱᠢᠨ᠎ᠡ ᠠᠶᠠᠨ᠎ᠳᠤ ᠡᠷᠡᠯᠬᠡᠭᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠶ᠎ᠠ — ᠶᠡᠷᠦ᠍ ᠪᠤᠰᠤ᠎ᠶ᠋ᠢᠨ ᠠᠷᠪᠠᠨ ᠵᠢᠯ · ᠥᠪᠥᠷ ᠮᠣᠩᠭᠣᠯ᠎ᠤᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ》 ᠭᠡᠬᠦ᠌ ᠲᠤᠰᠭᠠᠶ ᠪᠤᠯᠤᠩ ᠨᠡᠭᠡᠭᠡᠵᠦ᠍᠂ ᠨᠠᠮ᠎ᠤᠨ ᠪᠠᠢᠭᠤᠯᠤᠯᠲᠠ᠂ ᠠᠷᠠᠳᠴᠢᠯᠠᠯ ᠬᠠᠤᠯᠢᠵᠢᠯ᠂ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠂ ᠣᠳᠣᠬᠢᠴᠢᠯᠠᠭ᠍ᠰᠠᠨ ᠮᠠᠯ ᠠᠵᠤ ᠠᠬᠤᠶ ᠲᠠᠷᠢᠶᠠᠯᠠᠩ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠦᠶ᠋ᠯᠡᠰ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ᠎ᠡᠴᠡ ᠭᠤᠤᠯᠳᠠᠯᠭ᠎ᠠ᠎ᠲᠠᠶ ᠠᠵᠢᠯ ᠲᠥᠷᠥᠯ ᠂ ᠭᠤᠤᠯᠳᠠᠯᠭ᠎ᠠ᠎ᠲᠠᠶ ᠬᠦᠷᠢᠶᠡᠨ᠎ᠦ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠳᠤᠬᠠᠢ ᠱᠢᠷᠢᠰ ᠣᠨᠴᠡ ᠮᠡᠳᠡᠭᠡᠯᠡᠯ ᠢ ᠲᠥᠪᠯᠡᠷᠡᠭᠦᠯᠦᠨ ᠨᠡᠢᠲᠡᠯᠡᠵᠦ᠍ ᠂ ᠡᠯ᠎ᠡ ᠠᠵᠢᠯ ᠲᠥᠷᠥᠯ ᠡᠯ᠎ᠡ ᠬᠦᠷᠢᠶᠡᠨ᠎ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠂ ᠠᠴᠢ ᠡᠨᠡᠷᠢᠯ ᠳᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠭ᠍ᠰᠠᠨ ᠪᠣᠳᠠᠲᠠᠶ ᠦᠶ᠋ᠯᠡᠳᠦᠯᠭᠡ ᠪᠠ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠳᠡᠯᠭᠡᠨ ᠦᠵᠡᠭᠦᠯᠬᠦ ᠪᠤᠯᠤᠨ᠎ᠠ᠂ ᠠᠩᠬᠠᠷᠤᠯ᠎ᠵᠢᠡᠨ ᠬᠠᠨᠳᠤᠭᠤᠯᠤᠮᠤ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃