2022-09-01 11:18:02
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠥᠪᠥᠷ ᠮᠣᠩᠭᠣᠯ ᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠤᠬᠠᠢ ᠭᠦᠦᠷᠨᠢᠯ
ᠵᠣᠯ ᠵᠢᠷᠭᠠᠯ ᠤᠨ ᠴᠢᠨᠠᠷ ᠴᠢᠨᠰᠠᠭ᠎ᠠ ᠵᠢ ᠲᠣᠭ᠍ᠲᠠᠭᠠᠬᠤ᠎ᠳᠤ ᠡᠷᠬᠡᠪᠰᠢ ᠢᠯᠡ ᠲᠣᠳᠣ ᠠᠷᠠᠳ᠎ᠤᠨ ᠠᠮᠢᠳᠤᠷᠠᠯ᠎ᠤᠨ ᠳᠡᠪᠢᠰᠭᠡᠷ ᠥᠩᠭᠡ ᠪᠠᠢᠬᠤ ᠬᠡᠷᠡᠭ᠌ᠲᠡᠶ᠃
ᠬᠡᠷ᠎ᠦᠨ᠎ᠢᠶᠡᠨ ᠡᠭᠦᠳᠡᠨ ᠳ᠋ᠡᠬᠢ ᠰᠤᠷᠭᠠᠭᠤᠯᠢ᠎ᠳᠤ ᠣᠷᠣᠵᠤ᠂ ᠬᠡᠷ᠎ᠡᠴᠡ ᠭᠠᠷᠬᠤ ᠥᠬᠡᠶ᠎ᠪᠡᠷ ᠴᠢᠨᠠᠷ ᠰᠠᠢᠲᠠᠶ ᠡᠮᠴᠢᠯᠡᠭᠡ ᠬᠦᠷᠳᠡᠵᠦ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠨᠢ ᠬᠥᠮᠦᠰ᠎ᠤᠨ ᠠᠵᠢᠯ ᠣᠯᠬᠤ ᠳᠤ ᠳᠤᠰᠠ ᠳᠡᠮ ᠪᠤᠯᠵᠦ᠂ ᠶᠠᠳᠠᠭᠤ ᠬᠦᠴᠢᠷᠳᠡᠯᠲᠡᠶ ᠡᠷᠦᠬᠡ ᠠᠮᠤᠷ ᠲᠦᠪᠱᠢᠨ ᠬᠡᠷ ᠪᠠᠢᠱᠢᠩ᠎ᠳᠤ ᠰᠠᠭᠤᠵᠤ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠨᠢ ᠵᠢᠯ ᠳᠠᠷᠠᠭᠠᠯᠠᠨ ᠨᠡᠮᠡᠭᠳᠡᠵᠦ᠂ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ᠎ᠨᠢ 77.56 ᠨᠠᠰᠤ ᠪᠤᠯᠵᠤ ᠁ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠨᠢ ᠤᠷᠢᠬᠠᠨ ᠰᠠᠯᠬᠢ ᠱᠢᠭ᠋ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠢᠮᠠᠭ᠍ᠲᠠ ᠭᠦᠨ ᠰᠠᠨᠠᠭᠠᠯᠵᠠᠵᠤ᠂ ᠤᠷᠢᠳ ᠬᠣᠵᠢᠳ 2 ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ 5 ᠵᠢᠯ ᠳᠠᠷᠠᠭᠠᠯᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠳᠦ ᠣᠷᠣᠯᠴᠠᠠ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠵᠠᠮ ᠱᠤᠭᠤᠮ᠎ᠢ ᠲᠣᠳᠣᠷᠬᠠᠢᠯᠠᠵᠠᠢ᠃ 10 ᠵᠢᠯ᠎ᠦᠨ ᠲᠤᠷᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠶᠡᠷᠦᠩᠬᠡᠶ ᠱᠦᠵᠢ᠎ᠶ᠋ᠢᠨ ᠴᠢᠩ ᠰᠡᠳᠭᠢᠯ ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠣᠷᠣᠨ ᠳᠠᠶᠠᠭᠠᠷ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠠ᠂ ᠠᠴᠢ ᠬᠠᠷᠢᠭᠤᠯᠤᠨ ᠡᠷᠡᠯᠬᠡᠭ᠌ᠯᠡᠨ ᠤᠷᠤᠭ᠍ᠰᠢᠯᠠᠵᠤ᠂ ᠠᠷᠠᠳ᠎ᠤᠨ ᠠᠮᠢᠳᠤᠷᠠᠯ᠎ᠤᠨ ᠳᠡᠪᠢᠰᠭᠡᠷ ᠥᠩᠭᠡ᠎ᠶ᠋ᠢ ᠲᠠᠰᠤᠷᠠᠯᠲᠠ ᠥᠬᠡᠶ ᠵᠤᠵᠠᠭᠠᠳᠬᠠᠵᠦ ᠵᠣᠯ ᠵᠢᠷᠭᠠᠯ᠎ᠤᠨ ᠴᠢᠨᠠᠷ ᠴᠢᠨᠰᠠᠭ᠎ᠠ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠵᠠᠢ᠃
ᠠᠵᠢᠯ ᠤᠯᠭᠤᠯᠳᠠ ᠪᠠᠳᠤᠯᠠᠭ᠎ᠠ ᠲᠠᠢ ᠪᠤᠯᠵᠦ ᠠᠮᠢᠳᠤᠷᠠᠯ ᠴᠢᠨᠡᠭᠡᠯᠢᠭᠵᠢᠪᠠ
《ᠮᠠᠨ᠎ᠤ ᠬᠣᠶᠠᠭᠤᠯᠠ ᠪᠦᠷ ᠮᠡᠷᠭᠡᠵᠢᠯ᠎ᠦᠨ ᠠᠵᠢᠯᠴᠢᠨ ᠶᠤᠮ᠂ ᠰᠠᠷ᠎ᠠ ᠪᠦᠷᠢ᠎ᠶ᠋ᠢᠨ ᠴᠠᠯᠢᠩ ᠲᠦᠮᠡᠨ ᠲᠥᠭᠥᠷᠢᠭ ᠲᠸ᠋ ᠬᠦᠷᠴᠦ᠍᠂ ᠠᠮᠢᠳᠤᠷᠠᠯ ᠨᠠᠩ ᠪᠠᠶᠠᠨ ᠴᠢᠨᠡᠭᠡᠯᠢᠭ ᠪᠣᠯᠵᠠᠶ》ᠭᠡᠵᠦ ᠣᠲᠣ ᠦᠶ᠎ᠡ᠎ᠶ᠋ᠢᠨ ᠮᠠᠯ ᠠᠵᠤ ᠠᠬᠤᠶ (ᠲᠦᠩᠯᠢᠶᠣᠤ) ᠶ᠋ᠢᠨ ᠺᠣᠮᠫᠠᠨᠢ᠎ᠳᠤ ᠠᠵᠢᠯᠯᠠᠵᠤ ᠪᠠᠢᠭ᠎ᠠ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠡᠮᠦᠨ᠎ᠡ ᠵᠢᠷᠦᠬᠡ ᠭᠠᠴᠠᠭᠠᠨ᠎ᠤ ᠬᠠᠳᠠ ᠡᠷ᠎ᠡ ᠡᠮ᠎ᠡ ᠬᠣᠶᠠᠭᠤᠯᠠ ᠪᠠᠶᠠᠷᠯᠠᠨ ᠶᠠᠷᠢᠨ᠎ᠠ᠃ ᠲᠤᠰ ᠺᠣᠮᠫᠠᠨᠢ᠎ᠳᠤ᠂ 200 ᠭᠠᠷᠤᠢ ᠬᠠᠲᠠ ᠱᠢᠭ᠋ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦ᠍ ᠲᠠᠢ ᠪᠠᠢᠵᠤ᠂ ᠮᠠᠯᠴᠢᠨ ᠲᠠᠷᠢᠶᠠᠴᠢᠨ᠎ᠠᠴᠠ ᠪᠠᠨ ᠠᠵᠤ ᠦᠢᠯᠡᠰ᠎ᠦᠨ ᠠᠵᠢᠯᠴᠢᠨ ᠪᠤᠯᠵᠤ ᠪᠡᠶ᠎ᠡ᠎ᠶ᠋ᠢᠨ ᠭᠠᠷᠤᠯ᠎ᠢᠶᠠᠨ ᠬᠤᠪᠢᠷᠠᠭᠤᠯᠪᠠ᠃ 《ᠪᠢ ᠤᠷ᠎ᠠ ᠴᠢᠲᠠᠪᠤᠷᠢ ᠵᠢᠨ ᠪᠣᠯᠪᠠᠰᠤᠷᠠᠯ ᠵᠢᠡᠷ ᠳᠠᠮᠵᠢᠨ ᠠᠮᠠᠷᠬᠠᠨ ᠠᠵᠢᠯ ᠣᠯᠵᠠᠢ᠂ ᠰᠠᠷ᠎ᠠ ᠶ᠋ᠢᠨ ᠴᠠᠯᠢᠩ 6000 ᠭᠠᠷᠤᠢ ᠲᠥᠭᠥᠷᠢᠭ ᠪᠤᠯᠵᠤ᠂ ᠪᠠᠰᠠ ᠬᠤᠳᠠ᠎ᠳᠤ ᠠᠰᠠᠷ ᠬᠤᠳᠠᠯᠳᠤᠨ ᠠᠪᠤᠯ᠎ᠠ》ᠬᠡᠵᠤ ᠬᠠᠲᠠ ᠵᠢᠨ ᠠᠪᠠᠭᠠᠢ ᠪᠠᠶᠠᠷᠲᠠᠢᠬᠠᠨ ᠶᠠᠷᠢᠨ᠎ᠠ᠃
2012 ᠣᠨ᠎ᠠᠴᠠ ᠨᠠᠭᠠᠰᠢ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠣᠬᠤ᠎ᠶ᠋ᠢ ᠵᠢᠯ ᠪᠦᠷᠢ ᠳᠤᠮᠳᠠᠴᠢ᠎ᠪᠠᠷ 245 ᠲᠦᠮᠡᠨ ᠬᠥᠮᠦᠨ᠎ᠡᠴᠡ ᠳᠡᠭᠡᠭ᠌ᠰᠢ ᠪᠠᠢᠯᠭᠠᠬᠤ᠎ᠶ᠋ᠢ ᠪᠠᠲᠤᠯᠠᠵᠤ᠂ ᠵᠢᠯ ᠪᠦᠷᠢ ᠬᠣᠲᠠ ᠪᠠᠯᠭᠠᠰᠤ᠎ᠶ᠋ᠢᠨ ᠠᠵᠢᠯ ᠠᠯᠳᠠᠭ᠍ᠰᠠᠳ ᠪᠠ ᠠᠵᠢᠯ ᠣᠯᠬᠤ᠎ᠳᠤ ᠬᠦᠴᠢᠷᠲᠡᠶ 10 ᠲᠦᠮᠡᠨ ᠬᠥᠮᠦᠨ᠎ᠳᠦ ᠠᠵᠢᠯ ᠣᠯᠭᠣᠬᠤ᠎ᠶ᠋ᠢ ᠪᠡᠶᠡᠯᠡᠭᠦᠯᠪᠡ᠃
ᠤᠯᠠᠭᠠᠨᠴᠠᠪ ᠬᠣᠲᠠ᠎ᠳᠤ ᠰᠠᠭᠤᠭ᠎ᠠ ᠱᠢᠶᠤᠤ ᠸᠠᠩ 2019 ᠣᠨ᠎ᠳᠤ ᠪᠡᠭᠡᠵᠢᠩ᠎ᠦᠨ ᠠᠵᠢᠯ᠎ᠢᠶᠠᠨ ᠬᠠᠶᠠᠵᠤ ᠨᠤᠲᠤᠭ᠎ᠲᠠᠭᠠᠨ ᠪᠤᠴᠠᠵᠤ᠂ ᠲᠤᠬᠠᠶ᠎ᠶ᠋ᠢᠨ ᠭᠠᠵᠠᠷ᠎ᠤᠨ ᠦᠶ᠋ᠯᠡᠰ ᠪᠤᠰᠭᠠᠬᠤ᠎ᠶ᠋ᠢ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠤᠤᠷ᠎ᠠ᠂ ᠲᠡᠷᠡ ᠬᠡᠷ᠎ᠦᠨ ᠠᠳᠠᠯ ᠶᠠᠪᠤᠳᠠᠯ᠎ᠤᠨ ᠦᠶ᠋ᠯᠡᠴᠢᠯᠡᠭᠡᠨ᠎ᠦ ᠺᠣᠮᠫᠠᠨᠢ ᠪᠠᠢᠭᠤᠯᠵᠤ᠂ ᠥᠪᠡᠷ᠎ᠢᠶᠡᠨ ᠴᠢᠨᠡᠭᠡᠯᠢᠭ ᠠᠮᠢᠳᠤᠷᠠᠯ᠎ᠲᠠᠶ ᠪᠣᠯᠤᠭ᠍ᠰᠠᠨ᠎ᠢᠶᠠᠷ ᠪᠠᠷᠠᠬᠤ ᠥᠬᠡᠶ ᠪᠠᠰᠠ ᠵᠡᠮᠳᠡᠭ᠌ᠴᠦᠳ ᠲᠸ᠋ ᠠᠵᠢᠯ ᠤᠯᠭᠤᠵᠠᠢ᠃
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠨᠢᠭᠡ ᠲᠠᠯ᠎ᠠ ᠪᠠᠷ ᠠᠵᠤ ᠠᠬᠤᠢ᠎ᠶ᠋ᠢᠨ ᠬᠥᠭ᠌ᠵᠢᠯᠲᠡ᠎ᠲᠡᠶ ᠬᠣᠯᠪᠣᠭ᠍ᠳᠠᠵᠤ᠂ ᠨᠦᠬᠦᠬᠡ ᠲᠠᠯ᠎ᠠ ᠪᠠᠷ ᠠᠷᠠᠳ ᠲᠦᠮᠡᠨ᠎ᠲᠡᠶ ᠬᠣᠯᠪᠣᠭ᠍ᠳᠠᠵᠤ ᠪᠠᠢᠳᠠᠭ᠃ ᠮᠠᠨ᠎ᠤ ᠣᠷᠣᠨ ᠠᠵᠢᠯ ᠣᠯᠭᠣᠯᠲᠠ᠎ᠶ᠋ᠢ ᠤᠷᠢᠳ ᠵᠢᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ ᠪᠠ ᠢᠳᠡᠪᠬᠢᠲᠡᠶ ᠠᠵᠢᠯ ᠣᠯᠭᠣᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠨ᠂ ᠠᠵᠢᠯ᠎ᠤᠨ ᠪᠠᠢᠷᠢ᠎ᠶ᠋ᠢ ᠨᠡᠭᠡᠭᠡᠨ ᠬᠥᠭ᠌ᠵᠢᠭᠦᠯᠬᠦ᠌᠂ ᠦᠶ᠋ᠯᠡᠰ ᠪᠤᠰᠬᠠᠬᠤ᠎ᠶ᠋ᠢ ᠲᠡᠳᠬᠦᠨ ᠳᠡᠮᠵᠢᠬᠦ᠌᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠬᠢᠬᠦ᠌᠂ ᠠᠵᠢᠯ ᠣᠯᠭᠣᠯᠲᠠ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠲᠠᠯ᠎ᠠ᠎ᠠᠴᠠ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠢᠯᠡᠨ ᠬᠡᠷᠡᠭ᠌ᠵᠢᠭᠦᠯᠵᠦ᠍᠂ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠶ᠋ᠢ ᠴᠢᠷᠮᠠᠢᠨ ᠠᠬᠢᠭᠤᠯᠪᠠ᠃
2012 ᠣᠨ᠎ᠠᠴᠠ ᠨᠠᠭᠠᠰᠢ᠂ ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠢ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠪᠦᠬᠦ᠌ ᠣᠷᠣᠨ᠎ᠳᠤ ᠨᠡᠢᠲᠡ 258.7 ᠲᠦᠮᠡᠨ ᠬᠥᠮᠦᠨ᠎ᠳᠦ ᠬᠣᠲᠠ ᠪᠠᠯᠭᠠᠰᠤᠨᠳᠦᠰᠢᠨᠡᠪᠡᠷ ᠠᠵᠢᠯ ᠤᠯᠭᠤᠵᠦ᠂ ᠬᠣᠲᠠ ᠪᠠᠯᠭᠠᠰᠤ᠎ᠶ᠋ᠢᠨ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 4% ᠣᠷᠴᠢᠮ ᠳᠦ ᠬᠢᠵᠠᠭᠠᠷᠯᠠᠠ᠂《ᠠᠵᠢᠯ ᠲᠠᠢ ᠬᠥᠮᠦᠨ ᠦᠭᠡᠶ》 ᠭᠡᠷ ᠪᠦᠯᠢ᠎ᠶ᠋ᠢ ᠬᠥᠳᠡᠯᠦᠩᠭᠦᠶ᠎ᠪᠡᠷ ᠦᠭᠡᠢᠰᠭᠡᠬᠦ᠌᠎ᠶ᠋ᠢ ᠪᠡᠶᠡᠯᠡᠭᠦᠯᠵᠠᠢ᠃ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠦᠷᠨᠢᠬᠦᠯᠪᠠ᠃ ᠪᠥᠬᠥ᠌ ᠣᠷᠣᠨ᠎ᠳᠤ ᠨᠥᠬᠥᠪᠥᠷᠢ᠎ᠶ᠋ᠢᠨ ᠴᠢᠨᠠᠷᠲᠠᠶ ᠪᠣᠯᠪᠠᠰᠤᠷᠠᠯ᠎ᠢ ᠨᠡᠢᠲᠡ 301.3 ᠲᠦᠮᠡᠨ ᠬᠥᠮᠦᠨ ᠤᠳᠠᠭ᠎ᠠ ᠥᠷᠨᠢᠭᠦᠯᠵᠦ᠍᠂ ᠨᠥᠬᠥᠪᠥᠷᠢ᠎ᠶ᠋ᠢᠨ ᠪᠠᠯᠠ ᠮᠥᠩᠭᠥ᠎ᠶ᠋ᠢ 32.66 ᠳ᠋ᠦᠩᠱᠢᠭᠤᠷ ᠲᠥᠭᠥᠷᠢᠭ ᠲᠠᠷᠬᠠᠭᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ 125.3 ᠲᠦᠮᠡᠨ ᠬᠥᠮᠦᠨ ᠪᠠᠢᠭ᠍ᠰᠠᠨ᠎ᠠᠴᠠ᠎ᠪᠠᠨ ᠨᠡᠮᠡᠭ᠌ᠳᠡᠭᠡᠳ 350.9 ᠲᠦᠮᠡᠨ ᠬᠥᠮᠦᠨ ᠪᠣᠯᠵᠠᠢ᠃
ᠦᠶ᠋ᠯᠡᠰ ᠪᠤᠰᠬᠠᠬᠤ ᠨᠢ ᠠᠵᠢᠯ ᠣᠯᠭᠣᠯᠲᠠ᠎ᠶ᠋ᠢ ᠳᠠᠢᠴᠢᠯᠠᠪᠠ᠃ ᠪᠥᠬᠥ᠌ ᠣᠷᠣᠨ᠎ᠳᠤ 220.7 ᠳ᠋ᠦᠩᠱᠢᠭᠤᠷ ᠲᠥᠭᠥᠷᠢᠭ᠎ᠦᠨ ᠦᠶ᠋ᠯᠡᠰ ᠪᠤᠰᠬᠠᠬᠤ ᠪᠠᠲᠤᠯᠭᠠᠲᠤ ᠵᠢᠭᠡᠯᠡᠯᠭᠡ ᠲᠠᠯᠪᠢᠵᠤ᠂ ᠦᠶ᠋ᠯᠡᠰ ᠪᠤᠰᠬᠠᠬᠤ ᠬᠦᠷᠢᠶᠡᠯᠡᠩ ᠪᠠ ᠨᠡᠪᠴᠢᠭᠦᠯᠬᠦ᠌ ᠰᠠᠭᠤᠷᠢᠨ ᠵᠡᠷᠭᠡ᠎ᠶ᠋ᠢ 343 ᠪᠠᠢᠭᠤᠯᠵᠤ᠂ 3.78 ᠲᠦᠮᠡᠨ ᠡᠷᠦᠬᠡ ᠪᠣᠳᠠᠲᠤ ᠴᠣᠭ᠍ᠴᠠ ᠵᠢᠨᠡᠵᠡᠭᠨᠡᠯᠲᠠ ᠬᠢᠵᠤ᠂ 33.4 ᠲᠦᠮᠡᠨ ᠬᠥᠮᠦᠨ᠎ᠦ ᠠᠵᠢᠯ ᠣᠯᠭᠣᠯᠲᠠ᠎ᠶ᠋ᠢ ᠳᠠᠢᠴᠢᠯᠠᠪᠠ᠃ 10 ᠵᠢᠯ᠎ᠦᠨ ᠲᠤᠷᠰᠢ᠂ ᠮᠠᠨ᠎ᠤ ᠣᠷᠣᠨ᠎ᠤ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 16800 ᠲᠥᠭᠥᠷᠢᠭ ᠪᠠᠢᠭ᠍ᠰᠠᠨ᠎ᠠᠴᠠ᠎ᠪᠠᠨ ᠨᠡᠮᠡᠭ᠌ᠳᠡᠭᠡᠳ 34108 ᠲᠥᠭᠥᠷᠢᠭ ᠪᠣᠯᠵᠣ᠂ ᠣᠯᠠᠨ ᠲᠦᠮᠡᠨ᠎ᠦ ᠣᠷᠣᠯᠭ᠎ᠠ ᠨᠡᠮᠡᠭᠲᠠᠨ᠂ ᠢᠲᠡᠭᠡᠯ ᠵᠣᠷᠢᠭ ᠬᠦᠪᠴᠢᠯᠡᠭᠲᠠᠪᠡ᠃
ᠨᠡᠢᠭᠡᠮ᠎ᠦᠨ ᠳᠠᠭᠠᠳᠭᠠᠯ᠎ᠳᠤ ᠤᠷᠤᠭᠠᠳ ᠰᠠᠨᠠᠭ᠎ᠠ ᠠᠮᠤᠷ ᠪᠣᠯᠪᠠ
1000 ᠲᠥᠭᠥᠷᠢᠭ ᠵᠣᠭᠣᠰ ᠵᠢᠡᠨ ᠨᠡᠢᠭᠡᠮ᠎ᠦᠨ ᠳᠠᠭᠠᠳᠭᠠᠯ᠎ᠤᠨ ᠰᠠᠯᠠᠭ᠎ᠠ ᠮᠥᠴᠢᠷ᠎ᠲᠦ ᠲᠤᠱᠢᠶᠠᠭᠠᠳ ᠲᠠᠷᠢᠶᠠᠴᠢᠨ ᠸᠧᠢ ᠰᠠᠨ ᠰᠠᠨᠠᠭ᠎ᠠ ᠠᠮᠠᠷᠠᠪᠠ᠃ ᠠᠯᠢ ᠡᠷᠲᠡ 2008 ᠣᠨ᠎ᠳᠤ ᠸᠧᠢ ᠰᠠᠨ ᠲᠤᠰᠭᠠᠢᠯᠠᠨ ᠬᠣᠳᠠ᠎ᠳᠤ ᠬᠦᠷᠴᠦ᠄ 《ᠲᠠᠷᠢᠶᠠᠴᠢᠳ ᠨᠡᠢᠭᠡᠮ᠎ᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠵᠤ ᠪᠣᠯᠤᠨ᠎ᠠ ᠦ᠋ᠦ?》 ᠭᠡᠵᠦ᠍ ᠯᠠᠪᠯᠠᠬᠤ᠎ᠳᠤ᠂ ᠤᠷᠤᠵᠤ ᠪᠤᠯᠬᠤ ᠦᠭᠡᠢ ᠬᠡᠭᠦ ᠬᠠᠷᠢᠭᠤᠯᠳᠠ ᠤᠯᠪᠠ᠃
2012 ᠣᠨ᠎ᠳᠤ᠂ ᠥᠪᠥᠷ ᠮᠣᠩᠭᠣᠯ᠎ᠤᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠡᠢᠭᠡᠮ᠎ᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠤᠨ ᠲᠦᠷᠢᠮ᠎ᠢ ᠪᠦᠬᠦᠨ ᠢ᠋ ᠪᠦᠷᠬᠦᠬᠦᠯᠬᠦ ᠵᠢ ᠪᠡᠶᠡᠯᠡᠬᠦᠯᠵᠦ᠂ ᠲᠠᠷᠢᠶᠠᠴᠢᠳ ᠬᠣᠲᠠ ᠪᠠᠯᠭᠠᠰᠤᠨ᠎ᠤ ᠰᠠᠭᠤᠭᠠᠯᠢ ᠠᠷᠠᠳ ᠲᠠᠢ ᠠᠳᠠᠯᠢᠬᠠᠨ ᠲᠦᠷᠢᠮ᠂ ᠠᠳᠠᠯᠢᠬᠠᠨ ᠬᠠᠷᠠᠭᠠᠯᠵᠠᠯ ᠭᠥᠷᠳᠡᠬᠦ ᠪᠤᠯᠵᠤ᠂ ᠰᠦᠶ᠋ᠳᠭᠡᠯ ᠲᠤᠱᠢᠶᠠᠬᠤ ᠬᠠᠮᠤᠭ᠎ᠤᠨ ᠥᠨᠳᠥᠷ ᠲᠠᠰ ᠨᠢ ᠴᠥᠮ 1000 ᠲᠥᠭᠥᠷᠢᠭ ᠪᠣᠯᠤᠨ᠎ᠠ᠃ ᠸᠧᠶ ᠰᠠᠨ ᠥᠴᠦᠬᠡᠨ ᠴᠦ᠍ ᠲᠠᠲᠠᠭᠠᠯᠵᠠᠯ ᠦᠭᠡᠶ᠎ᠪᠡᠷ ᠰᠦᠢᠳᠭᠡᠯ ᠲᠤᠱᠢᠶᠠᠬᠤ ᠬᠠᠮᠤᠭ᠎ᠤᠨ ᠥᠨᠳᠥᠷ ᠳᠡᠰ᠎ᠢ ᠰᠣᠩᠭᠣᠵᠠᠶ᠃
10 ᠵᠢᠯ᠎ᠦᠨ ᠲᠤᠷᠰᠢ᠂ ᠮᠠᠨ᠎ᠤ ᠣᠷᠣᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠠᠭᠠᠵᠢᠮ᠎ᠢᠶᠠᠷ ᠲᠡᠭᠦᠯᠳᠡᠷᠵᠢᠵᠦ᠍᠂ ᠬᠠᠮᠤᠷᠬᠤ ᠬᠥᠮᠦᠰ ᠲᠠᠰᠤᠷᠠᠯᠲᠠ ᠥᠬᠡᠶ ᠥᠷᠭᠡᠵᠢᠵᠦ᠂ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 1228 ᠲᠦᠮᠡ ᠪᠠᠢᠭ᠍ᠰᠠᠨ᠎ᠠᠴᠠ᠎ᠪᠠᠨ 1615 ᠲᠦᠮᠡ ᠪᠣᠯᠳᠠᠯ᠎ᠠ ᠨᠡᠮᠡᠭᠳᠡᠵᠦ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 967.7 ᠲᠦᠮᠡ ᠪᠠᠢᠭ᠍ᠰᠠᠨ᠎ᠠᠴᠠ᠎ᠪᠠᠨ ᠨᠡᠮᠡᠭ᠌ᠳᠡᠭᠡᠳ 2192.2 ᠲᠦᠮᠡ ᠪᠣᠯᠵᠣ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠌ ᠂ ᠡᠮ ᠡᠮᠨᠡᠯᠭᠡ᠎ᠶ᠋ᠢᠨ ᠳᠠᠭᠠᠳᠭᠠᠯ᠎ᠤᠨ ᠨᠥᠬᠥᠪᠥᠷᠢ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠌ ᠪᠠᠷᠢᠮᠵᠢᠶ᠎ᠠ᠎ᠶ᠋ᠢ ᠵᠢᠯ ᠳᠠᠷᠠᠭᠠᠯᠠᠨ ᠳᠡᠭᠡᠭ᠌ᠰᠢᠯᠡᠭᠦᠯᠵᠦ᠍᠂ ᠣᠯᠠᠨ ᠲᠦᠮᠡᠨ᠎ᠦ ᠬᠣᠢᠱᠢᠳᠠ᠎ᠶ᠋ᠢᠨ ᠵᠣᠪᠠᠨᠢᠯ᠎ᠢ ᠴᠢᠷᠮᠠᠢᠨ ᠱᠢᠶ᠋ᠳᠪᠦᠷᠢᠯᠡᠪᠡ᠃
ᠬᠡᠪᠴᠢᠶ᠎ᠡ᠎ᠶ᠋ᠢ ᠥᠷᠭᠡᠳᠭᠡᠬᠦ᠌᠎ᠶ᠋ᠢᠨ ᠬᠠᠮᠲᠤ᠂ ᠬᠠᠷᠠᠭᠠᠯᠵᠠᠯ᠎ᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠳᠦ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ᠌᠎ᠶ᠋ᠢ《ᠬᠠᠮᠤᠭ᠎ᠤᠨ ᠬᠦᠴᠦᠷᠬᠡᠭ ᠲᠠᠭᠤᠨ》 ᠪᠣᠯᠭᠠᠪᠠ᠃
ᠱᠢᠯᠢ᠎ᠶ᠋ᠢᠨ ᠭᠤᠤᠯ ᠠᠢᠮᠠᠭ᠎ᠤᠨ ᠳᠣᠯᠣᠨ ᠨᠤᠤᠷ ᠱᠢᠶᠠᠨ᠎ᠤ 68 ᠨᠠᠰᠤᠲᠠᠶ ᠠᠵᠢᠯ᠎ᠠᠴᠠ᠎ᠪᠠᠨ ᠠᠮᠠᠷᠠᠭ᠍ᠰᠠᠨ ᠠᠵᠢᠯᠲᠠᠨ ᠾᠧ ᠱᠠᠨ ᠰᠠᠷ᠎ᠠ ᠪᠦᠷᠢ 4000 ᠭᠠᠷᠤᠶ ᠲᠥᠭᠥᠷᠢᠭ ᠤ᠋ᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ ᠣᠯᠵᠤ᠂ ᠠᠮᠢᠳᠤᠷᠠᠯ ᠨᠢ ᠶᠠᠪᠤᠬᠤ ᠲᠤᠲᠤᠮ ᠰᠠᠢᠵᠢᠷᠠᠪᠠ᠃
49 ᠨᠠᠰᠤᠲᠠᠶ ᠬᠥᠬᠡᠬᠣᠲᠠ᠎ᠶ᠋ᠢᠨ ᠬᠣᠷᠢᠨᠭᠡᠷ ᠱᠢᠶᠠᠨ᠎ᠤ ᠲᠠᠷᠢᠶᠠᠴᠢᠨ ᠯᠢᠦ ᠶᠢᠩ ᠬᠥᠬᠥᠨ ᠪᠤᠯᠴᠢᠷᠬᠠᠶ᠎ᠶ᠋ᠢᠨ ᠥᠮᠡᠨ᠎ᠳᠦ ᠨᠡᠷᠪᠡᠭ᠌ᠳᠡᠵᠦ᠍᠂ ᠡᠮᠨᠡᠯᠭᠡ᠎ᠳᠦ ᠰᠠᠭᠤᠬᠤ ᠪᠣᠯᠭᠠᠨ ᠴᠥᠮ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠂ ᠬᠦᠨᠳᠦ ᠡᠪᠡᠳᠴᠢᠨ᠎ᠦ ᠳᠠᠭᠠᠳᠭᠠᠯ᠂ ᠡᠮ ᠡᠮᠨᠡᠯᠭᠡ᠎ᠶ᠋ᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠪᠠᠲᠤᠯᠠᠭ᠎ᠠ᠎ᠶ᠋ᠢᠨ ᠬᠠᠷᠠᠭᠠᠯᠵᠠᠯ᠎ᠢ ᠭᠥᠷᠳᠡᠵᠦ᠍᠂ ᠲᠠᠩᠰᠠ ᠲᠠᠢᠯᠬᠤ ᠬᠠᠷᠢᠴᠠᠯ᠎ᠨᠢ 90 % ᠡᠴᠠ ᠳᠡᠭᠡᠭ᠌ᠰᠢ ᠳ᠋ᠤ ᠬᠦᠷᠴᠡᠢ᠃
ᠦᠨᠳᠦᠰᠦᠨ ᠨᠠᠰᠤᠵᠢᠯ᠎ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠪᠠᠷ ᠭᠣᠣᠯᠳᠠᠯᠭ᠎ᠠ ᠪᠣᠯᠭᠠᠭ᠍ᠰᠠᠨ ᠨᠡᠢᠭᠡᠮ᠎ᠦᠨ ᠪᠠᠲᠤᠯᠠᠭ᠎ᠠ᠎ᠶ᠋ᠢᠨ ᠲᠣᠣᠷ᠎ᠢ ᠨᠢᠭ᠍ᠲᠠ ᠰᠦᠯᠵᠢᠪᠡ᠃
ᠪᠥᠬᠥ᠌ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠪᠠᠢᠭᠤᠯᠤᠮᠵᠢ᠎ᠶ᠋ᠢᠨ ᠣᠷᠣ 13.58 ᠲᠦᠮᠡ ᠪᠠᠢᠭ᠍ᠰᠠᠨ᠎ᠠᠴᠠ᠎ᠪᠠᠨ ᠨᠡᠮᠡᠭ᠌ᠳᠡᠭᠡᠳ 21.33 ᠲᠦᠮᠡ ᠪᠣᠯᠵᠣ᠂ ᠬᠡᠷ᠎ᠲᠡᠬᠡᠨ ᠰᠠᠭᠤᠭ᠎ᠠ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠲᠦᠭᠦᠭᠡᠷᠦᠮᠵᠢ 614 ᠪᠠᠢᠭ᠍ᠰᠠᠨ᠎ᠠᠴᠠ᠎ᠪᠠᠨ ᠨᠡᠮᠡᠭ᠌ᠳᠡᠭᠡᠳ 1165 ᠪᠣᠯᠵᠣ᠂ ᠡᠯ᠎ᠡ ᠵᠦᠶ᠋ᠯ᠎ᠦᠨ ᠨᠠᠰᠤᠳᠠᠢᠴᠤᠳ ᠤ᠋ᠨ ᠬᠣᠭᠣᠯᠠᠨ ᠬᠡᠷ ᠪᠠ ᠨᠠᠰᠤᠲᠠᠢᠴᠤᠳ᠎ᠤᠨ ᠡᠷᠡᠭᠦᠯ ᠮᠡᠨᠳᠦ᠍᠎ᠶ᠋ᠢᠨ ᠲᠦᠭᠦᠭᠡᠷᠦᠮᠵᠢ᠎ᠶ᠋ᠢ ᠲᠦᠷᠭᠡᠳᠭᠡᠨ ᠲᠦᠭᠡᠮᠡᠯᠵᠢᠭᠦᠯᠪᠡ᠃ ᠥᠨᠥᠴᠢᠨ ᠬᠡᠦᠬᠡᠳ᠎ᠢ ᠲᠥᠪᠯᠡᠷᠡᠭᠦᠯᠬᠦ ᠪᠤᠶᠤ ᠰᠠᠯᠭᠠᠵᠤ ᠠᠰᠠᠷᠠᠨ ᠲᠡᠵᠢᠭᠡᠬᠦ᠌ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ ᠵᠢ ᠵᠢᠯ ᠳᠠᠷᠠᠭᠠᠯᠠᠨ ᠳᠡᠭᠡᠭ᠌ᠰᠢᠯᠡᠬᠦᠯᠪᠡ᠃ ᠮᠠᠯᠵᠢᠬᠤ ᠲᠠᠷᠢᠶᠠᠯᠠᠬᠤ ᠣᠷᠣᠨ᠎ᠤ ᠬᠡᠷ᠎ᠲᠡᠬᠡᠨ ᠬᠣᠴᠣᠷᠤᠭ᠍ᠰᠠᠨ ᠬᠡᠦᠬᠡᠳ ᠪᠠ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠮᠠᠭᠠᠯᠠᠬᠤ ᠱᠢᠰᠲ᠋ᠧᠮ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠲᠦᠷᠢᠮ ᠲᠠᠰᠤᠷᠠᠯᠲᠠ ᠥᠬᠡᠶ ᠲᠡᠭᠦᠯᠳᠡᠷᠵᠢᠪᠡ᠃
ᠨᠡᠢᠭᠡᠮ᠎ᠦᠨ ᠪᠠᠲᠤᠯᠠᠭ᠎ᠠ᠎ᠶ᠋ᠢᠨ ᠲᠤᠤᠷ᠎ᠢ ᠨᠢᠭ᠍ᠲᠠ ᠰᠦᠯᠵᠢᠬᠦ᠌᠎ᠶ᠋ᠢᠨ ᠬᠠᠮᠲᠤ ᠂ ᠡᠨᠡ 10 ᠵᠢᠯ᠎ᠳᠦ ᠂ ᠮᠠᠨ᠎ᠤ ᠣᠷᠣᠨ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ 《ᠰᠦᠯᠵᠢᠶᠡᠨ ᠳᠡᠭᠡᠷ᠎ᠡ ᠭᠦᠶ᠋ᠴᠡᠳᠭᠡᠬᠦ᠌》᠂ 《ᠠᠯᠠᠭᠠᠨ ᠳᠡᠭᠡᠷ᠎ᠡ ᠭᠦᠶ᠋ᠴᠡᠳᠭᠡᠬᠦ᠌》᠂《ᠨᠢᠭᠡ ᠴᠣᠩᠬᠤᠪᠴᠢ᠎ᠪᠠᠷ ᠭᠦᠶ᠋ᠴᠡᠳᠭᠡᠬᠦ᠌》ᠵᠢ ᠪᠦᠬᠦ ᠲᠠᠯ᠎ᠠ ᠪᠡᠷ ᠠᠬᠢᠭᠤᠯᠵᠤ᠂ ᠠᠵᠢᠯ ᠣᠯᠭᠣᠯᠲᠠ ᠪᠠ ᠨᠡᠢᠭᠡᠮ᠎ᠦᠨ ᠪᠠᠲᠤᠯᠠᠭ᠎ᠠ ᠵᠡᠷᠭᠡ 151 ᠵᠦᠶ᠋ᠯ᠎ᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ 《ᠰᠦᠯᠵᠢᠶᠡᠨ ᠳᠡᠭᠡᠷ᠎ᠡ ᠭᠦᠶ᠋ᠴᠡᠳᠭᠡᠬᠦ᠌》᠂ 61 ᠵᠦᠶ᠋ᠯ᠎ᠢ 《ᠠᠯᠠᠭᠠᠨ ᠳᠡᠭᠡᠷ᠎ᠡ ᠭᠦᠶ᠋ᠴᠡᠳᠭᠡᠬᠦ᠌》᠂ 136 ᠵᠦᠶ᠋ᠯ᠎ᠢ 《ᠨᠢᠭᠡ ᠴᠣᠩᠬᠤᠪᠴᠢ᠎ᠪᠠᠷ ᠭᠦᠶ᠋ᠴᠡᠳᠭᠡᠬᠦ᠌》᠎ᠶ᠋ᠢ ᠪᠡᠶᠡᠯᠡᠭᠦᠯᠵᠦ᠍᠂ ᠠᠷᠠᠳ ᠣᠯᠠᠨ ᠳ᠋ᠤ ᠨᠠᠩ ᠳᠥᠭᠥᠮ ᠳᠥᠲᠡ᠂ ᠨᠠᠩ ᠥᠨᠳᠥᠷ ᠪᠦᠲᠦᠮᠵᠢᠲᠡᠶ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ ᠭᠥᠷᠳᠡᠭᠡᠪᠡ᠃
ᠡᠷᠡᠭᠦᠯ ᠮᠡᠨᠳᠦ᠍᠎ᠶ᠋ᠢ ᠬᠠᠮᠠᠭᠠᠯᠠᠬᠤ ᠪᠠᠳᠤ ᠪᠡᠬᠢ ᠲᠤᠯᠭᠠᠭᠤᠷᠢᠯᠠᠯ ᠬᠠᠩᠭᠠᠪᠠ
ᠪᠦᠬᠦ᠌ ᠠᠷᠠᠳ᠎ᠤᠨ ᠡᠷᠡᠭᠦᠯ ᠮᠡᠨᠳᠦ ᠪᠠᠢᠬᠤ ᠦᠭᠡᠢ ᠪᠣᠯ ᠪᠦᠬᠦ᠌ ᠲᠠᠯ᠎ᠠ᠎ᠶ᠋ᠢᠨ ᠴᠢᠨᠡᠭᠡᠯᠢᠭ ᠨᠡᠢᠭᠡᠮ ᠪᠠᠢᠵᠤ ᠴᠢᠳᠠᠬᠤ ᠦᠭᠡᠢ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ ᠨᠢ ᠠᠷᠠᠳ ᠲᠦᠮᠡᠨ᠎ᠦ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠲᠠᠶ ᠱᠢᠭᠤᠳ ᠬᠣᠯᠪᠣᠭ᠍ᠳᠠᠵᠤ ᠪᠠᠢᠳᠠᠭ᠃ ᠮᠠᠨ᠎ᠤ ᠣᠷᠣᠨ ᠢᠮᠠᠭ᠍ᠲᠠ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢ ᠤᠷᠢᠳ ᠵᠢᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ᠃
ᠠᠷᠠᠳ ᠲᠦᠮᠡᠨ᠎ᠢᠶᠡᠷ ᠭᠣᠣᠯ ᠪᠣᠯᠭᠠᠵᠤ᠂ ᠠᠯᠢᠪᠠ ᠪᠦᠬᠦᠨ ᠠᠷᠠᠳ ᠲᠦᠮᠡᠨ᠎ᠦ ᠲᠥᠯᠥᠭᠡ ᠪᠠᠢᠬᠤ ᠵᠢ ᠪᠤᠳᠠᠳᠤ ᠠᠵᠢᠯᠯᠠᠭ᠎ᠠ ᠳᠡᠭᠡᠷ᠎ᠡ᠎ᠪᠡᠨ ᠦᠨᠡᠨᠬᠦ ᠨᠠᠢᠳᠠᠪᠤᠷᠢᠵᠢᠭᠤᠯᠪᠠ᠃ 2021 ᠣᠨ᠎ᠠᠴᠠ ᠨᠠᠭᠠᠰᠢ᠂ ᠮᠠᠨ᠎ᠤ ᠣᠷᠣᠨ ᠡᠷᠢᠶᠡᠨ ᠬᠤᠳᠠ᠂ ᠡᠵᠡᠨ᠎ᠡ᠂ ᠮᠠᠨᠵᠤᠤᠷ᠂ ᠬᠥᠬᠡᠬᠣᠲᠠ ᠵᠡᠷᠭᠡ ᠭᠠᠵᠠᠷ᠎ᠤᠨ ᠬᠢᠵᠢᠭ᠎ᠦᠨ ᠪᠠᠢᠳᠠᠯ᠎ᠢ ᠪᠦᠲᠦᠮᠵᠢᠲᠡᠢ ᠱᠢᠢᠳᠪᠦᠷᠢᠯᠡᠵᠦ᠍ ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ 2400 ᠭᠠᠷᠤᠢ ᠲᠦᠮᠡᠨ ᠠᠷᠠᠳ ᠲᠦᠮᠡᠨ᠎ᠦ ᠠᠮᠤᠷ ᠠᠮᠤᠭᠤᠯᠠᠩ ᠪᠣᠯᠤᠨ ᠵᠣᠯ ᠵᠢᠷᠭᠠᠯ᠎ᠢ ᠪᠦᠬᠦ᠌ ᠬᠦᠴᠦᠨ᠎ᠢᠶᠡᠷ ᠵᠢᠡᠨ ᠬᠠᠮᠠᠭᠠᠯᠠᠪᠠ ᠁ ᠠᠯᠠᠱᠠ ᠵᠡᠭᠦᠨ ᠬᠣᠱᠢᠭᠤᠨ᠎ᠤ ᠮᠠᠯᠴᠢᠨ ᠤᠳᠤᠨ ᠭᠡᠷ᠎ᠦᠨ᠎ᠢᠶᠡᠨ ᠺᠣᠮᠫᠢᠦ᠋ᠲ᠋ᠧᠷ᠎ᠦᠨ ᠡᠮᠦᠨ᠎ᠡ ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠲᠤᠰᠭᠠᠢ ᠮᠡᠷᠭᠡᠵᠢᠯᠲᠡᠨ᠎ᠲᠡᠶ 《ᠨᠢᠭᠤᠷᠳᠠᠨ》 ᠡᠮᠨᠡᠭᠦᠯᠵᠦ᠍᠂ ᠡᠮ ᠠᠪᠬᠤ᠂ ᠰᠦᠢᠳᠭᠡᠯ ᠲᠤᠱᠢᠶᠠᠬᠤ ᠵᠡᠷᠭᠡ ᠠᠵᠢᠯ᠎ᠢ ᠴᠥᠮ ᠰᠦᠯᠵᠢᠶᠡᠨ ᠳᠡᠭᠡᠷ᠎ᠡ ᠬᠢᠵᠦ᠍ ᠳᠠᠭᠤᠰᠭᠠᠪᠠ᠃
ᠣᠢᠯᠠᠭᠠᠭ᠍ᠰᠠᠨ᠎ᠢᠶᠠᠷ᠂ 2019 ᠣᠨ᠎ᠠᠴᠠ ᠡᠬᠢᠯᠡᠨ᠂ ᠮᠠᠨ᠎ᠤ ᠣᠷᠣᠨ᠎ᠤ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ ᠵᠠᠯᠭᠠᠭ᠎ᠠ᠎ᠪᠠᠷ 《ᠢᠨᠲ᠋ᠧᠷ ᠰᠦᠯᠵᠢᠶ᠎ᠡ + ᠰᠤᠪᠢᠯᠠᠯᠲᠠ》 ᠶ᠋ᠢᠨ ᠦᠶ᠋ᠯᠡᠴᠢᠯᠡᠭᠡ ᠭᠠᠷᠭᠠᠵᠤ᠂ ᠡᠮᠨᠡᠯᠭᠡ᠎ᠡᠴᠡ ᠭᠠᠷᠤᠭ᠍ᠰᠠᠨ ᠡᠪᠡᠳᠴᠢᠲᠡᠨ ᠪᠤᠶᠤ ᠶᠠᠪᠤᠵᠤ ᠰᠠᠭᠤᠬᠤ᠎ᠳᠦ ᠳᠥᠭᠥᠮ ᠦᠭᠡᠢ ᠣᠨᠴᠠᠭᠠᠶ ᠬᠥᠮᠦᠰ᠎ᠲᠦ ᠳᠥᠭᠥᠮ ᠳᠥᠲᠡ ᠦᠶ᠋ᠯᠡᠴᠢᠯᠡᠭᠡ ᠬᠠᠩᠭᠠᠪᠠ᠃ ᠡᠭᠦᠨ᠎ᠦ ᠬᠠᠮᠲᠤ᠂ ᠮᠠᠨ᠎ᠤ ᠣᠷᠣᠨ ᠲᠠᠪᠤᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠠᠢᠭᠤᠯᠵᠤ᠂ ᠡᠯ᠎ᠡ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠰᠠᠭᠤᠷᠢ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ ᠵᠢ ᠲᠤᠢᠯ᠎ᠤᠨ ᠶᠡᠬᠡᠪᠡᠷ ᠴᠢᠩᠭᠠᠳᠬᠠᠵᠦ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠮᠡᠷᠭᠡᠵᠢᠯ᠎ᠦᠨ ᠠᠵᠢᠯᠲᠠᠨ᠎ᠤ ᠪᠦᠬᠦᠯᠢ ᠴᠣᠭ᠍ᠴᠠ᠎ᠶ᠋ᠢᠨ ᠬᠡᠪ ᠴᠢᠨᠠᠷ ᠲᠠᠰᠤᠷᠠᠯᠲᠠ ᠥᠬᠡᠶ ᠳᠡᠭᠡᠭ᠌ᠰᠢᠯᠡᠵᠦ᠍᠂ ᠡᠮ ᠡᠮᠨᠡᠯᠭᠡ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠢᠯᠡᠳᠲᠡ ᠳᠡᠭᠡᠭᠰᠢᠯᠡᠪᠡ᠃ 2021 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠳᠤ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠨᠡᠢᠲᠡ 24951 ᠪᠠᠢᠵᠤ᠂ ᠡᠭᠦᠨ᠎ᠳᠦ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ 806 ᠂ ᠮᠠᠯᠵᠢᠬᠤ ᠲᠠᠷᠢᠶᠠᠯᠠᠬᠤ ᠣᠷᠣᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ 1251᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ 122᠂ ᠡᠬᠡ ᠨᠢᠯᠬᠠᠰ᠎ᠤᠨ ᠡᠷᠡᠭᠦᠯ ᠬᠠᠮᠠᠭᠠᠯᠠᠯ᠎ᠤᠨ ᠪᠠᠢᠭᠤᠯᠤᠮᠵᠢ 114 ᠂ ᠲᠤᠰᠭᠠᠶ ᠮᠡᠷᠭᠡᠵᠢᠯ᠎ᠦᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠦᠪ (ᠭᠠᠵᠠᠷ)14 ᠪᠣᠶ᠃ ᠮᠠᠯᠵᠢᠬᠤ ᠲᠠᠷᠢᠶᠠᠯᠠᠬᠤ ᠣᠷᠣᠨ᠎ᠳᠤ 1.3 ᠲᠦᠮᠡᠨ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠲᠠᠶ᠂ 1.3 ᠲᠦᠮᠡᠨ ᠬᠥᠳᠡᠭᠡ ᠲᠣᠰᠭᠣᠨ᠎ᠤ ᠡᠮᠴᠢ ᠪᠠ ᠡᠷᠡᠭᠦᠯ ᠬᠠᠮᠠᠭᠠᠯᠡᠯ᠎ᠤᠨ ᠠᠵᠢᠯᠳᠠᠨ᠎ᠲᠠᠶ ᠪᠥᠭᠡᠳ ᠮᠠᠨ᠎ᠤ ᠣᠷᠣᠨ ᠮᠤᠵᠢ ᠠᠯᠤᠰᠯᠠᠨ ᠤᠨᠳᠤᠤ ᠭᠠᠵᠠᠷ ᠡᠮᠨᠡᠭᠦᠯᠵᠦ᠍ ᠡᠮᠨᠡᠯᠭᠡ᠎ᠳᠦ ᠰᠠᠭᠤᠭ᠍ᠰᠠᠨ ᠵᠠᠷᠤᠳᠠᠯ᠎ᠢ ᠱᠢᠭᠤᠳ ᠳ᠋ᠦᠩᠨᠡᠨ ᠪᠤᠳᠤᠬᠤ᠎ᠶ᠋ᠢ ᠠᠯᠢ ᠡᠷᠲᠡ ᠪᠡᠶᠡᠯᠡᠭᠦᠯᠵᠦ᠍᠂ ᠣᠯᠠᠨ ᠲᠦᠮᠡᠨ᠎ᠦ 《ᠡᠪᠡᠳᠴᠢᠨ ᠦᠵᠡᠭᠦᠯᠬᠦ᠌᠎ᠳᠦ ᠬᠦᠴᠢᠷᠲᠡᠶ》᠂ 《ᠡᠪᠡᠳᠴᠢᠨ ᠦᠵᠡᠭᠦᠯᠬᠦ᠌᠎ᠳᠦ ᠦᠨᠡᠲᠡᠶ》 ᠪᠠᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠨᠠᠮᠳᠠᠭᠤᠯᠪᠠ᠃
157 ᠲᠦᠮᠡᠨ ᠲᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠪᠥᠬᠥ᠌ ᠤᠯᠤᠰ᠎ᠤᠨ ᠠᠷᠠᠳ ᠲᠦᠮᠡᠨ᠎ᠲᠡᠶ ᠬᠠᠮᠲᠤ᠎ᠪᠠᠷ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌ ᠬᠦᠰᠡᠯ ᠵᠡᠭᠦᠳᠦ᠍᠎ᠶ᠋ᠢ ᠳᠡᠷᠭᠡᠯᠰᠢᠬᠦᠯᠪᠠ; ᠪᠥᠬᠥ᠌ ᠣᠷᠣᠨ ᠪᠦᠰᠡ᠎ᠳᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠦᠨᠳᠦᠰᠦᠨ᠎ᠳᠡᠭᠡᠨ ᠲᠡᠩᠴᠡᠭᠦᠷᠢᠲᠡᠶ ᠬᠥᠭ᠌ᠵᠢᠭᠦᠯᠬᠦ᠌᠎ᠶ᠋ᠢ ᠪᠡᠶᠡᠯᠡᠭᠦᠯᠵᠦ᠍᠂ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ ᠣᠷᠣᠭ᠍ᠰᠠᠨ ᠨᠣᠷᠮ᠎ᠠ ᠵᠡᠷᠭᠡ᠎ᠶ᠋ᠢ 90% ᠡᠴᠠ ᠳᠡᠭᠡᠭ᠌ᠰᠢ᠎ᠳᠦ ᠬᠦᠷᠦᠭᠦᠯᠪᠡ; ᠬᠥᠯᠥᠨ ᠪᠤᠢᠷ ᠬᠣᠲᠠ᠂ ᠱᠢᠯᠢ᠎ᠶ᠋ᠢᠨ ᠭᠣᠣᠯ ᠠᠢᠮᠠᠭ᠂ ᠠᠯᠠᠱᠠ ᠠᠢᠮᠠᠭ ᠵᠡᠷᠭᠡ ᠠᠢᠮᠠᠭ ᠬᠣᠲᠠ᠎ᠶ᠋ᠢᠨ ᠳᠠᠭᠠᠵᠤ ᠨᠡᠭᠦᠭ᠌ᠰᠡᠨ ᠦᠷ᠎ᠡ ᠬᠡᠦᠬᠡᠳ᠎ᠢ ᠪᠦᠬᠦᠨ᠎ᠢ ᠠᠯᠪᠠᠨ᠎ᠠᠴᠠ ᠡᠷᠬᠢᠯᠡᠭ᠌ᠰᠡᠨ ᠰᠤᠷᠭᠠᠭᠤᠯᠢ᠎ᠳᠤ ᠣᠷᠣᠭᠤᠯᠪᠠ; ᠪᠥᠬᠥ᠌ ᠣᠷᠣᠨ᠎ᠳᠤ 46.4 ᠲᠦᠮᠡᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠵᠦ᠍᠂ 116.65 ᠲᠦᠮᠡᠨ ᠡᠷᠦᠬᠡ ᠵᠢᠨ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠵᠦ᠍᠂ ᠡᠯ᠎ᠡ ᠲᠥᠷᠥᠯ᠎ᠦᠨ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ ᠪᠠ 160 ᠭᠠᠷᠤᠶ ᠲᠦᠮᠡᠨ ᠢᠵᠢ ᠲᠥᠬᠥᠮ ᠪᠦᠳᠦᠴᠡᠳᠦ ᠣᠷᠣᠨ ᠰᠠᠭᠤᠴᠠ᠎ᠶ᠋ᠢ ᠲᠥᠬᠥᠷᠵᠢᠭᠦᠯᠦᠨ ᠪᠠᠢᠭᠤᠯᠵᠤ᠂ 140 ᠲᠦᠮᠡᠨ ᠢᠵᠢ ᠬᠡᠷ ᠭᠠᠵᠠᠷ᠎ᠤᠨ ᠬᠥᠷᠥᠩᠭᠡ᠎ᠶ᠋ᠢᠨ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠱᠢᠶ᠋ᠳᠪᠦᠷᠢᠯᠡᠪᠡ; ᠤᠯᠠᠨ ᠲᠦᠮᠡᠨ᠎ᠦ 《ᠪᠠᠴᠢᠮᠳᠠᠵᠦ ᠳᠦᠪᠡᠭᠳᠡᠵᠦ ᠵᠤᠪᠠᠨᠢᠵᠦ ᠬᠦᠰᠡᠵᠦ》 ᠪᠠᠢᠭ᠎ᠠ ᠠᠰᠠᠭᠤᠳᠠᠯ᠎ᠳᠤ ᠬᠠᠢᠷ᠎ᠠ ᠬᠠᠯᠠᠮᠵᠢ ᠬᠦᠷᠲᠡᠭᠡᠵᠦ᠍ ᠂ ᠤᠯᠠᠨ ᠲᠦᠮᠡᠨ᠎ᠦ ᠰᠠᠨᠠᠭᠠᠱᠢᠷᠠᠵᠤ ᠪᠠᠢᠭ᠎ᠠ ᠶᠠᠪᠤᠳᠠᠯ᠂ ᠲᠦᠪᠡᠭ᠌ᠳᠡᠵᠦ᠍ ᠪᠠᠢᠭ᠎ᠠ ᠶᠠᠪᠤᠳᠠᠯ᠎ᠢ ᠱᠢᠢᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠢᠳᠤᠷᠠᠯ ᠨᠡᠩ ᠵᠣᠯ ᠵᠢᠷᠭᠠᠯ᠎ᠲᠠᠶ᠂ ᠢᠷᠡᠭᠡᠳᠦᠢ ᠨᠡᠩ ᠰᠠᠢ᠌ᠨ ᠰᠠᠢᠬᠠᠨ ᠪᠣᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃