ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠬᠠᠷᠢᠭᠤᠯᠲᠠ᠎ᠶ᠋ᠢᠨ ᠬᠠᠭᠤᠳᠠᠰᠤ

2022-09-04 16:31:45

ᠵᠣᠬᠢᠶᠠᠭ᠍ᠴᠢ᠄ ᠯᠢ ᠼᠦᠨ ᠱᠢᠶᠠ ᠣᠩᠱᠢᠭ᠍ᠰᠠᠨ ᠣᠳᠠᠭ᠎ᠠ᠄ 3

ᠡᠨᠳᠡ ᠨᠡᠭᠡᠭᠡᠯᠲᠡ ᠲᠡᠢ ᠪᠠᠭ᠍ᠲᠠᠭᠠᠮᠵᠢ ᠲᠠᠢ ᠪᠦᠯᠬᠦᠮᠳᠡᠯ᠎ᠲᠡᠶ ᠲᠣᠭ᠍ᠲᠠᠭᠤᠨ᠎ᠤ ᠬᠠᠯᠠᠭᠤᠨ ᠬᠥᠷᠥᠰᠥ᠍ ᠲᠠᠢ᠂ 《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠦᠳᠦᠭᠡᠨ ᠪᠠᠢᠭᠤᠯᠤᠬᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》 ᠬᠥᠮᠦᠰ᠎ᠦᠨ ᠰᠡᠳᠭᠢᠯ᠎ᠢ ᠬᠥᠳᠡᠯᠭᠡᠮ᠎ᠡ ᠢᠷᠠᠭᠤ ᠲᠤᠤᠯᠢᠰ᠎ᠢ ᠪᠢᠴᠢᠭ᠌ᠯᠡᠵᠡᠢ ; ᠲᠦᠮᠡᠨ ᠭᠠᠵᠠᠷ᠎ᠤᠨ ᠴᠠᠶ᠎ᠶ᠋ᠢᠨ ᠵᠠᠮ ᠡᠨᠡᠬᠦᠷ ᠲᠠᠮᠵᠢᠨ ᠦᠩᠬᠡᠷᠡᠵᠦ᠂ ᠦᠨᠳᠦᠰᠦᠲᠡᠨ᠎ᠨᠦᠭᠦᠳ᠎ᠦᠨ ᠠᠭᠤᠰᠤᠯᠴᠠᠨ ᠨᠡᠢᠯᠡᠵᠤ᠂ ᠣᠯᠠᠨ ᠡᠱᠢᠲᠦ ᠨᠢᠭᠡ ᠴᠣᠭ᠍ᠴᠠᠵᠢᠭ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢ ᠭᠡᠷᠡᠴᠢᠯᠡᠪᠠ ; ᠡᠨᠡ ᠪᠣᠯ ᠠᠮᠢ ᠠᠬᠤᠢ᠎ᠶ᠋ᠢᠨ ᠴᠢᠳᠠᠪᠬᠢᠳᠤ ᠲᠤᠮᠤ ᠣᠷᠣᠨ᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》 ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠴᠣᠭ᠍ᠴᠠᠯᠠᠨ ᠪᠠᠢᠭᠤᠯᠵᠠᠢ᠃

ᠡᠨᠡ ᠪᠣᠯ ᠥᠪᠥᠷ ᠮᠣᠩᠭᠣᠯ ᠂ 2400 ᠲᠦᠮᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠠᠮᠲᠤ᠎ᠶ᠋ᠢᠨ ᠭᠡᠷ ᠣᠷᠣᠨ ᠪᠣᠯᠤᠨ᠎ᠠ᠃ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠶ᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠶᠤᠮ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠬᠣᠶᠠᠷ ᠤᠳᠠᠭ᠎ᠠ ᠥᠪᠥᠷ ᠮᠣᠩᠭᠣᠯ᠎ᠳᠤ ᠬᠦᠨᠵᠡᠭᠡᠢᠷᠡᠨ ᠱᠢᠨᠵᠢᠯᠡᠨ ᠪᠠᠢᠴᠠᠭᠠᠵᠤ᠂ ᠲᠠᠪᠤᠨ ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠴᠢᠭ᠌ᠯᠡᠯ᠎ᠢ ᠲᠣᠭ᠍ᠲᠠᠭᠠᠬᠰᠠᠨ ᠪᠠᠢᠨ᠎ᠠ᠃

《ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ᠎ᠢ ᠮᠠᠰᠢ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ》 ᠃ ᠶᠡᠷᠦᠩᠬᠡᠶ ᠱᠦᠵᠢ ᠰᠢ ᠵᠢᠨ ᠫᠢᠩ᠎ᠦᠨ ᠡᠨᠡᠬᠦ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠰᠠᠢᠲᠤᠷ ᠭᠦᠶ᠋ᠴᠡᠳᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠦᠯᠬᠦᠮᠳᠡᠨ ᠲᠡᠮᠡᠴᠡᠵᠦ᠍᠂ ᠵᠣᠯ ᠵᠢᠷᠭᠠᠯᠲᠤ ᠰᠠᠢᠨ ᠰᠠᠢᠬᠠᠨ ᠬᠡᠷ ᠣᠷᠣᠨ᠎ᠢᠶᠠᠨ ᠬᠠᠮᠲᠤ ᠪᠠᠷ ᠴᠣᠭ᠍ᠴᠠᠯᠠᠨ ᠪᠠᠢᠭᠤᠯᠵᠠᠢ᠃

ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ᠎ᠶ᠋ᠢ ᠱᠤᠭᠤᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠪᠠ

ᠥᠷᠭᠡᠨ ᠠᠭᠤᠳᠠᠮ ᠲᠠᠯ᠎ᠠ ᠨᠤᠲᠤᠭ᠎ᠤᠨ ᠬᠠᠮᠤᠭ᠎ᠤᠨ ᠦᠵᠡᠰᠬᠦᠯᠡᠨᠭᠳᠤ ᠰᠠᠢᠬᠠᠨ ᠤᠯᠠᠷᠢᠯ᠎ᠳᠦ ᠠᠷᠪᠠ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ· ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢᠷ ᠲᠣᠭ᠍ᠲᠠᠭ᠍ᠰᠠᠨ ᠴᠠᠭ ᠲᠠᠭᠠᠨ ᠶᠠᠪᠤᠭᠳᠠᠵᠤ᠂ 25 ᠵᠦᠢᠯ᠎ᠦᠨ ᠤᠳᠭ᠎ᠠ ᠤᠷᠠᠯᠢᠭ᠎ᠤᠨ ᠠᠵᠢᠯᠯᠠᠭ᠎ᠠ ᠨᠢ ᠭᠦᠨ ᠵᠤᠵᠠᠭᠠᠨ ᠳᠤᠮᠳᠠᠳᠤ᠎ᠶ᠋ᠢᠨ ᠰᠣᠶᠣᠯ ᠤᠷᠠᠯᠢᠭ᠎ᠤᠨ ᠠᠭᠤᠷ ᠠᠮᠢᠰᠭᠤᠯ᠎ᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠳ᠋ᠯᠡᠭᠦᠯᠪᠠ᠃

ᠡᠨᠡ ᠪᠣᠯ ᠤᠷᠠᠯᠢᠭ᠎ᠤᠨ ᠦᠪᠡᠳᠡᠭ᠌ᠰᠢ ᠴᠤᠭ᠍ᠯᠠᠭᠠᠨ᠂ ᠠᠷᠠᠳ ᠲᠦᠮᠡᠨ᠎ᠦ ᠪᠠᠶᠠᠷ᠎ᠤᠨ ᠡᠳᠦᠷ ᠮᠥᠨ᠂ ᠨᠡᠩ ᠴᠤ᠌ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠮᠢᠳᠤᠯᠢᠭ ᠢᠯᠡᠷᠡᠯ ᠮᠥᠨ᠃ 20 ᠱᠢᠬᠠᠮ ᠵᠢᠯ ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢᠷ᠎ᠢᠶᠠᠷ ᠳᠡᠮᠵᠢᠨ᠂ ᠳᠤᠮᠳᠠᠳᠤ᠎ᠶ᠋ᠢᠨ ᠰᠣᠶᠣᠯ᠎ᠤᠨ ᠲᠡᠮᠳᠡᠭ᠂ ᠳᠤᠮᠳᠠᠳᠤ᠎ᠶ᠋ᠢᠨ ᠦᠨᠳᠦᠰᠦᠲᠡᠨ᠎ᠦ ᠳᠦᠷᠢ ᠲᠥᠷᠬᠦ᠌᠎ᠶ᠋ᠢ ᠦᠷᠭᠦᠯᠵᠢᠯᠡᠨ ᠪᠣᠶ ᠪᠣᠯᠭᠠᠨ ᠱᠤᠭᠤᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠰᠠᠨᠠᠭ᠎ᠠ᠎ᠵᠢ ᠨᠢᠭᠳᠠᠷᠠᠭᠤᠯᠪᠠ᠃

ᠳᠤᠮᠳᠠᠳᠤ᠎ᠶ᠋ᠢᠨ ᠪᠣᠯᠪᠠᠰᠤᠨ ᠪᠣᠯ ᠡᠯ᠎ᠠ ᠦᠨᠳᠦᠰᠦᠲᠡᠨ᠎ᠤ ᠰᠣᠶᠣᠯ᠎ᠤᠨ ᠦᠨᠳᠦᠰᠦ ᠰᠤᠷᠪᠤᠯᠵᠢ ᠮᠥᠨ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠃ ᠤᠯᠠᠨ ᠵᠢᠯ᠎ᠦᠨ ᠲᠤᠷᠰᠢ ᠂ ᠥᠪᠥᠷ ᠮᠣᠩᠭᠣᠯ ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠦ ᠪᠦᠯᠬᠦᠮᠳᠡᠯ᠎ᠢ ᠤᠮᠳᠠᠯᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠪᠠᠢᠭᠤᠯᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠦᠨ ᠬᠢᠨ ᠪᠠᠢᠩᠭᠤ᠎ᠶ᠋ᠢᠨ ᠴᠢᠨᠠᠷᠲᠠᠶ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠪᠡ᠃ ᠥᠪᠥᠷ ᠮᠣᠩᠭᠣᠯ᠎ᠤᠨ ᠶᠡᠬᠡ ᠰᠤᠷᠭᠠᠭᠤᠯᠢ ᠤᠯᠤᠰ᠎ᠤᠨ ᠠᠩᠬᠠᠳᠠᠭ᠍ᠴᠢ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ ᠪᠠ ᠪᠤᠢᠵᠢᠭᠤᠯᠤᠯᠳᠠ ᠵᠢᠨ ᠰᠠᠭᠤᠷᠢᠨ᠎ᠢᠶᠠᠷ ᠰᠣᠩᠭᠣᠭ᠍ᠳᠠᠵᠤ᠂ 8 ᠨᠢᠭᠡᠴᠢ ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ ᠪᠠ ᠪᠤᠢᠵᠢᠭᠤᠯᠤᠯᠳᠠ ᠵᠢᠨ ᠰᠠᠭᠤᠷᠢᠨ᠎ᠪᠤᠯᠵᠤ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ 《ᠮᠢᠨᠦ᠍ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠭᠡᠷ》 ᠵᠡᠷᠭᠡ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠳᠠ ᠵᠢ ᠦᠷᠭᠡᠨ᠎ᠢᠶᠡᠷ ᠵᠤᠬᠢᠶᠠᠨ ᠪᠠᠢᠭᠤᠯᠵᠤ ᠦᠷᠨᠢᠬᠦᠯᠵᠠᠢ ᠁ 《ᠭᠤᠷᠪᠠᠨ ᠰᠠᠯᠵᠤ ᠴᠢᠳᠠᠬᠤ ᠦᠭᠡᠢ》 ᠂ 《ᠲᠠᠪᠤᠨ ᠬᠠᠮᠲᠤ᠎ᠶ᠋ᠢᠨ ᠲᠠᠨᠢᠯᠲᠠ》 ᠵᠢᠨ ᠦᠵᠡᠯ ᠰᠠᠨᠠᠭ᠎ᠠ ᠪᠣᠯᠤᠨ《ᠲᠦᠷᠪᠡ᠎ᠶ᠋ᠢ ᠬᠠᠮᠲᠤᠳᠬᠠᠬᠤ》 ᠣᠢᠯᠠᠭᠠᠭ᠍ᠳᠠᠬᠤᠨ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠨᠭᠰᠢᠬᠰᠠᠨ ᠪᠠᠢᠨ᠎ᠠ᠃

ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠬᠡᠦᠬᠡᠳ᠎ᠡᠴᠡ ᠡᠬᠢᠯᠡᠨ ᠠᠳᠭᠤᠬᠤ ᠬᠡᠷᠡᠭ᠌ᠲᠡᠢ᠃ ᠥᠪᠥᠷ ᠮᠣᠩᠭᠣᠯ ᠳ᠋ᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠵᠢ ᠪᠥᠬᠥ᠌ ᠲᠠᠯ᠎ᠠ᠎ᠪᠠᠷ ᠬᠡᠷᠡᠭ᠌ᠵᠢᠬᠦᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠶᠡᠬᠡ᠎ᠪᠡᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠪᠥᠬᠥ᠌ ᠣᠷᠣᠨ᠎ᠤ ᠪᠣᠶ ᠪᠥᠬᠥᠶ ᠬᠡᠦᠬᠡᠳ᠎ᠦᠨ ᠴᠡᠴᠡᠷᠯᠢᠭ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠡ᠎ᠤ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠪᠡᠶᠡᠯᠡᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ ᠵᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃

ᠥᠪᠥᠷ ᠮᠣᠩᠭᠣᠯ ᠡᠢᠮᠤᠷᠬᠦᠤ ᠪᠦᠲᠦᠮᠵᠢᠲᠡᠢ ᠠᠷᠭ᠎ᠠ ᠬᠡᠯᠪᠡᠷᠢ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ ᠪᠦᠯᠬᠦᠮᠳᠡᠬᠦᠯᠵᠤ᠂ ᠡᠷᠡᠯᠭᠡᠭᠯᠡᠨ ᠤᠷᠤᠭ᠍ᠰᠢᠯᠠᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠣᠯᠪᠣᠭᠠᠰᠤ᠎ᠶ᠋ᠢ ᠪᠦᠷᠢᠯᠳᠦᠭᠦᠯᠵᠡᠢ᠃

ᠠᠬ᠎ᠠ ᠳᠡᠭᠦᠦ ᠲᠦᠷᠦᠯ ᠰᠠᠳᠤᠨ ᠪᠣᠯᠤᠯᠴᠠᠵᠤ ᠵᠣᠯ ᠵᠢᠷᠭᠠᠯᠲᠤ ᠠᠮᠢᠳᠤᠷᠠᠯ᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠪᠡ

ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠳ᠋ᠠ ᠮᠢᠶᠣᠣ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ ᠥᠩᠭᠡᠷᠡᠭ᠌ᠰᠡᠨ᠎ᠳᠦ ᠨᠢᠭᠡᠨ ᠵᠢᠵᠢᠭ ᠠᠭᠤᠯᠠᠨ ᠲᠣᠰᠭᠣᠨ ᠪᠠᠢᠵᠠᠢ ᠃ ᠣᠢᠷ᠎ᠠ᠎ᠶ᠋ᠢᠨ ᠬᠡᠳᠦᠨ ᠵᠢᠯ᠎ᠳᠦ ᠦᠨᠳᠦᠰᠦᠲᠡᠨ ᠎ᠨᠦᠭᠦᠳ᠎ᠦᠨ ᠣᠯᠠᠨ ᠲᠦᠮᠡᠨ ᠪᠦᠯᠬᠦᠮᠳᠡᠨ ᠨᠢᠭᠡᠳᠴᠦ᠍ ᠱᠢᠷᠭᠠᠭᠤ ᠬᠠᠲᠠᠭᠤᠵᠢᠯᠲᠠᠶ ᠠᠵᠢᠯᠯᠠᠵᠤ ᠂ ᠡᠪᠡᠰᠦᠨ ᠡᠮ ᠳᠠᠷᠢᠵᠤ ᠪᠣᠯᠪᠠᠰᠤᠷᠠᠭᠤᠯᠬᠤ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍ ᠂ ᠵᠢᠭᠤᠯᠴᠢᠯᠠᠯ᠎ᠤᠨ ᠲᠣᠰᠭᠣᠨ᠎ᠢ ᠬᠦᠴᠦᠯᠡᠨ ᠴᠣᠭ᠍ᠴᠠᠯᠠᠵᠤ᠂ ᠲᠣᠰᠭᠣᠨ᠎ᠤ ᠠᠷᠠᠳ᠎ᠤᠨ ᠠᠮᠢᠳᠤᠷᠠᠯ ᠡᠳᠦᠷ ᠡᠴᠨ ᠡᠳᠦᠷ ᠰᠠᠢᠵᠢᠷᠠᠪᠠ᠃ ᠡᠨᠡ ᠵᠢᠯ᠎ᠦᠨ 1 ᠰᠠᠷ᠎ᠠ᠎ᠳᠤ ᠱᠢᠶᠤᠤ ᠮᠢᠶᠣᠣ ᠽᠢ ᠲᠣᠰᠭᠣᠨ ᠶᠢᠰᠦᠳᠦᠭᠡᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠨᠡᠷᠡᠢᠳᠦᠭᠳᠡᠪᠡ᠃

《ᠮᠠᠨ᠎ᠤ ᠲᠣᠰᠭᠣᠨ 2700 ᠭᠠᠷᠤᠢ ᠬᠥᠮᠦᠨ ᠲᠠᠢ᠂ ᠡᠭᠦᠨ᠎ᠳᠤ ᠬᠢᠲᠠᠳ ᠦᠨᠳᠦᠰᠦᠲᠡᠨ 1500 ᠭᠠᠷᠤᠢ ᠬᠥᠮᠦᠨ ᠂ ᠮᠣᠩᠭᠣᠯ ᠦᠨᠳᠦᠰᠦᠲᠡᠨ 700 ᠭᠠᠷᠤᠢ ᠬᠥᠮᠦᠨ᠂ ᠮᠠᠨᠵᠤ ᠦᠨᠳᠦᠰᠦᠲᠡᠨ 300 ᠭᠠᠷᠤᠢ ᠬᠥᠮᠦᠨ ᠪᠤᠢ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠬᠥᠭ᠌ᠵᠢᠯᠲᠡ᠎ᠶ᠋ᠢᠨ ᠨᠢᠭᠤᠴᠠ ᠵᠣᠷ ᠮᠥᠨ》 ᠃ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ᠄ 《ᠡᠨᠡ ᠬᠡᠳᠦᠨ ᠵᠢᠯ᠎ᠳᠦ ᠪᠢᠳᠡ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠠᠰᠤᠷᠠᠯᠳᠠ ᠦᠭᠡᠢ ᠤᠬᠠᠭᠤᠯᠵᠤ᠂ ᠡᠯ᠎ᠡ ᠵᠦᠢᠯ᠎ᠦᠨ ᠠᠵᠢᠯᠯᠠᠭ᠎ᠠ ᠥᠷᠨᠢᠭᠦᠯᠵᠦ᠍ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ》 ᠭᠡᠵᠦ ᠶᠠᠷᠢᠨ᠎ᠠ᠃

ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠭᠡᠷ ᠪᠦᠯᠢ ᠮᠥᠨ᠃ ᠥᠪᠥᠷ ᠮᠣᠩᠭᠣᠯ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠬᠦᠴᠦᠯᠡᠬᠦ᠌ ᠴᠡᠭ᠎ᠢ ᠨᠡᠢᠭᠡᠮ ᠲᠣᠭᠣᠷᠢᠭ᠎ᠲᠤ ᠲᠠᠯᠪᠢᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠣᠶ ᠪᠣᠯᠭᠠᠪᠠ᠃

ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠱᠢᠩ ᠺᠠᠩ ᠨᠡᠢᠭᠡᠮ ᠲᠣᠭᠣᠷᠢᠭ ᠨᠠᠢᠷᠠᠯ ᠳᠠᠭᠤᠤ᠎ᠶ᠋ᠢᠨ ᠪᠦᠯᠬᠦᠮ ᠵᠡᠷᠭᠡ ᠤᠳᠭ᠎ᠠ ᠤᠷᠠᠯᠢᠭ᠎ᠤᠨ ᠡᠩᠨᠡᠭᠡ ᠪᠠᠢᠭᠤᠯᠵᠤ ᠂ ᠡᠯ᠎ᠡ ᠵᠦᠶ᠋ᠯ᠎ᠦᠨ ᠤᠳᠭ᠎ᠠ ᠤᠷᠠᠯᠢᠭ᠎ᠤᠨ ᠠᠵᠢᠯᠯᠠᠭ᠎ᠠ᠎ᠪᠠᠷ ᠳᠠᠮᠵᠢᠭᠤᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠢᠯᠠᠭᠠᠯᠴᠠᠭ᠎ᠠ ᠠᠭᠤᠰᠤᠯᠴᠠᠯ᠎ᠢ ᠠᠬᠢᠭᠤᠯᠪᠠ᠃ 《ᠮᠠᠨ᠎ᠤ ᠨᠠᠢᠷᠠᠯ ᠳᠠᠭᠤᠤ᠎ᠶ᠋ᠢᠨ ᠪᠦᠯᠬᠦᠮ ᠳ᠋ᠤ ᠬᠢᠲᠠᠳ ᠦᠨᠳᠦᠰᠦᠲᠡᠨ ᠂ ᠮᠣᠩᠭᠣᠯ ᠦᠨᠳᠦᠰᠦᠲᠡᠨ ᠂ ᠬᠣᠲᠣᠩ ᠦᠨᠳᠦᠰᠦᠲᠡᠨ ᠂ ᠳᠠᠭᠤᠷ ᠦᠨᠳᠦᠰᠦᠲᠡᠨ ᠪᠠᠢᠵᠤ ᠂ ᠤᠯᠠᠨ᠎ᠢᠶᠠᠷ᠎ᠢᠶᠠᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ᠎ᠦᠨ ᠮᠠᠭ᠍ᠲᠠᠭᠠᠯ ᠳᠠᠭᠤᠤ᠎ᠶ᠋ᠢ ᠬᠠᠮᠲᠤ᠎ᠪᠠᠷ ᠬᠠᠩᠭᠢᠨᠠᠭᠤᠯᠪᠠ》 ᠭᠡᠵᠦ᠍ ᠨᠠᠢᠷᠠᠯ ᠳᠠᠭᠤᠤ᠎ᠶ᠋ᠢᠨ ᠪᠦᠯᠬᠦᠮ᠎ᠦᠨ ᠳᠠᠷᠤᠭ᠎ᠠ ᠴᠧᠨ ᠹᠦ᠋ ᠯᠢᠨ ᠶᠠᠷᠢᠨ᠎ᠠ᠃

ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠶᠠᠩᠵᠤ ᠬᠡᠯᠪᠡᠷᠢ᠎ᠶ᠋ᠢᠨ ᠣᠯᠠᠨ ᠲᠦᠮᠡᠨᠴᠢ ᠴᠢᠨᠠᠷᠲᠠᠶ ᠰᠣᠯᠢᠯᠴᠠᠭᠠᠨ᠎ᠤ ᠠᠵᠢᠯᠯᠠᠭ᠎ᠠ᠎ᠶ᠋ᠢ ᠣᠷᠳᠣ ᠬᠤᠭᠤᠴᠠᠭ᠎ᠠ᠎ᠪᠠᠷ ᠥᠷᠨᠢᠭᠦᠯᠵᠦ᠍᠂ ᠨᠡᠢᠭᠡᠮ ᠲᠣᠭᠣᠷᠢᠭ᠎ᠤᠨ ᠵᠠᠭᠤᠨ ᠠᠢᠯ᠎ᠤᠨ ᠳᠠᠢᠯᠠᠯᠭ᠎ᠠ᠂ ᠬᠥᠷᠰᠢ ᠰᠠᠭᠠᠬᠠᠯᠲᠠ᠎ᠶ᠋ᠢᠨ ᠨᠠᠢᠷ ᠡᠷᠭᠢᠯᠡᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠪᠠᠢᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠂ ᠦᠨᠳᠦᠰᠦᠲᠡᠨ᠎ᠨᠦᠭᠦᠳ᠎ᠦᠨ ᠨᠠᠩ ᠭᠦᠨ ᠳᠠᠪᠬᠤᠷᠭ᠎ᠠ᠎ᠶ᠋ᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠂ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠠᠢ᠃

ᠣᠢᠷ᠎ᠠ᠎ᠶ᠋ᠢᠨ ᠵᠢᠯ᠎ᠦᠨ ᠲᠤᠷᠰᠢ ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠠᠢᠭᠤᠯᠭ᠎ᠠ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠱᠢᠶᠠᠩ ᠪᠠᠯᠭᠠᠰᠤᠨ᠎ᠳᠤ ᠣᠷᠣᠭᠤᠯᠬᠤ᠂ ᠰᠤᠷᠭᠠᠭᠤᠯᠢ᠎ᠳᠤ ᠣᠷᠣᠭᠤᠯᠬᠤ᠂ ᠰᠤᠮᠤᠨ ᠠᠩᠭᠢ᠎ᠳᠤ ᠣᠷᠣᠭᠤᠯᠬᠤ᠂ ᠱᠠᠱᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ᠎ᠲᠤ ᠣᠷᠣᠭᠤᠯᠬᠤ᠂ ᠰᠦᠯᠵᠢᠶᠡᠨ᠎ᠳᠦ ᠣᠷᠣᠭᠤᠯᠬᠤ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍᠂ ᠠᠮᠵᠢᠯᠳᠠ ᠲᠦᠭᠦᠷᠡᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠭ᠍ᠰᠠᠨ ᠪᠠᠢᠨ᠎ᠠ᠃

ᠣᠳᠣᠬᠠᠨ ᠪᠣᠯᠲᠠᠯ᠎ᠠ𑙡᠂ ᠥᠪᠥᠷ ᠮᠣᠩᠭᠣᠯ᠎ᠤᠨ 69 ᠭᠠᠵᠠᠷ ᠣᠷᠣᠨ ᠪᠠ ᠪᠠᠢᠭᠤᠯᠭ᠎ᠠ ᠨᠢᠭᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠣᠷᠣᠨ ᠪᠠ ᠨᠢᠬᠡᠴᠢ ᠪᠠᠷ ᠦᠨᠡᠯᠡᠭ᠌ᠳᠡᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 215 ᠵᠢᠱ᠌ᠢᠶᠡᠴᠢ ᠬᠠᠮᠲᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 234 ᠵᠢᠱ᠌ᠢᠶᠡᠴᠢ ᠬᠤᠪᠢ ᠬᠥᠮᠦᠨ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠳᠠᠭᠤᠷᠢᠶᠠᠯ ᠪᠣᠯᠵᠠᠶ᠃

ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠮᠤᠷ ᠲᠣᠭ᠍ᠲᠠᠭᠤᠨ ᠡᠶ᠎ᠡ ᠵᠣᠬᠢᠴᠠᠩᠭᠤᠶ ᠵᠢᠷᠭᠠᠯᠲᠤ ᠤᠷᠤᠨ᠎ᠢ ᠴᠤᠭᠴᠠᠯᠠᠪᠠ

ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠠᠯᠲᠠᠨ ᠡᠮᠡᠭᠡᠯ ᠪᠠᠯᠭᠠᠰᠤᠨ᠎ᠤ ᠱᠠᠩᠳᠠ ᠭᠠᠴᠠᠭ᠎ᠠ᠎ᠳᠤ ᠬᠥᠷᠬᠥ᠎ᠳᠦ᠂ ᠬᠡᠷ ᠪᠠᠢᠱᠢᠩ ᠵᠢᠭᠳᠡᠷᠡᠨ ᠬᠣᠨᠢᠨ ᠰᠦᠷᠦᠭ ᠲᠠᠷᠭᠤ ᠰᠠᠢᠲᠠᠶ ᠪᠠᠢᠵᠤ᠂ ᠦᠨᠳᠦᠰᠦᠲᠡᠨ᠎ᠨᠦᠭᠦᠳ᠎ᠦᠨ ᠮᠠᠯᠴᠢᠳ᠎ᠤᠨ ᠠᠮᠢᠳᠤᠷᠠᠯ ᠡᠳᠦᠷ ᠡᠴᠡ ᠡᠳᠦᠷ ᠰᠠᠢᠵᠢᠷᠠᠵᠤ ᠪᠠᠢᠨ᠎ᠠ᠃

2017 ᠣᠨ᠎ᠳᠤ ᠱᠠᠩᠳᠠ ᠭᠠᠴᠠᠭᠠᠨ᠎ᠤ ᠬᠢᠨ 100 ᠲᠦᠮᠡᠨ ᠲᠥᠭᠥᠷᠢᠭ᠎ᠤᠨ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠭᠦᠯᠦᠯᠲᠡ ᠵᠢᠨ ᠪᠠᠯᠠ ᠮᠥᠩᠭᠥ ᠵᠢ ᠬᠡᠷᠡᠭᠯᠡᠨ 1275 ᠬᠤᠷᠠᠭ᠎ᠠ ᠬᠤᠳᠠᠯᠳᠤᠨ ᠠᠪᠴᠤ᠌᠂ ᠲᠡᠵᠢᠭᠡᠨ ᠦᠷᠡᠵᠢᠭᠦᠯᠬᠦ᠌ ᠰᠠᠭᠤᠷᠢᠨ ᠪᠠᠢᠭᠤᠯᠪᠠ᠃ 2019 ᠣᠨ᠎ᠠᠴᠠ ᠡᠬᠢᠯᠡᠨ᠂ ᠭᠠᠴᠠᠭᠠᠨ᠎ᠠᠴᠠ ᠮᠢᠩᠭ᠎ᠠ ᠭᠠᠷᠤᠶ ᠡᠬᠡ ᠮᠠᠯ᠎ᠢ ᠬᠠᠷᠢᠴᠠᠩᠭᠤᠶ ᠶᠠᠳᠠᠭᠤ ᠬᠦᠴᠢᠷᠳᠡᠯᠲᠡᠶ ᠮᠠᠯᠴᠢᠳ᠎ᠲᠤ ᠳᠠᠭᠠᠭᠠᠴᠢᠯᠠᠭᠤᠯᠵᠤ᠂ ᠬᠡᠳᠦᠨ ᠵᠢᠯ᠎ᠦᠨ ᠬᠥᠭ᠌ᠵᠢᠯᠲᠡ᠎ᠪᠡᠷ ᠳᠡᠮᠵᠢᠨ᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ ᠨᠡᠮᠡᠭ᠌ᠳᠡᠵᠦ᠍᠂ ᠮᠠᠯᠴᠢᠳ᠎ᠤᠨ ᠤᠷᠤᠯᠭ᠎ᠠ᠎ᠴᠤ ᠨᠡᠮᠡᠭᠳᠡᠵᠦ᠂ ᠪᠣᠬᠢᠷᠲᠤᠯ ᠥᠬᠡᠶ᠎ᠪᠠᠶᠠᠵᠢᠯ᠎ᠤᠨ ᠵᠠᠮ᠎ᠢ ᠨᠡᠭᠡᠭᠡᠭ᠌ᠰᠡᠨ ᠪᠠᠢᠨ᠎ᠠ᠃

ᠡᠬᠡ ᠤᠯᠤᠰ᠎ᠤᠨ ᠤᠮᠠᠷᠠᠲᠤ ᠎ᠶ᠋ᠢᠨ 4200 ᠭᠠᠷᠤᠶ ᠺᠢᠯᠣᠮᠧᠲ᠋ᠷ᠎ᠦᠨ ᠬᠢᠯᠢ᠎ᠶ᠋ᠢᠨ ᠱᠤᠭᠤᠮ ᠳᠡᠭᠡᠷ᠎ᠡ᠂ ᠥᠪᠥᠷ ᠮᠣᠩᠭᠣᠯ᠎ᠤᠨ 20 ᠬᠢᠯᠢ᠎ᠶ᠋ᠢᠨ ᠬᠣᠱᠢᠭᠤ ᠬᠣᠲᠠ (ᠲᠣᠭᠣᠷᠢᠭ) ᠲᠠᠷᠬᠠᠵᠤ ᠪᠠᠢᠳᠠᠭ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠬᠢᠯᠢ ᠬᠢᠵᠠᠭᠠᠷ ᠣᠷᠣᠨ᠎ᠢ ᠪᠡᠬᠢᠵᠢᠭᠦᠯᠦᠨ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠶᠡᠬᠡ ᠪᠡᠷ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠭᠦᠯᠦᠯᠲᠡ᠎ᠶ᠋ᠢᠨ ᠪᠠᠯᠠ ᠮᠥᠩᠭᠥ᠎ᠶ᠋ᠢ ᠨᠡᠢᠲᠡ 56.8636 ᠳ᠋ᠦᠩᠱᠢᠭᠤᠷ ᠲᠥᠭᠥᠷᠢᠭ ᠪᠠᠭᠤᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠦᠯᠬᠦᠮᠳᠡᠨ ᠲᠡᠮᠡᠴᠡᠵᠦ᠍᠂ ᠬᠢᠯᠢ ᠬᠢᠵᠠᠭᠠᠷ ᠣᠷᠣᠨ᠎ᠢᠶᠠᠨ ᠬᠥᠭ᠌ᠵᠢᠭᠦᠯᠦᠨ ᠮᠠᠨᠳᠤᠭᠤᠯᠵᠠᠶ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠵᠢᠷᠤᠮᠯᠠᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠳᠠᠰᠢ ᠬᠠᠮᠲᠤ᠎ᠪᠠᠷ ᠤᠷᠤᠭ᠍ᠰᠢᠯᠠᠬᠤ ᠪᠣᠳᠠᠰ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ᠃

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠵᠤ ᠦᠢᠯᠡᠰ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ ᠪᠦᠬᠦᠨ᠎ᠢᠶᠡᠷ᠎ᠢᠶᠡᠨ ᠶᠠᠳᠠᠭᠤ᠎ᠠᠴᠠ ᠪᠠᠨ ᠠᠩᠭᠢᠵᠢᠷᠠᠵᠤ᠂ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠲᠠᠰᠤᠷᠠᠯᠳᠠ ᠦᠭᠡᠢ ᠴᠢᠩᠭᠠᠷᠠᠪᠠ᠃

ᠣᠢᠷ᠎ᠠ᠎ᠶ᠋ᠢᠨ ᠵᠢᠯ᠎ᠳᠤ ᠥᠪᠥᠷ ᠮᠣᠩᠭᠣᠯ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ ᠵᠢᠨ ᠱᠢᠰᠲ᠋ᠧᠮ ᠪᠠ ᠵᠠᠰᠠᠯᠲᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠬᠦᠷᠢᠶ᠎ᠡ ᠴᠠᠷᠠᠭᠠᠨ᠎ᠳᠡᠬᠢ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠳᠠᠯᠳᠠ ᠬᠡᠮ᠎ᠢ ᠡᠷᠡᠰ ᠰᠡᠷᠭᠡᠢᠯᠡᠪᠡ᠃

2021 ᠣᠨ᠎ᠤ 5 ᠰᠠᠷ᠎ᠠ᠎ᠶ᠋ᠢᠨ 1 ᠎ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠎ᠢ᠋ ᠵᠢᠩᠬᠢᠨᠢ᠎ᠪᠡᠷ ᠬᠡᠷᠡᠭ᠌ᠵᠢᠭᠦᠯᠪᠡ; 2022 ᠣᠨ᠎ᠤ 1 ᠰᠠᠷ᠎ᠠ᠎ᠶ᠋ᠢᠨ 1 ᠎ᠤ᠋ ᠡᠳᠦᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ〉 ᠵᠢ ᠬᠡᠷᠡᠭ᠌ᠵᠢᠭᠦᠯᠬᠦ᠌ ᠠᠷᠭ᠎ᠠ》 ᠵᠢ ᠬᠡᠷᠡᠭ᠌ᠵᠢᠭᠦᠯᠪᠡ ᠁

ᠥᠪᠥᠷ ᠮᠣᠩᠭᠣᠯ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》᠂ 《ᠦᠨᠳᠦᠰᠦᠲᠡᠨ᠎ᠦ ᠬᠠᠤᠯᠢᠵᠢᠯ᠎ᠤᠨ ᠤᠬᠠᠭᠤᠯᠭ᠎ᠠ᠎ᠶ᠋ᠢᠨ ᠭᠠᠷᠠᠭ》 ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠦᠨᠳᠦᠰᠦᠲᠡᠨ᠎ᠳᠦ ᠬᠣᠯᠪᠣᠭ᠍ᠳᠠᠭ᠍ᠰᠠᠨ ᠬᠦᠴᠦᠨ ᠵᠦᠶ᠋ᠯ᠎ᠦᠨ ᠵᠥᠷᠢᠴᠡᠯ ᠵᠢᠭᠤᠷᠠᠭᠠᠨ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠬᠦ᠌᠎ᠪᠡᠷ ᠴᠢᠷᠮᠠᠢᠪᠠ᠃

ᠥᠨᠢ ᠤᠳᠠᠭᠠᠨ ᠤᠯᠠᠮᠵᠢᠯᠠᠭᠳᠠᠭᠰᠠᠭᠠᠷ ᠢᠷᠡᠭᠰᠡᠨ ᠲᠡᠦᠬᠡ᠎ᠶ᠋ᠢᠨ ᠰᠠᠢᠬᠠᠨ ᠦᠯᠢᠭᠡᠷ᠎ᠡᠴᠡ ᠥᠨᠥᠳᠦᠷ᠎ᠦᠨ ᠬᠠᠮᠲᠤ᠎ᠪᠠᠷ ᠬᠢᠵᠢᠭ᠎ᠲᠡᠶ ᠲᠡᠮᠡᠴᠡᠭᠰᠡᠨ ᠪᠦᠯᠬᠦᠮᠳᠡᠯ᠎ᠦᠨ ᠱᠢᠨ᠎ᠡ ᠬᠠᠭᠤᠳᠠᠰᠤ ᠵᠢ ᠳᠡᠯᠭᠡᠭᠰᠡᠨ ᠬᠦᠷᠲᠡᠯ᠎ᠡ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢᠮᠠᠭ᠍ᠲᠠ ᠰᠡᠳᠭᠢᠯ ᠵᠢᠷᠦᠬᠡ᠎ᠪᠡᠨ ᠬᠣᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ᠎ᠦ ᠪᠦᠯᠬᠦᠮᠳᠡᠯ᠎ᠤᠨ ᠠᠶᠠᠰ ᠎ᠢ ᠰᠡᠳᠭᠢᠯ ᠨᠢᠭᠡᠳᠦᠨ ᠬᠠᠩᠭᠢᠨᠠᠭᠤᠯᠪᠠ᠃

《ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠨ᠎ᠠ》᠃ ᠱᠢᠨ᠎ᠡ ᠠᠶᠠᠨ᠎ᠳᠠᠭᠠᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ 2400 ᠲᠦᠮᠡᠨ ᠬᠥᠪᠡᠭᠦᠳ ᠥᠬᠢᠳ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠪᠠᠷ ᠴᠢᠷᠮᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面