ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠬᠠᠷᠢᠭᠤᠯᠲᠠ᠎ᠶ᠋ᠢᠨ ᠬᠠᠭᠤᠳᠠᠰᠤ

2022-09-12 09:55:32

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

《 ᠬᠠᠷᠢᠯᠴᠠᠭᠠᠨ ᠤ᠋ ᠲᠣᠣᠷ 》 ᠲᠤᠮᠤᠷᠠᠵᠤ 《 ᠨᠠᠢᠵᠠ ᠢ᠋ᠢᠨ ᠲᠣᠭᠣᠷᠢᠭ 》 ᠦᠷᠬᠡᠵᠢᠪᠡ

— ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠦᠪᠤᠷ ᠮᠤᠨᠭᠭᠤᠯ ᠤ᠋ᠨ ᠭᠠᠳᠠᠭᠠᠳᠤ ᠨᠡᠭᠡᠭᠡᠯᠳᠡ ᠢ᠋ᠢᠨ ᠲᠤᠬᠠᠢ ᠬᠦᠤᠷᠨᠢᠯ

ᠮᠠᠨᠵᠤᠤᠷ ᠬᠢᠯᠢ ᠢ᠋ᠢᠨ ᠪᠤᠭᠤᠮᠳᠠ ᠳ᠋ᠤ ᠭᠠᠳᠠᠭᠠᠳᠤ ᠡᠴᠡ ᠣᠷᠣᠭᠤᠯᠤᠭ᠍ᠰᠠᠨ ᠠᠮᠤ ᠪᠤᠳᠠᠭ᠎ᠠ ᠢ᠋ᠢ ᠳᠦᠭᠦᠷᠲᠡᠯ᠎ᠡ ᠠᠴᠢᠭᠰᠠᠨ ᠲᠡᠭᠡᠭᠡᠪᠦᠷᠢ ᠢ᠋ᠢᠨ ᠲᠡᠷᠭᠡ ᠬᠦᠰᠬᠡ ᠨᠠᠭᠠᠰᠢ ᠴᠠᠭᠠᠰᠢ ᠰᠦᠯᠵᠢᠯᠳᠤᠨ᠎ᠠ ᠃ ᠬᠢᠯᠢ ᠵᠢᠨ ᠪᠣᠭᠣᠮᠳᠠ ᠢ᠋ᠢᠨ ᠦᠢᠯᠡᠳᠪᠦᠷᠢ ᠢ᠋ᠢᠨ ᠲᠠᠰᠤᠭ ᠲᠦ᠍ ᠮᠠᠱᠢᠨ ᠤ᠋ ᠲᠠᠭᠤ ᠬᠦᠷᠴᠢᠬᠢᠨᠡᠵᠤ ᠂ ᠡᠯ᠎ᠡ ᠲᠦᠷᠦᠯ ᠤ᠋ᠨ ᠠᠮᠤ ᠪᠤᠳᠠᠭ᠎ᠠ ᠢ᠋ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠤᠭᠠᠳ ᠪᠦᠬᠦ᠌ ᠤᠯᠤᠰ ᠤ᠋ᠨ ᠡᠯ᠎ᠡ ᠭᠠᠵᠠᠷ ᠲᠦ᠍ ᠪᠤᠷᠤᠯᠠᠭᠤᠯᠤᠨ᠎ᠠ ᠃

ᠮᠠᠨ ᠤ᠋ ᠤᠯᠤᠰ ᠤ᠋ᠨ ᠬᠠᠮᠤᠭ ᠤ᠋ᠨ ᠲᠤᠮᠤ ᠬᠠᠭᠤᠷᠡᠢ ᠵᠠᠮ ᠤ᠋ᠨ ᠬᠢᠯᠢ ᠢ᠋ᠢᠨ ᠪᠤᠭᠤᠮᠳᠠ ᠪᠤᠯᠬᠤ ᠮᠠᠨᠵᠤᠤᠷ ᠬᠢᠯᠢ ᠢ᠋ᠢᠨ ᠪᠤᠭᠤᠮᠳᠠ ᠢ᠋ᠢᠨ ᠬᠠᠷᠢᠶ᠎ᠠ ᠣᠷᠣᠨ ᠤ᠋ ᠠᠮᠤ ᠪᠤᠳᠠᠭ᠎ᠠ ᠡᠳ᠋ᠱᠢᠭᠦᠯᠤᠨ ᠪᠤᠯᠪᠠᠰᠤᠷᠠᠭᠤᠯᠬᠤ ᠠᠵᠤ ᠠᠬᠤᠢᠯᠠᠯ ᠨᠢ ᠬᠠᠩᠭᠠᠯᠭ᠎ᠠ ᠢ᠋ᠢᠨ ᠬᠡᠯᠬᠢᠶ᠎ᠡ ᠢ᠋ᠢᠨ ᠱᠢᠨ᠎ᠡ ᠢ᠋ᠢ ᠡᠭᠦᠳᠬᠦ᠌ ᠪᠠᠢᠷᠢᠱᠢᠭᠤᠯᠤᠯᠲᠠ ᠢ᠋ᠢᠨ ᠲᠣᠭᠣᠷᠢᠨ ᠳ᠋ᠤ ᠠᠵᠤ ᠦᠶ᠋ᠯᠡᠰ ᠤ᠋ᠨ ᠬᠡᠯᠬᠢᠶ᠎ᠡ ᠢ᠋ᠢ ᠪᠠᠢᠷᠢᠱᠢᠭᠤᠯᠵᠤ ᠂ ᠠᠵᠤ ᠦᠶ᠋ᠯᠡᠰ ᠤ᠋ᠨ ᠬᠡᠯᠬᠢᠶ᠎ᠡ ᠬᠢᠭᠡᠳ ᠠᠷᠠᠯᠵᠢᠶᠠᠨ ᠤ᠋ ᠱᠢᠨ᠎ᠡ ᠡᠬᠦᠳᠦᠯᠳᠡ ᠵᠢᠨ ᠠᠭᠤᠰᠤᠯᠴᠠᠨ ᠬᠥᠭ᠌ᠵᠢᠭᠰᠡᠨ ᠱᠢᠨ᠎ᠡ ᠵᠠᠭ᠍ᠪᠤᠷ ᠢ᠋ ᠪᠣᠶ ᠪᠣᠯᠭᠠᠪᠠ ᠃ ᠱᠢᠨ᠎ᠡ ᠢ᠋ᠢ ᠡᠭᠦᠳᠬᠦ᠌ ᠪᠠᠢᠷᠢᠱᠢᠭᠤᠯᠤᠯᠲᠠ ᠳᠤᠮᠳᠠ ᠂ ᠡᠳ᠋ ᠪᠠᠷᠠᠭ᠎ᠠ ᠢ᠋ᠢ ᠪᠤᠭᠤᠮᠳᠠ ᠳ᠋ᠤ ᠰᠠᠭᠤᠷᠢᠰᠢᠭᠤᠯᠤᠨ ᠡᠳ᠋ᠱᠢᠭᠦᠯᠬᠦ᠌ ᠡᠴᠡ ᠠᠪᠤᠭᠠᠳ ᠣᠨᠳᠣᠣᠱᠢᠭᠤᠯᠤᠨ ᠦᠷᠳᠡᠭ ᠢ᠋ ᠨᠢ ᠨᠡᠮᠡᠭ᠌ᠳᠡᠭᠦᠯᠬᠦ᠌ ᠬᠦᠷᠲᠡᠯ᠎ᠡ ᠂ ᠲᠦᠭᠦᠬᠡᠢ ᠮᠠᠲ᠋ᠧᠷᠢᠶᠠᠯ ᠢ᠋ ᠲᠦᠪᠯᠡᠷᠡᠬᠦᠯᠦᠨ ᠲᠠᠷᠬᠠᠭᠠᠬᠤ ᠡᠴᠡ ᠠᠪᠤᠭᠠᠳ 《 ᠲᠦᠬᠦᠬᠡᠢ ᠮᠠᠲ᠋ᠸᠷᠢᠶᠠᠯ ᠢ᠋ ᠭᠠᠳᠠᠭᠠᠳᠤ ᠡᠴᠡ ᠣᠷᠣᠭᠤᠯᠬᠤ — ᠡᠳ᠋ᠱᠢᠭᠦᠯᠵᠤ ᠪᠤᠯᠪᠠᠰᠤᠷᠠᠭᠤᠯᠬᠤ — ᠪᠣᠷᠣᠯᠠᠭᠤᠯᠬᠤ》ᠵᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌ ᠡᠵᠡᠨᠭᠨᠡᠯᠳᠡ ᠢ᠋ᠢᠨ ᠵᠠᠭ᠍ᠪᠤᠷ ᠤ᠋ᠨ ᠪᠦᠷᠢᠯᠳᠦᠯ ᠬᠦᠷᠲᠡᠯ᠎ᠡ ᠴᠦᠮ ᠰᠢᠨ᠎ᠠ ᠬᠤᠪᠢᠷᠠᠯᠲᠠ ᠭᠠᠷᠴᠠᠢ ᠃

ᠮᠠᠨᠵᠤᠤᠷ ᠬᠢᠯᠢ ᠢ᠋ᠢᠨ ᠪᠤᠭᠤᠮᠳᠠ ᠢ᠋ᠢᠨ ᠡᠨᠡ ᠬᠦ᠌ ᠬᠤᠪᠢᠷᠠᠯᠲᠠ ᠪᠤᠯ ᠮᠠᠨ ᠤ᠋ ᠤᠷᠤᠨ ᠤ᠋ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠢ᠋ᠢᠨ ᠪᠥᠲᠥᠭᠡᠨ ᠪᠠᠢᠭᠤᠯᠤᠯᠲᠠ ᠢ᠋ᠢᠨ ᠲᠦᠪᠱᠢᠨ ᠢ᠋ ᠳᠡᠭᠡᠭ᠌ᠰᠢᠯᠡᠭᠦᠯᠵᠦ᠍ ᠂《ᠨᠡᠪᠳᠡᠷᠡᠬᠦ ᠵᠠᠮ ᠤ᠋ᠨ ᠠᠵᠤ ᠠᠬᠤᠶ》 ᠢ᠋ᠢ 《ᠰᠠᠭᠤᠷᠢᠰᠢᠯ ᠤ᠋ᠨ ᠠᠵᠤ ᠠᠬᠤᠶ》 ᠲᠡᠢᠰᠢ ᠬᠤᠪᠢᠷᠠᠭᠤᠯᠬᠤ ᠢ᠋ᠢ ᠠᠬᠢᠭᠤᠯᠤᠭ᠍ᠰᠠᠨ ᠨᠢᠬᠡᠨ ᠵᠢᠱ᠌ᠢᠶ᠎ᠠ ᠪᠤᠯᠬᠤ ᠶᠤᠮ ᠃ ᠡᠢᠮᠦᠷᠬᠦᠦ ᠰᠢᠨ᠎ᠠ ᠬᠤᠪᠢᠷᠡᠯᠳᠡ ᠮᠠᠨ ᠤ᠋ ᠤᠷᠤᠨ ᠳ᠋ᠤ ᠮᠠᠰᠢ ᠤᠯᠠᠠ ᠭᠠᠷᠴᠠᠢ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠮᠠᠨ ᠤ᠋ ᠤᠷᠤᠨ ᠤᠯᠤᠰ ᠤ᠋ᠨ ᠲᠤᠳᠤᠭᠠᠳᠤ ᠢ᠋ᠢᠨ ᠶᠡᠬᠡ ᠤᠷᠴᠢᠯ ᠳ᠋ᠤ ᠠᠭᠤᠰᠤᠯᠴᠠᠨ ᠂ ᠤᠯᠤᠰ ᠤ᠋ᠨ ᠲᠤᠳᠤᠭᠠᠳᠤ ᠭᠠᠳᠠᠭᠠᠳᠤ ᠢ᠋ᠢᠨ ᠬᠤᠤᠰ ᠤᠷᠴᠢᠯ ᠢ᠋ ᠰᠢᠯᠤᠭᠤᠳᠬᠠᠵᠤ ᠂ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠢ᠋ᠢᠨ ᠤᠢᠯᠡᠳᠤᠯ ᠢ᠋ ᠪᠠᠳᠠᠷᠠᠭᠤᠯᠤᠨ ᠂ ᠭᠠᠳᠠᠭᠠᠳᠤ ᠨᠡᠭᠡᠭᠡᠯᠲᠡ ᠢ᠋ᠢ ᠲᠠᠰᠤᠷᠠᠯᠲᠠ ᠥᠬᠡᠶ ᠥᠷᠭᠡᠳᠭᠡᠵᠦ᠍ ᠂ ᠣᠷᠣᠨ ᠪᠦᠰᠡ ᠢ᠋ᠢᠨ ᠬᠠᠮᠵᠢᠯᠴᠠᠭ᠎ᠠ ᠢ᠋ᠢ ᠪᠥᠬᠥ᠌ ᠲᠠᠯ᠎ᠠ ᠪᠡᠷ ᠴᠢᠩᠭᠠᠳᠭᠠᠨ ᠂ ᠱᠢᠨ᠎ᠡ ᠬᠥᠭ᠌ᠵᠢᠯᠲᠡ ᠢ᠋ᠢᠨ ᠪᠠᠢᠷᠢᠱᠢᠯ ᠳ᠋ᠤ ᠢᠳᠡᠪᠬᠢᠲᠡᠶ ᠤᠢᠯᠡᠴᠢᠯᠡᠭᠰᠡᠨ ᠪᠦᠬᠡᠳ ᠠᠭᠤᠰᠤᠯᠴᠠᠭᠰᠠᠨ ᠪᠠᠢᠨ᠎ᠠ ᠃

12 ᠡᠴᠡ 20 — ᠭᠠᠳᠠᠭᠠᠳᠤ ᠨᠡᠬᠡᠬᠡᠯᠳᠡ ᠢ᠋ᠢᠨ ᠬᠢᠯᠢ ᠵᠢᠨ ᠪᠣᠭᠣᠮᠲᠠ ᠵᠢᠨ ᠨᠡᠮᠡᠭᠳᠡᠯ

3 ᠡᠴᠡ 6100 — ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ ᠨᠡᠮᠡᠭᠳᠡᠯ

《ᠤᠯᠠᠭᠠᠨᠬᠠᠳᠠ ᠨᠡᠷᠡᠮᠵᠢᠳᠤ》ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠨᠠᠪᠳᠡᠷᠡᠭᠰᠡᠨ ᠨᠢ ᠤᠯᠠᠭᠠᠨᠬᠠᠳᠠ ᠬᠤᠳᠠ ᠢ᠋ᠢᠨ ᠤᠯᠠᠨ ᠤᠯᠤᠰ ᠤ᠋ᠨ ᠠᠷᠠᠯᠵᠢᠶᠠᠨ ᠤ᠋ ᠰᠢᠨ᠎ᠠ ᠬᠠᠭᠤᠳᠠᠰᠤ ᠢ᠋ᠢ ᠨᠡᠬᠡᠬᠡᠪᠡ ᠃

ᠬᠦᠬᠡᠬᠤᠳᠡ ᠡᠴᠡ ᠮᠤᠰᠺᠸᠡ ᠬᠦᠷᠬᠦ 《ᠬᠦᠬᠡᠬᠤᠳᠡ ᠨᠡᠷᠡᠮᠵᠢᠳᠤ》ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠨᠡᠪᠳᠡᠷᠡᠵᠤ ᠂ ᠬᠦᠬᠡᠬᠤᠳᠡ ᠢ᠋ᠢᠨ ᠬᠢᠨ ᠤᠷᠤᠨ ᠤ᠋ ᠲᠦᠪ ᠲᠦ᠍ ᠰᠠᠭᠤᠷᠢᠯᠠᠭᠰᠠᠨ ᠂ ᠪᠦᠬᠦ ᠤᠷᠤᠨ ᠳ᠋ᠤ ᠬᠠᠨᠳᠤᠭᠤᠯᠤᠭᠰᠠᠨ ᠂ ᠪᠦᠬᠦ ᠤᠯᠤᠰ ᠢ᠋ ᠨᠦᠯᠦᠬᠡᠯᠡᠭᠰᠡᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ 《ᠲᠦᠪᠯᠡᠷᠡᠭᠰᠡᠨ ᠭᠠᠵᠠᠷ》 ᠢ᠋ ᠪᠦᠳᠦᠭᠡᠨ ᠪᠠᠢᠭᠤᠯᠵᠤ ᠪᠠᠢᠨ᠎ᠠ ᠃

《ᠡᠷᠢᠶᠡᠨ ᠨᠡᠷᠡᠮᠵᠢᠳᠤ》 ᠠᠶᠠᠯᠠᠯ ᠨᠠᠪᠳᠡᠷᠡᠭᠰᠡᠨ ᠨᠢ ᠲᠤᠮᠳᠠᠳᠤ ᠮᠤᠨᠭᠭᠤᠯ ᠬᠤᠶᠠᠷ ᠤᠯᠤᠰ ᠤ᠋ᠨ ᠬᠢᠯᠢ ᠵᠢᠨ ᠪᠤᠭᠤᠮᠳᠠ ᠢ᠋ᠢᠨ ᠦᠷᠳᠡᠭᠡᠨ ᠤ᠋ ᠦᠷᠭᠡᠨ ᠵᠢᠮᠳᠤ ᠴᠢᠨᠭᠬᠡᠯᠢᠭ ᠢ᠋ᠢᠡᠷ ᠡᠳ᠋ ᠪᠠᠷᠠᠭ᠎ᠠ ᠲᠡᠭᠡᠭᠡᠪᠤᠷᠢᠯᠡᠬᠦ ᠵᠢᠱᠢᠶᠡᠨ ᠤ᠋ ᠭᠠᠯᠳᠤ ᠲᠡᠷᠭᠡ ᠦᠬᠡᠢ ᠪᠠᠢᠭᠰᠠᠨ ᠲᠡᠤᠬᠡ ᠢ᠋ᠢ ᠡᠴᠤᠰᠯᠠᠬᠦᠯᠪᠡ ᠃

᠁

ᠬᠢᠯᠢ ᠪᠡᠷ ᠦᠨᠭᠬᠡᠷᠡᠬᠦ ᠵᠢᠱᠢᠶᠠᠨ ᠤ᠋ ᠭᠠᠯᠳᠤ ᠲᠡᠷᠬᠡ ᠶᠡᠬᠡ ᠬᠡᠮᠵᠢᠶ᠎ᠠ ᠪᠡᠷ ᠨᠡᠮᠡᠭᠳᠡᠭᠰᠡᠨ ᠨᠢ ᠤᠷᠤᠨ ᠪᠦᠰᠡ ᠠᠯᠤᠰᠯᠠᠨ ᠪᠤᠭᠤᠮᠳᠠ ᠦᠨᠭᠬᠡᠷᠡᠬᠦ ᠬᠠᠮᠵᠢᠯᠴᠠᠭ᠎ᠠ ᠲᠠᠰᠤᠷᠠᠯᠳᠡ ᠦᠬᠡᠢ ᠬᠦᠨᠵᠡᠬᠡᠢᠷᠡᠭᠰᠡᠨ ᠤ᠋ ᠬᠡᠷᠡᠴᠢᠯᠡᠯ ᠶᠤᠮᠰᠠᠨ ᠃

ᠡᠨᠡ ᠵᠢᠯ ᠤ᠋ᠨ 8 ᠰᠠᠷ᠎ᠠ ᠢ᠋ᠢᠨ ᠡᠬᠢ ᠪᠡᠷ 50 ᠪᠠᠷᠢᠮᠵᠢᠶᠠᠳᠤ ᠴᠢᠨᠭᠬᠡᠯᠢᠭ ᠲᠦ᠍ ᠲᠦᠬᠦᠷᠳᠡᠯ᠎ᠠ ᠪᠠᠷᠠᠭ᠎ᠠ ᠠᠴᠢᠭᠰᠠᠨ 1291 ᠡᠭᠡᠯᠵᠢ ᠵᠢᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠳᠤ ᠲᠡᠷᠭᠡ ᠤᠤᠬᠢᠷᠠᠭᠰᠠᠭᠠᠷ ᠡᠷᠢᠶᠡᠨ ᠲᠡᠮᠦᠷ ᠵᠠᠮ ᠤ᠋ᠨ ᠬᠢᠯᠢ ᠵᠢᠨ ᠪᠤᠭᠤᠮᠳᠠ ᠪᠡᠷ ᠦᠡᠭᠭᠡᠷᠡᠨ ᠂ ᠫᠤᠯᠠᠨᠳ᠋ ᠤ᠋ᠨ ᠮᠠᠯᠠᠱᠸ᠋ᠸᠢᠴᠢ ᠵᠢ ᠴᠢᠭᠯᠡᠨ ᠮᠤᠷᠳᠠᠯ᠎ᠠ ᠃ ᠢᠩᠬᠢᠬᠡᠳ 2013 ᠤᠨ ᠳ᠋ᠤ ᠡᠷᠢᠶᠡᠨ ᠲᠡᠮᠦᠷ ᠵᠠᠮ ᠤ᠋ᠨ ᠬᠢᠯᠢ ᠵᠢᠨ ᠪᠤᠭᠤᠮᠳᠠ ᠪᠡᠷ ᠠᠡᠭᠬᠠᠨ ᠤ᠋ ᠴᠤᠪᠤᠭ᠎ᠠ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠳᠤ ᠲᠡᠷᠭᠡ ᠨᠡᠪᠳᠡᠷᠡᠭᠰᠡᠨ ᠡᠴᠡ ᠨᠠᠭᠠᠰᠢ ᠲᠤᠰ ᠬᠢᠯᠢ ᠵᠢᠨ ᠪᠤᠭᠤᠮᠳᠠ ᠪᠡᠷ ᠦᠨᠭᠬᠡᠷᠡᠭᠰᠡᠨ ᠵᠢᠱᠢᠶᠡᠨ ᠤ᠋ ᠭᠠᠯᠳᠤ ᠲᠡᠷᠭᠡ ᠲᠦᠮᠡᠨ ᠴᠤᠪᠤᠭ᠎ᠠ ᠵᠢ ᠲᠠᠪᠠᠭᠰᠠᠨ ᠪᠢᠯᠡ ᠃

ᠡᠷᠢᠶᠡᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠪᠤᠯ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ ᠬᠢᠯᠢ ᠪᠡᠷ ᠣᠷᠣᠵᠤ ᠭᠠᠷᠬᠤ ᠳᠤᠮᠳᠠ ᠱᠤᠭᠤᠮ ᠤ᠋ᠨ ᠵᠠᠩᠭᠢᠯᠠᠭ᠎ᠠ ᠢ᠋ᠢᠨ ᠴᠡᠭ ᠪᠤᠯᠤᠨ᠎ᠠ ᠃ ᠤᠢ᠍ᠢᠷ᠎ᠠ ᠢ᠋ᠢᠨ ᠵᠢᠯ ᠳ᠋ᠤ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ ᠠᠶᠠᠯᠠᠯ᠎ᠳᠠᠰᠤᠷᠠᠯᠳᠠ ᠦᠬᠡᠢ ᠨᠡᠮᠡᠭ᠌ᠳᠡᠬᠡᠳ ᠤᠳᠤ ᠨᠢᠭᠡᠨᠲᠡ ᠪᠠᠢᠩᠭᠤᠵᠢᠭ᠍ᠰᠠᠨ ᠂ ᠬᠡᠪᠴᠢᠶᠡᠵᠢᠭ᠌ᠰᠡᠨ ᠡᠵᠡᠩᠨᠡᠯᠲᠡ ᠢ᠋ᠢᠨ ᠬᠡᠪᠰᠢᠯ ᠢ᠋ ᠪᠤᠢ ᠪᠤᠯᠭᠠᠵᠤ ᠂ ᠲᠤᠰ ᠬᠢᠯᠢ ᠵᠢᠨ ᠪᠣᠭᠣᠮᠲᠠ ᠪᠡᠷ ᠥᠩᠭᠡᠷᠡᠬᠦ᠌ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ ᠠᠶᠠᠯᠠᠯ ᠤ᠋ᠨ ᠱᠤᠭᠤᠮ ᠠᠩᠬᠠᠨ ᠤ᠋ 2 ᠵᠤᠷᠪᠤᠰ ᠪᠠᠢᠭᠰᠠᠨ ᠡᠴᠡ ᠪᠡᠨ 58 ᠵᠤᠷᠪᠤᠰ ᠪᠣᠯᠤᠨ ᠨᠡᠮᠡᠭ᠌ᠳᠡᠵᠦ᠍ ᠂ ᠭᠸᠷᠮᠠᠨ ᠂ ᠫᠤᠯᠠᠨᠳ᠋ ᠂ ᠮᠣᠩᠭᠣᠯ ᠵᠡᠷᠭᠡ 10 ᠭᠠᠷᠤᠢ ᠤᠯᠤᠰ ᠤ᠋ᠨ 60 ᠭᠠᠷᠤᠢ ᠬᠤᠳᠠ ᠢ᠋ᠢ ᠬᠤᠯᠪᠤᠵᠡᠢ ᠃ 《ᠤᠳᠤ ᠡᠷᠢᠶᠡᠨ ᠬᠢᠯᠢ ᠵᠢᠨ ᠪᠣᠭᠣᠮᠲᠠ ᠪᠡᠷ ᠣᠷᠣᠵᠤ ᠭᠠᠷᠬᠤ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠳᠦᠷ ᠪᠦᠷᠢ ᠳᠤᠮᠳᠠᠴᠢ ᠪᠡᠷ 7 ᠴᠤᠪᠤᠭ᠎ᠠ ᠣᠷᠴᠢᠮ ᠳ᠋ᠤ ᠬᠦᠷᠴᠤ ᠂ ᠳᠤᠮᠳᠠᠴᠢ ᠪᠡᠷ 3 ᠴᠠᠭ ᠭᠠᠷᠤᠢ ᠪᠣᠯᠬᠤ ᠪᠦᠷᠢ ᠨᠢᠭᠡ ᠴᠤᠪᠤᠭ᠎ᠠ ᠵᠢᠱᠢᠶᠡᠨ ᠤ᠋ ᠭᠠᠯᠳᠤ ᠲᠡᠷᠬᠡ ᠬᠢᠯᠢ ᠵᠢᠨ ᠪᠣᠭᠣᠮᠲᠠ ᠢ᠋ᠢᠡᠷ ᠦᠨᠭᠬᠡᠷᠡᠵᠤ ᠪᠤᠢ》 ᠬᠡᠵᠤ ᠡᠷᠢᠶᠡᠨ ᠪᠣᠭᠣᠮᠲᠠ ᠢ᠋ᠢᠨ ᠬᠠᠷᠢᠭᠤᠴᠠᠯᠭᠠᠳᠠᠨ ᠯᠢᠦ ᠵᠢᠶᠠᠨ ᠲᠠᠨᠢᠯᠴᠠᠭᠤᠯᠤᠨ᠎ᠠ ᠃

ᠮᠠᠨ ᠤ᠋ ᠤᠷᠤᠨ《ᠤᠮᠠᠷᠠᠳᠤ ᠢ᠋ᠢᠨ ᠭᠤᠷᠪᠡᠨ ᠤᠷᠤᠨ》ᠢ᠋ ᠬᠦᠨᠳᠡᠯᠢᠰᠤᠨ ᠲᠤᠳᠤᠭᠠᠳᠤ ᠳ᠋ᠤ ᠨᠠᠢ᠍ᠮᠡᠨ ᠮᠤᠵᠢ ᠤᠷᠤᠨ ᠲᠠᠢ ᠬᠤᠯᠪᠤᠯᠳᠤᠵᠤ ᠂ ᠭᠠᠳᠠᠭᠰᠢ ᠪᠡᠨ ᠤᠷᠤᠰ ᠮᠤᠨᠭᠭᠤᠯ ᠤᠯᠤᠰ ᠲᠠᠢ ᠬᠢᠯᠢᠯᠡᠵᠤ ᠂ ᠮᠠᠨ ᠤ᠋ ᠤᠯᠤᠰ ᠤ᠋ᠨ 《ᠤᠮᠠᠷᠠᠰᠢ ᠨᠡᠬᠡᠬᠡᠯᠳᠡ ᠬᠢᠵᠤ ᠡᠮᠤᠨᠡᠰᠢ ᠬᠤᠯᠪᠤᠭᠠᠯᠠᠨ ᠂ ᠵᠡᠬᠦᠨᠰᠢ ᠤᠷᠤᠵᠤ ᠪᠠᠷᠠᠭᠤᠨᠰᠢ ᠭᠠᠷᠬᠤ》 ᠴᠢᠬᠤᠯᠠ ᠬᠦᠢᠰᠦ ᠪᠤᠯᠵᠤ ᠂ ᠡᠬᠡ ᠬᠠᠭᠤᠷᠡᠢ ᠪᠡ ᠲᠡᠯᠡᠢ ᠢ᠋ᠢᠨ ᠬᠤᠯᠪᠤᠭᠠᠳᠤ ᠲᠡᠭᠡᠭᠡᠪᠤᠷᠢ ᠢ᠋ᠢᠨ ᠲᠠᠪᠠᠭᠤᠯᠢᠭ ᠨᠦᠬᠦᠴᠡᠯ ᠲᠠᠢ ᠶᠤᠮ ᠃ ᠡᠨᠡ ᠬᠦ᠌ ᠤᠷᠤᠨ ᠪᠠᠢᠷᠢᠰᠢᠯ ᠤ᠋ᠨ ᠲᠠᠪᠠᠭᠤᠯᠢᠭ ᠲᠠᠭᠠᠨ ᠰᠠᠭᠤᠷᠢᠯᠠᠵᠤ ᠂ ᠮᠠᠨ ᠤ᠋ ᠤᠷᠤᠨ ᠡᠬᠡ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠢ᠋ᠢ ᠴᠤᠭᠴᠠᠯᠠᠨ ᠪᠡᠬᠢᠵᠢᠬᠦᠯᠦᠭᠰᠡᠬᠡᠷ ᠢᠷᠡᠪᠡ ᠃

— ᠤᠢᠷ᠎ᠠ ᠵᠢᠨ 10 ᠵᠢᠯ ᠳ᠋ᠤ ᠂ ᠮᠠᠨ ᠤ᠋ ᠤᠷᠤᠨ ᠤ᠋ ᠭᠠᠳᠠᠭᠠᠳᠤ ᠨᠡᠬᠡᠬᠡᠯᠳᠡ ᠢ᠋ᠢᠨ ᠬᠢᠯᠢ ᠵᠢᠨ ᠪᠣᠭᠣᠮᠲᠠ 12 ᠪᠠᠢᠭ᠍ᠰᠠᠨ ᠡᠴᠡ ᠪᠠᠨ 20 ᠪᠣᠯᠤᠨ ᠨᠡᠮᠡᠭᠳᠡᠵᠤ ᠂ ᠲᠡᠮᠦᠷ ᠵᠠᠮ ᠂ ᠵᠠᠰᠠᠮᠠᠯ ᠵᠠᠮ ᠂ ᠠᠭᠠᠷ ᠤ᠋ᠨ ᠠᠶᠠᠯᠠᠯ ᠤ᠋ᠨ ᠪᠦᠬᠦ ᠲᠠᠯ᠎ᠠ ᠵᠢᠨ ᠂ ᠪᠤᠰᠤᠭ᠎ᠠ ᠴᠤᠭᠴᠠᠳᠤ ᠬᠢᠯᠢ ᠵᠢᠨ ᠪᠣᠭᠣᠮᠲᠠ ᠢ᠋ᠢᠨ ᠨᠡᠭᠡᠭᠡᠯᠲᠡ ᠢ᠋ᠢᠨ ᠪᠠᠢᠷᠢᠱᠢᠯ ᠢ᠋ ᠪᠦᠷᠢᠯᠳᠦᠭᠦᠯᠵᠦ᠍ ᠂ ᠪᠥᠬᠥ᠌ ᠤᠯᠤᠰ ᠤ᠋ᠨ ᠣᠯᠠᠨ ᠪᠣᠭᠣᠮᠲᠠ ᠲᠠᠶ ᠮᠤᠵᠢ ᠣᠷᠣᠨ ᠤ᠋ ᠡᠩᠨᠡᠭᠡᠨ ᠳ᠋ᠤ ᠣᠷᠣᠪᠠ ᠃

— ᠮᠠᠨ ᠤ᠋ ᠤᠷᠤᠨ ᠤ᠋ ᠬᠢᠯᠢ ᠵᠢᠨ ᠪᠤᠭᠤᠮᠳᠠ ᠪᠡᠷ ᠥᠩᠭᠡᠷᠡᠬᠦ᠌ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ 2013 ᠣᠨ ᠳ᠋ᠤ 3 ᠪᠠᠢᠭ᠍ᠰᠠᠨ ᠡᠴᠡ ᠪᠠᠨ 2021 ᠣᠨ ᠳ᠋ᠤ 6100 ᠭᠠᠷᠤᠢ ᠴᠤᠪᠤᠭ᠎ᠠ ᠪᠣᠯᠤᠨ ᠨᠡᠮᠡᠭ᠌ᠳᠡᠵᠦ᠍ ᠂ ᠮᠠᠨ ᠤ᠋ ᠤᠷᠤᠨ ᠵᠢᠡᠷ ᠡᠬᠢᠯᠡᠯᠳᠡ ᠵᠢᠨ ᠦᠷᠳᠡᠬᠡ ᠪᠤᠯᠭᠠᠭᠰᠠᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ 2016 ᠣᠨ ᠳ᠋ᠤ 30 ᠭᠠᠷᠤᠢ ᠪᠠᠢᠭ᠍ᠰᠠᠨ ᠡᠴᠡ ᠪᠠᠨ 2021 ᠣᠨ ᠳ᠋ᠤ 300 ᠭᠠᠷᠤᠢ ᠴᠤᠪᠤᠭ᠎ᠠ ᠪᠣᠯᠤᠨ ᠨᠡᠮᠡᠭᠳᠡᠵᠤ ᠂ ᠮᠠᠨ ᠤ᠋ ᠤᠷᠤᠨ ᠤ᠋ ᠬᠠᠭᠤᠷᠠᠢ ᠵᠠᠮ ᠤ᠋ᠨ ᠬᠢᠯᠢ ᠵᠢᠨ ᠪᠣᠭᠣᠮᠲᠠ ᠢ᠋ᠢᠨ ᠡᠳ᠋ ᠪᠠᠷᠠᠭᠠᠨ ᠤ᠋ ᠲᠡᠭᠡᠭᠡᠪᠦᠷᠢ ᠢ᠋ᠢᠨ ᠶᠡᠷᠦᠩᠬᠡᠢ ᠬᠡᠮᠵᠢᠢ᠎ᠡ ᠪᠦᠬᠦ᠌ ᠤᠯᠤᠰ ᠤ᠋ᠨ ᠲᠦᠷᠦᠭᠦᠨ ᠳ᠋ᠤ ᠣᠷᠣᠪᠠ ᠃

— ᠤᠢᠷ᠎ᠠ ᠵᠢᠨ 10 ᠵᠢᠯ ᠳ᠋ᠤ ᠂ ᠮᠠᠨ ᠤ᠋ ᠣᠷᠣᠨ ᠤ᠋ ᠲᠡᠮᠦᠷ ᠵᠠᠮ ᠤ᠋ᠨ ᠡᠵᠡᠩᠨᠡᠯᠲᠡ ᠶ᠋ᠢᠨ ᠪᠦᠬᠦ ᠣᠷᠳᠣ 9400 ᠭᠠᠷᠤᠶ ᠺᠢᠯᠣᠮᠧᠲ᠋ᠷ ᠪᠠᠢᠭ᠍ᠰᠠᠨ ᠡᠴᠡ ᠪᠠᠨ ᠨᠡᠮᠡᠭ᠌ᠳᠡᠭᠡᠳ 1.5 ᠲᠦᠮᠡᠨ ᠺᠢᠯᠣᠮᠧᠲ᠋ᠷ ᠲᠦ᠍ ᠬᠦᠷᠴᠦ᠍ ᠂ ᠪᠥᠬᠥ᠌ ᠤᠯᠤᠰ ᠲᠦ᠍ ᠲᠦᠷᠦᠬᠦᠯᠡᠵᠤ ᠪᠠᠢᠨ᠎ᠠ ; ᠵᠠᠰᠠᠮᠠᠯ ᠵᠠᠮ ᠤ᠋ᠨ ᠣᠷᠳᠣ ᠰᠢᠨ᠎ᠠ ᠪᠡᠷ 4.9 ᠲᠦᠮᠡᠨ ᠺᠢᠯᠣᠮᠧᠲ᠋ᠷ ᠨᠡᠮᠡᠭ᠌ᠳᠡᠵᠦ᠍ ᠂ ᠡᠷᠬᠢᠨ ᠲᠣᠭᠣᠷᠢᠨ ᠤ᠋ ᠨᠠᠶ᠋ᠮᠠᠨ ᠮᠤᠵᠢ ᠣᠷᠣᠨ ᠤ᠋ ᠳᠡᠭᠡᠳᠦ ᠲᠠᠰ ᠤ᠋ᠨ ᠵᠠᠰᠠᠮᠠᠯ ᠵᠠᠮ ᠯᠤᠭ᠎ᠠ ᠪᠥᠬᠥ᠌ ᠲᠠᠯ᠎ᠠ ᠪᠠᠷ ᠬᠤᠯᠪᠤᠯᠳᠤᠨ ᠨᠡᠪᠲᠡᠷᠡᠪᠠ ᠃

74.3% — ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠪᠠᠷᠠᠭ᠎ᠠ ᠲᠠᠸᠡᠷ ᠤ᠋ᠨ ᠶᠡᠷᠦᠩᠬᠡᠶ ᠬᠡᠮᠵᠢᠶᠡᠨ ᠤ᠋ ᠨᠡᠮᠡᠭᠳᠡᠯ

62.6% — 《ᠨᠢᠭᠡ ᠪᠦᠰᠡ ᠨᠢᠭᠡ ᠵᠠᠮ》 ᠳᠠᠭᠠᠤ ᠢ᠋ᠢᠨ ᠤᠯᠤᠰ᠎ᠯᠤᠭ᠎ᠠ ᠢ᠋ᠢᠨ ᠠᠷᠠᠯᠵᠢᠶᠠᠨ ᠤ᠋ ᠬᠡᠮᠵᠢᠶ᠎ᠠ ᠵᠢᠨ ᠨᠡᠮᠡᠭᠳᠡᠯ

ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠪᠣᠯ ᠮᠠᠨ ᠤ᠋ ᠣᠷᠣᠨ ᠤ᠋ ᠭᠤᠤᠯ ᠪᠣᠯᠬᠤ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠪᠦᠳᠦᠬᠡᠭᠳᠡᠬᠦᠨ ᠪᠣᠯᠤᠨ᠎ᠠ ᠃ ᠣᠢᠷ᠎ᠠ ᠳ᠋ᠤ ᠪᠠᠶᠠᠨᠨᠠᠭᠤᠷ ᠬᠣᠲᠠ ᠢ᠋ᠢᠨ ᠷᠦᠩ ᠳ᠋ᠠ ᠠᠷᠠᠯᠵᠢᠶ᠎ᠠ ᠬᠤᠳᠠᠯᠳᠤᠭᠠᠨ ᠤ᠋ ᠬᠢᠵᠠᠭᠠᠷᠲᠤ ᠺᠣᠮᠫᠠᠨᠢ ᠢ᠋ᠢᠨ ᠦᠶ᠋ᠯᠡᠳᠪᠦᠷᠢᠯᠡᠯ ᠤ᠋ᠨ ᠲᠠᠰᠤᠭ ᠲᠦ᠍ ᠠᠵᠢᠯᠴᠢᠳ ᠨᠡᠷᠡᠨ ᠬᠤᠸᠠᠷ ᠤ᠋ᠨ ᠦᠷ᠎ᠡ ᠢ᠋ᠢ ᠤᠭᠤᠳᠠ ᠤᠭᠤᠳᠠ ᠪᠡᠷ ᠶᠠᠭᠠᠷᠠᠯᠳᠡᠳᠡᠢ ᠰᠠᠪᠠᠯᠠᠵᠤ ᠂ ᠲᠡᠮᠦᠷ ᠵᠠᠮ ᠤ᠋ᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠷᠢᠶᠡᠯᠡᠩ ᠲᠣᠭᠣᠷᠢᠭ ᠪᠠ ᠭᠠᠷᠠᠮ ᠳ᠋ᠤ ᠪᠥᠭᠡᠮ ᠢ᠋ᠢᠡᠷ ᠪᠤᠷᠤᠯᠠᠭᠤᠯᠬᠤ ᠪᠡᠷ ᠪᠡᠯᠡᠳᠭᠡᠨ᠎ᠠ ᠃ 《ᠨᠠᠷᠠᠨ ᠬᠤᠸᠠᠷ ᠤ᠋ᠨ ᠦᠷ᠎ᠡ ᠢ᠋ᠢᠨ ᠪᠦᠲᠦᠭᠡᠭ᠌ᠳᠡᠬᠦᠨ ᠤ᠋ ᠬᠠᠩᠭᠠᠯᠭ᠎ᠠ ᠬᠡᠷᠡᠭ᠌ᠴᠡᠭᠡ ᠵᠡᠷᠭᠡ ᠪᠡᠷ ᠨᠡᠮᠡᠭ᠌ᠳᠡᠵᠡᠢ ᠂ ᠲᠠᠷᠠᠭ᠎ᠠ ᠰᠠᠷ᠎ᠠ ᠱᠢᠨ᠎ᠡ ᠪᠦᠳᠦᠭᠡᠭᠳᠡᠬᠦᠨ ᠪᠠᠰᠠ ᠵᠠᠬ᠎ᠠ ᠳᠡᠯᠭᠡᠭᠦᠷ ᠲᠦ᠍ ᠭᠠᠷᠴᠤ᠌ ᠂ ᠵᠠᠬ᠎ᠠ ᠳᠡᠯᠭᠡᠭᠦᠷ ᠤ᠋ᠨ ᠪᠠᠢᠳᠠᠯ ᠨᠠᠩ ᠰᠠᠢᠨ ᠪᠣᠯᠤᠨ᠎ᠠ ᠃ ᠭᠠᠳᠠᠭᠠᠳᠤ ᠳ᠋ᠤ ᠭᠠᠷᠭᠠᠬᠤ ᠬᠡᠮᠵᠢᠶ᠎ᠠ ᠴᠦ᠍ ᠥᠩᠭᠡᠷᠡᠭ᠌ᠰᠡᠨ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠢᠯᠡᠷᠬᠡᠢ ᠨᠡᠮᠡᠭ᠌ᠳᠡᠭ᠌ᠰᠡᠨ》 ᠭᠡᠵᠦ᠍ ᠺᠣᠮᠫᠠᠨᠢ ᠢ᠋ᠢᠨ ᠶᠡᠷᠦᠩᠬᠡᠶ ᠳᠠᠭᠠᠭᠠᠮᠠᠯ ᠵᠣᠣ ᠯᠸᠢ ᠤᠷᠮᠠᠳᠠᠢ ᠬᠡᠯᠡᠨ᠎ᠠ ᠃

ᠪᠣᠷᠣᠲᠣᠬᠣᠶ ᠢ᠋ᠢᠨ ᠥᠷᠥᠴᠡᠨ ᠳ᠋ᠤ ᠪᠠᠢᠷᠢᠯᠠᠭ᠎ᠠ ᠪᠠᠶᠠᠨᠨᠠᠭᠤᠷ ᠬᠣᠲᠠ ᠪᠣᠯ ᠮᠠᠨ ᠤ᠋ ᠤᠯᠤᠰ ᠤ᠋ᠨ ᠬᠠᠮᠤᠭ ᠤ᠋ᠨ ᠶᠡᠬᠡ ᠨᠡᠷᠡᠨ ᠬᠤᠸᠠᠷ ᠳᠠᠷᠢᠬᠤ ᠂ ᠦᠶ᠋ᠯᠡᠳᠪᠦᠷᠢᠯᠡᠬᠦ᠌ ᠂ ᠡᠳ᠋ᠱᠢᠭᠦᠯᠬᠦ᠌ ᠪᠠ ᠭᠠᠳᠠᠭ᠍ᠰᠢ ᠭᠠᠷᠭᠠᠬᠤ ᠰᠠᠭᠤᠷᠢᠨ ᠪᠠᠢᠵᠤ ᠂ ᠵᠢᠯ ᠤ᠋ᠨ ᠭᠠᠳᠠᠭᠠᠳᠤ ᠳ᠋ᠤ ᠭᠠᠷᠭᠠᠬᠤ ᠪᠠᠷᠠᠭ᠎ᠠ ᠢ᠋ᠢᠨ ᠬᠡᠮᠵᠢᠶ᠎ᠡ ᠨᠢ 40 ᠲᠦᠮᠡᠨ ᠲᠣᠨ ᠳ᠋ᠤ ᠬᠦᠷᠴᠤ ᠪᠠᠢᠨ᠎ᠠ ᠃ ᠤᠳᠤ ᠪᠠᠶᠠᠨᠨᠠᠭᠤᠷ ᠬᠤᠳᠠ ᠳ᠋ᠤ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠢ᠋ᠢᠨ 280 ᠭᠠᠷᠤᠢ ᠠᠵᠤ ᠠᠬᠤᠢᠯᠠᠯ ᠲᠠᠢ ᠪᠤᠯᠵᠤ ᠂ ᠨᠢᠬᠡᠨᠳᠡ ᠪᠣᠷᠣᠲᠣᠬᠣᠢ ᠢ᠋ᠢᠨ ᠤᠨᠴᠠᠯᠢᠬ᠍ᠳᠤ ᠠᠵᠤ ᠦᠢᠯᠡᠰ ᠤ᠋ᠨ ᠪᠦᠯᠦᠭ᠌ᠵᠢᠯ ᠢ᠋ ᠪᠦᠷᠢᠯᠳᠦᠭᠦᠯᠪᠠ ᠃

ᠮᠠᠨ ᠤ᠋ ᠤᠷᠤᠨ ᠤ᠋ ᠴᠠᠭᠠᠨ ᠢᠳᠡᠭᠡᠨ ᠂ ᠨᠠᠷᠠᠨ ᠬᠤᠸᠠᠷ ᠤ᠋ᠨ ᠦᠷ᠎ᠡ ᠂ ᠢᠳᠡᠱᠢᠨ ᠨᠣᠭᠣᠭ᠎ᠠ ᠂ ᠲᠥᠪᠡᠳ ᠬᠠᠰᠢ ᠵᠡᠷᠭᠡ ᠤᠨᠴᠠᠯᠢᠬ᠍ᠳᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ 90 ᠭᠠᠷᠤᠢ ᠤᠯᠤᠰ ᠪᠠ ᠭᠠᠵᠠᠷ ᠣᠷᠣᠨ ᠳ᠋ᠤ ᠪᠤᠷᠤᠯᠠᠭᠤᠯᠤᠭᠳᠠᠵᠤ ᠪᠤᠢ ᠃

2012 ᠤᠨ ᠡᠴᠡ ᠨᠠᠭᠠᠰᠢ ᠂ ᠮᠠᠨ ᠤ᠋ ᠤᠷᠤᠨ《ᠲᠤᠭᠳᠠᠭᠤᠨ ᠤ᠋ ᠲᠤᠮᠳᠠ ᠤᠷᠤᠭᠰᠢᠯᠠᠬᠤ》᠂ 《ᠲᠤᠭᠳᠠᠭᠤᠨ ᠢ᠋ ᠪᠠᠳᠤᠯᠠᠵᠤ ᠶᠠᠰᠤ ᠴᠢᠨᠠᠷ ᠢ᠋ ᠪᠠᠳᠤᠯᠠᠬᠤ》 ᠠᠵᠢᠯ ᠤ᠋ᠨ ᠰᠡᠳᠬᠢᠴᠡ ᠢ᠋ᠢ ᠪᠠᠷᠢᠮᠳᠠᠯᠠᠵᠤ ᠂ ᠭᠠᠳᠠᠭᠠᠳᠤ ᠠᠷᠠᠯᠵᠢᠶᠡᠨ ᠤ᠋ ᠦᠨᠳᠦᠰᠦᠨ ᠪᠠᠢᠳᠠᠯ ᠢ᠋ ᠲᠤᠭᠳᠠᠪᠤᠷᠢᠵᠢᠭᠤᠯᠬᠤ ᠢ᠋ᠢᠨ ᠬᠠᠮᠳᠤ ᠭᠠᠳᠠᠭᠠᠳᠤ ᠠᠷᠠᠯᠵᠢᠶᠠᠨ ᠤ᠋ ᠱᠢᠨ᠎ᠡ ᠡᠵᠡᠩᠨᠡᠯᠲᠡ ᠢ᠋ᠢᠨ ᠪᠠᠢᠳᠠᠯ ᠱᠢᠨ᠎ᠡ ᠡᠵᠡᠩᠨᠡᠯᠳᠡ ᠵᠢᠨ ᠵᠠᠭ᠍ᠪᠤᠷ ᠢ᠋ ᠪᠣᠢᠵᠢᠭᠤᠯᠬᠤ ᠡᠷᠴᠢᠮ ᠢ᠋ᠢᠡᠨ ᠴᠢᠩᠭᠠᠷᠠᠭᠤᠯᠵᠤ ᠂ 2018 ᠤᠨ ᠡᠴᠡ 2021 ᠤᠨ ᠪᠤᠯᠳᠠᠯ᠎ᠠ ᠪᠦᠬᠦ ᠤᠷᠤᠨ ᠤ᠋ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠪᠠᠷᠠᠭ᠎ᠠ ᠲᠠᠸᠠᠷ ᠤ᠋ᠨ ᠶᠡᠷᠤᠩᠬᠡᠢ ᠬᠡᠮᠵᠢᠶ᠎ᠠ 4 ᠵᠢᠯ ᠳᠠᠷᠠᠭᠠᠯᠠᠨ ᠮᠢᠩᠭᠠᠨ ᠳ᠋ᠦᠩᠱᠢᠭᠤᠷ ᠲᠦᠬᠦᠷᠢᠭ ᠢ᠋ ᠲᠡᠪᠡᠪᠡ ᠃

— ᠭᠠᠳᠠᠭᠠᠳᠤ ᠠᠷᠠᠯᠵᠢᠶᠠᠨ ᠤ᠋ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠪᠠᠷᠠᠭ᠎ᠠ ᠲᠠᠸᠡᠷ ᠤ᠋ᠨ ᠶᠡᠷᠦᠩᠬᠡᠶ ᠬᠡᠮᠵᠢᠶ᠎ᠡ ᠲᠦᠷᠭᠡᠨ ᠨᠡᠮᠡᠭ᠌ᠳᠡᠵᠦ᠍ ᠂ 2012 ᠣᠨ ᠳ᠋ᠤ 800 ᠳ᠋ᠦᠩᠱᠢᠭᠤᠷ ᠲᠥᠭᠥᠷᠢᠭ ᠬᠥᠷᠬᠥ᠌ ᠥᠬᠡᠶ ᠪᠠᠢᠭ᠍ᠰᠠᠨ ᠡᠴᠡ᠎ᠪᠠᠨ 2021 ᠣᠨ ᠳ᠋ᠤ 1235.6 ᠳ᠋ᠦᠩᠱᠢᠭᠤᠷ ᠲᠥᠭᠥᠷᠢᠭ ᠬᠦᠷᠴᠤ ᠂ 74.3% ᠪᠡᠷ ᠨᠡᠮᠡᠭᠳᠡᠪᠡ ᠃

— 《ᠨᠢᠭᠡ ᠪᠦᠰᠡ ᠨᠢᠭᠡ ᠵᠠᠮ》 ᠳᠠᠭᠠᠤ ᠢ᠋ᠢᠨ ᠤᠯᠤᠰ᠎ᠯᠤᠭ᠎ᠠ ᠢ᠋ᠢᠨ ᠠᠷᠠᠯᠵᠢᠶᠠᠨ ᠤ᠋ ᠬᠡᠮᠵᠢᠶ᠎ᠠ 2012 ᠣᠨ ᠳ᠋ᠤ 441.2 ᠳ᠋ᠦᠩᠱᠢᠭᠤᠷ ᠲᠥᠭᠥᠷᠢᠭ ᠪᠠᠢᠭ᠍ᠰᠠᠨ ᠡᠴᠡ ᠪᠠᠨ 2021 ᠣᠨ ᠳ᠋ᠤ 717.3 ᠳ᠋ᠦᠩᠱᠢᠭᠤᠷ ᠲᠥᠭᠥᠷᠢᠭ ᠪᠣᠯᠵᠣ ᠂ 62.6% ᠪᠡᠷ ᠨᠡᠮᠡᠭᠳᠡᠪᠡ ᠃

— ᠭᠠᠳᠠᠭᠠᠳᠤ ᠠᠷᠠᠯᠵᠢᠶᠠᠨ ᠤ᠋ ᠡᠵᠡᠩᠨᠡᠯᠲᠡ ᠢ᠋ᠢᠨ ᠭᠣᠣᠯ ᠴᠣᠭ᠍ᠴᠠ ᠲᠠᠰᠤᠷᠠᠯᠲᠠ ᠤᠢ᠍ᠭᠡᠢ ᠪᠤᠵᠠᠭᠠᠢᠷᠠᠵᠤ ᠂ ᠪᠦᠬᠦ᠌ ᠣᠷᠣᠨ ᠤ᠋ ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠡᠨ ᠤ᠋ ᠠᠵᠤ ᠠᠬᠤᠢᠯᠠᠯ 2012 ᠣᠨ ᠳ᠋ᠤ 3539 ᠪᠠᠢᠭ᠍ᠰᠠᠨ ᠡᠴᠡ᠎ᠪᠠᠨ 2021 ᠣᠨ ᠳ᠋ᠤ 15899 ᠪᠣᠯᠵᠤ ᠂ 4.5 ᠳᠠᠬᠢᠨ ᠢ᠋ᠢᠡᠷ ᠨᠡᠮᠡᠭᠳᠡᠪᠡ ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠠᠷᠪᠠᠨ ᠵᠢᠯ ᠢ᠋ ᠡᠷᠭᠢᠴᠡᠭᠦᠯᠬᠦᠶ᠎ᠡ ᠂ ᠮᠠᠨ ᠤ᠋ ᠤᠷᠤᠨ ᠤ᠋ ᠳᠣᠲᠣᠭᠠᠳᠤ ᠭᠠᠳᠠᠭᠠᠳᠤ ᠢ᠋ᠢ ᠬᠣᠯᠪᠣᠭ᠍ᠰᠠᠨ《ᠵᠠᠮ ᠬᠠᠷᠢᠯᠴᠠᠭᠠᠨ ᠤ᠋ ᠲᠣᠣᠷ》 ᠶᠠᠪᠤᠬᠤ ᠲᠤᠳᠤᠮ ᠨᠢᠭ᠍ᠲᠠᠷᠠᠵᠤ ᠂ ᠣᠷᠣᠨ ᠪᠦᠰᠡ ᠢ᠋ᠢᠨ ᠬᠠᠮᠵᠢᠯᠴᠠᠭᠠᠨ ᠤ᠋ 《ᠬᠠᠷᠢᠯᠴᠠᠭᠠᠨ ᠤ᠋ ᠲᠣᠣᠷ》 ᠶᠠᠪᠤᠬᠤ ᠲᠤᠳᠤᠮ ᠲᠤᠮᠤᠷᠠᠵᠤ ᠂ 《ᠨᠢᠭᠡ ᠪᠦᠰᠡ ᠨᠢᠭᠡ ᠵᠠᠮ》ᠲᠡᠭᠡᠷᠡᠬᠢ 《ᠨᠠᠢᠵᠠ ᠢ᠋ᠢᠨ ᠲᠣᠭᠣᠷᠢᠭ》 ᠶᠠᠪᠤᠬᠤ ᠲᠤᠳᠤᠮ ᠦᠷᠭᠡᠵᠢᠭᠰᠡᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面