ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠬᠠᠷᠢᠭᠤᠯᠲᠠ᠎ᠶ᠋ᠢᠨ ᠬᠠᠭᠤᠳᠠᠰᠤ

2022-09-13 15:39:44

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠥᠷ ᠮᠣᠩᠭᠣᠯ᠎ᠤᠨ ᠬᠠᠤᠯᠢ ᠪᠡᠷ ᠣᠷᠣᠨ᠎ᠢᠶᠠᠨ ᠵᠠᠰᠠᠬᠤ ᠠᠵᠢᠯ ᠡᠷᠴᠢᠮᠲᠡᠶ ᠶᠠᠪᠤᠭ᠍ᠳᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ ᠠᠵᠢᠯ ᠲᠠᠰᠤᠷᠠᠯᠲᠠ ᠥᠬᠡᠶ ᠥᠷᠭᠡᠵᠢᠵᠦ᠍᠂ ᠠᠷᠠᠳᠴᠢᠯᠠᠯ ᠪᠠ ᠬᠠᠤᠯᠢᠵᠢᠯ ᠲᠠᠰᠤᠷᠠᠯᠲᠠ ᠥᠬᠡᠶ ᠴᠢᠩᠭᠠᠷᠠᠵᠤ᠂ ᠬᠠᠤᠯᠢ ᠬᠡᠷᠡᠭ᠌ᠵᠢᠭᠦᠯᠦᠯᠳᠡ ᠡᠳᠦᠷ ᠢᠷᠡᠬᠦᠶ᠎ᠡ ᠵᠢᠷᠤᠮᠵᠢᠵᠤ᠂ ᠬᠠᠤᠯᠢ ᠴᠠᠭᠠᠵᠠ ᠵᠢᠨ ᠡᠷᠬᠡ ᠰᠦᠷ ᠲᠥᠪ ᠭᠤᠤᠯᠴᠢ ᠎ᠶ᠋ᠢ ᠢᠯᠡᠷᠡᠭᠦᠯᠵᠦ᠍᠂ ᠬᠠᠤᠯᠢ᠎ᠶ᠋ᠢ ᠰᠤᠷᠴᠤ᠌ ᠬᠡᠷᠡᠭ᠌ᠯᠡᠬᠦ᠌ ᠪᠠ ᠬᠠᠤᠯᠢ᠎ᠶ᠋ᠢ ᠰᠠᠬᠢᠬᠤ ᠨᠢ ᠬᠡᠪ ᠵᠠᠩᠰᠢᠯ ᠪᠤᠯᠤᠯ᠎ᠠ ᠃

ᠬᠠᠤᠯᠢᠵᠢᠯ ᠥᠪᠥᠷ ᠮᠣᠩᠭᠣᠯ᠎ᠤᠨ ᠪᠠᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠡᠳᠦᠷ ᠢᠷᠡᠬᠦᠶ᠎ᠡ ᠨᠡᠮᠡᠭ᠌ᠳᠡᠪᠡ᠃

ᠱᠢᠨᠵᠢᠯᠡᠬᠦ᠌ ᠤᠬᠠᠭᠠᠨᠴᠢ᠎ᠬᠠᠤᠯᠢ ᠲᠣᠭ᠍ᠲᠠᠭᠠᠯᠲᠠ ᠨᠢ ᠰᠠᠢᠨ ᠰᠠᠢᠬᠠᠨ ᠵᠠᠰᠠᠯᠲᠠ ᠢ᠋ᠢᠨ ᠰᠠᠭᠤᠷᠢ ᠵᠢ ᠲᠠᠯᠪᠢᠪᠠ

ᠬᠠᠤᠯᠢ ᠲᠣᠭ᠍ᠲᠠᠭᠠᠬᠤ ᠪᠣᠯ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢᠨ ᠰᠠᠭᠤᠷᠢ ᠪᠣᠯᠤᠨ᠎ᠠ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠴᠢᠬᠤᠯᠠ ᠬᠦᠷᠢᠶ᠎ᠡ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠡᠯᠪᠡᠭ ᠪᠠᠶᠠᠯᠢᠭ ᠬᠠᠤᠯᠢᠵᠢᠯ᠎ᠤᠨ ᠪᠠᠳᠤᠯᠠᠭ᠎ᠠ ᠬᠠᠩᠭᠠᠪᠠ᠃

— ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠠᠵᠤ ᠠᠬᠤᠢ᠎ᠶ᠋ᠢᠨ ᠬᠦᠷᠢᠶᠡᠨ᠎ᠦ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠢ ᠠᠬᠢᠭᠤᠯᠬᠤ ᠲᠦᠷᠢᠮ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠲᠣᠭ᠍ᠲᠠᠭᠠᠵᠤ ᠵᠠᠰᠠᠪᠤᠷᠢ ᠣᠷᠣᠭᠤᠯᠪᠠ᠃

— ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠦᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ᠌᠎ᠶ᠋ᠢ ᠵᠤᠬᠰᠤᠭᠠᠵᠦ ᠪᠡᠯᠴᠢᠭᠡᠷ ᠢ᠋ ᠰᠡᠷᠭᠦᠭᠡᠬᠦ ᠲᠦᠷᠢᠮ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠨ᠎ᠡ᠎ᠶ᠋ᠢᠨ ᠲᠤᠤᠷᠠᠶ᠎ᠶ᠋ᠢᠨ ᠣᠶ᠎ᠶ᠋ᠢ ᠬᠠᠮᠠᠭᠠᠯᠠᠬᠤ ᠲᠦᠷᠢᠮ》 ᠵᠡᠷᠭᠡ ᠨᠢᠭᠡ ᠪᠦᠯᠦᠭ ᠥᠪᠡᠷᠮᠢᠴᠡ ᠣᠨᠴᠠᠯᠢᠭ᠎ᠲᠠᠶ ᠬᠠᠤᠯᠢ ᠲᠣᠭ᠍ᠲᠠᠭᠠᠯ᠎ᠢ ᠲᠣᠭ᠍ᠲᠠᠭᠠᠪᠠ᠃

— ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠦ ᠬᠦᠷᠢᠶᠡᠨ᠎ᠳᠡᠬᠢ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ᠎ᠶ᠋ᠢ ᠠᠬᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠦᠷᠢᠮ》 ᠢ᠋ ᠨᠡᠢᠲᠡᠯᠡᠵᠦ᠍᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ〉ᠶ᠋ᠢ ᠬᠡᠷᠡᠭ᠌ᠵᠢᠭᠦᠯᠬᠦ᠌ ᠠᠷᠭ᠎ᠠ》 ᠳ᠋ᠤ ᠵᠠᠰᠠᠪᠤᠷᠢ ᠣᠷᠣᠭᠤᠯᠪᠠ᠃

— ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠤᠷᠢᠳ ᠬᠣᠵᠢᠳ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ ᠲᠦᠷᠢᠮ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠲᠦᠷᠢᠮ》ᠵᠡᠷᠭᠡ ᠨᠢᠭᠡ ᠪᠦᠯᠦᠭ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠲᠣᠭ᠍ᠲᠠᠭᠠᠵᠤ ᠵᠠᠰᠠᠪᠤᠷᠢ ᠣᠷᠣᠭᠤᠯᠪᠠ᠃

— ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠵᠤ᠂ ᠶᠣᠰᠣ ᠰᠤᠷᠲᠠᠬᠤᠨ᠎ᠢ ᠪᠠᠳᠠᠷᠠᠭᠤᠯᠬᠤ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠤᠯᠠᠭᠠᠨᠮᠥ᠋ᠴᠢᠷ᠎ᠦᠨ ᠦᠢᠯᠡᠰ᠎ᠦᠨ ᠬᠥᠭ᠌ᠵᠢᠯᠲᠡ᠎ᠶ᠋ᠢ ᠵᠢᠷᠤᠮᠵᠢᠭᠤᠯᠬᠤ ᠠᠩᠬᠠᠳᠠᠭ᠍ᠴᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠲᠦᠷᠢᠮ》ᠵᠢᠴᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠠᠵᠢᠯᠯᠠᠭ᠎ᠠ᠎ᠶ᠋ᠢ ᠠᠬᠢᠭᠤᠯᠬᠤ ᠲᠦᠷᠢᠮ》ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠲᠣᠭ᠍ᠲᠠᠭᠠᠪᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠨᠡᠢᠲᠡ 60 ᠬᠠᠤᠯᠢ ᠲᠣᠭ᠍ᠲᠠᠭᠠᠯ ᠲᠣᠭ᠍ᠲᠠᠭᠠᠵᠤ᠂ 82 ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠤᠨ᠂ 52 ᠬᠠᠤᠯᠢ ᠲᠣᠭ᠍ᠲᠠᠭᠠᠯ᠎ᠢ ᠬᠦᠴᠦᠨ ᠥᠬᠡᠶ ᠪᠣᠯᠭᠠᠵᠤ᠂ ᠲᠣᠭᠣᠷᠢᠭ᠎ᠪᠠᠢᠭᠤᠯᠤᠭᠰᠠᠨ ᠬᠣᠲᠠ᠎ᠶ᠋ᠢᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠢ᠋ 162 ᠵᠥᠪᠱᠢᠶᠡᠷᠡᠵᠦ᠍᠂ ᠥᠪᠡᠷᠲᠡᠭᠡᠨ ᠵᠠᠰᠠᠬᠤ ᠬᠣᠱᠢᠭᠤᠨ᠎ᠤ ᠥᠪᠡᠷᠲᠡᠭᠡᠨ ᠵᠠᠰᠠᠬᠤ ᠲᠦᠷᠢᠮ᠂ ᠲᠤᠰᠭᠠᠶ ᠲᠦᠷᠢᠮ᠎ᠢ 39 ᠵᠥᠪᠱᠢᠶᠡᠷᠡᠪᠡ᠃ ᠬᠠᠤᠯᠢ ᠲᠣᠭ᠍ᠲᠠᠭᠠᠬᠤ ᠦᠶ᠋ᠯᠡᠳᠦᠯᠭᠡ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠡᠴᠡ ᠵᠠᠰᠠᠭ᠎ᠤᠨ ᠣᠷᠳᠣᠨ᠎ᠤ ᠬᠠᠤᠯᠢ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢ ᠵᠣᠬᠢᠶᠠᠨ ᠪᠠᠢᠭᠤᠯᠵᠤ᠂ ᠨᠡᠢᠭᠡᠮ᠎ᠦᠨ ᠬᠦᠴᠦᠨ᠎ᠦ ᠬᠠᠤᠯᠢ ᠲᠣᠭ᠍ᠲᠠᠭᠠᠬᠤ ᠠᠵᠢᠯ᠎ᠳᠤ ᠡᠮᠬᠢ ᠵᠢᠷᠤᠮ᠎ᠲᠠᠶ᠎ᠪᠠᠷ ᠣᠷᠣᠯᠴᠠᠬᠤ᠎ᠶ᠋ᠢ ᠠᠬᠢᠭᠤᠯᠪᠠ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠦᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠠᠷᠠᠳ ᠤᠯᠠᠨ᠎ᠤ ᠬᠠᠤᠯᠢ ᠲᠣᠭ᠍ᠲᠠᠭᠠᠬᠤ᠎ᠳᠤ ᠣᠷᠣᠯᠴᠠᠬᠤ ᠠᠷᠭ᠎ᠠ ᠵᠠᠮ᠎ᠢ ᠱᠢᠯᠤᠭᠤᠳᠭᠠᠵᠤ᠂ ᠬᠠᠤᠯᠢ ᠲᠣᠭ᠍ᠲᠠᠭᠠᠬᠤ ᠠᠵᠢᠯ᠎ᠢ《ᠪᠠᠢᠬᠤ ᠡᠰᠡᠬᠦ᠌》ᠡᠴᠡ《ᠰᠠᠢ᠌ᠨ ᠡᠰᠡᠬᠦ᠌》ᠲᠡᠢᠰᠢ ᠬᠤᠪᠢᠷᠠᠭᠤᠯᠵᠤ᠂《ᠦᠨᠳᠦᠰᠦᠯᠡᠬᠦ᠌ ᠬᠠᠤᠯᠢ᠎ᠲᠠᠶ》ᠪᠠᠢᠭ᠍ᠰᠠᠨ ᠡᠴᠡ《ᠰᠠᠢ᠌ᠨ ᠬᠠᠤᠯᠢ᠎ᠪᠠᠷ ᠰᠠᠢᠳᠤᠷ ᠵᠠᠰᠠᠬᠤ》 ᠲᠡᠢᠰᠢ ᠤᠷᠤᠭ᠍ᠰᠢᠯᠠᠬᠤ ᠠᠯᠬᠤᠭ᠎ᠠ᠎ᠶ᠋ᠢ ᠬᠦᠴᠦᠲᠡᠢ ᠪᠣᠯᠭᠠᠪᠠ᠃

ᠬᠠᠤᠯᠢ ᠶᠣᠰᠣᠭᠠᠷ ᠵᠠᠰᠠᠭ ᠶᠠᠪᠤᠭᠤᠯᠵᠤ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠠᠢᠭᠤᠯᠪᠠ

《ᠡᠷᠬᠡ ᠣᠯᠭᠣᠬᠤ ᠨᠠᠢᠳᠠᠯᠭ᠎ᠠ᠎ᠶ᠋ᠢᠨ ᠪᠢᠴᠢᠭ᠎ᠦᠨ ᠠᠯᠪᠠᠨ ᠭᠡᠷᠡᠴᠢᠯᠡᠭᠡ ᠬᠢᠯᠭᠡᠬᠦ᠌᠎ᠳᠦ ᠨᠠᠭᠠᠳᠤ ᠵᠠᠬ᠎ᠠ᠎ᠳᠠᠭᠠᠨ ᠨᠢᠭᠡ ᠡᠴᠡ ᠬᠣᠶᠠᠷ ᠴᠠᠭ ᠬᠡᠷᠡᠭ᠌ᠰᠡᠨ᠎ᠡ ᠭᠡᠵᠦ᠍ ᠪᠤᠳᠤᠵᠤ ᠪᠠᠢᠭᠰᠠᠨ ᠴᠢᠨᠢ ᠰᠠᠨᠠᠭᠠᠨ ᠡᠴᠡ ᠭᠠᠳᠠᠭᠤᠷ ᠬᠤᠷᠢᠬᠠᠨ ᠮᠢᠨᠦ᠋ᠲ᠎ᠦᠨ ᠳᠣᠲᠣᠷ᠎ᠠ ᠪᠡᠶᠡᠯᠡᠬᠦᠯᠴᠢᠭᠡᠪᠡ᠃ ᠲᠡᠷᠡᠴᠢᠯᠡᠨ ᠡᠯᠸᠺᠲᠷᠣᠨ ᠠᠯᠪᠠᠨ ᠦᠨᠡᠮᠯᠡᠯ ᠬᠢᠯᠭᠡᠵᠦ ᠪᠤᠯᠳᠠᠭ ᠪᠦᠭᠡᠳ ᠲᠠᠷᠤᠢᠬᠠᠨ ᠬᠤᠯᠪᠤᠭᠳᠠᠯ ᠪᠦᠬᠦᠢ ᠬᠡᠯᠲᠡᠰ᠎ᠲᠦ ᠶᠠᠪᠤᠭᠤᠯᠵᠤ ᠪᠤᠯᠳᠠᠭ ᠪᠤᠯᠵᠠᠢ᠂ ᠨᠡᠬᠡᠷᠡᠨ ᠳᠥᠭᠥᠮ ᠪᠤᠯᠤᠯ᠎ᠠ!》 ᠭᠡᠵᠦ ᠬᠥᠬᠡᠬᠣᠲᠠ᠎ᠶ᠋ᠢᠨ ᠵᠧᠩ ᠱᠢᠨ ᠠᠯᠪᠠᠨ ᠭᠡᠷᠡᠴᠢᠯᠡᠭᠡ᠎ᠶ᠋ᠢᠨ ᠭᠠᠵᠠᠷ᠎ᠲᠤ ᠠᠯᠪᠠᠨ ᠭᠡᠷᠡᠴᠢᠯᠡᠭᠡ᠎ᠶ᠋ᠢᠨ ᠪᠢᠴᠢᠭ ᠭᠠᠷᠳᠠᠭᠰᠠᠨ ᠸᠧᠶ ᠠᠪᠠᠬᠠᠶ ᠢᠳᠡᠭᠡᠵᠦ ᠶᠠᠳᠠᠮ᠎ᠠ ᠶᠠᠷᠢᠨ᠎ᠠ᠃

ᠡᠯᠧᠺᠲ᠋ᠷᠣᠨ ᠠᠯᠪᠠᠨ ᠭᠡᠷᠡᠴᠢᠯᠡᠭᠡ᠎ᠶ᠋ᠢᠨ ᠪᠢᠴᠢᠭ᠎ᠨᠢ《 ᠨᠢᠭᠡ ᠯᠡ ᠳᠠᠷᠤᠪᠴᠢ᠎ᠪᠠᠷ ᠬᠦᠷᠭᠡᠬᠦ᠌ 》 ᠎ᠶ᠋ᠢ ᠪᠡᠶᠡᠯᠡᠭᠦᠯᠵᠦ᠍ ᠂ ᠣᠯᠠᠨ ᠲᠦᠮᠡᠨ᠎ᠢ ᠣᠯᠠᠨ ᠤᠳᠠᠭ᠎ᠠ ᠭᠦᠶᠦᠬᠦ᠌ ᠂ ᠨᠠᠭᠠᠰᠢ ᠴᠠᠭᠠᠰᠢ ᠭᠦᠶᠦᠬᠦ᠌᠎ᠡᠴᠡ ᠵᠠᠢᠯᠠᠰᠭᠢᠭᠤᠯᠵᠦ᠍ ᠂ ᠠᠵᠢᠯ ᠶᠠᠪᠤᠳᠠᠯ ᠭᠦᠶ᠋ᠴᠡᠳᠭᠡᠬᠦ᠌ ᠥᠪᠡᠷ᠎ᠦᠨ ᠥᠷᠲᠡᠭ᠎ᠢ ᠪᠠᠭᠤᠷᠠᠭᠤᠯᠪᠠ᠃ ᠡᠨᠡ ᠪᠣᠯ ᠮᠠᠨ᠎ᠤ ᠣᠷᠣᠨ᠎ᠤ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠣᠯᠤᠭ᠍ᠰᠠᠨ ᠢᠯᠡᠳᠲᠡ ᠦᠷ᠎ᠡ ᠪᠦᠲᠦᠮᠵᠢ ᠪᠣᠯᠬᠤ ᠪᠥᠭᠡᠳ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠦᠨ ᠨᠢᠭᠡ ᠪᠣᠯᠤᠨ᠎ᠠ᠃ ᠬᠠᠤᠯᠢ᠎ᠪᠠᠷ ᠣᠷᠣᠨ᠎ᠢᠶᠠᠨ ᠵᠠᠰᠠᠬᠤ᠎ᠳᠤ ᠵᠥᠪ ᠴᠢᠭ᠌ᠯᠡᠯ ᠪᠣᠯᠤᠨ ᠵᠠᠷᠴᠢᠮ ᠪᠠᠢᠬᠤ ᠬᠡᠷᠡᠭ᠌ᠲᠡᠶ ᠮᠥᠷᠲᠡᠭᠡᠨ ᠨᠡᠩ ᠴᠤ᠌ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠪᠣᠳᠠᠲᠠᠶ᠎ᠶ᠋ᠢ ᠡᠷᠬᠢᠮᠯᠡᠨ ᠠᠬᠢᠭᠤᠯᠬᠤ ᠬᠡᠷᠡᠭ᠌ᠲᠡᠶ᠃

《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠡ᠃ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ ᠪᠠ 《ᠮᠥᠩᠬᠡ ᠰᠤᠪᠠᠭ》 ᠎ᠤ᠋ᠨ ᠱᠢᠯᠵᠢᠮᠡᠯ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠳᠤ ᠲᠦᠱᠢᠭ᠌ᠯᠡᠨ ᠂ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠢ 《ᠳᠠᠷᠤᠢᠬᠠᠨ ᠭᠦᠶ᠋ᠴᠡᠳᠭᠡᠬᠦ᠌ ᠂ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠂ ᠣᠢᠷ᠎ᠠ ᠬᠠᠪᠢ᠎ᠳ᠋ᠠᠭᠠᠨ ᠭᠦᠶ᠋ᠴᠡᠳᠭᠡᠬᠦ᠌ ᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ ᠂ ᠥᠪᠡᠰᠦᠪᠡᠨ ᠭᠦᠶ᠋ᠴᠡᠳᠭᠡᠬᠦ᠌ 》 ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ᠃ ᠣᠳᠣᠬᠠᠨ᠎ᠳᠤ ᠂ 67 . 8 % ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠳᠡᠮᠵᠢᠵᠦ᠍ ᠂ ᠬᠥᠬᠡᠬᠣᠲᠠ ᠪᠤᠭᠤᠲᠤ ᠣᠷᠳᠣᠰ ᠦᠬᠠᠶ᠎ᠶ᠋ᠢᠨ 1239 ᠵᠦᠶ᠋ᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《 ᠳᠥᠷᠪᠡᠨ ᠬᠣᠲᠠ᠎ᠳᠤ ᠨᠡᠢᠳᠡᠮ ᠭᠦᠶ᠋ᠴᠡᠳᠭᠡᠬᠦ᠌ 》 ᠎ᠶ᠋ᠢ ᠪᠡᠶᠡᠯᠡᠭᠦᠯᠪᠡ᠃ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳᠦᠷᠢᠮ᠎ᠦᠨ ᠱᠢᠰᠲ᠋ᠧᠮ᠎ᠢ ᠪᠦᠷᠢᠨᠱᠢᠭᠦᠯᠪᠡ᠃ ᠬᠠᠤᠯᠢ ᠶᠣᠰᠣᠴᠢ ᠴᠢᠨᠠᠷ᠎ᠢ ᠬᠢᠨᠠᠨ ᠪᠠᠢᠴᠠᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ ᠂ ᠬᠠᠤᠯᠢ ᠴᠠᠭᠠᠵᠠ᠎ᠶ᠋ᠢᠨ ᠵᠥᠪᠯᠡᠭ᠌ᠴᠢ ᠂ ᠠᠯᠪᠠᠨ ᠲᠤᠱᠢᠶᠠᠯᠲᠤ ᠬᠠᠤᠯᠢᠴᠢ᠎ᠶ᠋ᠢᠨ ᠣᠷᠣᠯᠴᠠᠭ᠎ᠠ᠎ᠶ᠋ᠢ ᠬᠠᠤᠯᠢ ᠶᠣᠰᠣᠭᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠶ᠋ᠢᠨ ᠴᠢᠬᠤᠯᠠ ᠲᠠᠰ ᠳᠠᠷᠠᠭᠠᠯᠠᠯ ᠪᠣᠯᠭᠠᠵᠤ ᠂ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢ ᠪᠦᠷᠢᠨ ᠪᠦᠷᠬᠦᠭᠦᠯᠬᠦ᠌᠎ᠶ᠋ᠢ ᠠᠬᠢᠭᠤᠯᠪᠡ᠃

ᠬᠠᠤᠯᠢ᠎ᠶ᠋ᠢ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ᠎ᠢᠶᠠᠷ ᠬᠡᠷᠡᠭ᠌ᠵᠢᠭᠦᠯᠬᠦ᠌᠎ᠶ᠋ᠢ ᠲᠦᠯᠬᠢᠨ ᠠᠬᠢᠭᠤᠯᠪᠠ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠦᠨᠡᠮᠯᠡᠯ᠎ᠦᠨ ᠬᠠᠮᠢᠶᠠᠷᠤᠯᠲᠠ᠎ᠶ᠋ᠢᠨ ᠠᠷᠭ᠎ᠠ 》 ᠎ᠶ᠋ᠢ ᠨᠡᠢᠲᠡᠯᠡᠵᠦ᠍ ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠡᠯᠧᠺᠲ᠋ᠷᠣᠨ ᠦᠨᠡᠮᠯᠡᠯ᠎ᠢ ᠡᠬᠢᠯᠡᠨ ᠬᠡᠷᠡᠭ᠌ᠯᠡᠪᠡ᠃ ᠪᠥᠬᠥ᠌ ᠤᠯᠤᠰ᠎ᠲᠤ ᠮᠤᠵᠢ᠎ᠶ᠋ᠢᠨ ᠱᠠᠳᠤᠨ᠎ᠤ ᠵᠠᠰᠠᠭ᠎ᠤᠨ ᠣᠷᠳᠣᠨ᠎ᠤ ᠲᠦᠷᠢᠮ ᠲᠣᠭ᠍ᠲᠠᠭᠠᠯ᠎ᠤᠨ ᠬᠡᠯᠪᠡᠷᠢ᠎ᠪᠡᠷ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠬᠠᠤᠯᠢ ᠬᠡᠷᠡᠭ᠌ᠵᠢᠭᠦᠯᠬᠦ᠌ ᠪᠥᠬᠥ᠌ ᠶᠠᠪᠤᠴᠠ᠎ᠵᠢ ᠵᠠᠷᠯᠠᠨ ᠨᠡᠢᠳᠡᠯᠡᠵᠦ᠂ ᠴᠢᠬᠤᠯᠠ ᠶᠡᠬᠡ ᠬᠠᠤᠯᠢ ᠬᠡᠷᠡᠭ᠌ᠵᠢᠭᠦᠯᠬᠦ᠌ ᠲᠣᠭ᠍ᠲᠠᠭᠠᠯ ᠎ᠤᠨ ᠬᠠᠤᠯᠢ ᠲᠦᠷᠢᠮ᠎ᠦᠨ ᠬᠢᠨᠠᠨ ᠬᠠᠷᠭᠤᠭᠤᠯᠤᠯᠲᠠ᠎ᠶ᠋ᠢ ᠲᠡᠮᠳᠡᠭ᠌ᠯᠡᠬᠦ᠌ ᠠᠷᠭ᠎ᠠ 》 ᠎ᠶ᠋ᠢ ᠲᠦᠷᠦᠭᠦᠯᠡᠨ ᠨᠡᠢᠲᠡᠯᠡᠵᠦ᠍ ᠂ ᠪᠥᠬᠥ᠌ ᠤᠯᠤᠰ᠎ᠤᠨ ᠠᠩᠬᠠᠳᠠᠭ᠍ᠴᠢ ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠡᠶᠡᠴᠢ ᠴᠣᠭ᠍ᠴᠠ ᠪᠠ ᠬᠠᠤᠯᠢ ᠬᠡᠷᠡᠭ᠌ᠵᠢᠭᠦᠯᠬᠦ᠌ ᠵᠦᠶ᠋ᠯᠡᠰ᠎ᠢ ᠲᠣᠳᠣᠷᠬᠠᠢᠯᠠᠭ᠍ᠰᠠᠨ ᠮᠤᠵᠢ᠎ᠶ᠋ᠢᠨ ᠱᠠᠲᠤᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠦᠷᠢᠮ 》 ᠎ᠢ᠋ ᠲᠣᠭ᠍ᠲᠠᠭᠠᠪᠠ᠃

ᠡᠳᠦᠭᠡ ᠂ ᠥᠪᠥᠷ ᠮᠣᠩᠭᠣᠯ ᠬᠠᠤᠯᠢᠵᠢᠯ᠎ᠤᠨ ᠰᠡᠳᠭᠢᠬᠦᠢ ᠪᠣᠯᠤᠨ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠥᠭᠡᠷᠡᠴᠢᠯᠡᠯᠲᠡ᠎ᠶ᠋ᠢ ᠲᠠᠰᠤᠷᠠᠯᠳᠡ ᠦᠭᠡᠢ ᠭᠦᠨᠵᠡᠭᠡᠢᠷᠡᠭᠦᠯᠵᠦ᠍ ᠂ ᠬᠥᠭ᠌ᠵᠢᠯᠲᠡ᠎ᠶ᠋ᠢ ᠠᠬᠢᠭᠤᠯᠵᠤ ᠂ ᠵᠥᠷᠢᠴᠡᠯ᠎ᠢ ᠱᠢᠢᠳᠪᠦᠷᠢᠯᠡᠵᠦ᠍ ᠂ ᠲᠣᠭ᠍ᠲᠠᠭᠤᠨ᠎ᠢ ᠬᠠᠮᠠᠭᠠᠯᠠᠵᠤ ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠤᠷᠳᠤᠴᠠ᠎ᠪᠠᠨ ᠲᠦᠷᠭᠡᠳᠭᠡᠨ᠎ᠡ᠃

ᠭᠤᠤᠯᠴᠢ ᠪᠡᠷ ᠬᠠᠦᠯᠢ ᠪᠠᠷᠢᠵᠤ ᠱᠢᠳᠤᠷᠭᠤ ᠶᠣᠰᠣ᠎ᠶ᠋ᠢ ᠬᠠᠮᠠᠭᠠᠯᠠᠪᠠ

ᠲᠥᠪ ᠭᠣᠣᠯᠴᠢ ᠱᠢᠳᠤᠷᠭᠤ ᠶᠣᠰᠣ ᠪᠣᠯ ᠤᠯᠤᠰ᠎ᠢ ᠵᠠᠰᠠᠬᠤ ᠵᠢᠨ ᠰᠠᠭᠤᠷᠢ ᠮᠥᠨ᠃ ᠭᠤᠤᠯᠴᠢ ᠪᠡᠷ ᠬᠠᠤᠯᠢ ᠪᠠᠷᠢᠬᠤ ᠪᠣᠯ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ ᠮᠥᠨ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠤᠷᠤᠨ ᠠᠷᠠᠳ ᠲᠦᠮᠡᠨ᠎ᠢᠶᠡᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ ᠭᠡᠬᠦ᠌ ᠡᠨᠡ ᠬᠦ᠌ ᠬᠠᠤᠯᠢᠵᠢᠯ᠎ᠤᠨ ᠥᠷᠲᠡᠭ᠎ᠦᠨ ᠬᠥᠭᠡᠭᠡᠴᠡᠯᠳᠦᠯ᠎ᠢ ᠪᠠᠲᠤ ᠡᠵᠡᠮᠳᠡᠵᠦ᠍᠂ ᠬᠠᠤᠯᠢᠵᠢᠯ᠎ᠤᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠱᠢᠰᠲ᠋ᠧᠮ᠎ᠲᠡᠶ ᠰᠤᠳᠤᠯᠤᠨ ᠲᠦᠯᠦᠪᠯᠡᠬᠦ ᠪᠠ ᠱᠢᠶ᠋ᠳᠪᠦᠷᠢᠯᠡᠵᠦ᠍᠂ ᠣᠯᠠᠨ ᠲᠦᠮᠡᠨ᠎ᠳᠤ ᠬᠠᠤᠯᠢ ᠴᠠᠭᠠᠵᠠ ᠵᠢᠨ ᠲᠦᠷᠢᠮ ᠨᠢᠬᠡᠪᠤᠷᠢ᠂ ᠬᠠᠤᠯᠢ ᠬᠡᠷᠡᠭ᠌ᠵᠢᠭᠦᠯᠬᠦ᠌ ᠲᠣᠭ᠍ᠲᠠᠭᠠᠯ ᠨᠢᠭᠡᠪᠤᠷᠢ᠂ ᠬᠠᠤᠯᠢ ᠴᠠᠭᠠᠵᠠ᠎ᠶ᠋ᠢᠨ ᠬᠡᠷᠡᠭ ᠨᠢᠬᠡᠪᠤᠷᠢ ᠡᠴᠠ ᠴᠥᠮ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠪᠠ᠃

ᠭᠤᠷᠪᠠᠨ ᠵᠢᠯ᠎ᠦᠨ ᠬᠤᠭᠤᠴᠠᠭ᠎ᠠ ᠪᠦᠬᠦᠢ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠢᠯᠠᠯᠲᠠ ᠣᠯᠵᠤ᠂ ᠬᠠᠷ᠎ᠠ ᠪᠦᠯᠦᠭ᠌ᠲᠡᠨ᠎ᠤ ᠨᠡᠢᠭᠡᠮ᠎ᠦᠨ ᠴᠢᠨᠠᠷᠳᠠᠢ ᠵᠤᠬᠢᠶᠠᠨ ᠪᠠᠢᠭᠤᠯᠤᠯᠳᠠ ᠵᠢ 66 ᠠᠷᠢᠯᠭᠠᠵᠤ᠂ ᠬᠠᠷᠬᠢᠰ ᠬᠦᠴᠦᠨ ᠳ᠋ᠤ ᠬᠤᠯᠪᠤᠭᠳᠠᠭᠰᠠᠨ 1154 ᠡᠪᠰᠡᠯ ᠪᠦᠯᠦᠭ᠎ᠢ ᠤᠰᠠᠳᠬᠠᠵᠤ᠂ ᠪᠦᠭᠦ ᠤᠯᠤᠰ᠎ᠦᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠦᠨ ᠲᠡᠷᠢᠭᠦᠨ᠎ᠦ ᠮᠤᠵᠢ ᠣᠷᠣᠨ᠎ᠢᠶᠠᠷ ᠦᠨᠡᠯᠡᠭ᠌ᠳᠡᠪᠡ᠃ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠎ᠶ᠋ᠢ ᠦᠨᠡᠨ ᠬᠦ᠌ ᠪᠠᠲᠤᠯᠠᠵᠤ᠂ ᠪᠥᠬᠥ᠌ ᠣᠷᠣᠨ᠎ᠤ ᠱᠢᠭᠦᠬᠦ᠌ ᠬᠣᠷᠢᠶ᠎ᠠ ᠭᠡᠷ᠎ᠦᠨ ᠶᠠᠪᠤᠳᠠᠯ᠎ᠢ ᠱᠢᠭᠦᠨ ᠲᠠᠰᠤᠯᠬᠤ ᠠᠵᠢᠯ᠎ᠢᠶᠠᠨ ᠴᠢᠩᠭᠠᠳᠭᠠᠵᠤ᠂ ᠬᠠᠤᠯᠢ ᠴᠠᠭᠠᠵᠠ᠎ᠪᠠᠷ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ᠂ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃

ᠤᠯᠠᠨ ᠨᠡᠢᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ᠎ᠨᠤᠭᠤᠳ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠯᠲᠠ᠎ᠶ᠋ᠢ ᠴᠢᠩᠭᠠᠳᠭᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠰᠠᠬᠢᠨ ᠬᠠᠮᠠᠭᠠᠯᠠᠬᠤ᠂ ᠠᠵᠤ ᠠᠬᠤᠢ᠎ᠶ᠋ᠢᠨ ᠬᠥᠭ᠌ᠵᠢᠯᠲᠡ᠎ᠳᠦ ᠦᠢᠯᠡᠴᠢᠯᠡᠬᠦ᠌᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠪᠠᠲᠤᠯᠠᠬᠤ᠂ ᠬᠠᠤᠯᠢᠵᠢᠯ᠎ᠤᠨ ᠪᠠᠢᠭᠤᠯᠤᠯᠲᠠ᠎ᠶ᠋ᠢ ᠠᠬᠢᠭᠤᠯᠬᠤ᠎ᠯᠤᠭ᠎ᠠ ᠣᠷᠭᠠᠨᠢᠭ᠎ᠢᠶᠠᠷ ᠤᠶᠠᠯᠳᠤᠭᠤᠯᠪᠠ᠃ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠬᠦᠯᠳᠡᠷᠵᠢᠬᠦᠯᠵᠦ᠂ ᠬᠣᠲᠠ ᠬᠥᠳᠡᠭᠡ᠎ᠶ᠋ᠢ ᠬᠠᠮᠤᠷᠤᠭ᠍ᠰᠠᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠪᠠ ᠪᠣᠳᠠᠲᠤ ᠴᠣᠭ᠍ᠴᠠ᠂ ᠬᠠᠯᠠᠮᠱᠢᠯ ᠤᠲᠠᠰᠤ᠂ ᠰᠦᠯᠵᠢᠶ᠎ᠡ ᠵᠢᠨ ᠭᠤᠷᠪᠠᠨ ᠶᠡᠬᠡ ᠲᠠᠪᠴᠠᠩ᠎ᠢ ᠪᠠᠢᠭᠤᠯᠵᠤ᠂ 707 ᠲᠦᠮᠡᠨ ᠬᠥᠮᠦᠨ᠎ᠳᠦ ᠠᠱᠢᠭ ᠬᠦᠷᠲᠡᠭᠡᠪᠡ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠣᠷᠣᠨ ᠬᠠᠤᠯᠢ ᠲᠦᠭᠡᠮᠡᠯᠵᠢᠭᠦᠯᠬᠦ᠌ ᠬᠠᠤᠯᠢ᠎ᠪᠠᠷ ᠵᠠᠰᠠᠬᠤ ᠵᠢ ᠬᠠᠦᠯᠢᠵᠢᠯ᠎ᠦᠨ ᠨᠡᠢᠭᠡᠮ᠎ᠦᠨ ᠪᠠᠢᠭᠤᠯᠤᠯᠲᠠ᠎ᠶ᠋ᠢᠨ ᠨᠢᠭᠡᠨ ᠣᠷᠳᠣ ᠬᠤᠭᠤᠴᠠᠭᠠ᠎ᠤ ᠴᠢᠨᠠᠷᠲᠠᠶ᠂ ᠰᠠᠭᠤᠷᠢ ᠴᠢᠨᠠᠷᠲᠠᠶ ᠠᠵᠢᠯ ᠪᠣᠯᠭᠠᠨ ᠠᠳᠭᠤᠬᠤ᠎ᠶ᠋ᠢ ᠪᠠᠷᠢᠮᠲᠠᠯᠠᠵᠤ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠬᠠᠤᠯᠢᠵᠢᠯ᠎ᠦᠨ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠨᠢᠭᠡ ᠪᠦᠯᠦᠭ ᠬᠠᠦᠯᠢᠵᠢᠯ᠎ᠦᠨ ᠰᠣᠶᠣᠯ᠎ᠤᠨ ᠰᠠᠭᠤᠷᠢᠨ᠎ᠢ ᠪᠠᠢᠭᠤᠯᠵᠠᠢ᠃ ᠬᠠᠦᠯᠢᠵᠢᠯ᠎ᠦᠨ ᠠᠭᠤᠳᠠᠮ ᠲᠠᠯᠠᠪᠠᠢ 337᠂ ᠬᠠᠦᠯᠢᠵᠢᠯ᠎ᠦᠨ ᠤᠷᠳᠤ ᠬᠣᠩᠭᠢᠯ 686᠂ ᠭᠤᠤᠯ ᠰᠡᠳᠦᠪᠲᠦ ᠬᠥᠮᠦᠵᠢᠯ᠎ᠦᠨ ᠰᠠᠭᠤᠷᠢᠨ144 ᠂ ᠨᠣᠮ ᠤᠩᠱᠢᠬᠤ ᠥᠷᠲᠡᠭᠡ᠎ᠶ᠋ᠢ 5171 ᠪᠠᠢᠭᠤᠯᠪᠠ᠃

ᠤᠷᠢᠬᠠᠨ ᠰᠠᠯᠬᠢ ᠥᠭ᠌ᠭᠢᠶᠡᠮᠦᠷ ᠬᠤᠷ᠎ᠠ ᠲᠦᠮᠡᠨ ᠪᠣᠳᠠᠰ᠎ᠢ ᠤᠮᠳᠠᠯᠠᠨ᠎ᠠ᠃ ᠮᠠᠨ᠎ᠤ ᠤᠷᠤᠨ《ᠬᠠᠤᠯᠢᠵᠢᠯ᠎ᠤᠨ ᠤᠯᠠᠭᠠᠨᠮᠥ᠋ᠴᠢᠷ᠎ᠤᠨ ᠬᠢᠯᠢ ᠬᠢᠵᠠᠭᠠᠷ᠎ᠤᠨ ᠠᠶᠠᠯᠠᠯ》᠂《ᠬᠠᠤᠯᠢᠵᠢᠯ᠎ᠤᠨ ᠲᠠᠯ᠎ᠠ ᠨᠤᠲᠤᠭ᠎ᠤᠨ ᠤᠮᠠᠷᠠᠲᠤ ᠬᠢᠯᠢ᠎ᠶ᠋ᠢᠨ ᠠᠶᠠᠯᠠᠯ》ᠵᠡᠷᠭᠡ ᠠᠵᠢᠯᠯᠠᠭ᠎ᠠ᠎ᠶ᠋ᠢ ᠡᠷᠭᠢᠯᠡᠬᠦ᠌᠎ᠪᠡᠷ ᠳᠡᠮᠵᠢᠨ᠂ ᠬᠥᠮᠦᠰ᠎ᠢ ᠬᠠᠤᠯᠢ ᠶᠣᠰᠣᠭᠠᠷ ᠠᠵᠢᠯᠯᠠᠬᠤ᠂ ᠤᠴᠢᠷ ᠲᠣᠬᠢᠶᠠᠯᠳᠤᠪᠠᠯ ᠬᠠᠤᠯᠢ ᠴᠠᠭᠠᠵᠠ᠎ᠶ᠋ᠢ ᠡᠷᠢᠬᠦ᠌᠂ ᠠᠰᠠᠭᠤᠳᠠᠯ᠎ᠢ ᠱᠢᠶ᠋ᠳᠪᠦᠷᠢᠯᠡᠬᠦ᠌᠎ᠳᠡᠭᠡᠨ ᠬᠠᠤᠯᠢ ᠴᠠᠭᠠᠵᠠ᠎ᠶ᠋ᠢ ᠬᠡᠷᠡᠭ᠌ᠯᠡᠬᠦ᠌᠂ ᠵᠥᠷᠢᠴᠡᠯ᠎ᠢ ᠨᠠᠮᠳᠠᠭᠤᠯᠬᠤ᠎ᠳ᠋ᠠᠭᠠᠨ ᠬᠠᠤᠯᠢ ᠴᠠᠭᠠᠵᠠ᠎ᠳᠤ ᠲᠦᠱᠢᠭ᠌ᠯᠡᠬᠦ᠌ ᠰᠡᠳᠭᠢᠬᠦᠶ᠎ᠲᠡᠶ ᠪᠣᠯᠭᠠᠪᠠ; ᠬᠠᠤᠯᠢᠵᠢᠯ᠎ᠤᠨ ᠢᠲᠡᠭᠡᠯ ᠪᠢᠱᠢᠷᠡᠯ ᠡᠳᠦᠷ ᠢᠷᠡᠬᠦᠶ᠎ᠡ ᠬᠥᠮᠦᠰ᠎ᠦᠨ ᠰᠡᠳᠭᠢᠯ᠎ᠳᠦ ᠬᠠᠳᠠᠩᠱᠢᠵᠤ᠂ ᠬᠠᠤᠯᠢᠵᠢᠯ᠎ᠤᠨ ᠠᠭᠤᠷ ᠠᠮᠢᠰᠭᠤᠯ ᠡᠳᠦᠷ ᠢᠷᠡᠬᠦᠶ᠎ᠡ ᠦᠳᠭᠡᠷᠡᠵᠦ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ ᠱᠢᠨ᠎ᠡ ᠳᠡᠭ᠌ᠲᠡᠷ᠎ᠲᠦ ᠭᠠᠷᠪᠠ;ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠥᠭ᠌ᠵᠢᠯᠲᠡ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠡᠢᠭᠡᠮ᠎ᠦᠨ ᠡᠶ᠎ᠡ ᠵᠤᠬᠢᠴᠠᠩᠭᠤᠢ ᠵᠢ ᠪᠠᠲᠤᠯᠠᠵᠤ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢᠭᠤᠯᠤᠯᠲᠠ ᠨᠡᠩ ᠲᠤᠷᠪᠢᠳᠠᠢ ᠤᠷᠤᠭᠰᠢᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面