2022-09-14 09:32:31
ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠣᠢᠯᠠᠭᠠᠭ᠍ᠳᠠᠬᠤᠨ ᠨᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠪᠣᠯᠪᠠᠰᠤᠨ᠎ᠤ ᠬᠥᠭ᠌ᠵᠢᠯᠲᠡ᠎ᠳᠦ ᠵᠢᠯᠤᠭᠤᠳᠤᠯᠭ᠎ᠠ ᠪᠠ ᠵᠢᠷᠤᠮᠯᠠᠯ ᠬᠠᠩᠭᠠᠯ᠎ᠠ ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠥᠪᠥᠷ ᠮᠣᠩᠭᠣᠯ ᠠᠷᠠᠳ ᠲᠦᠮᠡᠨ ᠡᠵᠡᠨ ᠰᠠᠭᠤᠵᠤ ᠡᠷᠬᠡ ᠮᠡᠲᠡᠬᠥ ᠶ᠋ᠢ ᠪᠠᠷᠢᠮᠲᠠᠯᠠᠨ ᠂ ᠪᠥᠬᠥ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍ ᠂ ᠠᠷᠠᠳ ᠲᠦᠮᠡᠨ᠎ᠦ ᠥᠷᠭᠡᠨ ᠳᠡᠯᠭᠡᠷ ᠠᠭᠤᠯᠭ᠎ᠠ᠎ᠲᠠᠶ ᠂ ᠡᠯᠪᠡᠭ ᠪᠠᠶᠠᠯᠢᠭ ᠲᠠᠰ ᠳᠠᠪᠬᠤᠷᠭ᠎ᠠ᠎ᠲᠠᠶ ᠡᠵᠡᠨ ᠰᠠᠭᠤᠵᠤ ᠡᠷᠬᠡ ᠮᠡᠲᠡᠬᠥ ᠶ᠋ᠢ ᠪᠡᠶᠡᠯᠡᠭᠦᠯᠵᠦ᠍ ᠂ ᠪᠥᠬᠥ᠌ ᠶᠠᠪᠤᠴᠠ᠎ᠵᠢᠨ ᠠᠷᠠᠳ᠎ᠤᠨ ᠠᠷᠠᠳᠴᠢᠯᠠᠯ ᠨᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ᠋ ᠢᠯᠡᠷᠡᠭᠦᠯᠪᠡ᠃
ᠰᠠᠢᠠ ᠬᠠᠤᠯᠢᠴᠢᠳᠠᠮᠠᠭᠠᠢ ᠵᠠᠰᠠᠯᠳᠠ ᠣᠯᠠᠨ᠎ᠤ ᠬᠦᠰᠡᠯᠳᠦ ᠨᠡᠢᠴᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠡᠨᠡ ᠬᠦ᠌ ᠵᠠᠩᠭᠢᠯᠠᠭ᠎ᠠ᠎ᠶ᠋ᠢ ᠠᠳᠭᠤᠵᠤ ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠪᠠᠢᠩᠭᠤ᠎ᠶ᠋ᠢᠨ ᠬᠣᠷᠢᠶᠠᠨ ᠤ᠋ ᠬᠠᠤᠯᠢ ᠲᠣᠭ᠍ᠲᠠᠭᠠᠬᠤ ᠠᠵᠢᠯ᠎ᠳᠠᠬᠢ ᠭᠣᠣᠯᠯᠠᠨ ᠤᠳᠤᠷᠢᠳᠭᠤ ᠦᠢᠯᠡᠳᠦᠯ᠎ᠢ ᠰᠠᠢᠲᠤᠷ ᠪᠠᠳᠠᠷᠠᠭᠤᠯᠵᠤ ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠵᠤ ᠂ ᠬᠠᠤᠯᠢ ᠴᠠᠭᠠᠵᠠ ᠬᠠᠤᠯᠢ ᠲᠣᠭ᠍ᠲᠠᠭᠠᠯ ᠨᠢᠭᠡᠪᠦᠷᠢ᠎ᠶ᠋ᠢ ᠬᠥᠮᠦᠰ᠎ᠦᠨ ᠰᠠᠨᠠᠭ᠎ᠠ ᠰᠡᠳᠭᠢᠯ᠎ᠳᠦ ᠨᠡᠢᠴᠡᠭᠦᠯᠬᠦ᠌ ᠵᠢ ᠪᠠᠳᠤᠯᠠᠪᠠ᠃
ᠭᠦᠨᠵᠡᠭᠡᠶ ᠪᠠᠢᠴᠠᠭᠠᠨ ᠰᠤᠳᠤᠯᠤᠯᠲᠠ᠎ᠪᠠᠷ ᠠᠩᠬᠠᠨ᠎ᠤ ᠮᠠᠲ᠋ᠧᠷᠢᠶᠠᠯ᠎ᠢ ᠣᠯᠵᠤ ᠂ ᠨᠡᠢᠭᠡᠮ ᠨᠡᠢᠲᠡ᠎ᠡᠴᠡ ᠢᠯᠡ᠎ᠪᠡᠷ ᠰᠠᠨᠠᠯ ᠰᠠᠨᠠᠭᠤᠯᠭ᠎ᠠ ᠬᠤᠷᠢᠶᠠᠵᠤ ᠂ ᠬᠠᠤᠯᠢ ᠲᠣᠭ᠍ᠲᠠᠭᠠᠬᠤ ᠶᠠᠷᠢᠯᠴᠠᠬᠤ ᠬᠤᠷᠠᠯ ᠬᠢᠬᠦ ᠂ ᠲᠤᠰᠭᠠᠶ ᠮᠡᠷᠭᠡᠵᠢᠯᠲᠡᠨ ᠡᠷᠳᠡᠮᠲᠡᠨ᠎ᠢ ᠵᠣᠬᠢᠶᠠᠨ ᠪᠠᠢᠭᠤᠯᠵᠤ ᠲᠤᠰᠭᠠᠶ ᠰᠡᠳᠦᠪ᠎ᠢᠶᠡᠷ ᠨᠤᠲᠠᠯᠠᠯᠲᠠ ᠬᠢᠬᠦ ᠁ ᠣᠯᠠᠨ ᠨᠡᠢᠲᠡ ᠵᠢᠨ ᠰᠠᠨᠠᠯ ᠪᠤᠳᠤᠯ ᠨᠢ ᠨᠢᠭᠡᠨᠲᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠣᠭ᠍ᠲᠠᠭᠠᠬᠤ ᠴᠢᠬᠤᠯᠠ ᠯᠠᠪᠯᠠᠯᠲᠠ ᠪᠣᠯᠤᠭ᠍ᠰᠠᠨ ᠪᠠᠢᠨ᠎ᠠ᠃
《ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠤᠨ ᠲᠥᠰᠦᠯ᠎ᠢ ᠲᠤᠭᠤᠷᠪᠢᠬᠤ᠎ᠳᠤ ᠪᠠᠢᠴᠠᠭᠠᠨ ᠰᠤᠳᠤᠯᠤᠯᠲᠠ ᠬᠢᠬᠦ᠌ ᠬᠡᠷᠡᠭ᠌ᠲᠡᠢ》ᠭᠡᠳᠡᠭ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠪᠠᠢᠩᠭᠤ᠎ᠶ᠋ᠢᠨ ᠬᠣᠷᠢᠶᠠᠨ᠎ᠤ ᠬᠠᠤᠯᠢ ᠲᠣᠭ᠍ᠲᠠᠭᠠᠬᠤ ᠲᠦᠷᠢᠮ᠎ᠳᠦ ᠪᠢᠴᠢᠵᠦ᠍ ᠣᠷᠣᠭᠤᠯᠪᠠ ᠃ ᠵᠢᠱ᠌ᠢᠶᠡᠯᠡᠪᠡᠯ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠦᠷᠢᠮ᠎ᠢ ᠨᠡᠢᠲᠡᠯᠡᠬᠦ᠌᠎ᠡᠴᠡ ᠡᠮᠦᠨ᠎ᠡ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠱᠢᠨᠬᠤᠸᠠ ᠰᠦᠯᠵᠢᠶᠡᠨ᠎ᠳᠤ ᠠᠰᠠᠭᠤᠯᠲᠠ᠎ᠶ᠋ᠢᠨ ᠬᠠᠭᠤᠳᠠᠰᠤ᠎ᠪᠠᠷ ᠪᠠᠢᠴᠠᠭᠠᠯᠲᠠ ᠬᠢᠵᠦ᠍ ᠂ ᠨᠡᠢᠲᠡ 9000 ᠭᠠᠷᠤᠶ ᠬᠠᠷᠢᠭᠤ ᠲᠤᠰᠭᠠᠭ᠍ᠰᠠᠨ ᠮᠡᠳᠡᠭᠡ ᠵᠠᠩᠭᠢ᠎ᠶ᠋ᠢ ᠴᠤᠭ᠍ᠯᠠᠭᠤᠯᠵᠤ ᠂ ᠬᠠᠤᠯᠢ ᠲᠣᠭ᠍ᠲᠠᠭᠠᠯ᠎ᠢ ᠵᠠᠰᠠᠵᠤ ᠲᠡᠭᠦᠯᠳᠡᠷᠵᠢᠭᠦᠯᠬᠦ᠌᠎ᠳᠦ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ᠃
2021 ᠣᠨ᠎ᠤ 5 ᠰᠠᠷ᠎ᠠ᠎ᠶ᠋ᠢᠨ 1 ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ 》᠎ᠢ᠋ ᠵᠢᠩᠬᠢᠨᠢ᠎ᠪᠡᠷ ᠬᠡᠷᠡᠭ᠌ᠵᠢᠭᠦᠯᠪᠡ᠃ ᠮᠠᠨ᠎ᠤ ᠣᠷᠣᠨ᠎ᠤ ᠦᠨᠳᠦᠰᠦᠲᠡᠨ᠎ᠦ ᠬᠦᠷᠢᠶ᠎ᠠ ᠴᠠᠷᠠᠭ᠎ᠠ᠎ᠳᠡᠬᠢ ᠠᠩᠬᠠᠳᠠᠭ᠍ᠴᠢ ᠰᠠᠭᠤᠷᠢ ᠴᠢᠨᠠᠷᠲᠠᠶ ᠂ ᠶᠡᠷᠦᠩᠬᠡᠢᠯᠡᠭ᠌ᠰᠡᠨ ᠴᠢᠨᠠᠷᠲᠠᠶ ᠂ ᠶᠡᠷᠦᠩᠬᠡᠢᠯᠡᠨ ᠵᠠᠬᠢᠷᠬᠤ ᠴᠢᠨᠠᠷᠲᠠᠶ ᠬᠠᠤᠯᠢ ᠲᠣᠭ᠍ᠲᠠᠭᠠᠯ ᠪᠣᠯᠤᠭ᠍ᠰᠠᠨ᠎ᠤ ᠬᠤᠪᠢ᠎ᠳᠤ ᠂ ᠲᠦᠷᠢᠮ᠎ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠡᠨ ᠪᠣᠳᠠᠲᠠᠶ ᠬᠦᠰᠡᠯ ᠡᠷᠡᠮᠡᠯᠵᠡᠯ ᠪᠠ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠲᠤᠰᠭᠠᠵᠤ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠮᠡᠳᠡᠷᠡᠭ᠌ᠳᠡᠪᠡ᠃
ᠠᠷᠠᠳ᠎ᠤᠨ ᠰᠠᠨᠠᠭ᠎ᠠ᠎ᠶ᠋ᠢ ᠨᠠᠩ ᠥᠷᠭᠡᠨ ᠳᠡᠯᠭᠡᠷ ᠂ ᠨᠠᠩ ᠦᠨᠡᠨ ᠪᠣᠳᠠᠲᠠᠶ᠎ᠪᠠᠷ ᠲᠤᠰᠭᠠᠬᠤ᠎ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠤᠷᠢᠳᠴᠢᠯᠠᠨ ᠣᠷᠣᠯᠴᠠᠬᠤ ᠂ 《 ᠬᠤᠤᠰ ᠳᠤᠭᠤᠢᠯᠠᠩ᠎ᠤᠨ ᠳᠠᠷᠤᠭ᠎ᠠ 》᠎ᠶ᠋ᠢᠨ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠎ᠶ᠋ᠢ ᠲᠤᠭᠤᠷᠪᠢᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍ ᠂ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠶ ᠠᠰᠠᠭᠤᠳᠠᠯ᠎ᠳᠤ ᠴᠢᠭ᠌ᠯᠡᠭᠦᠯᠦᠨ ᠬᠠᠤᠯᠢ ᠲᠣᠭ᠍ᠲᠠᠭᠠᠬᠤ ᠭᠡᠷᠡᠴᠢᠯᠡᠭᠡ ᠰᠣᠨᠣᠰᠭᠤ ᠬᠤᠷᠠᠯ ᠬᠢᠵᠤ ᠂ ᠬᠠᠤᠯᠢ ᠲᠣᠭ᠍ᠲᠠᠭᠠᠯ᠎ᠤᠨ ᠲᠥᠰᠦᠯ ᠨᠢᠭᠡᠪᠦᠷᠢ᠎ᠳᠦ ᠴᠥᠮ ᠨᠡᠢᠭᠡᠮ ᠨᠡᠢᠲᠡ ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠠ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠡᠴᠡ ᠰᠠᠨᠠᠯ ᠬᠤᠷᠢᠶᠠᠵᠤ ᠂ ᠨᠠᠩ ᠣᠯᠠᠨ ᠠᠷᠠᠳ᠎ᠤᠨ ᠰᠠᠨᠠᠭ᠎ᠠ᠎ᠶ᠋ᠢ 《ᠬᠠᠤᠯᠢ᠎ᠳᠤ ᠣᠷᠣᠭᠤᠯᠪᠠ 》᠃
ᠰᠠᠢ᠌ᠨ ᠬᠠᠤᠯᠢ᠎ᠶ᠋ᠢ ᠲᠣᠭ᠍ᠲᠠᠭᠠᠵᠤ ᠂ ᠴᠢᠳᠠᠮᠠᠭᠠᠢ ᠵᠠᠰᠠᠯᠲᠠ᠎ᠶ᠋ᠢ ᠪᠠᠲᠤᠯᠠᠵᠤ ᠂ ᠬᠥᠭ᠌ᠵᠢᠯᠲᠡ᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠬᠠᠤᠯᠢ ᠲᠣᠭ᠍ᠲᠠᠭᠠᠬᠤ ᠳᠤᠮᠳᠠ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠵᠦ᠍ ᠂ ᠬᠠᠤᠯᠢᠵᠢᠯ᠎ᠤᠨ ᠬᠦᠴᠦᠨ᠎ᠢᠶᠡᠷ ᠨᠠᠮ᠎ᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠵᠤ ᠂ ᠬᠠᠤᠯᠢ ᠲᠣᠭ᠍ᠲᠠᠭᠠᠯᠲᠠ ᠨᠢᠭᠡᠪᠦᠷᠢ᠎ᠶ᠋ᠢ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠲᠠᠶ ᠨᠡᠢᠴᠡᠭᠦᠯᠵᠦ᠍ ᠂ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠲᠤᠰᠭᠠᠵᠤ ᠂ ᠠᠷᠠᠳ ᠲᠦᠮᠡᠨ᠎ᠦ ᠬᠦᠷᠢᠶᠡᠯᠡᠯ᠎ᠢ ᠤᠯᠪᠠ᠃
《ᠬᠤᠷᠴᠠ ᠰᠠᠯᠠᠮ᠎ᠠ》᠎ᠶ᠋ᠢ ᠦᠨᠲᠤᠷ ᠡᠷᠭᠦᠨ ᠬᠦᠭᠵᠢᠯᠲᠠ᠎ᠳᠤ ᠪᠠᠳᠤᠯᠠᠭ᠎ᠠ ᠬᠠᠩᠭᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠴᠢᠩᠭ᠎ᠠ ᠡᠵᠡᠮᠳᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠣᠭ᠍ᠰᠠᠨ ᠬᠢᠨᠠᠯᠲᠠ ᠲᠠᠯᠪᠢᠬᠤ ᠡᠷᠬᠡ ᠲᠤᠱᠢᠶᠠᠯ᠎ᠢᠶᠠᠨ ᠬᠠᠤᠯᠢ ᠶᠣᠰᠣᠭᠠᠷ ᠬᠡᠷᠡᠭ᠌ᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠡᠷᠡᠰ ᠰᠠᠬᠢᠨ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠤ ᠪᠠᠳᠤᠯᠠᠭ᠎ᠠ ᠬᠠᠩᠭᠠᠪᠠ᠃
ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ᠎ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠤᠷᠲᠤ ᠴᠠᠭᠠᠨ ᠬᠡᠷᠡᠮ᠎ᠢ ᠨᠠᠩ ᠪᠠᠲᠤ ᠪᠡᠬᠢ ᠴᠣᠭ᠍ᠴᠠᠯᠠᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠤᠯᠠᠨ ᠵᠢᠯ ᠳᠠᠷᠠᠭᠠᠯᠠᠨ ᠠᠭᠠᠷ ᠮᠠᠨᠳᠠᠯ᠂ ᠤᠰᠤ᠂ ᠬᠥᠷᠥᠰᠥ᠍᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ᠎ᠶ᠋ᠢ ᠰᠡᠷᠭᠡᠢᠯᠡᠨ ᠵᠠᠰᠠᠬᠤ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠵᠢᠨ ᠠᠵᠢᠯᠯᠠᠭ᠎ᠠ ᠥᠷᠨᠢᠭᠦᠯᠵᠤ ᠂《ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ》 ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠪᠠᠢᠩᠭᠤ᠎ᠶ᠋ᠢᠨ ᠬᠣᠷᠢᠶᠠᠨ᠎ᠤ ᠣᠨ᠎ᠤ ᠭᠣᠣᠯᠳᠠᠯᠭ᠎ᠠ᠎ᠲᠠᠶ ᠬᠢᠨᠠᠯᠲᠠ ᠲᠠᠯᠪᠢᠬᠤ ᠠᠵᠢᠯ᠎ᠳᠤ ᠣᠷᠣᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠬᠢᠵᠠᠭᠠᠷᠯᠠᠵᠤ ᠪᠠᠢᠭ᠎ᠠ ᠳᠣᠪᠣᠢᠮ᠎ᠠ ᠠᠰᠠᠭᠤᠳᠠᠯ᠎ᠢ ᠱᠠᠯᠠᠪᠲᠠᠭᠤᠯᠤᠨ ᠱᠢᠶ᠋ᠳᠪᠦᠷᠢᠯᠠᠵᠤ᠂《ᠤᠮᠠᠷᠠᠲᠤ ᠬᠢᠯᠢ᠎ᠶ᠋ᠢᠨ ᠨᠤᠮᠢᠨ ᠨᠣᠭᠣᠭᠠᠨ》 ᠢ᠋ ᠵᠤᠵᠠᠭᠠᠳᠭᠠᠨ᠂《ᠳᠤᠮᠳᠠᠳᠤ ᠤᠯᠤᠰ᠎ᠤᠨ ᠴᠡᠡᠭᠬᠡᠷ ᠬᠥᠬᠡ》 ᠶ᠋ᠢ ᠨᠡᠮᠡᠭ᠌ᠳᠡᠭᠦᠯᠵᠠᠢ᠃
ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠰᠠᠢᠲᠤᠷ ᠥᠷᠨᠢᠭᠦᠯᠬᠦ᠌᠎ᠶ᠋ᠢᠨ ᠲᠦᠯᠤᠬᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠠᠴᠠ ᠬᠣᠶᠠᠷ ᠳᠡᠳ᠋ ᠡᠷᠬᠢᠯᠡᠭ᠌ᠴᠢ᠎ᠪᠡᠷ ᠳᠤᠭᠤᠢᠯᠠᠩ᠎ᠤᠨ ᠳᠠᠷᠤᠭ᠎ᠠ ᠪᠣᠯᠭᠠᠭ᠍ᠰᠠᠨ᠂ ᠪᠠᠢᠩᠭᠤ᠎ᠶ᠋ᠢᠨ ᠬᠣᠷᠢᠶᠠᠨ ᠤ᠋ ᠬᠡᠰᠡᠭ ᠪᠦᠷᠢᠯᠳᠦᠬᠦᠨ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠪᠦᠷᠢᠯᠳᠦᠬᠦᠨ ᠪᠣᠯᠭᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠬᠤ ᠳᠤᠭᠤᠢᠯᠠᠩ᠎ᠢ ᠪᠠᠢᠭᠤᠯᠤᠭ᠍ᠰᠠᠨ ᠪᠥᠭᠡᠳ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ᠎ᠢ ᠤᠷᠢᠨ ᠣᠷᠣᠯᠴᠠᠭᠤᠯᠵᠤ᠂ ᠬᠠᠤᠯᠢ ᠴᠠᠭᠠᠵᠠ᠎ᠶ᠋ᠢᠨ ᠲᠦᠷᠢᠮ᠎ᠢ ᠪᠦᠲᠦᠮᠵᠢᠲᠡᠶ ᠨᠠᠢᠳᠠᠪᠤᠷᠢᠵᠢᠭᠤᠯᠤᠭ᠍ᠰᠠᠨ ᠡᠰᠡᠬᠦ᠌᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠭ᠌ᠰᠡᠨ ᠡᠰᠡᠬᠦ᠌᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠭ᠌ᠰᠡᠨ ᠡᠰᠡᠬᠦ᠌᠎ᠶ᠋ᠢ ᠬᠠᠤᠯᠢ ᠴᠠᠭᠠᠵᠠ᠎ᠶ᠋ᠢᠨ ᠲᠣᠭ᠍ᠲᠠᠭᠠᠯ ᠶᠣᠰᠣᠭᠠᠷ ᠵᠦᠶ᠋ᠯ ᠳᠠᠷᠠᠭᠠᠯᠠᠨ ᠪᠠᠢᠴᠠᠭᠠᠪᠠ᠃
ᠲᠦᠷᠦᠭᠦᠬᠡᠨ ᠬᠤᠷᠠᠯᠳᠤᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠤᠴᠢᠨ ᠵᠢᠷᠭᠤᠳᠤᠭᠠᠷ ᠬᠤᠷᠠᠯ᠎ᠠᠴᠠ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ》 ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠭ᠍ᠰᠠᠨ ᠲᠤᠬᠠᠶ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠪᠠᠢᠩᠭᠤ᠎ᠶ᠋ᠢᠨ ᠬᠣᠷᠢᠶᠠᠨ᠎ᠤ ᠭᠡᠱᠢᠭᠦᠳ ᠥᠪᠡᠷ ᠥᠪᠡᠷ᠎ᠦᠨ ᠰᠠᠨᠠᠯ᠎ᠢᠶᠠᠨ ᠶᠠᠷᠢᠵᠤ᠂ ᠮᠠᠨ᠎ᠤ ᠣᠷᠣᠨ᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠳᠭᠠᠨ ᠰᠠᠢᠵᠢᠷᠠᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠦᠷᠭᠦᠯᠵᠢᠯᠡᠨ ᠰᠠᠢᠵᠢᠷᠠᠬᠤ᠎ᠳᠤ ᠬᠦᠴᠦᠨ ᠨᠡᠮᠡᠷᠢᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠰᠠᠢᠲᠤᠷ ᠰᠠᠬᠢᠨ ᠬᠠᠮᠠᠭᠠᠯᠠᠵᠠᠢ᠃
2021 ᠣᠨ᠎ᠤ 9 ᠰᠠᠷ᠎ᠠ᠎ᠶ᠋ᠢᠨ 28 ᠤ᠋ ᠡᠳᠦᠷ ᠬᠤᠷᠠᠯᠳᠤᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠭᠤᠴᠢᠳᠤᠭᠠᠷ ᠬᠤᠷᠠᠯ᠎ᠤᠨ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ 5 ᠭᠡᠱᠢᠭᠦᠨ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 1 ᠲᠥᠯᠥᠭᠡᠯᠡᠭ᠌ᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠠᠵᠤ ᠦᠶ᠋ᠯᠡᠰ᠎ᠦᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠭ᠍ᠰᠠᠨ ᠪᠠᠢᠳᠠᠯ᠎ᠳᠤ ᠲᠤᠬᠠᠶ᠎ᠶ᠋ᠢᠨ ᠲᠠᠯᠠᠪᠠᠶ᠎ᠳᠤ ᠠᠰᠠᠭᠤᠯᠲᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠷᠢᠭᠤᠴᠠᠯᠭᠠᠲᠠᠨ ᠲᠤᠬᠠᠶ᠎ᠶ᠋ᠢᠨ ᠲᠠᠯᠠᠪᠠᠶ᠎ᠳᠤ ᠬᠠᠷᠢᠭᠤᠯᠲᠠ ᠥᠭ᠌ᠪᠡ᠃ ᠬᠠᠷᠢᠭᠤᠯᠲᠠ ᠨᠢᠭᠡᠪᠦᠷᠢ ᠨᠢ ᠴᠥᠮ ᠵᠠᠰᠠᠭ᠎ᠤᠨ ᠣᠷᠳᠣᠨ᠎ᠠᠴᠠ ᠣᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠬᠢᠭ᠌ᠰᠡᠨ ᠵᠥᠪ ᠲᠠᠯ᠎ᠠ᠎ᠶ᠋ᠢᠨ ᠬᠠᠷᠢᠭᠤᠯᠲᠠ ᠮᠥᠨ᠂ ᠴᠥᠮ ᠵᠠᠰᠠᠭ᠎ᠤᠨ ᠣᠷᠳᠣᠨ᠎ᠠᠴᠠ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ ᠮᠥᠨ᠃
ᠨᠠᠮ ᠪᠠ ᠤᠯᠤᠰ᠎ᠤᠨ ᠠᠵᠢᠯ᠎ᠤᠨ ᠭᠣᠣᠯᠳᠠᠯᠭ᠎ᠠ ᠨᠢ ᠬᠠᠮᠢᠭ᠎ᠠ ᠪᠠᠢᠪᠠᠯ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠨᠢ ᠲᠡᠨᠳᠡ ᠲᠠᠭᠠᠵᠥ᠍᠂ ᠦᠢᠯᠡᠳᠦᠯ᠎ᠢᠶᠡᠨ ᠲᠡᠨᠳᠡ ᠬᠦᠷᠳᠡᠯ᠎ᠡ ᠪᠠᠳᠠᠷᠠᠭᠤᠯᠳᠠᠭᠢ ᠦᠢᠯᠡᠳᠦᠯᠭᠡ ᠬᠦᠢᠴᠡᠳ ᠭᠡᠷᠡᠴᠢᠯᠡᠪᠡ᠃
ᠠᠷᠠᠳ᠎ᠤᠨ ᠲᠥᠯᠥᠭᠡᠯᠡᠭ᠌ᠴᠢ ᠠᠷᠠᠳ ᠲᠦᠮᠡᠨ᠎ᠳᠦ ᠦᠶ᠋ᠯᠡᠴᠢᠯᠡᠪᠡ
ᠵᠦᠪ ᠵᠠᠮ ᠬᠠᠮᠢᠭ᠎ᠠ ᠡᠴᠡ ᠢᠷᠡᠬᠦ ᠪᠤᠢ? ᠦᠢᠯᠡᠳᠦᠯᠭᠡ ᠡᠴᠡ ᠢᠷᠡᠨ᠎ᠡ᠂ ᠤᠯᠠᠨ ᠲᠦᠮᠡᠨ᠎ᠤ ᠳᠤᠮᠳᠠ ᠡᠴᠡ ᠢᠷᠡᠨ᠎ᠡ᠃
《ᠦᠪᠡᠷᠲᠡᠬᠡᠨ ᠵᠠᠰᠠᠬᠤ ᠤᠷᠤᠨ᠎ᠤ ᠳᠡᠰ ᠳᠠᠪᠬᠤᠷᠭ᠎ᠠ ᠡᠴᠡ ᠲᠦᠷᠦᠬᠦᠯᠡᠨ ᠤᠷᠤᠨ᠎ᠤ ᠲᠦᠪ ᠲᠤᠭᠤᠷᠢᠭ ᠬᠤᠲᠠ᠎ᠶᠢ ᠬᠠᠮᠳᠦ ᠪᠡᠷ ᠪᠠᠢᠭᠤᠯᠬᠤ᠎ᠶᠢ ᠠᠬᠢᠭᠤᠯᠵᠦ᠂ ᠤᠷᠤᠨ᠎ᠤ ᠲᠦᠪ᠎ᠤᠨ ᠲᠠᠷᠢᠬᠦᠨ ᠪᠠᠢᠷᠢ᠎ᠶᠢ ᠪᠦᠬᠦ ᠲᠠᠯ᠎ᠠ ᠪᠡᠷ ᠳᠡᠭᠡᠭᠰᠢᠯᠡᠬᠦᠯᠪᠡ》᠂《ᠰᠦ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂〈ᠳᠡᠯᠡᠬᠡᠢ᠎ᠶ᠋ᠢᠨ ᠰᠦ᠎ᠶ᠋ᠢᠨ ᠬᠤᠲᠠ〉 ᠵᠢ ᠶᠡᠬᠡ ᠬᠦᠴᠦᠨ᠎ᠢᠶᠡᠷ ᠪᠠᠢᠭᠤᠯᠵᠤ᠂ ᠰᠦ᠎ᠶ᠋ᠢᠨ ᠦᠢᠯᠡᠰ᠎ᠢ ᠳᠡᠯᠡᠬᠡᠢ᠎ᠶ᠋ᠢᠨ ᠡᠮᠦᠨ᠎ᠡ ᠡᠩᠨᠡᠭᠡᠨ᠎ᠳᠦ ᠣᠷᠣᠭᠤᠯᠬᠤ᠎ᠶ᠋ᠢ ᠠᠬᠢᠭᠤᠯᠪᠠ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ᠂ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠪᠦᠯᠬᠦᠮ᠎ᠦᠨ ᠨᠡᠷ᠎ᠡ᠎ᠪᠡᠷ ᠳᠤᠷᠠᠳᠤᠭ᠍ᠰᠠᠨ 2 ᠵᠦᠢᠯ᠎ᠦᠨ ᠰᠠᠨᠠᠭᠤᠯᠭ᠎ᠠ ᠨᠢ ᠣᠷᠣᠨ᠎ᠤ ᠲᠥᠪ᠎ᠦᠨ ᠠᠷᠠᠳ ᠲᠦᠮᠡᠨ᠎ᠦ ᠬᠤᠳᠠ᠎ᠶ᠋ᠢᠨ ᠲᠦᠷᠢ ᠲᠥᠷᠬᠦ᠌᠎ᠶ᠋ᠢ ᠳᠡᠭᠡᠭ᠌ᠰᠢᠯᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠰᠡᠯ ᠡᠷᠡᠮᠡᠯᠵᠡᠯ᠎ᠢ ᠬᠠᠷᠠᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠬᠤᠷᠠᠯᠳᠤᠬᠤ᠎ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠰᠦᠪ᠎ᠢ ᠬᠢᠨᠠᠨ ᠪᠠᠢᠴᠠᠭᠠᠬᠤ ᠶᠠᠷᠢᠯᠴᠠᠬᠤ ᠬᠤᠷᠠᠯ᠎ᠢ ᠤᠷᠢᠳᠴᠢᠯᠠᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 20 ᠱᠢᠬᠠᠮ ᠲᠥᠯᠥᠭᠡᠯᠡᠭ᠌ᠴᠢ᠂ ᠨᠡᠢᠭᠡᠮ᠎ᠦᠨ ᠡᠯ᠎ᠡ ᠡᠲᠡᠭᠡᠳ᠎ᠦᠨ ᠬᠥᠮᠦᠰ᠎ᠦᠨ ᠲᠥᠯᠥᠭᠡᠯᠡᠭ᠌ᠴᠢ᠂ ᠪᠠᠢᠩᠭᠤ᠎ᠶ᠋ᠢᠨ ᠬᠣᠷᠢᠶ᠎ᠠ᠎ᠶ᠋ᠢᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯᠭᠡ ᠥᠭ᠌ᠬᠦ ᠲᠤᠰᠭᠠᠶ ᠮᠡᠷᠭᠡᠵᠢᠯᠲᠡᠨ᠎ᠢ ᠤᠷᠢᠵᠤ᠂ 2022 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠥᠷᠪᠡᠨ ᠳᠡᠪᠲᠡᠷ ᠲᠥᠰᠦᠪ᠎ᠦᠨ ᠲᠥᠰᠦᠯ ᠵᠡᠷᠭᠡ᠎ᠳᠦ ᠠᠩᠬ᠎ᠠ ᠠᠯᠬᠤᠮ᠎ᠤᠨ ᠬᠢᠨᠠᠨ ᠪᠠᠢᠴᠠᠭᠠᠯᠲᠠ ᠬᠢᠯᠭᠡᠭ᠌ᠰᠡᠨ ᠪᠥᠭᠡᠳ ᠠᠩᠬ᠎ᠠ ᠠᠯᠬᠤᠮ᠎ᠤᠨ ᠬᠢᠨᠠᠨ ᠪᠠᠢᠴᠠᠭᠠᠯᠲᠠ᠎ᠶ᠋ᠢᠨ ᠰᠠᠨᠠᠯ᠎ᠤᠨ ᠨᠤᠤᠷᠠᠭ᠎ᠢ ᠪᠦᠷᠢᠯᠳᠦᠭᠦᠯᠵᠦ᠍᠂《ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠠᠴᠠ ᠡᠮᠦᠨ᠎ᠡ ᠵᠥᠪᠳᠡᠯᠴᠡᠬᠦ᠌ ᠪᠠ ᠱᠢᠶ᠋ᠳᠪᠦᠷᠢᠲᠦ ᠪᠣᠳᠣᠯᠭ᠎ᠠ᠎ᠶ᠋ᠢ ᠬᠡᠷᠡᠭ᠌ᠵᠢᠭᠦᠯᠬᠦ᠌ ᠳᠤᠮᠳᠠ ᠵᠥᠪᠳᠡᠯᠴᠡᠬᠦ᠌》 ᠶ᠋ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ》 ᠵᠡᠷᠭᠡ ᠬᠠᠤᠯᠢ ᠲᠣᠭ᠍ᠲᠠᠭᠠᠯ᠎ᠳᠤ《ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠬᠤ》 ᠠᠭᠤᠯᠭ᠎ᠠ᠎ᠶ᠋ᠢ ᠣᠷᠣᠭᠤᠯᠵᠤ᠂ ᠲᠡᠭᠦᠨ᠎ᠳᠦ ᠪᠠᠢᠪᠠᠰᠤ ᠵᠣᠬᠢᠬᠤ ᠬᠠᠤᠯᠢ ᠴᠠᠭᠠᠵᠠ᠎ᠶ᠋ᠢᠨ ᠪᠠᠢᠷᠢ ᠰᠠᠭᠤᠷᠢ᠎ᠶ᠋ᠢ ᠣᠯᠭᠣᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠪᠥᠬᠥ᠌ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠲᠤᠬᠠᠶ ᠰᠠᠨᠠᠯ》 ᠢ᠋ ᠲᠣᠭ᠍ᠲᠠᠭᠠᠨ ᠨᠡᠢᠲᠡᠯᠡᠭ᠌ᠰᠡᠨ ᠨᠢ ᠨᠠᠮ᠎ᠤᠨ ᠪᠥᠬᠥ᠌ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠲᠤᠬᠠᠶ ᠤᠳᠤᠷᠢᠳᠤᠯᠭ᠎ᠠ᠎ᠶ᠋ᠢ ᠴᠢᠩᠭᠠᠳᠭᠠᠵᠤ᠂ ᠪᠠᠢᠩᠭᠤ᠎ᠶ᠋ᠢᠨ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠴᠢᠭ᠌ᠯᠡᠯ᠎ᠢ ᠡᠵᠡᠮᠳᠡᠬᠦ᠌᠂ ᠶᠡᠬᠡ ᠲᠠᠯ᠎ᠠ᠎ᠶ᠋ᠢ ᠬᠠᠮᠢᠶᠠᠷᠬᠤ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠴᠢᠬᠤᠯᠠ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠎ᠳᠤ ᠠᠱᠢᠭ᠍ᠲᠠᠶ ᠶᠤᠮ᠃
2022 ᠣᠨ᠎ᠤ 7 ᠰᠠᠷ᠎ᠠ᠎ᠶ᠋ᠢᠨ 26 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠤᠴᠢᠨ ᠵᠢᠷᠭᠤᠳᠤᠭᠠᠷ ᠬᠤᠷᠠᠯ᠎ᠳᠤ ᠰᠤᠯᠠ ᠣᠷᠣᠯᠴᠠᠭ᠍ᠰᠠᠨ ᠬᠡᠰᠡᠭ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠎ᠲᠡᠶ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠠᠳᠠᠯᠢ ᠪᠤᠰᠤ ᠠᠵᠢᠯ ᠲᠥᠷᠥᠯ᠎ᠡᠴᠡ ᠢᠷᠡᠭ᠌ᠰᠡᠨ ᠥᠪᠡᠷᠲᠡᠭᠡᠨ ᠵᠠᠰᠠᠬᠤ ᠣᠷᠣᠨ᠎ᠤ 11 ᠠᠷᠠᠳ᠎ᠤᠨ ᠲᠥᠯᠥᠭᠡᠯᠡᠭ᠌ᠴᠢ《ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠍᠂ ᠲᠥᠯᠥᠭᠡᠯᠡᠭ᠌ᠴᠢᠳ᠎ᠦᠨ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ》 ᠭᠤᠤᠯ ᠰᠡᠳᠦᠪ᠎ᠦᠨ ᠲᠣᠭᠣᠷᠢᠨ᠎ᠳᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠥᠷᠥᠭ᠌ᠳᠡᠯ᠎ᠢᠶᠡᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃
ᠭᠠᠭ᠍ᠴᠠ ᠬᠦ᠌ ᠤᠯᠤᠰ ᠲᠦᠷᠦ᠍᠎ᠶ᠋ᠢᠨ ᠵᠣᠭ᠍ᠰᠣᠯᠲᠠ᠎ᠪᠠᠨ ᠪᠠᠲᠤ ᠪᠠᠷᠢᠮᠲᠠᠯᠠᠪᠠᠯ ᠰᠠᠶᠢ ᠠᠷᠠᠳ ᠲᠦᠮᠡᠨ᠎ᠦ ᠠᠱᠢᠭ ᠲᠤᠰᠠ᠎ᠶ᠋ᠢ ᠦᠨᠳᠦᠰᠦᠨ᠎ᠡᠴᠡ ᠨᠢ ᠬᠠᠮᠠᠭᠠᠯᠠᠵᠤ ᠴᠢᠳᠠᠨ᠎ᠠ᠃ ᠱᠢᠶᠠᠨ ᠱᠢᠶᠠᠩ ᠬᠣᠶᠠᠷ ᠱᠠᠲᠤᠨ᠎ᠤ ᠪᠦᠬᠦ᠌ ᠲᠠᠯ᠎ᠠ᠎ᠪᠠᠷ ᠬᠡᠷᠡᠭ᠌ᠵᠢᠭᠦᠯᠦᠭ᠌ᠰᠡᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠠᠷᠠᠳ᠎ᠤᠨ ᠲᠥᠯᠥᠭᠡᠯᠡᠭ᠌ᠴᠢ ᠪᠢᠯᠧᠲ᠎ᠢᠶᠡᠷ ᠲᠣᠭ᠍ᠲᠠᠭᠠᠬᠤ ᠳᠦᠷᠢᠮ ᠨᠢ ᠨᠢᠭᠡᠨᠲᠡ ᠪᠦᠬᠦ᠌ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠴᠢᠬᠤᠯᠠ ᠠᠷᠭ᠎ᠠ ᠵᠠᠮ ᠪᠣᠯᠤᠭ᠍ᠰᠠᠨ ᠪᠠᠢᠨ᠎ᠠ᠃ ᠵᠥᠪᠬᠡᠨ 2021 ᠣᠨ᠎ᠳᠤ᠂ ᠪᠥᠬᠥ᠌ ᠣᠷᠣᠨ᠎ᠤ 80 ᠬᠣᠱᠢᠭᠤ ᠱᠢᠶᠠᠨ(ᠬᠣᠲᠠ᠂ ᠲᠣᠭᠣᠷᠢᠭ)᠂ 570 ᠱᠢᠶᠠᠩ ᠪᠠᠯᠭᠠᠰᠤ 2348 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠢᠯᠧᠲ᠎ᠢᠶᠡᠷ ᠲᠣᠭ᠍ᠲᠠᠭᠠᠵᠤ᠂ ᠪᠠᠯᠠ ᠣᠷᠣᠭᠤᠯᠤᠯᠲᠠ᠎ᠶ᠋ᠢᠨ ᠶᠡᠷᠦᠩᠬᠡᠶ ᠲᠣᠭ᠎ᠠ᠎ᠨᠢ 198 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡ ᠪᠦᠯᠦᠭ 《ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ》ᠪᠠᠢᠭ᠎ᠠ ᠠᠰᠠᠭᠤᠳᠠᠯ᠎ᠢ ᠱᠢᠶ᠋ᠳᠪᠦᠷᠢᠯᠡᠵᠦ᠍᠂ ᠣᠯᠠᠨ ᠲᠦᠮᠡᠨ᠎ᠳᠦ ᠨᠠᠩ ᠣᠯᠠᠨ ᠬᠦᠷᠲᠡᠮᠵᠢ᠎ᠶ᠋ᠢᠨ ᠲᠥᠷᠥᠭ᠌ᠳᠡᠯ ᠣᠯᠭᠣᠪᠠ᠃
ᠥᠪᠥᠷ ᠮᠣᠩᠭᠣᠯ ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠳᠠᠭᠤᠨ᠎ᠢ ᠰᠣᠨᠣᠰᠴᠤ᠌᠂ ᠠᠷᠠᠳ᠎ᠤᠨ ᠰᠠᠨᠠᠭ᠎ᠠ᠎ᠶ᠋ᠢ ᠬᠤᠷᠠᠮᠳᠤᠭᠤᠯᠵᠦ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠪᠦᠬᠦ᠌ ᠲᠠᠯ᠎ᠠ᠎ᠪᠠᠷ᠂ ᠪᠦᠬᠦ᠌ ᠬᠡᠯᠬᠢᠶ᠎ᠡ᠎ᠪᠡᠷ᠂ ᠪᠦᠬᠦᠨ᠎ᠢ ᠪᠦᠷᠬᠦᠭᠦᠯᠬᠦ᠌᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠦᠭᠡᠢ ᠪᠢᠴᠢᠭ᠌ᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃