2022-09-19 09:24:36
— ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢᠬᠢ ᠦᠪᠦᠷ ᠮᠤᠨᠭᠭᠤᠯ ᠤ᠋ᠨ ᠡᠨ᠋ᠸᠷᠬᠢ ᠵᠢᠨ ᠠᠵᠤ ᠦᠢᠯᠡᠰ ᠤ᠋ᠨ ᠬᠦᠭᠵᠢᠯᠳᠡ ᠵᠢᠨ ᠲᠤᠬᠠᠢ ᠬᠦᠦᠷᠨᠢᠯ
ᠬᠢᠩᠭᠠᠨ ᠠᠢᠮᠠᠭ ᠤ᠋ᠨ ᠠᠵᠤ ᠠᠬᠤᠢ ᠮᠡᠷᠭᠡᠵᠢᠯ ᠤ᠋ᠨ ᠨᠡᠭᠡᠭᠡᠯᠳᠡ ᠵᠢᠨ ᠲᠦᠪ ᠲᠡᠬᠢ ᠵᠢᠨ ᠹᠸᠩ ᠰᠠᠯᠬᠢᠨ ᠬᠦᠴᠦᠨ ᠤ᠋ ᠴᠠᠬᠢᠯᠭᠠᠨ ᠤ᠋ ᠲᠤᠨᠤᠭᠯᠠᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠳᠤ ᠺᠤᠮᠫᠠᠨᠢ ᠵᠢᠨ ᠦᠢᠯᠡᠳᠪᠦᠷᠢ ᠵᠢᠨ ᠳᠠᠰᠤᠭ ᠲᠦ᠍ ᠠᠵᠢᠯᠳᠠᠳ ᠶᠠᠭᠠᠷᠠᠯᠳᠠᠢ ᠠᠵᠢᠯᠯᠠᠨ᠎ᠠ᠃ ᠵᠢᠨ ᠹᠸᠩ ᠤ᠋ᠨ 6 ᠲᠦᠮᠡᠨ ᠺᠢᠯᠤᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠤ᠋ ᠪᠤᠬᠢᠷᠳᠤᠯ ᠦᠭᠡᠢ ᠴᠠᠬᠢᠯᠭᠠᠨ ᠤ᠋ ᠪᠢᠴᠢᠯ ᠲᠤᠤᠷ ᠤ᠋ᠨ ᠲᠦᠷᠦᠯ ᠵᠦᠢᠯ ᠪᠤᠯ ᠬᠢᠩᠭᠠᠨ ᠠᠢᠮᠠᠭ ᠤ᠋ᠨ ᠤᠷᠤᠭᠤᠯᠤᠬᠰᠠᠨ ᠰᠢᠨ᠎ᠠ ᠡᠨ᠋ᠸᠷᠬᠢ ᠵᠢᠨ ᠠᠵᠤ ᠦᠢᠯᠡᠰ ᠤ᠋ᠨ ᠬᠡᠯᠬᠢᠶ᠎ᠡ ᠵᠢᠨ ᠴᠢᠬᠤᠯᠠ ᠨᠢᠭᠡᠨ ᠲᠦᠷᠦᠯ ᠵᠦᠢᠯ ᠪᠤᠯᠬᠤ ᠶᠤᠮ᠃
ᠤᠢᠷ᠎ᠠ ᠵᠢᠨ ᠵᠢᠯ ᠳ᠋ᠤ ᠬᠢᠩᠭᠠᠨ ᠠᠢᠮᠠᠭ ᠤᠷᠢᠳ ᠬᠤᠵᠢᠳ ᠵᠦᠩ ᠭᠤᠸᠠᠩ ᠾᠸ᠂ ᠵᠢᠨ ᠹᠸᠩ᠂ ᠶᠤᠸᠠᠨ ᠵᠢᠩ᠂ ᠬᠤᠸᠠ ᠨᠸᠩ᠂ ᠮᠸᠩ ᠨᠸᠩ ᠵᠡᠷᠭᠡ ᠡᠨ᠋ᠸᠷᠬᠢ ᠵᠢᠨ ᠬᠦᠷᠢᠶᠡᠨ ᠤ᠋ ᠤᠯᠠᠨ ᠳᠠᠭᠠᠭᠤᠯᠤᠬᠴᠢ ᠠᠵᠤ ᠠᠬᠤᠢᠯᠠᠯ ᠲᠠᠢ ᠪᠠᠢᠯᠳᠤᠬᠤ ᠪᠤᠳᠤᠯᠭ᠎ᠠ ᠵᠢᠨ ᠬᠠᠮᠳᠤᠷᠠᠯᠴᠠᠭᠠᠨ ᠤ᠋ ᠭᠡᠷ᠎ᠡ ᠳᠤᠬᠳᠠᠵᠤ᠂ ᠰᠢᠨ᠎ᠡ ᠡᠨ᠋ᠸᠷᠬᠢ ᠵᠢ ᠨᠡᠭᠡᠭᠡᠨ ᠬᠦᠭᠵᠢᠬᠦᠯᠬᠦ᠂ ᠰᠢᠨ᠎ᠡ ᠡᠨ᠋ᠸᠷᠬᠢ ᠵᠢᠨ ᠲᠤᠨᠤᠬᠯᠠᠯ ᠦᠢᠯᠡᠳᠬᠦ᠂ ᠰᠢᠨ᠎ᠡ ᠡᠨ᠋ᠸᠷᠬᠢ ᠵᠢ ᠪᠠᠬᠳᠠᠭᠠᠨ ᠰᠢᠩᠭᠡᠭᠡᠬᠦ ᠵᠡᠷᠭᠡ ᠬᠦᠷᠢᠶᠡᠨ ᠳ᠋ᠦ ᠬᠠᠮᠳᠤ ᠪᠡᠷ ᠬᠦᠭᠵᠢᠬᠦ ᠪᠠᠢᠳᠠᠯ ᠢ᠋ ᠪᠦᠷᠢᠯᠳᠦᠭᠦᠯᠪᠠ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ ᠤ᠋ ᠤᠷᠤᠨ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠳᠠᠢ ᠬᠦᠭᠵᠢᠯᠳᠡ ᠵᠢᠨ ᠰᠢᠨ᠎ᠠ ᠵᠠᠮ ᠵᠢᠡᠷ ᠭᠤᠢᠪᠢᠰᠢ ᠦᠬᠡᠢ ᠵᠠᠮᠨᠠᠵᠤ᠂ ᠪᠦᠬᠦ ᠤᠯᠤᠰ ᠤ᠋ᠨ ᠰᠢᠨ᠎ᠡ ᠡᠨ᠋ᠸᠷᠬᠢ ᠵᠢᠨ ᠠᠵᠤ ᠦᠢᠯᠡᠰ ᠤ᠋ᠨ ᠦᠨᠳᠦᠷᠯᠢᠭ ᠢ᠋ ᠪᠦᠬᠦ ᠬᠦᠴᠦᠨ ᠵᠢᠡᠷ ᠴᠤᠬᠴᠠᠯᠠᠨ᠂ ᠪᠦᠬᠦ ᠤᠯᠤᠰ ᠤ᠋ᠨ ᠤᠳᠤ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠵᠢᠱ᠌ᠢᠶᠠ ᠦᠵᠡᠭᠦᠯᠬᠦ ᠤᠷᠤᠨ ᠢ᠋ ᠪᠦᠬᠦ ᠬᠦᠴᠦᠨ ᠵᠢᠡᠷ ᠪᠦᠲᠦᠭᠡᠨ ᠪᠠᠢᠭᠤᠯᠵᠤ᠂ ᠤᠳᠤ ᠦᠶ᠎ᠠ ᠵᠢᠨ ᠡᠨ᠋ᠸᠷᠬᠢ ᠵᠢᠨ ᠠᠵᠤ ᠠᠬᠤᠢ ᠵᠢᠨ ᠬᠦᠭᠵᠢᠯᠳᠡ ᠵᠢ ᠰᠢᠨ᠎ᠠ ᠨᠢᠬᠡᠨ ᠲᠡᠭᠳᠡᠷ ᠲᠦ᠍ ᠭᠠᠷᠭᠠᠨ᠂ ᠮᠢᠩᠭᠠᠨ ᠬᠤᠳᠠ ᠵᠢ ᠲᠤᠯᠠᠭᠠᠯᠠᠵᠤ ᠲᠦᠮᠡᠨ ᠡᠷᠦᠬᠡ ᠵᠢ ᠬᠡᠷᠡᠯᠳᠦᠬᠦᠯᠵᠤ᠂ ᠤᠯᠤᠰ ᠤ᠋ᠨ ᠴᠢᠬᠤᠯᠠ ᠡᠨ᠋ᠸᠷᠬᠢ ᠪᠠ ᠪᠠᠢᠯᠳᠤᠬᠤ ᠪᠤᠳᠤᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠤ᠋ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠬᠦᠢᠴᠡᠳᠬᠡᠭᠰᠡᠨ ᠪᠠᠢᠨ᠎ᠠ᠃
98.9 ᠳ᠋ᠦᠩᠱᠢᠭᠤᠷ ᠲᠣᠨ — ᠨᠡᠭᠦᠷᠡᠰᠦᠨᠦ ᠭᠠᠷᠤᠯᠲᠠᠶᠢᠨ ᠬᠡᠮᠵᠢᠶ᠎ᠠ
4.9 ᠲᠦᠮᠡᠨ ᠳ᠋ᠦᠩᠱᠢᠭᠤᠷ ᠺᠢᠯᠦᠸᠠᠲ ᠴᠠᠭ — ᠴᠠᠬᠢᠯᠭᠠᠨ ᠭᠠᠷᠭᠠᠯᠳᠠ ᠵᠢᠨ ᠬᠡᠮᠵᠢᠶ᠎ᠠ
ᠵᠠᠭᠦᠨᠭᠠᠷ ᠬᠤᠰᠢᠭᠤᠨ ᠳ᠋ᠦ ᠪᠠᠢᠷᠢᠯᠠᠭ᠎ᠠ ᠦᠪᠦᠷ ᠮᠤᠨᠭᠭᠤᠯ ᠤ᠋ᠨ ᠮᠸᠩ ᠲᠠᠢ ᠪᠦᠯᠢᠶᠠᠨ ᠭᠤᠤᠯ ᠨᠡᠭᠦᠷᠡᠰᠦᠨ ᠦᠢᠯᠡᠰ ᠤ᠋ᠨ ᠺᠤᠮᠫᠠᠨᠢ ᠵᠢᠨ ᠲᠡᠮᠦᠷ ᠵᠠᠮ ᠤ᠋ᠨ ᠲᠡᠭᠡᠭᠡᠪᠦᠷᠢ ᠵᠢᠨ ᠦᠷᠳᠡᠭᠡ ᠳ᠋ᠦ ᠠᠵᠢᠯᠴᠢᠳ ᠤᠨᠠᠬᠰᠠᠨ ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠳᠤᠨ᠎ᠠ᠃ ᠡᠨᠳᠡ 70 ᠲᠤᠨ ᠤ᠋ ᠪᠠᠭᠳᠠᠭᠠᠮᠵᠢ ᠲᠠᠢ ᠨᠢᠭᠡ ᠸᠠᠭᠤᠨ ᠳ᠋ᠤ ᠲᠦᠬᠦᠷᠳᠡᠯ᠎ᠠ ᠨᠡᠬᠦᠷᠡᠰᠤ ᠰᠠᠪᠠᠯᠠᠬᠤ ᠳ᠋ᠦ 1 ᠮᠢᠨᠦ᠋ᠲ ᠯᠡ ᠬᠡᠷᠡᠭᠰᠡᠵᠤ᠂ ᠡᠳᠦᠷ ᠪᠤᠯᠭᠠᠨ 4 ᠲᠦᠮᠡ ᠭᠠᠷᠤᠢ ᠲᠤᠨ ᠨᠡᠭᠦᠷᠡᠰᠦ ᠡᠨᠳᠡ ᠡᠴᠡ ᠭᠠᠯᠳᠤ ᠲᠡᠷᠬᠡᠨ ᠳ᠋ᠤ 《ᠰᠠᠭᠤᠭᠠᠳ》 ᠭᠠᠷᠠᠮ ᠵᠦᠭ ᠰᠢᠯᠵᠢᠵᠤ᠂ ᠳᠠᠬᠢᠨ ᠪᠦᠬᠦ ᠤᠯᠤᠰ ᠤ᠋ᠨ ᠡᠯ᠎ᠡ ᠭᠠᠵᠠᠷ ᠲᠦ᠍ ᠬᠦᠷᠬᠡᠭᠳᠡᠵᠤ ᠪᠠᠢᠨ᠎ᠠ᠃
ᠬᠦᠬᠡᠬᠤᠳᠠ — ᠵᠡᠭᠦᠨᠭᠠᠷ ᠬᠦᠷᠬᠦ ᠭᠠᠯᠳᠤ ᠲᠠᠷᠬᠡᠨ ᠤ᠋ ᠲᠠᠬᠡᠬᠡᠪᠤᠷᠢ ᠵᠢᠨ ᠵᠠᠩᠬᠢᠯᠠᠭ᠎ᠠ ᠵᠢᠨ ᠴᠡᠭ ᠪᠤᠯᠬᠤ ᠬᠦᠬᠡᠬᠤᠳᠠ ᠵᠢᠨ ᠭᠠᠯᠳᠤ ᠲᠠᠷᠬᠡᠨ ᠤ᠋ ᠲᠠᠬᠡᠬᠡᠪᠤᠷᠢ ᠵᠢᠨ ᠡᠮᠦᠨ᠎ᠡ ᠦᠷᠳᠡᠭᠡ ᠳ᠋ᠦ ᠬᠡᠳᠦᠨ ᠮᠢᠨᠦ᠋ᠲ ᠠᠯᠤᠰᠯᠠᠪᠠᠯ ᠨᠢᠭᠡ ᠴᠤᠪᠤᠭ᠎ᠠ 《ᠲᠦᠮᠡᠨ ᠲᠤᠨ ᠤ᠋ ᠭᠠᠯᠳᠤ ᠲᠡᠷᠭᠡ 》 ᠤᠭᠤᠬᠢᠯᠠᠨ ᠦᠩᠭᠡᠷᠡᠵᠤ᠂ ᠦᠪᠤᠷ ᠮᠤᠩᠭᠤᠯ ᠤ᠋ᠨ 《ᠬᠠᠷ᠎ᠠ ᠠᠯᠳᠠ》 ᠵᠢ ᠼᠤᠤ ᠹᠸᠢ ᠳ᠋ᠢᠶᠠᠨ ᠭᠠᠷᠠᠮ ᠳ᠋ᠤ ᠲᠠᠰᠤᠷᠠᠯᠳᠠ ᠦᠬᠡᠢ ᠬᠦᠷᠬᠡᠨ᠎ᠠ᠃ ᠲᠤᠰ ᠦᠷᠳᠡᠭᠡ ᠵᠢᠨ ᠳᠠᠷᠤᠭ᠎ᠠ ᠯᠢ ᠠᠢ ᠵᠢᠶᠦ᠋ᠨ᠄ 《〈ᠲᠦᠮᠡᠨ ᠲᠤᠨ ᠤ᠋ ᠭᠠᠯᠳᠤ ᠲᠡᠷᠭᠡ〉ᠵᠢᠨ ᠸᠠᠭᠤᠨ ᠪᠤᠯᠭᠠᠨ ᠳ᠋ᠤ 80 ᠲᠤᠨ ᠨᠡᠭᠦᠷᠡᠰᠦ ᠲᠡᠭᠡᠭᠡᠵᠤ᠂ ᠴᠤᠪᠤᠭ᠎ᠠ ᠪᠤᠯᠭᠠᠨ 105 ᠸᠠᠭᠤᠨ ᠲᠠᠢ᠂ ᠨᠢᠬᠡ ᠤᠳᠠᠭ᠎ᠠ ᠳ᠋ᠤ ᠨᠡᠢᠳᠡ 8400 ᠲᠤᠨ ᠨᠡᠭᠦᠷᠡᠰᠦ ᠲᠡᠭᠡᠭᠡᠪᠦᠷᠢᠯᠡᠵᠤ ᠪᠤᠢ᠃ ᠭᠠᠯᠳᠤ ᠲᠡᠷᠭᠡᠨ ᠤ᠋ ᠦᠪᠡᠷ ᠤ᠋ᠨ ᠬᠦᠨᠳᠦ ᠲᠠᠢ ᠨᠡᠢᠯᠡᠪᠡᠯ ᠲᠦᠮᠡᠨ ᠲᠤᠨ ᠪᠤᠯᠳᠠᠭ ᠡᠴᠡ〈ᠲᠦᠮᠡᠨ ᠲᠤᠨ ᠤ᠋ ᠭᠠᠯᠳᠤ ᠲᠡᠷᠭᠡ〉 ᠭᠡᠰᠡᠨ ᠨᠡᠷᠡᠢᠳᠦᠯ ᠤᠯᠵᠠᠢ》 ᠭᠡᠵᠤ ᠳᠠᠢᠯᠪᠤᠷᠢᠯᠠᠨ ᠶᠠᠷᠢᠯ᠎ᠠ᠃
ᠦᠪᠤᠷ ᠮᠤᠩᠭᠤᠯ ᠤ᠋ᠨ ᠨᠡᠭᠦᠷᠡᠰᠦ ᠵᠢᠨ《ᠦᠪᠡᠷᠳᠡᠬᠡᠨ ᠵᠠᠰᠠᠬᠤ ᠤᠷᠤᠨ ᠡᠴᠡ ᠭᠠᠷᠴᠤ ᠲᠠᠯᠠᠢ ᠵᠢᠨ ᠭᠠᠷᠠᠮ ᠳ᠋ᠤ ᠬᠦᠷᠬᠦ》 ᠴᠢᠬᠤᠯᠠ ᠵᠠᠩᠬᠢᠯᠠᠭ᠎ᠠ ᠵᠢᠨ ᠦᠷᠳᠡᠭᠡ ᠪᠤᠯᠤᠬᠰᠠᠨ ᠬᠦᠬᠡᠬᠤᠳᠠ ᠵᠢᠨ ᠭᠠᠯᠳᠤ ᠲᠡᠷᠬᠡᠨ ᠤ᠋ ᠲᠠᠬᠡᠬᠡᠪᠤᠷᠢ ᠵᠢᠨ ᠡᠮᠦᠨ᠎ᠡ ᠦᠷᠳᠡᠭᠡ ᠨᠢ ᠲᠠᠩᠱᠠᠨ — ᠪᠤᠭᠤᠳᠤ ᠂ ᠬᠦᠬᠡᠬᠤᠳᠠ — ᠵᠡᠭᠦᠨᠭᠠᠷ ᠂ ᠬᠦᠬᠡᠬᠤᠳᠠ — ᠤᠷᠳᠤᠰ ᠂ ᠬᠦᠬᠡᠬᠤᠳᠠ — ᠵᠠᠯᠠᠨ ᠠᠢᠯ ᠬᠦᠷᠬᠦ ᠲᠡᠮᠦᠷ ᠵᠠᠮ ᠤ᠋ᠨ《ᠲᠦᠷᠪᠡᠨ ᠱᠤᠭᠤᠮ》 ᠤ᠋ᠨ ᠠᠭᠤᠯᠵᠠᠷ ᠬᠡᠰᠡᠭ ᠲᠦ᠍ ᠪᠠᠢᠵᠤ ᠂ ᠦᠪᠦᠷ ᠮᠤᠨᠭᠭᠤᠯ ᠤ᠋ᠨ《ᠪᠠᠷᠠᠭᠤᠨ ᠪᠠᠶ᠎ᠠ ᠵᠢᠨ ᠨᠡᠭᠦᠷᠡᠰᠦ ᠵᠢ ᠵᠡᠭᠦᠨᠰᠢ ᠬᠦᠷᠬᠡᠬᠦ》 ᠬᠦᠨᠳᠦ ᠠᠴᠢᠶᠠᠨ ᠤ᠋ ᠲᠡᠮᠦᠷ ᠵᠠᠮ ᠤ᠋ᠨ ᠭᠤᠤᠯ ᠵᠠᠮ ᠱᠤᠭᠤᠮ ᠤ᠋ᠨ ᠨᠢᠭᠡ ᠪᠤᠯᠤᠨ᠎ᠠ᠃ ᠪᠦᠬᠦ ᠤᠯᠤᠰ ᠤ᠋ᠨ ᠨᠡᠭᠦᠷᠡᠰᠦᠨ ᠤ᠋ ᠬᠠᠩᠭᠠᠯᠭ᠎ᠠ ᠵᠢᠨ ᠪᠠᠳᠤᠯᠠᠭ᠎ᠠ ᠳ᠋ᠤ ᠨᠢᠬᠡ ᠮᠦᠷᠤ ᠵᠢᠨ ᠬᠦᠴᠦᠨ ᠵᠢᠡᠨ ᠦᠵᠡᠬᠦᠯᠬᠦ ᠵᠢᠨ ᠲᠦᠯᠦᠬᠡ᠂ ᠲᠤᠰ ᠦᠷᠳᠡᠭᠡ ᠵᠢᠨ ᠬᠢᠨ ᠠᠵᠢᠯᠯᠠᠬᠤ ᠰᠢᠰᠲᠸᠮ ᠵᠢᠠᠨ ᠰᠢᠨᠡᠳᠭᠡᠬᠦ᠂ ᠠᠵᠢᠯᠴᠢᠨ ᠤ᠋ ᠲᠤᠭ᠎ᠠ ᠪᠠᠨ ᠨᠡᠮᠡᠭᠳᠡᠭᠦᠯᠬᠦ᠂ ᠠᠵᠢᠯᠯᠠᠬᠤ ᠶᠠᠪᠤᠴᠠ ᠪᠠᠨ ᠰᠢᠯᠢᠳᠡᠭᠵᠢᠬᠦᠯᠬᠦ ᠵᠡᠷᠭᠡ ᠠᠷᠭ᠎ᠠ ᠬᠡᠯᠪᠡᠷᠢ ᠪᠡᠷ ᠠᠵᠢᠯ ᠤ᠋ᠨ ᠪᠦᠳᠦᠮᠵᠢ ᠪᠠᠨ ᠲᠠᠬᠡᠭᠰᠢᠯᠡᠬᠦᠯᠵᠤ᠂ ᠡᠳᠦᠷ ᠪᠦᠷᠢ ᠵᠢᠨ ᠨᠡᠭᠦᠷᠡᠰᠦ ᠶᠠᠪᠤᠭᠤᠯᠬᠤ ᠬᠡᠮᠵᠢᠶ᠎ᠡ ᠨᠢ ᠦᠩᠭᠡᠷᠡᠭᠰᠡᠨ ᠵᠢᠯ ᠤ᠋ᠳ ᠤ᠋ᠨ 33 ᠲᠦᠮᠡᠨ ᠲᠤᠨ ᠪᠠᠢᠭᠰᠠᠨ ᠡᠴᠡ 40 ᠲᠦᠮᠡᠨ ᠲᠤᠨ ᠪᠤᠯᠵᠤ ᠨᠡᠮᠡᠭᠳᠡᠭᠰᠡᠨ ᠠᠵᠢ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠪᠦᠬᠦ ᠤᠷᠤᠨᠦ ᠨᠡᠭᠦᠷᠡᠰᠦᠨᠦ ᠭᠠᠷᠤᠯᠲᠠᠶᠢᠨ ᠬᠡᠮᠵᠢᠶ᠎ᠡ 98.9 ᠳ᠋ᠦᠩᠱᠢᠭᠤᠷ ᠲᠣᠨᠳᠦ ᠬᠦᠷᠴᠦ᠂ 59.3 ᠳ᠋ᠦᠩᠱᠢᠭᠤᠷ ᠲᠣᠨ ᠢ᠋ ᠨᠢ ᠭᠠᠳᠠᠭ᠍ᠰᠢ ᠬᠦᠷᠬᠡᠵᠠᠢ; 4.9 ᠲᠦᠮᠡᠨ ᠳ᠋ᠦᠩᠱᠢᠭᠤᠷ ᠺᠢᠯᠦᠸᠠᠲ ᠴᠠᠭ ᠴᠠᠬᠢᠯᠭᠠᠨ ᠭᠠᠷᠭᠠᠨ 1.8 ᠲᠦᠮᠡᠨ ᠳ᠋ᠦᠩᠱᠢᠭᠤᠷ ᠺᠢᠯᠦᠸᠠᠲ ᠴᠠᠭ ᠢ᠋ ᠨᠢ ᠭᠠᠳᠠᠭᠰᠢ ᠬᠦᠷᠬᠡᠵᠤ᠂ ᠮᠠᠨ ᠤ᠋ ᠤᠷᠤᠨ ᠨᠢᠬᠡᠨᠳᠡ ᠪᠦᠬᠦ᠌ ᠤᠯᠤᠰ ᠤ᠋ᠨ ᠬᠠᠮᠤᠭ ᠤ᠋ᠨ ᠲᠤᠮᠤ ᠨᠡᠭᠦᠷᠡᠰᠦ ᠴᠠᠬᠢᠯᠭᠠᠨ ᠪᠠ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠰᠠᠭᠤᠷᠢᠨ ᠪᠤᠯᠪᠠ᠃ ᠡᠬᠦᠨ ᠤ᠋ ᠬᠠᠮᠳᠤ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠵᠢ ᠥᠭᠡᠷᠡᠴᠢᠯᠡᠨ ᠲᠡᠰ ᠳᠡᠪᠱᠢᠭᠦᠯᠬᠦ᠌ ᠵᠢ ᠲᠦᠷᠭᠡᠳᠭᠡᠨ ᠠᠬᠢᠭᠤᠯᠵᠤ᠂ ᠱᠢᠨ᠎ᠡ ᠪᠡᠷ ᠪᠠᠢᠭᠤᠯᠤᠭ᠍ᠰᠠᠨ ᠨᠡᠭᠦᠷᠡᠰᠦ ᠴᠠᠬᠢᠯᠭᠠᠨ ᠤ᠋ ᠦᠢᠯᠡᠳᠪᠤᠷᠢ ᠳ᠋ᠤ ᠴᠥᠮ ᠲᠡᠷᠢᠭᠦᠨ ᠤ᠋ ᠥᠨᠳᠥᠷ ᠪᠦᠲᠦᠮᠵᠢᠲᠡᠢ ᠨᠡᠭᠦᠷᠡᠰᠦ ᠱᠢᠲᠠᠭᠠᠬᠤ ᠮᠠᠱᠢᠨ ᠴᠣᠭ᠍ᠴᠠᠯᠠᠪᠤᠷᠢ ᠵᠢ ᠬᠡᠷᠡᠭ᠌ᠯᠡᠵᠦ᠍᠂ 2021 ᠣᠨ ᠳ᠋ᠤ ᠪᠦᠬᠦ᠌ ᠣᠷᠣᠨ ᠤ᠋ ᠨᠡᠬᠦᠷᠡᠰᠤ ᠴᠠᠬᠢᠯᠭᠠᠨ ᠤ᠋ ᠦᠢᠯᠡᠳᠪᠤᠷᠢ ᠳ᠋ᠤ ᠲᠤᠮᠳᠠᠴᠢ ᠪᠡᠷ 1 ᠺᠢᠯᠦᠸᠠᠲ ᠴᠠᠭ ᠴᠠᠬᠢᠯᠭᠠᠨ ᠭᠠᠷᠭᠠᠬᠤ ᠪᠦᠷᠢ 312 ᠭᠷᠠᠮ ᠪᠠᠷᠢᠮᠵᠢᠶ᠎ᠠ ᠨᠡᠬᠦᠷᠡᠰᠤ ᠵᠠᠷᠤᠴᠠᠭᠤᠯᠵᠤ᠂ 2012 ᠣᠨ ᠤ᠋ ᠬᠢ ᠡᠴᠡ 27 ᠭᠷᠠᠮ ᠪᠠᠭᠤᠷᠠᠵᠤ᠂ ᠵᠢᠯ ᠳ᠋ᠤ ᠪᠠᠷᠢᠮᠵᠢᠶ᠎ᠠ ᠨᠡᠭᠦᠷᠡᠰᠦᠨ ᠤ᠋ ᠬᠣᠷᠣᠭ᠍ᠳᠠᠭᠤᠯᠤᠯ ᠢ᠋ 1200 ᠲᠦᠮᠡᠨ ᠲᠣᠨ ᠠᠷᠪᠢᠯᠠᠵᠤ ᠪᠠᠢᠨ᠎ᠠ᠃
5653 ᠲᠦᠮᠡᠨ ᠺᠢᠯᠦᠸᠠᠲ — ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠪᠠᠭᠳᠠᠭᠠᠮᠵᠢ
4158 ᠲᠦᠮᠡᠨ ᠺᠢᠯᠦᠸᠠᠲ — ᠰᠠᠯᠬᠢᠨ ᠬᠦᠴᠦᠨ ᠤ᠋ ᠴᠠᠬᠢᠯᠭᠠᠨ ᠤ᠋ ᠮᠠᠰᠢᠨ ᠴᠤᠬᠴᠠᠯᠠᠪᠤᠷᠢ ᠵᠢᠨ ᠪᠠᠭᠳᠠᠭᠠᠮᠵᠢ
ᠤᠯᠠᠭᠠᠨᠴᠠᠪ ᠬᠤᠳᠠ ᠪᠤᠯ ᠰᠠᠯᠬᠢᠨ ᠬᠦᠴᠦ ᠪᠤᠯᠤᠨ ᠨᠠᠷᠠᠨ ᠤ᠋ ᠡᠨ᠋ᠸᠷᠬᠢ ᠪᠡᠷ ᠡᠯᠪᠡᠭ ᠭᠠᠵᠠᠷ ᠪᠤᠯᠤᠨ᠎ᠠ᠃ ᠤᠨᠴᠠᠭᠠᠢᠯᠠᠨ ᠰᠠᠯᠬᠢᠨ ᠬᠦᠴᠦᠨ ᠤ᠋ ᠡᠬᠢ ᠪᠠᠶᠠᠯᠢᠭ ᠮᠠᠰᠢ ᠡᠯᠪᠡᠭ᠂ ᠤᠯᠤᠰ ᠤ᠋ᠨ ᠨᠢᠭᠡᠳᠦᠭᠡᠷ ᠲᠦᠷᠦᠯ ᠤ᠋ᠨ ᠰᠠᠯᠬᠢᠨ ᠬᠦᠴᠦᠨ ᠤ᠋ ᠡᠨ᠋ᠸᠷᠬᠢ ᠵᠢᠨ ᠡᠬᠢ ᠪᠠᠶᠠᠯᠢᠭ ᠤ᠋ᠨ ᠤᠷᠤᠨ ᠪᠤᠯᠬᠤ ᠶᠤᠮ᠃ ᠲᠤᠰ ᠬᠤᠳᠠ ᠡᠨᠡ ᠬᠦ᠌ ᠲᠠᠪᠠᠭᠤᠯᠢᠭ ᠲᠠᠭᠠᠨ ᠲᠦᠰᠢᠭᠯᠡᠨ ᠰᠢᠨ᠎ᠠ ᠡᠨ᠋ᠸᠷᠬᠢ ᠵᠢᠨ ᠠᠵᠤ ᠠᠬᠤᠢ ᠵᠢ ᠢᠳᠡᠪᠬᠢᠳᠠᠢ ᠬᠦᠭᠵᠢᠬᠦᠯᠵᠤ᠂ ᠤᠳᠤ ᠰᠠᠯᠬᠢᠨ ᠬᠦᠴᠦᠨ ᠤ᠋ ᠴᠠᠬᠢᠯᠭᠠᠨ ᠪᠤᠯᠤᠨ ᠭᠡᠷᠡᠯᠴᠢ ᠴᠡᠨᠡᠭ ᠤ᠋ᠨ ᠴᠠᠬᠢᠯᠭᠠᠨ ᠵᠢᠡᠷ ᠲᠦᠯᠦᠭᠡᠯᠡᠭᠴᠢ ᠪᠤᠯᠭᠠᠬᠰᠠᠨ ᠰᠢᠨ᠎ᠡ ᠡᠨ᠋ᠸᠷᠬᠢ ᠵᠢᠨ ᠠᠵᠤ ᠦᠢᠯᠡᠰ ᠨᠢᠬᠡᠨᠳᠡ ᠪᠦᠬᠦ ᠬᠤᠳᠠ ᠵᠢᠨ ᠠᠵᠤ ᠠᠬᠤᠢ ᠵᠢᠨ ᠬᠦᠭᠵᠢᠯᠳᠡ ᠵᠢᠨ《ᠬᠤᠰᠢᠭᠤᠴᠢ》 ᠪᠤᠯᠵᠠᠢ᠃
《ᠬᠠᠮᠳᠤ ᠠᠵᠢᠯᠳᠠᠳ ᠡᠴᠡ〈ᠡᠨᠳᠡ ᠵᠢᠯ ᠪᠤᠯᠭᠠᠨ ᠭᠠᠬᠴᠠ ᠤᠳᠠᠭ᠎ᠠ ᠰᠠᠯᠬᠢᠯᠠᠵᠤ᠂ ᠬᠠᠪᠤᠷ ᠡᠴᠡ ᠡᠪᠦᠯ ᠪᠤᠯᠳᠠᠯ᠎ᠠ ᠦᠷᠭᠦᠯᠵᠢᠯᠡᠳᠡᠭ〉 ᠬᠡᠵᠤ ᠶᠠᠷᠢᠬᠤ ᠵᠢ ᠰᠤᠨᠤᠰᠤᠭᠠᠳ ᠢᠳᠡᠬᠡᠬᠦ ᠦᠬᠡᠢ ᠪᠠᠢᠭᠰᠠᠨ ᠶᠤᠮ》 ᠭᠡᠵᠤ ᠯᠢᠦ ᠫᠸᠩ ᠬᠤᠢ ᠶᠦᠮᠦᠷᠯᠢᠭ ᠶᠠᠷᠢᠨ᠎ᠠ᠃ ᠲᠡᠷᠡ ᠪᠤᠯ ᠤᠯᠠᠭᠠᠨᠴᠠᠪ ᠬᠤᠳᠠ ᠳ᠋ᠤ ᠪᠠᠢᠭ᠎ᠠ ᠳᠠ ᠪᠠᠨ ᠯᠢᠶᠠᠩ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠳᠠᠯᠠᠪᠠᠢ ᠵᠢᠨ ᠬᠠᠷᠢᠭᠤᠴᠠᠯᠭᠠᠳᠠᠨ᠂ ᠬᠤᠨᠠᠨ ᠤ᠋ ᠶᠠᠷᠤᠩᠬᠡᠢ ᠺᠤᠮᠫᠠᠨᠢ ᠡᠴᠡ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳ᠋ᠦ ᠪᠠᠢᠭ᠎ᠠ ᠡᠨᠡ ᠬᠦ᠌ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠲᠠᠯᠠᠪᠠᠢ ᠳ᠋ᠤ ᠢᠷᠡᠭᠡᠳ ᠨᠢᠭᠡᠨᠳᠡ ᠨᠢᠭᠡ ᠵᠢᠯ ᠭᠠᠷᠤᠢ ᠪᠤᠯᠴᠢᠬᠠᠵᠠᠢ᠃《ᠰᠠᠯᠬᠢᠨ ᠦᠨᠡᠨ ᠶᠡᠬᠡ》᠂ ᠡᠨᠡ ᠪᠤᠯ ᠲᠡᠭᠦᠨ ᠤ᠋ ᠡᠨᠳᠡ ᠢᠷᠡᠭᠰᠡᠨ ᠤ᠋ ᠲᠠᠷᠠᠭᠠᠬᠢ ᠬᠠᠮᠤᠭ ᠤ᠋ᠨ ᠬᠦᠨᠵᠡᠭᠡᠢ ᠲᠦᠷᠦᠭᠳᠡᠯ ᠪᠤᠯᠬᠤ ᠶᠤᠮ᠃ 《2018 ᠤᠨ ᠤ᠋ 6 ᠰᠠᠷ᠎ᠠ ᠳ᠋ᠦ᠍ ᠴᠠᠬᠢᠯᠭᠠᠨ ᠲᠤᠤᠷ ᠲᠦ᠍ ᠨᠡᠢᠯᠡᠭᠦᠯᠦᠭᠰᠡᠨ ᠡᠴᠡ ᠤᠳᠤᠬᠠᠨ ᠪᠤᠯᠳᠠᠯ᠎ᠠ ᠳᠠ ᠪᠠᠨ ᠯᠢᠶᠠᠩ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠳᠠᠯᠠᠪᠠᠢ ᠨᠡᠢᠳᠡ 5.4 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠪᠠ ᠃ ᠬᠦᠮᠦᠨ ᠪᠤᠯᠭᠠᠨ ᠵᠢᠯ ᠪᠦᠷᠢ 600 ᠭᠷᠠᠳᠦ᠋ᠰ ᠴᠠᠬᠢᠯᠭᠠᠨ ᠬᠡᠷᠡᠭᠯᠡᠬᠦ ᠪᠡᠷ ᠪᠤᠳᠤᠪᠠᠯ᠂ ᠪᠢᠳᠡᠨ ᠤ᠋ ᠭᠠᠷᠭᠠᠭᠰᠠᠨ ᠴᠠᠬᠢᠯᠭᠠᠨ ᠪᠠᠷᠤᠭ 25 ᠲᠦᠮᠡᠨ ᠬᠦᠮᠦᠨ ᠤ᠋ 4 ᠵᠢᠯ ᠤ᠋ᠨ ᠴᠠᠬᠢᠯᠭᠠᠨ ᠤ᠋ ᠬᠡᠷᠡᠭᠴᠡᠭᠡ ᠵᠢ ᠬᠠᠩᠭᠠᠵᠤ ᠲᠠᠢᠯᠤᠨ᠎ᠠ》 ᠭᠡᠵᠤ ᠯᠢᠦ ᠫᠸᠩ ᠬᠤᠢ ᠠᠭᠤᠯᠠᠨ ᠬᠦᠳᠦᠯ ᠳᠡᠭᠡᠷ᠎ᠡ ᠡᠷᠬᠢᠯᠳᠦᠬᠦ ᠰᠠᠯᠬᠢᠨ ᠬᠦᠷᠳᠦ ᠵᠢ ᠬᠠᠷᠠᠭᠠᠳ ᠪᠠᠬᠠᠳᠤᠨ ᠬᠡᠯᠡᠨ᠎ᠠ᠃
《ᠤᠯᠠᠭᠠᠨᠴᠠᠪ ᠬᠤᠳᠠ ᠳ᠋ᠦ ᠤᠳᠤ 91 ᠰᠠᠯᠬᠢᠨ ᠬᠦᠴᠦᠨ ᠤ᠋ ᠴᠠᠬᠢᠯᠭᠠᠨ ᠤ᠋ ᠲᠦᠷᠦᠯ ᠵᠦᠢᠯ ᠪᠤᠯᠤᠨ 58 ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠲᠦᠷᠦᠯ ᠵᠦᠢᠯ ᠪᠤᠢ》 ᠭᠡᠵᠤ ᠤᠯᠠᠭᠠᠨᠴᠠᠪ ᠬᠤᠳᠠ ᠵᠢᠨ ᠬᠦᠭᠵᠢᠭᠦᠯᠦᠯᠳᠡ ᠪᠠ ᠦᠭᠡᠷᠡᠴᠢᠯᠡᠯᠳᠡ ᠵᠢᠨ ᠵᠦᠪᠯᠡᠯ ᠤ᠋ᠨ ᠳᠡᠳ᠋ ᠡᠷᠬᠢᠯᠡᠭᠴᠢ ᠮᠸᠩ ᠽᠸ ᠴᠢᠶᠦ᠋ᠩ ᠲᠠᠨᠢᠯᠴᠠᠭᠤᠯᠤᠯ᠎ᠠ᠃ ᠲᠡᠬᠦᠨ ᠤ᠋ ᠬᠡᠯᠡᠬᠦ ᠪᠡᠷ᠂ ᠣᠲᠣ ᠤᠯᠠᠭᠠᠨᠴᠠᠪ ᠬᠣᠲᠠ ᠵᠢᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠪᠠᠭᠳᠠᠭᠠᠮᠵᠢ 752.4 ᠲᠦᠮᠡᠨ ᠺᠢᠯᠦᠸᠠᠲ ᠲᠦ᠍ ᠬᠦᠷᠴᠦ᠍᠂ ᠱᠢᠨ᠎ᠡ ᠪᠡᠷ ᠪᠦᠳᠦᠬᠡᠨ ᠪᠠᠢᠭᠤᠯᠵᠤ ᠪᠠᠢᠭ᠎ᠠ 17 ᠱᠢᠨ᠎ᠡ ᠡᠨᠧᠷᠭᠢ ᠵᠢᠨ ᠲᠥᠷᠥᠯ ᠵᠦᠶ᠋ᠯ ᠴᠦ᠍ ᠪᠦᠬᠦᠨ ᠵᠢᠡᠷ ᠵᠢᠠᠨ ᠪᠠᠷᠢᠯᠭ᠎ᠠ ᠡᠬᠢᠯᠡᠪᠡ᠃ ᠡᠳᠡᠬᠡᠷ ᠢ᠋ ᠪᠦᠳᠦᠬᠡᠨ ᠪᠠᠢᠭᠤᠯᠵᠤ ᠠᠰᠢᠬᠯᠠᠯᠳᠠ ᠳ᠋ᠤ ᠤᠷᠤᠭᠤᠯᠤᠭᠰᠠᠨ ᠤ᠋ ᠳᠠᠷᠠᠭ᠎ᠠ ᠪᠦᠬᠦ ᠬᠤᠳᠠ ᠵᠢᠨ ᠰᠢᠨ᠎ᠠ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠶᠡᠷᠦᠩᠬᠡᠶ ᠪᠠᠭᠳᠠᠭᠠᠮᠵᠢ ᠮᠢᠩᠭᠠᠨ ᠲᠦᠮᠡᠨ ᠺᠢᠯᠦᠸᠠᠲ ᠢ᠋ ᠳᠠᠪᠠᠬᠤ ᠪᠣᠯᠤᠨ᠎ᠠ᠃
ᠤᠯᠠᠭᠠᠨᠴᠠᠪ ᠲᠠᠢ ᠠᠳᠠᠯᠢ ᠪᠡᠷ ᠪᠦᠬᠦ ᠤᠷᠤᠨ ᠤ᠋ ᠶᠡᠬᠡᠩᠬᠢ ᠭᠠᠵᠠᠷ ᠴᠦᠮ ᠰᠠᠯᠬᠢᠨ ᠬᠦᠴᠤ ᠪᠠ ᠨᠠᠷᠠᠨ ᠤ᠋ ᠡᠨ᠋ᠸᠷᠬᠢ ᠪᠡᠷ ᠡᠯᠪᠡᠭ᠂ ᠪᠦᠷᠢᠳᠬᠡᠯ ᠵᠢᠡᠷ ᠮᠠᠨ ᠤ᠋ ᠤᠷᠤᠨ ᠨᠡᠬᠡᠬᠡᠨ ᠬᠦᠭᠵᠢᠬᠦᠯᠵᠤ ᠪᠤᠯᠬᠤ ᠰᠠᠯᠬᠢᠨ ᠬᠦᠴᠦᠨ ᠤ᠋ ᠡᠨ᠋ᠸᠷᠬᠢ ᠪᠡᠷ ᠪᠦᠬᠦ ᠤᠯᠤᠰ ᠲᠦ᠍ ᠤᠷᠤᠢᠯᠠᠵᠤ᠂ ᠨᠠᠷᠠᠨ ᠤ᠋ ᠡᠨ᠋ᠸᠷᠬᠢ ᠵᠢᠨ ᠬᠡᠮᠵᠢᠶ᠎ᠠ ᠪᠡᠷ ᠴᠦ᠍ ᠪᠦᠬᠦ ᠤᠯᠤᠰ ᠤ᠋ᠨ ᠡᠮᠤᠨᠡᠬᠦᠷ ᠵᠢᠭᠰᠠᠵᠤ ᠪᠤᠢ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ ᠤ᠋ ᠤᠷᠤᠨ ᠪᠦᠳᠦᠴᠡ ᠪᠠᠨ ᠲᠤᠬᠢᠷᠠᠭᠤᠯᠤᠨ ᠬᠡᠯᠪᠡᠷᠢ ᠪᠠᠨ ᠬᠤᠪᠢᠷᠠᠭᠤᠯᠵᠤ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠪᠠ ᠬᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠠᠵᠤ ᠦᠢᠯᠡᠰ ᠢ᠋ ᠬᠦᠴᠦᠯᠡᠨ ᠬᠦᠭᠵᠢᠬᠦᠯᠵᠤ᠂ ᠰᠢᠨ᠎ᠠ ᠡᠨ᠋ᠸᠷᠬᠢ ᠵᠢ ᠭᠠᠳᠠᠭᠰᠢ ᠭᠠᠷᠭᠠᠬᠤ ᠰᠠᠭᠤᠷᠢᠨ ᠤ᠋ ᠪᠦᠳᠦᠬᠡᠨ ᠪᠠᠢᠭᠤᠯᠤᠯᠳᠠ ᠪᠠᠨ ᠤᠷᠢᠳᠤ ᠭᠠᠷᠤᠭ᠎ᠠ ᠦᠬᠡᠢ ᠲᠦᠷᠬᠡᠳᠬᠡᠵᠠᠢ᠃ ᠤᠳᠤ ᠪᠥᠬᠥ᠌ ᠣᠷᠣᠨ ᠤ᠋ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠪᠠᠭᠳᠠᠭᠠᠮᠵᠢ 5653 ᠲᠦᠮᠡᠨ ᠺᠢᠯᠦᠸᠠᠲ ᠲᠦ᠍ ᠬᠦᠷᠴᠦ᠂ ᠴᠠᠬᠢᠯᠭᠠᠨ ᠬᠦᠴᠦᠨ ᠤ᠋ ᠮᠠᠱᠢᠨ ᠴᠣᠭ᠍ᠴᠠᠯᠠᠪᠤᠷᠢ ᠵᠢᠨ ᠶᠡᠷᠦᠩᠬᠡᠢ ᠪᠠᠭᠳᠠᠭᠠᠮᠵᠢ ᠵᠢᠨ 36% ᠵᠢ ᠡᠵᠡᠯᠡᠨ᠂ 2012 ᠣᠨ ᠤ᠋ ᠬᠢ ᠡᠴᠡ ᠵᠠᠭᠤᠨ ᠤ᠋ ᠬᠠᠷᠢᠴᠠᠯ ᠵᠢᠡᠷ 14 ᠬᠤᠪᠢ ᠳᠡᠭᠡᠭ᠌ᠰᠢᠯᠡᠪᠡ᠃ ᠡᠭᠦᠨ ᠳ᠋ᠦ᠂ ᠰᠠᠯᠬᠢᠨ ᠬᠦᠴᠦᠨ ᠤ᠋ ᠴᠠᠬᠢᠯᠭᠠᠨ ᠤ᠋ ᠮᠠᠰᠢᠨ ᠴᠤᠬᠴᠠᠯᠠᠪᠤᠷᠢ ᠵᠢᠨ ᠪᠠᠭᠳᠠᠭᠠᠮᠵᠢ 4158 ᠲᠦᠮᠡᠨ ᠺᠢᠯᠦᠸᠠᠲ ᠪᠠᠢᠵᠤ ᠂ ᠪᠦᠬᠦ᠌ ᠤᠯᠤᠰ ᠲᠦ᠍ ᠲᠦᠷᠦᠬᠦᠯᠡᠵᠤ ᠪᠤᠢ; ᠬᠡᠷᠡᠯᠴᠢ ᠴᠡᠨᠡᠭ ᠤ᠋ᠨ ᠴᠠᠬᠢᠯᠭᠠᠨ ᠤ᠋ ᠮᠠᠰᠢᠨ ᠴᠤᠬᠴᠠᠯᠠᠪᠤᠷᠢ ᠵᠢᠨ ᠪᠠᠭᠳᠠᠭᠠᠮᠵᠢ ᠴᠦ᠍ 1450 ᠲᠦᠮᠡᠨ ᠺᠢᠯᠦᠸᠠᠲ ᠲᠦ᠍ ᠬᠦᠷᠴᠠᠢ᠃ 2021 ᠣᠨ ᠳ᠋ᠤ ᠪᠥᠬᠥ᠌ ᠣᠷᠣᠨ ᠤ᠋ ᠱᠢᠨ᠎ᠡ ᠡᠨᠧᠷᠭᠢ ᠵᠢᠨ ᠴᠠᠬᠢᠯᠭᠠᠨ ᠭᠠᠷᠭᠠᠯᠲᠠ ᠵᠢᠨ ᠬᠡᠮᠵᠢᠶ᠎ᠡ 1191 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍᠂ 2012 ᠣᠨ ᠤ᠋ 4.2 ᠳᠠᠬᠢᠨ ᠲᠠᠢ ᠲᠡᠩᠴᠡᠵᠤ᠂ ᠪᠥᠬᠥ᠌ ᠤᠯᠤᠰ ᠤ᠋ᠨ ᠴᠣᠷ ᠤ᠋ᠨ ᠭᠠᠭ᠍ᠴᠠ ᠱᠢᠨ᠎ᠡ ᠡᠨᠧᠷᠭᠢ ᠵᠢᠨ ᠴᠠᠬᠢᠯᠭᠠᠨ ᠭᠠᠷᠭᠠᠯᠲᠠ ᠵᠢᠨ ᠬᠡᠮᠵᠢᠶ᠎ᠡ ᠮᠢᠩᠭᠠᠨ ᠳ᠋ᠦᠩᠱᠢᠭᠤᠷ ᠺᠢᠯᠦᠸᠠᠲ ᠴᠠᠭ ᠢ᠋ ᠳᠠᠪᠠᠭ᠍ᠰᠠᠨ ᠮᠤᠵᠢ ᠣᠷᠣᠨ ᠪᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃