2022-09-21 10:11:57
— ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠦᠪᠤᠷ ᠮᠤᠨᠭᠭᠤᠯ ᠤ᠋ᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭ᠍ᠰᠠᠨ ᠠᠵᠢᠯᠤᠨ ᠠᠮᠵᠢᠯᠳᠠ ᠪᠦᠳᠦᠮᠵᠢᠶ᠋ᠢᠨ ᠲᠤᠬᠠᠢ ᠬᠦᠤᠷᠨᠢᠯ
ᠬᠢᠨᠭᠭᠠᠨ ᠠᠢᠮᠠᠭ ᠤ᠋ᠨ ᠲᠦᠴᠢᠤᠸᠠᠨ ᠰᠢᠶᠠᠨ ᠤ᠋ ᠵᠡᠭᠦᠨ ᠳᠥᠷᠥᠯᠵᠢ ᠪᠠᠯᠭᠠᠰᠤ ᠢ᠋ᠢᠨ ᠮᠢᠨᠭ ᠰᠢᠨᠭ ᠲᠣᠰᠭᠣᠨ ᠤ᠋ ᠴᠡᠪᠡᠷ ᠴᠡᠮᠴᠡᠬᠡᠷ ᠬᠦᠷᠢᠶ᠎ᠠ ᠬᠠᠰᠢᠶᠠᠨ ᠳ᠋ᠤ ᠤᠰᠤᠨ ᠲᠤᠳᠤᠷᠭ᠎ᠠ ᠢ᠋ᠢᠨ ᠲᠠᠷᠢᠶ᠎ᠠ ᠰᠢᠷᠭᠠᠯᠳᠤᠵᠤ᠂ ᠡᠯᠪᠡᠭ ᠬᠤᠷᠢᠶᠡᠯᠳᠡ ᠢ᠋ᠢᠨ ᠢᠷᠠᠭᠤ ᠲᠠᠭᠤᠯᠠᠯ ᠬᠠᠨᠭᠬᠢᠨᠠᠨᠠ᠃《ᠵᠢᠵᠢᠭᠬᠡᠨ ᠬᠦᠷᠢᠶ᠎ᠠ ᠬᠠᠰᠢᠶ᠎ᠠ ᠡᠴᠡ ᠪᠡᠨ 400 ᠭᠠᠷᠤᠢ ᠵᠢᠩ ᠲᠤᠲᠤᠷᠭ᠎ᠠ ᠬᠤᠷᠢᠶᠠᠴᠢᠬᠠᠨᠠ᠂ ᠲᠤᠲᠤᠷᠭ᠎ᠠ ᠢ᠋ᠢᠨ ᠲᠠᠷᠢᠶᠠᠨ ᠳ᠋ᠠᠭᠠᠨ ᠪᠠᠰᠠ ᠬᠡᠯᠲᠡᠭᠡ ᠵᠢᠭᠠᠰᠤ ᠪᠠ ᠮᠥᠷᠭᠥ᠌ ᠵᠢᠭᠠᠰᠤ ᠲᠡᠵᠢᠬᠡᠭᠰᠡᠨ ᠡᠴᠡ ᠠᠰᠢᠬ ᠤᠷᠤᠯᠭ᠎ᠠ ᠨᠡᠮᠡᠭᠳᠡᠵᠡᠢ》 ᠭᠡᠵᠦ᠍ ᠲᠣᠰᠭᠣᠨ ᠤ᠋ ᠠᠷᠠᠳ ᠼᠦᠩ ᠸᠠᠨ ᠸᠧᠨ ᠲᠤᠳᠤᠷᠭ᠎ᠠ ᠪᠡᠨ ᠬᠠᠷᠠᠭᠠᠳ ᠵᠢᠷᠭᠠᠯ ᠤ᠋ᠨ ᠢᠨᠢᠶᠡᠳᠤ ᠲᠤᠳᠤᠷᠠᠭᠤᠯᠤᠨ᠎ᠠ᠃
ᠵᠡᠭᠦᠨ ᠲᠦᠷᠦᠯᠵᠢ ᠪᠠᠯᠭᠠᠰᠤ ᠵᠢᠨ ᠬᠢᠨ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠢ᠋ᠢ ᠠᠬᠢᠭᠤᠯᠬᠤ 150 ᠲᠦᠮᠡᠨ ᠲᠥᠭᠥᠷᠢᠭ ᠤ᠋ᠨ ᠪᠡᠯᠡ ᠮᠦᠨᠭᠬᠦ ᠢ᠋ᠢ 126 ᠲᠠᠷᠢᠶᠠᠯᠠᠬᠤ ᠡᠷᠦᠬᠡ ᠢ᠋ᠢᠨ 271 ᠮᠦ᠍ ᠬᠦᠷᠢᠶ᠎ᠡ ᠬᠠᠱᠢᠶᠠᠨ ᠤ᠋ ᠣᠷᠭᠠᠨᠢᠭ ᠤᠰᠤᠨ ᠲᠤᠲᠤᠷᠭ᠎ᠠ ᠢ᠋ᠢᠨ ᠲᠠᠷᠢᠮᠠᠯ ᠤ᠋ᠨ ᠬᠥᠭ᠌ᠵᠢᠯᠲᠡ ᠳ᠋ᠤ ᠬᠡᠷᠡᠭ᠌ᠯᠡᠵᠦ᠍᠂ ᠤᠰᠤᠨ ᠴᠥᠭᠥᠷᠥᠮ ᠤ᠋ᠨ ᠡᠬᠢ ᠪᠠᠶᠠᠯᠢᠭ ᠲᠠᠭᠠᠨ ᠲᠦᠱᠢᠭ᠌ᠯᠡᠨ ᠬᠦᠷᠢᠶ᠎ᠡ ᠬᠠᠱᠢᠶᠠᠨ ᠤ᠋ ᠤᠰᠤᠨ ᠱᠢᠰᠲ᠋ᠧᠮ ᠢ᠋ ᠪᠠᠢᠭᠤᠯᠵᠤ᠂ ᠦᠢᠯᠡᠳᠪᠦᠷᠢᠯᠡᠯ ᠤ᠋ᠨ ᠶᠠᠰᠤ ᠴᠢᠨᠠᠷ ᠢ᠋ ᠲᠡᠭᠡᠭᠰᠢᠯᠡᠬᠦᠯᠬᠦ ᠰᠢᠨ᠎ᠠ ᠠᠷᠭ᠎ᠠ ᠵᠠᠮ ᠢ᠋ ᠡᠷᠢᠯᠬᠢᠯᠡᠭᠰᠡᠨ ᠪᠠᠢᠨ᠎ᠠ᠃ 《ᠪᠢᠳᠡ ᠤᠨᠴᠠᠯᠢᠭᠳᠤ ᠠᠵᠤ ᠤᠢᠯᠡᠰ ᠢ᠋ ᠬᠦᠭᠵᠢᠬᠦᠯᠬᠦ ᠲᠠᠯ᠎ᠠ ᠪᠡᠷ ᠬᠦᠴᠦ᠍ ᠣᠷᠣᠭᠤᠯᠵᠤ᠂ ᠵᠢᠵᠢᠭ ᠬᠦᠷᠢᠶ᠎ᠡ ᠬᠠᠱᠢᠶᠠ ᠢ᠋ᠢ 〈ᠲᠠᠷᠢᠶᠠᠯᠠᠬᠤ ᠳ᠋ᠤ ᠲᠣᠬᠢᠷᠠᠮᠵᠢᠲᠠᠶ᠂ ᠲᠡᠵᠢᠭᠡᠬᠦ᠌ ᠳ᠋ᠤ ᠲᠣᠬᠢᠷᠠᠮᠵᠢᠲᠠᠶ᠂ ᠵᠢᠭᠤᠯᠴᠢᠯᠠᠬᠤ ᠳ᠋ᠤ ᠲᠣᠬᠢᠷᠠᠮᠵᠢᠲᠠᠶ〉 ᠲᠣᠮᠣ ᠠᠵᠤ ᠦᠶ᠋ᠯᠡᠰ ᠪᠣᠯᠭᠠᠨ ᠴᠤᠭᠴᠠᠯᠠᠨ᠎ᠠ》 ᠭᠡᠵᠦ᠍ ᠮᠢᠩ ᠱᠢᠩ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠰᠦᠩ ᠴᠢᠩ ᠯᠢᠨ ᠬᠦᠷᠢᠶ᠎ᠠ ᠬᠠᠰᠢᠶᠡᠨ ᠤ᠋ ᠢᠨᠵᠸᠨ᠋ᠸᠷᠢᠨᠭ ᠢ᠋ ᠬᠡᠷᠡᠭᠵᠢᠬᠦᠯᠬᠦ ᠳ᠋ᠤ ᠢᠳᠡᠭᠡᠯ ᠲᠦᠬᠦᠷᠡᠨᠭ᠌ ᠪᠠᠢᠯ᠎ᠠ᠃
ᠨᠢᠭᠡ ᠡᠷᠦᠬᠡ ᠢ᠋ᠢᠨ ᠬᠦᠷᠢᠶ᠎ᠡ ᠬᠠᠱᠢᠶᠠ ᠨᠢ ᠨᠢᠭᠡ ᠦᠵᠡᠮᠵᠢ ᠪᠡᠷ ᠰᠤᠯᠤᠩᠭᠠᠷᠠᠵᠤ᠂ ᠲᠦᠭ ᠲᠦᠮᠡᠨ ᠠᠢᠯ ᠡᠷᠦᠬᠡ ᠢ᠋ᠢᠨ ᠦᠵᠡᠮᠵᠢ ᠨᠢ ᠮᠠᠨ ᠤ᠋ ᠤᠷᠤᠨ ᠤ᠋ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠲᠤᠢᠮᠤ ᠪᠠᠢᠳᠠᠯ ᠢ᠋ ᠪᠦᠷᠢᠯᠳᠦᠬᠦᠯᠪᠡ᠃
ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ ᠤ᠋ ᠤᠷᠤᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠢ᠋ᠢ ᠴᠢᠬᠤᠯᠠ ᠶᠡᠬᠡ ᠤᠯᠤᠰ ᠲᠦᠷᠦ ᠢ᠋ᠢᠨ ᠡᠬᠦᠷᠭᠡ ᠪᠡ ᠠᠷᠠᠳ ᠤ᠋ᠨ ᠠᠮᠢᠳᠤᠷᠠᠯ ᠤ᠋ᠨ ᠲᠡᠷᠢᠬᠦᠨ ᠴᠢᠬᠤᠯᠠ ᠢᠨᠵᠸᠨ᠋ᠸᠷᠢᠨᠭ ᠪᠤᠯᠭᠠᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠢᠯᠠᠯᠳᠤᠭᠠᠨ ᠤ᠋ ᠪᠦᠬᠦ ᠲᠠᠯ᠎ᠠ ᠢ᠋ᠢᠨ ᠢᠯᠠᠯᠳᠡ ᠵᠢ ᠤᠯᠪᠠ᠃ ᠲᠡᠷᠡ ᠮᠦᠷᠳᠡᠬᠡᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠬᠡᠯ ᠢ᠋ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠤᠨ᠂ ᠬᠦᠳᠡᠬᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠠᠵᠢᠯ ᠢ᠋ ᠪᠦᠬᠦ ᠲᠠᠯ᠎ᠠ ᠪᠡᠷ ᠠᠬᠢᠭᠤᠯᠵᠤ᠂ ᠦᠷᠭᠡᠨ ᠠᠭᠤᠳᠠᠮ ᠬᠦᠳᠡᠭᠡ ᠲᠤᠰᠬᠤᠨ ᠳ᠋ᠤ ᠲᠡᠭᠷᠢ ᠭᠠᠵᠠᠷ ᠢ᠋ ᠲᠤᠩᠰᠤᠯᠭᠠᠮ᠎ᠠ ᠬᠤᠪᠢᠷᠠᠯᠳᠡ ᠭᠠᠷᠴᠤ᠂ ᠦᠷᠬᠡᠨ ᠤᠯᠠᠨ ᠲᠦᠮᠡᠨ ᠤ᠋ ᠬᠦᠷᠳᠡᠮᠵᠢ ᠵᠢᠨ ᠲᠦᠷᠦᠭᠳᠡᠯ ᠪᠠ ᠵᠢᠷᠭᠠᠯᠳᠤ ᠲᠦᠷᠦᠭᠳᠡᠯ ᠤᠷᠢᠳᠤ ᠭᠠᠷᠤᠭ᠎ᠠ ᠦᠬᠡᠢ ᠨᠡᠮᠡᠭᠳᠡᠭᠰᠡᠨ ᠪᠠᠢᠨ᠎ᠠ᠃
9.6% — ᠶᠠᠳᠠᠭᠤ ᠬᠦᠴᠢᠷᠳᠡᠯᠳᠡᠢ ᠪᠠᠢᠭᠰᠠᠨ ᠭᠠᠵᠠᠷ ᠤᠷᠤᠨ ᠤ᠋ ᠮᠠᠯᠴᠢᠨ ᠲᠠᠷᠢᠶᠠᠴᠢᠳ ᠤ᠋ᠨ ᠵᠢᠯ ᠲᠤᠮᠳᠠᠴᠢ ᠵᠢᠨ ᠤᠷᠤᠯᠭ᠎ᠠ ᠢ᠋ᠢᠨ ᠨᠡᠮᠡᠭᠳᠡᠯ
28.7% — ᠲᠠᠨᠭᠰᠠᠯᠠᠵᠤ ᠺᠠᠷᠲ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠵᠢᠨ ᠵᠢᠯ ᠳᠤᠮᠳᠠᠴᠢ ᠵᠢᠨ ᠤᠷᠤᠯᠭ᠎ᠠ ᠵᠢᠨ ᠨᠡᠮᠡᠭᠳᠡᠯ
ᠨᠠᠮᠤᠷ ᠪᠤᠯᠵᠤ ᠮᠸᠨᠭ ᠯᠢ ᠫᠢᠩ ᠤ᠋ᠨ ᠲᠦᠪᠡᠳ ᠬᠠᠰᠢ ᠡᠯᠪᠡᠭ ᠬᠤᠷᠢᠶᠡᠯᠳᠡ ᠤᠯᠤᠯ᠎ᠠ᠃ ᠬᠠᠷᠠᠴᠢᠨ ᠬᠣᠱᠢᠭᠤᠨ ᠤ᠋ ᠸᠠᠩ ᠤ᠋ᠨ ᠬᠤᠷᠤᠭ᠎ᠠ ᠪᠠᠯᠭᠠᠰᠤ ᠵᠢᠨ ᠯᠠᠮᠠ ᠢ᠋ᠢᠨ ᠲᠠᠷᠢᠶ᠎ᠠ ᠲᠣᠰᠭᠣᠨ ᠤ᠋ ᠲᠠᠷᠢᠶᠠᠴᠢᠨ ᠮᠸᠨᠭ ᠯᠢ ᠫᠢᠩ ᠲᠤᠯᠠᠭᠠᠨ ᠬᠦᠯᠡᠮᠵᠢ ᠳ᠋ᠡᠬᠡᠨ ᠬᠦᠮᠦᠰ ᠤ᠋ᠨ ᠵᠠᠬᠢᠶᠠᠯᠠᠭᠰᠠᠨ ᠲᠦᠪᠡᠳ ᠬᠠᠰᠢ ᠪᠠᠨ ᠲᠡᠬᠦᠵᠤ ᠬᠤᠷᠢᠶᠠᠭᠠᠳ ᠶᠠᠭᠠᠷᠠᠯᠳᠤᠨ᠎ᠠ᠃ 《ᠮᠠᠨ ᠤ᠋ ᠲᠠᠷᠢᠭᠰᠠᠨ ᠲᠥᠪᠡᠳ ᠬᠠᠰᠢ ᠲᠣᠮᠣ ᠪᠦᠭᠡᠳ ᠱᠦᠬᠦᠰᠦᠯᠢᠭ᠂ ᠠᠮᠳᠠᠳᠡᠢ ᠮᠦᠷᠳᠡᠭᠡᠨ ᠱᠢᠮ᠎ᠡ ᠰᠠᠢᠳᠠᠢ》 ᠬᠡᠵᠤ ᠪᠤᠯᠪᠠᠰᠤᠷᠠᠭᠰᠠᠨ ᠲᠥᠪᠡᠳ ᠬᠠᠰᠢ ᠪᠠᠨ ᠲᠠᠨᠢᠯᠴᠠᠭᠤᠯᠬᠤ ᠳ᠋ᠤ ᠮᠸᠨᠭ᠌ ᠯᠢ ᠫᠢᠩ ᠤᠷᠮᠠᠳᠡᠢ ᠪᠠᠢᠯ᠎ᠠ᠃
ᠮᠸᠨᠭ ᠯᠢ ᠫᠢᠩ ᠪᠤᠯ ᠸᠠᠩ ᠤ᠋ᠨ ᠬᠤᠷᠤᠭ᠎ᠠ ᠪᠠᠯᠭᠠᠰᠤᠨ ᠤ᠋ ᠲᠥᠪᠡᠳ ᠬᠠᠰᠢ ᠳᠠᠷᠢᠬᠤ ᠲᠣᠮᠣ ᠡᠷᠦᠬᠡ ᠪᠠᠢᠵᠤ᠂ ᠬᠣᠯᠠ ᠣᠢᠷ᠎ᠠ ᠳ᠋ᠠᠭᠠᠨ ᠠᠯᠳᠠᠷᠱᠢᠭ᠍ᠰᠠᠨ ᠲᠥᠪᠡᠳ ᠬᠠᠰᠢ ᠳᠠᠷᠢᠬᠤ ᠬᠠᠰᠢᠷ ᠭᠠᠷ ᠶᠤᠮᠰᠠᠨ᠃ ᠬᠡᠪᠡᠴᠦ ᠲᠡᠬᠦᠨ ᠤ᠋ ᠦᠨᠤᠳᠤᠷ ᠤ᠋ᠨ ᠠᠮᠵᠢᠯᠳᠠ ᠳ᠋ᠤ ᠬᠦᠷᠦᠭᠰᠡᠨ ᠨᠢ ᠶᠡᠷᠤ ᠪᠤᠰᠤ ᠵᠢᠨ ᠦᠩᠬᠡᠷᠡᠯᠳᠡ ᠲᠠᠢ ᠶᠤᠮ᠃ ᠬᠡᠳᠦᠨ ᠵᠢᠯ ᠤ᠋ᠨ ᠡᠮᠦᠨ᠎ᠡ᠂ ᠨᠥᠬᠥᠷ ᠨᠢ ᠥᠮᠡᠨ ᠡᠪᠡᠳᠴᠢᠨ ᠳ᠋ᠤ ᠨᠡᠷᠪᠡᠭᠳᠡᠵᠤ 10 ᠭᠠᠷᠤᠢ ᠲᠦᠮᠡᠨ ᠲᠥᠭᠥᠷᠢᠭ ᠤ᠋ᠨ ᠥᠷᠢ ᠳ᠋ᠤ ᠤᠨᠠᠵᠤ᠂ ᠲᠡᠬᠡᠷ᠎ᠠ ᠨᠢ ᠬᠣᠶᠠᠷ ᠬᠡᠦᠬᠡᠳ ᠨᠢ ᠪᠢᠴᠢᠭ ᠦᠵᠡᠵᠦ᠍ ᠪᠠᠢᠭᠰᠠᠨ ᠡᠴᠡ ᠠᠮᠢᠳᠤᠷᠠᠯ ᠨᠢ ᠠᠷᠭ᠎ᠠ ᠦᠬᠡᠢ ᠬᠦᠴᠢᠷᠳᠡᠯᠳᠡᠢ ᠪᠤᠯᠵᠡᠢ᠃ ᠮᠸᠨᠭ ᠯᠢ ᠫᠢᠩ ᠲᠤᠯᠵᠤ ᠢᠷᠡᠭᠰᠡᠨ ᠠᠮᠢᠳᠤᠷᠠᠯ ᠤ᠋ᠨ ᠬᠦᠴᠢᠷᠳᠡᠯ ᠳ᠋ᠤ ᠭᠠᠷ ᠨᠤᠬᠤᠯᠠᠨ ᠭᠠᠴᠢᠭᠳᠠᠵᠤ ᠰᠠᠭᠤᠭᠰᠠᠨ ᠪᠢᠰᠢ᠂ ᠬᠠᠷᠢᠨ ᠲᠦᠪᠡᠳ ᠬᠠᠰᠢ ᠲᠠᠷᠢᠬᠤ ᠪᠡᠷ ᠪᠣᠯᠪᠠᠰᠤᠷᠠᠯ ᠤ᠋ᠨ ᠠᠩᠬᠢ ᠳ᠋ᠤ ᠤᠷᠤᠵᠤ ᠰᠤᠷᠤᠯᠴᠡᠵᠡᠢ᠃ ᠬᠠᠷᠢᠵᠤ ᠢᠷᠡᠭᠰᠡᠨ ᠤ᠋ ᠪᠠᠨ ᠲᠠᠷᠠᠭ᠎ᠠ ᠲᠡᠷᠡ ᠠᠵᠤ ᠦᠢᠯᠡᠰ ᠵᠢᠡᠷ ᠶᠠᠳᠠᠭᠤ ᠵᠢ ᠲᠡᠳᠬᠦᠬᠦ᠌ ᠪᠡᠯᠡ ᠮᠥᠩᠭᠥ ᠪᠡᠷ ᠲᠥᠪᠡᠳ ᠬᠠᠰᠢ ᠲᠠᠷᠢᠵᠤ᠂ ᠡᠷᠲᠡᠯᠡᠵᠦ᠍ ᠣᠷᠣᠢᠯᠠᠨ ᠱᠢᠷᠭᠠᠭᠤ ᠬᠠᠲᠠᠭᠤᠵᠢᠯᠲᠠᠢ ᠠᠵᠢᠯᠯᠠᠭᠰᠠᠨ ᠡᠴᠡ ᠬᠡᠳᠦᠬᠡᠨ ᠵᠢᠯ ᠤ᠋ᠨ ᠬᠤᠭᠤᠷᠤᠨᠳᠤ ᠠᠮᠢᠳᠤᠷᠠᠯ ᠨᠢ ᠦᠬᠡᠳᠡᠯᠡᠨ ᠲᠡᠭᠵᠢᠷᠡᠪᠡ᠃ ᠸᠠᠩ ᠤ᠋ᠨ ᠬᠤᠷᠤᠭ᠎ᠠ ᠪᠠᠯᠭᠠᠰᠤᠨ ᠳ᠋ᠤ ᠮᠸᠨᠭ ᠯᠢ ᠫᠢᠩ ᠲᠠᠢ ᠠᠳᠠᠯᠢ ᠪᠡᠷ ᠲᠥᠪᠡᠳ ᠬᠠᠰᠢ ᠲᠠᠷᠢᠵᠤ ᠶᠠᠳᠠᠭᠤ ᠡᠴᠡ ᠠᠩᠬᠢᠵᠢᠷᠠᠭᠰᠠᠨ ᠡᠷᠦᠬᠡ ᠨᠢᠬᠡ ᠪᠢᠰᠢ ᠬᠡᠳᠤᠨ ᠵᠠᠭᠤ ᠪᠡᠷ ᠲᠤᠭᠠᠯᠠᠭᠳᠠᠨ᠎ᠠ᠃ 2017 ᠣᠨ ᠡᠴᠡ ᠡᠬᠢᠯᠡᠨ᠂ ᠸᠠᠩ ᠤ᠋ᠨ ᠬᠤᠷᠤᠭ᠎ᠠ ᠪᠠᠯᠭᠠᠰᠤ ᠠᠵᠤ ᠦᠶ᠋ᠯᠡᠰ ᠵᠢᠡᠷ ᠶᠠᠳᠠᠭᠤ ᠢ᠋ᠢ ᠲᠡᠳᠬᠦᠬᠦ᠌ ᠪᠡᠷ ᠳᠡᠮᠵᠢᠨ ᠪᠠᠯᠭᠠᠰᠤᠨ ᠤ᠋ ᠪᠠᠨ 452 ᠶᠠᠳᠠᠭᠤ ᠬᠦᠴᠢᠷᠳᠡᠯᠲᠡᠶ ᠡᠷᠦᠬᠡ ᠵᠢ ᠲᠠᠭᠠᠭᠤᠯᠤᠨ 860 ᠮᠥ᠍ ᠲᠥᠪᠡᠳ ᠬᠠᠰᠢ ᠲᠠᠷᠢᠭᠠᠳ ᠵᠢᠯ ᠳ᠋ᠤ 860 ᠭᠠᠷᠤᠶ ᠲᠦᠮᠡᠨ ᠲᠥᠭᠥᠷᠢᠭ ᠤ᠋ᠨ ᠴᠡᠪᠡᠷ ᠣᠷᠣᠯᠭ᠎ᠠ ᠤᠯᠵᠤ᠂ ᠬᠥᠮᠦᠨ ᠳᠤᠮᠳᠠᠴᠢ ᠢ᠋ᠢᠨ ᠣᠷᠣᠯᠭ᠎ᠠ ᠨᠢ ᠲᠦᠮᠡᠨ ᠲᠥᠭᠥᠷᠢᠭ ᠨᠡᠮᠡᠭᠳᠡᠵᠡᠢ᠃
ᠸᠠᠩ ᠤ᠋ᠨ ᠬᠤᠷᠤᠭ᠎ᠠ ᠪᠠᠯᠭᠠᠰᠤ ᠲᠠᠢ ᠠᠳᠠᠯᠢᠬᠠᠨ ᠵᠢᠡᠷ ᠮᠠᠨ ᠤ᠋ ᠤᠷᠤᠨ ᠤ᠋ ᠡᠯ᠎ᠠ ᠭᠠᠵᠠᠷ ᠤ᠋ᠨ ᠬᠢᠨ ᠤᠷᠤᠨ ᠨᠤᠳᠤᠭ ᠤ᠋ᠨ ᠪᠤᠳᠠᠳᠤ ᠪᠠᠢᠳᠠᠯ ᠳ᠋ᠠᠭᠠᠨ ᠲᠤᠬᠢᠷᠠᠭᠤᠯᠵᠤ᠂ ᠠᠵᠤ ᠤᠢᠯᠡᠰ ᠢ᠋ᠢᠡᠷ ᠶᠠᠳᠠᠭᠤ ᠢ᠋ᠢ ᠲᠡᠳᠬᠦᠬᠦ᠂ ᠬᠡᠷᠡᠭᠯᠡᠬᠡ ᠪᠡᠷ ᠶᠠᠳᠠᠭᠤ ᠢ᠋ᠢ ᠲᠡᠳᠬᠦᠬᠦ᠂ ᠠᠵᠢᠯ ᠤᠯᠭᠤᠯᠳᠡ ᠪᠡᠷ ᠶᠠᠳᠠᠭᠤ ᠢ᠋ᠢ ᠲᠡᠳᠬᠦᠬᠦ ᠮᠡᠳᠤ ᠵᠢᠨ ᠶᠠᠳᠠᠭᠤ ᠢ᠋ᠢ ᠲᠡᠳᠬᠦᠬᠦ ᠤᠯᠠᠨ ᠵᠦᠢᠯ ᠤ᠋ᠨ ᠠᠷᠭ᠎ᠠ ᠵᠠᠮ ᠢ᠋ ᠬᠠᠢᠨ ᠰᠦᠪᠡᠭᠴᠢᠯᠡᠵᠤ᠂ ᠪᠦᠬᠦ ᠤᠷᠤᠨ ᠤ᠋ ᠦᠨᠳᠦᠰᠦᠳᠡᠨ ᠨᠤᠬᠦᠳ ᠤ᠋ᠨ ᠺᠠᠳ᠋ᠷ ᠤᠯᠠᠨ ᠲᠦᠮᠡᠨ ᠪᠤᠳᠠᠳᠤ ᠠᠵᠢᠯᠯᠠᠭ᠎ᠠ ᠪᠠ ᠬᠠᠷᠢᠭᠤᠴᠠᠯᠭ᠎ᠠ ᠡᠬᠦᠷᠭᠡᠯᠡᠯ ᠢ᠋ᠢᠡᠷ ᠢ᠋ᠢᠡᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠢᠯᠠᠯᠳᠤᠭᠠᠨ ᠬᠢᠵᠤ ᠰᠢᠢᠳᠪᠤᠷᠢᠳᠤ ᠢᠯᠠᠯᠳᠠ ᠵᠢ ᠤᠯᠤᠭᠰᠠᠨ ᠪᠠᠢᠨ᠎ᠠ᠃
ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠢᠯᠠᠯᠳᠤᠭᠠᠨ ᠢ᠋ᠢᠡᠷ ᠲᠠᠮᠵᠢᠨ ᠮᠠᠨ ᠤ᠋ ᠤᠷᠤᠨ ᠨᠡᠢᠳᠡ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ᠂ 57 ᠶᠠᠳᠠᠭᠤ ᠬᠦᠴᠢᠷᠳᠡᠯᠳᠡᠢ ᠬᠤᠰᠢᠭᠤ ᠰᠢᠶᠠᠨ᠂ 3681 ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠢ᠋ ᠪᠦᠬᠦᠨ ᠢ᠋ ᠶᠠᠳᠠᠭᠤ ᠡᠴᠡ ᠠᠨᠭᠬᠢᠵᠢᠷᠠᠭᠤᠯᠵᠤ᠂ ᠤᠷᠤᠨ ᠪᠦᠰᠡ ᠢ᠋ᠢᠨ ᠴᠢᠨᠠᠷᠳᠡᠢ ᠪᠦᠬᠦᠯᠢ ᠴᠤᠭᠴᠡ ᠢ᠋ᠢᠨ ᠶᠠᠳᠠᠭᠤ ᠬᠦᠴᠢᠷᠳᠡᠯ ᠤ᠋ᠨ ᠠᠰᠠᠭᠤᠳᠠᠯ ᠢ᠋ ᠰᠢᠢᠳᠪᠤᠷᠢᠯᠡᠨ᠂ ᠪᠥᠬᠥ᠌ ᠤᠯᠤᠰ ᠤ᠋ᠨ ᠠᠷᠠᠳ ᠲᠦᠮᠡᠨ ᠲᠡᠶ ᠬᠠᠮᠲᠤ ᠪᠡᠷ ᠴᠢᠨᠡᠭᠡᠯᠢᠭ ᠨᠡᠢᠭᠡᠮ ᠢ᠋ ᠪᠥᠬᠥ᠌ ᠲᠠᠯ᠎ᠠ ᠪᠡᠷ ᠪᠡᠶᠡᠯᠡᠭᠦᠯᠬᠦ᠌ ᠬᠦᠰᠡᠯ ᠵᠡᠭᠦᠳᠦ᠍ ᠢ᠋ᠢ ᠲᠡᠷᠬᠡᠯᠰᠢᠬᠦᠯᠵᠤ᠂ ᠲᠤᠮᠳᠠᠳᠤ ᠤᠯᠤᠰ ᠤ᠋ᠨ ᠡᠬᠦᠳᠦᠭᠰᠡᠨ ᠬᠦᠮᠦᠨ ᠤ᠋ ᠶᠢᠷᠳᠢᠨᠴᠤ ᠵᠢᠨ ᠭᠠᠢᠬᠠᠮᠰᠢᠭ ᠲᠡᠬᠢ ᠦᠪᠤᠷ ᠮᠤᠩᠭᠤᠯ ᠤ᠋ᠨ ᠬᠠᠭᠤᠳᠠᠰᠤ ᠵᠢ ᠪᠢᠴᠢᠭᠯᠡᠪᠡ᠃
ᠪᠦᠬᠦ ᠤᠷᠤᠨ ᠤ᠋ ᠶᠠᠳᠠᠭᠤ ᠬᠦᠴᠢᠷᠳᠡᠯᠳᠡᠢ ᠪᠠᠢᠭᠰᠠᠨ ᠭᠠᠵᠠᠷ ᠤᠷᠤᠨ ᠤ᠋ ᠮᠠᠯᠴᠢᠨ ᠲᠠᠷᠢᠶᠠᠴᠢᠨ ᠤ᠋ ᠬᠦᠮᠦᠨ ᠲᠤᠮᠳᠠᠴᠢ ᠵᠢᠨ ᠵᠢᠯ ᠤ᠋ᠨ ᠡᠵᠡᠮᠳᠡᠵᠤ ᠪᠤᠯᠬᠤ ᠤᠷᠤᠯᠭ᠎ᠠ 2013 ᠤᠨ ᠳ᠋ᠤ 7901 ᠲᠦᠬᠦᠷᠢᠭ ᠪᠠᠢᠭᠰᠠᠨ ᠡᠴᠡ ᠪᠡᠨ 2020 ᠤᠨ ᠳ᠋ᠤ 15005 ᠲᠦᠬᠦᠷᠢᠭ ᠪᠤᠯᠤᠨ ᠨᠡᠮᠡᠭᠳᠡᠵᠤ᠂ ᠵᠢᠯ ᠲᠤᠮᠳᠠᠴᠢ ᠪᠡᠷ 9.6% ᠪᠡᠷ ᠨᠡᠮᠡᠭᠳᠡᠪᠡ; ᠲᠠᠨᠭᠰᠠᠯᠠᠵᠤ ᠺᠠᠷᠲ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠵᠢᠨ ᠬᠦᠮᠦᠨ ᠲᠤᠮᠳᠠᠴᠢ ᠵᠢᠨ ᠵᠢᠯ ᠤ᠋ᠨ ᠤᠷᠤᠯᠭ᠎ᠠ 2014 ᠤᠨ ᠳ᠋ᠤ 2902 ᠲᠦᠬᠦᠷᠢᠭ ᠪᠠᠢᠭᠰᠠᠨ ᠡᠴᠡ ᠪᠠᠨ 2020 ᠤᠨ ᠳ᠋ᠤ 13159 ᠲᠥᠭᠥᠷᠢᠭ ᠪᠣᠯᠵᠤ ᠨᠡᠮᠡᠭ᠌ᠳᠡᠨ᠂ ᠵᠢᠯ ᠳᠤᠮᠳᠠᠴᠢ ᠪᠠᠷ 28.7% ᠪᠡᠷ ᠨᠡᠮᠡᠭᠳᠡᠵᠠᠢ᠃
14951 ᠲᠥᠭᠥᠷᠢᠭ — ᠶᠠᠳᠠᠭᠤ ᠡᠴᠡ ᠠᠩᠭᠢᠵᠢᠷᠠᠭ᠍ᠰᠠᠨ ᠣᠯᠠᠨ ᠲᠦᠮᠡᠨ ᠤ᠋ ᠬᠦᠮᠦᠨ ᠲᠤᠮᠳᠠᠴᠢ ᠵᠢᠨ ᠴᠡᠪᠡᠷ ᠣᠷᠣᠯᠭ᠎ᠠ
112.8% — ᠮᠠᠯᠴᠢᠨ ᠲᠠᠷᠢᠶᠠᠴᠢᠳ ᠤ᠋ᠨ ᠬᠡᠷ ᠪᠦᠯᠢ ᠵᠢᠨ ᠡᠵᠡᠩᠨᠡᠯᠳᠡ ᠵᠢᠨ ᠴᠢᠨᠠᠷᠳᠠᠢ ᠴᠡᠪᠡᠷ ᠤᠷᠤᠯᠭ᠎ᠠ ᠵᠢᠨ ᠨᠡᠮᠡᠭᠳᠡᠯ
《ᠮᠠᠨ ᠤ᠋ ᠬᠤᠶᠠᠭᠤᠯᠠ ᠲᠡᠯᠳᠡᠤ ᠲᠠᠷᠢᠭᠠᠳ ᠡᠨᠡ ᠵᠢᠯ 13 ᠲᠦᠮᠡᠨ ᠲᠦᠬᠦᠷᠢᠭ ᠤ᠋ᠨ ᠤᠷᠤᠯᠭ᠎ᠠ ᠤᠯᠵᠡᠢ᠂ ᠠᠮᠢᠳᠤᠷᠠᠯ ᠶᠠᠪᠤᠬᠤ ᠲᠤᠳᠤᠮ ᠰᠠᠢᠵᠢᠷᠠᠵᠤ ᠪᠠᠢᠨ᠎ᠠ》 ᠬᠡᠵᠤ ᠵᠤᠤ ᠭᠦᠸᠸ ᠵᠢᠶᠦᠢ᠍ᠨ᠂ ᠭᠤᠤ ᠬᠤᠨᠭ᠌ ᠶᠠᠨ ᠤ᠋ ᠴᠢᠷᠠᠢ ᠳ᠋ᠤ ᠴᠤᠭ ᠵᠤᠯᠢ ᠪᠠᠳᠠᠷᠠᠨ᠎ᠠ᠃ ᠦᠨᠭᠬᠡᠷᠡᠭᠰᠡᠨ ᠳ᠋ᠤ ᠶᠠᠳᠠᠭᠤ ᠬᠦᠴᠢᠷᠳᠡᠯᠳᠡᠢ ᠡᠷᠤᠬᠡ ᠪᠠᠢᠭᠰᠠᠨ ᠵᠤᠤ ᠭᠦᠸᠸ ᠵᠢᠶᠦᠢ᠍ᠨ᠂ ᠭᠤᠤ ᠬᠤᠨᠭ᠌ ᠶᠠᠨ ᠬᠤᠶᠠᠭᠤᠯᠠ ᠲᠡᠯᠳᠡᠤ ᠲᠠᠷᠢᠭᠠᠳ ᠠᠰᠢᠬ ᠤᠷᠤᠯᠭ᠎ᠠ ᠡᠬᠦᠳᠴᠤ᠂ ᠤᠳᠤ ᠦᠬᠡᠳᠡ ᠲᠠᠢ ᠦᠨᠭᠬᠡ ᠲᠠᠢ ᠠᠵᠤ ᠠᠮᠢᠳᠤᠷᠠᠯ ᠢ᠋ᠢᠡᠨ ᠴᠤᠭᠴᠠᠯᠠᠵᠤ ᠶᠠᠪᠤᠨ᠎ᠠ᠃
ᠤᠢᠷ᠎ᠠ ᠢ᠋ᠢᠨ ᠬᠡᠳᠤᠨ ᠵᠢᠯ ᠳ᠋ᠤ ᠂ ᠬᠢᠨᠭᠭᠠᠨ ᠠᠢᠮᠠᠭ ᠤ᠋ᠨ ᠵᠠᠯᠠᠢᠳ ᠬᠤᠰᠢᠭᠤᠨ ᠤ᠋ ᠠᠷᠪᠠᠨᠬᠡᠷ ᠪᠠᠯᠭᠠᠰᠤ ᠲᠡᠯᠳᠡᠤ ᠢ᠋ᠢᠨ ᠠᠵᠤ ᠤᠢᠯᠡᠰ ᠢ᠋ᠢᠡᠷ ᠮᠠᠯᠴᠢᠨ ᠲᠠᠷᠢᠶᠠᠴᠢᠨ ᠢ᠋ ᠲᠠᠢᠴᠢᠯᠡᠨ ᠶᠠᠳᠠᠭᠤ ᠡᠴᠡ ᠠᠩᠭᠢᠵᠢᠷᠠᠭᠤᠯᠣᠨ ᠪᠠᠶᠠᠵᠢᠭᠤᠯᠵᠤ᠂ ᠠᠵᠤ ᠤᠢᠯᠡᠰ ᠢ᠋ᠢᠡᠷ ᠠᠷᠠᠳ ᠢ᠋ ᠪᠠᠶᠠᠵᠢᠭᠤᠯᠬᠤ᠂ ᠠᠵᠤ ᠤᠢᠯᠡᠰ ᠢ᠋ᠢᠡᠷ ᠪᠠᠯᠭᠠᠰᠤ ᠪᠡᠨ ᠬᠦᠭᠵᠢᠬᠦᠯᠬᠦ ᠰᠢᠨ᠎ᠠ ᠵᠠᠮ ᠢ᠋ᠢᠡᠷ ᠵᠠᠮᠨᠠᠨ᠂ ᠪᠡᠭᠡᠵᠢᠨᠭ ᠦᠪᠤᠷ ᠮᠤᠨᠭᠭᠤᠯ ᠤ᠋ᠨ ᠬᠠᠮᠵᠢᠯᠴᠠᠭ᠎ᠠ ᠢ᠋ᠢᠨ ᠪᠡᠯᠡ ᠮᠦᠨᠭᠬᠦ ᠪᠤᠯᠤᠨ ᠲᠤᠬᠠᠢ ᠢ᠋ᠢᠨ ᠭᠠᠵᠠᠷ ᠤ᠋ᠨ ᠵᠠᠰᠠᠭ ᠤ᠋ᠨ ᠤᠷᠳᠤᠨ ᠤ᠋ ᠨᠦᠬᠦᠪᠤᠷᠢ ᠳ᠋ᠤ ᠲᠦᠰᠢᠭᠯᠡᠨ ᠲᠡᠯᠳᠡᠤ ᠲᠠᠷᠢᠬᠤ ᠦᠢᠯᠡᠰ ᠢ᠋ ᠬᠦᠭᠵᠢᠬᠦᠯᠵᠤ ᠪᠠᠢᠨ᠎ᠠ᠃ ᠵᠠᠯᠠᠢᠳ ᠬᠤᠰᠢᠭᠤᠨ ᠤ᠋ ᠷᠦᠢ ᠴᠢᠦ ᠮᠠᠯ ᠠᠵᠤ ᠠᠬᠤᠢ ᠢ᠋ᠢᠨ ᠲᠤᠰᠬᠠᠢ ᠬᠤᠷᠰᠢᠶ᠎ᠠ ᠢ᠋ᠢᠨ ᠬᠡᠷᠡᠭ ᠡᠷᠬᠢᠯᠡᠭᠴᠢᠳ ᠤ᠋ᠨ ᠲᠠᠷᠤᠭ᠎ᠠ ᠮᠠ ᠡᡁᠸ ᠫᠢᠨᠭ ᠤᠷᠢᠳ ᠬᠤᠵᠢᠳ 600 ᠭᠠᠷᠤᠢ ᠲᠠᠷᠢᠶᠠᠯᠠᠬᠤ ᠡᠷᠤᠬᠡ ᠢ᠋ᠢ ᠲᠠᠢᠴᠢᠯᠡᠨ ᠶᠠᠳᠠᠭᠤ ᠡᠴᠡ ᠠᠩᠭᠢᠵᠢᠷᠠᠭᠤᠯᠵᠤ᠂ ᠡᠨᠡ ᠵᠢᠯ ᠪᠠᠰᠠ 145 ᠲᠠᠷᠢᠶᠠᠯᠠᠬᠤ ᠡᠷᠤᠬᠡ ᠢ᠋ᠢ ᠲᠠᠢᠴᠢᠯᠠᠵᠤ ᠶᠠᠳᠠᠭᠤ ᠡᠴᠡ ᠠᠩᠭᠢᠵᠢᠷᠠᠭᠤᠯᠤᠭᠰᠠᠨ ᠦᠷ᠎ᠠ ᠪᠦᠳᠦᠬᠡᠯ ᠢ᠋ ᠪᠡᠬᠢᠵᠢᠬᠦᠯᠦᠨ᠂ ᠲᠡᠯᠳᠡᠤ ᠲᠠᠷᠢᠬᠤ ᠠᠵᠤ ᠦᠢᠯᠡᠰ ᠢ᠋ ᠬᠦᠭᠵᠢᠬᠦᠯᠦᠨ ᠮᠠᠨᠳᠤᠭᠤᠯᠵᠤ ᠪᠤᠢ᠃ 《ᠮᠠᠨ ᠤ᠋ ᠡᠨᠳᠡᠬᠢ ᠢ᠋ᠢᠨ ᠬᠦᠮᠦᠰ ᠪᠦᠷ ᠲᠡᠯᠳᠡᠤ ᠲᠠᠷᠢᠬᠤ ᠮᠡᠷᠭᠡᠵᠢᠯᠳᠡᠨ ᠪᠤᠯᠴᠢᠬᠠᠵᠡᠢ᠂ ᠠᠨᠭᠬ᠎ᠠ ᠡᠬᠢᠯᠡᠵᠤ ᠲᠡᠯᠳᠡᠤ ᠲᠠᠷᠢᠬᠤ ᠳ᠋ᠤ ᠪᠦᠬᠦᠳᠡᠬᠡᠷ ᠲᠤᠷ᠎ᠠ ᠪᠡᠷ ᠠᠨᠠᠢ᠂ ᠬᠤᠷᠰᠢᠶ᠎ᠠ ᠡᠴᠡ ᠨᠦᠬᠦᠪᠤᠷᠢ ᠦᠭᠬᠦ᠂ ᠮᠡᠷᠭᠡᠵᠢᠯ ᠬᠠᠨᠭᠭᠠᠬᠤ ᠵᠡᠷᠭᠡ ᠪᠡᠷ ᠤᠷᠮᠠᠰᠢᠭᠤᠯᠵᠤ ᠵᠤᠷᠢᠭᠵᠢᠭᠤᠯᠤᠭᠰᠠᠨ ᠢ᠋ᠢᠡᠷ ᠲᠡᠯᠳᠡᠤ ᠲᠠᠷᠢᠵᠤ ᠡᠬᠢᠯᠡᠵᠠᠢ᠃ ᠤᠳᠤ ᠮᠠᠨ ᠤ᠋ ᠲᠠᠷᠢᠭᠰᠠᠨ ᠲᠡᠯᠳᠡᠤ ᠪᠦᠬᠦ ᠤᠯᠤᠰ ᠤ᠋ᠨ ᠡᠯ᠎ᠠ ᠭᠠᠵᠠᠷ ᠲᠦ᠍ ᠪᠤᠷᠤᠯᠠᠭᠤᠯᠤᠭᠳᠠᠵᠤ᠂ ᠬᠤᠷᠰᠢᠶ᠎ᠠ ᠢ᠋ᠢᠨ ᠵᠢᠯ ᠤ᠋ᠨ ᠤᠷᠤᠯᠭ᠎ᠠ 50 ᠭᠠᠷᠤᠢ ᠲᠦᠮᠡᠨ ᠲᠦᠬᠦᠷᠢᠭ ᠲᠦ᠍ ᠬᠦᠷᠴᠤ᠂ ᠲᠤᠰᠬᠤᠨ ᠳ᠋ᠤ 15 ᠲᠦᠮᠡᠨ ᠲᠦᠬᠦᠷᠢᠭ ᠤ᠋ᠨ ᠬᠠᠮᠳᠤ ᠢ᠋ᠢᠨ ᠠᠵᠤ ᠠᠬᠤᠢ ᠢ᠋ᠢᠨ ᠤᠷᠤᠯᠭ᠎ᠠ ᠡᠬᠦᠳᠴᠤ ᠪᠤᠢ》 ᠬᠡᠵᠤ ᠮᠠ ᠡᡁᠸ ᠫᠢᠨᠭ ᠶᠠᠷᠢᠨ᠎ᠠ᠃
ᠲᠡᠯᠳᠡᠤ ᠲᠠᠷᠢᠬᠤ ᠠᠵᠤ ᠤᠢᠯᠡᠰ ᠨᠢ ᠠᠷᠪᠠᠨᠬᠡᠷ ᠪᠠᠯᠭᠠᠰᠤ ᠵᠢᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠭᠡᠯ ᠢ᠋ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠤᠯᠭᠠᠭᠤᠯᠬᠤ《ᠪᠤᠤᠬᠢᠶ᠎ᠠ》ᠪᠤᠯᠵᠤ᠂ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠢ᠋ᠢ ᠠᠬᠢᠭᠤᠯᠬᠤ ᠳ᠋ᠤ ᠬᠦᠳᠡᠯᠬᠡᠬᠦ ᠬᠦᠴᠦᠨ ᠬᠤᠷᠠᠮᠳᠤᠭᠤᠯᠵᠤ᠂ ᠠᠵᠤ ᠤᠢᠯᠡᠰ ᠤ᠋ᠨ ᠲᠤᠯᠭᠠᠭᠤᠷᠢᠯᠡᠯ ᠬᠠᠨᠭᠭᠠᠪᠠ᠃
ᠮᠠᠠ ᠤ᠋ ᠤᠷᠤᠨ ᠶᠠᠳᠠᠭᠤ ᠡᠴᠡ ᠠᠩᠭᠢᠵᠢᠷᠠᠭ᠍ᠰᠠᠨ ᠭᠠᠵᠠᠷ ᠣᠷᠣᠨ ᠤ᠋ ᠬᠥᠭ᠌ᠵᠢᠯᠲᠡ ᠢ᠋ᠢ ᠠᠬᠢᠭᠤᠯᠬᠤ ᠪᠡᠷ ᠭᠤᠤᠯ ᠱᠢᠪᠲᠤᠯᠤᠯᠲᠠ ᠢ᠋ᠢᠨ ᠴᠢᠭ᠌ᠯᠡᠯ ᠪᠤᠯᠭᠠᠨ᠂ ᠨᠥᠬᠥᠴᠡᠯ ᠳ᠋ᠤ ᠨᠡᠢᠴᠡᠬᠦ᠌ ᠶᠠᠳᠠᠭᠤ ᠡᠴᠡ ᠠᠩᠭᠢᠵᠢᠷᠠᠭ᠍ᠰᠠᠨ ᠬᠣᠱᠢᠭᠤ ᠱᠢᠶᠠᠨ ᠢ᠋ 18 ᠳᠠᠪᠠᠭᠤᠯᠢᠭ ᠤᠨᠴᠠᠯᠢᠬ᠍ᠳᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨᠦ ᠠᠵᠤ ᠦᠶ᠋ᠯᠡᠰ ᠤ᠋ᠨ ᠪᠦᠰᠡ᠂ 13 ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ ᠤ᠋ᠨ ᠪᠦᠯᠦᠭ᠌ᠵᠢᠯ ᠤ᠋ᠨ ᠭᠤᠤᠯᠳᠠᠯᠭ᠎ᠠ ᠲᠠᠶ ᠬᠣᠱᠢᠭᠤ ᠱᠢᠶᠠᠨ ᠤ᠋ ᠬᠡᠪᠴᠢᠶᠡᠨ ᠳ᠋ᠤ ᠣᠷᠣᠭᠤᠯᠪᠠ᠃ ᠲᠡᠬᠡᠬᠡᠳ 100 ᠭᠠᠷᠤᠢ ᠳ᠋ᠦᠩᠱᠢᠭᠤᠷ ᠲᠥᠭᠥᠷᠢᠭ ᠤ᠋ᠨ ᠮᠠᠯ ᠠᠵᠤ ᠠᠬᠤᠶ ᠲᠠᠷᠢᠶᠠᠯᠠᠩ ᠢ᠋ ᠬᠥᠭ᠌ᠵᠢᠭᠦᠯᠬᠦ᠌ ᠲᠤᠰᠭᠠᠶ ᠪᠠᠯᠠ ᠮᠥᠩᠭᠥ ᠢ᠋ᠢ ᠦᠷᠬᠦᠯᠵᠢᠯᠡᠨ ᠶᠠᠳᠠᠭᠤ ᠡᠴᠡ ᠠᠩᠭᠢᠵᠢᠷᠠᠭ᠍ᠰᠠᠨ ᠭᠠᠵᠠᠷ ᠤᠷᠤᠨ ᠲᠡᠢᠰᠢ ᠬᠡᠯᠪᠡᠢᠯᠬᠡᠵᠤ᠂ ᠪᠥᠬᠥ᠌ ᠣᠷᠣᠨ ᠤ᠋ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠪᠠᠯᠠ ᠮᠥᠩᠭᠥ ᠢ᠋ᠢᠨ ᠠᠵᠤ ᠦᠶ᠋ᠯᠡᠰ ᠤ᠋ᠨ ᠬᠦᠭᠵᠢᠯᠳᠡ ᠳ᠋ᠤ ᠬᠡᠷᠡᠭ᠌ᠯᠡᠬᠦ᠌ ᠬᠤᠪᠢ ᠢ᠋ᠢᠨ ᠵᠢᠩ ᠢ᠋ 55% ᠡᠴᠡ ᠲᠠᠪᠠᠭᠤᠯᠵᠤ᠂ 628 ᠳᠠᠭᠠᠭᠤᠯᠤᠭ᠍ᠴᠢ ᠠᠵᠤ ᠠᠬᠤᠢᠯᠠᠯ ᠪᠤᠯᠤᠨ 276 ᠬᠠᠪᠰᠤᠷᠤᠨ ᠲᠡᠳᠬᠦᠬᠦ᠌ ᠦᠶ᠋ᠯᠡᠳᠪᠦᠷᠢ ᠢ᠋ᠢᠨ ᠲᠠᠰᠤᠭ ᠢ᠋ ᠦᠷᠭᠦᠯᠵᠢᠯᠡᠨ ᠲᠡᠳᠬᠦᠵᠦ᠍ ᠂ ᠶᠠᠳᠠᠭᠤ ᠡᠴᠡ ᠠᠩᠭᠢᠵᠢᠷᠠᠭ᠍ᠰᠠᠨ ᠭᠠᠵᠠᠷ ᠣᠷᠣᠨ ᠤ᠋ ᠬᠦᠭᠵᠢᠯᠳᠡ ᠪᠠ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠢ᠋ᠢᠨ ᠣᠷᠣᠯᠭ᠎ᠠ ᠢ᠋ᠢᠨ ᠨᠡᠮᠡᠭ᠌ᠳᠡᠯ ᠢ᠋ ᠲᠡᠢᠴᠢᠯᠡᠵᠤ ᠪᠠᠢᠨ᠎ᠠ᠃
ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ ᠢ᠋ᠢ ᠲᠣᠭ᠍ᠲᠠᠭ᠍ᠰᠠᠨ ᠬᠤᠭᠤᠴᠠᠭᠠᠨ ᠳ᠋ᠤ ᠪᠡᠶᠡᠯᠡᠭᠦᠯᠦᠭ᠌ᠰᠡᠨᠦ ᠳᠠᠷᠠᠭ᠎ᠠ᠂ ᠮᠠᠨ ᠤ᠋ ᠤᠷᠤᠨ《ᠬᠣᠷᠢᠭ᠎ᠠ ᠱᠤᠭᠤᠮ ᠢ᠋ ᠰᠠᠬᠢᠬᠤ᠂ ᠬᠥᠭ᠌ᠵᠢᠯᠲᠡ ᠢ᠋ᠢ ᠠᠳᠬᠤᠬᠤ᠂ ᠬᠦᠭᠵᠢᠬᠦᠯᠦᠨ ᠮᠠᠨᠳᠤᠭᠤᠯᠬᠤ ᠢ᠋ᠢ ᠠᠬᠢᠭᠤᠯᠬᠤ》 ᠳᠡᠭᠡᠷ᠎ᠡ ᠠᠩᠬᠠᠷᠤᠯ ᠵᠢᠡᠨ ᠲᠥᠪᠯᠡᠷᠡᠭᠦᠯᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠬᠦᠯᠦᠨ ᠦᠷᠭᠡᠳᠭᠡᠬᠦ ᠢ᠋ᠢ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠤᠯᠭᠠᠭᠤᠯᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠰᠠᠢᠨ ᠰᠠᠢᠬᠠᠨ ᠡᠬᠢᠯᠡᠯᠲᠡ ᠲᠡᠶ ᠪᠤᠯᠪᠠ᠃
2021 ᠣᠨ ᠳ᠋ᠤ᠂ ᠪᠥᠬᠥ᠌ ᠣᠷᠣᠨ ᠤ᠋ ᠶᠠᠳᠠᠭᠤ ᠡᠴᠡ ᠠᠩᠭᠢᠵᠢᠷᠠᠭ᠍ᠰᠠᠨ ᠣᠯᠠᠨ ᠲᠦᠮᠡᠨᠦ ᠬᠥᠮᠦᠨ ᠳᠤᠮᠳᠠᠴᠢ ᠢ᠋ᠢᠨ ᠴᠡᠪᠡᠷ ᠣᠷᠣᠯᠭ᠎ᠠ 14951 ᠲᠥᠭᠥᠷᠢᠭ ᠲᠦ᠍ ᠬᠦᠷᠴᠦ᠍᠂ ᠪᠦᠬᠦ ᠤᠯᠤᠰ ᠤ᠋ᠨ ᠭᠤᠷᠪᠠᠳᠤᠭᠠᠷ ᠲᠦ᠍ ᠵᠢᠭᠰᠠᠪᠠ ; ᠪᠦᠬᠦ ᠤᠷᠤᠨ ᠤ᠋ ᠮᠠᠯᠵᠢᠬᠤ ᠲᠠᠷᠢᠶᠠᠯᠠᠬᠤ ᠤᠷᠤᠨ ᠳ᠋ᠤ ᠪᠠᠢᠩᠭᠤ ᠰᠠᠭᠤᠭ᠎ᠠ ᠰᠠᠭᠤᠭᠠᠯᠢ ᠠᠷᠠᠳ ᠤ᠋ᠨ ᠬᠦᠮᠦᠨ ᠲᠤᠮᠳᠠᠴᠢ ᠵᠢᠨ ᠡᠵᠡᠮᠳᠡᠵᠤ ᠪᠤᠯᠬᠤ ᠤᠷᠤᠯᠭ᠎ᠠ 18337 ᠲᠦᠬᠦᠷᠢᠭ ᠲᠦ᠍ ᠬᠦᠷᠴᠠᠢ᠂ ᠡᠬᠦᠨ ᠳ᠋ᠤ ᠬᠡᠷ ᠪᠦᠯᠢ ᠵᠢᠨ ᠡᠵᠡᠩᠨᠡᠯᠳᠡ ᠵᠢᠨ ᠴᠢᠨᠠᠷᠳᠠᠢ ᠴᠡᠪᠡᠷ ᠤᠷᠤᠯᠭ᠎ᠠ 9980 ᠲᠦᠬᠦᠷᠢᠭ ᠪᠠᠢᠵᠤ᠂ 2012 ᠤᠨ ᠤ᠋ ᠬᠢ ᠡᠴᠡ 112.8% ᠪᠡᠷ ᠨᠡᠮᠡᠭᠳᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃