2022-09-22 10:28:16
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠥᠪᠥᠷ ᠮᠣᠩᠭᠣᠯ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠳᠤ ᠴᠣᠭ᠍ᠴᠠᠯᠠᠭ᠍ᠰᠠᠨ ᠲᠤᠬᠠᠢ ᠭᠦᠦᠷᠨᠢᠯ
ᠡᠬᠡ ᠤᠯᠤᠰ᠎ᠤᠨ《ᠤᠮᠠᠷᠠᠲᠤ᠎ᠶᠢᠨ ᠶᠡᠬᠡ ᠬᠠᠭᠠᠯᠭ᠎ᠠ》᠂ ᠨᠡᠢᠰᠯᠡᠯ᠎ᠦᠨ《ᠬᠠᠮᠠᠭᠠᠯᠠᠯᠳᠠ ᠵᠢᠨ ᠭᠣᠣᠯ》 ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠪᠦᠬᠦ ᠤᠯᠤᠰ᠎ᠤᠨ ᠠᠮᠤᠷ ᠲᠦᠪᠰᠢᠨ ᠲᠣᠭᠲᠠᠭᠤᠨ᠎ᠤ ᠶᠡᠬᠡ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ ᠲᠤᠢᠯ᠎ᠤᠨ ᠴᠢᠬᠤᠯᠠ ᠶᠤᠮ᠃ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠶ᠋ᠢᠭᠤᠯᠬᠤ ᠪᠣᠯ ᠶᠡᠷᠦᠩᠬᠡᠢ ᠱᠦᠵᠢ ᠰᠢ᠎ᠶᠢᠨ ᠫᠢᠩ᠎ᠤ᠋ᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠪᠣᠯᠣᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠬᠣᠷᠢᠭ᠎ᠠ ᠱᠤᠭᠤᠮ᠎ᠤᠨ ᠰᠡᠳᠬᠢᠬᠦᠢ ᠪᠣᠯᠣᠨ ᠠᠶᠤᠯ ᠲᠦᠭᠰᠢᠭᠦᠷᠢ᠎ᠶᠢᠨ ᠤᠬᠠᠮᠰᠠᠷ᠎ᠢᠶᠠᠨ ᠴᠢᠩᠭᠠᠳᠬᠠᠵᠤ᠂ ᠶᠡᠬᠡ ᠠᠮᠤᠷ ᠲᠦᠪᠰᠢᠨ᠎ᠦ ᠪᠠᠢᠷᠢᠰᠢᠯ᠎ᠢ ᠲᠦᠷᠭᠡᠨ ᠪᠠᠢᠭᠤᠯᠵᠤ᠂ ᠶᠡᠬᠡ ᠠᠮᠤᠷ ᠲᠦᠪᠰᠢᠨ᠎ᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠦᠢᠯᠡᠳᠦᠯᠴᠡᠯ᠎ᠢ ᠠᠬᠢᠭᠤᠯᠵᠤ᠂ ᠨᠡᠢᠭᠡᠮ ᠨᠡᠩ ᠠᠮᠤᠷ ᠲᠣᠭᠲᠠᠭᠤᠨ᠂ ᠠᠷᠠᠳ ᠲᠦᠮᠡᠨ ᠨᠡᠩ ᠠᠮᠤᠷ ᠲᠠᠢᠪᠤᠩ ᠪᠠᠢᠬᠤ ᠵᠢ ᠪᠠᠲᠤᠯᠠᠵᠤ᠂ ᠥᠪᠥᠷ ᠮᠣᠩᠭᠣᠯ᠎ᠤᠨ ᠲᠣᠭᠲᠠᠭᠤᠨ᠎ᠢᠶᠠᠷ ᠬᠢᠯᠢ ᠬᠢᠵᠠᠭᠠᠷ᠎ᠤᠨ ᠠᠮᠤᠷ ᠲᠦᠪᠰᠢᠨ᠂ ᠨᠡᠢᠰᠯᠡᠯ᠎ᠦᠨ ᠠᠮᠤᠷ ᠲᠦᠪᠰᠢᠨ᠎ᠢ ᠬᠠᠮᠠᠭᠠᠯᠠᠪᠠ᠃
ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ ᠬᠢᠵᠠᠭᠠᠷ ᠵᠢᠡᠨ ᠪᠡᠬᠢᠵᠢᠬᠦᠯᠪᠡ
ᠥᠷᠭᠡᠨ ᠠᠭᠤᠳᠠᠮ ᠲᠠᠯ᠎ᠠ ᠨᠤᠲᠤᠭ᠎ᠠᠴᠠ ᠡᠯᠡᠰᠦᠨ ᠭᠣᠪᠢ ᠬᠦᠷᠲᠡᠯ᠎ᠡ᠂ 8000 ᠭᠠᠷᠤᠢ ᠭᠠᠵᠠᠷ᠎ᠤᠨ ᠬᠢᠯᠢ᠎ᠶᠢᠨ ᠱᠤᠭᠤᠮ᠂ 36 ᠲᠦᠮᠡᠨ ᠲᠡᠭᠰᠢ ᠳᠥᠷᠪᠡᠯᠵᠢᠨ ᠺᠢᠯᠤᠮᠸᠲᠷ ᠪᠦᠬᠦᠢ ᠬᠢᠯᠢ᠎ᠶᠢᠨ ᠬᠠᠮᠢᠶᠠᠷᠤᠯᠲᠠ᠎ᠶᠢᠨ ᠣᠷᠣᠨ᠎ᠳᠤ ᠥᠪᠥᠷ ᠮᠣᠩᠭᠣᠯ᠎ᠤᠨ ᠡᠬᠦᠷᠬᠡ ᠨᠦᠰᠡᠷ ᠬᠦᠨᠳᠦ ᠪᠠᠢᠯ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ ᠬᠢᠵᠠᠭᠠᠷ᠎ᠢ ᠬᠦᠴᠦᠷᠬᠡᠭᠵᠢᠭᠦᠯᠦᠨ ᠬᠠᠮᠠᠭᠠᠯᠠᠯᠲᠠ᠎ᠶᠢ ᠪᠡᠬᠢᠵᠢᠭᠦᠯᠬᠦ᠎ᠶᠢ ᠪᠠᠷᠢᠮᠲᠠᠯᠠᠵᠤ᠂ 《ᠨᠠᠮ᠎ᠤᠨ ᠬᠣᠷᠢᠶ᠎ᠠ ᠴᠢᠭᠯᠡᠯ᠎ᠢ ᠡᠵᠡᠮᠳᠡᠬᠦ᠂ ᠵᠠᠰᠠᠭ᠎ᠤᠨ ᠣᠷᠳᠣᠨ ᠶᠡᠷᠦᠩᠬᠡᠢ ᠵᠣᠬᠢᠴᠠᠭᠤᠯᠬᠤ᠂ ᠴᠡᠷᠢᠭ ᠠᠩᠭᠢ ᠭᠣᠣᠯᠯᠠᠭ᠍ᠴᠢ ᠬᠦᠴᠦᠨ ᠪᠣᠯᠬᠤ᠂ ᠴᠠᠭᠳᠠᠭᠠᠨ᠎ᠤ ᠲᠠᠯ᠎ᠠ᠎ᠶᠢᠨ ᠬᠢᠨ ᠵᠠᠰᠠᠯᠲᠠ᠎ᠶᠢ ᠠᠳᠬᠤᠬᠤ᠂ ᠠᠷᠠᠳ ᠤᠯᠠᠨ᠎ᠢᠶᠠᠷ ᠰᠠᠭᠤᠷᠢ ᠪᠣᠯᠭᠠᠬᠤ》 ᠬᠢᠯᠢ᠎ᠶᠢᠨ ᠬᠠᠮᠠᠭᠠᠯᠠᠯᠲᠠ᠎ᠶᠢᠨ ᠬᠠᠮᠢᠶᠠᠷᠤᠨ ᠡᠵᠡᠮᠳᠡᠬᠦ ᠬᠦᠴᠦᠨ᠎ᠦ ᠰᠢᠰᠲ᠋ᠧᠮ᠎ᠢ ᠦᠷᠭᠦᠯᠵᠢᠯᠡᠨ ᠪᠠᠢᠭᠤᠯᠵᠤ᠂ 118 ᠲᠦᠮᠡᠨ ᠲᠡᠭᠰᠢ ᠳᠥᠷᠪᠡᠯᠵᠢᠨ ᠺᠢᠯᠤᠮᠧᠲᠷ ᠨᠤᠲᠤᠭ ᠳᠡᠪᠢᠰᠬᠡᠷ ᠳᠡᠭᠡᠷ᠎ᠡ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠡᠳᠦᠷ ᠢᠷᠡᠬᠦᠶ᠎ᠡ ᠪᠡᠬᠢᠵᠢᠪᠡ᠃
《ᠭᠡᠷᠡᠯᠠᠤᠳᠤ ᠶ᠋ᠢᠨ ᠬᠡᠰᠡᠭ᠎ᠦᠨ ᠬᠢᠯᠢ ᠬᠢᠵᠠᠭᠠᠷ ᠬᠡᠪ᠎ᠦᠨ ᠪᠠᠢᠳᠠᠯ᠎ᠲᠠᠢ ᠪᠠᠢᠨ᠎ᠠ !》᠂ 《ᠬᠤᠩᠭᠤᠷ᠎ᠤᠨ ᠬᠡᠰᠡᠭ ᠵᠦᠭ ᠦᠷᠭᠦᠯᠵᠢᠯᠡᠨ ᠴᠠᠭᠳᠠᠭᠠᠷᠠᠢ!》 ᠣᠢᠷ᠎ᠠ᠎ᠶᠢᠨ ᠡᠳᠦᠷ᠂ ᠰᠢᠯᠢ᠎ᠶᠢᠨ ᠭᠣᠣᠯ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ《ᠬᠠᠷᠴᠠᠭᠠᠢ》ᠵᠢᠯᠣᠭᠣᠴᠢ ᠦᠭᠡᠢ ᠨᠢᠰᠬᠡᠯ᠎ᠦᠨ ᠴᠠᠭᠳᠠᠭᠠᠨ᠎ᠤ ᠠᠩᠭᠢ ᠣᠭᠲᠠᠷᠭᠤᠢ᠎ᠪᠡᠷ ᠮᠢᠩᠭᠠᠨ ᠭᠠᠵᠠᠷ᠎ᠤᠨ ᠬᠢᠯᠢ᠎ᠶᠢ ᠴᠠᠭᠳᠠᠨ ᠬᠠᠮᠠᠭᠠᠯᠠᠨ᠎ᠠ᠃ ᠰᠢᠯᠢ᠎ᠶᠢᠨ ᠭᠣᠣᠯ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠬᠡᠷᠡᠯᠠᠤᠳᠤ ᠬᠢᠯᠢ᠎ᠶᠢᠨ ᠲᠣᠮᠢᠯᠠᠭᠰᠠᠨ ᠰᠠᠯᠪᠤᠷᠢ᠎ᠶᠢᠨ ᠠᠷᠠᠳ᠎ᠤᠨ ᠴᠠᠭᠳᠠᠭ᠎ᠠ ᠬᠢᠯᠢ᠎ᠶᠢᠨ ᠬᠠᠮᠠᠭᠠᠯᠠᠯᠲᠠ᠎ᠶᠢᠨ ᠪᠡᠬᠢᠯᠡᠯᠲᠡ᠎ᠶᠢᠨ ᠡᠷᠦᠬᠡ᠎ᠲᠠᠢ ᠬᠠᠮᠲᠤ ᠪᠠᠷ ᠲᠣᠭᠣᠷᠢᠨ ᠴᠠᠭᠳᠠᠬᠤ ᠠᠩᠭᠢ ᠪᠠᠢᠭᠤᠯᠵᠤ᠂ ᠬᠢᠯᠢ᠎ᠶᠢᠨ ᠬᠠᠮᠢᠶᠠᠷᠤᠯᠲᠠ᠎ᠶᠢᠨ ᠣᠷᠣᠨ᠎ᠳᠤ ᠲᠣᠭᠣᠷᠢᠨ ᠴᠠᠭᠳᠠᠬᠤ ᠠᠵᠢᠯᠯᠠᠭ᠎ᠠ ᠥᠷᠨᠢᠭᠦᠯᠵᠡᠢ᠃ ᠡᠢᠨ ᠬᠦ᠌ ᠤᠯᠠᠮᠵᠢᠯᠠᠯᠲᠤ ᠬᠢᠯᠢ᠎ᠶᠢᠨ ᠬᠠᠮᠢᠶᠠᠷᠤᠯᠳᠠ ᠵᠢ ᠣᠳᠣᠬᠢᠴᠢᠯᠠᠭᠰᠠᠨ ᠮᠡᠷᠭᠡᠵᠢᠯ᠎ᠦᠨ ᠰᠡᠷᠭᠡᠢᠯᠡᠯᠲᠡ᠎ᠶᠢᠨ ᠲᠥᠬᠦᠭᠡᠷᠦᠮᠵᠢ᠎ᠲᠠᠢ ᠠᠭᠤᠰᠤᠯᠴᠠᠭᠤᠯᠤᠭᠰᠠᠨ ᠨᠢ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠯᠲᠠ᠎ᠶᠢᠨ ᠶᠡᠷᠦᠩᠬᠡᠢ ᠦᠷᠳᠡᠬᠡ᠎ᠶᠢᠨ ᠡᠯ᠎ᠡ ᠰᠠᠯᠪᠤᠷᠢ ᠠᠩᠭᠢ᠎ᠶᠢᠨ ᠪᠣᠰᠣᠭ᠎ᠠ ᠴᠣᠭᠴᠠᠲᠤ ᠰᠡᠷᠭᠡᠢᠯᠡᠨ ᠡᠵᠡᠮᠳᠡᠬᠦ ᠰᠢᠰᠲ᠋ᠧᠮ᠎ᠤᠨ ᠪᠠᠢᠭᠤᠯᠤᠯᠲᠠ᠎ᠶᠢᠨ ᠬᠤᠷᠢᠶᠠᠩᠭᠤᠢ ᠳᠦᠷᠰᠦ ᠪᠣᠯᠣᠨ᠎ᠠ᠃
ᠬᠢᠯᠢ ᠬᠢᠵᠠᠭᠠᠷ᠎ᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ 《ᠬᠠᠮ ᠠᠷᠭ᠎ᠠ ᠬᠡᠮᠵᠢᠶ᠎ᠠ》᠎ᠶ᠋ᠢ ᠰᠠᠢᠲᠤᠷ ᠠᠳᠬᠤᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ᠎ᠤᠨ ᠬᠠᠮᠲᠤᠷᠠᠯ᠎ᠤᠨ ᠬᠦᠴᠦᠨ᠎ᠦ ᠦᠷ᠎ᠡ ᠪᠦᠲᠦᠮᠵᠢ ᠲᠣᠪᠣᠢᠮ᠎ᠠ᠃ 《ᠬᠣᠣᠷᠲᠤ ᠡᠳ᠋᠎ᠢ ᠴᠠᠭᠠᠵᠠᠯᠠᠵᠤ ᠬᠢᠯᠢ ᠬᠢᠵᠠᠭᠠᠷ ᠣᠷᠣᠨ᠎ᠢ ᠴᠡᠪᠡᠷᠰᠢᠭᠦᠯᠬᠦ 2021》 ᠠᠵᠢᠯᠯᠠᠭ᠎ᠠ᠂ ᠤᠯᠤᠰ (ᠬᠢᠵᠠᠭᠠᠷ) ᠤ᠋ᠨ ᠬᠢᠯᠢ᠎ᠶᠢᠨ ᠬᠠᠮᠢᠶᠠᠷᠤᠯᠲᠠ᠎ᠶᠢ ᠬᠠᠷᠰᠢᠯᠠᠭᠰᠠᠨ ᠶᠠᠯᠠᠲᠤ ᠠᠵᠢᠯᠯᠠᠭ᠎ᠠ᠎ᠳᠤ ᠲᠥᠪᠯᠡᠷᠡᠭᠦᠯᠦᠨ ᠴᠣᠬᠢᠯᠲᠠ ᠥᠭᠬᠦ ᠲᠤᠰᠬᠠᠢ ᠲᠡᠮᠡᠴᠡᠯ ᠵᠡᠷᠭᠡ ᠰᠢᠷᠢᠰ ᠲᠤᠰᠬᠠᠢ ᠠᠵᠢᠯᠯᠠᠭ᠎ᠠ᠎ᠶᠢ ᠪᠠᠢᠷᠢᠯᠠᠭᠤᠯᠵᠤ᠂ ᠬᠢᠯᠢ ᠬᠢᠵᠠᠭᠠᠷ ᠣᠷᠣᠨ᠎ᠤ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠢᠬᠤ᠎ᠶᠢ ᠦᠨᠡᠨ ᠬᠦ᠌ ᠪᠠᠲᠤᠯᠠᠪᠠ᠃
ᠥᠪᠥᠷ ᠮᠣᠩᠭᠣᠯ 《ᠲᠠᠯ᠎ᠠ ᠨᠤᠲᠤᠭ ᠤ᠋ᠨ 110》᠂ ᠬᠢᠯᠢ ᠬᠢᠵᠠᠭᠠᠷ᠎ᠢ ᠬᠠᠮᠠᠭᠠᠯᠠᠬᠤ ᠴᠠᠭᠳᠠᠭᠠᠨ᠎ᠤ ᠶᠠᠪᠤᠳᠠᠯ᠎ᠤᠨ ᠭᠡᠷ᠂ ᠮᠣᠩᠭᠣᠯ ᠭᠡᠷ᠎ᠦᠨ ᠬᠠᠷᠠᠭᠤᠯ᠎ᠤᠨ ᠭᠠᠵᠠᠷ᠂ ᠬᠤᠪᠢᠰᠬᠠᠯᠳᠤ ᠪᠡᠬᠢᠯᠡᠯᠲᠡ᠎ᠶᠢᠨ ᠡᠷᠦᠬᠡ ᠵᠡᠷᠭᠡ ᠠᠷᠭ᠎ᠠ ᠬᠡᠮᠵᠢᠶ᠎ᠡ᠎ᠶᠢ ᠰᠦᠪᠡᠭᠴᠢᠯᠡᠨ ᠬᠡᠷᠡᠭᠵᠢᠭᠦᠯᠵᠦ᠂ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ 《ᠲᠡᠭᠷᠢ ᠭᠠᠵᠠᠷ᠎ᠢ ᠪᠦᠷᠬᠦᠭᠰᠡᠨ ᠲᠣᠣᠷ》 ᠢ᠋ ᠰᠦᠯᠵᠢᠪᠡ᠃
ᠠᠯᠠᠱᠠ ᠪᠠᠷᠠᠭᠤᠨ ᠬᠣᠰᠢᠭᠤᠨ᠎ᠤ ᠲᠠᠩᠰᠤᠭ ᠪᠤᠯᠠᠭ ᠰᠤᠮᠤᠨ᠎ᠤ ᠳᠤᠮᠳᠠᠳᠤ ᠮᠣᠩᠭᠣᠯ᠎ᠤᠨ ᠬᠢᠯᠢ᠎ᠶᠢᠨ ᠱᠤᠭᠤᠮ ᠳᠡᠭᠡᠷ᠎ᠡ᠂ ᠡᠨᠡ ᠵᠢᠯ 77 ᠨᠠᠰᠤᠲᠠᠢ ᠮᠠᠯᠴᠢᠨ ᠨᠠᠮ᠎ᠤᠨ ᠭᠡᠰᠢᠭᠦᠨ ᠨᠢᠮ᠎ᠠ 50 ᠭᠠᠷᠤᠢ ᠵᠢᠯ ᠡᠯᠡᠰᠦᠨ ᠴᠦᠯ ᠤ᠋ᠨ ᠭᠤᠪᠢ ᠳ᠋ᠤ ᠬᠢᠯᠢ᠎ᠶᠢᠨ ᠴᠠᠭᠳᠠᠭ᠎ᠠ᠎ᠶᠢ ᠬᠠᠮᠵᠢᠨ ᠬᠢᠯᠢ᠎ᠪᠠᠨ ᠪᠠᠳᠤ ᠰᠠᠬᠢᠵᠤ᠂ ᠴᠡᠷᠢᠭ ᠠᠷᠠᠳ᠎ᠤᠨ ᠵᠢᠭᠠᠰᠤ ᠤᠰᠤᠨ᠎ᠤ ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠦᠯᠢᠭᠡᠷ᠎ᠢ ᠪᠢᠴᠢᠭᠯᠡᠯ᠎ᠡ᠃
《ᠡᠬᠡ ᠤᠯᠤᠰ᠎ᠤᠨ ᠤᠮᠠᠷᠠᠲᠤ ᠬᠢᠯᠢ᠎ᠶᠢᠨ ᠮᠣᠩᠭᠣᠯ ᠭᠡᠷ ᠨᠢᠭᠡᠪᠦᠷᠢ ᠨᠢ ᠴᠥᠮ ᠬᠠᠷᠠᠭᠤᠯ᠎ᠤᠨ ᠭᠠᠵᠠᠷ ᠪᠠᠢᠵᠤ᠂ ᠮᠢᠩᠭᠠᠨ ᠭᠠᠵᠠᠷ᠎ᠤᠨ ᠬᠢᠯᠢ᠎ᠵᠢ ᠰᠠᠬᠢᠨ ᠬᠠᠮᠠᠭᠠᠯᠠᠨ᠎ᠠ ᠁ 》 ᠣᠳᠣᠬᠠᠨ᠎ᠤ ᠥᠪᠥᠷ ᠮᠣᠩᠭᠣᠯ᠎ᠳᠤ ᠂ ᠮᠠᠯᠴᠢᠨ ᠬᠢᠯᠢ᠎ᠶᠢᠨ ᠬᠠᠮᠠᠭᠠᠯᠠᠭ᠍ᠴᠢᠳ ᠥᠷᠭᠡᠨ ᠣᠯᠠᠨ ᠴᠢᠯᠦᠭᠡᠯᠡᠬᠦ ᠴᠡᠷᠢᠭ᠎ᠦᠨ ᠵᠢᠯᠣᠭᠣᠳᠤᠭ᠍ᠴᠢ ᠪᠠᠢᠯᠳᠤᠭ᠍ᠴᠢ᠂ ᠳᠣᠲᠣᠭᠠᠳᠤ᠎ᠶᠢ ᠬᠠᠮᠠᠭᠠᠯᠠᠬᠤ ᠬᠢᠯᠢ᠎ᠶᠢᠨ ᠬᠠᠮᠠᠭᠠᠯᠠᠯᠲᠠ᠎ᠶᠢᠨ ᠠᠷᠠᠳ᠎ᠤᠨ ᠴᠠᠭᠳᠠᠭ᠎ᠠ ᠵᠢᠴᠢ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠲᠠᠢ ᠬᠠᠮᠲᠤ᠎ᠪᠠᠷ ᠤᠯᠤᠰ᠎ᠤᠨ ᠠᠮᠤᠷ ᠲᠦᠪᠰᠢᠨ᠂ ᠨᠡᠢᠭᠡᠮ᠎ᠦᠨ ᠠᠮᠤᠷ ᠲᠣᠭᠲᠠᠭᠤᠨ᠂ ᠬᠢᠯᠢ ᠬᠢᠵᠠᠭᠠᠷ ᠠᠮᠤᠷ ᠲᠠᠢᠪᠤᠩ ᠪᠠᠢᠬᠤ 《ᠭᠤᠷᠪᠠᠨ ᠰᠡᠷᠭᠡᠢᠯᠡᠯᠲᠡ᠎ᠶᠢᠨ ᠱᠤᠭᠤᠮ》 ᠢ᠋ ᠪᠠᠳᠤ ᠪᠠᠢᠭᠤᠯᠤᠨ᠎ᠠ᠃
ᠬᠠᠷᠠᠯᠲᠠ᠎ᠲᠠᠶ᠎ᠪᠠᠷ ᠬᠦᠴᠦᠯᠡᠵᠦ᠍ ᠠᠮᠤᠭᠤᠯᠠᠨᠭᠳᠦ ᠥᠪᠥᠷ ᠮᠣᠩᠭᠣᠯ᠎ᠤᠨ ᠪᠠᠢᠭᠤᠯᠤᠯᠲᠠ ᠶ᠋ᠢ ᠲᠠᠰᠤᠷᠠᠯᠲᠠ ᠥᠬᠡᠶ ᠠᠬᠢᠭᠤᠯᠪᠠ
ᠠᠮᠤᠷ ᠲᠦᠪᠱᠢᠨ ᠪᠠᠢᠮᠠᠨᠵᠢᠨ ᠰᠠᠶᠢ ᠲᠣᠭ᠍ᠲᠠᠭᠤᠨ ᠪᠠᠢᠵᠤ ᠴᠢᠳᠠᠨ᠎ᠠ᠂ ᠲᠣᠭ᠍ᠲᠠᠭᠤᠨ ᠪᠠᠢᠮᠠᠨᠵᠢᠨ ᠰᠠᠶᠢ ᠬᠥᠭ᠌ᠵᠢᠵᠦ᠍ ᠴᠢᠳᠠᠨ᠎ᠠ᠃ ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ 《ᠡᠷᠬᠡᠪᠰᠢ ᠰᠣᠩᠭᠣᠬᠤ ᠵᠦᠶ᠋ᠯ》 ᠮᠥᠨ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠠᠷᠠᠳ ᠣᠯᠠᠨ᠎ᠳᠤ ᠵᠣᠯ ᠵᠢᠷᠭᠠᠯ ᠡᠳ᠋ᠯᠡᠭᠦᠯᠬᠦ᠌᠎ᠶ᠋ᠢ ᠬᠤᠪᠢᠷᠠᠰᠢ ᠥᠬᠡᠶ ᠵᠤᠷᠢᠯᠳᠠ ᠪᠣᠯᠭᠠᠵᠤ᠂ ᠨᠡᠢᠭᠡᠮ᠎ᠦᠨ ᠠᠮᠤᠷ ᠲᠣᠭ᠍ᠲᠠᠭᠤᠨ ᠪᠠᠢᠳᠠᠯ᠎ᠢ ᠪᠠᠲᠤᠯᠠᠬᠤ᠎ᠶ᠋ᠢ ᠴᠢᠬᠤᠯᠠ ᠶᠡᠬᠡ ᠡᠭᠦᠷᠭᠡ ᠪᠣᠯᠭᠠᠵᠤ᠂ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ᠂ ᠠᠮᠤᠭᠤᠯᠠᠨᠭᠳᠦ ᠥᠪᠥᠷ ᠮᠣᠩᠭᠣᠯ᠎ᠢ ᠪᠠᠢᠭᠤᠯᠬᠤ ᠲᠠᠯ᠎ᠠ᠎ᠪᠠᠷ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ ᠣᠯᠠᠨ᠎ᠤ ᠠᠮᠤᠷ ᠲᠠᠢᠪᠤᠩ ᠠᠵᠤ ᠲᠦᠷᠦᠭᠦ᠎ᠶ᠋ᠢ ᠪᠠᠳᠤ ᠰᠠᠬᠢᠨ ᠬᠠᠮᠠᠭᠠᠯᠠᠪᠠ᠃
ᠠᠷᠠᠳ ᠤᠯᠠᠨ᠎ᠤ ᠮᠡᠬᠡᠯᠡᠯ᠎ᠢ ᠲᠠᠨᠢᠵᠤ ᠮᠡᠭᠡᠯᠡᠯ᠎ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠨ ᠬᠣᠶ ᠲᠣᠮᠢᠯᠠᠭ᠍ᠰᠠᠨ ᠰᠠᠯᠪᠤᠷᠢ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ ᠵᠢᠨ ᠠᠵᠢᠯᠯᠠᠭ᠎ᠠ ᠵᠢ ᠬᠦᠨᠵᠡᠭᠡᠢ ᠦᠷᠨᠢᠬᠦᠯᠵᠦ ᠤᠯᠠᠨ ᠲᠦᠮᠡᠨ᠎ᠤ ᠬᠦᠷᠢᠶᠡᠯᠡᠯ᠎ᠢ ᠤᠯᠪᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠤᠨ᠎ᠤ ᠤᠯᠠᠷᠢᠯ᠎ᠤᠨ ᠠᠮᠤᠷ᠎ᠢ ᠬᠠᠮᠠᠭᠠᠯᠠᠬᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《ᠵᠠᠭᠤᠨ ᠡᠳᠦᠷ᠎ᠦᠨ ᠠᠵᠢᠯᠯᠠᠭ᠎ᠠ》 ᠶ᠋ᠢ ᠪᠠᠢᠷᠢᠯᠠᠭᠤᠯᠤᠨ ᠥᠷᠨᠢᠭᠦᠯᠦᠭ᠌ᠰᠡᠨ᠎ᠡᠴᠡ ᠨᠠᠭᠠᠰᠢ᠂ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠠᠷᠯᠢᠭ᠎ᠢ ᠣᠯᠤᠮᠠᠭ᠍ᠴᠠᠪᠠᠨ ᠬᠥᠳᠡᠯᠦᠯᠴᠡᠵᠦ᠍᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠵᠤ᠂ ᠬᠠᠤᠯᠢ᠎ᠠᠴᠠ ᠵᠥᠷᠢᠴᠡᠭ᠌ᠰᠡᠨ ᠲᠣᠪᠣᠢᠮ᠎ᠠ ᠶᠠᠯᠠᠲᠤ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭ᠌ᠴᠦ᠂ ᠨᠡᠢᠭᠡᠮ᠎ᠦᠨ ᠠᠮᠤᠷ ᠲᠦᠪᠰᠢᠨ᠎ᠤ ᠠᠰᠠᠭᠤᠳᠠᠯ᠎ᠢ ᠬᠦᠴᠦᠲᠡᠶ ᠴᠡᠭ᠌ᠴᠡᠯᠡᠨ ᠵᠠᠰᠠᠵᠤ᠂ ᠨᠡᠢᠭᠡᠮ᠎ᠦᠨ ᠰᠡᠷᠭᠡᠢᠯᠡᠨ ᠡᠵᠡᠮᠳᠡᠬᠦ᠌ ᠲᠣᠣᠷ᠎ᠢ ᠴᠢᠩᠭ᠎ᠠ ᠪᠥᠭᠡᠳ ᠨᠢᠭ᠍ᠲᠠ ᠰᠦᠯᠵᠢᠵᠦ᠍᠂ ᠠᠮᠤᠷ ᠲᠦᠪᠰᠢᠨ᠎ᠢ ᠪᠦᠬᠦ ᠬᠦᠴᠦᠨᠶ᠋ᠢᠡᠷ ᠪᠠᠳᠤᠯᠠᠭᠰᠠᠨ ᠪᠠᠢᠨ᠎ᠠ᠃
ᠠᠷᠪᠠᠨ ᠵᠢᠯ᠎ᠦᠨ ᠬᠤᠭᠤᠴᠠᠭᠠᠨ᠎ᠳᠤ ᠣᠯᠠᠨ ᠲᠦᠮᠡᠨ᠎ᠤ ᠨᠡᠢᠭᠡᠮ᠎ᠦᠨ ᠠᠮᠤᠷ ᠲᠦᠪᠱᠢᠨ᠎ᠤ ᠲᠤᠬᠠᠢ ᠬᠠᠨᠤᠮᠵᠢ ᠵᠢᠨ ᠬᠡᠮᠵᠢᠶ᠎ᠡ 90.6% ᠪᠠᠢᠭ᠍ᠰᠠᠨ᠎ᠠᠴᠠ 98.4 % ᠪᠣᠯᠤᠨ ᠳᠡᠭᠡᠭ᠌ᠰᠢᠯᠡᠪᠡ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠪᠣᠯ ᠠᠷᠠᠳ᠎ᠤᠨ ᠰᠡᠳᠭᠢᠯ᠎ᠦᠨ ᠢᠨᠵᠧᠨᠧᠷᠢᠩ ᠮᠥᠨ᠂ ᠪᠠᠰᠠ ᠴᠤ᠌ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠰᠠᠭᠤᠷᠢ ᠢᠨᠵᠧᠨᠧᠷᠢᠩ ᠮᠥᠨ᠃ 2018 ᠣᠨ᠎ᠠᠴᠠ 2020 ᠣᠨ ᠪᠣᠯᠲᠠᠯᠠᠬᠢ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠦᠨ ᠬᠤᠭᠤᠴᠠᠭᠠᠨ᠎ᠳᠤ᠂ ᠪᠥᠬᠥ᠌ ᠣᠷᠣᠨ᠎ᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠦ ᠬᠣᠯᠪᠣᠭ᠍ᠳᠠᠭ᠍ᠰᠠᠨ 63 ᠵᠣᠬᠢᠶᠠᠨ ᠪᠠᠢᠭᠤᠯᠤᠯᠲᠠ᠂ 1149 ᠡᠪᠰᠡᠯ ᠪᠦᠯᠬᠦᠮ᠎ᠢ ᠪᠣᠳᠠ ᠨᠢᠷᠭᠡᠵᠦ᠍᠂ 10869 ᠶᠠᠯ᠎ᠠ ᠵᠢᠨ ᠰᠡᠵᠢᠭ᠌ᠳᠡᠨ᠎ᠢ ᠪᠠᠷᠢᠪᠴᠢᠯᠠᠵᠤ᠂ ᠲᠤᠰᠭᠠᠶ ᠲᠡᠮᠡᠴᠡᠯ ᠲᠡᠦᠬᠡᠲᠦ ᠴᠢᠨᠠᠷᠲᠠᠶ ᠢᠯᠠᠯᠲᠠ ᠣᠯᠵᠤ᠂ ᠥᠪᠥᠷ ᠮᠣᠩᠭᠣᠯ 2019 ᠣᠨ᠎ᠤ ᠪᠥᠬᠥ᠌ ᠤᠯᠤᠰ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠦᠨ ᠲᠡᠷᠢᠭᠦᠨ᠎ᠦ ᠮᠤᠵᠢ ᠣᠷᠣᠨ᠎ᠢᠶᠠᠷ ᠦᠨᠡᠯᠡᠭ᠌ᠳᠡᠪᠡ᠃ ᠥᠪᠥᠷ ᠮᠣᠩᠭᠣᠯ ᠬᠠᠷ᠎ᠠ ᠪᠦᠯᠦᠭ᠌ᠲᠡᠨ ᠬᠠᠷᠭᠢᠰ ᠬᠦᠴᠦᠨ᠎ᠦ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠳᠠᠷᠤᠯᠲᠠ ᠦᠵᠡᠭᠦᠯᠬᠦ᠌ ᠪᠠᠢᠳᠠᠯ᠎ᠢᠶᠠᠨ ᠦᠷᠭᠦᠯᠵᠢᠯᠡᠨ ᠪᠠᠲᠤᠯᠠᠵᠤ᠂ ᠦᠵᠡᠯ ᠰᠠᠨᠠᠭ᠎ᠠ᠎ᠪᠠᠨ ᠰᠤᠯᠠᠷᠠᠭᠤᠯᠬᠤ ᠥᠬᠡᠶ᠂ ᠪᠠᠢᠭᠤᠯᠤᠮᠵᠢ᠎ᠪᠠᠨ ᠬᠠᠰᠤᠬᠤ ᠥᠬᠡᠶ᠂ ᠪᠠᠷᠢᠮᠵᠢᠶ᠎ᠠ᠎ᠪᠠᠨ ᠪᠠᠭᠤᠷᠠᠭᠤᠯᠬᠤ ᠥᠬᠡᠶ᠂ ᠡᠷᠴᠢᠮ᠎ᠢᠶᠡᠨ ᠰᠤᠯᠠᠷᠠᠭᠤᠯᠬᠤ ᠥᠬᠡᠶ ᠪᠠᠢᠬᠤ᠎ᠶ᠋ᠢ ᠪᠠᠷᠢᠮᠲᠠᠯᠠᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤ ᠥᠷᠨᠢᠭᠦᠯᠵᠦ ᠪᠤᠢ᠃
ᠣᠢᠷ᠎ᠠ᠎ᠶ᠋ᠢᠨ ᠲᠠᠪᠤᠨ ᠵᠢᠯ᠎ᠳᠦ᠂ ᠪᠦᠬᠦ᠌ ᠣᠷᠣᠨ ᠵᠢᠡᠷ ᠵᠢᠡᠨ ᠡᠯ᠎ᠡ ᠲᠥᠷᠥᠯ᠎ᠦᠨ ᠡᠷᠡᠭᠦᠦ᠍᠎ᠶ᠋ᠢᠨ ᠬᠡᠷᠡᠭ᠎ᠢ 23.45 ᠲᠦᠮᠡ ᠢᠯᠡᠷᠡᠭᠦᠯᠵᠦ᠍᠂ ᠠᠮᠢᠨ ᠬᠡᠷᠡᠭ᠎ᠢ 4 ᠵᠢᠯ ᠳᠠᠷᠠᠭᠠᠯᠠᠨ ᠪᠦᠬᠦᠨ᠎ᠢ ᠢᠯᠡᠷᠡᠭᠦᠯᠵᠦ᠍᠂ ᠬᠡᠷᠡᠭ ᠡᠬᠦᠰᠦᠭᠰᠡᠨ ᠲᠣᠭ᠎ᠠ ᠨᠢ ᠦᠷᠭᠦᠯᠵᠢᠯᠡᠨ ᠪᠠᠭᠤᠷᠠᠪᠠ; ᠫᠤᠤ ᠵᠡᠪᠰᠡᠭᠲᠦ ᠬᠣᠯᠪᠣᠭ᠍ᠳᠠᠭ᠍ᠰᠠᠨ ᠬᠡᠷᠡᠭ᠎ᠢ ᠬᠡᠷᠡᠭ ᠪᠣᠯᠭᠠᠨ ᠳᠠᠩᠰᠠᠯᠠᠭ᠍ᠰᠠᠨ ᠨᠤᠷᠮ᠎ᠠ 69.9% ᠪᠡᠷ ᠪᠠᠭᠤᠷᠠᠵᠤ; ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠬᠡᠷᠡᠭ᠎ᠲᠦ ᠴᠣᠬᠢᠯᠲᠠ ᠥᠭ᠌ᠴᠦ ᠬᠡᠷᠡᠭ᠎ᠢ᠋ ᠢᠯᠡᠷᠡᠬᠦᠯᠬᠦ ᠨᠣᠷᠮ᠎ᠠ 15% ᠪᠠᠢᠭ᠍ᠰᠠᠨ᠎ᠠᠴᠠ 41.2% ᠪᠣᠯᠲᠠᠯ᠎ᠠ ᠳᠡᠭᠡᠭ᠌ᠰᠢᠯᠡᠵᠦ᠍᠂ ᠨᠡᠢᠭᠡᠮ᠎ᠦᠨ ᠠᠮᠤᠷ ᠲᠦᠪᠱᠢᠨ᠎ᠦ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ᠎ᠢᠶᠠᠷ ᠰᠠᠢᠵᠢᠷᠠᠪᠠ᠃ ᠦᠨᠡᠨ᠎ᠢ ᠪᠠᠷᠢᠮᠲᠠᠯᠠᠨ ᠪᠣᠳᠠᠲᠤ ᠠᠵᠢᠯᠯᠠᠭ᠎ᠠ᠎ᠶ᠋ᠢ ᠡᠷᠬᠢᠮᠯᠡᠪᠡᠯ ᠰᠠᠶᠢ ᠰᠠᠢᠨ ᠦᠷ᠎ᠡ ᠪᠦᠲᠦᠮᠵᠢ ᠤᠯᠵᠦ ᠴᠢᠳᠠᠨ᠎ᠠ᠃ ᠥᠪᠥᠷ ᠮᠣᠩᠭᠣᠯ 《ᠱᠢᠯᠭᠠᠯᠲᠠ᠎ᠳᠤ ᠣᠷᠣᠯᠴᠠᠬᠤ》 ᠣᠪᠣᠷ ᠪᠠᠢᠳᠠᠯ᠎ᠢᠶᠠᠷ ᠠᠮᠤᠭᠤᠯᠠᠩᠳᠤ ᠲᠤᠮᠳᠠᠳᠤ ᠤᠯᠤᠰ᠎ᠤᠨ ᠪᠠᠢᠭᠤᠯᠤᠯᠲᠠ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯᠪᠠ ᠵᠣᠯ ᠵᠢᠷᠭᠠᠯᠲᠤ ᠲᠥᠷᠥᠭ᠌ᠳᠡᠯ᠎ᠢ ᠨᠠᠩ ᠭᠦᠶ᠋ᠴᠡᠳ᠂ ᠠᠮᠤᠷ ᠲᠦᠪᠱᠢᠨ᠎ᠦ ᠲᠥᠷᠥᠭ᠌ᠳᠡᠯ᠎ᠢ ᠨᠠᠩ ᠪᠠᠲᠤᠯᠠᠭ᠎ᠠ᠎ᠲᠠᠶ ᠪᠣᠯᠭᠠᠬᠤ᠎ᠪᠠᠷ ᠴᠢᠷᠮᠠᠢᠵᠤ ᠪᠣᠶ᠃
ᠦᠨᠳᠦᠰᠦ᠎ᠶ᠋ᠢ ᠪᠡᠬᠢᠵᠢᠭᠦᠯᠵᠦ᠍ ᠰᠠᠭᠤᠷᠢ᠎ᠶ᠋ᠢ ᠬᠦᠴᠦᠷᠭᠡᠭᠵᠢᠭᠦᠯᠵᠦ ᠵᠣᠯ ᠵᠢᠷᠭᠠᠯᠳᠤ ᠲᠦᠷᠦᠭᠳᠡᠯ᠎ᠢ ᠨᠡᠮᠡᠭᠳᠡᠬᠦᠯᠪᠡ
ᠥᠪᠥᠷ ᠮᠣᠩᠭᠣᠯ ᠬᠤᠳᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠢᠭ᠋᠎ᠤᠨ ᠠᠵᠢᠯ᠎ᠢ ᠠᠬᠢᠭᠤᠯᠬᠤ᠎ᠪᠠᠷ ᠭᠣᠣᠯᠳᠠᠯᠭ᠎ᠠ ᠪᠣᠯᠭᠠᠵᠤ᠂ ᠱᠢᠨ᠎ᠡ ᠴᠠᠭ ᠦᠶ᠎ᠡ᠎ᠶ᠋ᠢᠨ 《ᠹᠸᠩᠴᠢᠶᠤᠤ ᠵᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠂ ᠲᠣᠣᠷᠵᠢᠯᠲᠠ ᠵᠢᠨ ᠦᠢᠯᠡᠴᠢᠯᠡᠭᠡ ᠬᠠᠮᠢᠶᠠᠷᠤᠯᠲᠠ ᠵᠡᠷᠭᠡ ᠠᠵᠢᠯ᠎ᠢ ᠲᠠᠰᠤᠷᠠᠯᠳᠡ ᠦᠭᠡᠢ ᠴᠢᠩᠭᠠᠳᠭᠠᠵᠤ᠂ ᠵᠥᠷᠢᠴᠡᠯ᠎ᠦᠨ ᠭᠡᠮ ᠰᠣᠭᠣᠭ᠎ᠢ ᠴᠤᠬᠤᠢᠵᠤ ᠪᠠᠢᠭ᠎ᠠ ᠦᠶ᠎ᠡ᠎ᠳᠦᠨᠢ ᠠᠷᠢᠯᠭᠠᠵᠤ᠂ ᠬᠤᠳᠠ᠎ᠶ᠋ᠢᠨ ᠬᠡᠪᠴᠢᠶᠡᠨ᠎ᠳᠦ ᠱᠢᠢᠳᠪᠦᠷᠢᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨᠬᠦ᠌ ᠪᠡᠬᠢᠵᠢᠭᠦᠯᠪᠡ᠃
ᠥᠪᠥᠷ ᠮᠣᠩᠭᠣᠯ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠤᠨ ᠱᠢᠨ᠎ᠡ᠎ᠶ᠋ᠢ ᠡᠭᠦᠳᠦᠨ ᠲᠡᠭᠦᠯᠳᠡᠷᠵᠢᠭᠦᠯᠵᠦ᠍᠂ 《ᠶᠡᠷᠦᠩᠬᠡᠢᠯᠡᠨ ᠵᠠᠰᠠᠬᠤ ᠲᠥᠪ᠎ᠦᠨ ᠪᠥᠲᠥᠭᠡᠨ ᠪᠠᠢᠭᠤᠯᠤᠯᠲᠠ ᠪᠠ ᠲᠣᠸ᠋ᠷᠵᠢᠯᠲᠠ ᠵᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠵᠢᠯᠣᠭᠣᠳᠭᠤ ᠰᠠᠨᠠᠯ》᠎ᠢ᠋ ᠨᠡᠢᠲᠡᠯᠡᠨ᠂ ᠨᠡᠢᠲᠡ 1.3 ᠲᠦᠮᠡᠨ ᠭᠠᠴᠠᠭ᠎ᠠ ᠲᠣᠰᠭᠣᠨ(ᠨᠡᠢᠭᠡᠮ ᠲᠣᠭᠣᠷᠢᠭ)᠎ᠤ᠋ ᠵᠠᠰᠠᠯᠲᠠ᠎ᠶ᠋ᠢᠨ ᠲᠠᠪᠴᠠᠩ᠎ᠢ ᠪᠠᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠲᠣᠸ᠋ᠷᠵᠢᠯᠲᠠ ᠪᠠ ᠶᠡᠷᠦᠩᠬᠡᠢᠯᠡᠨ ᠵᠠᠰᠠᠬᠤ ᠲᠣᠸ᠋ᠷᠵᠢᠯᠲᠠ ᠵᠢᠨ《ᠬᠣᠸ᠋ᠰ ᠲᠣᠸ᠋ᠷᠵᠢᠯᠲᠠ ᠵᠢᠨ ᠨᠡᠢᠯᠡᠯ》᠎ᠢ᠋ ᠠᠬᠢᠭᠤᠯᠵᠤ᠂ ᠬᠣᠲᠠ ᠪᠠᠯᠭᠠᠰᠤ᠂ ᠬᠥᠳᠡᠭᠡ ᠲᠣᠰᠭᠣᠨ᠂ ᠮᠠᠯᠵᠢᠬᠤ ᠣᠷᠣᠨ᠎ᠤ ᠲᠣᠸ᠋ᠷᠵᠢᠯᠲᠠ ᠵᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢ ᠦᠨᠳᠦᠰᠦᠨ᠎ᠳᠡᠭᠡᠨ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃
ᠣᠲᠣ ᠪᠣᠯᠲᠠᠯ᠎ᠠ᠂ ᠪᠥᠬᠥ᠌ ᠣᠷᠣᠨ᠎ᠳᠤ ᠨᠡᠢᠭᠡᠮ ᠲᠣᠭᠣᠷᠢᠭ᠎ᠤᠨ ᠲᠤᠤᠷᠵᠢᠯᠲᠠ ᠵᠢᠨ ᠬᠡᠰᠢᠬᠦᠨ᠎ᠢ ᠨᠡᠢᠲᠡ 10.3 ᠲᠦᠮᠡ ᠲᠣᠬᠢᠷᠠᠭᠤᠯᠵᠤ᠂ ᠡᠭᠦᠨ᠎ᠳᠦ ᠲᠤᠰᠭᠠᠶ ᠲᠤᠱᠢᠶᠠᠯᠲᠤ ᠲᠤᠤᠷᠵᠢᠯᠲᠠ ᠵᠢᠨ ᠬᠡᠰᠢᠬᠦᠨ 3 ᠲᠦᠮᠡ ᠭᠠᠷᠤᠶ ᠪᠣᠶ᠂ ᠲᠠᠳᠠ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ᠂ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌ ᠵᠡᠷᠭᠡ ᠲᠠᠯ᠎ᠠ᠎ᠪᠠᠷ ᠤᠯᠠᠮ᠎ᠠᠴᠠ ᠤᠯᠠᠮ ᠴᠢᠬᠤᠯᠠ ᠦᠢᠯᠡᠳᠦᠯ ᠦᠵᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠰᠠᠭᠤᠷᠢ᠎ᠶ᠋ᠢ ᠪᠠᠲᠤᠳᠭᠠᠬᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠱᠢᠨ᠎ᠡ ᠬᠦᠴᠦᠨ ᠪᠣᠯᠵᠣ ᠪᠠᠢᠨ᠎ᠠ᠃
ᠵᠠᠰᠠᠯᠲᠠ᠎ᠶ᠋ᠢ ᠪᠦᠲᠦᠮᠵᠢᠲᠡᠢ ᠪᠠᠢᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ ᠬᠦᠴᠤᠨ ᠵᠢᠡᠷ ᠦᠨᠳᠦᠰᠦ᠎ᠶ᠋ᠢ ᠪᠡᠬᠢᠵᠢᠭᠦᠯᠵᠦ᠍ ᠰᠠᠭᠤᠷᠢ᠎ᠶ᠋ᠢ ᠬᠦᠴᠦᠷᠭᠡᠭᠵᠢᠭᠦᠯᠦᠨᠠ᠃ ᠣᠳᠣᠬᠠᠨ᠎ᠳᠤ᠂ ᠪᠥᠬᠥ᠌ ᠣᠷᠣᠨ᠎ᠤ 12 ᠠᠢᠮᠠᠭ ᠬᠣᠲᠠ᠎ᠶ᠋ᠢ ᠴᠥᠮ《ᠪᠥᠬᠥ᠌ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ ᠵᠢᠨ ᠴᠡᠭ》 ᠲᠸ᠋ ᠣᠷᠣᠭᠤᠯᠪᠠ᠃
ᠨᠠᠮᠤᠷ᠎ᠤᠨ ᠡᠬᠢ ᠪᠡᠷ᠂ ᠴᠢᠩ ᠱᠦᠢ ᠡᡁᠸ ᠱᠢᠶᠠᠨ᠎ᠤ ᠵᠥᠷᠢᠴᠡᠯ ᠵᠢᠭᠤᠷᠠᠯᠳᠤᠭᠠᠨ᠎ᠢ ᠨᠠᠮᠳᠠᠭᠤᠯᠬᠤ ᠬᠠᠮᠲᠤᠷᠠᠭ᠍ᠰᠠᠨ ᠦᠢᠯᠡᠴᠢᠯᠡᠭᠡᠨ᠎ᠦ ᠲᠥᠪ᠎ᠦᠨ ᠫᠠᠢᠰᠠ ᠨᠡᠷᠡᠨ᠎ᠦ ᠭᠡᠷᠡᠯᠳᠦ ᠰᠢᠵᠢᠷᠲᠤᠨ ᠬᠠᠷᠠᠭ᠍ᠳᠠᠨ᠎ᠠ᠃
《ᠮᠠᠨ᠎ᠤ ᠲᠥᠪ ᠨᠢ ᠭᠤᠤᠯᠳᠠᠭᠤ ᠵᠥᠷᠢᠴᠡᠯ ᠵᠢᠭᠤᠷᠠᠯᠳᠤᠭᠠᠨ᠎ᠢ ᠱᠢᠶ᠋ᠳᠪᠦᠷᠢᠯᠡᠨ᠎ᠠ᠂ ᠡᠭᠦᠨ᠎ᠦ ᠬᠠᠷᠠᠯᠲᠠ ᠪᠣᠯ ᠳᠠᠷᠤᠶ ᠨᠢᠭᠡ ᠥᠷᠲᠡᠭᠡᠴᠢᠯᠡᠭᠰᠡᠨ ᠮᠠᠶᠢᠭ ᠤ᠋ᠨ ᠦᠢᠯᠡᠴᠢᠯᠡᠭᠡ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠂ ᠣᠳᠣᠬᠠᠨ᠎ᠳᠤ ᠵᠥᠷᠢᠴᠡᠯ᠎ᠢ ᠱᠢᠶ᠋ᠳᠪᠦᠷᠢᠯᠡᠬᠦ᠌ ᠨᠣᠷᠮ᠎ᠠ 92.3% ᠳ᠋ᠤ ᠬᠦᠷᠴᠦ᠍ ᠪᠠᠢᠨ᠎ᠠ》ᠭᠡᠵᠦ᠍ ᠴᠢᠩ ᠱᠦᠢ ᠡᡁᠸ ᠱᠢᠶᠠᠨ᠎ᠤ ᠨᠠᠮ᠎ᠤᠨ ᠬᠣᠷᠢᠶᠠᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ᠎ᠶ᠋ᠢᠨ ᠳᠡᠳ᠋ ᠱᠦᠵᠢ ᠱᠢᠤᠸᠠᠢ ᠫᠸᠢ ᠳ᠋ᠦᠩ ᠲᠠᠨᠢᠯᠴᠠᠭᠤᠯᠪᠠ᠃
ᠵᠥᠷᠢᠴᠡᠯ ᠵᠢᠭᠤᠷᠠᠯᠳᠤᠭᠠᠨ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠪᠡ᠃ ᠥᠪᠥᠷ ᠮᠣᠩᠭᠣᠯ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠨᠡᠢᠭᠡᠮ᠎ᠦᠨ ᠲᠣᠭ᠍ᠲᠠᠭᠤᠨ᠎ᠤ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ(ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠴᠢᠬᠤᠯᠠ ᠶᠡᠬᠡ ᠲᠣᠭ᠍ᠲᠠᠭᠤᠨ ᠪᠤᠰᠤ ᠠᠰᠠᠭᠤᠳᠠᠯ᠎ᠤᠨ ᠨᠠᠷᠢᠨ ᠬᠠᠭᠤᠳᠠᠰᠤ᠎ᠶ᠋ᠢᠨ ᠲᠦᠷᠢᠮ ᠪᠠ ᠲᠠᠩᠰᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠪᠠ᠃ ᠡᠭᠦᠨ᠎ᠦ ᠬᠠᠮᠲᠤ᠌᠂ ᠤᠳᠤᠷᠢᠳᠭᠤ ᠺᠠᠳ᠋ᠷᠴᠤᠳ᠎ᠤᠨ ᠳᠣᠷᠣᠭ᠍ᠰᠢ ᠪᠠᠭᠤᠵᠤ ᠰᠤᠷᠪᠤᠯᠵᠢᠯᠠᠬᠤ ᠳᠦᠷᠢᠮ᠎ᠢ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠵᠥᠷᠢᠴᠡᠯ ᠵᠢᠭᠤᠷᠠᠯᠳᠤᠭᠠᠨ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠭᠣᠣᠯᠳᠠᠯᠭ᠎ᠠ᠎ᠲᠠᠶ ᠬᠠᠮᠳᠤ ᠨᠡᠢᠳᠡ ᠵᠢ ᠬᠥᠲᠥᠯᠥᠨ ᠵᠢᠯᠣᠭᠣᠳᠴᠤ᠌ ᠲᠣᠭ᠍ᠲᠠᠭᠤᠨ᠎ᠢᠶᠠᠷ ᠡᠵᠡᠮᠳᠡᠬᠦ᠌᠎ᠶ᠋ᠢ ᠴᠢᠩᠭᠠᠳᠭᠠᠵᠤ᠂ ᠬᠠᠮᠳᠤ ᠨᠡᠢᠳᠡ ᠵᠢᠨ ᠴᠢᠨᠠᠷᠲᠠᠶ ᠬᠡᠷᠡᠭ᠂ ᠬᠤᠪᠢ ᠬᠥᠮᠦᠨ᠎ᠦ ᠬᠡᠲᠦᠷᠡᠮᠡᠬᠡᠶ ᠬᠦᠴᠦᠷᠬᠡᠭ᠌ᠯᠡᠯ ᠬᠡᠷᠡᠭ᠎ᠢ ᠪᠦᠲᠦᠮᠵᠢᠲᠡᠶ᠎ᠪᠡᠷ ᠤᠷᠢᠳᠴᠢᠯᠠᠨ ᠰᠡᠷᠭᠡᠢᠯᠡᠪᠠ᠃
ᠲᠠᠪᠤᠨ ᠵᠢᠯ᠎ᠦᠨ ᠲᠤᠷᠰᠢ᠂ ᠪᠥᠬᠥ᠌ ᠣᠷᠣᠨ᠎ᠤ ᠡᠯ᠎ᠡ ᠭᠠᠵᠠᠷ᠎ᠤᠨ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ ᠡᠯ᠎ᠡ ᠲᠥᠷᠥᠯ᠎ᠦᠨ ᠵᠥᠷᠢᠴᠡᠯ ᠵᠢᠭᠤᠷᠠᠯᠳᠤᠭᠠᠨ᠎ᠢ 60.4 ᠲᠦᠮᠡᠨ ᠬᠤᠪᠢ ᠭᠥᠯᠢᠶᠡᠨ ᠠᠪᠴᠤ᠌᠂ ᠵᠢᠯ ᠳᠤᠮᠳᠠᠴᠢ᠎ᠪᠠᠷ 12 ᠲᠦᠮᠡᠨ ᠬᠤᠪᠢ᠎ᠶ᠋ᠢ ᠱᠢᠶ᠋ᠳᠪᠦᠷᠢᠯᠡᠵᠦ᠍᠂ ᠡᠶᠡᠳᠡᠭᠦᠯᠦᠭᠡᠳ ᠠᠮᠵᠢᠯᠲᠠ ᠣᠯᠤᠭ᠍ᠰᠠᠨ ᠨᠣᠷᠮ᠎ᠠ ᠨᠢ 96.97% ᠳ᠋ᠤ ᠬᠥᠷᠪᠡ᠃ ᠡᠶᠡᠳᠡᠭᠦᠯᠦᠭ᠌ᠴᠢ ᠬᠠᠢᠷ᠎ᠠ ᠰᠡᠳᠭᠢᠯᠭᠡ᠎ᠶ᠋ᠢ ᠡᠪᠦᠷᠯᠡᠨ ᠪᠦᠬᠦ᠌ ᠰᠡᠳᠭᠢᠯ᠎ᠢᠶᠡᠷ᠎ᠢᠶᠡᠨ ᠣᠷᠣᠯᠴᠠᠵᠤ᠂ ᠬᠠᠤᠯᠢ ᠵᠦᠢ᠎ᠶ᠋ᠢᠨ ᠪᠠᠢᠳᠠᠯ᠎ᠢ ᠣᠷᠭᠠᠨᠢᠭ᠎ᠢᠶᠠᠷ ᠠᠭᠤᠰᠤᠯᠴᠠᠭᠤᠯᠵᠤ᠂ ᠡᠶᠡᠯᠳᠡᠭ ᠵᠥᠭᠡᠯᠡᠨ ᠦᠭᠡ ᠶᠠᠷᠢᠶ᠎ᠠ᠂ ᠬᠠᠢᠷ᠎ᠠ ᠬᠠᠯᠠᠮᠵᠢ᠎ᠶ᠋ᠢᠨ ᠠᠵᠢᠯᠯᠠᠭ᠎ᠠ᠎ᠨᠤᠭᠤᠳ᠎ᠢᠶᠠᠷ ᠲᠤᠬᠠᠢ᠎ᠶ᠋ᠢᠨ ᠬᠥᠮᠦᠨ᠎ᠦ ᠤᠷᠮ᠎ᠠ ᠰᠡᠳᠭᠢᠯᠭᠡ᠎ᠶ᠋ᠢ ᠲᠣᠭ᠍ᠲᠠᠪᠤᠷᠢᠵᠢᠭᠤᠯᠵᠤ᠂ ᠲᠤᠬᠠᠢ᠎ᠶ᠋ᠢᠨ ᠬᠥᠮᠦᠨ᠎ᠦ 《ᠰᠡᠳᠭᠢᠯ᠎ᠦᠨ ᠵᠠᠩᠭᠢᠷᠠᠭ᠎ᠠ》ᠵᠢ ᠲᠠᠢ᠌ᠯᠵᠤ᠂ ᠬᠦᠴᠢᠷ ᠲᠦᠪᠡᠭ᠌ᠲᠡᠢ ᠨᠠᠷᠢᠨ ᠪᠤᠳᠤᠯᠢᠶᠠᠨᠲᠠᠢ ᠬᠡᠷᠡᠭᠦᠳᠢ ᠱᠢᠢᠳᠪᠦᠷᠢᠯᠡᠵᠦ᠍᠂ 《ᠬᠡᠷᠡᠭ᠎ᠢ ᠳᠠᠭᠤᠰᠭᠠᠵᠤ ᠤᠴᠢᠷ ᠶᠠᠪᠤᠳᠠᠯ᠎ᠢ ᠳᠠᠭᠤᠰᠭᠠᠬᠤ》ᠪᠠ 《ᠲᠠᠬᠢᠨ ᠳᠠᠪᠲᠠᠬᠤ ᠦᠭᠡᠢ》 ᠪᠠᠢᠬᠤ᠎ᠶ᠋ᠢ ᠪᠡᠶᠡᠯᠡᠭᠦᠯᠵᠡᠢ᠃
ᠦᠨᠡᠨ᠎ᠢ ᠪᠠᠷᠢᠮᠲᠠᠯᠠᠨ ᠪᠣᠳᠠᠲᠤ ᠠᠵᠢᠯᠯᠠᠭ᠎ᠠ᠎ᠶ᠋ᠢ ᠡᠷᠬᠢᠮᠯᠡᠪᠡᠯ ᠰᠠᠶᠢ ᠴᠢᠳᠠᠮᠠᠭᠠᠶ᠎ᠪᠠᠷ ᠬᠢᠵᠦ᠍ ᠴᠢᠳᠠᠮᠠᠭᠠᠶ᠎ᠪᠠᠷ ᠪᠦᠲᠦᠭᠡᠵᠦ᠍ ᠴᠢᠳᠠᠨ᠎ᠠ; ᠦᠨᠡᠨ ᠬᠦ᠌ ᠠᠳᠭᠤᠵᠤ ᠪᠣᠳᠠᠲᠠᠶ᠎ᠪᠠᠷ ᠠᠵᠢᠯᠯᠠᠪᠠᠯ ᠰᠠᠶᠢ ᠲᠠᠰᠤᠷᠠᠯᠳᠠ ᠦᠭᠡᠢ ᠤᠷᠤᠭ᠍ᠰᠢᠯᠠᠵᠤ ᠴᠢᠳᠠᠨ᠎ᠠ᠃ ᠥᠪᠥᠷ ᠮᠣᠩᠭᠣᠯ ᠨᠡᠩ ᠯᠠᠪᠳᠠᠭᠤᠨ ᠪᠠᠲᠤᠲᠠᠢ ᠠᠵᠢᠯ᠎ᠤᠨ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠢ᠎ᠡ᠎ᠪᠡᠷ ᠭᠡᠷ ᠡᠷᠤᠬᠡ᠎ᠪᠡᠨ ᠰᠠᠢᠲᠤᠷ ᠰᠠᠬᠢᠨ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ ᠬᠢᠯᠢ᠎ᠪᠡᠨ ᠰᠠᠢᠲᠤᠷ ᠰᠠᠬᠢᠨ ᠬᠠᠮᠠᠭᠠᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦᠯᠵᠦ᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠳᠢᠭ᠌ᠯᠢᠮ᠎ᠲᠡᠶ ᠪᠣᠯᠭᠠᠵᠤ᠂ ᠡᠭᠡ ᠤᠯᠤᠰ᠎ᠤᠨ《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠲᠠ ᠵᠢᠨ ᠭᠤᠤᠯ》 ᠢ᠋ ᠨᠡᠩ ᠪᠡᠬᠢᠵᠢᠬᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃