2022-09-26 09:36:16
— ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠦᠪᠦᠷ ᠮᠤᠡᠭᠭᠤᠯ ᠤ᠋ᠨ ᠵᠠᠮ ᠬᠠᠷᠢᠯᠴᠠᠭᠠᠨ ᠤ᠋ ᠪᠦᠳᠦᠬᠡᠨ ᠪᠠᠢᠭᠤᠯᠤᠯᠳᠠ ᠵᠢᠨ ᠲᠤᠬᠠᠢ ᠬᠦᠤᠷᠨᠢᠯ
ᠳᠤᠤᠷᠠᠢ ᠢ᠋ᠢᠨ ᠨᠠᠪᠴᠢᠰ ᠦᠪᠴᠢ ᠰᠢᠷᠭᠠᠯ ᠦᠡᠭᠭᠡ ᠪᠡᠷ ᠰᠤᠯᠢᠭᠳᠠᠵᠤ᠂ ᠲᠠᠨᠢᠭᠦᠨ ᠳᠠᠪᠠᠲᠠᠢ ᠪᠠᠢᠭᠠᠯᠢ ᠵᠢᠭᠤᠯᠴᠢᠯᠠᠭᠰᠠᠳ ᠤ᠋ᠨ ᠰᠡᠳᠬᠢᠯ ᠢ᠋ ᠭᠡᠵᠢᠭᠡᠳᠡᠨ᠂ ᠲᠡᠨᠢᠭᠡᠷ ᠭᠤᠪᠢ ᠢ᠋ᠢᠨ ᠮᠠᠯᠴᠢᠨ ᠲᠠᠷᠢᠶᠠᠴᠢᠳ ᠡᠯᠪᠡᠭ ᠬᠤᠷᠢᠶᠠᠯᠲᠠ᠂ ᠡᠰᠡᠨᠢᠯ ᠬᠦᠭᠵᠢᠯ ᠢ᠋ ᠬᠦᠤᠷᠨᠢᠵᠤ᠂ ᠭᠤᠪᠢ ᠨᠤᠲᠤᠭ ᠲᠤ᠌ ᠨᠠᠮᠤᠷ ᠰᠠᠭᠠᠲᠠᠬᠤ ᠰᠠᠢᠬᠠᠨ ᠃
《ᠤᠤᠯ ᠨᠢ ᠪᠢᠳᠡ ᠲᠠᠷᠪᠤᠰ ᠂ ᠬᠠᠮᠢ ᠬᠡᠮᠬᠡ ᠪᠣᠯᠤᠨ ᠬᠣᠨᠢᠨ ᠮᠢᠬ᠎ᠠ ᠪᠡᠨ ᠭᠠᠳᠠᠭ᠍ᠰᠢ ᠪᠤᠷᠤᠯᠠᠭᠤᠯᠬᠤ ᠭᠡᠵᠤ ᠶᠡᠬᠡ ᠵᠤᠪᠠᠳᠠᠭ ᠪᠠᠢᠭᠰᠠᠨ᠃ ᠤᠳᠤ ᠰᠤᠮᠤ ᠪᠠᠯᠭᠠᠰᠤᠨ ᠤ᠋ ᠬᠣᠭᠣᠷᠣᠨᠳᠤ ᠵᠠᠰᠠᠮᠠᠯ ᠵᠠᠮ ᠨᠡᠪᠲᠡᠷᠡᠭᠰᠡᠨ ᠢ᠋ᠢᠡᠷ ᠪᠠᠷᠠᠬᠤ ᠦᠭᠡᠢ ᠪᠡᠭᠡᠵᠢᠡᠭ — ᠰᠢᠨᠵᠢᠶᠠᠡᠭ ᠬᠦᠷᠬᠦ ᠲᠦᠷᠭᠡᠨ ᠤ᠋ ᠵᠠᠰᠠᠮᠠᠯ ᠵᠠᠮ ᠴᠤ᠌ ᠨᠡᠪᠲᠡᠷᠡᠵᠤ᠂ ᠮᠠᠯ ᠤ᠋ᠨ ᠠᠰᠢᠭ ᠰᠢᠮ᠎ᠠ ᠲᠡᠷᠢᠶᠠᠯᠠᠡᠭ ᠤ᠋ᠨ ᠪᠦᠲᠦᠭᠡᠭ᠌ᠳᠡᠬᠦᠨ ᠵᠢᠡᠨ ᠪᠤᠷᠤᠯᠠᠭᠤᠯᠬᠤ ᠳ᠋ᠤ ᠮᠠᠰᠢ ᠳᠦᠬᠦᠮ ᠪᠤᠯᠤᠭᠰᠠᠨ ᠰᠢᠤ》 ᠭᠡᠵᠤ ᠠᠯᠠᠱᠠ ᠠᠢᠮᠠᠭ ᠤ᠋ᠨ ᠡᠵᠡᠨ᠎ᠡ ᠬᠣᠱᠢᠭᠤᠨ ᠤ᠋ ᠪᠠᠶᠠᠨᠲᠣᠣᠷᠠᠢ ᠰᠤᠮᠤ ᠢ᠋ᠢᠨ ᠮᠠᠯᠴᠢᠨ ᠯᠢᠦ᠍ᠲᠡᠶ ᠵᠢᠶᠦ᠋ᠨ ᠤᠷᠮᠠᠲᠠᠢ ᠶᠠᠷᠢᠨ᠎ᠠ᠃
2012 ᠣᠨ ᠳ᠋ᠤ ᠪᠡᠭᠡᠵᠢᠩ — ᠱᠢᠨᠵᠢᠶᠠᠩ ᠬᠦᠷᠬᠦ᠌ ᠲᠦᠷᠭᠡᠨ ᠤ᠋ ᠵᠠᠰᠠᠮᠠᠯ ᠵᠠᠮ ᠢ᠋ ᠡᠬᠢᠯᠡᠵᠦ ᠪᠦᠲᠦᠬᠡᠨ ᠪᠠᠢᠭᠤᠯᠤᠭ᠍ᠰᠠᠨ ᠡᠴᠡ ᠡᠨᠡ ᠵᠢᠯ ᠪᠤᠭᠤᠲᠤ — ᠢᠷᠭᠠᠢ ᠬᠦᠷᠬᠦ᠌ ᠲᠦᠷᠭᠡᠨ ᠤ᠋ ᠲᠡᠮᠦᠷ ᠵᠠᠮ ᠤ᠋ᠨ ᠢᠷᠭᠠᠢ — ᠪᠠᠶᠠᠨᠨᠠᠭᠤᠷ ᠬᠦᠷᠬᠦ᠌ ᠰᠠᠯᠪᠤᠷᠢ ᠱᠤᠭᠤᠮ ᠢ᠋ ᠡᠬᠢᠯᠡᠨ ᠪᠦᠲᠦᠬᠡᠨ ᠪᠠᠢᠭᠤᠯᠬᠤ ᠬᠦᠷᠲᠡᠯᠡᠬᠢ ᠠᠷᠪᠠᠨ ᠵᠢᠯ ᠳ᠋ᠤ᠂ ᠨᠡᠢᠳᠡ 560 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠪᠦᠬᠦᠢ 45 ᠵᠤᠷᠪᠤᠰ ᠵᠠᠮ ᠬᠠᠷᠢᠯᠴᠠᠭᠠᠨ ᠤ᠋ ᠭᠣᠣᠯᠳᠠᠯᠭ᠎ᠠ ᠲᠠᠶ ᠪᠦᠲᠦᠭᠡᠨ ᠪᠠᠢᠭᠤᠯᠤᠯᠲᠠ ᠢ᠋ᠢᠨ ᠲᠦᠷᠦᠯ ᠵᠦᠢᠯ ᠠᠯᠠᠱᠠ ᠠᠢᠮᠠᠭ ᠲᠤ᠌ ᠨᠤᠲᠤᠭ᠍ᠰᠢᠵᠤ᠂ ᠠᠯᠠᠱᠠᠴᠤᠳ ᠤ᠋ᠨ 《ᠶᠠᠪᠤᠵᠤ ᠰᠠᠭᠤᠬᠤ ᠳ᠋ᠤ ᠬᠦᠴᠢᠷ》 ᠠᠰᠠᠭᠤᠳᠠᠯ ᠢ᠋ ᠦᠨᠳᠦᠰᠦᠨ ᠡᠴᠡ ᠨᠢ ᠰᠢᠢᠳᠪᠦᠷᠢᠯᠡᠵᠤ᠂ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠳᠠᠢᠴᠢᠯᠠᠨ᠂ ᠮᠠᠯᠴᠢᠨ ᠲᠠᠷᠢᠶᠠᠴᠢᠨ ᠤ᠋ ᠣᠷᠣᠯᠭ᠎ᠠ ᠢ᠋ᠢ ᠴᠦ᠍ ᠨᠡᠮᠡᠭᠳᠡᠭᠦᠯᠦᠭᠰᠡᠨ ᠶᠤᠮ᠃ ᠣᠳᠣᠬᠠᠨ ᠪᠣᠯᠲᠠᠯ᠎ᠠ ᠠᠯᠠᠱᠠ ᠠᠢᠮᠠᠭ ᠤ᠋ᠨ ᠱᠢᠨᠡᠪᠡᠷ ᠥᠭᠡᠷᠡᠴᠢᠯᠡᠨ ᠵᠠᠰᠠᠭᠰᠠᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠦᠬᠦ ᠤᠷᠳᠤ 3312 ᠺᠢᠯᠣᠮᠧᠲ᠋ᠷ ᠲᠤ᠌ ᠬᠦᠷᠴᠦ᠍᠂ ᠰᠤᠮᠤ ᠪᠠᠯᠭᠠᠰᠤ ᠂ ᠭᠠᠴᠠᠭ᠎ᠠ ᠲᠣᠰᠭᠣᠨ ᠳ᠋ᠤ ᠬᠠᠲᠠᠭᠤᠷᠠᠭᠤᠯᠤᠭᠰᠠᠨ ᠵᠠᠮ ᠨᠡᠪᠲᠡᠷᠡᠭ᠌ᠰᠡᠨ ᠨᠣᠷᠮ᠎ᠠ 100% ᠳ᠋ᠤ ᠬᠦᠷᠴᠡᠢ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠂ ᠮᠠᠨ ᠤ᠋ ᠤᠷᠤᠨ ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠢ᠋ᠢᠨ ᠪᠦᠲᠦᠭᠡᠨ ᠪᠠᠢᠭᠤᠯᠤᠯᠲᠠ ᠢ᠋ᠢ ᠯᠠᠪᠳᠠᠭᠤᠨ ᠢ᠋ᠢᠡᠷ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠦᠷᠭᠦᠯᠵᠢᠯᠡᠨ ᠳᠡᠭᠡᠭ᠌ᠰᠢᠯᠡᠭᠦᠯᠵᠤ᠂ ᠶᠡᠷᠦᠡᠭᠭᠡᠢᠯᠡᠭᠰᠡᠨ ᠪᠤᠰᠤᠭ᠎ᠠ ᠴᠤᠭᠴᠠᠲᠤ ᠵᠠᠮ ᠬᠠᠷᠢᠯᠴᠠᠭᠠᠨ ᠤ᠋ ᠲᠤᠤᠷ ᠢ᠋ ᠠᠯᠬᠤᠮ ᠠᠯᠬᠤᠮ ᠢ᠋ᠢᠡᠷ ᠪᠦᠷᠢᠯᠳᠦᠭᠦᠯᠵᠤ ᠂ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃
4.9 ᠲᠦᠮᠡᠨ ᠺᠢᠯᠣᠮᠧᠲ᠋ᠷ — ᠰᠢᠨ᠎ᠠ ᠪᠡᠷ ᠨᠡᠮᠡᠭᠳᠡᠭᠰᠡᠨ ᠵᠠᠰᠠᠮᠠᠯ ᠵᠠᠮ ᠤ᠋ᠨ ᠤᠷᠲᠤ
17.2 ᠲᠦᠮᠡᠨ ᠺᠢᠯᠣᠮᠧᠲ᠋ᠷ — ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠶᠡᠷᠦᠩᠬᠡᠶ ᠣᠷᠳᠣ
ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠬᠣᠯᠪᠣᠭ᠎ᠠ ᠪᠠᠯᠭᠠᠰᠤ ᠵᠢᠨ ᠬᠦ᠋ ᠮᠢᠶᠣᠣ ᠲᠣᠰᠭᠣᠨ ᠤ᠋ ᠤᠳᠤ ᠦᠶ᠎ᠡ ᠢ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠳ᠋ᠤ ᠼᠤᠤ ᠯᠦ᠍ ᠨᠤᠲᠤᠭ ᠤ᠋ᠨ ᠠᠬ᠎ᠠ ᠳᠡᠭᠦᠦ᠍ ᠨᠡᠷ ᠲᠠᠢ ᠪᠡᠨ ᠤᠰᠤᠨ ᠲᠤᠲᠤᠷᠭ᠎ᠠ ᠂ ᠠᠮᠲᠠᠲᠤ ᠤᠳᠪᠠᠯᠠ ᠲᠠᠷᠢᠵᠤ ᠂ ᠨᠤᠭᠤᠰᠤ ᠪᠠ ᠨᠠᠢ᠍ᠮᠠᠯᠵᠢ ᠲᠡᠵᠢᠭᠡᠨ ᠂ ᠵᠢᠭᠤᠯᠴᠢᠯᠠᠯ ᠤ᠋ᠨ ᠦᠢᠯᠡᠰ ᠡᠷᠬᠢᠯᠡᠵᠤ ᠂ ᠪᠠᠶᠠᠨ ᠴᠢᠨᠡᠬᠡᠯᠢᠭ ᠠᠮᠢᠳᠤᠷᠠᠯ ᠢ᠋ ᠡᠳ᠋ᠯᠡᠵᠤ ᠶᠠᠪᠤᠨ᠎ᠠ ᠃
《ᠵᠠᠮ ᠬᠠᠷᠢᠯᠴᠠᠭ᠎ᠠ ᠰᠠᠢᠵᠢᠷᠠᠪᠠᠯ ᠠᠮᠢᠳᠤᠷᠠᠯ ᠤ᠋ᠨ ᠠᠷᠭ᠎ᠠ ᠬᠡᠯᠪᠡᠷᠢ ᠴᠤ᠌ ᠳᠠᠭᠠᠯᠳᠤᠨ ᠰᠢᠨᠡᠴᠢᠯᠡᠭᠳᠡᠬᠦ ᠶᠤᠮ ᠪᠠᠢᠨ᠎ᠠ ᠃ ᠪᠢᠳᠡ ᠤᠳᠤ ᠬᠦᠯᠤᠰᠦᠨ ᠠᠵᠢᠯ ᠬᠢᠵᠤ ᠬᠦᠮᠦᠨ ᠤ᠋ ᠨᠤᠲᠤᠭ ᠢ᠋ᠢᠡᠷ ᠶᠠᠪᠤᠬᠤ ᠬᠡᠷᠡᠭ ᠦᠭᠡᠢ ᠪᠤᠯᠤᠭᠰᠠᠨ ᠃ ᠭᠡᠷ ᠤᠷᠤᠨ ᠂ ᠨᠤᠲᠤᠭ ᠤᠰᠤᠨ ᠳ᠋ᠠᠭᠠᠨ ᠲᠠᠷᠢᠶ᠎ᠠ ᠲᠦᠮᠦᠰᠤ ᠪᠡᠨ ᠲᠠᠷᠢᠭᠠᠳ ᠲᠠᠢᠪᠤᠡᠭ ᠰᠠᠢᠬᠠᠨ ᠠᠮᠢᠳᠤᠷᠠᠵᠤ ᠪᠠᠢᠨ᠎ᠠ》 ᠭᠡᠵᠤ ᠲᠡᠳᠡ ᠰᠠᠳᠬᠢᠯ ᠦᠶᠦᠭ ᠶᠠᠷᠢᠵᠤ ᠪᠠᠢᠯ᠎ᠠ ᠃
ᠵᠠᠯᠠᠢᠳ ᠬᠣᠱᠢᠭᠤ ᠪᠤᠯ ᠬᠢᠩᠭᠠᠨ ᠠᠢᠮᠠᠭ ᠤ᠋ᠨ ᠤᠰᠤᠨ ᠲᠤᠲᠤᠷᠭ᠎ᠠ ᠢ᠋ᠢᠨ ᠭᠣᠣᠯ ᠭᠠᠷᠤᠯᠲᠠ ᠢ᠋ᠢᠨ ᠣᠷᠣᠨ ᠪᠠᠢᠵᠤ ᠂ ᠤᠳᠤ ᠤᠯᠤᠰ ᠤ᠋ᠨ ᠵᠠᠰᠠᠮᠠᠯ ᠵᠠᠮ ᠤ᠋ᠨ 111 ᠱᠤᠭᠤᠮ ᠪᠤᠯᠤᠨ ᠮᠤᠵᠢ ᠢ᠋ᠢᠨ ᠬᠣᠭᠣᠷᠣᠨᠳᠣᠬᠢ ᠨᠡᠪᠲᠡᠷᠡᠯ ᠵᠠᠮ ᠢ᠋ᠢᠡᠷ ᠨᠢᠷᠤᠭᠤᠪᠴᠢ ᠪᠤᠯᠭᠠᠭᠰᠠᠨ ᠂ ᠱᠢᠶᠠᠨ ᠱᠢᠶᠠᠩ ᠤ᠋ᠨ ᠵᠠᠰᠠᠮᠠᠯ ᠵᠠᠮ ᠢ᠋ᠢᠡᠷ ᠰᠠᠯᠪᠤᠷᠢ ᠪᠤᠯᠭᠠᠭᠰᠠᠨ ᠂ ᠭᠠᠴᠠᠭ᠎ᠠ ᠲᠣᠰᠭᠣᠨ ᠤ᠋ ᠵᠠᠰᠠᠮᠠᠯ ᠵᠠᠮ ᠢ᠋ᠢᠡᠷ ᠰᠤᠳᠠᠰᠤ ᠪᠣᠯᠭᠠᠭ᠍ᠰᠠᠨ ᠵᠠᠮ ᠬᠠᠷᠢᠯᠴᠠᠭᠠᠨ ᠤ᠋ ᠲᠣᠣᠷ ᠢ᠋ ᠪᠦᠷᠢᠯᠳᠦᠬᠦᠯᠪᠡ᠃ ᠵᠠᠯᠠᠢᠳ ᠬᠣᠱᠢᠭᠤ ᠡᠢᠨ ᠬᠦ᠌ ᠳᠥᠭᠥᠮ ᠳᠥᠲᠡ ᠵᠠᠮ ᠬᠠᠷᠢᠯᠴᠠᠭᠠᠨ ᠤ᠋ ᠨᠥᠬᠥᠴᠡᠯ ᠳ᠋ᠡᠭᠡᠨ ᠲᠦᠱᠢᠭ᠌ᠯᠡᠵᠤ ᠂ ᠤᠰᠤᠨ ᠲᠤᠲᠤᠷᠭ᠎ᠠ ᠢ᠋ᠢᠨ ᠲᠠᠷᠢᠶᠠᠨ ᠳ᠋ᠤ ᠨᠤᠭᠤᠰᠤ᠂ ᠨᠠᠢ᠍ᠮᠠᠯᠵᠢ᠂ ᠵᠢᠭᠠᠰᠤ ᠲᠡᠵᠢᠭᠡᠨ ᠂ ᠵᠤᠭ᠎ᠠ ᠰᠡᠯᠡᠬᠦᠴᠡᠯ ᠤ᠋ᠨ ᠲᠠᠷᠢᠶᠠᠯᠠᠩ ᠪᠠ ᠪᠡᠶᠡᠴᠢᠯᠡᠨ ᠣᠢᠯᠠᠭᠠᠬᠤ ᠲᠠᠷᠢᠶᠠᠯᠠᠩ ᠵᠡᠷᠭᠡ ᠠᠵᠤ ᠦᠢᠯᠡᠰ ᠢ᠋ ᠬᠦᠭᠵᠢᠭᠦᠯᠵᠤ ᠂ ᠡᠬᠦᠨ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠦᠴᠦᠲᠦ ᠬᠦᠱᠢᠬᠦᠷᠭᠡ ᠪᠤᠯᠭᠠᠨ᠂ ᠤᠯᠤᠰ ᠤ᠋ᠨ 《ᠠᠮᠤ ᠢ᠋ᠢᠨ ᠰᠠᠡᠭ》 ᠢ᠋ ᠬᠠᠮᠠᠭᠠᠯᠠᠵᠤ ᠂ ᠮᠠᠯᠴᠢᠨ ᠲᠠᠷᠢᠶᠠᠴᠢᠳ ᠤ᠋ᠨ 《ᠵᠤᠭᠤᠰᠤᠨ ᠤ᠋ ᠴᠦᠩᠬᠦ》 ᠵᠢ ᠲᠦᠨᠳᠦᠢᠯᠬᠡᠪᠡ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠂ ᠮᠠᠨ ᠤ᠋ ᠤᠷᠤᠨ ᠬᠤᠰᠢᠭᠤ ᠱᠢᠶᠠᠨ ᠤ᠋ ᠵᠠᠰᠠᠮᠠᠯ ᠵᠠᠮ ᠢ᠋ᠢᠡᠷ ᠰᠤᠳᠠᠰᠤ ᠪᠣᠯᠭᠠᠭ᠍ᠰᠠᠨ᠂ ᠰᠤᠮᠤ ᠱᠢᠶᠠᠩ ᠪᠠᠯᠭᠠᠰᠤ ᠵᠢᠨ ᠵᠠᠰᠠᠮᠠᠯ ᠵᠠᠮ ᠢ᠋ᠢᠡᠷ ᠤᠷᠲᠤᠳᠬᠠᠯ ᠪᠤᠯᠭᠠᠭᠰᠠᠨ᠂ ᠭᠠᠴᠠᠭ᠎ᠠ ᠲᠣᠰᠭᠣᠨ ᠤ᠋ ᠵᠠᠰᠠᠮᠠᠯ ᠵᠠᠮ ᠢ᠋ᠢᠡᠷ ᠨᠥᠬᠥᠪᠥᠷᠢ ᠪᠣᠯᠭᠠᠭ᠍ᠰᠠᠨ ᠂ ᠤᠯᠤᠰ ᠤ᠋ᠨ ᠪᠠ ᠮᠤᠵᠢ ᠢ᠋ᠢᠨ ᠭᠤᠤᠯ ᠱᠤᠭᠤᠮ ᠢ᠋ ᠬᠣᠯᠪᠣᠭ᠍ᠰᠠᠨ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠲᠤᠤᠷ ᠢ᠋ ᠦᠨᠳᠦᠰᠦᠨ ᠳ᠋ᠡᠭᠡᠨ ᠪᠦᠷᠢᠯᠳᠦᠭᠦᠯᠪᠠ᠃ ᠡᠬᠦᠨ ᠤ᠋ ᠬᠠᠮᠳᠤ ᠲᠦᠷᠭᠡᠨ ᠤ᠋ ᠵᠠᠰᠠᠮᠠᠯ ᠵᠠᠮ ᠤ᠋ᠨ ᠲᠣᠣᠷᠵᠢᠯᠲᠠ ᠢ᠋ᠢ ᠲᠡᠭᠦᠯᠳᠡᠷᠵᠢᠭᠦᠯᠵᠤ ᠂ ᠵᠠᠭᠦᠨ ᠳᠤᠮᠳᠠ ᠪᠠᠷᠠᠭᠤᠨ ᠪᠡᠶ᠎ᠠ ᠢ᠋ᠢᠨ ᠲᠦᠷᠭᠡᠨ ᠤ᠋ ᠵᠠᠰᠠᠮᠠᠯ ᠵᠠᠮ ᠤ᠋ᠨ ᠭᠤᠤᠯ ᠨᠡᠪᠲᠡᠷᠡᠯ ᠵᠠᠮ ᠤ᠋ᠨ ᠪᠦᠲᠦᠭᠡᠨ ᠪᠠᠢᠭᠤᠯᠤᠯᠲᠠ ᠢ᠋ᠢ ᠲᠦᠷᠭᠡᠳᠬᠡᠨ ᠂ ᠡᠷᠬᠢᠨ ᠲᠣᠭᠣᠷᠢᠨ ᠤ᠋ ᠨᠠᠶ᠋ᠮᠠᠨ ᠮᠤᠵᠢ ᠦᠪᠡᠷᠳᠡᠬᠡᠨ ᠣᠷᠣᠨ ᠤ᠋ ᠳᠡᠭᠡᠳᠦ ᠲᠠᠰ ᠤ᠋ᠨ ᠵᠠᠰᠠᠮᠠᠯ ᠵᠠᠮ ᠲᠠᠢ ᠪᠥᠬᠥ᠌ ᠲᠠᠯ᠎ᠠ ᠪᠠᠷ ᠬᠤᠯᠪᠤᠵᠤ ᠂ ᠪᠦᠬᠦ ᠤᠷᠤᠨ ᠤ᠋ ᠵᠠᠰᠠᠮᠠᠯ ᠵᠠᠮ ᠤ᠋ᠨ ᠲᠤᠤᠷ ᠤ᠋ᠨ ᠪᠦᠷᠬᠦᠬᠦ ᠦᠷᠭᠡᠴᠡ ᠪᠠ ᠨᠡᠪᠲᠡᠷᠡᠬᠦ ᠬᠦᠨᠴᠠ ᠢ᠋ᠢ ᠦᠨᠡᠨ ᠬᠦ᠌ ᠳᠡᠭᠡᠭᠰᠢᠯᠡᠭᠦᠯᠦᠭᠰᠡᠨ ᠪᠠᠢᠨ᠎ᠠ᠃
ᠠᠷᠪᠠᠨ ᠵᠢᠯ ᠤ᠋ᠨ ᠲᠤᠷᠰᠢ ᠂ ᠮᠠᠨ ᠤ᠋ ᠤᠷᠤᠨ ᠤ᠋ ᠰᠢᠨ᠎ᠠ ᠪᠡᠷ ᠨᠡᠮᠡᠭᠳᠡᠭᠰᠡᠨ ᠵᠠᠰᠠᠮᠠᠯ ᠵᠠᠮ ᠤ᠋ᠨ ᠤᠷᠲᠤ 4.9 ᠲᠦᠮᠡᠨ ᠺᠢᠯᠣᠮᠧᠲ᠋ᠷ ᠲᠦ᠍ ᠬᠦᠷᠴᠦ᠂ ᠬᠥᠳᠡᠭᠡ ᠲᠣᠰᠭᠣᠨ ᠤ᠋ ᠵᠠᠰᠠᠮᠠᠯ ᠵᠠᠮ ᠢ᠋ ᠨᠡᠢᠲᠡ 11.2 ᠲᠦᠮᠡᠨ ᠺᠢᠯᠣᠮᠧᠲ᠋ᠷ ᠱᠢᠨ᠎ᠡ ᠪᠡᠷ ᠥᠭᠡᠷᠡᠴᠢᠯᠡᠨ ᠵᠠᠰᠠᠵᠠᠢ ᠃ ᠤᠳᠤ ᠪᠦᠬᠦ᠌ ᠣᠷᠣᠨ ᠤ᠋ 12 ᠠᠢᠮᠠᠭ ᠬᠣᠲᠠ ᠳ᠋ᠦ ᠴᠥᠮ ᠲᠦᠷᠭᠡᠨ ᠤ᠋ ᠵᠠᠰᠠᠮᠠᠯ ᠵᠠᠮ ᠨᠡᠪᠲᠡᠷᠡᠨ᠂ 103 ᠬᠣᠱᠢᠭᠤ ᠱᠢᠶᠠᠨ (ᠬᠣᠲᠠ᠂ ᠲᠣᠭᠣᠷᠢᠭ) ᠪᠦᠬᠦᠨ ᠳ᠋ᠤ ᠨᠢᠭᠡᠳᠦᠭᠡᠷ ᠳᠡᠰ ᠡᠴᠡ ᠳᠡᠭᠡᠭ᠌ᠰᠢᠬᠢ ᠵᠠᠰᠠᠮᠠᠯ ᠵᠠᠮ ᠨᠡᠪᠲᠡᠷᠡᠵᠦ᠍᠂ ᠦᠪᠡᠷᠳᠡᠬᠡᠨ ᠵᠠᠰᠠᠬᠤ ᠣᠷᠣᠨ ᠡᠴᠡ ᠭᠠᠳᠠᠭᠰᠢ ᠭᠠᠷᠬᠤ 21 ᠵᠤᠷᠪᠤᠰ ᠲᠦᠷᠭᠡᠨ ᠤ᠋ ᠵᠠᠰᠠᠮᠠᠯ ᠵᠠᠮ ᠪᠤᠯᠤᠨ 23 ᠵᠤᠷᠪᠤᠰ ᠨᠢᠭᠡᠳᠦᠭᠡᠷ ᠳᠡᠰ ᠡᠴᠡ ᠲᠠᠬᠡᠭᠰᠢᠬᠢ ᠵᠠᠰᠠᠮᠠᠯ ᠵᠠᠮ ᠪᠦᠬᠦᠨ ᠵᠢᠡᠷ ᠵᠢᠡᠨ ᠲᠡᠷᠬᠡ ᠨᠡᠪᠳᠡᠷᠡᠪᠡ᠃ 2021 ᠣᠨ ᠤ᠋ ᠰᠡᠭᠦᠯᠴᠢ ᠪᠤᠯᠬᠤ ᠳ᠋ᠤ ᠪᠥᠬᠥ᠌ ᠣᠷᠣᠨ ᠤ᠋ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠶᠡᠷᠦᠩᠬᠡᠶ ᠣᠷᠳᠣ 17.2 ᠲᠦᠮᠡᠨ ᠺᠢᠯᠣᠮᠧᠲ᠋ᠷ ᠲᠤ᠌ ᠬᠦᠷᠴᠦ᠍᠂ 778 ᠰᠤᠮᠤ ᠱᠢᠶᠠᠩ ᠪᠠᠯᠭᠠᠰᠤ ᠪᠤᠯᠤᠨ ᠨᠥᠬᠥᠴᠡᠯ ᠪᠦᠷᠢᠯᠳᠦᠭᠦᠯᠦᠭ᠌ᠰᠡᠨ 11052 ᠭᠠᠴᠠᠭ᠎ᠠ ᠲᠣᠰᠭᠣᠨ ᠳ᠋ᠤ ᠴᠥᠮ ᠬᠠᠲᠠᠭᠤᠷᠠᠭᠤᠯᠤᠭ᠍ᠰᠠᠨ ᠵᠠᠮ ᠨᠡᠪᠲᠡᠷᠡᠪᠡ᠃
1.5 ᠲᠦᠮᠡᠨ ᠺᠢᠯᠣᠮᠧᠲ᠋ᠷ — ᠲᠡᠮᠦᠷ ᠵᠠᠮ ᠤ᠋ᠨ ᠡᠵᠡᠩᠨᠡᠯᠲᠡ ᠢ᠋ᠢᠨ ᠪᠦᠬᠦ ᠣᠷᠳᠣ
84.58% — ᠲᠡᠮᠦᠷ ᠵᠠᠮ ᠤ᠋ᠨ ᠲᠡᠭᠡᠭᠡᠪᠦᠷᠢ ᠢ᠋ᠢᠨ ᠶᠡᠷᠤᠩᠬᠡᠢ ᠬᠡᠮᠵᠢᠶᠡᠨ ᠤ᠋ ᠨᠡᠮᠡᠭᠳᠡᠯ
《ᠪᠢᠳᠡ 4 ᠰᠠᠷ᠎ᠠ ᠡᠴᠡ ᠡᠬᠢᠯᠡᠨ ᠡᠮᠴᠢᠯᠡᠭᠡᠨ ᠳ᠋ᠤ ᠬᠡᠷᠡᠭ᠌ᠯᠡᠬᠦ᠌ ᠡᠮ ᠢ᠋ ᠪᠥᠭᠡᠮ ᠵᠢᠡᠷ ᠦᠶ᠋ᠯᠡᠳᠪᠦᠷᠢᠯᠡᠵᠤ ᠂ ᠦᠶ᠋ᠯᠡᠳᠪᠦᠷᠢᠯᠡᠵᠦ᠍ ᠭᠠᠷᠭᠠᠭ᠍ᠰᠠᠨ ᠡᠮ ᠢ᠋ᠢᠡᠨ ᠤᠯᠤᠰ ᠤ᠋ᠨ ᠳᠣᠲᠣᠭᠠᠳᠤ ᠭᠠᠳᠠᠭᠠᠳᠤ ᠢ᠋ᠢᠨ 7 ᠵᠦᠶ᠋ᠯ ᠤ᠋ᠨ ᠡᠮᠴᠢᠯᠡᠭᠡᠨ ᠤ᠋ ᠬᠣᠶᠠᠳᠤᠭᠠᠷ ᠬᠤᠭᠤᠴᠠᠭᠠᠨ ᠤ᠋ ᠲᠤᠷᠱᠢᠯᠲᠠ ᠳ᠋ᠤ ᠬᠡᠷᠡᠭ᠌ᠯᠡᠭᠦᠯᠪᠠ ᠃ ᠡᠨᠳᠡ ᠣᠯᠠᠨ ᠤᠯᠤᠰ ᠤ᠋ᠨ ᠨᠢᠰᠭᠡᠯ ᠤ᠋ᠨ ᠪᠠᠭᠤᠳᠠᠯ᠂ ᠬᠦᠳᠡᠯᠭᠡᠬᠦ ᠬᠦᠴᠦᠨᠲᠤ ᠭᠠᠯᠲᠤ ᠲᠡᠷᠭᠡ ᠂ ᠲᠦᠷᠭᠡᠨ ᠤ᠋ ᠵᠠᠰᠠᠮᠠᠯ ᠵᠠᠮ ᠲᠠᠢ ᠪᠠᠢᠵᠤ ᠂ ᠶᠠᠪᠤᠵᠤ ᠰᠠᠭᠤᠬᠤ ᠳ᠋ᠤ ᠮᠠᠰᠢ ᠲᠥᠬᠥᠮ ᠪᠤᠯᠬᠤᠷ ᠲᠦᠷᠦᠯ ᠵᠦᠢᠯ ᠢ᠋ᠢᠡᠨ ᠡᠨᠡ ᠬᠦ᠌ ᠠᠵᠤ ᠦᠶ᠋ᠯᠡᠰ ᠤ᠋ᠨ ᠬᠦᠷᠢᠶᠡᠯᠡᠩ ᠳ᠋ᠤ ᠪᠠᠢᠷᠢᠯᠠᠭᠤᠯᠤᠭᠰᠠᠨ ᠶᠤᠮ》 ᠭᠡᠵᠦ᠍ ᠱᠠᠩ ᠳ᠋ᠸ ᠠᠢ ᠺᠠᠩ ᠡᠮ ᠤ᠋ᠨ ᠦᠢᠯᠡᠰ ᠤ᠋ᠨ ᠬᠢᠵᠠᠭᠠᠷᠲᠤ ᠺᠣᠮᠫᠠᠨᠢ ᠢ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠵᠠᠩ ᠱᠢᠶᠤᠤ ᠴᠢᠩ ᠲᠠᠨᠢᠯᠴᠠᠭᠤᠯᠤᠨ᠎ᠠ᠃
ᠱᠠᠩ ᠳ᠋ᠧ ᠠᠶ ᠺᠠᠩ ᠪᠣᠯ ᠣᠷᠳᠣᠰ ᠬᠤᠲᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠬᠦᠷᠢᠶᠡᠯᠡᠩ ᠳ᠋ᠤ ᠪᠠᠢᠷᠢᠯᠠᠭ᠎ᠠ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠮᠢᠳᠤ ᠪᠣᠳᠠᠰ ᠤ᠋ᠨ ᠡᠮ ᠡᠮᠨᠡᠯᠭᠡ ᠢ᠋ᠢᠨ ᠺᠣᠮᠫᠠᠨᠢ ᠪᠠᠢᠵᠤ᠂ ᠭᠤᠤᠯᠳᠠᠭᠤ ᠥᠮᠡᠨ ᠢ᠋ ᠲᠠᠷᠤᠬᠤ ᠡᠮ ᠢ᠋ ᠰᠤᠳᠤᠯᠤᠨ ᠦᠢᠯᠡᠳᠪᠦᠷᠢᠯᠡᠵᠤ ᠪᠤᠢ᠃
ᠵᠠᠮ ᠬᠠᠷᠢᠯᠴᠠᠭᠠᠨ ᠤ᠋ ᠰᠠᠭᠤᠷᠢ ᠲᠥᠬᠥᠭᠡᠷᠦᠮᠵᠢ ᠪᠤᠯ ᠲᠠᠸᠠᠷ ᠤ᠋ᠨ ᠭᠦᠢᠯᠭᠡᠭᠡ ᠵᠢᠨ ᠲᠤᠯᠭᠠᠭᠤᠷᠢᠯᠡᠯ ᠪᠠ ᠠᠴᠢᠶᠠᠯᠠᠪᠤᠷᠢ ᠪᠠᠢᠵᠤ ᠂ ᠳᠦᠷᠪᠡᠨ ᠵᠦᠭ ᠨᠠᠢ᠍ᠮᠠᠨ ᠵᠣᠪᠬᠢᠰ ᠲᠤ᠌ ᠨᠡᠪᠲᠡᠷᠡᠭ᠌ᠰᠡᠨ ᠵᠠᠮ ᠬᠠᠷᠢᠯᠴᠠᠭᠠᠨ ᠤ᠋ ᠲᠣᠣᠷ ᠨᠢ ᠠᠵᠤ ᠠᠬᠤᠢ ᠢ᠋ᠢᠨ ᠡᠷᠬᠢᠯᠲᠡ ᠢ᠋ᠢ ᠠᠬᠢᠭᠤᠯᠵᠤ ᠂ ᠬᠦᠭᠵᠢᠯᠲᠡ ᠢ᠋ᠢ ᠳᠠᠭᠠᠭᠤᠯᠳᠠᠭ ᠶᠤᠮ ᠃ ᠣᠢᠷ᠎ᠠ ᠢ᠋ᠢᠨ ᠵᠢᠯ ᠳ᠋ᠤ ᠶᠡᠬᠡ ᠬᠡᠮᠵᠢᠶᠡᠨ ᠤ᠋ ᠳᠡᠭᠡᠳᠦ ᠱᠢᠨ᠎ᠡ ᠮᠡᠷᠭᠡᠵᠢᠯ ᠤ᠋ᠨ ᠴᠢᠬᠤᠯᠠ ᠶᠡᠬᠡ ᠲᠥᠷᠥᠯ ᠵᠦᠶ᠋ᠯ ᠪᠣᠯᠤᠨ ᠠᠵᠤ ᠠᠬᠤᠢᠯᠠᠯ ᠵᠠᠮ ᠬᠠᠷᠢᠯᠴᠠᠭᠠᠨ ᠤ᠋ ᠭᠤᠤᠯ ᠱᠤᠭᠤᠮ ᠳᠠᠭᠠᠤ ᠨᠤᠲᠤᠭ᠍ᠰᠢᠵᠤ᠂ ᠮᠠᠨ ᠤ᠋ ᠤᠷᠤᠨ ᠤ᠋ ᠠᠵᠤ ᠦᠶ᠋ᠯᠡᠰ ᠤ᠋ᠨ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦᠯᠬᠦ ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠠᠵᠢ᠃
ᠮᠠᠨ ᠤ᠋ ᠤᠷᠤᠨ ᠢ᠋ ᠱᠠᠨ ᠰᠢ ᠪᠤᠯᠤᠨ ᠱᠠᠨᠰᠢ ᠯᠤᠭ᠎ᠠ ᠬᠣᠯᠪᠣᠭ᠍ᠰᠠᠨ ᠵᠠᠮ ᠬᠠᠷᠢᠯᠴᠠᠭᠠᠨ ᠤ᠋ ᠭᠣᠣᠯ ᠱᠤᠭᠤᠮ ᠪᠣᠯᠬᠤ ᠂ ᠶᠡᠷᠦᠩᠬᠡᠶ ᠪᠠᠯᠠ ᠣᠷᠣᠭᠤᠯᠤᠯᠲᠠ ᠨᠢ 339.3 ᠳ᠋ᠦᠩᠱᠢᠭᠤᠷ ᠲᠦᠬᠦᠷᠢᠭ ᠪᠦᠬᠦᠢ ᠵᠢᠨᠢᠩ — ᠳ᠋ᠡᠲ᠋ᠦ᠋ᠩ — ᠶᠤᠸᠠᠨ ᠫᠢᠩ ᠤ᠋ᠨ ᠲᠦᠷᠭᠡᠨ ᠤ᠋ ᠲᠡᠮᠦᠷ ᠵᠠᠮ ᠤ᠋ᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠣᠨᠴᠠ ᠶᠡᠬᠡ ᠬᠥᠭᠥᠷᠭᠡ ᠢ᠋ᠢᠨ ᠪᠠᠷᠢᠯᠭ᠎ᠠ ᠢ᠋ᠢᠨ ᠲᠠᠯᠠᠪᠠᠢ ᠳ᠋ᠤ ᠠᠵᠢᠯᠴᠢᠳ ᠨᠦᠬᠡ ᠥᠷᠥᠮᠳᠡᠬᠦ᠌ ᠠᠵᠢᠯ ᠢ᠋ᠢᠡᠨ ᠲᠠᠭᠤᠰᠬᠠᠭᠠᠤᠨ ᠬᠥᠭᠥᠷᠭᠡ ᠢ᠋ᠢᠨ ᠲᠤᠯᠭᠠᠭᠤᠷᠢ ᠵᠢ ᠪᠤᠰᠬᠠᠬᠤ ᠠᠵᠢᠯ ᠳ᠋ᠠᠭᠠᠨ ᠳᠠᠷᠤᠢᠬᠠᠨ ᠰᠢᠯᠵᠢᠪᠠ᠃ ᠪᠠᠷᠢᠯᠭ᠎ᠠ ᠢ᠋ᠢᠨ ᠠᠵᠢᠯ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠶᠠᠪᠤᠭᠳᠠᠵᠤ ᠪᠠᠢᠨ᠎ᠠ᠃
ᠤᠳᠤᠬᠠᠨ ᠳ᠋ᠤ ᠂ ᠪᠤᠭᠤᠲᠤ — ᠢᠷᠭᠠᠢ ᠬᠦᠷᠬᠦ ᠲᠦᠷᠭᠡᠨ ᠤ᠋ ᠲᠡᠮᠤᠷ ᠵᠠᠮ ᠂ ᠪᠠᠶᠠᠨᠬᠤᠲᠠ — ᠢᠷᠭᠠᠢ ᠬᠦᠷᠬᠦ ᠲᠡᠮᠤᠷ ᠵᠠᠮ ᠵᠡᠷᠭᠡ ᠨᠢᠭᠡ ᠪᠦᠯᠦᠭ ᠤᠯᠤᠰ ᠪᠠ ᠦᠪᠡᠷᠲᠡᠭᠡᠨ ᠵᠠᠰᠠᠬᠤ ᠤᠷᠤᠨ ᠤ᠋ ᠳᠡᠰ ᠤ᠋ᠨ ᠴᠢᠬᠤᠯᠠ ᠶᠡᠬᠡ ᠲᠡᠮᠤᠷ ᠵᠠᠮ ᠤ᠋ᠨ ᠲᠦᠷᠦᠯ ᠵᠦᠢᠯ ᠤ᠋ᠨ ᠪᠠᠷᠢᠯᠭ᠎ᠠ ᠢ᠋ᠢᠨ ᠠᠵᠢᠯ ᠴᠤ᠌ ᠢᠳᠡ ᠬᠦᠭ ᠲᠠᠢ ᠶᠠᠪᠤᠭᠳᠠᠵᠤ ᠪᠤᠢ ᠃ ᠮᠠᠨ ᠤ᠋ ᠤᠷᠤᠨ ᠤᠯᠤᠰ ᠤ᠋ᠨ 《ᠨᠢᠭᠡ ᠪᠦᠰᠡ ᠨᠢᠭᠡ ᠵᠠᠮ》 ᠢ᠋ ᠪᠦᠳᠦᠬᠡᠨ ᠪᠠᠢᠭᠤᠯᠬᠤ ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠂ ᠪᠠᠷᠠᠭᠤᠨ ᠣᠷᠣᠨ ᠢ᠋ ᠶᠡᠬᠡ ᠪᠡᠷ ᠨᠡᠭᠡᠭᠡᠨ ᠬᠥᠭ᠌ᠵᠢᠭᠦᠯᠬᠦ᠌ ᠵᠡᠷᠭᠡ ᠪᠠᠢᠯᠳᠤᠬᠤ ᠪᠣᠳᠣᠯᠭ᠎ᠠ ᠪᠠᠢᠷᠢᠯᠠᠭᠤᠯᠤᠯᠲᠠ ᠢ᠋ᠢ ᠴᠢᠩᠭ᠎ᠠ ᠨᠠᠢᠳᠠᠪᠤᠷᠢᠵᠢᠭᠤᠯᠵᠤ ᠂ ᠲᠦᠷᠭᠡᠨ ᠤ᠋ ᠲᠡᠮᠦᠷ ᠵᠠᠮ ᠤ᠋ᠨ ᠪᠥᠲᠥᠭᠡᠨ ᠪᠠᠢᠭᠤᠯᠤᠯᠲᠠ ᠢ᠋ᠢ ᠪᠥᠬᠥ᠌ ᠲᠠᠯ᠎ᠠ ᠪᠠᠷ ᠠᠬᠢᠭᠤᠯᠤᠭᠰᠠᠭᠠᠷ ᠢᠷᠡᠵᠠᠢ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ ᠤ᠋ ᠤᠷᠤᠨ ᠴᠢᠭᠤᠯᠤᠯᠲᠤ ᠬᠠᠭᠠᠯᠭ᠎ᠠ — ᠬᠥᠬᠡᠬᠣᠲᠠ ᠬᠦᠷᠬᠦ ᠲᠦᠷᠭᠡᠨ ᠤ᠋ ᠲᠡᠮᠦᠷ ᠵᠠᠮ ᠪᠣᠯᠤᠨ ᠲᠦᠩᠯᠢᠶᠤᠤ — ᠱᠢᠨ ᠮᠢᠨ ᠬᠦᠷᠬᠦ ᠲᠦᠷᠭᠡᠨ ᠤ᠋ ᠲᠡᠮᠦᠷ ᠵᠠᠮ᠂ ᠤᠯᠠᠭᠠᠨᠬᠠᠳᠠ — ᠬᠠᠷᠠᠴᠢᠨ ᠬᠦᠷᠬᠦ ᠲᠦᠷᠭᠡᠨ ᠤ᠋ ᠲᠡᠮᠦᠷ ᠵᠠᠮ ᠢ᠋ ᠵᠠᠯᠭᠠᠭ᠎ᠠ ᠪᠠᠷ ᠪᠦᠲᠦᠬᠡᠨ ᠪᠠᠢᠭᠤᠯᠵᠤ ᠳᠠᠭᠤᠰᠭᠠᠨ ᠲᠡᠷᠭᠡ ᠨᠡᠪᠲᠡᠷᠡᠭᠦᠯᠵᠦ᠍᠂ ᠬᠥᠬᠡᠬᠣᠲᠠ᠂ ᠪᠤᠭᠤᠲᠤ᠂ ᠲᠦᠩᠯᠢᠶᠣᠤ ᠂ ᠤᠯᠠᠭᠠᠨᠬᠠᠳᠠ ᠵᠡᠷᠭᠡ ᠬᠣᠲᠠ ᠢ᠋ᠢ ᠪᠥᠬᠥ᠌ ᠤᠯᠤᠰ ᠤ᠋ᠨ ᠲᠦᠷᠭᠡᠨ ᠤ᠋ ᠲᠡᠮᠦᠷ ᠵᠠᠮ ᠤ᠋ᠨ ᠲᠤᠤᠷ ᠲᠦ᠍ ᠤᠷᠤᠭᠤᠯᠪᠠ᠃ ᠡᠭᠦᠨ ᠤ᠋ ᠳᠡᠭᠡᠷ᠎ᠡ ᠬᠣᠲᠠ ᠢ᠋ᠢᠨ ᠬᠣᠭᠣᠷᠣᠨᠳᠣᠬᠢ ᠬᠦᠳᠡᠯᠭᠡᠬᠦ ᠬᠦᠴᠦᠨᠲᠤ ᠭᠠᠯᠲᠤ ᠲᠡᠷᠭᠡ᠂ ᠲᠦᠷᠭᠡᠨ ᠤ᠋ ᠵᠠᠰᠠᠮᠠᠯ ᠵᠠᠮ ᠵᠡᠷᠬᠡ ᠲᠤᠯᠭᠠᠭᠤᠷᠢᠯᠡᠯ ᠵᠢᠡᠷ ᠮᠠᠨ ᠤ᠋ ᠣᠷᠣᠨ ᠤ᠋ ᠳᠤᠮᠳᠠ ᠪᠡᠶ᠎ᠠ ᠢ᠋ᠢᠨ ᠬᠣᠲᠠ ᠢ᠋ᠢᠨ ᠬᠢᠨ ᠨᠢᠭᠡᠨᠲᠡ 《2 ᠴᠠᠭ ᠤ᠋ᠨ ᠠᠵᠤ ᠠᠬᠤᠶ ᠢ᠋ᠢᠨ ᠲᠤᠭᠤᠷᠢᠭ》 ᠲᠦ᠍ ᠠᠭᠤᠰᠤᠯᠴᠠᠵᠤ᠂ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ᠋ ᠲᠤᠤᠷ ᠢ᠋ ᠦᠨᠳᠦᠰᠦᠨ ᠳ᠋ᠡᠭᠡᠨ ᠪᠦᠷᠢᠯᠳᠦᠬᠦᠯᠪᠠ᠃
ᠠᠷᠪᠠᠨ ᠵᠢᠯ ᠤ᠋ᠨ ᠲᠤᠷᠰᠢ ᠂ ᠮᠠᠨ ᠤ᠋ ᠣᠷᠣᠨ ᠤ᠋ ᠲᠡᠮᠦᠷ ᠵᠠᠮ ᠤ᠋ᠨ ᠡᠵᠡᠩᠨᠡᠯᠲᠡ ᠢ᠋ᠢᠨ ᠪᠦᠬᠦ ᠣᠷᠳᠣ 9400 ᠭᠠᠷᠤᠶ ᠺᠢᠯᠣᠮᠧᠲ᠋ᠷ ᠪᠠᠢᠭ᠍ᠰᠠᠨ ᠡᠴᠡ ᠪᠠᠨ ᠨᠡᠮᠡᠭ᠌ᠳᠡᠭᠡᠳ 1.5 ᠲᠦᠮᠡᠨ ᠺᠢᠯᠣᠮᠧᠲ᠋ᠷ ᠪᠤᠯᠵᠤ᠂ ᠪᠥᠬᠥ᠌ ᠤᠯᠤᠰ ᠤ᠋ᠨ ᠨᠢᠭᠡᠳᠦᠭᠡᠷ ᠲᠤ᠌ ᠤᠷᠤᠪᠠ᠃ ᠡᠬᠦᠨ ᠳ᠋ᠤ ᠲᠦᠷᠭᠡᠨ ᠤ᠋ ᠲᠡᠮᠦᠷ ᠵᠠᠮ ᠤ᠋ᠨ ᠡᠵᠡᠩᠨᠡᠯᠲᠡ ᠢ᠋ᠢᠨ ᠪᠦᠬᠦ ᠣᠷᠳᠣ 405 ᠺᠢᠯᠣᠮᠧᠲ᠋ᠷ ᠲᠤ᠌ ᠬᠦᠷᠴᠠᠢ᠃ ᠲᠡᠮᠦᠷ ᠵᠠᠮ ᠤ᠋ᠨ ᠲᠡᠭᠡᠭᠡᠪᠦᠷᠢ ᠢ᠋ᠢᠨ ᠶᠡᠷᠤᠩᠬᠡᠢ ᠬᠡᠮᠵᠢᠶ᠎ᠡ 2012 ᠣᠨ ᠳ᠋ᠤ 4.28 ᠳ᠋ᠦᠩᠱᠢᠭᠤᠷ ᠲᠣᠨ ᠪᠠᠢᠭᠰᠠᠨ ᠡᠴᠡ ᠪᠡᠨ ᠨᠡᠮᠡᠭᠳᠡᠭᠡᠳ 2021 ᠣᠨ ᠳ᠋ᠤ 7.9 ᠳ᠋ᠦᠩᠱᠢᠭᠤᠷ ᠲᠣᠨ ᠳ᠋ᠤ ᠬᠦᠷᠴᠦ᠂ 84.58% ᠪᠡᠷ ᠨᠡᠮᠡᠭᠳᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃