2022-10-07 11:29:47
— ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠦᠪᠦᠷ ᠮᠤᠩᠭᠤᠯ ᠤ᠋ᠨ ᠦᠭᠡᠷᠡᠴᠢᠯᠡᠯᠳᠡ ᠬᠦᠭᠵᠢᠯᠳᠡ ᠵᠢᠨ ᠲᠤᠬᠠᠢ ᠬᠦᠦᠷᠨᠢᠯ
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠴᠠᠭ ᠬᠤᠭᠤᠴᠠᠭ᠎ᠠ ᠪᠤᠯ ᠥᠭᠡᠷᠡᠴᠢᠯᠡᠯᠲᠡ᠎ᠶ᠋ᠢᠨ ᠦᠷ᠎ᠡ ᠪᠦᠳᠦᠬᠡᠯ ᠢᠶᠡᠷ ᠦᠯᠡᠮᠵᠢ ᠶᠡᠬᠡ ᠭᠡᠷᠡᠯ ᠰᠠᠴᠤᠷᠠᠩᠭᠤᠢ ᠣᠨ ᠵᠢᠯ ᠮᠦᠨ᠃
1798 ᠵᠦᠢᠯ! ᠡᠨᠡ ᠪᠣᠯ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠨᠠᠭᠠᠰᠢᠬᠢ ᠥᠪᠥᠷ ᠮᠣᠩᠭᠣᠯ᠎ᠤᠨ ᠲᠦᠪᠯᠡᠷᠡᠭ᠌ᠦᠯᠦᠨ ᠨᠡᠢᠲᠡᠯᠡᠭ᠌ᠰᠡᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ ᠲᠥᠰᠦᠯ᠎ᠦᠨ ᠲᠣᠭ᠎ᠠ ᠪᠣᠯᠤᠨ᠎ᠠ᠃
ᠲᠦᠮᠡᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ᠎ᠡᠴᠡ 2 ᠲᠦᠮᠡᠨ ᠳ᠋ᠦᠩᠱᠢᠭᠤᠷ ᠲᠥᠭᠥᠷᠢᠭ᠎ᠢ ᠳᠠᠪᠠᠬᠰᠠᠨ! ᠡᠨᠡ ᠪᠣᠯ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠥᠪᠥᠷ ᠮᠣᠩᠭᠣᠯ᠎ᠤᠨ GDP ᠤ᠋ᠨ ᠶᠡᠷᠦᠩᠬᠡᠶ ᠬᠡᠮᠵᠢᠶᠡᠨ᠎ᠦ ᠬᠤᠪᠢᠷᠠᠯᠲᠠ ᠪᠣᠯᠤᠨ᠎ᠠ᠃
ᠠᠷᠪᠠᠨ ᠵᠢᠯ᠎ᠦᠨ ᠥᠭᠡᠷᠡᠴᠢᠯᠡᠯᠲᠡ ᠶ᠋ᠢᠨ ᠲᠡᠦᠬᠡᠨ ᠶᠠᠪᠤᠴᠠ᠎ᠶ᠋ᠢ ᠡᠷᠭᠢᠴᠡᠭᠦᠯᠬᠦᠶ᠎ᠡ᠂ ᠱᠢᠯᠭᠠᠯᠲᠠ ᠪᠣᠯᠤᠨ ᠠᠵᠠ ᠲᠣᠬᠢᠶᠠᠯ ᠵᠡᠷᠭᠡ ᠪᠡᠷ ᠣᠷᠣᠱᠢᠬᠰᠠᠨ ᠴᠠᠭ ᠦᠶ᠎ᠡ᠎ᠳᠦ᠂ ᠥᠭᠡᠷᠡᠴᠢᠯᠡᠯᠲᠡ᠎ᠶ᠋ᠢᠨ ᠤᠷᠤᠰᠭᠠᠯ ᠳᠤᠮᠳᠠ ᠡᠷᠡᠯᠬᠡᠭ᠌ᠯᠡᠨ ᠲᠡᠮᠡᠴᠡᠵᠦ᠍ ᠪᠠᠢᠭ᠎ᠠ ᠥᠪᠥᠷ ᠮᠣᠩᠭᠣᠯ ᠵᠣᠷᠢᠭ᠍ᠲᠠᠢ᠎ᠪᠠᠷ ᠬᠦᠨᠳᠦ ᠡᠭᠦᠷᠭᠡ᠎ᠶ᠋ᠢ ᠡᠭᠦᠷᠭᠡᠯᠡᠨ ᠠᠯᠤᠰ᠎ᠢ ᠵᠣᠷᠢᠵᠤ᠂ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠥᠭᠡᠷᠡᠴᠢᠯᠡᠯᠲᠡ ᠬᠥᠭ᠌ᠵᠢᠯᠲᠡ᠎ᠶ᠋ᠢᠨ ᠰᠦᠷ ᠳᠠᠯᠠᠢᠴᠠᠲᠠᠢ ᠬᠠᠭᠤᠳᠠᠰᠤ᠎ᠶ᠋ᠢ ᠪᠢᠴᠢᠭ᠌ᠯᠡᠪᠡ!
ᠶᠡᠷᠦ᠍ ᠪᠤᠰᠤ ᠵᠢᠨ ᠠᠪᠴᠠᠯ᠄ ᠠᠷᠪᠠᠨ ᠵᠢᠯ᠎ᠦᠨ ᠥᠭᠡᠷᠡᠴᠢᠯᠡᠯᠲᠡ ᠭᠡᠷᠡᠯ ᠭᠢᠯᠪᠠᠭ᠎ᠠ ᠰᠠᠴᠤᠷᠠᠭᠤᠯᠤᠨ᠎ᠠ
ᠪᠥᠬᠥ᠌ ᠪᠥᠮᠪᠥᠷᠴᠡᠭ ᠦᠨ ᠠᠵᠤ ᠠᠬᠤᠢ ᠮᠠᠭᠤᠳᠠᠬᠤ ᠳᠠᠷᠤᠯᠲᠠ ᠦᠷᠭᠦᠯᠵᠢᠯᠡᠨ ᠱᠢᠷᠦᠭᠦᠰᠴᠦ᠍ ᠪᠠᠢᠭ᠎ᠠ ᠠᠬᠤᠶ ᠪᠠᠢᠳᠠᠯ ᠳᠤᠤᠷ᠎ᠠ᠂ ᠪᠣᠯᠣᠳ ᠲᠡᠮᠦᠷ᠎ᠦᠨ ᠦᠶ᠋ᠯᠡᠳᠪᠦᠷᠢᠯᠡᠬᠦ᠌ ᠴᠢᠳᠠᠪᠤᠷᠢ ᠶ᠋ᠢ ᠪᠠᠭᠠᠰᠬᠠᠬᠤ ᠠᠶᠠᠨ ᠳᠤ ᠬᠡᠨ ᠥᠪᠥᠷ ᠮᠣᠩᠭᠣᠯ ᠤᠨ ᠥᠭᠡᠷᠡᠴᠢᠯᠡᠯᠲᠡᠶ᠋ᠢᠬᠥᠲᠥᠯᠥᠨ ᠳᠠᠭᠠᠭᠤᠯᠬᠤ ᠬᠤᠰᠢᠭᠤᠴᠢ ᠪᠤᠯᠬᠤ ᠪᠣᠶ?
ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠄ ᠪᠢ ᠳᠡᠢᠯᠦᠨ᠎ᠡ!
2016 ᠣᠨ᠎ᠤ 8 ᠰᠠᠷ᠎ᠠ᠎ᠶ᠋ᠢᠨ 31 ᠤ᠋ ᠡᠳᠦᠷ᠃
ᠲᠣᠰ ᠡᠳᠦᠷ᠎ᠦᠨ ᠦᠳᠡ᠎ᠶ᠋ᠢᠨ ᠡᠮᠦᠨᠡᠬᠢ 11 ᠴᠠᠭ᠎ᠲᠤ᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠦᠨ ᠶᠡᠷᠦᠩᠬᠡᠶ ᠳᠠᠭᠠᠭᠠᠮᠠᠯ ᠰᠦᠨ ᠭᠦᠸᠧ ᠯᠦᠩ᠎ᠤᠨ 《ᠡᠬᠢᠯᠡᠵᠦ ᠨᠤᠷᠠᠭ᠎ᠠ》 ᠭᠡᠬᠦ ᠵᠠᠷᠯᠢᠭ ᠪᠠᠭᠤᠬᠤ᠎ᠶ᠋ᠢ ᠳᠠᠭᠠᠯᠳᠤᠨ᠂ ᠱᠢᠨ᠎ᠡ ᠳᠤᠮᠳᠠᠳᠤ ᠤᠯᠤᠰ᠎ᠤᠨ ᠪᠣᠯᠣᠳ ᠲᠡᠮᠦᠷ᠎ᠦᠨ ᠠᠵᠤ ᠦᠶ᠋ᠯᠡᠳᠪᠦᠷᠢ ᠶ᠋ᠢᠨ ᠬᠥᠭ᠌ᠵᠢᠯᠲᠡ ᠳᠦ ᠦᠪᠡᠳᠡᠭᠰᠢ ᠶᠡᠬᠡ ᠭᠠᠪᠢᠶ᠎ᠠ ᠪᠠᠢᠭᠤᠯᠤᠭ᠍ᠰᠠᠨ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ ᠦᠨ 2 ᠳ᠋ᠤᠭᠠᠷ ᠨᠤᠮᠸᠷᠳᠤ ᠥᠨᠳᠥᠷ ᠵᠤᠤᠬ᠎ᠠ᠎ᠶ᠋ᠢ ᠨᠤᠷᠠᠭᠠᠵᠤ ᠡᠬᠢᠯᠡᠪᠡ᠃
ᠡᠨᠡ ᠪᠣᠯ ᠨᠠᠮ᠎ᠤᠨ ᠲᠥᠪ ᠬᠣᠷᠢᠶᠠᠨ᠎ᠡᠴᠡ ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠬᠤ ᠲᠦᠷᠦ ᠵᠢᠨ ᠪᠤᠳᠤᠯᠭ᠎ᠠ ᠵᠢ ᠳᠤᠷᠠᠳᠤᠭ᠍ᠰᠠᠨ᠎ᠤ ᠳᠠᠷᠠᠭ᠎ᠠ᠂ ᠲᠤᠬᠠᠢ᠎ᠶ᠋ᠢᠨ ᠦᠶ᠎ᠡ᠎ᠳᠦ ᠪᠦᠬᠦ᠌ ᠤᠯᠤᠰ᠎ᠤᠨ ᠪᠤᠯᠤᠳ ᠲᠡᠮᠦᠷ᠎ᠦᠨ ᠠᠵᠢᠯ ᠲᠦᠷᠦᠯ ᠤ᠋ᠨ ᠲᠤᠳᠤᠷ᠎ᠠ ᠬᠠᠮᠤᠭ ᠡᠴᠡ ᠲᠦᠷᠦᠭᠦᠯᠡᠨ ᠨᠤᠷᠠᠭᠠᠭ᠍ᠰᠠᠨ ᠬᠠᠮᠤᠭ᠎ᠤᠨ ᠲᠤᠮᠤ ᠵᠤᠤᠬ᠎ᠠ ᠪᠣᠯᠤᠨ᠎ᠠ᠃
ᠣᠳᠣᠬᠠᠨ᠎ᠳᠤ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠦᠬᠦᠷ ᠦᠭᠡᠢ᠌ᠳᠡᠭᠦᠯᠦᠭᠰᠡᠨ ᠪᠠ ᠱᠡᠤ ᠦᠭᠡᠢ᠌ᠳᠡᠭᠦᠯᠦᠭ᠌ᠰᠡᠨ ᠪᠠᠭ᠎ᠠ ᠨᠡᠭᠦᠷᠡᠰᠦᠲᠥ᠋ᠷᠥᠭ᠌ᠴᠢᠳᠤ 《ᠬᠣᠪᠣᠷ ᠱᠢᠷᠣᠢ᠎ᠶ᠋ᠢᠨ ᠪᠤᠯᠤᠳ》 ᠤ᠋ᠨ ᠪᠣᠬᠢᠷᠲᠤᠯ ᠦᠭᠡᠢ ᠠᠵᠤ ᠦᠢᠯᠡᠰ᠎ᠦᠨ ᠬᠡᠯᠬᠢᠶ᠎ᠡ ᠳᠡᠭᠡᠳᠦ ᠲᠡᠰ᠎ᠤᠨ ᠮᠠᠱᠢᠨ ᠲᠡᠷᠭᠡᠨ᠎ᠦ ᠬᠠᠪᠲᠠᠰᠤᠨ ᠮᠠᠲ᠋ᠧᠷᠢᠶᠠᠯ᠂ ᠲᠦᠷᠭᠡᠨ᠎ᠦ ᠲᠡᠮᠦᠷ ᠵᠠᠮ᠎ᠤᠨ ᠵᠠᠮ ᠲᠡᠮᠦᠷ ᠵᠡᠷᠭᠡ ᠤᠯᠠᠨ ᠬᠦᠷᠢᠶᠡᠨ᠎ᠳᠦ ᠬᠦᠷᠲᠡᠯ᠎ᠡ ᠥᠷᠭᠡᠵᠢᠵᠦ᠍᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ ᠴᠦ᠍ ᠡᠭᠦᠨᠵᠢᠡᠷ ᠵᠢᠡᠨ ᠪᠦᠬᠦ᠌ ᠪᠥᠮᠪᠥᠷᠴᠡᠭ᠎ᠦᠨ ᠬᠠᠮᠤᠭ᠎ᠤᠨ ᠲᠤᠮᠤ ᠬᠣᠪᠣᠷ ᠱᠢᠷᠣᠢ᠎ᠶ᠋ᠢᠨ ᠲᠦᠷᠭᠡᠨ᠎ᠦ ᠲᠡᠮᠦᠷ ᠵᠠᠮ᠎ᠤᠨ ᠵᠠᠮ ᠲᠡᠮᠦᠷ᠎ᠦᠨ ᠦᠢᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ ᠪᠠᠢᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠬᠤᠷᠠᠯᠳᠤᠭ᠍ᠰᠠᠨᠤ ᠳᠠᠷᠠᠭᠠᠬᠠᠨ ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠵᠢᠨ ᠭᠦᠨᠵᠡᠭᠡᠢᠷᠡᠨ ᠠᠬᠢᠬᠤ᠎ᠶ᠋ᠢ ᠳᠠᠭᠠᠯᠳᠤᠨ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ ᠳ᠋ᠤ 《ᠮᠣᠳᠣ ᠣᠭ᠍ᠲᠣᠯᠬᠤ ᠵᠢ ᠵᠤᠭᠰᠤᠭᠠᠬᠤ》 ᠵᠠᠭ᠍ᠪᠤᠷ᠎ᠢ ᠪᠦᠬᠦ᠌ ᠲᠠᠯ᠎ᠠ᠎ᠪᠠᠷ ᠡᠬᠢᠯᠡᠭᠦᠯᠵᠡᠢ᠃
ᠲᠡᠭᠡᠪᠡᠯ ᠮᠣᠳᠣᠨ ᠮᠠᠲ᠋ᠧᠷᠢᠶᠠᠯ ᠬᠤᠳᠠᠯᠳᠤᠵᠤ ᠣᠷᠣᠱᠢᠨ ᠲᠣᠭ᠍ᠲᠠᠨᠢᠭ᠍ᠰᠠᠭᠠᠷ ᠢᠷᠡᠭ᠌ᠰᠡᠨ ᠱᠢᠭᠤᠢᠲᠤ ᠣᠷᠣᠨ᠎ᠤ ᠬᠥᠮᠦᠰ ᠴᠤᠬᠤᠮ ᠶᠠᠭᠠᠬᠢᠵᠤ ᠠᠮᠢᠳᠤᠷᠠᠬᠤ ᠪᠤᠶ? ᠡᠭᠦᠨ ᠳ᠋ᠤ ᠬᠥᠮᠦᠰ᠎ᠦᠨ ᠠᠩᠬᠠᠷᠤᠯ᠎ᠢ ᠨᠡᠩ ᠢᠯᠡᠭᠦᠦ ᠲᠠᠲᠠᠭ᠍ᠰᠠᠨ ᠱᠢᠭᠤᠢᠲᠤ ᠣᠷᠣᠨ᠎ᠤ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠠᠵᠢᠯ ᠢ᠋ ᠶᠠᠷᠢᠬᠤ ᠴᠢᠬᠤᠯᠠᠳᠠᠢ᠃
2017 ᠣᠨ᠎ᠤ 12 ᠰᠠᠷ᠎ᠠ᠎ᠶ᠋ᠢᠨ 18 ᠤ᠋ ᠡᠳᠦᠷ᠂ ᠥᠪᠥᠷ ᠮᠣᠩᠭᠣᠯ᠎ᠤᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠪᠣᠯᠤᠨ ᠵᠧᠵᠢᠶᠠᠩ᠎ᠤᠨ ᠠᠵᠤ ᠠᠬᠤᠢᠯᠠᠯ 40 ᠲᠦᠮᠡᠨ ᠲᠥᠭᠥᠷᠢᠭ᠎ᠦᠨ ᠣᠶ ᠱᠢᠭᠤᠶ᠎ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠥᠷᠥᠯ ᠵᠦᠶ᠋ᠯ᠎ᠦᠨ ᠠᠷᠠᠯᠵᠢᠶᠠᠨ᠎ᠤ ᠵᠠᠬᠢᠶᠠᠯᠠᠭ᠎ᠠ ᠵᠢᠨ ᠬᠡᠷ᠎ᠡ ᠲᠣᠭ᠍ᠲᠠᠪᠠ᠃
ᠥᠨᠥ ᠪᠣᠯᠲᠠᠯ᠎ᠠ᠂ ᠥᠪᠥᠷ ᠮᠣᠩᠭᠣᠯ ᠤᠨ ᠣᠶ ᠱᠢᠭᠤᠶ ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ᠎ᠬᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ᠎ᠶ᠋ᠢ 34 ᠤᠳᠠᠭ᠎ᠠ ᠪᠦᠲᠦᠬᠡᠵᠦ᠍᠂ ᠠᠷᠠᠯᠵᠢᠶᠠᠨ᠎ᠤ ᠵᠣᠭᠣᠰ᠎ᠤᠨ ᠲᠣᠭ᠎ᠠ᠎ᠨᠢ 3500 ᠭᠠᠷᠤᠶ ᠲᠦᠮᠡᠨ ᠲᠥᠭᠥᠷᠢᠭ᠎ᠲᠦ ᠬᠦᠷᠴᠡᠶ ᠁ ᠬᠠᠮᠳᠤ ᠳ᠋ᠤᠨᠢ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠪᠣᠬᠢᠷᠲᠤᠯ ᠥᠬᠡᠶ ᠵᠢᠭᠤᠯᠴᠢᠯᠠᠯ᠂ ᠣᠶᠲᠤᠳᠤᠷᠠᠬᠢ ᠤᠨᠴᠠᠯᠢᠬ᠍ᠳᠤ ᠳᠠᠷᠢᠵᠤ ᠲᠡᠵᠢᠭᠡᠬᠦ᠌ ᠦᠶ᠋ᠯᠡᠰ ᠨᠢ ᠪᠠᠰᠠ ᠶᠡᠬᠡ ᠰᠠᠢᠨ ᠬᠦᠭᠵᠢᠵᠤ ᠡᠬᠢᠯᠡᠵᠡᠶ᠃
ᠮᠣᠳᠣᠨ ᠮᠠᠲ᠋ᠧᠷᠢᠶᠠᠯ ᠬᠤᠳᠠᠯᠳᠤᠵᠤ ᠪᠠᠢᠭᠰᠠᠨ᠎ᠡᠴᠡ ᠪᠠᠨ ᠬᠦᠴᠢᠯᠲᠥ᠋ᠷᠥᠭ᠌ᠴᠢ ᠡᠯᠪᠡᠭ ᠠᠭᠠᠷ᠂ ᠪᠣᠬᠢᠷᠲᠤᠯ ᠥᠬᠡᠶ ᠪᠦᠲᠦᠭᠡᠭ᠌ᠳᠡᠬᠦᠨ᠎ᠢᠶᠡᠨ ᠬᠤᠳᠠᠯᠳᠤᠭ᠍ᠰᠠᠨ ᠬᠦᠷᠲᠡᠯ᠎ᠡ᠂ ᠥᠪᠥᠷ ᠮᠣᠩᠭᠣᠯ᠎ᠤᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ᠂ ᠱᠢᠭᠤᠢᠲᠤ ᠣᠷᠣᠨ᠎ᠤ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠤ ᠦᠶ᠋ᠯᠡᠰ᠎ᠦᠨ ᠬᠥᠭ᠌ᠵᠢᠯᠲᠡ ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠠᠷᠪᠠᠨ ᠵᠢᠯ᠎ᠦᠨ ᠲᠤᠷᠰᠢ ᠂ ᠮᠠᠨ᠎ᠤ ᠣᠷᠣᠨ ᠭᠠᠢᠯᠢ ᠵᠢ ᠬᠠᠰᠤᠵᠦ ᠰᠦᠶ᠋ᠳᠭᠡᠯ᠎ᠢ ᠪᠠᠭᠤᠷᠠᠭᠤᠯᠬᠤ ᠪᠠ ᠪᠣᠬᠢᠷᠲᠤᠯ ᠥᠬᠡᠶ ᠵᠢᠭᠡᠯᠡᠯᠭᠡ᠂ ᠰᠠᠭᠤᠯᠭᠠᠨ ᠠᠪᠬᠤ ᠪᠡᠷ ᠦᠯᠡᠳᠡᠭᠡᠭᠰᠡᠨ ᠭᠠᠢᠯᠢ᠎ᠶ᠋ᠢ ᠪᠤᠴᠠᠭᠠᠬᠤ᠂ ᠭᠠᠳᠠᠭᠠᠳᠤ ᠭᠠᠷᠭᠠᠯᠲᠠ᠎ᠶ᠋ᠢᠨ ᠭᠠᠢᠯᠢ᠎ᠶ᠋ᠢ ᠪᠤᠴᠠᠭᠠᠬᠤ ᠵᠡᠷᠭᠡ ᠵᠠᠮ ᠱᠤᠭᠤᠮ᠎ᠢ ᠱᠢᠯᠤᠭᠤᠳᠭᠠᠨ ᠠᠵᠤ ᠠᠬᠤᠶ᠎ᠶ᠋ᠢᠨ ᠶᠡᠬᠡ ᠣᠷᠴᠢᠯ᠎ᠢ ᠠᠬᠢᠭᠤᠯᠵᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠎ᠶ᠋ᠢ ᠬᠥᠲᠥᠯᠥᠨ ᠵᠢᠯᠣᠭᠣᠳᠬᠤ ᠁ ᠡᠳ᠋᠎ᠦᠨ ᠵᠠᠰᠠᠭ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠵᠢᠨ ᠥᠭᠡᠷᠡᠴᠢᠯᠡᠯᠲᠡ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠣᠩᠭᠣᠴᠠ᠎ᠶ᠋ᠢᠨ ᠤᠷᠤᠰᠬᠠᠯ᠎ᠢ ᠰᠦᠷᠦᠨ ᠤᠷᠤᠭ᠍ᠰᠢᠯᠠᠬᠤ᠎ᠶ᠋ᠢ ᠠᠬᠢᠭᠤᠯᠪᠠ!
ᠠᠷᠪᠠᠨ ᠵᠢᠯ᠎ᠦᠨ ᠲᠤᠷᠰᠢ ᠂ ᠥᠪᠥᠷ ᠮᠣᠩᠭᠣᠯ᠎ᠤᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠥᠮᠴᠢᠯᠡᠯ᠎ᠦᠨ ᠡᠷᠬᠡ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠂ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠭᠦᠨᠵᠡᠭᠡᠶ ᠠᠬᠢᠭᠤᠯᠪᠠ ᠁ ᠮᠠᠯ ᠠᠵᠤ ᠠᠬᠤᠶ ᠲᠠᠷᠢᠶᠠᠯᠠᠩ ᠬᠦᠴᠦᠷᠬᠡᠭ ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠢᠬᠤ ᠰᠠᠢᠨ ᠰᠠᠢᠬᠠᠨ ᠬᠦᠰᠡᠯ ᠡᠷᠡᠮᠡᠯᠵᠡᠯ ᠪᠥᠬᠥ᠌ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢᠨ ᠤᠷᠤᠰᠭᠠᠯ᠎ᠳᠤ ᠠᠭᠤᠰᠤᠯᠴᠠᠪᠠ!
ᠠᠷᠪᠠᠨ ᠵᠢᠯ᠎ᠦᠨ ᠲᠤᠷᠰᠢ ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠥᠪᠥᠷ ᠮᠣᠩᠭᠣᠯ᠎ᠢᠶᠡᠨ ᠬᠥᠭ᠌ᠵᠢᠭᠦᠯᠦᠨ ᠮᠠᠨᠳᠤᠭᠤᠯᠬᠤ ᠠᠵᠢᠯ ᠭᠠᠵᠠᠷ ᠪᠣᠯᠭᠠᠨ᠎ᠳᠤ ᠶᠠᠪᠤᠭ᠍ᠳᠠᠵᠤ᠂ ᠪᠦᠬᠦ᠌ ᠣᠷᠣᠨ ᠳ᠋ᠤ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠤᠰᠭᠠᠢ ᠲᠦᠷᠦᠯ ᠵᠦᠢᠯ᠎ᠢ ᠨᠠᠢᠳᠠᠪᠤᠷᠢᠵᠢᠭᠤᠯᠵᠤ ᠂ 30 ᠭᠠᠷᠤᠢ ᠠᠵᠤ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠢᠯᠳᠤᠬᠤ ᠪᠤᠳᠤᠯᠭ᠎ᠠ᠎ᠶ᠋ᠢᠨ ᠬᠣᠯᠪᠣᠭ᠎ᠠ ᠨᠢ ᠭᠤᠷᠪᠠᠳᠤᠭᠠᠷ ᠠᠵᠤ ᠦᠢᠯᠡᠰ᠎ᠲᠦ ᠦᠢᠯᠡᠴᠢᠯᠡᠵᠦ ᠪᠠᠢᠨ᠎ᠠ ᠁ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠨᠢ ᠥᠪᠥᠷ ᠮᠣᠩᠭᠣᠯ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠱᠢᠨ᠎ᠡ ᠬᠠᠭᠤᠳᠠᠰᠤ᠎ᠶ᠋ᠢ ᠨᠡᠭᠡᠭᠡᠵᠡᠢ!
ᠶᠡᠷᠦ᠍ ᠪᠤᠰᠤ᠎ᠶ᠋ᠢᠨ ᠬᠦᠴᠦᠨ᠄ ᠠᠷᠪᠠᠨ ᠵᠢᠯ ᠦᠨ ᠥᠭᠡᠷᠡᠴᠢᠯᠡᠯᠲᠡ ᠢᠷᠡᠭᠡᠳᠦᠢ ᠵᠢᠨ ᠰᠠᠢᠬᠠᠨ᠎ᠢ ᠵᠢᠷᠤᠬᠯᠠᠨ᠎ᠠ
ᠥᠭᠡᠷᠡᠴᠢᠯᠡᠯᠲᠡ ᠨᠢ ᠴᠢᠪ ᠴᠢᠮᠡᠭᠡ ᠦᠭᠡᠢ ᠪᠡᠷ ᠠᠯᠢᠪᠠ ᠪᠦᠬᠦᠨ᠎ᠢ ᠬᠤᠪᠢᠷᠠᠭᠤᠯᠤᠨ᠎ᠠ᠃
ᠠᠷᠪᠠᠨ ᠵᠢᠯ᠎ᠦᠨ ᠲᠤᠷᠰᠢ ᠂ ᠥᠭᠡᠷᠡᠴᠢᠯᠡᠯᠲᠡ᠎ᠡᠴᠡ ᠤᠨᠳᠤᠷᠤᠬᠰᠠᠨ ᠬᠦᠴᠦᠷᠬᠡᠭ ᠶᠡᠬᠡ ᠢᠳᠡᠪᠬᠢ ᠬᠦᠴᠦᠨ᠎ᠨᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠦᠷᠳᠦ᠍ᠶ᠋ᠢ ᠲᠦᠯᠬᠢᠨ ᠤᠷᠤᠭ᠍ᠰᠢᠯᠠᠭᠤᠯᠪᠠ᠃
ᠡᠨᠡᠬᠦ᠌ ᠢᠳᠡᠪᠬᠢ ᠬᠦᠴᠦᠨ ᠪᠣᠯ ᠠᠷᠠᠳ᠎ᠤᠨ ᠰᠡᠳᠭᠢᠯ᠎ᠢ ᠣᠯᠤᠭ᠍ᠰᠠᠨ ᠬᠥᠬᠡᠬᠣᠲᠠ᠎ᠶ᠋ᠢᠨ ᠥᠭᠡᠷᠡᠴᠢᠯᠡᠯᠲᠡ᠎ᠶ᠋ᠢᠨ ᠠᠵᠢᠯᠯᠠᠭ᠎ᠠ ᠪᠣᠯᠤᠨ᠎ᠠ — ᠭᠡᠷ ᠭᠠᠵᠠᠷ᠎ᠤᠨ ᠬᠦᠷᠦᠩᠭᠡ᠎ᠶ᠋ᠢᠨ ᠦᠯᠡᠳᠡᠭ᠌ᠳᠡᠯ ᠲᠥᠷᠥᠯ ᠵᠦᠶ᠋ᠯ᠎ᠦᠨ 《 ᠦᠨᠡᠮᠯᠡᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ》 ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠲᠦᠷᠢᠮ ᠲᠣᠭ᠍ᠲᠠᠭᠠᠯ᠎ᠤᠨ 《ᠬᠦᠷᠦᠯᠴᠡᠬᠦ ᠦᠭᠡᠢ》 ᠪᠠ ᠬᠠᠮᠢᠶᠠᠷᠤᠯᠲᠠ᠎ᠶ᠋ᠢᠨ ᠳᠤᠲᠠᠭᠤᠳᠠᠯ ᠵᠡᠷᠭᠡ ᠠᠰᠠᠭᠤᠳᠠᠯ᠎ᠳᠤ ᠴᠢᠭ᠌ᠯᠡᠭᠦᠯᠦᠨ ᠠᠷᠭ᠎ᠠ ᠬᠡᠮᠵᠢᠶ᠎ᠠ ᠠᠪᠴᠤ ᠁ ᠪᠥᠬᠥ᠌ ᠬᠣᠲᠠ᠎ᠶ᠋ᠢᠨ 545 《 ᠦᠨᠡᠮᠯᠡᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ》 ᠠᠰᠠᠭᠤᠳᠠᠯ᠎ᠢ ᠪᠦᠬᠦᠨ᠎ᠢ ᠰᠢᠢᠳᠪᠦᠷᠢᠯᠡᠪᠡ !
ᠡᠨᠡ ᠬᠦ᠌ ᠢᠳᠡᠪᠬᠢ ᠬᠦᠴᠦᠨ ᠪᠣᠯ ᠭᠡᠷᠡᠯ ᠭᠢᠯᠪᠠᠭ᠎ᠠ ᠰᠠᠴᠤᠷᠠᠭᠤᠯᠤᠭ᠍ᠰᠠᠨ ᠤᠷᠳᠤᠰ ᠬᠤᠳᠠ᠎ᠶ᠋ᠢᠨ ᠥᠭᠡᠷᠡᠴᠢᠯᠡᠯᠲᠡ᠎ᠶ᠋ᠢᠨ ᠢᠷᠠᠭᠤ ᠠᠯᠳᠠᠷ ᠪᠣᠯᠤᠨ᠎ᠠ — 《ᠨᠠᠮ᠎ᠤᠨ ᠪᠠᠢᠭᠤᠯᠤᠯᠲᠠ + ᠦᠢᠯᠡᠰ ᠪᠤᠰᠭᠠᠬᠤ + ᠠᠵᠢᠯ ᠣᠯᠭᠣᠯᠲᠠ》 ᠪᠦᠬᠦ᠌ ᠡᠯᠧᠮᠧᠨ᠋ᠲ᠎ᠦᠨ ᠦᠢᠯᠡᠴᠢᠯᠡᠭᠡᠨ᠎ᠦ ᠱᠢᠰᠲ᠋ᠧᠮ᠎ᠳᠦ ᠲᠦᠱᠢᠭ᠌ᠯᠡᠨ ᠂ ᠤᠷᠳᠤᠰ ᠬᠤᠳᠠ ᠤᠯᠤᠰ᠎ᠤᠨ ᠲᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠪᠴᠢᠭᠦᠯᠦᠭᠦᠷ — ᠲᠢᠶᠠᠨ ᠵᠢᠶᠤᠤ ᠤᠯᠠᠨ᠎ᠢᠶᠠᠷ᠎ᠢᠶᠠᠨ ᠦᠢᠯᠡᠰ ᠪᠤᠰᠭᠠᠬᠤ ᠬᠦᠷᠢᠶᠡᠯᠡᠩ᠎ᠢ ᠪᠠᠢᠭᠤᠯᠵᠤ ᠂ ᠬᠦᠷᠢᠶᠡᠯᠡᠩ ᠳᠣᠲᠣᠷ᠎ᠠ ᠪᠠᠨ 500 ᠭᠠᠷᠤᠢ ᠠᠵᠤ ᠠᠬᠤᠢᠯᠠᠯ ᠪᠣᠯᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ 《ᠨᠡᠪᠴᠢᠭᠦᠯᠦᠨ》 ᠭᠠᠷᠭᠠᠵᠤ᠂ 2500 ᠭᠠᠷᠤᠢ ᠬᠥᠮᠦᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌ ᠬᠦᠰᠡᠯ᠎ᠢ ᠪᠡᠶᠡᠯᠡᠭᠦᠯᠪᠡ!
ᠡᠨᠡ ᠬᠦ᠌ ᠢᠳᠡᠪᠬᠢ ᠬᠦᠴᠦᠨ ᠪᠣᠯ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠭ᠌ᠦ ᠪᠤᠭᠤᠲᠤ ᠬᠤᠳᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠭ᠎ᠠ ᠪᠣᠯᠤᠨ᠎ᠠ — ᠪᠤᠭᠤᠲᠤ ᠬᠤᠲᠠ ᠠᠯᠭᠤᠷᠯᠠᠵᠤ ᠪᠣᠯᠬᠤ ᠦᠭᠡᠢ ᠲᠦᠭ᠌ᠰᠢᠭᠦᠷᠢᠲᠦ ᠰᠡᠳᠭᠢᠯᠭᠡ᠎ᠪᠡᠷ᠂ ᠬᠤᠲᠠ᠎ᠶ᠋ᠢᠨ ᠠᠷᠠᠳ᠎ᠤ᠋ᠨ ᠵᠠᠰᠠᠭ᠎ᠤᠨ ᠣᠷᠳᠣᠨ᠎ᠤ ᠠᠵᠢᠯ᠎ᠢ ᠰᠢᠯᠭᠠᠨ ᠦᠨᠡᠯᠡᠬᠦ᠌ ᠠᠵᠢᠯᠯᠠᠭ᠎ᠠ ᠵᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠪᠡᠯᠡ ᠣᠷᠣᠭᠤᠯᠤᠯᠲᠠ᠂ ᠠᠷᠠᠯᠵᠢᠶ᠎ᠠ ᠪᠠ ᠦᠢᠯᠡᠳᠪᠦᠷᠢᠯᠡᠯ ᠠᠮᠢᠳᠤᠷᠠᠯ᠎ᠤᠨ ᠣᠷᠴᠢᠨ᠎ᠢ ᠶᠡᠬᠡᠪᠡᠷ ᠰᠠᠢᠵᠢᠷᠠᠭᠤᠯᠵᠤ᠂ ᠲᠤᠰ ᠬᠤᠲᠠ 2020 ᠣᠨ᠎ᠤ 《ᠳᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤ᠋ᠨ ᠠᠷᠪᠠᠨ ᠰᠢᠯᠢᠳᠡᠭ ᠬᠤᠲᠠ》 ᠪᠡᠷ ᠦᠨᠡᠯᠡᠭᠳᠡᠵᠤ ᠂ ᠤᠯᠠᠨ ᠤ᠋ ᠬᠦᠰᠡᠯ ᠰᠡᠳᠬᠢᠯ ᠲᠠᠢ ᠨᠡᠢᠴᠡᠵᠡᠢ!
ᠡᠨᠡ ᠬᠦ᠌ ᠢᠳᠡᠪᠬᠢ ᠬᠦᠴᠦᠨ ᠪᠣᠯ ᠬᠤᠰᠢᠭᠤ ᠱᠢᠶᠠᠨ᠎ᠤ ᠠᠵᠤ ᠠᠬᠤᠶ᠎ᠶ᠋ᠢ 《ᠳᠤᠯᠠᠭᠠᠴᠠᠭᠤᠯᠤᠭ᠍ᠰᠠᠨ》 ᠮᠥᠩᠭᠥᠨ ᠭᠦᠶ᠋ᠯᠭᠡᠭᠡᠨ᠎ᠦ ᠱᠢᠰᠲ᠋ᠧᠮ᠎ᠦᠨ ᠥᠭᠡᠷᠡᠴᠢᠯᠡᠯᠲᠡ᠎ᠶ᠋ᠢᠨ ᠦᠶ᠋ᠯᠡᠳᠦᠯᠭᠡ ᠮᠥᠨ — ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ᠎ᠨᠢ ᠬᠤᠰᠢᠭᠤ ᠱᠢᠶᠠᠨ᠎ᠤ ᠮᠥᠩᠭᠥᠨ ᠭᠦᠶ᠋ᠯᠭᠡᠭᠡᠨ᠎ᠦ ᠢᠨᠵᠧᠨᠧᠷᠢᠩ᠎ᠢ ᠡᠬᠢᠯᠡᠭᠦᠯᠵᠦ᠍᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠳᠠᠮᠵᠢᠵᠤ᠂ ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠠᠯᠠ ᠬᠤᠷᠠᠮᠳᠤᠭᠤᠯᠬᠤ ᠵᠢ ᠲᠡᠮᠵᠢᠬᠦ 《ᠠᠰᠠᠷᠠᠭ᠍ᠴᠢ ᠮᠠᠶᠢᠭ》 ᠤ᠋ᠨ ᠦᠶ᠋ᠯᠡᠴᠢᠯᠡᠭᠡ ᠬᠦᠷᠳᠡᠭᠡᠭᠰᠡᠨ ᠡᠴᠡ ᠦᠯᠡᠮᠵᠢ ᠣᠯᠠᠨ ᠠᠵᠤ ᠠᠬᠤᠢᠯᠠᠯ᠎ᠤᠨ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠳᠦ ᠣᠷᠣᠯᠴᠠᠬᠤ᠎ᠶ᠋ᠢ ᠠᠬᠢᠭᠤᠯᠪᠠ!
ᠥᠭᠡᠷᠡᠴᠢᠯᠡᠯᠲᠡ ᠨᠢ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠶᠡᠬᠡ ᠪᠡᠷ ᠴᠢᠯᠥᠭᠡᠯᠡᠯᠠ ᠁ ᠥᠷᠢᠰᠥᠯᠳᠦᠭᠡᠨ᠎ᠢᠶᠡᠷ ᠳᠦᠭᠦᠷᠡᠩ ᠴᠦ᠍ ᠬᠢᠵᠠᠭᠠᠯᠠᠰᠢ ᠦᠭᠡᠢ ᠥᠷᠭᠡᠨ ᠠᠭᠤᠳᠠᠮ ᠥᠭᠡᠷᠡᠴᠢᠯᠡᠯᠲᠡ᠎ᠶ᠋ᠢᠨ ᠵᠠᠮ ᠳᠡᠭᠡᠷ᠎ᠡ ᠥᠪᠥᠷ ᠮᠣᠩᠭᠣᠯ ᠴᠤᠬᠤᠮ ᠶᠠᠮᠠᠷᠰᠢᠦ ᠠᠮᠵᠢᠯᠳᠠ ᠤᠯᠤᠬᠰᠠᠨ ᠪᠤᠢ?
ᠠᠷᠪᠠᠨ ᠵᠢᠯ᠎ᠤᠨ ᠦᠬᠡᠷᠡᠴᠢᠯᠠᠯᠳᠠ ᠪᠡᠷ ᠲᠠᠮᠵᠢᠭᠠᠳ ᠤᠮᠠᠷᠠᠲᠤ ᠬᠢᠯᠢ ᠱᠢᠨ᠎ᠡ ᠳᠦᠷᠰᠦ ᠪᠠᠢᠳᠠᠯ᠎ᠢᠶᠡᠷ ᠰᠤᠯᠢᠬᠳᠠᠪᠠ᠃ ᠥᠪᠥᠷ ᠮᠣᠩᠭᠣᠯ ᠤᠨ ᠠᠷᠪᠠᠨ ᠵᠢᠯ᠎ᠦᠨ ᠥᠭᠡᠷᠡᠴᠢᠯᠡᠯᠲᠡ᠎ᠡᠴᠡ ᠪᠤᠢ ᠪᠤᠯᠤᠬᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠦᠷ᠎ᠡ ᠪᠦᠲᠦᠮᠵᠢ ᠨᠡᠬᠡᠷᠡᠨ ᠣᠨᠴᠠ ᠵᠢᠨ ᠢᠯᠡᠳᠠᠢ᠃
— ᠥᠪᠥᠷ ᠮᠣᠩᠭᠣᠯ ᠣᠲᠣ ᠨᠢᠭᠡᠨᠲᠡ ᠤᠯᠤᠰ᠎ᠤᠨ ᠴᠢᠬᠤᠯᠠ 《ᠠᠮᠤ ᠪᠤᠳᠠᠭᠠᠨ᠎ᠤ ᠬᠥᠮᠥᠷᠭᠡ 》 ᠂ 《ᠰᠦ᠋ ᠵᠢᠨ ᠬᠦᠮᠦᠷᠬᠡ》 ᠂ 《ᠮᠢᠬᠠᠨ᠎ᠤ ᠬᠥᠮᠥᠷᠭᠡ》 ᠂ 《ᠨᠣᠤᠯᠤᠭᠤᠷ᠎ᠤᠨ ᠬᠣᠲᠠ》 ᠁ ᠪᠤᠯᠵᠥ᠂ ᠪᠥᠬᠥ᠌ ᠣᠷᠣᠨ᠎ᠤ 《ᠨᠠᠷᠠᠲᠤ ᠱᠢᠯᠢᠳᠡᠭ ᠣᠨᠴᠠ ᠱᠢᠨ᠎ᠡ》 ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠡᠷᠦᠩᠬᠡᠶ ᠬᠡᠮᠵᠢᠶ᠎ᠡ ᠪᠥᠬᠥ᠌ ᠤᠯᠤᠰ᠎ᠲᠤ ᠲᠦᠷᠦᠭᠦᠯᠡᠵᠦ᠍᠂ ᠠᠯᠢ ᠣᠯᠠᠨ ᠪᠦᠲᠦᠭᠡᠭ᠌ᠳᠡᠬᠦᠨ ᠨᠢ 90 ᠭᠠᠷᠤᠶ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ ᠪᠠᠢᠨ᠎ᠠ!
— ᠥᠪᠥᠷ ᠮᠣᠩᠭᠣᠯ ᠪᠥᠬᠥ᠌ ᠤᠯᠤᠰ᠎ᠤᠨ ᠬᠠᠮᠤᠭ᠎ᠤᠨ ᠶᠡᠬᠡ ᠪᠣᠬᠢᠷᠲᠤᠯ ᠥᠬᠡᠶ ᠨᠡᠭᠦᠷᠡᠰᠦ ᠴᠠᠬᠢᠯᠭᠠᠨ ᠪᠠ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠰᠠᠭᠤᠷᠢᠨ᠎ᠢ ᠪᠥᠲᠥᠭᠡᠨ ᠪᠠᠢᠭᠤᠯᠵᠤ᠂ ᠱᠢᠨ᠎ᠡ ᠡᠨᠧᠷᠭᠢ ᠪᠡᠷ ᠴᠠᠬᠢᠯᠭᠠᠨ ᠭᠠᠷᠭᠠᠬᠤ ᠬᠡᠮᠵᠢᠶ᠎ᠡ ᠪᠥᠬᠥ᠌ ᠤᠯᠤᠰ ᠲᠤ᠌ ᠳᠦᠷᠦᠬᠦᠯᠡᠪᠡ ᠁ ᠪᠥᠬᠥ᠌ ᠣᠷᠣᠨ᠎ᠤ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ ᠬᠢᠵᠠᠭᠠᠯᠠᠰᠢ ᠥᠬᠡᠶ ᠬᠡᠷᠡᠯ ᠰᠠᠴᠤᠷᠠᠩᠭᠤᠶ ᠬᠥᠭ᠌ᠵᠢᠯᠲᠡ᠎ᠶ᠋ᠢᠨ ᠢᠷᠡᠭᠡᠳᠦᠶ᠎ᠪᠡᠨ ᠤᠭ᠍ᠲᠤᠨ ᠠᠪᠴᠢᠷᠠᠪᠠ!
— ᠪᠥᠬᠥ᠌ ᠣᠷᠣᠨ᠎ᠤ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ᠂ ᠤᠰᠤᠲᠥ᠋ᠷᠥᠭ᠌ᠴᠢᠵᠢᠭᠤᠯᠤᠨ ᠬᠠᠳᠠᠭᠠᠯᠠᠬᠤ᠂ ᠭᠢᠯᠠᠢᠯᠭᠠᠬᠤ ᠵᠡᠷᠭᠡ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠶᠡᠬᠡ 《ᠡᠨ᠋ᠸᠷᠬᠢ ᠲᠤᠤᠷ ᠳᠠᠭᠠᠭᠠᠴᠠ ᠨᠥᠭᠡᠴᠡ》 ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠮᠠᠨ᠎ᠤ ᠣᠷᠣᠨ᠎ᠳᠤ ᠨᠤᠲᠤᠭ᠍ᠰᠢᠪᠠ ᠁ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠠᠭᠠᠵᠢᠮ᠎ᠢᠶᠠᠷ 《ᠨᠢᠭᠡᠳᠭᠡᠯ ᠠᠷᠮᠢ》 ᠶ᠋ᠢᠨ ᠡᠩᠨᠡᠭᠡ ᠪᠣᠯᠵᠣ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ ᠳ᠋ᠤ ᠴᠢᠬᠤᠯᠠ ᠬᠦᠴᠦᠨ ᠨᠡᠮᠡᠷᠢᠯᠡᠵᠥ ᠪᠣᠶ!
— ᠪᠦᠬᠦ᠌ ᠣᠷᠣᠨ᠎ᠤ ᠬᠣᠪᠣᠷ ᠱᠢᠷᠣᠢ᠎ᠶ᠋ᠢ ᠲᠤᠬᠠᠢ᠎ᠶ᠋ᠢᠨ ᠭᠠᠵᠠᠷ᠎ᠲᠤᠨᠢ ᠣᠨᠳᠣᠣᠱᠢᠭᠤᠯᠬᠤ ᠨᠤᠷᠮ᠎ᠡ 75% ᠡᠴᠡ ᠳᠡᠭᠡᠭ᠌ᠰᠢ ᠪᠣᠯᠲᠠᠯ᠎ᠠ ᠨᠡᠮᠡᠭ᠌ᠳᠡᠵᠦ᠍᠂ ᠪᠦᠬᠦ᠌ ᠤᠯᠤᠰ᠎ᠤᠨ ᠠᠷᠪᠠᠨ᠎ᠤ ᠲᠦᠷᠪᠡᠨ ᠬᠤᠪᠢ ᠱᠢᠬᠠᠮ᠎ᠤᠨ ᠲᠦᠷᠭᠡᠨ᠎ᠦ ᠲᠡᠮᠦᠷ ᠵᠠᠮ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠬᠣᠪᠣᠷ ᠱᠢᠷᠣᠢ᠎ᠶ᠋ᠢᠨ ᠲᠦᠷᠭᠡᠨ᠎ᠦ ᠲᠡᠮᠦᠷ ᠵᠠᠮ᠎ᠤᠨ ᠵᠠᠮ ᠲᠡᠮᠦᠷ᠎ᠢ ᠬᠡᠷᠡᠭ᠌ᠯᠡᠬᠦ ᠪᠤᠯᠪᠠ ᠁ 《ᠬᠤᠪᠤᠷ ᠱᠢᠷᠣᠢ ᠪᠠᠨ ᠮᠠᠯᠲᠠᠵᠤ ᠠᠪᠤᠭᠠᠳ ᠪᠤᠷᠤᠯᠠᠭᠤᠯᠬᠤ》 ᠪᠠᠢᠳᠠᠯ ᠡᠴᠡ ᠠᠩᠬᠢᠵᠢᠷᠠᠵᠦ᠂ ᠥᠪᠥᠷ ᠮᠣᠩᠭᠣᠯ ᠬᠣᠪᠣᠷ ᠱᠢᠷᠣᠢ᠎ᠶ᠋ᠢᠨ ᠡᠬᠢ ᠪᠠᠶᠠᠯᠢᠭ᠎ᠢ ᠣᠨᠳᠣᠣᠱᠢᠭᠤᠯᠤᠨ ᠦᠷᠳᠡᠭ᠎ᠢ ᠨᠢ ᠨᠡᠮᠡᠭ᠌ᠳᠡᠭᠦᠯᠬᠦ᠌ ᠱᠢᠨ᠎ᠡ ᠴᠠᠭ ᠦᠶ᠎ᠡ᠎ᠳᠦ ᠲᠤᠮᠤ ᠠᠯᠬᠤᠮ᠎ᠢᠶᠠᠷ ᠠᠯᠬᠤᠨ ᠣᠷᠣᠪᠠ!
— ᠪᠥᠬᠥ᠌ ᠣᠷᠣᠨ᠎ᠤ ᠣᠢᠵᠢᠭᠤᠯᠵᠤ ᠡᠪᠡᠰᠦ ᠳᠠᠷᠢᠭ᠍ᠰᠠᠨ ᠲᠠᠯᠠᠪᠠᠶ ᠨᠡᠢᠲᠡ 4 ᠳ᠋ᠦᠩᠱᠢᠭᠤᠷ ᠮᠤ᠌ᠶ᠋ᠢ ᠳᠠᠪᠠᠵᠤ᠂ ᠵᠢᠯ ᠳᠤᠮᠳᠠᠴᠢ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠤ ᠵᠢ ᠵᠠᠰᠠᠭ᠍ᠰᠠᠨ ᠲᠠᠯᠠᠪᠠᠶ 1200 ᠲᠦᠮᠡᠨ ᠮᠤ᠌᠎ᠡᠴᠡ ᠳᠡᠭᠡᠭ᠌ᠰᠢ᠎ᠳᠦ ᠬᠦᠷᠴᠦ᠍᠂ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠡᠪᠣᠯᠤᠨ ᠣᠶ ᠱᠢᠭᠤᠶ᠎ᠶ᠋ᠢᠨ ᠪᠦᠷᠬᠦᠴᠡ 《ᠬᠤᠤᠰ ᠳᠡᠭᠡᠭ᠌ᠰᠢᠯᠡᠯᠲᠡ》 ᠶ᠋ᠢ ᠪᠡᠶᠡᠯᠡᠭᠦᠯᠪᠡ ᠁ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ ᠦᠢᠯᠠᠭᠠᠬᠳᠠᠬᠤᠨ ᠥᠪᠥᠷ ᠮᠣᠩᠭᠣᠯ᠎ᠳᠤ ᠦᠷᠡᠯᠡᠨ ᠵᠢᠮᠢᠰᠯᠡᠯᠠ!
— ᠬᠥᠬᠡᠬᠣᠲᠠ ᠪᠤᠭᠤᠲᠤ ᠣᠷᠳᠣᠰ ᠤᠯᠠᠭᠠᠨᠴᠠᠪ ᠪᠣᠯᠤᠨ ᠤᠯᠠᠭᠠᠨᠬᠠᠳᠠ ᠬᠣᠲᠠ᠂ ᠲᠦᠩᠯᠢᠶᠣᠤ ᠬᠣᠲᠠ ᠨᠡᠢᠰᠯᠡᠯ᠎ᠦᠨ 2.5 ᠴᠠᠭ᠎ᠤᠨ 《ᠠᠵᠢᠯ᠎ᠳᠤ ᠭᠠᠷᠬᠤ ᠴᠠᠭᠠᠷᠢᠭ》 ᠲᠤ᠌ ᠠᠭᠤᠰᠤᠯᠴᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠶᠡᠷᠦᠩᠬᠡᠢᠯᠡᠭ᠌ᠰᠡᠨ ᠭᠠᠢᠯᠢ ᠦᠬᠡᠢ ᠣᠷᠣᠨ᠂ ᠭᠠᠢᠯᠢ ᠦᠬᠡᠢ ᠪᠠᠷᠠᠭᠠᠨ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ᠎ᠤᠨ ᠪᠠᠷᠠᠭ᠎ᠠ ᠲᠠᠸᠠᠷ ᠰᠠᠭᠠᠳ ᠥᠬᠡᠶ ᠨᠡᠪᠲᠡᠷᠡᠪᠡ ᠁
— ᠪᠥᠬᠥ᠌ ᠣᠷᠣᠨ᠎ᠤ 12 ᠠᠢᠮᠠᠭ ᠬᠣᠲᠠ ᠪᠥᠬᠥ᠌ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ ᠪᠣᠯᠵᠣ᠂ ᠣᠯᠠᠨ ᠲᠦᠮᠡᠨ᠎ᠦ ᠨᠡᠢᠭᠡᠮ᠎ᠦᠨ ᠠᠮᠤᠷ ᠲᠦᠪᠱᠢᠨ᠎ᠳᠦ ᠬᠠᠨᠤᠮᠵᠢᠲᠠᠶ ᠪᠠᠢᠬᠤ ᠬᠡᠮᠵᠢᠶ᠎ᠡ 90.6% ᠪᠠᠢᠭ᠍ᠰᠠᠨ᠎ᠡᠴᠡ᠎ᠪᠠᠨ ᠳᠡᠭᠡᠭ᠌ᠰᠢᠯᠡᠭᠡᠳ 98.4% ᠪᠣᠯᠪᠠ ᠁ ᠵᠠᠰᠠᠯᠲᠠ᠎ᠶ᠋ᠢᠨ ᠱᠢᠰᠲ᠋ᠧᠮ᠎ᠦᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠪᠡᠷ 《ᠠᠮᠤᠭᠤᠯᠠᠩᠳᠤ ᠥᠪᠥᠷ ᠮᠣᠩᠭᠣᠯ》 ᠤ᠋ᠨ ᠯᠠᠪᠳᠠᠭᠤᠨ᠎ᠢᠶᠠᠷ ᠬᠣᠯᠠ ᠠᠶᠠᠯᠠᠬᠤ᠎ᠶ᠋ᠢ ᠠᠬᠢᠭᠤᠯᠪᠠ!
— ᠪᠥᠬᠥ᠌ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠵᠢᠯ ᠳᠤᠮᠳᠠᠴᠢ᠎ᠪᠠᠷ 1900 ᠲᠥᠭᠥᠷᠢᠭ᠎ᠦᠨ ᠳᠡᠭ᠌ᠲᠡᠷ᠎ᠲᠦ ᠭᠠᠷᠴᠤ᠌᠂ ᠲᠠᠩᠰᠠᠯᠠᠵᠥ ᠺᠠᠷᠲᠯᠠᠬᠰᠠᠨ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ᠎ᠢᠶᠡᠷ᠎ᠢᠶᠡᠨ ᠶᠠᠳᠠᠭᠤ᠎ᠡᠴᠡ ᠪᠠᠨ ᠠᠩᠭᠢᠵᠢᠷᠠᠪᠠ ᠁ 《ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠵᠤ》 ᠥᠪᠥᠷ ᠮᠣᠩᠭᠣᠯ᠎ᠤᠨ ᠥᠭᠡᠷᠡᠴᠢᠯᠡᠯᠲᠡ᠎ᠶ᠋ᠢᠨ ᠰᠠᠢᠨ ᠰᠠᠢᠬᠠᠨ ᠢᠷᠡᠭᠡᠳᠦᠶ᠎ᠶ᠋ᠢ ᠲᠤᠳᠤᠷᠬᠠᠢᠯᠠᠪᠠ!
᠁
ᠠᠷᠢᠭᠤᠨ ᠬᠥᠯᠥᠰᠥ᠎ᠪᠡᠷ ᠬᠦᠰᠡᠯ ᠡᠷᠡᠮᠡᠯᠵᠡᠯ᠎ᠢᠶᠡᠨ ᠰᠢᠮᠡᠵᠢᠬᠦᠯᠵᠥ᠂ ᠪᠣᠳᠠᠲᠠᠶ ᠠᠵᠢᠯᠯᠠᠵᠤ ᠯᠠᠪᠳᠠᠭᠤᠨ ᠪᠠᠲᠤᠲᠠᠶ ᠤᠷᠤᠭ᠍ᠰᠢᠯᠠᠨ᠎ᠠ᠃ ᠶᠡᠷᠦ᠍ ᠪᠤᠰᠤ᠎ᠶ᠋ᠢᠨ ᠠᠷᠪᠠᠨ ᠵᠢᠯ᠎ᠳᠦ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭᠰᠡᠨ ᠨᠢ ᠥᠪᠥᠷ ᠮᠣᠩᠭᠣᠯ᠎ᠳᠤ ᠠᠪᠴᠤ᠌ ᠬᠡᠯᠡᠪᠡᠯ ᠠᠯᠤᠰ ᠬᠡᠳᠤ᠎ᠶ᠋ᠢᠨ ᠲᠡᠦᠬᠡᠲᠦ ᠠᠴᠢ ᠬᠣᠯᠪᠣᠭ᠍ᠳᠠᠯ᠂ ᠦᠢᠯᠡᠳᠦᠯᠭᠡ᠎ᠶ᠋ᠢᠨ ᠠᠴᠢ ᠬᠣᠯᠪᠣᠭ᠍ᠳᠠᠯ᠂ ᠴᠠᠭ ᠦᠶ᠎ᠡ᠎ᠶ᠋ᠢᠨ ᠠᠴᠢ ᠬᠣᠯᠪᠣᠭ᠍ᠳᠠᠯ᠎ᠲᠠᠶ ᠪᠠᠢᠵᠤ᠂ ᠨᠡᠩ ᠴᠤ᠌ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠤ᠂ ᠢᠷᠡᠭᠡᠳᠦᠢ᠎ᠶ᠋ᠢ ᠴᠣᠭ᠍ᠴᠠᠯᠠᠬᠤ ᠭᠦᠨᠵᠡᠭᠡᠢ ᠰᠡᠩᠬᠡᠷᠡᠭᠦᠯᠦᠯ ᠪᠣᠯᠬᠤ ᠶᠤᠮ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃