2022-07-17 22:17:30
ᠪᠤᠯᠤᠩ ᠨᠡᠭᠡᠭᠡᠬᠦ ᠦᠭᠡ᠄ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍᠂ ᠤᠮᠠᠷᠠᠲᠤ ᠬᠢᠯᠢ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠥᠪᠥᠷ ᠮᠣᠩᠭᠣᠯ᠎ᠳᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠲᠣᠭ᠍ᠲᠠᠭᠠᠵᠤ ᠥᠭᠪᠡ᠃ ᠥᠪᠥᠷ ᠮᠣᠩᠭᠣᠯ᠎ᠤᠨ ᠦᠨᠳᠦᠰᠦᠲᠡᠨ ᠨᠤᠭᠦᠳ᠎ᠦᠨ ᠺᠠᠳ᠋ᠷ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ᠂ 《 ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠲᠦᠷᠭᠡᠳᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ ᠠᠭᠤᠤ ᠶᠡᠬᠡ ᠦᠶ᠋ᠯᠡᠳᠦᠯᠭᠡ ᠳᠤᠮᠳᠠ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃

ᠱᠢᠨ᠎ᠡ ᠴᠠᠭ ᠦᠶ᠎ᠡ᠎ᠳᠦ ᠰᠠᠭᠤᠷᠢᠯᠠᠵᠤ᠂ ᠱᠢᠨ᠎ᠡ ᠠᠶᠠᠨ᠎ᠢᠶᠠᠨ ᠡᠬᠢᠯᠡᠭᠦᠯᠦᠶ᠎ᠡ᠃ ᠡᠨᠡ ᠡᠳᠦᠷ᠎ᠡᠴᠡ ᠡᠬᠢᠯᠡᠨ᠂ ᠲᠣᠰ ᠰᠣᠨᠢᠨ 《ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠶ᠎ᠠ — ᠶᠡᠷᠦ᠍ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤᠨ ᠱᠢᠨ᠎ᠡ ᠳᠠᠪᠠᠯᠲᠠ》 ᠭᠡᠬᠦ᠌ ᠲᠤᠰᠭᠠᠶ ᠪᠤᠯᠤᠩ ᠨᠡᠭᠡᠭᠡᠵᠦ᠍᠂ ᠡᠯ᠎ᠡ ᠠᠢᠮᠠᠭ ᠬᠣᠲᠠ᠎ᠶ᠋ᠢᠨ ᠠᠮᠵᠢᠯᠲᠠ ᠪᠦᠲᠦᠮᠵᠢ᠎ᠵᠢ ᠲᠣᠭᠣᠷᠢᠨ ᠦᠵᠡᠬᠦ ᠱᠢᠷᠢᠰ ᠮᠡᠳᠡᠭᠡᠯᠡᠯ ᠨᠡᠢᠲᠡᠯᠡᠵᠦ᠍᠂ ᠡᠯ᠎ᠡ ᠭᠠᠵᠠᠷ᠎ᠤᠨ ᠣᠯᠤᠭ᠍ᠰᠠᠨ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ᠂ ᠣᠯᠠᠨ ᠬᠠᠷᠠᠭᠠᠰᠤ᠎ᠡᠴᠡ ᠳᠡᠯᠭᠡᠨ ᠦᠵᠡᠭᠦᠯᠵᠦ᠍᠂ ᠠᠷᠠᠳ ᠣᠯᠠᠨ᠎ᠤ ᠦᠨᠡᠨ ᠪᠣᠳᠠᠲᠠᠶ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠤᠰᠭᠠᠨ᠎ᠠ᠃ ᠥᠷᠭᠡᠨ ᠣᠯᠠᠨ ᠺᠠᠳ᠋ᠷ ᠣᠯᠠᠨ ᠲᠦᠮᠡᠨ᠎ᠦ ᠦᠷᠭᠦᠯᠵᠢᠯᠡᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠢᠷᠠᠯᠠᠨ ᠬᠠᠮᠠᠭᠠᠯᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠶ᠎ᠪᠠᠷ ᠠᠵᠢᠯᠯᠠᠵᠤ᠂ ᠰᠢᠨ᠎ᠡ ᠳᠦᠷᠰᠦ ᠪᠠᠢᠳᠠᠯ᠂ ᠱᠢᠨ᠎ᠡ ᠳᠦᠷᠢ ᠲᠥᠷᠬᠦ᠌᠂ ᠱᠢᠨ᠎ᠡ ᠬᠡᠪ ᠰᠤᠷᠲᠠᠯ᠎ᠢᠶᠠᠷ ᠠᠵᠢᠯ ᠬᠢᠵᠦ᠍ ᠦᠶ᠋ᠯᠡᠰ ᠪᠤᠰᠭᠠᠬᠤ 《 ᠬᠤᠷᠳᠤᠴᠠ᠎ᠪᠠᠨ ᠲᠦᠷᠭᠡᠳᠭᠡᠵᠦ᠍ 》᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠵᠣᠷᠢᠭ᠍ᠵᠢᠭᠤᠯᠤᠨ᠎ᠠ᠃
《ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠶ᠎ᠠ》᠂ ᠡᠨᠡ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠳᠤᠷᠠᠳᠤᠭ᠍ᠰᠠᠨ ᠶᠡᠷᠦᠩᠬᠡᠶ ᠬᠥᠭ᠌ᠵᠢᠯᠲᠡ ᠶ᠋ᠢᠨ ᠬᠠᠷᠠᠯᠲᠠ ᠪᠣᠯᠤᠨ᠎ᠠ;
《ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠵᠤ᠂ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠬᠤ ᠬᠡᠷᠡᠭ᠌ᠲᠡᠢ》᠂ ᠡᠨᠡ ᠪᠣᠯ ᠥᠪᠡᠷᠲᠡᠭᠡᠨ ᠵᠠᠰᠠᠬᠤ ᠣᠷᠣᠨ᠎ᠡᠴᠡ ᠣᠷᠣᠨ᠎ᠤ ᠲᠥᠪ᠎ᠲᠦ ᠳᠤᠷᠠᠳᠤᠭ᠍ᠰᠠᠨ ᠬᠠᠷᠠᠯᠲᠠ ᠱᠠᠭᠠᠷᠳᠠᠯᠭ᠎ᠠ ᠪᠣᠯᠤᠨ᠎ᠠ;
ᠤᠷᠤᠰᠢᠨ ᠰᠠᠭᠤᠷᠢᠱᠢᠬᠤ᠎ᠳᠤ ᠲᠣᠬᠢᠷᠠᠮᠵᠢᠲᠠᠶ᠂ ᠠᠵᠢᠯᠯᠠᠬᠤ᠎ᠳᠤ ᠲᠣᠬᠢᠷᠠᠮᠵᠢᠲᠠᠶ᠂ ᠰᠤᠷᠤᠯᠴᠠᠬᠤ᠎ᠳᠤ ᠲᠣᠬᠢᠷᠠᠮᠵᠢᠲᠠᠶ᠂ ᠨᠠᠰᠤᠵᠢᠯ᠎ᠤᠨ ᠠᠰᠠᠷᠠᠮᠵᠢ᠎ᠳᠤ ᠲᠤᠬᠢᠷᠠᠮᠵᠢᠲᠠᠢ᠂ ᠵᠢᠭᠤᠯᠴᠢᠯᠠᠬᠤ ᠳ᠋ᠸ᠋ ᠲᠣᠬᠢᠷᠠᠮᠵᠢᠲᠠᠶ ᠴᠢᠨᠠᠷ ᠰᠠᠢᠲᠠᠶ ᠬᠣᠲᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠪᠣᠯ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠣᠷᠣᠨ᠎ᠤ ᠲᠥᠪ᠎ᠦᠨ ᠲᠤᠬᠠᠶ ᠬᠠᠷᠠᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠪᠠᠨ ᠭᠤᠷᠪᠠᠳᠤᠭᠠᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠬᠢᠭ᠌ᠰᠡᠨ ᠲᠥᠪ ᠴᠢᠩᠭ᠎ᠠ ᠠᠮᠠᠯᠠᠯᠲᠠ ᠪᠣᠯᠤᠨ᠎ᠠ ᠁
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠬᠥᠬᠡᠬᠣᠲᠠ ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠬᠦᠴᠦᠯᠡᠨ ᠪᠡᠶᠡᠯᠡᠭᠦᠯᠬᠦ᠌ ᠳᠤᠮᠳᠠ ᠵᠣᠷᠢᠭ᠍ᠲᠠᠶ᠎ᠪᠠᠷ ᠬᠣᠱᠢᠭᠤᠴᠢ ᠪᠣᠯᠪᠠ᠃
ᠥᠨᠥᠳᠥᠷᠬᠥᠬᠡᠬᠣᠲᠠ ᠦᠷᠭᠦᠯᠵᠢᠯᠡᠨ ᠱᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ ᠂ 《ᠲᠠᠪᠤ᠎ᠳᠤ ᠲᠣᠬᠢᠷᠠᠮᠵᠢᠲᠠᠢ ᠬᠤᠳᠠ》ᠵᠢᠨ ᠪᠦᠳᠦᠬᠡᠨ ᠪᠠᠢᠭᠤᠯᠤᠯᠲᠠ᠎ᠳᠤ 《ᠤᠳᠤ ᠦᠶ᠎ᠡ᠎ᠶ᠋ᠢᠨ ᠬᠡᠪ ᠨᠠᠮᠪᠠ》ᠵᠢ ᠢᠯᠡᠷᠡᠭᠦᠯᠵᠦ᠍᠂ ᠬᠤᠳᠠ᠎ᠶ᠋ᠢᠨ ᠶᠡᠷᠦᠩᠬᠡᠢᠯᠡᠭ᠌ᠰᠡᠨ ᠦᠷᠢᠰᠦᠯᠳᠦᠬᠦ᠌ ᠬᠦᠴᠦᠨ᠂ ᠨᠥᠯᠥᠭᠡᠯᠡᠨ ᠳᠠᠢᠴᠢᠯᠠᠬᠤ ᠬᠦᠴᠦᠨ ᠶᠡᠬᠡᠪᠡᠷ ᠴᠢᠩᠭᠠᠷᠠᠵᠤ᠂ ᠱᠢᠨ᠎ᠡ ᠬᠥᠭ᠌ᠵᠢᠯᠲᠡ ᠶ᠋ᠢᠨ ᠤᠢ᠍ᠢᠯᠠᠭᠠᠭ᠍ᠳᠠᠬᠤᠨ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠣᠷᠣᠨ ᠪᠦᠰᠡ ᠶ᠋ᠢᠨ ᠲᠥᠪ ᠬᠤᠳᠠ ᠪᠤᠯᠤᠨ ᠥᠳᠳᠡᠷ ᠲᠦᠷᠭᠡᠨ ᠬᠥᠭ᠌ᠵᠢᠨ ᠮᠠᠨᠳᠤᠵᠤ ᠪᠠᠢᠨ᠎ᠠ᠃
ᠬᠣᠲᠠ ᠬᠥᠳᠡᠭᠡ᠎ᠶ᠋ᠢᠨ ᠳᠦᠷᠰᠦ ᠪᠠᠢᠳᠠᠯ ᠬᠤᠪᠢᠷᠠᠨ ᠰᠢᠨᠡᠳᠴᠦ ᠣᠷᠣᠨ ᠵᠠᠶ ᠶ᠋ᠢᠨ ᠪᠠᠢᠷᠢᠱᠢᠯ ᠥᠷᠭᠡᠵᠢᠪᠡ
ᠥᠩᠭᠡᠷᠡᠭ᠌ᠰᠡᠨ 10 ᠵᠢᠯ ᠢᠶᠡᠨ ᠡᠷᠭᠢᠴᠡᠭᠦᠯᠬᠦᠶ᠎ᠡ᠂ ᠬᠥᠬᠡᠬᠣᠲᠠ《ᠤᠯᠠᠨ ᠲᠥᠯᠥᠪᠵᠢᠭᠦᠯᠭᠡ᠎ᠶ᠋ᠢ ᠨᠡᠢᠳᠭᠡᠬᠦ 》 ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ᠎ᠤ ᠲᠥᠪ᠎ᠤᠨ ᠬᠤᠳᠠ ᠬᠥᠳᠡᠭᠡ᠎ᠶ᠋ᠢᠨ ᠳᠦᠷᠰᠦ ᠪᠠᠢᠳᠠᠯ᠎ᠢ ᠴᠤ ᠱᠢᠨ᠎ᠡ ᠳᠦᠷᠬᠦ ᠲᠠᠢ ᠪᠤᠯᠭᠠᠨ᠂ ᠨᠢᠭ᠍ᠲᠠ ᠰᠡᠢᠷᠡᠭ ᠨᠢ ᠵᠢᠭᠳᠡ᠂ ᠣᠷᠴᠢᠨ ᠲᠣᠭᠣᠷᠢᠨ ᠨᠢ ᠭᠤᠶᠤ ᠬᠤᠳᠠ᠎ᠶ᠋ᠢᠨ ᠣᠷᠣᠨ ᠵᠠᠢ᠎ᠶ᠋ᠢᠨ ᠪᠠᠢᠷᠢᠱᠢᠯ ᠶᠠᠭ ᠰᠠᠢᠬᠠᠨ ᠪᠦᠷᠢᠯᠳᠦᠵᠦ᠍ ᠪᠤᠢ᠃
ᠭᠠᠵᠠᠷ ᠳᠤᠤᠷᠠᠬᠢ ᠲᠡᠮᠦᠷ ᠵᠠᠮ᠎ᠤᠨ 1᠂ 2 ᠳ᠋ᠤᠭᠠᠷ ᠱᠤᠭᠤᠮ᠎ᠢ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠤᠨ᠂ ᠪᠡᠭᠡᠵᠢᠩ᠎ᠡᠴᠡ ᠬᠥᠬᠡᠬᠣᠲᠠ ᠬᠦᠷᠬᠦᠲᠥᠷᠭᠡᠨᠤ ᠲᠡᠮᠦᠷ ᠵᠠᠮ᠎ᠢ ᠨᠡᠪᠲᠡᠷᠡᠭᠦᠯᠦᠨ ᠠᠵᠢᠯᠯᠠᠭᠤᠯᠵᠤ᠂ ᠬᠥᠬᠡᠬᠣᠲᠠ᠎ᠶ᠋ᠢᠨ ᠱᠢᠨ᠎ᠡ ᠨᠢᠰᠭᠡᠯ᠎ᠦᠨ ᠪᠠᠭᠤᠳᠠᠯ᠎ᠢ ᠲᠦᠷᠭᠡᠳᠭᠡᠨ ᠪᠠᠢᠭᠤᠯᠵᠤ᠂ 4 ᠵᠤᠷᠪᠤᠰ ᠬᠣᠲᠠ᠎ᠶ᠋ᠢᠨ ᠲᠦᠷᠭᠡᠨ᠎ᠤ ᠵᠠᠰᠠᠮᠠᠯ ᠵᠠᠮ᠎ᠢ ᠪᠠᠢᠭᠤᠯᠤᠨ ᠳᠠᠭᠤᠰᠭᠠᠵᠤ ᠲᠡᠷᠭᠡ ᠨᠡᠪᠲᠡᠷᠡᠭᠦᠯᠦᠨ᠂ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃
《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠥᠬᠡᠬᠣᠲᠠ᠎ᠶ᠋ᠢᠨ 852 ᠬᠠᠭᠤᠴᠢᠨ ᠰᠠᠭᠤᠭᠠᠯᠢ ᠲᠣᠭᠣᠷᠢᠭ᠂ 87 ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ᠂ 370 ᠺᠢᠯᠤᠮᠸᠲᠷ᠎ᠤᠨ ᠬᠠᠭᠤᠴᠢᠨ ᠬᠣᠭᠣᠯᠠᠢ ᠲᠣᠣᠷ᠎ᠢ ᠥᠭᠡᠷᠡᠴᠢᠯᠡᠨ ᠪᠠᠢᠭᠤᠯᠬᠤ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ 220 ᠺᠢᠯᠤᠮᠸᠲᠷ᠎ᠤᠨ ᠬᠤᠳᠠ᠎ᠶ᠋ᠢᠨ ᠨᠣᠭᠣᠭᠠᠷᠠᠭᠤᠯᠤᠯᠲᠠ᠎ᠶ᠋ᠢᠨ ᠵᠠᠮ᠂ 186 ᠬᠠᠷᠮᠠᠨ ᠴᠡᠴᠡᠷᠯᠢᠭ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠪᠠ᠃
ᠬᠣᠲᠠ᠎ᠶ᠋ᠢᠨ ᠬᠥᠭ᠌ᠵᠢᠯᠲᠡ᠎ᠶ᠋ᠢᠨ 《ᠲᠣᠮᠣ ᠠᠷᠤᠭ ᠶᠠᠰᠤ 》᠎ᠶ᠋ᠢ ᠪᠠᠢᠭᠤᠯᠵᠤ᠂ ᠣᠷᠣᠱᠢᠨ ᠰᠠᠭᠤᠷᠢᠰᠢᠬᠤ᠎ᠳᠤ ᠨᠠᠩ ᠲᠣᠬᠢᠷᠠᠮᠵᠢᠲᠠᠶ ᠪᠣᠯᠭᠠᠬᠤ᠎ᠶ᠋ᠢᠨ ᠲᠥᠯᠥᠭᠡ᠂ ᠬᠥᠬᠡᠬᠣᠲᠠ ᠬᠣᠶᠠᠳᠤᠭᠠᠷ ᠲᠣᠭᠣᠷᠢᠯ ᠵᠠᠮ᠎ᠢ ᠵᠡᠭᠦᠨᠰᠢ ᠱᠢᠯᠵᠢᠭᠦᠯᠵᠦ᠍᠂ ᠬᠣᠷᠴᠢᠨ ᠲᠦᠷᠭᠡᠨ᠎ᠤ ᠵᠠᠰᠠᠮᠠᠯ ᠵᠠᠮ᠎ᠢ ᠱᠢᠨ᠎ᠡ ᠵᠡᠭᠦᠨ ᠬᠣᠶᠠᠳᠤᠭᠠᠷ ᠲᠣᠭᠣᠷᠢᠯ ᠵᠠᠮ ᠪᠣᠯᠭᠠᠨ ᠲᠥᠯᠥᠪᠵᠢᠭᠦᠯᠵᠦ᠍ ᠂ ᠥᠩᠭᠡᠷᠡᠭ᠌ᠰᠡᠨ᠎ᠦ ᠵᠡᠭᠦᠨ ᠬᠣᠶᠠᠳᠤᠭᠠᠷ ᠲᠣᠭᠣᠷᠢᠯ ᠵᠠᠮ᠎ᠢ ᠬᠣᠲᠠ᠎ᠶ᠋ᠢᠨ ᠳᠣᠲᠣᠷ᠎ᠠ᠎ᠶ᠋ᠢᠨ ᠲᠣᠷᠭᠠᠨ ᠵᠠᠮ᠎ᠤᠨ ᠶᠡᠬᠡ ᠵᠠᠮ ᠭᠡᠵᠦ᠍ ᠥᠭᠡᠷᠡᠴᠢᠯᠡᠵᠦ᠍᠂ ᠬᠣᠶᠠᠳᠤᠭᠠᠷ ᠲᠣᠭᠣᠷᠢᠯ ᠵᠠᠮ᠎ᠤᠨ ᠳᠣᠲᠣᠷᠠᠬᠢ ᠲᠠᠯᠠᠪᠠᠶ᠎ᠶ᠋ᠢ 127 ᠲᠡᠭ᠌ᠰᠢ ᠳᠥᠷᠪᠡᠯᠵᠢᠨ ᠺᠢᠯᠣᠮᠧᠲ᠋ᠷ ᠪᠣᠯᠭᠠᠨ ᠥᠷᠭᠡᠳᠭᠡᠪᠡ᠃
10 ᠰᠠᠷ᠎ᠠ᠎ᠶ᠋ᠢᠨ 1 ᠤ᠋ ᠡᠳᠦᠷ ᠪᠥᠬᠥ᠌ ᠱᠤᠭᠤᠮ᠎ᠢᠶᠠᠷ ᠨᠡᠪᠲᠡᠷᠡᠭᠦᠯᠬᠦ᠎ᠪᠡᠷ ᠲᠥᠯᠥᠪᠯᠡᠵᠦ᠍ ᠪᠠᠢᠭ᠎ᠠ ᠭᠤᠷᠪᠠᠳᠤᠭᠠᠷ ᠲᠣᠭᠣᠷᠢᠯ ᠵᠠᠮ᠎ᠤᠨ ᠲᠦᠷᠭᠡᠨ᠎ᠤ ᠵᠠᠰᠠᠮᠠᠯ ᠵᠠᠮ ᠬᠥᠬᠡᠬᠣᠲᠠ᠎ᠶ᠋ᠢᠨ 《ᠨᠢᠭᠡ ᠭᠤᠤᠯ ᠨᠢᠭᠡ ᠳᠡᠳ᠋》 ᠬᠣᠲᠠ ᠪᠠᠯᠭᠠᠰᠤᠨ᠎ᠤ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠪᠠᠢᠭᠤᠯᠬᠤ᠎ᠳᠤ ᠬᠦᠴᠦᠨ ᠨᠡᠮᠡᠷᠢᠯᠡᠵᠦ᠍᠂ ᠪᠠᠷᠠᠭᠤᠨᠰᠢ ᠢᠯᠢ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠥᠨᠳᠡᠶ᠎ᠶᠢᠨ ᠤᠷᠤᠨ ᠬᠡᠰᠡᠭ᠎ᠢ ᠨᠥᠯᠥᠭᠡᠯᠡᠨ ᠳᠠᠢᠴᠢᠯᠠᠵᠤ ᠂ ᠡᠮᠦᠨᠡᠰᠢᠬᠣᠷᠢᠨᠭᠡᠷ ᠱᠢᠨ᠎ᠡ ᠲᠣᠭᠣᠷᠢᠭ᠎ᠢ ᠨᠥᠯᠥᠭᠡᠯᠡᠨ ᠳᠠᠢᠴᠢᠯᠠᠵᠤ᠂ ᠵᠡᠭᠦᠨᠰᠢ ᠴᠠᠭᠠᠨ ᠰᠤᠪᠤᠷᠭ᠎ᠠ᠎ᠶ᠋ᠢᠨ ᠠᠮᠢ ᠠᠬᠤᠶ᠎ᠶ᠋ᠢᠨ ᠤᠷᠤᠰᠢᠨ ᠰᠠᠭᠤᠷᠢᠱᠢᠬᠤ᠎ᠳᠤ ᠲᠣᠬᠢᠷᠠᠮᠵᠢᠲᠠᠶ ᠬᠡᠰᠡᠭ ᠣᠷᠣᠨ᠎ᠢ ᠨᠥᠯᠥᠭᠡᠯᠡᠨ ᠳᠠᠢᠴᠢᠯᠠᠨ᠎ᠠ᠃
ᠭᠣᠣᠯ ᠲᠤᠭᠤᠷᠢᠭ᠎ᠤᠨ ᠨᠣᠭᠣᠭᠠᠷᠠᠭᠤᠯᠤᠯᠲᠠ᠎ᠶᠢᠨ ᠭᠠᠵᠠᠷ᠎ᠤᠨ ᠪᠠᠢᠷᠢᠱᠢᠯ᠎ᠢ ᠲᠡᠩᠴᠡᠭᠦᠷᠢᠲᠡᠢ ᠪᠠᠢᠯᠭᠠᠵᠤ᠂ ᠬᠠᠭᠤᠴᠢᠨ ᠬᠤᠲᠠ᠎ᠶ᠋ᠢᠨ ᠲᠣᠭᠣᠷᠢᠭ᠎ᠤᠨ ᠨᠣᠭᠣᠭᠠᠷᠠᠭᠤᠯᠤᠯᠲᠠ ᠬᠦᠷᠦᠯᠴᠡᠬᠦ᠌ ᠦᠭᠡᠢ ᠲᠤᠲᠠᠭᠤᠳᠠᠯᠢ ᠨᠥᠬᠥᠪᠥᠷᠢᠯᠡᠵᠦ᠍᠂ ᠬᠤᠲᠠ᠎ᠶ᠋ᠢᠨ ᠶᠠᠰᠤ ᠴᠢᠨᠠᠷ᠎ᠤᠨ ᠪᠠᠢᠭᠤᠯᠤᠯᠲᠠ᠎ᠵᠢ ᠴᠢᠨᠠᠭ᠍ᠰᠢᠳᠠ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠬᠥᠬᠡᠬᠣᠲᠠ 《ᠬᠤᠲᠠ᠎ᠶ᠋ᠢ ᠱᠢᠨᠡᠳᠭᠡᠬᠦ᠌》 ᠪᠠ 《ᠬᠤᠲᠠ᠎ᠶ᠋ᠢᠨ ᠬᠣᠣᠰ ᠵᠠᠰᠠᠯᠲᠠ》 ᠵᠢᠨ ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠪᠡ᠃ ᠡᠨᠡ ᠵᠢᠯ᠂ ᠣᠷᠣᠨ᠎ᠤ ᠲᠥᠪ᠎ᠦᠨ ᠠᠮᠢ ᠠᠬᠤᠶ᠎ᠶ᠋ᠢᠨ ᠴᠡᠴᠡᠷᠯᠢᠭ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠬᠢᠴᠠ᠎ᠲᠠᠶ ᠤᠶᠠᠯᠳᠤᠭᠤᠯᠤᠨ᠂ 300 ᠬᠠᠷᠮᠠᠨ ᠴᠡᠴᠡᠷᠯᠢᠭ᠂ ᠨᠡᠢᠭᠡᠮ ᠲᠣᠭᠣᠷᠢᠭ᠎ᠤᠨ ᠵᠢᠭᠤᠯᠴᠢᠯᠠᠯ᠎ᠤᠨ ᠬᠦᠷᠢᠶᠡᠯᠡᠩ᠎ᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠳᠡᠭᠡᠭ᠌ᠰᠢᠯᠡᠭᠦᠯᠬᠦ᠌᠎ᠪᠡᠷ ᠲᠥᠯᠥᠪᠯᠡᠵᠦ᠍ ᠪᠠᠢᠨ᠎ᠠ᠃
7 ᠰᠠᠷ᠎ᠠ᠎ᠶ᠋ᠢᠨ ᠬᠥᠬᠡᠬᠣᠲᠠ ᠬᠥᠬᠡᠮᠳᠦᠭ ᠠᠭᠤᠯᠠ ᠬᠦᠭᠡᠷᠡᠨ ᠤᠨᠢᠶᠠᠷᠳᠤᠵᠤ᠂ ᠲᠤᠩᠭᠠᠯᠠᠭ ᠤᠰᠤᠨ ᠮᠢᠷᠠᠯᠵᠠᠨ ᠲᠤᠯᠭᠢᠶᠠᠯᠠᠨᠠ᠃
ᠡᠨᠡ ᠵᠢᠯ᠎ᠤᠨ 5 ᠰᠠᠷ᠎ᠠ᠎ᠶ᠋ᠢᠨ 31 ᠤ᠋ ᠡᠳᠦᠷ ᠪᠣᠯᠲᠠᠯ᠎ᠠ᠂ ᠬᠥᠬᠡᠬᠣᠲᠠ᠎ᠶ᠋ᠢᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠱᠢᠯᠢᠳᠡᠭ ᠰᠠᠢᠨ ᠡᠳᠦᠷ᠎ᠦᠨ ᠲᠣᠭ᠎ᠠ 132 ᠡᠳᠦᠷ ᠬᠦᠷᠴᠦ᠍᠂ 2021 ᠣᠨ᠎ᠤ ᠠᠳᠠᠯᠢ ᠬᠤᠭᠤᠴᠠᠭᠠᠨ᠎ᠤ ᠱᠢᠯᠢᠳᠡᠭ ᠰᠠᠢᠨ ᠡᠳᠦᠷ᠎ᠦᠨ ᠲᠣᠭ᠎ᠠ᠎ᠡᠴᠡ ᠪᠠᠰᠠ 9 ᠡᠳᠦᠷ ᠨᠡᠮᠡᠭ᠌ᠳᠡᠪᠡ᠃
ᠬᠥᠬᠡ ᠣᠭ᠍ᠲᠠᠷᠭᠤᠶ ᠂ ᠬᠥᠬᠡᠮᠳᠦᠭ ᠤᠰᠤ ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠤ ᠳᠤᠮᠳᠠ᠂ ᠬᠥᠬᠡᠬᠣᠲᠠ《ᠠᠭᠠᠷ ᠮᠠᠨᠳᠠᠯ᠎ᠤᠨ ᠠᠷᠪᠠᠨ ᠵᠤᠷᠪᠤᠰ》᠎ᠢ᠋ ᠴᠢᠩᠭ᠎ᠠ ᠨᠠᠢᠳᠠᠪᠤᠷᠢᠵᠢᠭᠤᠯᠵᠤ᠂ 《ᠨᠡᠭᠦᠷᠡᠰᠦ᠎ᠶ᠋ᠢ ᠴᠠᠬᠢᠯᠭᠠᠨ ᠪᠣᠯᠭᠠᠨ ᠥᠭᠡᠷᠡᠴᠢᠯᠡᠬᠦ᠌》᠂ 《ᠨᠡᠭᠦᠷᠡᠰᠦ᠎ᠶ᠋ᠢ ᠱᠢᠲᠠᠮᠠᠬᠠᠶ ᠬᠡᠶ ᠪᠣᠯᠭᠠᠨ ᠥᠭᠡᠷᠡᠴᠢᠯᠡᠬᠦ᠌》 ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍ ᠂ ᠨᠢᠳᠤᠨᠤᠨ ᠵᠢᠯ ᠪᠣᠯᠲᠠᠯ᠎ᠠ 214 ᠲᠣᠰᠭᠣᠨ᠂ 13 ᠲᠦᠮᠡᠨ ᠡᠷᠦᠬᠡ᠎ᠶ᠋ᠢᠨ ᠨᠡᠭᠦᠷᠡᠰᠦ᠎ᠶ᠋ᠢ ᠰᠤᠯᠠ ᠱᠢᠲᠠᠭᠠᠬᠤ᠎ᠶ᠋ᠢ ᠶᠡᠷᠦᠩᠬᠡᠢᠯᠡᠨ ᠵᠠᠰᠠᠬᠤ ᠡᠭᠦᠷᠭᠡ᠎ᠶ᠋ᠢ ᠦᠨᠳᠦᠰᠦᠨ᠎ᠳᠡᠭᠡᠨ ᠪᠡᠶᠡᠯᠡᠭᠦᠯᠪᠡ; ᠪᠠᠢᠭᠤᠯᠤᠭ᠍ᠰᠠᠨ ᠲᠣᠭᠣᠷᠢᠭ᠎ᠤᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠦᠨᠳᠦᠰᠦᠨ᠎ᠳᠡᠭᠡᠨ ᠠᠷᠢᠯᠭᠠᠵᠤ᠂ ᠬᠣᠲᠠ᠎ᠶ᠋ᠢᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠰᠤᠷᠪᠤᠯᠵᠢ᠎ᠶ᠋ᠢᠨ ᠭᠠᠵᠠᠷ᠎ᠤᠨ ᠤᠰᠤᠨ᠎ᠤ ᠴᠢᠨᠠᠷ᠎ᠢ 100% ᠪᠠᠷ ᠲᠣᠭ᠍ᠲᠠᠭᠤᠨ᠎ᠢᠶᠠᠷ ᠪᠠᠷᠢᠮᠵᠢᠶ᠎ᠠ᠎ᠳᠤ ᠬᠦᠷᠭᠡᠪᠡ; 965 ᠵᠠᠰᠠᠭ ᠵᠠᠬᠢᠷᠭᠠᠨ᠎ᠤ ᠲᠣᠰᠭᠣᠨ ᠪᠠ ᠨᠡᠯᠢᠶᠡᠳ ᠶᠡᠬᠡ ᠪᠠᠢᠭᠠᠯᠢ ᠲᠣᠰᠭᠣᠨ᠎ᠤ ᠣᠷᠴᠢᠨ ᠲᠣᠭᠣᠷᠢᠨ᠎ᠢ ᠵᠠᠯᠭᠠᠯᠳᠤᠭᠤᠯᠤᠨ ᠴᠡᠭ᠌ᠴᠡᠯᠡᠨ ᠵᠠᠰᠠᠬᠤ᠎ᠶ᠋ᠢ ᠪᠡᠶᠡᠯᠡᠭᠦᠯᠪᠡ᠃ ᠣᠶ ᠱᠢᠭᠤᠶ᠎ᠶ᠋ᠢᠨ ᠪᠦᠷᠬᠦᠴᠡ 23% ᠳ᠋ᠤ ᠬᠦᠷᠴᠦ᠍ ᠂ ᠪᠠᠢᠭᠤᠯᠤᠭ᠍ᠰᠠᠨ ᠲᠣᠭᠣᠷᠢᠭ᠎ᠤᠨ ᠨᠣᠭᠣᠭᠠᠷᠠᠭᠤᠯᠤᠯᠲᠠ᠎ᠶ᠋ᠢᠨ ᠪᠦᠷᠬᠦᠴᠡ 40.1% ᠳ᠋ᠤ ᠬᠦᠷᠴᠦ᠍᠂ ᠬᠥᠮᠦᠨ ᠳᠤᠮᠳᠠᠴᠢ᠎ᠶ᠋ᠢᠨ ᠴᠡᠴᠡᠷᠯᠢᠭ᠎ᠤᠨ ᠨᠣᠭᠣᠭᠠᠷᠠᠭᠤᠯᠤᠯᠲᠠ ᠶ᠋ᠢᠨ ᠲᠠᠯᠠᠪᠠᠶ 18.72 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ 《2021 ᠳᠤᠮᠳᠠᠳᠤ ᠤᠯᠤᠰ᠎ᠤᠨ ᠠᠮᠢ ᠠᠬᠤᠶ᠎ᠶ᠋ᠢᠨ ᠥᠷᠢᠰᠥᠯᠳᠦᠬᠦ᠌ ᠬᠦᠴᠦᠨ᠎ᠢᠶᠡᠷ ᠬᠠᠮᠤᠭ᠎ᠤᠨ ᠴᠢᠩᠭ᠎ᠠ ᠬᠣᠲᠠ》᠎ᠶ᠋ᠢᠨ ᠢᠷᠠᠭᠤ ᠠᠯᠳᠠᠷ᠎ᠢ ᠭᠥᠷᠳᠡᠪᠡ᠃
ᠠᠵᠤ ᠦᠢᠯᠡᠰ ᠠᠮᠢᠵᠢᠷᠠᠯ᠎ᠤᠨ ᠬᠦᠴᠦᠨ᠎ᠢᠶᠡᠷ ᠪᠢᠯᠬᠠᠵᠤ ᠠᠷᠠᠳ᠎ᠤᠨ ᠠᠮᠢᠳᠤᠷᠠᠯ ᠶᠡᠬᠡ ᠪᠡᠷ ᠰᠠᠢᠵᠢᠷᠠᠪᠠ
ᠬᠥᠬᠡᠬᠣᠲᠠ 《ᠨᠢᠭᠡᠳᠦᠭᠡᠷ ᠠᠵᠤ ᠦᠢᠯᠡᠰ᠎ᠢ ᠨᠠᠷᠢᠯᠢᠭ᠍ᠵᠢᠭᠤᠯᠤᠨ ᠤᠨᠴᠠᠯᠢᠭᠵᠢᠭᠤᠯᠵᠤ᠂ ᠬᠣᠶᠠᠳᠤᠭᠠᠷ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠭᠤᠷᠪᠠᠳᠤᠭᠠᠷ ᠠᠵᠤ ᠦᠢᠯᠡᠰ᠎ᠢ ᠱᠢᠯᠢᠳᠡᠭ᠌ᠵᠢᠭᠦᠯᠦᠨ ᠰᠢᠨ᠎ᠡ ᠵᠢ ᠡᠭᠦᠳᠬᠦ》ᠵᠢ ᠪᠠᠷᠢᠮᠲᠠᠯᠠᠵᠤ᠂ ᠠᠵᠤ ᠦᠢᠯᠡᠰ᠎ᠦᠨ ᠪᠦᠲᠦᠴᠡ ᠲᠠᠰᠤᠷᠠᠯᠲᠠ ᠦᠭᠡᠢ ᠱᠢᠯᠢᠳᠡᠭ᠌ᠵᠢᠵᠦ᠍᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ ᠲᠦᠷᠭᠡᠨ ᠰᠣᠯᠢᠭ᠍ᠳᠠᠬᠤ᠎ᠶ᠋ᠢ ᠠᠬᠢᠭᠤᠯᠵᠤ᠂ ᠠᠵᠢᠯᠯᠠᠬᠤ᠎ᠳᠤ ᠲᠣᠬᠢᠷᠠᠮᠵᠢᠲᠠᠢ ᠬᠤᠲᠠ᠎ᠶ᠋ᠢ ᠪᠦᠬᠦ᠌ ᠬᠦᠴᠦ᠍᠎ᠪᠡᠷ᠎ᠢᠶᠡᠨ ᠴᠣᠭ᠍ᠴᠠᠯᠠᠪᠠ᠃
ᠡᠳᠦᠭᠡ ᠂ ᠬᠥᠬᠡᠬᠣᠲᠠ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠤᠯᠠᠮ ᠱᠢᠯᠢᠳᠡᠭ᠌ᠵᠢᠭᠦᠯᠦᠨ ᠨᠡᠢᠳᠭᠡᠵᠦ᠍᠂ ᠭᠣᠣᠯᠯᠠᠬᠤ ᠠᠵᠤ ᠦᠢᠯᠡᠰ᠎ᠦᠨ ᠬᠡᠪᠴᠢᠶᠡᠵᠢᠯ᠎ᠦᠨ ᠦᠢᠯᠡᠳᠦᠯ ᠠᠯᠬᠤᠮ ᠠᠯᠬᠤᠮ᠎ᠢᠶᠠᠷ ᠢᠯᠡᠷᠡᠵᠦ᠍᠂ ᠢᠯᠢ ᠤᠳᠤ ᠦᠶ᠎ᠡ᠎ᠶ᠋ᠢᠨ ᠤᠶᠤᠨᠴᠢ ᠡᠷᠡᠭᠦᠯ ᠮᠡᠨᠳᠦ᠍᠎ᠶ᠋ᠢᠨ ᠬᠦᠨᠳᠡᠢ᠂ ᠮᠸᠩ ᠨᠢᠤ ᠳᠤᠮᠳᠠᠳᠤ ᠤᠯᠤᠰ᠎ᠤᠨ ᠰᠦ ᠵᠢᠨ ᠦᠢᠯᠡᠰ᠎ᠦᠨ ᠠᠵᠤ ᠦᠢᠯᠡᠰ᠎ᠦᠨ ᠬᠦᠷᠢᠶᠡᠯᠡᠩ᠎ᠦᠨ ᠬᠣᠶᠠᠷ ᠶᠡᠬᠡ ᠪᠦᠬᠦ᠌ ᠬᠡᠯᠬᠢᠶ᠎ᠡ᠎ᠶ᠋ᠢ ᠲᠡᠰ ᠳᠡᠪᠱᠢᠭᠦᠯᠬᠦ᠌ ᠲᠦᠷᠦᠯ ᠵᠦᠢᠯ᠎ᠢ ᠬᠦᠴᠦᠲᠡᠢ ᠠᠬᠢᠭᠤᠯᠵᠤ᠂《ᠮᠢᠩᠭᠠᠨ ᠳ᠋ᠦᠩᠱᠢᠭᠤᠷ ᠳᠡᠰ᠎ᠤᠨ ᠰᠦ ᠵᠢᠨ ᠠᠵᠤ ᠦᠢᠯᠡᠰ᠎ᠦᠨ ᠬᠣᠶᠠᠷ ᠪᠦᠯᠦᠭᠵᠢᠯ 》 ᠲᠦᠷᠭᠡᠨ ᠪᠦᠷᠢᠯᠳᠦᠵᠦ᠍᠂ ᠣᠷᠣᠨ᠎ᠤ ᠲᠥᠪ ᠶᠠᠭ《ᠳᠤᠮᠳᠠᠳᠤ ᠤᠯᠤᠰ᠎ᠤᠨ ᠰᠦ ᠵᠢᠨ ᠬᠤᠲᠠ》᠎ᠡᠴᠡ《ᠳᠡᠯᠡᠬᠡᠢ᠎ᠶ᠋ᠢᠨ ᠰᠦ ᠵᠢᠨ ᠬᠤᠲᠠ》 ᠲᠡᠢᠰᠢ ᠢᠳᠡᠷᠡᠭᠦᠨ ᠠᠯᠬᠤᠭ᠎ᠠ ᠪᠡᠷ ᠤᠷᠤᠭ᠍ᠰᠢᠯᠠᠵᠤ ᠪᠤᠢ᠃
ᠡᠨᠡ ᠵᠢᠯ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠪᠠᠰᠠ 《ᠬᠥᠬᠡᠬᠣᠲᠠ᠎ᠶ᠋ᠢᠨ ᠴᠢᠳᠠᠪᠤᠷᠢᠲᠠᠨ᠎ᠢ ᠲᠠᠲᠠᠬᠤ ᠲᠥᠷᠥ᠎ᠶ᠋ᠢᠨ ᠪᠣᠳᠣᠯᠭ᠎ᠠ 10 ᠵᠤᠷᠪᠤᠰ》 ᠵᠢᠴᠢ ᠲᠡᠭᠦᠨ᠎ᠦ ᠢᠵᠢ ᠪᠥᠷᠢᠳᠦᠭ᠌ᠰᠡᠨ ᠬᠡᠷᠡᠭ᠌ᠵᠢᠭᠦᠯᠬᠦ᠌ ᠠᠷᠭ᠎ᠠ᠎ᠶ᠋ᠢ ᠨᠡᠢᠲᠡᠯᠡᠵᠦ᠍ ᠂ 《 ᠳ᠋ᠢᠩ ᠰᠢᠶᠠᠩ ᠰᠠᠭᠤᠷᠢᠰᠢᠭᠤᠯᠬᠤ ᠲᠥᠯᠥᠪᠯᠡᠭᠡ》 ᠶ᠋ᠢ ᠥᠷᠨᠢᠭᠦᠯᠵᠦ᠍᠂ 《 ᠭᠤᠷᠪᠠᠨ ᠵᠢᠯ᠎ᠳᠦ ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ᠌ ᠢᠨᠵᠧᠨᠧᠷᠢᠩ》᠎ᠢ᠋ ᠪᠡᠶᠡᠯᠡᠭᠦᠯᠬᠦ᠌᠎ᠶ᠋ᠢ ᠠᠬᠢᠭᠤᠯᠪᠠ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠬᠥᠬᠡᠬᠣᠲᠠ᠎ᠶ᠋ᠢᠨ ᠠᠷᠠᠳ᠎ᠤᠨ ᠠᠮᠢᠳᠤᠷᠠᠯ᠎ᠳᠠᠬᠢ ᠣᠷᠣᠭᠤᠯᠤᠯᠲᠠ ᠵᠢᠨ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠵᠠᠷᠤᠯᠭ᠎ᠠ᠎ᠳᠡᠬᠢ ᠡᠵᠡᠯᠡᠬᠦ ᠬᠠᠷᠢᠴᠡᠯ ᠢᠮᠠᠭ᠍ᠲᠠ 70% ᠪᠠᠢᠬᠤ ᠵᠢ ᠪᠠᠲᠤᠯᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠪᠥᠬᠥ᠌ ᠲᠠᠯ᠎ᠠ᠎ᠪᠠᠷ ᠢᠯᠠᠯᠲᠠ ᠣᠯᠵᠤ᠂ ᠰᠤᠷᠭᠠᠨ ᠬᠥᠮᠦᠵᠢᠯ᠎ᠦᠨ ᠡᠷᠬᠡ ᠲᠡᠭ᠌ᠰᠢ᠎ᠶ᠋ᠢ ᠲᠠᠰᠤᠷᠠᠯᠲᠠ ᠥᠬᠡᠶ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠪᠠ᠃
ᠴᠢᠨᠠᠷ ᠰᠠᠢᠲᠠᠶ《ᠰᠤᠷᠤᠯᠴᠠᠬᠤ᠎ᠳᠤ ᠲᠣᠬᠢᠷᠠᠮᠵᠢᠲᠠᠶ》ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠬᠥᠬᠡᠬᠣᠲᠠ ᠰᠤᠷᠭᠠᠨ ᠬᠥᠮᠦᠵᠢᠯ᠎ᠦᠨ ᠪᠠᠢᠷᠢᠱᠢᠯ᠎ᠢ ᠪᠥᠬᠥ᠌ ᠲᠠᠯ᠎ᠠ᠎ᠪᠠᠷ ᠲᠣᠬᠢᠷᠠᠭᠤᠯᠤᠨ ᠱᠢᠯᠢᠳᠡᠭ᠌ᠵᠢᠭᠦᠯᠵᠦ᠍᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠬᠠᠩᠭᠠᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠵᠦ᠂ ᠡᠨᠡ ᠵᠢᠯ ᠪᠠᠰᠠ ᠬᠥᠬᠡᠬᠣᠲᠠ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠷᠦ᠋ ᠢ ᠰᠤᠷᠭᠠᠭᠤᠯᠢ᠎ᠶ᠋ᠢᠨ ᠲᠣᠭᠣᠷᠢᠭ᠎ᠢ ᠥᠭᠡᠷᠡᠴᠢᠯᠡᠵᠦ ᠥᠷᠭᠡᠳᠭᠡᠨ ᠪᠠᠢᠭᠤᠯᠵᠦ᠂ 9 ᠰᠠᠷ᠎ᠠ᠎ᠳᠤ ᠰᠤᠷᠭᠠᠭᠤᠯᠢ ᠡᠬᠢᠯᠡᠬᠦ᠌ ᠦᠶ᠎ᠡ᠎ᠳᠦ ᠬᠣᠶᠠᠳᠤᠭᠠᠷ ᠳᠤᠮᠳᠠᠳᠤ ᠰᠤᠷᠭᠠᠭᠤᠯᠢ ᠵᠢᠨ ᠵᠡᠭᠦᠨ ᠪᠠᠷᠠᠭᠤᠨ ᠬᠣᠶᠠᠷ ᠰᠤᠷᠭᠠᠭᠤᠯᠢ ᠶ᠋ᠢᠨ ᠲᠣᠭᠣᠷᠢᠭ᠎ᠤᠨ ᠰᠤᠷᠤᠭ᠍ᠴᠢᠳ ᠴᠥᠮ ᠣᠢᠷ᠎ᠠ ᠬᠠᠪᠢ᠎ᠳᠠᠭᠠᠨ ᠰᠤᠷᠭᠠᠭᠤᠯᠢ᠎ᠳᠤ ᠣᠷᠣᠵᠤ ᠪᠣᠯᠬᠤ᠎ᠶ᠋ᠢᠨ ᠬᠠᠮᠲᠤ 33 ᠳᠤᠮᠳᠠᠳᠤ ᠪᠠᠭ᠎ᠠ ᠰᠤᠷᠭᠠᠭᠤᠯᠢ ᠂ 19 ᠬᠡᠦᠬᠡᠳ᠎ᠦᠨ ᠴᠡᠴᠡᠷᠯᠢᠭ᠎ᠢ ᠲᠥᠰᠦᠪᠯᠡᠨ ᠪᠠᠢᠭᠤᠯᠵᠤ᠂ 9.7 ᠲᠦᠮᠡᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠯᠭ᠎ᠠ ᠵᠢᠨ ᠤᠷᠤᠨ ᠪᠠᠢᠷᠢ᠂ 1.3 ᠲᠦᠮᠡᠨ ᠬᠡᠦᠬᠡᠳ᠎ᠦᠨ ᠴᠡᠴᠡᠷᠯᠢᠭ᠎ᠦᠨ ᠰᠤᠷᠤᠯᠭ᠎ᠠ ᠵᠢᠨ ᠤᠷᠤᠨ ᠪᠠᠢᠷᠢ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌ ᠪᠣᠯᠤᠨ᠎ᠠ᠃
ᠣᠢᠷ᠎ᠠ᠎ᠶ᠋ᠢᠨ ᠵᠢᠯ᠎ᠳᠦ᠂ ᠬᠥᠬᠡᠬᠣᠲᠠ ᠨᠡᠢᠲᠡ 40 ᠭᠠᠷᠤᠶ ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ᠂ ᠬᠣᠲᠠ᠎ᠶ᠋ᠢᠨ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶ᠎ᠠ᠂ ᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠂ ᠬᠣᠲᠠ᠎ᠶ᠋ᠢᠨ ᠠᠮᠠᠨ ᠬᠥᠨᠳᠡᠶ᠎ᠶ᠋ᠢᠨ ᠡᠮᠨᠡᠯᠭᠡ᠎ᠶ᠋ᠢᠨ ᠬᠣᠷᠢᠶ᠎ᠠ᠎ᠶ᠋ᠢ ᠵᠠᠯᠭᠠᠭ᠎ᠠ᠎ᠪᠠᠷ ᠱᠢᠨ᠎ᠡ᠎ᠪᠡᠷ ᠪᠠᠢᠭᠤᠯᠵᠤ᠂ ᠬᠣᠲᠠ᠎ᠶ᠋ᠢᠨ ᠬᠣᠶᠠᠳᠤᠭᠠᠷ ᠡᠮᠨᠡᠯᠭᠡ᠎ᠶ᠋ᠢᠨ ᠬᠣᠷᠢᠶ᠎ᠠ ᠂ ᠬᠣᠲᠠ᠎ᠶ᠋ᠢᠨ ᠠᠵᠢᠯ᠎ᠤᠨ ᠨᠥᠯᠥᠭᠡᠨᠦ ᠡᠪᠡᠳᠴᠢᠨ᠎ᠦ ᠡᠮᠨᠡᠯᠭᠡ᠎ᠶ᠋ᠢᠨ ᠬᠣᠷᠢᠶ᠎ᠠ᠎ᠶ᠋ᠢ ᠥᠭᠡᠷᠡᠴᠢᠯᠡᠵᠦ᠍ ᠥᠷᠭᠡᠳᠭᠡᠨ ᠪᠠᠢᠭᠤᠯᠪᠠ᠃ 10 ᠬᠣᠱᠢᠭᠤ ᠱᠢᠶᠠᠨ᠎ᠤ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠣᠷᠢᠶ᠎ᠠ᠂ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ᠎ᠶ᠋ᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠪᠠ᠃ 42 ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠂ 76 ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ 812 ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠵᠡᠷᠭᠡ ᠪᠡᠷ ᠪᠥᠲᠥᠭᠡᠨ ᠪᠠᠢᠭᠤᠯᠵᠤ᠂ ᠦᠨᠳᠦᠰᠦᠨ ᠱᠠᠲᠤᠨ᠎ᠤ ᠨᠠᠷᠠᠲᠤ ᠡᠮᠴᠢ᠎ᠶ᠋ᠢᠨ ᠠᠵᠢᠯᠯᠠᠬᠤ ᠲᠠᠰᠤᠭ᠎ᠢ ᠪᠦᠬᠦᠨ᠎ᠢ ᠪᠦᠷᠬᠦᠭᠦᠯᠪᠡ᠃
ᠡᠨᠡ ᠵᠢᠯ ᠂ ᠬᠥᠬᠡᠬᠣᠲᠠ ᠪᠠᠰᠠ 《 ᠨᠠᠰᠤᠵᠢᠯ᠎ᠤᠨ ᠠᠰᠠᠷᠠᠮᠵᠢ᠎ᠳᠤ ᠲᠣᠬᠢᠷᠠᠮᠵᠢᠲᠠᠶ 》 ᠬᠣᠲᠠ᠎ᠶ᠋ᠢ ᠪᠥᠲᠥᠭᠡᠨ ᠪᠠᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠎ᠢ ᠨᠡᠢᠲᠡᠯᠡᠵᠦ᠍᠂ ᠬᠥᠬᠡᠬᠣᠲᠠ ᠶ᠋ᠢ ᠤᠮᠠᠷᠠᠲᠤ ᠣᠷᠣᠨ᠎ᠤ ᠪᠡᠶ᠎ᠡ ᠰᠤᠪᠢᠯᠠᠬᠤ᠂ ᠪᠡᠶ᠎ᠡ ᠮᠠᠬᠠᠪᠤᠳ᠎ᠢᠶᠡᠨ ᠰᠠᠢᠵᠢᠷᠠᠭᠤᠯᠬᠤ᠂ ᠰᠡᠳᠭᠢᠯ᠎ᠢᠶᠡᠨ ᠵᠠᠰᠠᠬᠤ᠂ ᠦᠲᠡᠯᠦᠭᠡ ᠨᠠᠰᠤ ᠪᠡᠨ ᠦᠩᠭᠡᠷᠡᠭᠦᠯᠬᠦ᠎ᠳᠤ ᠲᠣᠬᠢᠷᠠᠮᠵᠢᠲᠠᠶ《ᠨᠠᠰᠤᠵᠢᠯ᠎ᠤᠨ ᠠᠰᠠᠷᠠᠮᠵᠢ᠎ᠳᠤ ᠲᠣᠬᠢᠷᠠᠮᠵᠢᠲᠠᠶ》 ᠬᠣᠲᠠ ᠪᠣᠯᠭᠠᠨ ᠪᠥᠲᠥᠭᠡᠨ ᠪᠠᠢᠭᠤᠯᠬᠤ᠎ᠪᠠᠷ ᠴᠢᠷᠮᠠᠢᠵᠤ᠂ ᠨᠠᠩ ᠣᠯᠠᠨ ᠬᠥᠮᠦᠰ᠎ᠤᠨ 《ᠦᠵᠡᠰᠭᠦᠯᠡᠩᠲᠦ ᠰᠠᠢᠬᠠᠨ ᠬᠥᠬᠡᠬᠣᠲᠠ᠂ ᠲᠠᠯ᠎ᠠ ᠨᠤᠲᠤᠭ᠎ᠤᠨ ᠲᠣᠮᠣ ᠬᠣᠲᠠ》 ᠳ᠋ᠤ ᠰᠠᠭᠤᠷᠢᠱᠢᠨ ᠡᠷᠡᠭᠦᠯ ᠮᠡᠨᠳᠦ᠎ᠪᠠᠷ ᠪᠡᠶ᠎ᠡ ᠪᠡᠨ ᠰᠤᠪᠢᠯᠠᠬᠤ ᠵᠢ ᠲᠠᠲᠠᠵᠤ ᠪᠠᠢᠨ᠎ᠠ᠃
ᠵᠢᠷᠤᠭ ᠮᠡᠲᠦ ᠭᠣᠶᠣᠬᠠᠨ ᠬᠥᠬᠡᠬᠣᠲᠠ ᠠᠯᠤᠰ ᠢᠷᠡᠭᠡᠳᠦᠶ ᠨᠢ ᠨᠠᠩ ᠬᠡᠭᠡᠨ ᠰᠠᠷᠠᠭᠤᠯ
ᠣᠷᠣᠨ᠎ᠤ ᠲᠥᠪ᠎ᠢᠶᠡᠨ ᠤᠮᠠᠷᠠᠰᠢ ᠪᠡᠨ ᠲᠠᠯ᠎ᠠ ᠨᠤᠲᠤᠭ ᠲᠠᠢ᠂ ᠪᠠᠷᠠᠭᠤᠨᠱᠢ ᠪᠡᠨ ᠡᠯᠡᠰᠦᠨ ᠴᠥᠯ ᠲᠠᠢ ᠵᠠᠯᠭᠠᠵᠦ᠂ ᠡᠮᠦᠨᠡᠰᠢ ᠪᠡᠨ ᠬᠠᠲᠤᠨ ᠭᠣᠣᠯ᠎ᠢ ᠰᠤᠨᠢᠷᠬᠠᠵᠤ᠂ ᠵᠡᠭᠦᠨᠰᠢ ᠪᠡᠨ ᠪᠡᠭᠡᠵᠢᠩ ᠲᠢᠶᠠᠨᠵᠢ᠎ᠨᠢ ᠪᠠᠷᠠᠯᠠᠬᠤ ᠵᠢᠭᠤᠯᠴᠢᠯᠠᠯ᠎ᠤᠨ ᠴᠢᠬᠤᠯᠠ ᠵᠤᠷᠢᠯᠳᠠᠳᠤ ᠭᠠᠵᠠᠷ᠂ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠨ ᠪᠦᠲᠦᠭᠡᠨ ᠪᠠᠢᠭᠤᠯᠬᠤ ᠪᠣᠯ ᠵᠢᠭᠤᠯᠴᠢᠯᠠᠬᠤ᠎ᠳᠤ ᠲᠣᠬᠢᠷᠠᠮᠵᠢᠲᠡᠢ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠮᠤᠭ᠎ᠤᠨ ᠡᠴᠦᠰ᠎ᠦᠨ ᠬᠠᠷᠠᠯᠲᠠ ᠪᠣᠯᠤᠨ᠎ᠠ᠃
ᠣᠢᠷ᠎ᠠ᠎ᠳᠤ᠂ ᠴᠢᠩ ᠱᠦᠶ ᠾᠧ ᠱᠢᠶᠠᠨ᠎ᠤ ᠦᠬᠡᠷ᠎ᠲᠤ ᠵᠢᠨ ᠲᠤᠬᠤᠢ ᠨᠡᠢᠲᠡ᠎ᠶ᠋ᠢᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ᠎ᠤᠨ ᠲᠥᠷᠥᠯ ᠵᠦᠶ᠋ᠯ ᠵᠢᠩᠬᠢᠨᠢ᠎ᠪᠡᠷ ᠡᠬᠢᠯᠡᠵᠦ᠍᠂ ᠴᠡᠯᠡᠭᠡᠷ ᠲᠠᠯ᠎ᠠ ᠳᠤ ᠪᠠᠢᠷᠢᠯᠠᠭ᠎ᠠ ᠬᠤᠸᠠ ᠢ ᠠᠬ᠎ᠠ ᠳᠡᠭᠦᠦ ᠴᠡᠯᠡᠭᠡᠷ ᠲᠠᠯ᠎ᠠ᠎ᠶ᠋ᠢᠨ ᠤᠳᠤᠨ ᠲᠢᠶᠠᠲ᠋ᠷ᠂ ᠮᠣᠷᠢᠨ ᠬᠤᠭᠤᠷ᠎ᠤᠨ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠶ᠋ᠯ ᠨᠢᠭᠡᠨᠲᠡ ᠠᠱᠢᠭ᠍ᠯᠠᠯᠲᠠ᠎ᠳᠤ ᠣᠷᠣᠪᠠ᠃
ᠮᠠ ᠽᠦᠩ ᠱᠠᠨ ᠠᠭᠤᠯᠠ᠎ᠶ᠋ᠢᠨ ᠴᠠᠨᠠᠯᠠᠬᠤ ᠲᠠᠯᠠᠪᠠᠢ᠎ᠶ᠋ᠢ ᠡᠬᠢᠯᠡᠨ ᠡᠵᠡᠩᠨᠡᠭᠰᠡᠨ ᠨᠢ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠱᠢᠨ᠎ᠡ ᠥᠷᠨᠢᠯᠲᠡ᠎ᠶ᠋ᠢ ᠪᠤᠢ ᠪᠣᠯᠭᠠᠵᠤ᠂ ᠶᠡᠬᠡ ᠲᠦᠷᠭᠡᠨ ᠭᠣᠣᠯ᠎ᠤᠨ ᠲᠡᠭᠦᠷᠭᠡ᠎ᠶ᠋ᠢᠨ ᠬᠡᠭᠡᠷ᠎ᠡ᠎ᠶ᠋ᠢᠨ ᠴᠡᠴᠡᠷᠯᠢᠭ᠎ᠦᠨ ᠱᠢᠰᠲ᠋ᠧᠮ᠎ᠦᠨ ᠪᠦᠲᠦᠭᠡᠨ ᠪᠠᠢᠭᠤᠯᠤᠯᠲᠠ ᠨᠢ ᠬᠥᠮᠦᠰ᠎ᠤᠨ ᠠᠮᠠᠷᠠᠨ ᠰᠡᠯᠡᠭᠦᠴᠡᠬᠦ᠌ᠳᠦ ᠰᠠᠢ᠌ᠨ ᠰᠠᠢᠬᠠᠨ ᠤᠷᠴᠢᠨ ᠲᠤᠭᠤᠷᠢᠨ ᠬᠠᠩᠭᠠᠪᠠ᠃
ᠡᠭᠦᠨ᠎ᠦ ᠬᠠᠮᠲᠤ᠂ ᠠᠯᠢ ᠡᠷᠲᠡ 《ᠲᠦᠷᠭᠡᠳᠬᠡᠬᠦ ᠳᠠᠷᠤᠪᠴᠢ》 ᠶ᠋ᠢ ᠳᠠᠷᠤᠭ᠍ᠰᠠᠨ ᠬᠥᠬᠡᠬᠣᠲᠠ ᠶ᠋ᠢᠨ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ᠂ ᠳᠥᠷᠪᠡᠨ ᠤᠯᠠᠷᠢᠯ᠎ᠤᠨ ᠵᠢᠭᠤᠯᠴᠢᠯᠠᠯ᠂ ᠬᠤᠪᠢᠰᠭᠠᠯᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠶ᠎ᠶ᠋ᠢᠨ ᠵᠢᠭᠤᠯᠴᠢᠯᠠᠯ ᠵᠡᠷᠭᠡ ᠵᠢᠭᠤᠯᠴᠢᠯᠠᠯ᠎ᠤᠨ ᠦᠶ᠋ᠯᠡᠰ᠎ᠦᠨ ᠡᠵᠡᠩᠨᠡᠯᠲᠡ ᠵᠢᠨ ᠬᠡᠯᠪᠡᠷᠢ ᠵᠢ ᠣᠯᠠᠨ ᠵᠢᠯ ᠲᠠᠰᠤᠷᠠᠯᠲᠠ ᠥᠬᠡᠶ ᠲᠡᠭᠦᠯᠳᠡᠷᠵᠢᠭᠦᠯᠬᠦ᠌᠎ᠪᠡᠷ ᠳᠡᠮᠵᠢᠨ᠂ ᠣᠲᠣ ᠶᠠᠭ 《ᠬᠤᠷᠳᠤᠴᠠ᠎ᠪᠠᠨ ᠲᠦᠷᠭᠡᠳᠭᠡᠵᠦ᠍》 ᠪᠠᠢᠨ᠎ᠠ ᠁
ᠠᠷᠠᠳ ᠲᠦᠮᠡᠨ᠎ᠢᠶᠡᠷ ᠭᠤᠤᠯ ᠪᠣᠯᠭᠠᠭ᠍ᠰᠠᠨ ᠬᠣᠲᠠ᠎ᠶ᠋ᠢᠨ ᠪᠥᠲᠥᠭᠡᠨ ᠪᠠᠢᠭᠤᠯᠤᠯᠲᠠ ᠶ᠋ᠢᠨ ᠲᠠᠰᠤᠷᠠᠯᠲᠠ ᠥᠬᠡᠶ ᠠᠭᠢᠬᠤ᠎ᠶ᠋ᠢ ᠳᠠᠭᠠᠯᠳᠤᠨ᠂ ᠬᠥᠬᠡᠬᠣᠲᠠ᠎ᠶ᠋ᠢᠨ ᠢᠷᠡᠭᠡᠳᠦᠢ ᠨᠠᠩ ᠰᠠᠢᠨ ᠰᠠᠢᠬᠠᠨ ᠪᠣᠯᠤᠨ᠎ᠠ ᠭᠡᠳᠡᠭ᠎ᠢ ᠪᠠᠲᠤ ᠢᠲᠡᠭᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃