2022-07-19 09:20:52
— ᠱᠢᠨ᠎ᠡ ᠡᠨᠧᠷᠭᠢ ᠱᠢᠨ᠎ᠡ ᠠᠵᠤ ᠦᠶ᠋ᠯᠡᠰ ᠢᠶᠡᠷ ᠣᠳᠣᠬᠢᠴᠢᠯᠠᠭ᠍ᠰᠠᠨ ᠱᠢᠨ᠎ᠡ ᠪᠤᠭᠤᠲᠤ᠎ᠶ᠋ᠢ ᠪᠥᠲᠥᠭᠡᠨ ᠪᠠᠢᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠶᠡᠬᠡ ᠠᠵᠤ ᠦᠢᠯᠡᠳᠪᠦᠷᠢ᠎ᠶ᠋ᠢᠨ ᠬᠤᠳᠠ ᠪᠣᠯᠤᠭ᠍ᠰᠠᠨ᠎ᠤ ᠬᠤᠪᠢ᠎ᠳᠤ᠂ ᠪᠤᠭᠤᠲᠤ ᠬᠤᠳᠠ ᠶᠡᠷᠦ᠍᠎ᠡᠴᠡ ᠠᠵᠤ ᠦᠢᠯᠡᠳᠪᠦᠷᠢ᠎ᠪᠡᠷ ᠬᠤᠳᠠ᠎ᠪᠠᠨ ᠪᠠᠢᠭᠤᠯᠵᠤ᠂ ᠠᠵᠤ ᠦᠢᠯᠡᠳᠪᠦᠷᠢ᠎ᠪᠡᠷ ᠬᠤᠳᠠ᠎ᠪᠠᠨ ᠮᠠᠨᠳᠤᠭᠤᠯᠵᠤ᠂ ᠠᠵᠤ ᠦᠢᠯᠡᠳᠪᠦᠷᠢ᠎ᠪᠡᠷ ᠬᠤᠳᠠ᠎ᠪᠠᠨ ᠪᠠᠶᠠᠵᠢᠭᠤᠯᠵᠤ᠂ ᠡᠨᠧᠷᠭᠢ᠎ᠶ᠋ᠢᠨ ᠬᠣᠷᠣᠭ᠍ᠳᠠᠯ᠎ᠢᠶᠠᠷ ᠶᠡᠬᠡ ᠬᠤᠲᠠ᠂ ᠨᠡᠭᠦᠷᠡᠰᠦᠲᠥ᠋ᠷᠥᠭ᠌ᠴᠢ᠎ᠶᠢᠨ ᠭᠠᠳᠠᠭ᠍ᠰᠢᠯᠠᠭᠤᠯᠤᠯᠲᠠ ᠶᠡᠬᠡ ᠬᠤᠲᠠ ᠪᠣᠯᠤᠭ᠍ᠰᠠᠭᠠᠷ ᠢᠷᠡᠵᠠᠢ᠂ ᠡᠨᠧᠷᠭᠢ᠎ᠶ᠋ᠢᠨ ᠬᠣᠷᠣᠭ᠍ᠳᠠᠯ ᠪᠣᠯᠤᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠬᠤ ᠨᠢ ᠳᠠᠷᠤᠢ ᠠᠵᠤ ᠠᠬᠤᠢᠯᠠᠯ᠂ ᠠᠵᠢᠯ ᠲᠦᠷᠦᠯ᠂ ᠬᠤᠳᠠ᠎ᠳᠤ ᠠᠪᠴᠤ᠌ ᠬᠡᠯᠡᠪᠡᠯ ᠴᠥᠮ ᠯᠤᠲᠤ ᠶᠡᠬᠡ ᠱᠢᠯᠭᠠᠯᠲᠠ᠂ ᠴᠢᠬᠤᠯᠠ ᠶᠡᠬᠡ ᠥᠷᠢᠰᠥᠯᠳᠦᠭᠡᠨ ᠪᠤᠯᠤᠨ᠎ᠠ᠃
ᠪᠤᠭᠤᠲᠤ ᠥᠷᠢᠰᠦᠯᠳᠦᠭᠡᠨ᠎ᠢ ᠤᠭ᠍ᠲᠤᠨ ᠠᠪᠤᠯ᠎ᠠ! ᠣᠲᠣ᠎ᠶ᠋ᠢᠨ ᠪᠤᠭᠤᠲᠤ ᠬᠣᠲᠠ ᠶᠠᠭ 《ᠰᠠᠯᠬᠢᠨ ᠬᠦᠴᠤ ᠬᠡᠷᠡᠯᠴᠢ ᠴᠡᠨᠡᠭ ᠴᠥᠮ᠎ᠠ ᠵᠢᠨ ᠡᠨ᠋ᠸᠷᠬᠢ ᠤᠰᠤᠲᠥ᠋ᠷᠥᠭ᠌ᠴᠢ ᠬᠡᠢ》 ᠵᠡᠷᠭᠡ ᠪᠣᠶ ᠪᠥᠬᠥᠶ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠵᠢ ᠪᠠᠭᠠᠰᠬᠠᠬᠤ ᠨᠡᠭᠦᠷᠡᠰᠦᠲᠥ᠋ᠷᠥᠭ᠌ᠴᠢ ᠦᠭᠡᠢᠲᠡᠭᠦᠯᠬᠦ ᠪᠠ ᠨᠡᠭᠦᠷᠡᠰᠦᠲᠥ᠋ᠷᠥᠭ᠌ᠴᠢ ᠥᠯᠦ ᠭᠠᠳᠠᠭᠰᠢᠯᠠᠭᠤᠯᠬᠤ ᠬᠠᠮᠢᠶ᠎ᠠ ᠪᠥᠬᠥᠶ ᠥᠷᠭᠡᠨ ᠳᠡᠯᠭᠡᠷ ᠬᠡᠷᠡᠭ᠌ᠯᠡᠭᠡᠨ᠎ᠦ ᠠᠬᠤᠶ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠠᠵᠤ ᠦᠶ᠋ᠯᠡᠰ᠎ᠢ ᠰᠦᠪᠡᠭ᠌ᠴᠢᠯᠡᠵᠦ᠍᠂ ᠲᠥᠷᠥᠯ ᠵᠦᠶ᠋ᠯ᠎ᠢ ᠠᠳᠭᠤᠵᠤ᠂ ᠲᠥᠷᠥ᠎ᠶ᠋ᠢᠨ ᠪᠣᠳᠣᠯᠭ᠎ᠠ ᠲᠣᠭ᠍ᠲᠠᠭᠠᠵᠤ᠂ ᠮᠡᠷᠭᠡᠵᠢᠯ ᠣᠷᠣᠭᠤᠯᠤᠨ ᠠᠪᠴᠢᠷᠠᠵᠦ ᠪᠠᠢᠨ᠎ᠠ᠃
ᠪᠤᠭᠤᠲᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠤᠳᠠ᠎ᠶ᠋ᠢ ᠪᠦᠳᠦᠭᠡᠨ ᠪᠠᠢᠭᠤᠯᠬᠤ ᠲᠠᠢ᠌ᠴᠢᠯᠠᠯᠳᠠ᠎ᠶ᠋ᠢᠨ ᠵᠠᠷᠯᠢᠭ᠎ᠢ ᠡᠷᠡᠰ ᠱᠢᠭᠤᠷᠬᠠᠢ ᠪᠠᠭᠤᠯᠭᠠᠪᠠ ᠄ 2023 ᠣᠨ ᠪᠣᠯᠬᠤ᠎ᠳᠤ ᠨᠡᠭᠦᠷᠡᠰᠦᠲᠥ᠋ᠷᠥᠭ᠌ᠴᠢ᠎ᠶᠢᠨ ᠭᠠᠳᠠᠭ᠍ᠰᠢᠯᠠᠭᠤᠯᠤᠯᠲᠠ᠎ᠶᠢᠨ ᠨᠡᠮᠡᠭ᠌ᠳᠡᠯ᠎ᠦᠨ ᠬᠠᠨᠳᠤᠰᠢ ᠵᠢ ᠤᠳᠠᠭᠠᠱᠢᠷᠠᠭᠤᠯᠵᠤ᠂ 2025 ᠣᠨ ᠪᠣᠯᠬᠤ᠎ᠳᠤ ᠮᠠᠨ᠎ᠤ ᠤᠯᠤᠰ᠎ᠤᠨ ᠤᠮᠠᠷᠠᠲᠤ ᠣᠷᠣᠨ᠂ ᠪᠠᠷᠠᠭᠤᠨ ᠣᠷᠣᠨ᠎ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠶ᠋ᠢ ᠬᠤᠪᠢᠷᠠᠭᠤᠯᠤᠭ᠍ᠰᠠᠨ ᠵᠢᠱ᠌ᠢᠢ᠎ᠡ ᠦᠵᠡᠭᠦᠯᠬᠦ᠌ ᠬᠤᠳᠠ ᠪᠣᠯᠭᠠᠵᠤ᠂ 2026 ᠣᠨ ᠪᠣᠯᠬᠤ᠎ᠳᠤ ᠠᠵᠤ ᠦᠢᠯᠡᠳᠪᠦᠷᠢ᠎ᠶ᠋ᠢᠨ ᠬᠦᠷᠢᠶᠡᠨ᠎ᠦ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠎ᠵᠢ ᠪᠡᠶᠡᠯᠡᠭᠦᠯᠵᠦ᠂ 2027 ᠣᠨ ᠪᠣᠯᠬᠤ᠎ᠳᠤ ᠪᠦᠬᠦ᠌ ᠬᠦᠷᠢᠶᠡᠨ᠎ᠦ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠎ᠵᠢ ᠪᠡᠶᠡᠯᠡᠭᠦᠯᠦᠨ᠎ᠡ᠃
《ᠬᠣᠶᠠᠷ ᠶᠡᠬᠡ ᠲᠠᠯ᠎ᠠ》 ᠶ᠋ᠢᠨ ᠵᠣᠭ᠍ᠰᠣᠴᠠ᠎ᠡᠴᠡ 《ᠤᠯᠤᠰ᠎ᠤᠨ ᠶᠡᠬᠡ ᠶᠠᠪᠤᠳᠠᠯ》 ᠢ᠋ ᠪᠣᠳᠣᠯᠬᠢᠯᠠᠵᠤ᠂ ᠪᠤᠭᠤᠲᠤ ᠬᠣᠲᠠ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠪᠡ᠃ ᠪᠦᠬᠦ᠌ ᠬᠣᠲᠠ ᠳᠠᠶᠠᠭᠠᠷ ᠬᠠᠮᠤᠭ᠎ᠤᠨ ᠶᠡᠬᠡ ᠬᠠᠯᠠᠭᠤᠨ ᠰᠡᠳᠭᠢᠯᠭᠡ᠎ᠪᠡᠷ ᠤᠷᠤᠯᠴᠠᠨ᠂ ᠬᠠᠮᠤᠭ᠎ᠤᠨ ᠶᠡᠬᠡ ᠤᠷᠮ᠎ᠡ ᠵᠤᠷᠢᠭ ᠵᠢᠡᠷ ᠤᠷᠤᠭᠤᠯᠤᠯᠳᠠ ᠬᠢᠵᠤ᠂ ᠬᠠᠮᠤᠭ᠎ᠤᠨ ᠶᠡᠬᠡ ᠡᠷᠡᠰ ᠵᠣᠷᠢᠭ ᠪᠠ ᠬᠠᠮᠤᠭ᠎ᠤᠨ ᠶᠡᠬᠡ ᠡᠷᠴᠢᠮ᠎ᠢᠶᠡᠷ ᠬᠥᠳᠡᠯᠦᠯᠴᠡᠵᠦ᠍᠂ ᠨᠢᠭᠡ ᠨᠢᠭᠡ ᠠᠯᠬᠤᠮ᠎ᠢᠶᠠᠷ ᠴᠢᠩᠭ᠎ᠠ ᠳᠠᠭᠠᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ᠂ ᠱᠢᠰᠲ᠋ᠧᠮ᠎ᠲᠡᠶ᠂ ᠭᠦᠨᠵᠡᠭᠡᠢ᠂ ᠯᠠᠪᠳᠠᠭᠤᠨ ᠪᠠᠲᠤᠲᠠᠢ ᠠᠬᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠡᠨᠧᠷᠭᠢ᠎ᠶ᠋ᠢᠨ ᠬᠤᠪᠢᠰᠭᠠᠯ᠎ᠤᠨ ᠳᠤᠮᠳᠠ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠢ ᠬᠦᠴᠦᠯᠡᠨ ᠬᠥᠭ᠌ᠵᠢᠭᠦᠯᠵᠦ᠍᠂ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠪᠦᠬᠦ᠌ ᠲᠠᠯ᠎ᠠ᠎ᠪᠠᠷ ᠬᠥᠭ᠌ᠵᠢᠭᠦᠯᠬᠦ᠌᠎ᠪᠡᠷ ᠴᠢᠷᠮᠠᠢᠵᠤ ᠪᠤᠢ᠃
ᠪᠤᠭᠤᠲᠤ᠎ᠶ᠋ᠢᠨ ᠰᠠᠯᠬᠢᠨ ᠬᠦᠴᠤ ᠭᠡᠷᠡᠯᠴᠢ ᠴᠡᠨᠡᠭᠤᠨᠡᠬᠢ ᠪᠠᠶᠠᠯᠢᠭ ᠡᠯᠪᠡᠭ ᠪᠠᠢᠵᠤ᠂ ᠨᠡᠭᠡᠭᠡᠨ ᠠᠱᠢᠭ᠍ᠯᠠᠵᠤ ᠪᠣᠯᠬᠤ ᠰᠠᠯᠬᠢᠨ ᠡᠨᠧᠷᠭᠢ᠎ᠶ᠋ᠢᠨ ᠬᠠᠳᠠᠭᠠᠯᠠᠭ᠍ᠳᠡᠴᠡ 3700 ᠲᠦᠮᠡᠨ ᠺᠢᠯᠦᠸᠠᠲ ᠪᠠᠢᠵᠤ᠂ ᠨᠡᠭᠡᠭᠡᠨ ᠠᠱᠢᠭ᠍ᠯᠠᠵᠤ ᠪᠣᠯᠬᠤ ᠭᠡᠷᠡᠯᠴᠢ ᠴᠡᠨᠡᠭ᠎ᠦᠨ ᠬᠠᠳᠠᠭᠠᠯᠠᠭ᠍ᠳᠡᠴᠡ 2800 ᠲᠦᠮᠡᠨ ᠺᠢᠯᠦᠸᠠᠲ ᠲᠸ᠋ ᠬᠥᠷᠥᠨᠠ᠃ ᠰᠠᠯᠬᠢᠨ ᠬᠦᠴᠤ ᠭᠡᠷᠡᠯᠴᠢ ᠴᠡᠨᠡᠭ ᠵᠡᠷᠭᠡ 《 ᠪᠤᠬᠢᠷᠲᠤᠯ ᠦᠭᠡᠢ ᠴᠠᠬᠢᠯᠭᠠᠨ》 ᠳ᠋ᠤ ᠲᠦᠱᠢᠭ᠌ᠯᠡᠨ 《 ᠪᠤᠬᠢᠷᠲᠤᠯ ᠦᠭᠡᠢ ᠤᠰᠤᠲᠥ᠋ᠷᠥᠭ᠌ᠴᠢ》 ᠵᠡᠷᠭᠡ ᠬᠣᠶᠠᠳᠠᠬᠢ ᠡᠨᠧᠷᠭᠢ᠎ᠶ᠋ᠢ ᠬᠥᠭ᠌ᠵᠢᠭᠦᠯᠬᠦ᠌ ᠲᠠᠯ᠎ᠠ᠎ᠪᠠᠷ ᠥᠪᠡᠷᠮᠢᠴᠡ ᠳᠠᠪᠠᠭᠤᠯᠢᠭ ᠲᠠᠯ᠎ᠠ᠎ᠲᠠᠶ ᠶᠤᠮ᠃ ᠪᠤᠭᠤᠲᠤ ᠨᠡᠯᠢᠶᠡᠳ ᠰᠠᠢᠨ ᠠᠵᠤ ᠦᠶ᠋ᠯᠡᠰ᠎ᠦᠨ ᠰᠠᠭᠤᠷᠢ᠎ᠲᠠᠶ ᠪᠠᠢᠵᠤ᠂ ᠲᠦᠭᠦᠬᠡᠶ ᠮᠠᠲ᠋ᠧᠷᠢᠶᠠᠯ᠎ᠤᠨ ᠬᠠᠩᠭᠠᠯᠭ᠎ᠠ ᠴᠤ᠌ ᠲᠡᠷᠡ᠂ ᠡᠴᠦᠰ᠎ᠦᠨ ᠦᠶ᠋ᠯᠡᠳᠬᠦᠨ᠎ᠦ ᠦᠶ᠋ᠯᠡᠳᠪᠦᠷᠢᠯᠡᠯ ᠴᠦ᠍ ᠲᠡᠷᠡ᠂ ᠴᠥᠮ ᠬᠠᠷᠢᠴᠠᠩᠭᠤᠶ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠲᠠᠶ ᠪᠠᠢᠳᠠᠭ᠃
ᠳᠠᠪᠠᠭᠤᠯᠢᠭ᠎ᠲᠠᠭᠠᠨ ᠰᠠᠭᠤᠷᠢᠯᠠᠵᠤ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠨ᠎ᠡ
ᠪᠤᠭᠤᠲᠤ 《ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠭᠡᠷᠡᠭᠲᠡᠢ》 ᠭᠡᠬᠦ ᠵᠢᠭᠠᠪᠤᠷᠢ᠎ᠶ᠋ᠢᠨ ᠱᠠᠭᠠᠷᠳᠠᠯᠭ᠎ᠠ ᠶᠣᠰᠣᠭᠠᠷ᠂ ᠣᠲᠣ ᠦᠶ᠎ᠡ᠎ᠶ᠋ᠢᠨ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠣᠶ᠃
ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ 《ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠦ᠋ᠷᠦᠭᠴᠢ᠎ᠵᠢ ᠰᠠᠭᠠᠷᠮᠠᠭᠵᠢᠭᠤᠯᠬᠤ ᠪᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠣᠲᠠ᠎ᠶ᠋ᠢ ᠲᠦᠷᠭᠡᠳᠭᠡᠨ ᠪᠠᠢᠭᠤᠯᠬᠤ᠎ᠶ᠋ᠢ ᠭᠦᠨᠵᠡᠭᠡᠶ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ 》᠎ᠢ᠋ ᠲᠣᠭ᠍ᠲᠠᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ ᠭᠤᠤᠯᠳᠠᠯᠭ᠎ᠠ᠎ᠲᠠᠶ ᠬᠦᠷᠢᠶ᠎ᠡ᠎ᠶ᠋ᠢᠨ ᠲᠣᠭᠣᠷᠢᠨ᠎ᠳᠤ 10 《 ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ 》᠎ᠶ᠋ᠢ ᠠᠩᠬ᠎ᠠ ᠠᠯᠬᠤᠮ ᠪᠦᠷᠢᠯᠳᠦᠭᠦᠯᠵᠦ᠍᠂ ᠪᠤᠭᠤᠲᠤ᠎ᠶ᠋ᠢ ᠡᠨᠧᠷᠭᠢ᠎ᠶ᠋ᠢᠨ ᠦᠶ᠋ᠯᠡᠳᠪᠦᠷᠢᠯᠡᠯ᠎ᠦᠨ ᠬᠤᠪᠢᠰᠤᠯᠲᠠ᠎ᠶ᠋ᠢᠨ ᠳᠠᠭᠠᠭᠤᠯᠤᠭ᠍ᠴᠢ᠂ ᠡᠨᠧᠷᠭᠢ᠎ᠶ᠋ᠢᠨ ᠬᠡᠷᠡᠭ᠌ᠯᠡᠭᠡᠨ᠎ᠦ ᠬᠤᠪᠢᠰᠤᠯᠲᠠ᠎ᠶ᠋ᠢᠨ ᠬᠣᠱᠢᠭᠤᠴᠢ᠂ ᠪᠣᠬᠢᠷᠲᠤᠯ ᠥᠬᠡᠶ ᠦᠶ᠋ᠯᠡᠳᠪᠦᠷᠢᠯᠡᠯ ᠦᠨ ᠠᠷᠭ᠎ᠠ ᠬᠡᠯᠪᠡᠷᠢ᠂ ᠪᠣᠬᠢᠷᠲᠤᠯ ᠥᠬᠡᠶ ᠠᠮᠢᠳᠤᠷᠠᠯ᠎ᠤᠨ ᠠᠷᠭ᠎ᠠ ᠬᠡᠯᠪᠡᠷᠢ᠎ᠶ᠋ᠢᠨ ᠢᠳᠡᠪᠬᠢᠲᠡᠶ ᠦᠶ᠋ᠯᠡᠳᠦᠯᠭᠡᠵᠢᠭᠦᠯᠦᠭ᠌ᠴᠢ ᠪᠣᠯᠭᠠᠬᠤ᠎ᠪᠠᠷ ᠴᠢᠷᠮᠠᠢᠪᠠ᠃
ᠪᠤᠭᠤᠲᠤ ᠬᠣᠲᠠ ᠬᠡᠳᠦᠢᠪᠡᠷ ᠣᠷᠣᠶ ᠡᠬᠢᠯᠡᠭ᠌ᠰᠡᠨ ᠪᠣᠯᠪᠠᠴᠤ᠌ ᠠᠵᠢᠯᠯᠠᠭ᠎ᠠ᠎ᠨᠢ ᠬᠠᠷᠢᠨ ᠲᠦᠷᠭᠡᠨ ᠪᠠᠢᠵᠤ᠂ ᠪᠥᠬᠥ᠌ ᠬᠣᠲᠠ ᠨᠢᠭᠡ ᠬᠥᠯᠭᠡ ᠱᠢᠲᠠᠷ᠎ᠠ ᠮᠡᠲᠦ ᠪᠠᠢᠵᠤ᠂ ᠬᠠᠮᠤᠭ᠎ᠤᠨ ᠲᠦᠷᠭᠡᠨ ᠬᠤᠷᠳᠤᠴᠠ᠂ ᠬᠠᠮᠤᠭ᠎ᠤᠨ ᠬᠦᠴᠦᠲᠡᠶ ᠠᠷᠭ᠎ᠠ ᠬᠡᠮᠵᠢᠶ᠎ᠡ᠎ᠪᠡᠷ ᠡᠨᠧᠷᠭᠢ ᠠᠷᠪᠢᠯᠠᠵᠤ ᠪᠣᠬᠢᠷᠲᠤᠯ᠎ᠤᠨ ᠭᠠᠳᠠᠭᠰᠢᠯᠠᠭᠤᠯᠤᠯᠳᠠ ᠵᠢ ᠪᠠᠭᠠᠰᠭᠠᠬᠤ ᠪᠠᠭ᠎ᠠ ᠨᠡᠭᠦᠷᠡᠰᠦᠲᠥ᠋ᠷᠥᠭ᠌ᠴᠢᠲᠦ ᠬᠠᠷᠠᠯᠲᠠ ᠳᠠᠢᠰᠢ ᠨᠢᠭᠡ ᠮᠥᠴᠡ ᠴᠦ᠍ ᠰᠠᠭᠠᠲᠠᠯ ᠥᠬᠡᠶ᠎ᠪᠡᠷ ᠬᠦᠴᠦᠯᠡᠨ ᠤᠷᠤᠭ᠍ᠰᠢᠯᠠᠵᠤ ᠪᠠᠢᠨ᠎ᠠ᠃
ᠪᠤᠭᠤᠲᠤ᠎ᠶ᠋ᠢᠨ《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠳᠦ᠂ 《 ᠳᠥᠷᠪᠡᠨ ᠰᠠᠭᠤᠷᠢᠨ ᠬᠣᠶᠠᠷ ᠲᠥᠪ ᠨᠢᠭᠡ ᠥᠨᠳᠥᠷᠯᠢᠭ ᠨᠢᠭᠡ ᠱᠢᠰᠲ᠋ᠧᠮ 》᠎ᠢ᠋ ᠪᠥᠲᠥᠭᠡᠨ ᠪᠠᠢᠭᠤᠯᠬᠤ᠎ᠶ᠋ᠢ ᠳᠣᠪᠣᠢᠯᠭᠠᠨᠠ᠃ ᠡᠭᠦᠨ᠎ᠳᠦ 《ᠳᠥᠷᠪᠡᠨ ᠰᠠᠭᠤᠷᠢᠨ》 ᠳ᠋ᠤ ᠪᠥᠬᠥ᠌ ᠤᠯᠤᠰ᠎ᠤᠨ ᠴᠢᠬᠤᠯᠠ ᠪᠤᠯᠬᠤ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠪᠠᠭ᠍ᠲᠠᠭᠠᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠡᠵᠡᠯᠡᠬᠦ᠌ ᠬᠠᠷᠢᠴᠠᠯ᠎ᠢ 56% ᠶ᠋ᠢ ᠳᠠᠪᠠᠭᠤᠯᠬᠤ᠎ᠪᠠᠷ ᠴᠢᠷᠮᠠᠢᠵᠤ᠂ ᠳᠠᠬᠢᠯᠲᠠ ᠡᠨᠧᠷᠭᠢ᠎ᠶ᠋ᠢ ᠪᠥᠬᠥ᠌ ᠨᠡᠢᠭᠡᠮ᠎ᠦᠨ ᠴᠠᠬᠢᠯᠭᠠᠨ ᠬᠦᠴᠦᠨ᠎ᠦ ᠬᠡᠷᠡᠭ᠌ᠯᠡᠭᠡᠨ᠎ᠦ ᠶᠡᠷᠦᠩᠬᠡᠶ ᠬᠡᠮᠵᠢᠶᠡᠨ᠎ᠦ 35% ᠡᠴᠡ ᠳᠡᠭᠡᠭ᠌ᠰᠢᠬᠢ᠎ᠶ᠋ᠢ ᠡᠵᠡᠯᠡᠭᠦᠯᠵᠦ᠍᠂ 1000 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠦᠶ᠋ᠯᠡᠳᠬᠦᠨ᠎ᠦ ᠥᠷᠲᠡᠭ᠎ᠢ ᠪᠡᠶᠡᠯᠡᠭᠦᠯᠦᠨ᠎ᠡ ᠭᠡᠵᠦ᠍ ᠳᠤᠷᠠᠳᠤᠨ ᠭᠠᠷᠭᠠᠪᠠ᠃
《ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠦ᠋ᠷᠦᠭᠴᠢ᠎ᠵᠢ ᠰᠠᠭᠠᠷᠮᠠᠭᠵᠢᠭᠤᠯᠬᠤ ᠠᠤᠭ᠎ᠠ ᠬᠠᠷᠠᠯᠲᠠ ᠳᠣᠣᠷᠠᠬᠢ ᠡᠨᠧᠷᠭᠢ᠎ᠶ᠋ᠢᠨ ᠬᠤᠪᠢᠰᠭᠠᠯ 》 ᠵᠢᠡᠷ ᠭᠣᠣᠯ ᠰᠡᠳᠦᠪ ᠪᠣᠯᠭᠠᠭ᠍ᠰᠠᠨ ᠠᠩᠬᠠᠳᠤᠭᠠᠷ ᠬᠤᠭᠤᠴᠠᠭᠠᠨ᠎ᠤ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ ᠪᠤᠭᠤᠲᠤ᠎ᠳᠤ ᠶᠠᠪᠤᠭ᠍ᠳᠠᠵᠤ᠂ 30 ᠵᠥᠪᠯᠡᠯᠴᠡᠭᠡᠷ᠎ᠦᠨ ᠶᠡᠷᠦᠩᠬᠡᠢ ᠪᠡᠯᠡ ᠣᠷᠣᠭᠤᠯᠤᠯᠲᠠ 683 ᠳ᠋ᠦᠩᠱᠢᠭᠤᠷ ᠲᠥᠭᠥᠷᠢᠭ ᠪᠤᠯᠬᠤ ᠤᠳᠤ ᠦᠶ᠎ᠡ᠎ᠶ᠋ᠢᠨ ᠡᠨᠧᠷᠭᠢ᠂ ᠡᠷᠬᠢᠯᠳᠡᠳᠤ ᠠᠵᠤ ᠠᠬᠤᠢ ᠵᠡᠷᠭᠡ ᠬᠦᠷᠢᠶᠡᠨ᠎ᠦ ᠲᠦᠷᠦᠯ ᠵᠦᠢᠯ ᠲᠤᠬᠠᠢ᠎ᠶ᠋ᠢᠨ ᠲᠠᠯᠠᠪᠠᠢ᠎ᠳᠤ ᠭᠡᠷ᠎ᠡ ᠲᠣᠭ᠍ᠲᠠᠵᠤ᠂ ᠪᠦᠬᠦ᠌ ᠤᠯᠤᠰ᠎ᠤᠨ ᠡᠨᠧᠷᠭᠢ᠎ᠶ᠋ᠢᠨ ᠬᠦᠷᠢᠶᠡᠨ᠎ᠦ ᠠᠺᠠᠳᠧᠮᠢᠴᠢ ᠲᠤᠰᠭᠠᠢ ᠮᠡᠷᠭᠡᠵᠢᠯᠲᠡᠨ᠂ ᠰᠤᠳᠤᠯᠭᠠᠨ᠎ᠤ ᠪᠠᠢᠭᠤᠯᠤᠮᠵᠢ ᠪᠣᠯᠤᠨ ᠱᠢᠨ᠎ᠡ ᠡᠨᠧᠷᠭᠢ᠎ᠶ᠋ᠢᠨ ᠲᠠᠭᠠᠭᠤᠯᠤᠬ᠍ᠴᠢ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠤᠭᠤᠲᠤ᠎ᠳᠤ ᠴᠤᠭ᠍ᠯᠠᠷᠠᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠪᠡ᠃
《ᠪᠤᠭᠤᠲᠤ ᠬᠤᠳᠠ᠎ᠶ᠋ᠢᠨ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠪᠠ ᠪᠣᠬᠢᠷᠲᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠳᠤ ᠬᠤᠳᠠ᠎ᠶ᠋ᠢ ᠲᠦᠷᠭᠡᠳᠭᠡᠨ ᠪᠦᠳᠦᠬᠡᠨ ᠪᠠᠢᠭᠤᠯᠬᠤ᠎ᠶ᠋ᠢ ᠭᠦᠨᠵᠡᠭᠡᠢ ᠠᠬᠢᠭᠤᠯᠬᠤ ᠳᠤᠬᠠᠢ ᠬᠡᠷᠡᠭ᠌ᠵᠢᠭᠦᠯᠬᠦ᠌ ᠲᠥᠰᠦᠯ》ᠪᠣᠯᠤᠨ 10 ᠲᠤᠰᠭᠠᠢ ᠠᠵᠢᠯᠯᠠᠭᠠᠨ᠎ᠤ ᠲᠥᠯᠥᠪᠯᠡᠭᠡ᠎ᠶ᠋ᠢ ᠳᠠᠷᠤᠮᠠᠯᠯᠠᠨ ᠲᠠᠷᠬᠠᠭᠠᠪᠠ᠃ ᠵᠠᠯᠭᠠᠭᠠᠳ᠂ 《ᠪᠤᠭᠤᠲᠤ ᠬᠤᠳᠠ᠎ᠶ᠋ᠢᠨ ᠠᠵᠤ ᠦᠢᠯᠡᠰ ᠪᠣᠯᠤᠨ ᠡᠨᠧᠷᠭᠢ᠎ᠶ᠋ᠢᠨ ᠪᠠᠭ᠎ᠠ ᠨᠡᠭᠦᠷᠡᠰᠦᠲᠥ᠋ᠷᠥᠭ᠌ᠴᠢᠳᠤ ᠪᠤᠯᠬᠤ ᠵᠢ ᠭᠦᠨᠵᠡᠭᠡᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ(2021— 2023 ᠣᠨ)》᠂ 《ᠪᠤᠭᠤᠲᠤ ᠬᠤᠳᠠ᠎ᠶ᠋ᠢᠨ ᠤᠯᠠᠮᠵᠢᠯᠠᠯᠲᠤ ᠠᠵᠤ ᠦᠢᠯᠡᠰ᠎ᠢ ᠳᠡᠭᠡᠳᠦ ᠲᠡᠰᠵᠢᠬᠦᠯᠬᠦ᠌ ᠠᠵᠢᠯᠯᠠᠭᠠᠨ᠎ᠤ ᠲᠥᠰᠦᠯ (2021—2023 ᠣᠨ) 》᠁ ᠠᠯᠢ ᠤᠯᠠᠨ《ᠪᠤᠬᠢᠷᠳᠤᠯ ᠦᠭᠡᠢ ᠵᠢ ᠬᠥᠭᠡᠭᠡᠴᠡᠯᠳᠦᠬᠦ᠌》ᠲᠦᠷᠦ᠍᠎ᠶ᠋ᠢᠨ ᠪᠤᠳᠤᠯᠭ᠎ᠠ᠎ᠶ᠋ᠢᠨ 《ᠨᠠᠷᠢᠯᠢᠬ᠍ᠵᠢᠭᠤᠯᠤᠭ᠍ᠰᠠᠨ ᠬᠡᠪ》᠎ᠨᠢ ᠬᠣᠢᠨ᠎ᠠ ᠬᠣᠢᠨ᠎ᠠ᠎ᠡᠴᠡ᠎ᠪᠠᠨ ᠨᠡᠢᠳᠡᠯᠡᠭᠳᠡᠪᠡ᠃
ᠪᠤᠭᠤᠲᠤ᠎ᠶ᠋ᠢᠨ ᠡᠭᠦᠯᠡᠨ ᠲᠠᠪᠴᠠᠩ ᠪᠠ ᠪᠤᠳᠠᠳᠤ ᠴᠤᠬᠴᠠ ᠵᠢᠨ ᠭᠡᠯᠪᠡᠷᠢ ᠵᠢᠨ 2021 ᠣᠨ᠎ᠤ ᠨᠠᠮᠤᠷ᠎ᠤᠨ ᠤᠯᠠᠷᠢᠯ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠲᠥᠪᠯᠡᠷᠡᠭᠦᠯᠦᠨ ᠭᠡᠷ᠎ᠡ ᠲᠣᠭ᠍ᠲᠠᠬᠤ ᠶᠡᠬᠡ ᠬᠤᠷᠠᠯ ᠵᠡᠷᠭᠡ᠎ᠪᠡᠷ ᠶᠠᠪᠤᠭ᠍ᠳᠠᠪᠠ᠃ ᠲᠣᠰ ᠤᠳᠠᠭᠠᠨ᠎ᠤ ᠶᠡᠬᠡ ᠬᠤᠷᠠᠯ᠎ᠳᠤ ᠲᠥᠪᠯᠡᠷᠡᠭᠦᠯᠦᠨ ᠭᠡᠷ᠎ᠡ ᠲᠣᠭ᠍ᠲᠠᠭ᠍ᠰᠠᠨ 45 ᠲᠥᠷᠥᠯ ᠵᠦᠶ᠋ᠯ᠎ᠨᠢ 14 ᠠᠵᠤ ᠦᠶ᠋ᠯᠡᠰ᠎ᠦᠨ ᠬᠦᠷᠢᠶ᠎ᠡ᠎ᠳᠦ ᠬᠣᠯᠪᠣᠭ᠍ᠳᠠᠵᠤ᠂ ᠭᠤᠤᠯᠳᠠᠭᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠦᠷᠢᠶ᠎ᠡ ᠪᠤᠯᠬᠤ ᠶᠤᠮ᠃
ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠪᠡᠷ ᠡᠨᠧᠷᠭᠢ ᠠᠷᠪᠢᠯᠠᠵᠤ ᠪᠣᠬᠢᠷᠲᠤᠯ᠎ᠤᠨ ᠭᠠᠳᠠᠬᠰᠢᠯᠠᠭᠤᠯᠤᠯᠳᠠ ᠵᠢ ᠪᠠᠭᠠᠰᠭᠠᠬᠤ ᠪᠣᠳᠠᠲᠤ ᠦᠷ᠎ᠡ ᠪᠦᠲᠦᠮᠵᠢ᠎ᠶ᠋ᠢ ᠠᠳᠭᠤᠨ᠎ᠠ
ᠪᠤᠭᠤᠲᠤ ᠬᠣᠲᠠ᠎ᠶ᠋ᠢᠨ᠎ᠬᠢᠨ ᠳᠠᠬᠢᠨᠲᠠ ᠨᠡᠭᠦᠷᠡᠰᠦᠲᠥ᠋ᠷᠥᠭ᠌ᠴᠢ᠎ᠶ᠋ᠢᠨ ᠬᠡᠮᠵᠢᠶ᠎ᠡ ᠵᠢ ᠪᠠᠭᠤᠷᠠᠭᠤᠯᠬᠤ᠎ᠪᠠᠷ ᠭᠤᠤᠯ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯ ᠪᠣᠯᠭᠠᠵᠤ᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢᠨ ᠬᠡᠮᠵᠢᠶ᠎ᠡ ᠵᠢ ᠪᠠᠭᠤᠷᠠᠭᠤᠯᠬᠤ᠎ᠶ᠋ᠢ ᠬᠠᠮᠵᠢᠯᠴᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ ᠤᠷᠭᠢᠯ ᠬᠡᠮᠵᠢᠭᠳᠡᠯ᠎ᠳᠤ ᠬᠦᠷᠬᠦ ᠬᠣᠱᠢᠭᠤᠴᠢ ᠬᠣᠲᠠ᠂ ᠵᠢᠱ᠌ᠢᠶᠡᠴᠢ ᠬᠣᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠳᠤᠷᠠᠳᠪᠠ᠃
ᠬᠦᠴᠦᠷᠬᠡᠭ ᠶᠡᠬᠡ ᠠᠵᠤ ᠦᠢᠯᠡᠰ᠎ᠦᠨ ᠰᠠᠭᠤᠷᠢ ᠪᠣᠯᠤᠨ ᠥᠷᠭᠡᠨ ᠠᠭᠤᠳᠠᠮ ᠬᠡᠷᠡᠭ᠌ᠯᠡᠭᠡᠨ᠎ᠦ ᠪᠠᠢᠳᠠᠯ᠎ᠳᠤ ᠲᠦᠱᠢᠭ᠌ᠯᠡᠨ᠂ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂ ᠪᠤᠭᠤᠲᠤ ᠬᠤᠳᠠ ᠡᠴᠦᠰ᠎ᠲᠡᠬᠡᠨ 11 ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠳ᠋ᠢᠶᠠᠨ ᠤ᠋ᠤᠢ ᠰᠣᠯᠢᠬᠤ ᠵᠠᠭ᠍ᠪᠤᠷ᠎ᠤᠨ ᠬᠡᠷᠡᠭ᠌ᠯᠡᠭᠡᠨ᠎ᠦ ᠲᠤᠷᠱᠢᠯᠲᠠ᠎ᠶ᠋ᠢᠨ ᠬᠤᠳᠠ᠎ᠶ᠋ᠢᠨ ᠡᠩᠨᠡᠭᠡᠨ᠎ᠳᠦ ᠣᠷᠣᠪᠠ᠃
— 《ᠨᠡᠮᠡᠬᠦ᠌ ᠠᠷᠭ᠎ᠠ》 ᠳᠡᠭᠡᠷ᠎ᠡ ᠬᠦᠴᠦ᠍ ᠣᠷᠣᠭᠤᠯᠪᠠ᠃ ᠲᠣᠨᠣᠭ ᠲᠥᠬᠥᠭᠡᠷᠦᠮᠵᠢ ᠦᠢᠯᠡᠳᠬᠦ᠌ ᠦᠢᠯᠡᠰ᠎ᠦᠨ ᠰᠠᠭᠤᠷᠢ ᠪᠠ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌ ᠠᠵᠤ ᠦᠢᠯᠡᠰ᠎ᠦᠨ ᠪᠠᠢᠷᠢᠱᠢᠭᠤᠯᠤᠯᠳᠠ᠎ᠵᠢ ᠲᠦᠷᠭᠡᠯᠡᠨ ᠲᠣᠬᠢᠷᠠᠭᠤᠯᠬᠤ ᠲᠣᠬᠢᠶᠠᠯ᠎ᠢ ᠵᠠᠪᠳᠤᠨ ᠠᠳᠭᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢ ᠶᠡᠭᠡ ᠪᠡᠷ ᠠᠬᠢᠭᠤᠯᠵᠤ᠂ ᠱᠤᠸᠠᠩ ᠯᠢᠶᠠᠩ ᠪᠦᠯᠦᠭ᠌ᠯᠡᠯ᠂ ᠱᠢᠨᠵᠢᠶᠠᠩ᠎ᠤᠨ ᠣᠨᠴᠠ ᠬᠦᠴᠦᠳᠡᠯ ᠥᠭᠡᠷᠡᠴᠢᠯᠡᠬᠦ᠌ ᠴᠠᠬᠢᠯᠭᠠᠨ ᠢᠨᠵᠧᠨᠧᠷᠢᠩ ᠵᠡᠷᠭᠡ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠱᠢᠨ᠎ᠡ ᠡᠨᠧᠷᠭᠢ᠎ᠶ᠋ᠢᠨ ᠳᠠᠭᠠᠭᠤᠯᠤᠬᠴᠢ ᠠᠵᠤ ᠠᠬᠤᠢᠯᠠᠯ ᠵᠠᠯᠭᠠᠭ᠎ᠠ᠎ᠪᠠᠷ ᠪᠤᠭᠤᠲᠤ᠎ᠳᠤ ᠨᠤᠲᠤᠭ᠍ᠰᠢᠯᠠ᠃
ᠬᠥᠨᠳᠡᠯᠡᠨ ᠲᠣᠭᠣᠷᠢᠭ᠎ᠤᠨ ᠪᠤᠭᠤᠲᠤ᠎ᠶ᠋ᠢᠨ ᠲᠡᠮᠦᠷᠯᠢᠭ᠎ᠢ ᠨᠠᠷᠢᠯᠢᠭ ᠡᠳ᠋ᠱᠢᠭᠦᠯᠬᠦ᠌ ᠬᠦᠷᠢᠶᠡᠯᠡᠩ ᠲᠣᠭᠣᠷᠢᠭ᠎ᠲᠤ ᠪᠠᠢᠭ᠎ᠠ ᠥᠪᠥᠷ ᠮᠣᠩᠭᠣᠯ᠎ᠤᠨ ᠲᠦᠩ ᠸᠧᠢ ᠬᠣᠶᠠᠳᠤᠭᠠᠷ ᠬᠤᠭᠤᠴᠠᠭᠠᠨ᠎ᠤ 5 ᠲᠦᠮᠡᠨ ᠲᠣᠨ᠎ᠤ ᠴᠡᠪᠡᠷᠴᠡ ᠰᠠᠢᠲᠠᠢ ᠲᠠᠯᠠᠰᠲᠤ ᠴᠠᠬᠢᠭᠤᠷ᠎ᠤᠨ ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ᠂ ᠲᠥᠬᠥᠭᠡᠷᠦᠮᠵᠢ᠎ᠶ᠋ᠢ ᠲᠤᠬᠢᠷᠠᠭᠤᠯᠤᠨ ᠲᠤᠷᠱᠢᠬᠤ ᠪᠠ ᠠᠱᠢᠭ᠍ᠯᠠᠯᠲᠠ᠎ᠳᠤ ᠣᠷᠣᠭᠤᠯᠬᠤ ᠡᠴᠡ ᠡᠮᠦᠨᠡᠬᠢ ᠪᠡᠯᠡᠳᠭᠡᠯ ᠠᠵᠢᠯ ᠢᠳᠡ ᠬᠦᠴᠦᠳᠠᠢ ᠶᠠᠪᠤᠬᠳᠠᠵᠤ᠂ ᠤᠳᠠᠯ ᠦᠭᠡᠢ ᠪᠠᠷᠢᠯᠭ᠎ᠠ ᠳᠠᠭᠤᠰᠴᠤ᠌ ᠠᠱᠢᠭ᠍ᠯᠠᠯᠲᠠ᠎ᠳᠤ ᠣᠷᠣᠭᠤᠯᠬᠤ᠎ᠪᠠᠷ ᠪᠤᠢ᠃ ᠲᠦᠩ ᠸᠧᠶ᠎ᠶ᠋ᠢᠨ ᠨᠢᠭᠡᠳᠦᠭᠡᠷ ᠬᠣᠶᠠᠳᠤᠭᠠᠷ ᠭᠤᠷᠪᠠᠳᠤᠭᠠᠷ ᠬᠤᠭᠤᠴᠠᠭᠠᠨ᠎ᠤ ᠲᠥᠷᠥᠯ ᠵᠦᠶ᠋ᠯ ᠪᠦᠬᠦᠨ ᠵᠢᠡᠷ ᠵᠢᠡᠨ ᠪᠠᠢᠭᠤᠯᠤᠭ᠍ᠳᠠᠭ᠍ᠰᠠᠨ᠎ᠤ ᠳᠠᠷᠠᠭ᠎ᠠ᠂ ᠵᠢᠯ᠎ᠦᠨ ᠦᠶ᠋ᠯᠡᠳᠬᠦᠨ᠎ᠦ ᠥᠷᠲᠡᠭ ᠨᠢ 300 ᠳ᠋ᠦᠩᠱᠢᠭᠤᠷ ᠲᠥᠭᠥᠷᠢᠭ᠎ᠢ ᠳᠠᠪᠠᠵᠤ᠂ ᠵᠢᠯ᠎ᠦᠨ ᠡᠭᠦᠳᠬᠦ ᠭᠠᠢᠯᠢ ᠨᠢ 30 ᠳ᠋ᠦᠩᠱᠢᠭᠤᠷ ᠲᠥᠭᠥᠷᠢᠭ ᠲᠸ᠋ ᠬᠦᠷᠬᠦ ᠪᠣᠯᠤᠨ᠎ᠠ᠃ ᠲᠦᠩ ᠸᠧᠶ ᠺᠣᠮᠫᠠᠨᠢ ᠪᠠᠰᠠ ᠮᠧᠶ ᠺᠧ ᠲᠠᠩ ᠲᠠᠯᠠᠰᠲᠤ ᠲᠠᠲᠠᠮᠠᠯ ᠱᠢᠳᠠᠮ᠂ ᠯᠧ ᠴᠧᠩ ᠳᠡᠭᠡᠳᠦ ᠴᠢᠳᠠᠪᠬᠢᠲᠤ ᠨᠡᠭᠦᠷᠡᠰᠦᠲᠥ᠋ᠷᠥᠭ᠌ᠴᠢ᠎ᠶ᠋ᠢᠨ ᠱᠢᠷᠬᠡᠭ᠌ᠯᠢᠭ᠎ᠦᠨ ᠨᠡᠢᠯᠡᠮᠡᠯ ᠮᠠᠲ᠋ᠧᠷᠢᠶᠠᠯ ᠵᠡᠷᠭᠡ ᠭᠤᠤᠯᠳᠠᠯᠭ᠎ᠠ᠎ᠲᠠᠶ ᠬᠡᠯᠬᠢᠶ᠎ᠡ ᠵᠢ ᠤᠷᠲᠤᠳᠭᠠᠭ᠍ᠰᠠᠨ ᠲᠥᠷᠥᠯ ᠵᠦᠶ᠋ᠯ᠎ᠢ ᠬᠠᠪᠰᠤᠷᠤᠨ ᠣᠷᠣᠭᠤᠯᠵᠤ᠂ 《ᠴᠠᠬᠢᠯᠭᠠᠨ ᠭᠠᠷᠭᠠᠬᠤ᠂ ᠴᠠᠬᠢᠯᠭᠠᠨ ᠬᠦᠷᠭᠡᠬᠦ᠌᠂ ᠡᠨᠧᠷᠭᠢ ᠬᠠᠳᠠᠭᠠᠯᠠᠬᠤ᠂ ᠡᠨᠧᠷᠭᠢ ᠱᠢᠩᠭᠡᠭᠡᠬᠦ᠌》 ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠡᠨᠧᠷᠭᠢ᠎ᠶ᠋ᠢᠨ ᠦᠶ᠋ᠯᠡᠳᠪᠦᠷᠢᠯᠡᠯ ᠬᠡᠷᠡᠭ᠌ᠯᠡᠭᠡᠨ᠎ᠦ ᠠᠮᠢ ᠠᠬᠤᠶ᠎ᠶ᠋ᠢᠨ ᠪᠠᠭ᠎ᠠ ᠨᠡᠭᠦᠷᠡᠰᠦᠲᠥ᠋ᠷᠥᠭ᠌ᠴᠢᠳᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠤᠨ ᠪᠠᠢᠭᠤᠯᠤᠯᠳᠠ ᠵᠢ ᠠᠬᠢᠭᠤᠯᠵᠤ ᠪᠠᠢᠨ᠎ᠠ᠃
5 ᠰᠠᠷ᠎ᠠ᠎ᠶ᠋ᠢᠨ 31 ᠤ᠋ ᠡᠳᠦᠷ᠂ ᠮᠢᠩ ᠶᠠᠩ ᠱᠢᠨ᠎ᠡ ᠡᠨᠧᠷᠭᠢ᠎ᠶ᠋ᠢᠨ ᠣᠶᠤᠨᠴᠢ ᠦᠶ᠋ᠯᠡᠳᠭᠡᠯ᠎ᠤᠨ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠲᠤᠬᠠᠶ᠎ᠶ᠋ᠢᠨ ᠲᠠᠯᠠᠪᠠᠶ᠎ᠳᠤ᠂ ᠱᠢᠨ᠎ᠡ ᠡᠨᠧᠷᠭᠢ᠎ᠶ᠋ᠢᠨ ᠬᠡᠲᠦ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠮᠠᠱᠢᠨ ᠵᠢᠴᠢ ᠵᠠᠩᠭᠢᠯᠠᠭ᠎ᠠ᠎ᠶ᠋ᠢᠨ ᠭᠤᠤᠯ ᠲᠣᠨᠣᠭ᠍ᠯᠠᠭᠠᠰᠤ ᠶ᠋ᠢᠨ ᠳᠡᠭᠡᠳᠦ ᠲᠠᠰ᠎ᠤᠨ ᠣᠶᠤᠨᠴᠢ ᠦᠶ᠋ᠯᠡᠳᠭᠡᠯ᠎ᠤᠨ ᠲᠥᠷᠥᠯ ᠵᠦᠶ᠋ᠯ᠎ᠦᠨ ᠪᠠᠷᠢᠯᠭ᠎ᠠ ᠡᠬᠢᠯᠡᠬᠦ᠌᠎ᠶ᠋ᠢ ᠳᠠᠭᠠᠯᠳᠤᠨ᠂ ᠲᠥᠷᠥᠯ ᠵᠦᠶ᠋ᠯ᠎ᠦᠨ ᠭᠤᠤᠯ ᠴᠣᠭ᠍ᠴᠠ᠎ᠶ᠋ᠢᠨ ᠢᠨᠵᠧᠨᠧᠷᠢᠩ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃ ᠲᠣᠰ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠣᠳᠣᠬᠠᠨ᠎ᠤ ᠤᠯᠤᠰ᠎ᠤᠨ ᠳᠣᠲᠣᠭᠠᠳᠤ ᠶ᠋ᠢᠨ ᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠪᠦᠬᠦᠯᠢ ᠮᠠᠱᠢᠨ ᠦᠶ᠋ᠯᠡᠳᠬᠦ᠌ ᠦᠶ᠋ᠯᠡᠳᠪᠦᠷᠢᠯᠡᠯ᠎ᠦᠨ ᠴᠢᠳᠠᠪᠤᠷᠢ᠎ᠪᠠᠷ ᠬᠠᠮᠤᠭ᠎ᠤᠨ ᠶᠡᠬᠡ᠂ ᠭᠤᠤᠯ ᠲᠣᠨᠣᠭ᠍ᠯᠠᠭᠠᠰᠤ᠎ᠶ᠋ᠢᠨ ᠲᠥᠪᠯᠡᠷᠡᠭ᠌ᠰᠡᠨ ᠬᠡᠮᠵᠢᠶ᠎ᠡ᠎ᠪᠡᠷ ᠬᠠᠮᠤᠭ᠎ᠤᠨ ᠥᠨᠳᠥᠷ᠂ ᠬᠠᠷᠢᠶ᠎ᠠ ᠣᠷᠣᠨᠴᠢᠯᠠᠭ᠍ᠰᠠᠨ ᠠᠵᠤ ᠦᠶ᠋ᠯᠡᠰ᠎ᠦᠨ ᠢᠵᠢ ᠪᠥᠷᠢᠳᠦᠭ᠌ᠰᠡᠨ᠎ᠢᠶᠡᠷ ᠬᠠᠮᠤᠭ᠎ᠤᠨ ᠪᠦᠷᠢᠨ ᠲᠡᠭᠦᠯᠳᠡᠷ᠂ ᠲᠠᠩ ᠮᠠᠱᠢᠨ᠎ᠤ ᠪᠠᠭ᠍ᠲᠠᠭᠠᠮᠵᠢ᠎ᠪᠠᠷ ᠬᠠᠮᠤᠭ᠎ᠤᠨ ᠶᠡᠬᠡ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ ᠭᠠᠵᠠᠷ ᠪᠣᠯᠬᠤ ᠪᠣᠯᠤᠨ᠎ᠠ᠃
6 ᠰᠠᠷ᠎ᠠ᠎ᠶ᠋ᠢᠨ 30 ᠤ᠋ ᠡᠳᠦᠷ᠂ ᠪᠤᠭᠤᠲᠤ ᠬᠣᠲᠠ᠎ᠶ᠋ᠢᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ ᠬᠢᠭᠡᠳ ᠲᠠᠬᠢᠯᠳᠠ ᠡᠨᠧᠷᠭᠢ᠎ᠶ᠋ᠢᠨ ᠨᠢᠭᠡ ᠴᠣᠭ᠍ᠴᠠᠵᠢᠭ᠍ᠰᠠᠨ ᠲᠥᠷᠥᠯ ᠵᠦᠶ᠋ᠯ ᠵᠢᠴᠢ 14 MW ᠲᠠᠷᠠᠬᠠᠶ ᠮᠠᠶᠢᠭ᠎ᠤᠨ ᠰᠠᠯᠬᠢᠨ ᠬᠦᠴᠦᠨ᠎ᠦ ᠴᠠᠬᠢᠯᠭᠠᠨ ᠬᠢᠭᠡᠳ ᠤᠰᠤᠲᠥ᠋ᠷᠥᠭ᠌ᠴᠢ ᠡᠨᠧᠷᠭᠢ᠎ᠶ᠋ᠢᠨ ᠲᠥᠷᠥᠯ ᠵᠦᠶ᠋ᠯ ᠡᠬᠢᠯᠡᠵᠦ᠍᠂ ᠮᠠᠨ᠎ᠤ ᠤᠯᠤᠰ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠳᠤ ᠠᠯᠤᠰ ᠬᠡᠲᠦ᠍᠎ᠶ᠋ᠢᠨ ᠨᠥᠯᠥᠭᠡ ᠦᠵᠡᠭᠦᠯᠪᠡ᠃
ᠱᠠᠩᠬᠠᠢ᠎ᠶ᠋ᠢᠨ ᠶᠤᠸᠠᠨ ᠵᠢᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠯᠸᠢ ᠢᠩᠭᠢᠵᠦ᠍ ᠦᠨᠡᠯᠡᠪᠡ᠄ ᠪᠤᠭᠤᠲᠤ ᠪᠣᠯ ᠣᠳᠣᠬᠠᠨ᠎ᠤ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠵᠢ ᠬᠠᠮᠤᠭ᠎ᠤᠨ ᠣᠷᠭᠢᠯᠤᠮ᠎ᠠ ᠰᠡᠳᠭᠢᠯᠭᠡ᠎ᠲᠡᠶ᠂ ᠬᠠᠮᠤᠭ᠎ᠤᠨ ᠪᠠᠢᠷᠢᠱᠢᠯ᠎ᠤᠨ ᠦᠨᠳᠦᠷᠴᠡ ᠲᠠᠢ ᠪᠡᠷ ᠬᠢᠵᠦ᠂ ᠠᠵᠢᠭ᠍ᠯᠠᠬᠤ ᠴᠢᠳᠠᠪᠤᠷᠢ᠎ᠪᠠᠷ ᠬᠠᠮᠤᠭ᠎ᠤᠨ ᠭᠦᠨ ᠬᠤᠳᠠ ᠪᠣᠯᠤᠨ᠎ᠠ᠃ ᠬᠡᠷᠪᠡ ᠡᠨᠡ ᠬᠦ᠌ ᠣᠯᠳᠠᠬᠤᠶ᠎ᠠ ᠪᠡᠷᠬᠡ ᠠᠵᠠ ᠲᠣᠬᠢᠶᠠᠯ᠎ᠢ ᠠᠮᠵᠢᠵᠤ ᠴᠢᠳᠠᠪᠠᠯ᠂ ᠯᠠᠪᠲᠠᠢ ᠱᠢᠨ᠎ᠡ ᠨᠢᠭᠡ ᠡᠭᠡᠯᠵᠢ᠎ᠶ᠋ᠢᠨ ᠪᠣᠬᠢᠷᠲᠤᠯ ᠦᠭᠡᠢ ᠡᠨᠧᠷᠭᠢ᠎ᠶ᠋ᠢᠨ ᠬᠤᠪᠢᠰᠭᠠᠯ᠎ᠤᠨ《ᠮᠠᠨᠴᠧᠰᠲ᠋ᠧᠷ》 ᠪᠤᠯᠵᠤ᠂ ᠱᠢᠨ᠎ᠡ ᠠᠵᠤ ᠦᠢᠯᠡᠳᠪᠦᠷᠢ ᠦᠳᠲᠡᠷ ᠲᠦᠷᠭᠡᠨ ᠲᠥᠪᠯᠡᠷᠡᠭ᠌ᠰᠡᠨ ᠬᠤᠳᠠ ᠪᠤᠯᠵᠤ ᠴᠢᠳᠠᠨ᠎ᠠ᠃
—《ᠬᠠᠰᠤᠬᠤ ᠠᠷᠭ᠎ᠠ》 ᠳᠡᠭᠡᠷ᠎ᠡ ᠦᠨᠡᠨ ᠬᠦ᠌ ᠬᠦᠴᠤ ᠪᠠᠨ ᠲᠠᠯᠪᠢᠪᠠ᠃ ᠭᠣᠣᠯᠳᠠᠯᠭ᠎ᠠ᠎ᠲᠠᠶ ᠡᠨᠧᠷᠭᠢ ᠬᠡᠷᠡᠭ᠌ᠯᠡᠬᠦ᠌ ᠠᠵᠤ ᠠᠬᠤᠢᠯᠠᠯ᠎ᠡᠴᠡ ᠭᠠᠷᠳᠠᠨ᠂ ᠬᠣᠴᠣᠷᠤᠩᠭᠤᠶ ᠦᠢᠯᠡᠳᠪᠦᠷᠢᠯᠡᠬᠦ᠌ ᠴᠢᠳᠠᠪᠤᠷᠢ᠎ᠶ᠋ᠢ ᠱᠢᠭ᠌ᠰᠢᠭ᠌ᠳᠡᠭᠦᠯᠵᠦ᠍᠂ ᠦᠯᠡᠭᠦᠳᠡᠵᠦ᠍ ᠪᠠᠢᠭ᠎ᠠ ᠦᠢᠯᠡᠳᠪᠦᠷᠢᠯᠡᠬᠦ᠌ ᠴᠢᠳᠠᠪᠤᠷᠢ᠎ᠶ᠋ᠢ ᠠᠷᠢᠯᠭᠠᠨ᠂ ᠥᠨᠳᠥᠷ ᠦᠷ᠎ᠡ ᠪᠦᠲᠦᠮᠵᠢᠲᠡᠶ ᠴᠠᠬᠢᠯᠭᠠᠨ ᠮᠠᠱᠢᠨ᠎ᠢᠶᠠᠷ ᠣᠷᠣᠯᠠᠭᠤᠯᠬᠤ᠂ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ᠎ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ ᠲᠣᠭᠠᠴᠢᠯᠠᠭ᠍ᠰᠠᠨ ᠥᠭᠡᠷᠡᠴᠢᠯᠡᠯᠲᠡ ᠵᠢᠴᠢ ᠠᠵᠤ ᠦᠢᠯᠡᠳᠪᠦᠷᠢ ᠶ᠋ᠢᠨ ᠴᠤᠪᠤᠷᠠᠯ᠎ᠢ ᠳᠠᠬᠢᠨ ᠱᠤᠭᠤᠬᠤ ᠵᠡᠷᠭᠡ᠎ᠶ᠋ᠢ ᠬᠡᠷᠡᠭ᠌ᠵᠢᠭᠦᠯᠵᠦ᠍᠂ ᠡᠨᠧᠷᠭᠢ ᠠᠷᠪᠢᠯᠠᠨ ᠪᠣᠬᠢᠷᠲᠤᠯ᠎ᠤᠨ ᠭᠠᠳᠠᠭᠰᠢᠯᠠᠭᠤᠯᠤᠯᠳᠠ ᠵᠢ ᠪᠠᠭᠠᠰᠭᠠᠬᠤ ᠠᠵᠢᠯ᠎ᠢ ᠪᠦᠬᠦ᠌ ᠲᠠᠯ᠎ᠠ᠎ᠪᠠᠷ᠂ ᠨᠠᠷᠢᠨ ᠨᠢᠮᠪᠠᠶ ᠠᠬᠢᠭᠤᠯᠪᠠ᠃
ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ 4 ᠰᠠᠶ᠎ᠠ ᠸᠠᠲ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠵᠢᠴᠢ ᠪᠷᠤᠮ᠎ᠲᠤ ᠯᠢᠲ᠋ᠢ ᠬᠥᠯᠳᠡᠭᠡᠬᠦ᠌ ᠱᠢᠰᠲ᠋ᠧᠮ ᠵᠢᠩᠬᠢᠨᠢ᠎ᠪᠡᠷ ᠠᠱᠢᠭ᠍ᠯᠠᠯᠲᠠ᠎ᠳᠤ ᠣᠷᠣᠵᠤ᠂ ᠢᠯᠴᠢ᠂ ᠴᠠᠬᠢᠯᠭᠠᠨ᠂ ᠬᠦᠢᠲᠡᠨ ᠭᠤᠷᠪᠠ᠎ᠶ᠋ᠢ ᠬᠠᠮᠲᠤᠷᠠᠭᠤᠯᠤᠨ ᠦᠢᠯᠡᠳᠪᠦᠷᠢᠯᠡᠬᠦ᠌᠎ᠶ᠋ᠢ ᠪᠡᠶᠡᠯᠡᠭᠦᠯᠪᠡ᠃ ᠭᠡᠮᠵᠢᠨ ᠪᠤᠳᠤᠭ᠍ᠰᠠᠨ᠎ᠢᠶᠠᠷ᠂ ᠲᠣᠰ ᠱᠢᠰᠲ᠋ᠧᠮ᠎ᠨᠢ ᠪᠥᠬᠥ᠌ ᠵᠢᠯ᠎ᠳᠦ ᠪᠠᠷᠤᠭ 18000 ᠲᠣᠨ ᠪᠠᠷᠢᠮᠵᠢᠶ᠎ᠠ ᠨᠡᠭᠦᠷᠡᠰᠦ ᠠᠷᠪᠢᠯᠠᠵᠤ᠂ ᠪᠠᠷᠤᠭ 5 ᠲᠦᠮᠡᠨ ᠲᠣᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ᠎ᠶ᠋ᠢ ᠪᠠᠭᠠᠰᠭᠠᠵᠤ᠂ 1600 ᠲᠦᠮᠡᠨ ᠲᠥᠭᠥᠷᠢᠭ᠎ᠦᠨ ᠦᠷ᠎ᠡ ᠠᠱᠢᠭ ᠡᠬᠦᠳᠬᠦ ᠪᠤᠯᠤᠨ᠎ᠠ᠃
6 ᠰᠠᠷ᠎ᠠ᠎ᠳᠤ᠂ ᠤᠯᠤᠰ᠎ᠤᠨ ᠳᠣᠲᠣᠭᠠᠳᠤ᠎ᠶ᠋ᠢᠨ ᠬᠠᠮᠤᠭ᠎ᠤᠨ ᠶᠡᠬᠡ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠤᠯᠤᠳ ᠲᠡᠮᠦᠷ᠎ᠦᠨ ᠠᠵᠢᠯ ᠲᠦᠷᠦᠯ᠎ᠦᠨ CCUS ᠨᠡᠭᠦᠷᠡᠰᠦᠲᠥ᠋ᠷᠥᠭ᠌ᠴᠢ᠎ᠶ᠋ᠢ ᠣᠯᠵᠠᠯᠠᠬᠤ᠂ ᠠᠱᠢᠭ᠍ᠯᠠᠬᠤ ᠪᠠ ᠪᠢᠲᠡᠭᠦᠮᠵᠢᠯᠡᠨ ᠬᠠᠳᠠᠭᠠᠯᠠᠬᠤ ᠮᠡᠷᠭᠡᠵᠢᠯ᠎ᠦᠨ ᠪᠦᠬᠦ᠌ ᠶᠠᠪᠤᠴᠠ᠎ᠶ᠋ᠢ ᠨᠢᠭᠡ ᠴᠤᠬ᠍ᠴᠠᠵᠢᠭᠤᠯᠬᠤ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠳᠦ ᠪᠠᠷᠢᠯᠭ᠎ᠠ ᠡᠬᠢᠯᠡᠪᠡ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ ᠪᠦᠷᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ 36.53 ᠲᠦᠮᠡᠨ ᠲᠣᠨ ᠪᠠᠭᠠᠰᠭᠠᠵᠤ᠂ ᠪᠠᠷᠤᠭ 1900 ᠲᠦᠮᠡᠨ ᠰᠠᠭᠤᠷᠢ ᠮᠣᠳᠣ ᠲᠠᠷᠢᠭ᠍ᠰᠠᠨ᠎ᠲᠠᠶ ᠲᠡᠩᠴᠡᠨ᠎ᠡ᠃
ᠪᠤᠭᠤᠲᠤ᠎ᠶ᠋ᠢᠨ ᠬᠥᠩᠭᠡᠨᠴᠠᠭᠠᠨ᠎ᠤ ᠺᠤᠮᠫᠠᠨᠢ ᠵᠢᠨ ᠨᠢᠭᠡ ᠯᠡ ᠲᠡᠭᠡᠷ᠎ᠠ 4.11 ᠳ᠋ᠦᠩᠱᠢᠭᠤᠷ ᠲᠥᠭᠥᠷᠢᠭ ᠪᠡᠯᠡ ᠣᠷᠣᠭᠤᠯᠤᠬᠰᠠᠨ ᠴᠠᠬᠢᠯᠭᠠᠨ᠎ᠢᠶᠠᠷ ᠵᠠᠳᠠᠯᠬᠤ ᠤᠲᠤᠭ᠎ᠠ ᠤᠨᠢᠶᠠᠷ᠎ᠤᠨ ᠬᠦᠬᠦᠷ ᠥᠬᠡᠢᠳᠡᠭᠦᠯᠬᠦ᠌ ᠥᠭᠡᠷᠡᠴᠢᠯᠡᠯᠲᠡ᠎ᠶ᠋ᠢᠨ 14 ᠲᠥᠷᠥᠯ ᠵᠦᠢᠯ᠎ᠢ ᠪᠦᠬᠦᠨ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠵᠢᠯ ᠪᠦᠷᠢ 7500 ᠲᠣᠨ ᠨᠡᠬᠦᠷᠡᠰᠦᠳᠦ᠋ᠷᠦᠭᠴᠢ ᠵᠢᠨ ᠳᠠᠪᠬᠤᠷ ᠢᠰᠦᠯ᠂ 600 ᠭᠠᠷᠤᠶ ᠲᠣᠨ ᠠᠽᠣᠲ ᠤ᠋ᠨ ᠢᠰᠦᠯ᠂ 400 ᠭᠠᠷᠤᠶ ᠲᠣᠨ ᠤᠲᠤᠭ᠎ᠠ ᠲᠣᠭᠣᠰᠣ ᠭᠠᠳᠠᠭ᠍ᠰᠢᠯᠠᠭᠤᠯᠬᠤ᠎ᠶ᠋ᠢ ᠪᠠᠭᠠᠰᠬᠠᠬᠤ ᠪᠤᠯᠤᠨ᠎ᠠ ᠃
— ᠥᠭᠡᠷᠡᠴᠢᠯᠡᠬᠦ᠌ ᠳᠡᠭᠡᠷ᠎ᠡ ᠬᠦᠴᠦ᠍ ᠪᠠᠨ ᠲᠠᠯᠪᠢᠪᠠ᠃ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠳᠠᠬᠢᠯᠲᠠ ᠡᠨᠧᠷᠭᠢ᠎ᠶ᠋ᠢ ᠤᠷᠤᠯᠠᠭᠤᠯᠬᠤ ᠠᠵᠢᠯ᠎ᠢ ᠲᠣᠪᠣᠢᠮ᠎ᠠ ᠰᠠᠢᠲᠤᠷ ᠬᠢᠪᠠ᠃
ᠪᠤᠭᠤᠲᠤ᠎ᠶ᠋ᠢᠨ ᠪᠣᠯᠣᠳ ᠲᠡᠮᠦᠷ᠎ᠦᠨ ᠨᠢᠮᠭᠡᠨ ᠬᠠᠪᠲᠠᠰᠤᠨ᠎ᠤ ᠦᠶ᠋ᠯᠡᠳᠪᠦᠷᠢ᠎ᠶ᠋ᠢᠨ ᠴᠠᠬᠢᠭᠤᠷ ᠪᠣᠯᠣᠳ᠎ᠤᠨ ᠦᠶ᠋ᠯᠡᠳᠪᠦᠷᠢ᠎ᠶ᠋ᠢᠨ 1.8 ᠲᠦᠮᠡᠨ ᠲᠡᠭ᠌ᠰᠢ ᠳᠥᠷᠪᠡᠯᠵᠢᠨ ᠮᠧᠲ᠋ᠷ ᠱᠢᠬᠠᠮ ᠬᠡᠷ᠎ᠦᠨ ᠣᠷᠣᠶ ᠳᠡᠭᠡᠷ᠎ᠡ᠂ 6 ᠰᠠᠶ᠎ᠠ ᠸᠠᠲ ᠴᠠᠬᠢᠯᠭᠠᠨ ᠭᠠᠷᠭᠠᠬᠤ ᠨᠡᠷᠡᠨ᠎ᠦ ᠡᠨᠧᠷᠭᠢ᠎ᠶ᠋ᠢᠨ ᠬᠡᠷᠡᠯ ᠬᠠᠪᠲᠠᠰᠤ᠎ᠶ᠋ᠢ ᠲᠡᠷᠢ ᠲᠡᠭ᠌ᠰᠢ ᠡᠮᠬᠢ ᠵᠢᠷᠤᠮ᠎ᠲᠠᠶ ᠵᠢᠭ᠍ᠰᠠᠭᠠᠵᠤ᠂ ᠰᠤᠯᠠ ᠪᠠᠢᠭ᠎ᠠ ᠬᠡᠷ᠎ᠦᠨ ᠣᠷᠣᠶ ᠨᠢ 《ᠪᠣᠬᠢᠷᠲᠤᠯ ᠥᠬᠡᠶ ᠡᠷᠳᠡᠨᠢ ᠵᠢᠨ ᠰᠠᠪᠠ》 ᠪᠣᠯᠵᠣ ᠬᠤᠪᠢᠷᠠᠪᠠ᠃
ᠠᠵᠤ ᠦᠶ᠋ᠯᠡᠳᠪᠦᠷᠢ᠎ᠶ᠋ᠢᠨ ᠬᠦᠷᠢᠶ᠎ᠡ᠎ᠳᠤ ᠪᠣᠯᠣᠳ ᠲᠡᠮᠦᠷ᠂ ᠬᠥᠩᠭᠡᠨ ᠴᠠᠭᠠᠨ᠎ᠤ ᠦᠶ᠋ᠯᠡᠰ᠂ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠠᠵᠢᠯ ᠲᠥᠷᠥᠯ᠎ᠳᠦ 《ᠪᠣᠬᠢᠷᠲᠤᠯ ᠥᠬᠡᠶ ᠴᠠᠬᠢᠯᠭᠠᠨ》 ᠵᠢᠴᠢ ᠤᠰᠤᠲᠥ᠋ᠷᠥᠭ᠌ᠴᠢ ᠡᠨᠧᠷᠭᠢ ᠪᠡᠷ ᠣᠷᠣᠯᠠᠭᠤᠯᠬᠤ᠎ᠶ᠋ᠢ ᠠᠬᠢᠭᠤᠯᠵᠤ᠂ 2026 ᠣᠨ᠎ᠤ ᠰᠡᠭᠦᠯᠴᠢ ᠪᠣᠯᠬᠤ᠎ᠳᠤ ᠠᠵᠤ ᠦᠶ᠋ᠯᠡᠳᠪᠦᠷᠢ᠎ᠶ᠋ᠢᠨ ᠶᠡᠷᠦᠩᠬᠡᠶ ᠡᠨᠧᠷᠭᠢ᠎ᠶ᠋ᠢᠨ ᠬᠡᠷᠡᠭ᠌ᠯᠡᠭᠡᠨ᠎ᠳᠦ ᠡᠵᠡᠯᠡᠬᠦ᠌ ᠱᠢᠨ᠎ᠡ ᠡᠨᠧᠷᠭᠢ᠎ᠶ᠋ᠢᠨ ᠬᠤᠪᠢ᠎ᠶ᠋ᠢᠨ ᠵᠢᠩ᠎ᠢ 25% ᠡᠴᠡ ᠳᠡᠭᠡᠭ᠌ᠰᠢ ᠪᠤᠯᠭᠠᠵᠤ᠂ ᠠᠵᠤ ᠦᠶ᠋ᠯᠡᠳᠪᠦᠷᠢ ᠶ᠋ᠢᠨ ᠬᠦᠷᠢᠶ᠎ᠡ᠎ᠳᠤ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠣᠷᠭᠢᠯᠬᠡᠮᠵᠢᠭᠳᠡᠯ ᠳ᠋ᠤ ᠬᠦᠷᠭᠡᠬᠦ᠌᠎ᠶ᠋ᠢ ᠪᠡᠶᠡᠯᠡᠭᠦᠯᠦᠨ᠎ᠡ᠃
ᠵᠠᠮ ᠬᠠᠷᠢᠯᠴᠠᠭ᠎ᠠ᠎ᠶ᠋ᠢᠨ ᠬᠦᠷᠢᠶ᠎ᠡ᠎ᠳᠤ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠲᠣᠰᠣ᠎ᠪᠠᠷ ᠬᠥᠳᠡᠯᠭᠡᠭᠦᠷ ᠪᠣᠯᠭᠠᠵᠤ ᠪᠠᠢᠭ᠍ᠰᠠᠨ᠎ᠡᠴᠡ ᠴᠠᠬᠢᠯᠭᠠᠨ (ᠤᠰᠤᠲᠥ᠋ᠷᠥᠭ᠌ᠴᠢ) ᠵᠢᠨᠷ ᠬᠥᠳᠡᠯᠭᠡᠭᠦᠷ ᠪᠣᠯᠭᠠᠬᠤ ᠳᠠᠢᠰᠢ ᠬᠤᠪᠢᠷᠠᠭᠤᠯᠬᠤ᠎ᠶ᠋ᠢ ᠪᠡᠶᠡᠯᠡᠭᠦᠯᠦᠨ᠎ᠡ᠃
ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶ᠎ᠡ᠎ᠳᠤ ᠪᠥᠬᠥ᠌ ᠬᠣᠲᠠ᠎ᠶ᠋ᠢᠨ ᠱᠢᠨ᠎ᠡ᠎ᠪᠡᠷ ᠪᠠᠢᠭᠤᠯᠬᠤ ᠪᠠᠷᠢᠯᠭ᠎ᠠ᠎ᠳᠤ ᠪᠣᠬᠢᠷᠲᠤᠯ ᠥᠬᠡᠶ ᠪᠠᠷᠢᠯᠭ᠎ᠠ᠎ᠶ᠋ᠢᠨ ᠪᠠᠷᠢᠮᠵᠢᠶ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 2023 ᠣᠨ ᠪᠣᠯᠬᠤ᠎ᠳᠤ ᠬᠣᠲᠠ᠎ᠶ᠋ᠢᠨ ᠪᠠᠢᠭᠤᠯᠤᠭ᠍ᠰᠠᠨ ᠲᠣᠭᠣᠷᠢᠭ᠂ ᠱᠢᠶᠠᠨ᠎ᠤ ᠲᠦᠪ ᠪᠠ ᠬᠣᠲᠠ ᠬᠥᠳᠡᠭᠡ᠎ᠶ᠋ᠢᠨ ᠠᠭᠤᠯᠵᠠᠷ ᠬᠡᠰᠡᠭ᠎ᠦᠨ ᠴᠡᠪᠡᠷ ᠳᠤᠯᠠᠭᠠᠯᠠᠭ᠎ᠠ᠎ᠶ᠋ᠢᠨ ᠨᠣᠷᠮ᠎ᠠ᠎ᠶ᠋ᠢ 100% ᠳ᠋ᠤ ᠬᠦᠷᠬᠡᠨ᠎ᠠ᠃
ᠨᠡᠮᠡᠵᠦ᠍ ᠬᠠᠰᠤᠬᠤ ᠵᠢᠨ ᠬᠤᠭᠤᠷᠤᠨᠳᠤ᠂ ᠬᠤᠪᠢᠷᠠᠭᠤᠯᠬᠤ ᠳᠤᠮᠳᠠ᠂ ᠪᠣᠬᠢᠷᠲᠤᠯ ᠦᠭᠡᠢ ᠪᠤᠭᠤᠲᠤ᠎ᠶ᠋ᠢᠨ ᠦᠵᠡᠮᠵᠢ ᠶᠠᠪᠤᠬᠤ ᠲᠤᠳᠤᠮ ᠰᠠᠢᠵᠢᠷᠠᠵᠤ᠂ ᠢᠷᠡᠭᠡᠳᠦᠢ ᠶᠠᠪᠤᠬᠤ ᠲᠤᠳᠤᠮ ᠰᠠᠢᠬᠠᠨ ᠪᠣᠯᠤᠯ᠎ᠠ᠃
ᠡᠨᠡ ᠵᠢᠯ᠎ᠦᠨ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 637.47 ᠲᠦᠮᠡᠨ ᠺᠢᠯᠦᠸᠠᠲ᠎ᠲᠤ ᠬᠦᠷᠴᠦ᠍᠂ ᠪᠥᠬᠥ᠌ ᠬᠣᠲᠠ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢᠨ 37.45% ᠶ᠋ᠢ ᠡᠵᠡᠯᠡᠵᠦ᠍᠂ 2012 ᠣᠨ᠎ᠤ᠎ᠬᠢ᠎ᠡᠴᠡ 529.07 ᠲᠦᠮᠡᠨ ᠺᠢᠯᠦᠸᠠᠲ ᠨᠡᠮᠡᠭ᠌ᠳᠡᠪᠡ᠃ ᠡᠨᠡ ᠵᠢᠯ ᠪᠥᠬᠥ᠌ ᠬᠣᠲᠠ ᠵᠢᠨ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠲᠥᠷᠥᠯ ᠵᠦᠶ᠋ᠯ᠎ᠢ 83 ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 2532 ᠳ᠋ᠦᠩᠱᠢᠭᠤᠷ ᠲᠥᠭᠥᠷᠢᠭ᠎ᠲᠦ ᠬᠦᠷᠴᠦ᠍᠂ 2025 ᠣᠨ ᠪᠣᠯᠬᠤ᠎ᠳᠤ᠂ ᠰᠠᠯᠬᠢᠨ ᠬᠦᠴᠤ ᠭᠡᠷᠡᠯᠴᠢ ᠴᠡᠨᠡᠭ ᠤᠰᠤᠲᠥ᠋ᠷᠥᠭ᠌ᠴᠢ ᠬᠡᠢ ᠬᠠᠳᠠᠭᠠᠯᠠᠬᠤ ᠲᠣᠨᠣᠭ᠍ᠯᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠶ᠋ᠯᠡᠳᠬᠦᠨ᠎ᠦ ᠥᠷᠲᠡᠭ᠎ᠢ 8000 ᠳ᠋ᠦᠩᠱᠢᠭᠤᠷ ᠲᠥᠭᠥᠷᠢᠭ ᠲᠸ᠋ ᠬᠦᠷᠭᠡᠨ᠎ᠡ᠃
6 ᠰᠠᠷ᠎ᠠ᠎ᠶ᠋ᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ᠎ᠤ ᠮᠠᠱᠢᠨ ᠲᠡᠷᠭᠡᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ ᠪᠸᠢ ᠪᠸᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡᠨ᠎ᠦ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠳᠤ ᠶᠠᠪᠤᠭᠳᠠᠪᠠ᠃ ᠪᠸᠢ ᠪᠸᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡᠨ᠎ᠦ ᠪᠦᠯᠦᠭᠯᠡᠯ ᠤ᠋ᠨ ᠬᠢᠨ ᠲᠤᠬᠠᠶ᠎ᠶ᠋ᠢᠨ ᠲᠠᠯᠠᠪᠠᠶ᠎ᠳᠤ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ᠎ᠳᠦ 151 ᠱᠢᠨ᠎ᠡ ᠡᠨᠧᠷᠭᠢ᠎ᠶ᠋ᠢᠨ ᠬᠦᠨᠳᠦ ᠠᠴᠢᠶᠠᠨ ᠤ᠋ ᠮᠠᠰᠢᠨ ᠲᠡᠷᠬᠡ ᠵᠢ ᠲᠤᠱᠢᠶᠠᠭ᠍ᠰᠠᠨ ᠪᠥᠭᠡᠳ 20 ᠠᠵᠤ ᠠᠬᠤᠢᠯᠠᠯ᠎ᠲᠠᠶ 7319 ᠱᠢᠨ᠎ᠡ ᠡᠨᠧᠷᠭᠢ᠎ᠶ᠋ᠢᠨ ᠬᠦᠨᠳᠦ ᠠᠴᠢᠶᠠᠨ ᠤ᠋ ᠮᠠᠰᠢᠨ ᠲᠡᠷᠬᠡ ᠵᠢ ᠲᠥᠪᠯᠡᠷᠡᠭᠦᠯᠦᠨ ᠬᠤᠳᠠᠯᠳᠤᠨ ᠠᠪᠬᠤ ᠰᠠᠨᠠᠮᠵᠢ᠎ᠶ᠋ᠢᠨ ᠵᠠᠬᠢᠶᠠᠯᠠᠭ᠎ᠠ ᠲᠤᠬᠢᠷᠠᠯᠴᠠᠪᠠ᠃ ᠵᠢᠱ᠌ᠢᠯᠲᠡ᠎ᠪᠡᠷ 2022 ᠣᠨ᠎ᠳᠤ᠂ ᠪᠧᠶ ᠪᠧᠨ ᠱᠢᠨ᠎ᠡ ᠡᠨᠧᠷᠭᠢ᠎ᠶ᠋ᠢᠨ ᠬᠦᠨᠳᠦ ᠠᠴᠢᠶᠠᠨ ᠤ᠋ ᠮᠠᠰᠢᠨ ᠲᠡᠷᠬᠡᠨ ᠤ᠋ ᠪᠣᠷᠣᠯᠠᠭᠤᠯᠭ᠎ᠠ 8000 ᠶ᠋ᠢ ᠳᠠᠪᠠᠵᠤ ᠮᠡᠳᠡᠨ᠎ᠡ᠃
ᠣᠶᠤᠨᠴᠢᠯᠠᠭ᠍ᠰᠠᠨ᠂ ᠪᠣᠬᠢᠷᠲᠤᠯ ᠥᠬᠡᠶ᠂ ᠣᠳᠣᠬᠢᠴᠢᠯᠠᠭ᠍ᠰᠠᠨ ᠲᠡᠢᠰᠢ ᠲᠠᠪᠰᠢᠬᠰᠠᠨ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ ᠡᠴᠡ ᠳᠠᠬᠢᠨᠲᠠ ᠰᠠᠢᠨ ᠴᠢᠮᠡᠬᠡ ᠤᠯᠠᠮᠵᠢᠯᠠᠬᠳᠠᠵᠤ᠂ 2021 ᠣᠨ᠎ᠳᠤ᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ ᠵᠢᠱ᠌ᠢᠯᠲᠡ᠎ᠪᠡᠷ 1260 ᠳ᠋ᠦᠩᠱᠢᠭᠤᠷ ᠲᠥᠭᠥᠷᠢᠭ᠎ᠦᠨ ᠡᠵᠡᠩᠨᠡᠯᠲᠡ᠎ᠶ᠋ᠢᠨ ᠣᠷᠣᠯᠭ᠎ᠠ᠎ᠶ᠋ᠢ ᠪᠡᠶᠡᠯᠡᠭᠦᠯᠵᠦ᠍᠂ ᠵᠢᠱ᠌ᠢᠯᠲᠡ᠎ᠪᠡᠷ 103.6 ᠳ᠋ᠦᠩᠱᠢᠭᠤᠷ ᠲᠥᠭᠥᠷᠢᠭ᠎ᠦᠨ ᠠᠱᠢᠭ ᠣᠯᠵᠠᠪᠤᠷᠢ᠎ᠶ᠋ᠢ ᠪᠡᠶᠡᠯᠡᠭᠦᠯᠵᠦ᠍᠂ ᠳᠡᠭᠡᠭ᠌ᠰᠢ ᠲᠤᠱᠢᠶᠠᠭ᠍ᠰᠠᠨ ᠭᠠᠢᠯᠢ ᠰᠦᠶ᠋ᠳᠭᠡᠯ 69.6 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠩ ᠲᠡᠷᠢᠭᠦᠨ᠎ᠳᠦ ᠥᠪᠥᠷ ᠮᠣᠩᠭᠣᠯ᠎ᠤᠨ ᠠᠩᠬᠠᠳᠠᠭ᠍ᠴᠢ ᠡᠵᠡᠩᠨᠡᠯᠲᠡ᠎ᠶ᠋ᠢᠨ ᠣᠷᠣᠯᠭ᠎ᠠ ᠮᠢᠩᠭᠠᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠠᠵᠤ ᠠᠬᠤᠢᠯᠠᠯ ᠪᠣᠯᠪᠠ᠃
ᠱᠢᠨ᠎ᠡ ᠡᠨᠧᠷᠭᠢ᠂ ᠱᠢᠨ᠎ᠡ ᠠᠵᠤ ᠦᠢᠯᠡᠰ ᠲᠥᠪᠯᠡᠷᠡᠭ᠌ᠰᠡᠨ ᠣᠳᠣᠬᠢᠴᠢᠯᠠᠭ᠍ᠰᠠᠨ ᠱᠢᠨ᠎ᠡ ᠪᠤᠭᠤᠲᠤ ᠬᠤᠳᠠ᠎ᠶ᠋ᠢᠨ ᠪᠣᠬᠢᠷᠲᠤᠯ ᠦᠭᠡᠢ ᠬᠤᠪᠢᠰᠭᠠᠯ ᠦᠷᠭᠦᠯᠵᠢᠯᠡᠨ ᠶᠠᠪᠤᠭ᠍ᠳᠠᠭ᠍ᠰᠠᠭᠠᠷ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃