2022-07-25 08:57:06
ᠠᠭᠠᠭᠢᠮ᠎ᠠ ᠬᠠᠯᠠᠭᠤᠨ ᠵᠣᠨ᠎ᠤ ᠡᠳᠦᠷ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 135 ᠳ᠋ᠦᠩᠱᠢᠭᠤᠷ ᠲᠥᠭᠥᠷᠢᠭ ᠦᠨ ᠯᠦᠩ ᠮᠠ ᠳᠡᠭᠡᠳᠦ ᠲᠠᠰ᠎ᠤᠨ ᠲᠣᠨᠣᠭ᠍ᠯᠠᠯ ᠦᠶ᠋ᠯᠡᠳᠬᠦ᠌ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠠᠬᠤᠶ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠨ᠎ᠠ᠃ 10 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠭᠠᠩᠨᠠᠬᠤ ᠲᠠᠰᠤᠭ᠎ᠤᠨ 2 ᠦᠢᠯᠡᠳᠪᠦᠷᠢᠯᠡᠯ᠎ᠦᠨ ᠱᠤᠭᠤᠮ᠎ᠢ ᠤᠭ᠍ᠰᠠᠷᠠᠨ ᠲᠣᠬᠢᠷᠠᠭᠤᠯᠵᠤ᠂ ᠤᠳᠠᠯ ᠦᠭᠡᠢ ᠠᠱᠢᠭ᠍ᠯᠠᠯᠲᠠ ᠳᠤ ᠣᠷᠣᠭᠤᠯᠤᠨ᠎ᠠ᠂ 14 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠰᠠᠷᠬᠢᠷᠠᠭᠤᠯ᠎ᠤᠨ ᠦᠶ᠋ᠯᠡᠳᠪᠦᠷᠢ᠎ᠶ᠋ᠢᠨ ᠲᠠᠰᠤᠭ᠎ᠢ 6 ᠰᠠᠷ᠎ᠠ ᠶ᠋ᠢᠨ ᠰᠡᠭᠦᠯᠴᠢ᠎ᠪᠡᠷ ᠪᠢᠲᠡᠭᠦᠮᠵᠢᠯᠡᠵᠦ᠍᠂ 8 ᠰᠠᠷ᠎ᠠ᠎ᠳᠤ ᠵᠢᠩᠬᠢᠨᠢ᠎ᠪᠡᠷ ᠠᠱᠢᠭ᠍ᠯᠠᠯᠲᠠ᠎ᠳᠤ ᠣᠷᠣᠭᠤᠯᠤᠨ᠎ᠠ᠃ ᠲᠣᠰ ᠲᠥᠷᠥᠯ ᠵᠦᠶ᠋ᠯ᠎ᠨᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ᠎ᠶ᠋ᠢᠨ ᠰᠡᠯᠪᠢᠭ ᠲᠣᠨᠣᠭ᠎ᠢᠶᠠᠷ ᠰᠠᠭᠤᠷᠢ ᠪᠣᠯᠭᠠᠵᠤ᠂ 11 ᠳᠡᠭᠡᠳᠦ ᠳᠤᠤᠷᠠᠳᠤ ᠤᠷᠤᠰᠭᠠᠯ᠎ᠤᠨ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠰᠠᠭᠤᠷᠢ ᠲᠦᠭᠦᠬᠡᠶ ᠮᠠᠲ᠋ᠧᠷᠢᠶᠠᠯ᠎ᠢ ᠤᠷᠤᠭᠤᠯᠤᠨ ᠠᠪᠴᠢᠷᠠᠵᠤ᠂ ᠰᠡᠯᠪᠢᠭ ᠲᠣᠨᠣᠭ᠂ ᠭᠤᠤᠯ ᠮᠠᠱᠢᠨ᠎ᠢ ᠦᠶ᠋ᠯᠡᠳᠪᠦᠷᠢ ᠡᠴᠡ ᠭᠠᠷᠭᠠᠬᠤ᠂ ᠦᠶ᠋ᠯᠡᠳᠬᠦᠨ᠎ᠢ ᠬᠦᠷᠢᠶᠡᠯᠡᠩ ᠲᠣᠭᠣᠷᠢᠭ᠎ᠲᠤ ᠪᠠᠢᠴᠠᠭᠠᠨ ᠬᠡᠮᠵᠢᠵᠦ᠍ ᠭᠡᠷᠡᠴᠢᠯᠡᠬᠦ᠌᠎ᠶ᠋ᠢ ᠪᠡᠶᠡᠯᠡᠭᠦᠯᠵᠦ᠍᠂ ᠲᠦᠩᠯᠢᠶᠣᠤ ᠬᠣᠲᠠ ᠴᠢᠨᠠᠭ᠍ᠰᠢᠯᠠᠪᠠᠯ ᠥᠪᠡᠷᠲᠡᠭᠡᠨ ᠵᠠᠰᠠᠬᠤ ᠣᠷᠣᠨ᠎ᠤ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠣᠭᠣᠰᠣᠨ᠎ᠢ ᠨᠥᠬᠥᠪᠥᠷᠢᠯᠡᠪᠡ᠃ ᠪᠥᠬᠥ᠌ ᠲᠥᠷᠥᠯ ᠵᠦᠶ᠋ᠯ᠎ᠢ 3 ᠵᠢᠯ᠎ᠦᠨ ᠳᠣᠲᠣᠷ᠎ᠠ ᠪᠠᠢᠭᠤᠯᠵᠤ ᠲᠡᠭᠦᠰᠭᠡᠨ᠂ 5 ᠵᠢᠯ᠎ᠳᠦ ᠠᠱᠢᠭ᠍ᠯᠠᠯᠲᠠ᠎ᠳᠤ ᠣᠷᠣᠭᠤᠯᠤᠨ᠎ᠠ᠂ ᠪᠠᠢᠭᠤᠯᠤᠭ᠍ᠳᠠᠭ᠍ᠰᠠᠨ᠎ᠤ ᠳᠠᠷᠠᠭ᠎ᠠ ᠲᠡᠷᠡ᠎ᠨᠢ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠠᠵᠤ ᠦᠶ᠋ᠯᠡᠰ᠎ᠦᠨ ᠬᠡᠯᠬᠢᠶ᠎ᠡ᠎ᠪᠡᠷ ᠬᠠᠮᠤᠭ᠎ᠤᠨ ᠪᠦᠷᠢᠨ ᠰᠠᠯᠬᠢᠨ ᠬᠦᠴᠦᠨ᠎ᠦ ᠴᠠᠬᠢᠯᠭᠠᠨ ᠤ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠪᠦᠯᠦᠭ᠌ᠯᠡᠯ ᠪᠣᠯᠵᠣ᠂ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ᠎ᠨᠢ 100 ᠳ᠋ᠦᠩᠱᠢᠭᠤᠷ ᠲᠥᠭᠥᠷᠢᠭ᠂ ᠵᠢᠯ᠎ᠦᠨ ᠠᠱᠢᠭ ᠭᠠᠢᠯᠢ᠎ᠨᠢ 5 ᠳ᠋ᠦᠩᠱᠢᠭᠤᠷ ᠲᠥᠭᠥᠷᠢᠭ ᠲᠤ᠌ ᠬᠦᠷᠬᠦ ᠪᠣᠯᠤᠨ᠎ᠠ᠃

《ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠭᠣᠣᠯᠳᠠᠯᠭ᠎ᠠ ᠪᠠᠨ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠳᠡᠭᠡᠷ᠎ᠡ ᠲᠠᠯᠪᠢᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠪᠣᠳᠠᠲᠠᠢᠵᠢᠭᠤᠯᠤᠨ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠬᠦ᠌ ᠬᠡᠷᠡᠭ᠌ᠲᠡᠢ》 ᠭᠡᠰᠡᠨ ᠶᠡᠷᠦᠩᠬᠡᠢ ᠱᠦᠵᠢ ᠰᠢ ᠵᠢᠨ ᠫᠢᠩ᠎ᠦᠨ ᠵᠠᠬᠢᠶ᠎ᠠ ᠴᠢᠬᠢᠨ᠎ᠳᠦ ᠬᠠᠩᠬᠢᠨᠠᠬᠰᠠᠭᠠᠷ᠃
ᠳᠠᠢᠨ᠎ᠦ ᠬᠡᠩᠭᠡᠷᠭᠡ ᠲᠤᠤᠭᠠᠷᠴᠤ᠂ ᠪᠦᠷᠢᠶ᠎ᠡ ᠬᠠᠩᠬᠢᠨᠠᠪᠠ᠃ ᠲᠦᠩᠯᠢᠶᠣᠤ ᠬᠣᠲᠠ ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ ᠨᠠᠩ ᠲᠣᠳᠣᠷᠬᠠᠶ ᠪᠣᠯᠪᠠ — ᠠᠯᠢ ᠣᠯᠠᠨ ᠠᠷᠭ᠎ᠠ ᠬᠡᠮᠵᠢᠶ᠎ᠡ ᠬᠣᠢᠨ᠎ᠠ ᠬᠣᠢᠨ᠎ᠠ᠎ᠡᠴᠡ᠎ᠪᠠᠨ ᠨᠡᠢᠲᠡᠯᠡᠭ᠌ᠳᠡᠵᠦ᠍᠂ ᠪᠥᠬᠥ᠌ ᠬᠣᠲᠠ᠎ᠳᠤ ᠪᠥᠬᠥ᠌ ᠲᠠᠯ᠎ᠠ᠎ᠪᠠᠷ ᠬᠦᠴᠦᠯᠡᠬᠦ᠌᠂ ᠣᠯᠠᠨ ᠲᠠᠯ᠎ᠠ᠎ᠪᠠᠷ ᠱᠢᠪᠲᠤᠯᠬᠤ᠂ ᠭᠦᠨᠵᠡᠭᠡᠢᠷᠡᠨ ᠠᠬᠢᠭᠤᠯᠬᠤ ᠪᠠᠢᠳᠠᠯ ᠢᠯᠡᠷᠡᠵᠦ᠍᠂ ᠠᠵᠤ ᠠᠬᠤᠶ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ ᠪᠠ ᠠᠵᠤ ᠦᠶ᠋ᠯᠡᠰ᠎ᠦᠨ ᠲᠠᠰ ᠳᠡᠪᠱᠢᠬᠦ᠌ ᠠᠯᠬᠤᠴᠠ ᠲᠠᠰᠤᠷᠠᠯᠲᠠ ᠥᠬᠡᠶ ᠲᠦᠷᠭᠡᠳᠴᠦ᠍᠂ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠬᠥᠳᠡᠯᠭᠡᠬᠦ᠌ ᠡᠨᠧᠷᠭᠢ ᠲᠠᠰᠤᠷᠠᠯᠲᠠ ᠥᠬᠡᠶ ᠬᠤᠷᠠᠮᠳᠤᠪᠠ᠃
ᠨᠢᠭᠡᠳᠦᠭᠡᠷ ᠤᠯᠠᠷᠢᠯ᠎ᠳᠤ᠂ ᠲᠦᠩᠯᠢᠶᠣᠤ ᠬᠣᠲᠠ᠎ᠶ᠋ᠢᠨ116 ᠴᠢᠬᠤᠯᠠ ᠶᠡᠬᠡ ᠲᠥᠷᠥᠯ ᠵᠦᠶ᠋ᠯ ᠲᠥᠪᠯᠡᠷᠡᠭᠦᠯᠦᠨ ᠠᠵᠢᠯ ᠡᠬᠢᠯᠡᠭᠦᠯᠵᠦ᠍᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠬᠤᠷᠳᠤᠴᠠ 51.4% ᠪᠣᠯᠪᠠ᠃
ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠠᠵᠤ ᠠᠬᠤᠢ᠎ᠶ᠋ᠢᠨ ᠪᠠᠢᠳᠠᠯ᠎ᠨᠢ ᠠᠵᠤ ᠠᠬᠤᠢ᠎ᠶ᠋ᠢᠨ ᠬᠥᠭ᠌ᠵᠢᠯᠲᠡ᠎ᠶ᠋ᠢ ᠤᠷᠤᠰᠭᠠᠯ ᠰᠥᠷᠴᠦ᠍ ᠣᠩᠭᠣᠴᠠ ᠰᠡᠯᠢᠬᠦ᠌ ᠮᠡᠲᠦ ᠪᠣᠯᠭᠠᠪᠠ᠂ ᠬᠣᠲᠠ᠎ᠶ᠋ᠢᠨ ᠨᠠᠮ᠎ᠤᠨ ᠬᠣᠷᠢᠶ᠎ᠠ ᠴᠢᠭ᠌ᠯᠡᠯ᠎ᠢ ᠲᠣᠳᠣᠷᠬᠠᠢ ᠵᠢᠭᠠᠨ ᠦᠭᠴᠦ᠂ ᠪᠦᠬᠦ᠌ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠢᠲᠡᠭᠡᠯ ᠵᠣᠷᠢᠭ᠎ᠢᠶᠠᠨ ᠪᠠᠲᠤᠳᠭᠠᠵᠤ᠂ ᠨᠢᠭᠡ ᠤᠳᠠᠭᠠᠨ᠎ᠤ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠣᠣᠯ ᠳᠠᠢᠨ᠎ᠤ ᠲᠠᠯᠠᠪᠤᠷ ᠳᠡᠭᠡᠷ᠎ᠡ ᠬᠦᠴᠢᠷᠳᠡᠯ᠎ᠳᠦ ᠪᠠᠢᠳᠠᠯ᠎ᠢ ᠬᠤᠪᠢᠷᠠᠭᠤᠯᠬᠤ ᠬᠡᠳᠡᠷᠬᠦ᠌ ᠳᠠᠭᠠᠷᠢᠯᠲᠠ ᠶ᠋ᠢᠨ ᠪᠠᠢᠯᠳᠤᠭᠠᠨ᠂ ᠪᠦᠬᠦ᠌ ᠲᠠᠯ᠎ᠠ᠎ᠵᠢ ᠠᠮᠢᠳᠤᠯᠢᠭ ᠪᠣᠯᠭᠠᠬᠤ ᠪᠦᠰᠡᠯᠡᠯᠲᠡ᠎ᠶ᠋ᠢ ᠱᠢᠪᠲᠤᠯᠬᠤ ᠳᠠᠢᠯᠠᠯᠳᠤᠭᠠᠨ᠂ ᠱᠢᠨ᠎ᠡ ᠪᠠᠢᠳᠠᠯ᠎ᠢ ᠨᠡᠭᠡᠭᠡᠬᠦ᠌ ᠶᠡᠷᠦᠩᠬᠡᠢ ᠳᠠᠢᠯᠠᠯᠳᠤᠭᠠᠨ ᠬᠢᠵᠦ᠍᠂ ᠲᠦᠩᠯᠢᠶᠣᠤ ᠶ᠋ᠢᠨ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠᠳᠦᠲᠠᠪᠠᠵᠤ ᠭᠠᠷᠬᠤ ᠬᠦᠭᠡᠭᠡᠵᠤ ᠭᠦᠢᠴᠡᠬᠦ ᠦᠷᠨᠢᠯᠳᠡ ᠭᠠᠷᠪᠠ᠃
ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ 《ᠵᠢᠯᠤᠭᠤ》 ᠶ᠋ᠢ ᠠᠳᠭᠤᠨ᠎ᠠ
ᠡᠬᠢᠯᠡᠯᠲᠡ ᠨᠢ ᠣᠷᠣᠶ᠂ ᠰᠠᠭᠤᠷᠢ ᠪᠠᠷᠤᠭ᠍ᠲᠠᠶ ᠭᠠᠵᠠᠷ ᠣᠷᠣᠨ᠎ᠲᠠᠢ ᠬᠥᠨᠳᠡᠯᠡᠨ ᠴᠢᠭᠯᠡᠯ ᠢᠶᠡᠷ ᠠᠳᠠᠯᠢᠳᠭᠠᠵᠤ᠂ ᠭᠤᠤᠯᠯᠠᠬᠤ ᠠᠵᠤ ᠦᠶ᠋ᠯᠡᠰ᠎ᠢ ᠰᠣᠩᠭᠣᠨ ᠲᠣᠭ᠍ᠲᠠᠭᠠᠬᠤ᠎ᠶ᠋ᠢᠨ ᠬᠠᠮᠲᠤ ᠪᠣᠢᠵᠢᠭᠤᠯᠪᠠ; ᠭᠤᠤᠯᠯᠠᠬᠤ ᠠᠵᠤ ᠦᠶ᠋ᠯᠡᠰ᠎ᠨᠢ ᠨᠢᠭᠡᠨᠲᠡ ᠣᠨᠴᠠᠯᠢᠭ ᠪᠠ ᠬᠡᠪᠴᠢᠶ᠎ᠡ᠎ᠲᠡᠶ ᠪᠣᠯᠤᠭ᠍ᠰᠠᠨ ᠭᠠᠵᠠᠷ ᠣᠷᠣᠨᠢᠭᠤᠯᠳᠤ ᠴᠢᠭ᠌ᠯᠡᠯ᠎ᠢᠶᠡᠷ ᠬᠥᠭ᠌ᠵᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠳᠡᠭᠡᠷ᠎ᠡ ᠬᠦᠴᠦ᠍ ᠲᠠᠯᠪᠢᠪᠠ — ᠲᠦᠩᠯᠢᠶᠣᠤ ᠬᠣᠲᠠ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠲᠤᠳᠤᠷᠬᠠᠢ ᠬᠠᠷᠠᠯᠲᠠ᠎ᠲᠠᠶ᠎ᠪᠠᠷ ᠠᠵᠢᠯᠯᠠᠵᠤ᠂ ᠣᠬᠣᠷᠬᠠᠨ ᠬᠤᠭᠤᠴᠠᠭᠠᠨ᠎ᠳᠤ ᠡᠯ᠎ᠡ ᠬᠣᠱᠢᠭᠤ ᠱᠢᠶᠠᠨ᠎ᠤ ᠭᠤᠤᠯᠯᠠᠬᠤ ᠠᠵᠤ ᠦᠶ᠋ᠯᠡᠰ᠎ᠦᠨ ᠥᠷᠨᠢᠩᠭᠦᠶ ᠬᠥᠭ᠌ᠵᠢᠯᠲᠡ᠂ ᠪᠥᠬᠥ᠌ ᠬᠣᠲᠠ᠎ᠶ᠋ᠢᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠥᠳᠡᠯᠭᠡᠬᠦ᠌ ᠡᠨᠧᠷᠭᠢ ᠪᠠᠳᠠᠷᠠᠭ᠍ᠰᠠᠨ ᠱᠢᠨ᠎ᠡ ᠪᠠᠢᠷᠢᠱᠢᠯ᠎ᠢ ᠪᠠᠢᠭᠤᠯᠬᠤ᠎ᠪᠠᠷ ᠴᠢᠷᠮᠠᠢᠵᠤ ᠪᠠᠢᠨ᠎ᠠ᠃
ᠲᠦᠩᠯᠢᠶᠣᠤ ᠬᠣᠲᠠ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ 《ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ》 ᠶ᠋ᠢ ᠨᠠᠢᠳᠠᠪᠤᠷᠢᠵᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ 《ᠲᠥᠷᠥᠯ ᠵᠦᠶ᠋ᠯ ᠢᠶᠡᠷ ᠬᠣᠲᠠ᠎ᠪᠠᠨ ᠮᠠᠨᠳᠤᠭᠤᠯᠬᠤ》᠎ᠶ᠋ᠢ ᠪᠠᠷᠢᠮᠲᠠᠯᠠᠵᠤ᠂ ᠠᠯᠢᠪᠠ ᠪᠦᠬᠦᠨ ᠲᠥᠷᠥᠯ ᠵᠦᠶ᠋ᠯ᠎ᠦᠨ ᠲᠣᠭᠣᠷᠢᠨ᠎ᠳᠤ ᠠᠵᠢᠯᠯᠠᠵᠤ᠂ ᠠᠯᠢᠪᠠ ᠪᠦᠬᠦᠨᠲᠥᠷᠥᠯ ᠵᠦᠶ᠋ᠯ᠎ᠦᠨ ᠲᠥᠯᠥᠭᠡ ᠪᠠᠢᠵᠤ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭ᠎ᠠ᠎ᠶ᠋ᠢ ᠴᠢᠩᠭ᠎ᠠ ᠠᠩᠬᠠᠷᠴᠤ᠌᠂ ᠪᠠᠷᠢᠯᠭ᠎ᠠ ᠡᠬᠢᠯᠡᠭᠦᠯᠦᠨ ᠪᠥᠲᠥᠭᠡᠨ ᠪᠠᠢᠭᠤᠯᠬᠤ᠎ᠡᠴᠡ ᠠᠱᠢᠭ᠍ᠯᠠᠯᠲᠠ᠎ᠳᠤ ᠣᠷᠣᠭᠤᠯᠤᠨ ᠠᠵᠢᠯᠯᠠᠬᠤ ᠪᠥᠬᠥ᠌ ᠶᠠᠪᠤᠴᠠ ᠳ᠋ᠤ᠌ ᠬᠦᠷᠲᠡᠯ᠎ᠡ ᠲᠣᠬᠢᠷᠠᠭᠤᠯᠤᠨ ᠠᠬᠢᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠱᠠᠲᠤ ᠳᠠᠷᠠᠭᠠᠯᠠᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠥᠷᠥᠯ ᠵᠦᠶ᠋ᠯ᠎ᠦᠨ ᠥᠮᠴᠢᠲᠡᠨ᠎ᠦ ᠬᠦᠴᠢᠷᠳᠡᠯ᠎ᠢ᠎ᠨᠢ ᠠᠷᠢᠯᠭᠠᠵᠤ᠂ ᠬᠦᠴᠢᠷᠳᠡᠯ᠎ᠢ᠎ᠨᠢ ᠱᠢᠶ᠋ᠳᠪᠦᠷᠢᠯᠡᠨ ᠥᠭ᠌ᠴᠦ᠂ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠡᠷᠲᠡᠬᠡᠨ ᠨᠠᠢᠳᠠᠪᠤᠷᠢᠵᠢᠭᠤᠯᠤᠨ ᠠᠱᠢᠭ᠍ᠯᠠᠯᠲᠠ᠎ᠳᠤ ᠣᠷᠣᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠦᠨᠡᠨ ᠬᠦ᠌ ᠪᠠᠲᠤᠯᠠᠪᠠ᠃
2022 ᠣᠨ᠎ᠳᠤ ᠪᠦᠬᠦ᠌ ᠬᠣᠲᠠ᠎ᠶ᠋ᠢᠨ ᠬᠡᠷᠡᠭ᠌ᠵᠢᠭᠦᠯᠬᠦ ᠪᠡᠷ ᠲᠥᠯᠥᠪᠯᠡᠭ᠌ᠰᠡᠨ ᠪᠦᠲᠦᠭᠡᠨ ᠪᠠᠢᠭᠤᠯᠤᠯᠲᠠ᠎ᠶ᠋ᠢᠨ ᠲᠥᠷᠦᠯ ᠵᠦᠢᠯ 558 ᠪᠠᠢᠵᠤ᠂ ᠳᠡᠭᠡᠷ᠎ᠡᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 69 ᠨᠡᠮᠡᠭ᠌ᠳᠡᠵᠦ᠍᠂ ᠵᠢᠯ᠎ᠦᠨ ᠲᠥᠯᠥᠪᠯᠡᠭ᠌ᠰᠡᠨ ᠪᠡᠯᠡ ᠣᠷᠣᠭᠤᠯᠤᠯᠲᠠ 551 ᠳ᠋ᠦᠩᠱᠢᠭᠤᠷ ᠲᠥᠭᠥᠷᠢᠭ ᠪᠠᠢᠵᠤ᠂ ᠳᠡᠭᠡᠷ᠎ᠡᠵᠢᠯ᠎ᠤᠨ ᠠᠳᠠᠯᠢ ᠬᠤᠭᠤᠴᠠᠭᠠᠨ᠎ᠤ ᠬᠢ ᠡᠴᠡ 128 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠡᠭᠦᠨ᠎ᠳᠦ ᠱᠢᠨ᠎ᠡ᠎ᠪᠡᠷ ᠪᠠᠢᠭᠤᠯᠤᠭ᠍ᠰᠠᠨ ᠲᠥᠷᠦᠯ ᠵᠦᠢᠯ 336 ᠪᠠᠢᠵᠤ᠂ ᠵᠢᠯ᠎ᠦᠨ ᠲᠥᠯᠥᠪᠯᠡᠭ᠌ᠰᠡᠨ ᠪᠡᠯᠡ ᠣᠷᠣᠭᠤᠯᠤᠯᠲᠠ 320 ᠳ᠋ᠦᠩᠱᠢᠭᠤᠷ ᠲᠥᠭᠥᠷᠢᠭ᠎ᠢ ᠲᠠᠪᠠᠵᠤ᠂ ᠳᠡᠭᠡᠷ᠎ᠡᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 86 ᠲᠦᠷᠦᠯ ᠵᠦᠢᠯ ᠨᠡᠮᠡᠭᠳᠡᠨ᠂ 109.27 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠪᠦᠬᠦ᠌ ᠵᠢᠯ᠎ᠳᠦ ᠲᠥᠷᠦᠯ ᠵᠦᠢᠯ᠎ᠦᠨ ᠲᠣᠭ᠎ᠠ᠂ ᠵᠢᠯ᠎ᠦᠨ ᠪᠡᠯᠡ ᠣᠷᠣᠭᠤᠯᠤᠯᠲᠠ᠎ᠶ᠋ᠢᠨ ᠲᠣᠭ᠎ᠠ᠂ ᠬᠤᠷᠳᠤᠴᠠ᠎ᠶ᠋ᠢᠨ 《ᠭᠤᠷᠪᠠᠨ ᠨᠡᠮᠡᠭ᠌ᠳᠡᠯ》 ᠢ᠋ ᠪᠡᠶᠡᠯᠡᠭᠦᠯᠬᠦ᠌᠎ᠪᠡᠷ ᠴᠢᠷᠮᠠᠢᠵᠤ ᠪᠠᠢᠨ᠎ᠠ᠃
ᠠᠷᠠᠯᠵᠢᠶᠠᠴᠢᠨ ᠤᠷᠢᠵᠤ ᠪᠠᠯᠠ ᠣᠷᠣᠭᠤᠯᠬᠤ 《ᠬᠠᠳᠠᠭᠤ ᠠᠷᠭ᠎ᠠ ᠪᠤᠳᠤᠯᠭ᠎ᠠ》 ᠵᠢ ᠰᠠᠢᠲᠤᠷ ᠬᠡᠷᠡᠭᠯᠡᠨ᠎ᠡ
ᠵᠢᠯ᠎ᠦᠨ ᠡᠬᠢᠨ᠎ᠡᠴᠡ ᠨᠠᠭᠠᠰᠢ᠂ ᠪᠦᠬᠦ᠌ ᠤᠯᠤᠰ᠎ᠤᠨ ᠣᠯᠠᠨ ᠭᠠᠵᠠᠷ᠎ᠲᠤ ᠳᠡᠯᠭᠡᠷᠡᠭ᠌ᠰᠡᠨ ᠬᠢᠵᠢᠭ᠎ᠦᠨ ᠪᠠᠢᠳᠠᠯ ᠨᠢ ᠲᠦᠩᠯᠢᠶᠣᠤ ᠬᠣᠲᠠ᠎ᠶ᠋ᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠯᠬᠤᠴᠠ᠎ᠶ᠋ᠢ ᠤᠳᠠᠭᠠᠱᠢᠷᠠᠭᠤᠯᠵᠤ ᠴᠢᠳᠠᠬᠰᠠᠨ ᠦᠭᠡᠶ᠃ 4 ᠰᠠᠷ᠎ᠠ᠎ᠶ᠋ᠢᠨ 27 ᠤ᠋ ᠡᠳᠦᠷ᠂ 《ᠤᠷᠢᠬᠠᠨ ᠬᠠᠪᠤᠷ᠎ᠤᠨ ᠰᠠᠯᠬᠢᠨ᠎ᠤ ᠢᠯᠪᠢᠭᠡᠨ᠎ᠳᠦ᠂ ᠬᠠᠮᠲᠤ᠎ᠪᠠᠷ ᠠᠱᠢᠭ ᠭᠥᠷᠳᠡᠬᠦ᠌ ᠪᠣᠯᠵᠣᠭ᠎ᠠ》 ᠪᠠᠷ ᠭᠤᠤᠯ ᠰᠡᠳᠦᠪ ᠪᠣᠯᠭᠠᠭ᠍ᠰᠠᠨ ᠲᠦᠩᠯᠢᠶᠣᠤ ᠬᠣᠲᠠ᠎ᠶ᠋ᠢᠨ ᠪᠥᠬᠥ᠌ ᠠᠵᠢᠯᠲᠠᠨ᠎ᠤ ᠠᠷᠠᠯᠵᠢᠶᠠᠴᠢᠨ ᠤᠷᠢᠬᠤ ᠬᠠᠪᠤᠷ᠎ᠤᠨ ᠤᠯᠠᠷᠢᠯ᠎ᠤᠨ ᠰᠦᠯᠵᠢᠶᠡᠨ ᠳᠡᠭᠡᠷ᠎ᠡ ᠭᠡᠷ᠎ᠡ ᠲᠣᠭ᠍ᠲᠠᠬᠤ ᠶᠡᠬᠡ ᠬᠤᠷᠠᠯ 《ᠭᠤᠤᠯ ᠬᠤᠷᠠᠯ᠎ᠤᠨ ᠲᠠᠯᠠᠪᠠᠶ + ᠪᠠᠯᠠ ᠣᠷᠣᠭᠤᠯᠬᠤ ᠲᠠᠯ᠎ᠠ᠎ᠶ᠋ᠢᠨ᠎ᠬᠢᠨ ᠲᠠᠢ ᠸᠢᠳᠢᠤ᠋᠎ᠪᠠᠷ ᠨᠡᠪᠳᠡᠷᠡᠯᠴᠡᠬᠦ》 ᠰᠦᠯᠵᠢᠶᠡᠨ᠎ᠦ ᠡᠭᠦᠯᠡᠨ ᠲᠠᠪᠴᠠᠩ᠎ᠤᠨ ᠠᠷᠭ᠎ᠠ ᠬᠡᠯᠪᠡᠷᠢ᠎ᠪᠡᠷ ᠶᠠᠪᠤᠭ᠍ᠳᠠᠪᠠ᠃
ᠡᠨᠡ ᠪᠣᠯ ᠲᠦᠩᠯᠢᠶᠣᠤ᠎ᠶ᠋ᠢᠨ ᠠᠷᠠᠯᠵᠢᠶᠠᠴᠢᠨ ᠤᠷᠢᠵᠤ ᠪᠠᠯᠠ ᠮᠥᠨᠭᠬᠥ ᠤᠷᠤᠭᠤᠯᠤᠨ ᠠᠪᠴᠢᠷᠠᠬᠤ ᠲᠠᠯ᠎ᠠ᠎ᠪᠠᠷ᠎ᠬᠢ 《ᠬᠠᠲᠠᠭᠤ ᠠᠷᠭ᠎ᠠ ᠪᠤᠳᠤᠯᠭ᠎ᠠ》 ᠵᠢᠨ ᠨᠢᠭᠡ ᠪᠣᠯᠤᠨ᠎ᠠ᠃
《ᠬᠠᠲᠠᠭᠤ ᠠᠷᠭ᠎ᠠ ᠪᠤᠳᠤᠯᠭ᠎ᠠ》᠎ᠶᠢ ᠦᠨᠡᠨ ᠬᠦ᠌ ᠪᠤᠳᠠᠳᠠᠢᠵᠢᠭᠤᠯᠬᠤ᠎ᠶ᠋ᠢᠨ ᠲᠥᠯᠥᠭᠡ᠂ ᠲᠦᠩᠯᠢᠶᠣᠤ ᠬᠣᠲᠠ ᠠᠷᠠᠯᠵᠢᠶᠠᠴᠢᠨ ᠤᠷᠢᠵᠤ ᠪᠠᠯᠠ ᠮᠥᠨᠭᠬᠥ ᠤᠷᠤᠭᠤᠯᠤᠨ ᠠᠪᠴᠢᠷᠠᠬᠤ ᠪᠠ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ 《1 + 6》᠎ᠶ᠋ᠢᠨ ᠬᠡᠷᠡᠭ᠌ᠵᠢᠭᠦᠯᠬᠦ᠌ ᠲᠥᠰᠦᠯ ᠢ ᠲᠣᠭ᠍ᠲᠠᠭᠠᠵᠤ᠂ ᠲᠥᠷᠥᠯ ᠵᠦᠶ᠋ᠯ᠎ᠢ ᠣᠷᠣᠭᠤᠯᠤᠨ ᠠᠪᠴᠢᠷᠠᠬᠤ᠂ ᠬᠦᠷᠢᠶᠡᠯᠡᠩ ᠲᠣᠭᠣᠷᠢᠭ᠎ᠢ ᠲᠡᠰ ᠲᠡᠪᠰᠢᠭᠦᠯᠬᠦ᠂ ᠲᠡᠳᠡᠨ ᠣᠷᠣᠭᠤᠯᠬᠤ ᠬᠣᠯᠪᠣᠭᠠᠯᠠᠬᠤ ᠳᠠᠬᠢᠨ ᠵᠣᠬᠢᠶᠠᠨ ᠪᠠᠢᠭᠤᠯᠬᠤ ᠵᠢᠭᠠᠯᠲᠠ ᠲᠣᠭ᠎ᠠ᠎ᠶ᠋ᠢ ᠵᠠᠳᠠᠯᠬᠤ ᠡᠭᠦᠷᠭᠡ᠎ᠶ᠋ᠢᠨ ᠲᠣᠭᠣᠷᠢᠨ᠎ᠳᠤ᠂ ᠲᠤᠬᠠᠶ᠎ᠶ᠋ᠢᠨ ᠲᠠᠯᠠᠪᠠᠶ᠎ᠳᠤ ᠲᠣᠭᠣᠷᠢᠨ ᠦᠵᠡᠬᠦ᠌᠂ ᠵᠠᠷᠯᠠᠨ ᠨᠡᠢᠲᠡᠯᠡᠵᠦ ᠨᠡᠷᠡᠰ᠎ᠦᠨ ᠵᠢᠭ᠍ᠰᠠᠭᠠᠯᠲᠠᠭᠠᠷᠭᠠᠬᠤ᠂ ᠲᠥᠪ ᠴᠢᠨᠭᠭ᠎ᠠ᠎ᠪᠡᠷ ᠦᠨᠡᠯᠡᠨ ᠱᠠᠲᠤ ᠱᠠᠲᠤ᠎ᠪᠠᠷ ᠳᠠᠷᠤᠯᠲᠠ ᠥᠭ᠌ᠬᠦ᠎ᠪᠡᠷ ᠳᠠᠮᠵᠢᠭᠤᠯᠤᠨ᠂ 《ᠰᠢᠯᠢᠳᠡᠭ ᠢ ᠨᠢ ᠲᠡᠪᠰᠢᠭᠦᠯᠦᠨ ᠬᠡᠷᠡᠭᠯᠡᠬᠦ ᠬᠡᠯᠪᠡᠷᠢ ᠪᠡᠷ ᠠᠷᠠᠯᠵᠢᠶᠠᠴᠢᠨ ᠤᠷᠢᠬᠤ》᠂ ᠪᠠᠯᠠ ᠮᠥᠩᠭᠥ᠎ᠪᠡᠷ ᠱᠠᠩᠨᠠᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠲᠤᠯᠭᠠᠬᠤ ᠲᠣᠭ᠍ᠲᠡᠴᠡ᠎ᠶ᠋ᠢ ᠪᠠᠢᠭᠤᠯᠵᠤ᠂ ᠤᠷᠮᠠᠱᠢᠭᠤᠯᠬᠤ ᠱᠠᠩᠨᠠᠬᠤ ᠲᠣᠷᠭᠠᠬᠤ᠎ᠶ᠋ᠢ ᠴᠢᠩᠭᠠᠳᠭᠠᠵᠤ᠂ ᠪᠥᠬᠥ᠌ ᠠᠵᠢᠯᠲᠠᠨ ᠠᠷᠠᠯᠵᠢᠶᠠᠴᠢᠨ ᠤᠷᠢᠬᠤ᠂ ᠪᠥᠬᠥ᠌ ᠬᠦᠷᠢᠶ᠎ᠡ ᠴᠠᠷᠠᠭᠠᠨ᠎ᠳᠤ ᠠᠷᠠᠯᠵᠢᠶᠠᠴᠢᠨ ᠤᠷᠢᠬᠤ᠂ ᠪᠥᠬᠥ᠌ ᠤᠯᠠᠷᠢᠯ᠎ᠳᠤ ᠠᠷᠠᠯᠵᠢᠶᠠᠴᠢᠨ ᠤᠷᠢᠬᠤ ᠠᠵᠢᠯ᠎ᠤᠨ ᠤᠳᠤᠷᠢᠳᠤᠮᠵᠢ᠎ᠶ᠋ᠢ ᠢᠯᠡ ᠲᠣᠳᠣ ᠪᠣᠶ ᠪᠣᠯᠭᠠᠪᠠ᠃
ᠡᠯ᠎ᠡ ᠬᠣᠱᠢᠭᠤ ᠱᠢᠶᠠᠨ ᠬᠣᠲᠠ ᠲᠣᠭᠣᠷᠢᠭ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠡᠷᠳᠡᠨᠢ ᠱᠢᠰᠢ᠂ ᠠᠮᠢᠳᠤ ᠪᠣᠳᠠᠰ᠂ ᠬᠥᠩᠭᠡᠨᠴᠠᠭᠠᠨᠵᠢᠡᠷ ᠰᠠᠭᠤᠷᠢ ᠪᠤᠯᠭᠠᠬᠰᠠᠨ ᠣᠷᠴᠢᠯ᠎ᠳᠤ ᠱᠢᠨ᠎ᠡ ᠮᠠᠲ᠋ᠧᠷᠢᠶᠠᠯ᠂ ᠨᠢᠺᠸᠯ ᠵᠢᠡᠷ ᠰᠠᠭᠤᠷᠢ ᠪᠤᠯᠭᠠᠬᠰᠠᠨ ᠣᠷᠴᠢᠯ᠎ᠳᠤ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ ᠵᠢᠴᠢ ᠲᠣᠨᠣᠭ ᠲᠥᠬᠥᠭᠡᠷᠦᠮᠵᠢ ᠦᠶ᠋ᠯᠡᠳᠬᠦ᠌᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠬᠦ᠌᠂ ᠣᠲᠣ ᠦᠶ᠎ᠡ᠎ᠶ᠋ᠢᠨ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)᠂ ᠰᠣᠶᠣᠯ ᠵᠢᠭᠤᠯᠴᠢᠯᠠᠯ᠂ ᠴᠠᠬᠢᠭᠤᠷᠲᠤ ᠡᠯᠡᠰᠦᠨ᠎ᠦ ᠱᠢᠨ᠎ᠡ ᠮᠠᠲ᠋ᠧᠷᠢᠶᠠᠯ ᠵᠡᠷᠭᠡ ᠶᠢᠰᠦᠨ ᠶᠡᠬᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ᠂ ᠠᠷᠠᠯᠵᠢᠶᠠᠴᠢᠨ ᠤᠷᠢᠬᠤ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠡᠭᠡᠵᠢᠩ ᠲᠢᠶᠠᠨᠵᠢᠨ ᠾᠧᠪᠧᠶ᠎ᠳᠤ ᠭᠤᠤᠯᠳᠠᠯᠭ᠎ᠠ ᠪᠠᠨ ᠲᠠᠯᠪᠢᠵᠤ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠵᠦᠵᠢᠶᠠᠩ ᠮᠥᠷᠡᠨ᠎ᠦ ᠭᠤᠷᠪᠠᠯᠵᠢᠨ ᠬᠣᠢᠭ᠎ᠲᠤ ᠬᠦᠴᠦᠯᠡᠵᠦ᠍᠂ 《ᠲᠠᠭᠠᠭᠤᠯᠤᠬᠴᠢ ᠠᠵᠤ ᠠᠬᠤᠢᠯᠠᠯ》᠂ 《ᠬᠥᠲᠥᠯᠥᠨ ᠳᠠᠭᠠᠭᠤᠯᠬᠤ ᠴᠢᠨᠠᠷᠲᠠᠶ ᠲᠥᠷᠥᠯ ᠵᠦᠶ᠋ᠯ》᠎ᠢ᠋ ᠨᠢᠭᠲᠠ ᠠᠵᠢᠭᠯᠠᠵᠤ᠂ ᠲᠥᠷᠥᠯ ᠵᠦᠢᠯ᠎ᠢ ᠤᠷᠤᠭᠤᠯᠤᠨ ᠠᠪᠴᠢᠷᠠᠵᠤ ᠨᠠᠢᠳᠠᠪᠤᠷᠢᠵᠢᠭᠤᠯᠬᠤ᠎ᠵᠢ ᠬᠦᠴᠦᠯᠡᠨ ᠠᠬᠢᠭᠤᠯᠪᠠ᠃
2021 ᠣᠨ᠎ᠤ 9 ᠰᠠᠷ᠎ᠠ᠎ᠡᠴᠡ ᠨᠠᠭᠠᠰᠢ᠂ ᠪᠥᠬᠥ᠌ ᠬᠣᠲᠠ᠎ᠶ᠋ᠢᠨ 300 ᠭᠠᠷᠤᠶ ᠠᠷᠠᠯᠵᠢᠶᠠᠴᠢᠨ ᠤᠷᠢᠬᠤ ᠠᠩᠭᠢ᠂ 1300 ᠭᠠᠷᠤᠶ ᠺᠠᠳ᠋ᠷ ᠬᠦᠴᠢᠷ ᠪᠡᠷᠬᠡᠰᠢᠶᠡᠯ᠎ᠢ ᠲᠠᠪᠠᠵᠤ᠂ ᠮᠢᠩᠭᠠᠨ ᠲᠦᠮᠡᠨ ᠠᠭᠤᠯᠠ ᠤᠰᠤ᠎ᠶᠢ ᠲᠤᠭᠤᠯᠵᠤ᠂ ᠠᠷᠠᠯᠵᠢᠶᠠᠴᠢᠨ ᠤᠷᠢᠬᠤ ᠶᠠᠪᠤᠴᠠ᠎ᠳᠠᠬᠢ ᠡᠯ᠎ᠡ ᠵᠦᠶ᠋ᠯ᠎ᠦᠨ ᠬᠦᠴᠢᠷᠳᠡᠯ ᠪᠠ ᠠᠰᠠᠭᠤᠳᠠᠯ᠎ᠢ ᠪᠥᠬᠥ᠌ ᠬᠦᠴᠦᠨ᠎ᠢᠶᠡᠷ᠎ᠢᠶᠡᠨ ᠢᠯᠠᠨ ᠳᠠᠪᠠᠵᠤ᠂ 3500 ᠭᠠᠷᠤᠶ ᠠᠵᠤ ᠠᠬᠤᠢᠯᠠᠯ᠎ᠲᠠᠶ ᠵᠣᠯᠭᠠᠯᠴᠠᠵᠤ᠂ 254 ᠲᠥᠷᠥᠯ ᠵᠦᠶ᠋ᠯ᠎ᠦᠨ ᠭᠡᠷ᠎ᠡ ᠲᠣᠭ᠍ᠲᠠᠵᠤ ᠨᠥᠭᠡᠴᠡᠯᠡᠪᠡ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ 《ᠰᠤᠷᠢᠨᠵᠢᠨ ᠴᠢᠯᠠᠭᠤ》 ᠵᠢ ᠴᠤᠬᠴᠠᠯᠠᠨ᠎ᠠ
ᠬᠡᠷᠡᠭ᠎ᠤᠨ ᠵᠢᠱ᠌ᠢᠶ᠎ᠡ᠎ᠪᠡᠷ ᠤᠯᠤᠰ ᠲᠥᠷᠥ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠦ᠍ ᠴᠡᠪᠡᠷᠱᠢᠭᠦᠯᠬᠦ᠌ ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠺᠠᠳ᠋ᠷ᠎ᠤᠨ ᠪᠠᠢᠳᠠᠯ᠎ᠳᠤ ᠪᠥᠬᠥ᠌ ᠲᠠᠯ᠎ᠠ᠎ᠪᠠᠷ ᠲᠣᠬᠢᠷᠠᠭᠤᠯᠤᠯᠲᠠ ᠬᠢᠪᠠ; 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠡᠷᠬᠡ ᠰᠡᠳᠦᠪ᠎ᠢ ᠱᠢᠶ᠋ᠳᠪᠦᠷᠢᠯᠡᠬᠦ᠌ ᠣᠨ》 ᠤ᠋ ᠠᠵᠢᠯᠯᠠᠭ᠎ᠠ᠎ᠶ᠋ᠢ ᠥᠷᠨᠢᠭᠦᠯᠵᠦ᠍᠂ 1 ᠶᠡᠷᠦᠩᠬᠡᠶ ᠲᠥᠰᠦᠯ᠎ᠢᠶᠡᠷ ᠶᠡᠷᠦᠩᠬᠡᠢᠯᠡᠨ ᠵᠢᠯᠣᠭᠣᠳᠣᠭᠤᠯᠵᠤ᠂ 10 ᠲᠤᠰᠭᠠᠶ ᠪᠡᠷᠬᠡ ᠰᠡᠳᠦᠪ᠎ᠢ ᠱᠢᠶ᠋ᠳᠪᠦᠷᠢᠯᠡᠬᠦ᠌ ᠠᠵᠢᠯᠯᠠᠭ᠎ᠠ᠎ᠪᠠᠷ ᠭᠠᠷᠳᠡᠴᠡ ᠪᠣᠯᠭᠠᠵᠤ᠂ 7 ᠲᠣᠭ᠍ᠲᠡᠴᠡ᠎ᠪᠠᠷ ᠪᠠᠲᠤᠯᠠᠭ᠎ᠠ ᠪᠣᠯᠭᠠᠵᠤ᠂ 《1+10 +7》 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠱᠢᠰᠲ᠋ᠧᠮ᠎ᠢ ᠪᠠᠢᠭᠤᠯᠪᠠ; 《ᠲᠤᠰ ᠪᠡᠶ᠎ᠡ ᠵᠢᠨ ᠦᠵᠡᠯᠳᠡ ᠰᠡᠳᠬᠢᠬᠦᠢ》 ᠪᠠᠨ ᠬᠤᠪᠢᠷᠠᠭᠤᠯᠪᠠ ᠁ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ 《ᠰᠤᠷᠢᠨᠵᠢᠨ ᠴᠢᠯᠠᠭᠤ》ᠵᠢ ᠴᠤᠬᠴᠠᠯᠠᠬᠤ ᠠᠯᠢ ᠣᠯᠠᠨ ᠠᠷᠭ᠎ᠠ ᠬᠡᠮᠵᠢᠶ᠎ᠡ ᠨᠢ ᠠᠵᠤ ᠠᠬᠤᠢᠯᠠᠯ᠎ᠢ ᠢᠷᠡᠬᠦ ᠳᠤᠷᠠᠲᠠᠶ᠂ ᠦᠯᠡᠳᠡᠭᠡᠵᠦ᠍ ᠳᠡᠢᠯᠬᠦ᠌ ᠪᠤᠯᠭᠠᠵᠤ᠂ ᠲᠥᠷᠥᠯ ᠵᠦᠶ᠋ᠯ᠎ᠢ ᠲᠦᠷᠭᠡᠨ ᠨᠠᠢᠳᠠᠪᠤᠷᠢᠵᠢᠭᠤᠯᠵᠤ᠂ ᠰᠠᠢᠲᠤᠷ ᠬᠥᠭ᠌ᠵᠢᠭᠦᠯᠬᠦ᠌ ᠪᠣᠯᠭᠠᠪᠠ᠃
ᠲᠦᠩᠯᠢᠶᠣᠤ ᠬᠣᠲᠠ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠢᠭᠤᠯᠤᠯᠲᠠ ᠵᠢ ᠠᠬᠢᠭᠤᠯᠬᠤ᠂ ᠪᠠᠷᠢᠯᠭ᠎ᠠ ᠵᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠎ᠶ᠋ᠢ ᠵᠢᠷᠤᠮᠵᠢᠭᠤᠯᠤᠨ ᠬᠠᠮᠢᠶᠠᠷᠬᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠬᠦ᠌᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠪᠠ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠪᠠ ᠣᠶᠤᠨᠴᠢ ᠵᠠᠰᠠᠭ᠎ᠤᠨ ᠶᠠᠪᠤᠳᠠᠯ᠎ᠤᠨ ᠪᠠᠢᠭᠤᠯᠤᠯᠲᠠ᠂ ᠮᠥᠩᠭᠥᠨ ᠭᠦᠶ᠋ᠯᠭᠡᠭᠡᠨ᠎ᠦ ᠠᠵᠤ ᠦᠶ᠋ᠯᠡᠰ᠎ᠦᠨ ᠪᠣᠳᠠᠲᠤ ᠴᠣᠭ᠍ᠴᠠ᠎ᠶ᠋ᠢᠨ ᠠᠵᠤ ᠠᠬᠤᠶ᠂ ᠵᠠᠰᠠᠭ᠎ᠤᠨ ᠶᠠᠪᠤᠳᠠᠯ ᠦᠢᠯᠡᠴᠢᠯᠡᠬᠦ 《ᠶᠡᠷᠦᠩᠬᠡᠢᠯᠡᠭ᠌ᠰᠡᠨ ᠨᠢᠭᠡ ᠴᠣᠩᠬᠣᠪᠴᠢ》᠎ᠶ᠋ᠢᠨ ᠥᠭᠡᠷᠡᠴᠢᠯᠡᠯᠲᠡ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《ᠣᠢᠷ᠎ᠠ ᠬᠠᠪᠢ᠎ᠳᠤ ᠭᠦᠶ᠋ᠴᠡᠳᠭᠡᠬᠦ᠌》 ᠥᠭᠡᠷᠡᠴᠢᠯᠡᠯᠲᠡ᠂ 《ᠮᠥᠩᠬᠡ ᠰᠤᠪᠠᠭ·ᠠᠯᠠᠭᠠᠨ ᠳᠡᠭᠡᠷ᠎ᠡ ᠭᠦᠶ᠋ᠴᠡᠳᠭᠡᠬᠦ᠌》ᠵᠢ ᠪᠦᠬᠦ ᠲᠠᠯ᠎ᠠ ᠪᠡᠷ ᠬᠡᠷᠡᠭᠵᠢᠭᠦᠯᠬᠦ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌ ᠬᠤᠷᠳᠤᠴᠠ᠎ᠶ᠋ᠢ ᠲᠦᠷᠭᠡᠳᠭᠡᠬᠦ᠌ ᠵᠡᠷᠭᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠥᠨᠳᠥᠷ ᠪᠦᠲᠦᠮᠵᠢᠲᠡᠶ ᠴᠢᠨᠠᠷ ᠰᠠᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠪᠠ; 53 ᠳ᠋ᠦᠩᠱᠢᠭᠤᠷ ᠲᠥᠭᠥᠷᠢᠭ᠎ᠤᠨ ᠪᠠᠯᠠ ᠣᠷᠣᠭᠤᠯᠤᠨ ᠬᠠᠭᠤᠴᠢᠨ ᠬᠣᠲᠠ᠎ᠶ᠋ᠢ ᠥᠭᠡᠷᠡᠴᠢᠯᠡᠨ ᠲᠠᠰ ᠳᠡᠪᠱᠢᠭᠦᠯᠬᠦ ᠪᠠ ᠱᠢᠨ᠎ᠡ ᠬᠣᠲᠠ᠎ᠳᠦ ᠳᠡᠭᠡᠳᠦ ᠲᠠᠰ᠎ᠤᠨ ᠴᠢᠳᠠᠪᠬᠢ ᠣᠯᠭᠣᠬᠤ 59 ᠲᠥᠷᠥᠯ ᠵᠦᠶ᠋ᠯ᠎ᠢ ᠬᠡᠷᠡᠭᠵᠢᠭᠦᠯᠵᠦ᠂ 63 ᠳ᠋ᠦᠩᠱᠢᠭᠤᠷ ᠲᠥᠭᠥᠷᠢᠭ᠎ᠤᠨ ᠪᠠᠯᠠ ᠣᠷᠣᠭᠤᠯᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠬᠦ᠌ 146 ᠲᠥᠷᠥᠯ ᠵᠦᠶ᠋ᠯ᠎ᠢ ᠬᠡᠷᠡᠭ᠌ᠵᠢᠭᠦᠯᠵᠦ᠍᠂100 ᠳ᠋ᠦᠩᠱᠢᠭᠤᠷ ᠲᠥᠭᠥᠷᠢᠭ ᠤᠨ ᠪᠠᠯᠠ ᠣᠷᠣᠭᠤᠯᠤᠨ ᠬᠣᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠌ ᠪᠠ ᠧᠦ᠋ᠷᠣᠫᠠ ᠲᠢᠪ᠎ᠦᠨ ᠪᠠᠯᠠ ᠣᠷᠣᠭᠤᠯᠤᠯᠲᠠ᠎ᠪᠠᠷ ᠡᠯᠡᠰᠦ᠎ᠶ᠋ᠢ ᠵᠠᠰᠠᠵᠤ ᠣᠢᠵᠢᠭᠤᠯᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠡᠷ ᠤᠳᠤᠷᠢᠳᠤᠮᠵᠢ ᠪᠤᠯᠭᠠᠬᠰᠠᠨ ᠪᠠᠢᠳᠠᠯ ᠲᠤᠤᠷᠠᠬᠢ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠠᠴᠢᠶᠠᠯᠠᠪᠤᠷᠢ᠎ᠶ᠋ᠢᠨ ᠴᠢᠳᠠᠪᠤᠷᠢ᠎ᠶ᠋ᠢ ᠲᠦᠷᠭᠡᠳᠭᠡᠨ ᠳᠡᠭᠡᠭ᠌ᠰᠢᠯᠡᠭᠦᠯᠪᠡ᠃
ᠬᠥᠭ᠌ᠵᠢᠯᠲᠡ᠎ᠶ᠋ᠢ ᠡᠷᠢᠯᠬᠢᠯᠡᠬᠦ᠌᠎ᠳᠦ ᠲᠦᠷᠦᠯ ᠵᠦᠢᠯ᠎ᠢ ᠲᠥᠯᠥᠪᠵᠢᠭᠦᠯᠬᠦ᠌ ᠬᠡᠷᠡᠭ᠌ᠲᠡᠢ᠂ ᠲᠦᠷᠦᠯ ᠵᠦᠢᠯ᠎ᠢ ᠠᠳᠭᠤᠬᠤ ᠨᠢ ᠳᠠᠷᠤᠢ ᠬᠥᠭ᠌ᠵᠢᠯᠲᠡ᠎ᠶ᠋ᠢ ᠠᠳᠭᠤᠬᠤ ᠶᠠᠪᠤᠳᠠᠯ ᠪᠣᠯᠤᠨ᠎ᠠ᠃ ᠠᠬᠢᠴᠠ ᠶᠢ ᠲᠦᠷᠭᠡᠳᠭᠡᠵᠤ ᠪᠣᠳᠠᠲᠤ ᠦᠷ᠎ᠡ ᠪᠦᠲᠦᠮᠵᠢ᠎ᠶ᠋ᠢ ᠱᠢᠯᠭᠠᠬᠤ ᠶᠢᠨ ᠲᠥᠯᠥᠭᠡ᠂ ᠨᠢᠭᠡ ᠤᠳᠠᠭᠠᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠦᠵᠡᠭᠦᠯᠭᠡ᠎ᠶ᠋ᠢᠨ ᠪᠣᠯᠪᠠᠰᠤᠷᠠᠯ ᠶᠠᠪᠤᠬᠳᠠᠭᠤᠯᠪᠠ᠃ 6 ᠡᠳᠦᠷ᠎ᠲᠦ᠂ 8 ᠬᠣᠱᠢᠭᠤ ᠱᠢᠶᠠᠨ ᠬᠣᠲᠠ ᠲᠣᠭᠣᠷᠢᠭ᠂ 66 ᠲᠥᠷᠥᠯ ᠵᠦᠶ᠋ᠯ᠂ ᠬᠣᠲᠠ᠂ ᠱᠢᠶᠠᠨ᠂ ᠱᠢᠶᠠᠩ᠂ ᠲᠣᠰᠭᠣᠨ ᠳᠥᠷᠪᠡᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠨᠢᠭᠡ ᠨᠢᠭᠡ ᠬᠣᠱᠢᠭᠤ ᠱᠢᠶᠠᠨ᠎ᠢᠶᠠᠷ ᠶᠠᠪᠤᠵᠤ᠂ ᠨᠢᠭᠡ ᠨᠢᠭᠡ ᠲᠥᠷᠥᠯ ᠵᠦᠶ᠋ᠯ᠎ᠢᠶᠡᠷ ᠦᠵᠡᠵᠦ᠍᠂ ᠪᠠᠯᠠ ᠣᠷᠣᠭᠤᠯᠤᠯᠲᠠ᠎ᠶ᠋ᠢᠨ ᠠᠵᠤ ᠠᠬᠤᠢᠯᠠᠯ᠎ᠤᠨ ᠲᠦᠭ᠌ᠵᠢᠷᠡᠯ ᠠᠰᠠᠭᠤᠳᠠᠯ᠎ᠢ ᠰᠠᠨᠠᠭᠠᠴᠢᠯᠠᠭ᠎ᠠ᠎ᠡᠴᠡ᠎ᠪᠠᠨ ᠣᠢᠯᠠᠭᠠᠵᠤ᠂ ᠰᠠᠢᠨ ᠰᠡᠳᠭᠢᠮᠵᠢ ᠪᠠ ᠰᠠᠢᠨ ᠵᠠᠭ᠍ᠪᠤᠷ᠎ᠢ ᠭᠦᠨᠵᠡᠭᠡᠶ ᠰᠠᠢᠲᠤᠷ ᠳ᠋ᠦᠩᠨᠡᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠦᠨᠡᠨ ᠪᠣᠳᠠᠲᠠᠶ ᠰᠤᠳᠤᠯᠤᠨ ᠲᠥᠯᠥᠪᠯᠡᠵᠡᠶ᠃
ᠱᠢᠨ᠎ᠡ ᠠᠵᠠ ᠲᠣᠬᠢᠶᠠᠯ᠂ ᠱᠢᠨ᠎ᠡ ᠥᠷᠢᠰᠥᠯᠳᠦᠭᠡᠨ ᠨᠢ ᠱᠢᠨ᠎ᠡ ᠵᠢᠳᠬᠦᠯ ᠴᠢᠷᠮᠠᠢᠯᠭ᠎ᠠ᠎ᠶ᠋ᠢ ᠤᠷᠢᠶᠠᠯᠠᠵᠤ ᠪᠠᠢᠨ᠎ᠠ᠃ ᠡᠨᠡ ᠬᠦ᠌ ᠴᠠᠭ ᠮᠥᠴᠡ᠎ᠲᠡᠶ ᠤᠷᠤᠯᠳᠤᠨ᠂ ᠬᠦᠴᠢᠷ ᠪᠡᠷᠬᠡᠱᠢᠶᠡᠯ᠎ᠲᠡᠶ ᠦᠵᠡᠯᠴᠡᠵᠦ᠍ ᠪᠠᠢᠭ᠎ᠠ ᠲᠠᠢᠯᠠᠯᠲᠤᠭᠠᠨ ᠳᠤ᠂ ᠲᠦᠩᠯᠢᠶᠣᠤ᠎ᠶ᠋ᠢᠨ ᠨᠠᠮ᠎ᠤᠨ ᠭᠡᠱᠢᠭᠦᠨ ᠺᠠᠳ᠋ᠷ ᠨᠡᠩ ᠣᠷᠭᠢᠯᠤᠮ᠎ᠠ ᠬᠠᠯᠠᠭᠤᠨ ᠠᠵᠢᠯ᠎ᠤᠨ ᠤᠷᠮ᠎ᠠ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠵᠢᠯ᠎ᠤᠨ ᠰᠤᠷᠲᠠᠯ᠂ ᠨᠡᠩ ᠱᠢᠯᠢᠳᠡᠭ ᠠᠵᠢᠯ᠎ᠤᠨ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠯᠳᠡ ᠲᠠᠶ ᠬᠤᠷᠠᠯᠳᠤᠬᠤ᠎ᠶ᠋ᠢ ᠤᠭ᠍ᠲᠤᠬᠤ ᠪᠣᠯᠤᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃