2022-08-02 15:00:19
《ᠡᠨᠡ ᠬᠡᠳᠦᠨ ᠵᠢᠯ ᠶᠤᠸᠠᠨ ᠯᠢᠨ ᠵᠠᠮ ᠴᠡᠪᠡᠷ ᠲᠡᠭᠰᠢᠬᠡᠨ ᠪᠤᠯᠤᠬᠰᠠᠨ ᠵᠢᠡᠷ ᠪᠠᠷᠠᠬᠤ ᠦᠬᠡᠢ ᠂ ᠰᠥᠨᠢ ᠶ᠋ᠢᠨ ᠦᠵᠡᠮᠵᠢ᠎ᠶ᠋ᠢᠨ ᠳ᠋ᠧᠩ ᠨᠢ ᠴᠦ᠍ ᠮᠠᠰᠢ ᠭᠤᠶᠤ ᠪᠤᠯᠵᠠᠢ᠂ ᠤᠤᠯ ᠨᠢ ᠡᠨᠳᠡᠬᠢ ᠠᠰᠠᠷ᠎ᠤᠨ ᠭᠠᠳᠠᠷ ᠬᠡᠷᠡᠮ᠎ᠦᠨ ᠣᠯᠠᠩᠬᠢ ᠨᠢ ᠬᠠᠭᠤᠴᠢᠷᠠᠵᠦ᠂ ᠳᠡᠯᠭᠡᠭᠦᠷ᠎ᠦᠨ ᠵᠠᠷ ᠮᠡᠳᠡᠭᠡᠨ᠎ᠦ ᠫᠠᠢᠰᠠ ᠢᠯᠡᠷᠬᠡᠢᠯᠡᠯ ᠨᠢ ᠴᠦ᠍ ᠡᠯᠳᠡᠪ ᠶᠠᠩᠵᠦ ᠵᠢᠨ ᠪᠠᠢᠵᠦ᠂ ᠵᠡᠭᠡᠯᠢ ᠭᠤᠳᠤᠮᠵᠢ᠎ᠶ᠋ᠢᠨ ᠦᠩᠭᠡ ᠦᠵᠡᠮᠵᠢ᠎ᠶᠢ ᠮᠠᠰᠢ ᠨᠥᠯᠥᠭᠡᠯᠡᠵᠦ᠍ ᠪᠠᠢᠵᠠᠶ》 ᠭᠡᠵᠦ ᠡᠨᠡ ᠵᠢᠯ 60 ᠨᠠᠰᠤᠲᠠᠢ ᠴᠧᠨ ᠠᠪᠤᠭᠠᠢ ᠬᠡᠯᠡᠨ᠎ᠡ᠃
ᠡᠨᠡ ᠵᠢᠯ ᠤᠯᠠᠭᠠᠨᠬᠠᠳᠠ ᠬᠣᠲᠠ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ ᠬᠢᠭᠡᠳ ᠪᠤᠰᠤᠳ ᠠᠵᠢᠯ᠎ᠤᠨ ᠭᠦᠨᠵᠡᠭᠡᠶ ᠠᠭᠤᠰᠤᠯᠴᠠᠯ᠎ᠢ ᠪᠠᠷᠢᠮᠲᠠᠯᠠᠵᠤ᠂ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠶ᠋ᠢ ᠠᠬᠢᠭᠤᠯᠵᠤ᠂ ᠬᠣᠲᠠ᠎ᠶ᠋ᠢᠨ ᠬᠠᠮᠢᠶᠠᠷᠤᠯᠲᠠ᠎ᠶ᠋ᠢᠨ ᠲᠦᠪᠱᠢᠨ ᠪᠠ ᠪᠣᠯᠪᠠᠰᠤᠨ᠎ᠤ ᠬᠡᠪ ᠴᠢᠨᠠᠷ ᠵᠢᠡᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠨᠠᠷᠢᠯᠢᠬ ᠵᠦᠶ᠋ᠯᠡᠰ᠎ᠢ ᠴᠢᠬᠤᠯᠠᠴᠢᠯᠠᠵᠦ ᠴᠢᠨᠠᠷ ᠴᠢᠨᠰᠠᠭ᠎ᠠ ᠪᠠᠨ ᠳᠡᠭᠡᠭ᠌ᠰᠢᠯᠡᠭᠦᠯᠤᠨ᠎ᠠ
ᠤᠯᠠᠭᠠᠨᠬᠠᠳᠠ ᠬᠣᠲᠠ ᠲᠣᠮᠣ ᠬᠣᠲᠠ ᠲᠣᠭᠣᠷᠢᠭ᠎ᠤᠨ ᠪᠠᠢᠷᠢᠱᠢᠯ᠎ᠢ ᠴᠤᠬᠴᠠᠯᠠᠵᠤ᠂ ᠱᠢᠨ᠎ᠡ ᠬᠠᠭᠤᠴᠢᠨ ᠬᠣᠲᠠ ᠲᠣᠭᠣᠷᠢᠭᠵᠢᠡᠨ ᠦ ᠦᠬᠡᠢ ᠰᠠᠢᠬᠠᠨ 《ᠨᠡᠢᠯᠡᠭᠦᠯᠵᠡᠢ》᠃ ᠯᠢᠨ ᠬᠤᠸᠠᠩ ᠶᠡᠬᠡ ᠵᠡᠭᠡᠯᠢ᠂ ᠢᠦᠶ ᠯᠦᠩ ᠶᠡᠬᠡ ᠵᠡᠭᠡᠯᠢ᠂ ᠪᠠᠭᠠᠷᠢᠨ ᠶᠡᠬᠡ ᠵᠡᠭᠡᠯᠢ᠂ ᠶᠢᠦ ᠢ ᠶᠡᠬᠡ ᠵᠡᠭᠡᠯᠢ ᠵᠡᠷᠭᠡ ᠣᠨᠴᠠᠯᠢᠭ᠍ᠲᠤ ᠦᠵᠡᠮᠵᠢ᠎ᠶ᠋ᠢᠨ ᠵᠡᠭᠡᠯᠢ ᠲᠣᠭᠣᠷᠢᠭ᠎ᠢ ᠴᠤᠬᠴᠠᠯᠠᠪᠠ; ᠪᠦᠦ ᠱᠠᠨ ᠶᠡᠬᠡ ᠬᠥᠭᠥᠷᠭᠡ᠂ ᠫᠢᠩ ᠱᠤᠸᠠᠩ ᠵᠠᠰᠠᠮᠠᠯ ᠵᠠᠮ ᠤᠨ ᠶᠡᠬᠡ ᠬᠥᠭᠥᠷᠭᠡ᠂ ᠭᠠᠩ ᠲᠢᠶ᠍ᠸ ᠪᠠᠷᠠᠭᠤᠨ ᠵᠡᠭᠡᠯᠢ᠎ᠶ᠋ᠢᠨ ᠵᠦᠷᠢᠯᠢᠭ ᠬᠥᠭᠥᠷᠭᠡ ᠵᠡᠷᠭᠡ 6 ᠬᠥᠭᠥᠷᠭᠡ᠎ᠶ᠋ᠢ ᠪᠦᠲᠦᠬᠡᠨ ᠪᠠᠢᠭᠤᠯᠵᠤ᠂ ᠱᠢᠨ᠎ᠡ᠎ᠪᠡᠷ ᠪᠦᠲᠦᠬᠡᠨ ᠪᠠᠢᠭᠤᠯᠤᠭ᠍ᠰᠠᠨ 70 ᠲᠦᠮᠡᠨ ᠲᠡᠭ᠌ᠰᠢ ᠳᠥᠷᠪᠡᠯᠵᠢᠨ ᠮᠧᠲᠷ ᠲᠠᠯᠠᠪᠠᠢ ᠪᠦᠬᠦᠢ ᠤᠰᠤᠨ ᠱᠢᠰᠲ᠋ᠧᠮ᠎ᠲᠡᠶ ᠭᠣᠮ ᠬᠠᠱᠢᠯᠭ᠎ᠠ᠎ᠶ᠋ᠢᠨ ᠦᠵᠡᠮᠵᠢ᠎ᠶ᠋ᠢᠨ ᠪᠦᠰᠡ᠎ᠨᠢ ᠱᠢᠨ᠎ᠡ ᠬᠠᠭᠤᠴᠢᠨ ᠬᠣᠲᠠ᠎ᠶ᠋ᠢᠨ ᠠᠷᠠᠳ᠎ᠤᠨ ᠰᠡᠯᠡᠭᠦᠴᠡᠯ᠂ ᠵᠤᠭ᠎ᠠ ᠴᠡᠩᠭᠡᠯ᠂ ᠪᠡᠶ᠎ᠡ ᠴᠢᠭᠢᠷᠠᠭ᠍ᠵᠢᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠦᠵᠡᠮᠵᠢ ᠶ᠋ᠢᠨ ᠤᠷᠲᠤ ᠬᠣᠩᠭᠢᠯ ᠪᠣᠯᠪᠠ; ᠡᠮᠦᠨ᠎ᠠ ᠠᠭᠤᠯᠠᠨᠦ ᠠᠮᠢ ᠠᠬᠤᠢ᠎ᠶ᠋ᠢᠨ ᠬᠦᠷᠢᠶᠡᠯᠡᠩ᠂ ᠰᠦᠩ ᠪᠸᠢ ᠶᠢᠨ ᠾᠧ ᠴᠡᠴᠡᠷᠯᠢᠭ᠂ ᠤᠯᠠᠭᠠᠨᠬᠠᠳᠠ ᠴᠡᠴᠡᠷᠯᠢᠭ ᠵᠡᠷᠭᠡ ᠨᠢᠭᠡ ᠪᠦᠯᠦᠭ ᠴᠡᠴᠡᠷᠯᠢᠭ᠂ ᠰᠡᠯᠡᠭᠦᠴᠡᠯ᠎ᠦᠨ ᠠᠭᠤᠳᠠᠮ ᠲᠠᠯᠠᠪᠠᠢ᠎ᠶ᠋ᠢ ᠪᠦᠲᠦᠭᠡᠨ ᠪᠠᠢᠭᠤᠯᠵᠤ᠂ ᠬᠣᠲᠠ᠎ᠶ᠋ᠢᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
2021 ᠣᠨ᠎ᠳᠤ ᠤᠯᠠᠭᠠᠨᠬᠠᠳᠠ ᠬᠣᠲᠠ 36 ᠲᠦᠮᠡᠨ ᠲᠡᠭ᠌ᠰᠢ ᠳᠥᠷᠪᠡᠯᠵᠢᠨ ᠮᠧᠲ᠋ᠷ ᠳᠠᠯᠠᠪᠠᠢ ᠪᠦᠬᠦᠢ ᠡᠪᠳᠡᠭ᠌ᠳᠡᠭ᠌ᠰᠡᠨ ᠵᠠᠮ᠎ᠤᠨ ᠭᠠᠳᠠᠷᠭᠤ᠎ᠶ᠋ᠢ ᠵᠠᠰᠠᠨ ᠰᠡᠷᠭᠦᠭᠡᠵᠦ᠍᠂ 7.6 ᠲᠦᠮᠡ ᠭᠠᠷᠤᠶ ᠰᠠᠭᠤᠷᠢ ᠴᠢᠬᠢ ᠮᠣᠳᠣ ᠨᠥᠬᠥᠨ ᠳᠠᠷᠢᠵᠤ᠂ 3.6 ᠲᠦᠮᠡ ᠭᠠᠷᠤᠶ ᠲᠡᠭ᠌ᠰᠢ ᠳᠥᠷᠪᠡᠯᠵᠢᠨ ᠮᠧᠲ᠋ᠷ ᠭᠠᠵᠠᠷ ᠲᠸ᠋ ᠡᠪᠡᠰᠦ ᠮᠣᠳᠣ ᠳᠠᠷᠢᠵᠦ ᠨᠣᠭᠣᠭᠠᠷᠠᠭᠤᠯᠤᠨ᠂ 3.4 ᠲᠦᠮᠡᠨ ᠲᠡᠭ᠌ᠰᠢ ᠳᠥᠷᠪᠡᠯᠵᠢᠨ ᠮᠧᠲ᠋ᠷ ᠵᠠᠮ᠎ᠤᠨ ᠬᠥᠪᠡᠭᠡ᠎ᠶᠢᠨ ᠴᠢᠯᠠᠭᠤ᠎ᠶ᠋ᠢ ᠰᠣᠯᠢᠨ ᠵᠠᠰᠠᠵᠤ᠂ 53 ᠵᠡᠭᠡᠯᠢ ᠭᠤᠳᠤᠮᠵᠢ᠎ᠶ᠋ᠢᠨ ᠲᠡᠷᠭᠡᠨ ᠵᠣᠭ᠍ᠰᠣᠭᠠᠯ᠎ᠢ ᠰᠡᠯᠪᠢᠨ ᠵᠠᠰᠠᠵᠤ᠂ 6600 ᠭᠠᠷᠤᠶ ᠵᠠᠮ᠎ᠤᠨ ᠳ᠋ᠧᠩ᠎ᠢ ᠰᠡᠯᠪᠢᠨ ᠵᠠᠰᠠᠵᠤ᠂ ᠬᠣᠲᠠ᠎ᠶ᠋ᠢᠨ ᠰᠠᠭᠤᠷᠢ ᠲᠦᠬᠦᠬᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ ᠨᠢ ᠢᠯᠡᠳᠲᠡ ᠳᠡᠭᠡᠭ᠌ᠰᠢᠯᠡᠪᠡ᠃
ᠨᠠᠩ ᠣᠯᠠᠨ ᠬᠣᠲᠠ᠎ᠶ᠋ᠢᠨ ᠠᠷᠠᠳ᠎ᠢ 《ᠰᠠᠭᠤᠬᠤ᠎ᠠᠴᠠ ᠣᠷᠣᠨ ᠰᠠᠭᠤᠴᠠ᠎ᠲᠠᠶ ᠪᠤᠯᠭᠠᠬᠤ》 ᠶ᠋ᠢᠨ ᠲᠥᠯᠥᠭᠡ᠂ ᠡᠨᠡ ᠵᠢᠯ ᠤᠯᠠᠭᠠᠨᠬᠠᠳᠠ ᠬᠣᠲᠠ ᠭᠤᠤᠯ ᠬᠣᠲᠠ ᠲᠣᠭᠣᠷᠢᠭ᠎ᠤᠨ 178 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠪᠡᠷ ᠲᠥᠯᠥᠪᠯᠡᠵᠦ᠍᠂ ᠥᠭᠡᠷᠡᠴᠢᠯᠡᠨ ᠱᠢᠨᠡᠳᠭᠡᠬᠦ᠌ ᠲᠠᠯᠠᠪᠠᠶ᠎ᠨᠢ 208.56 ᠲᠦᠮᠡᠨ ᠲᠡᠭ᠌ᠰᠢ ᠳᠥᠷᠪᠡᠯᠵᠢᠨ ᠮᠧᠲ᠋ᠷ ᠳᠠᠯᠠᠪᠠᠢ ᠳ᠋ᠤᠬᠦᠷᠴᠦ᠍᠂ 2.82 ᠲᠦᠮᠡᠨ ᠡᠷᠦᠬᠡ ᠰᠠᠭᠤᠭᠠᠯᠢ ᠠᠷᠠᠳ᠎ᠲᠤ ᠠᠱᠢᠭ ᠬᠦᠷᠲᠡᠭᠡᠬᠦ᠌ ᠪᠣᠯᠤᠨ᠎ᠠ᠃
ᠤᠯᠠᠭᠠᠨᠬᠠᠳᠠ ᠬᠣᠲᠠ ᠠᠭᠠᠷ ᠮᠠᠨᠳᠠᠯ ᠤᠨ ᠶᠠᠰᠤ ᠴᠢᠨᠠᠷ ᠢ ᠦᠨᠡᠨ ᠬᠦ᠌ ᠰᠠᠢᠵᠢᠷᠠᠭᠤᠯᠵᠤ᠂ ᠪᠣᠬᠢᠷ ᠮᠠᠨᠠᠨ ᠢ ᠪᠠᠭᠠᠰᠭᠠᠪᠠ᠃ ᠲᠣᠭ᠎ᠠ ᠪᠠᠷᠢᠮᠲᠠ ᠳᠤ ᠢᠯᠡᠷᠡᠭᠦᠯᠦᠭ᠌ᠰᠡᠨ᠎ᠢᠶᠡᠷ᠂ 2021 ᠣᠨ᠎ᠳᠤ ᠤᠯᠠᠭᠠᠨᠬᠠᠳᠠ ᠬᠣᠲᠠ᠎ᠶ᠋ᠢᠨ PM2.5 ᠶ᠋ᠢᠨ ᠳᠤᠮᠳᠠᠴᠢ ᠥᠳᠭᠡᠴᠡ᠎ᠨᠢ 22 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ ᠪᠠᠢᠵᠤ᠂ ᠱᠢᠯᠭᠠᠨ ᠪᠠᠢᠴᠠᠭᠠᠭ᠍ᠰᠠᠨ᠎ᠠᠴᠠ ᠨᠠᠭᠠᠱᠢᠬᠢ ᠬᠠᠮᠤᠭ᠎ᠤᠨ ᠳᠤᠤᠷ᠎ᠠ ᠬᠡᠮᠵᠢᠭ᠌ᠳᠡᠯ᠎ᠢ ᠡᠭᠦᠳᠪᠡ᠃ ᠠᠭᠠᠷ ᠮᠠᠨᠳᠠᠯ᠎ᠤᠨ ᠶᠠᠰᠤ ᠴᠢᠨᠠᠷ ᠱᠢᠯᠢᠳᠡᠭ ᠰᠠᠢᠨ ᠡᠳᠦᠷ᠎ᠦᠨ ᠲᠣᠭ᠎ᠠ 348 ᠡᠳᠦᠷ ᠪᠤᠯᠵᠦ᠂ ᠱᠢᠯᠢᠳᠡᠭ ᠰᠠᠢᠨ᠎ᠤ ᠨᠣᠷᠮ᠎ᠠ ᠨᠢ 95.3% ᠳ᠋ᠤ ᠬᠦᠷᠴᠤ᠂ ᠥᠪᠡᠷᠲᠡᠭᠡᠨ ᠵᠠᠰᠠᠬᠤ ᠣᠷᠣᠨ᠎ᠤ ᠵᠠᠭᠤᠨ ᠲᠦᠮᠡ᠎ᠡᠴᠡ ᠳᠡᠭᠡᠭ᠌ᠰᠢᠬᠢ ᠬᠥᠮᠦᠨ ᠠᠮᠠ᠎ᠲᠠᠶ ᠬᠣᠲᠠ᠎ᠶ᠋ᠢᠨ ᠲᠤᠳᠤᠷ᠎ᠠ ᠱᠢᠯᠢᠳᠡᠭ ᠰᠠᠢᠨ ᠡᠳᠦᠷ᠎ᠦᠨ ᠲᠣᠭ᠎ᠠ᠎ᠪᠡᠷ ᠵᠢᠡᠨ ᠳᠠᠬᠢᠨᠲᠠ ᠲᠦᠷᠦᠭᠦᠯᠡᠪᠡ᠃
ᠰᠣᠶᠣᠯ᠎ᠵᠢᠡᠷ ᠰᠦᠭ ᠰᠦᠨᠡᠰᠦ᠎ᠶ᠋ᠢ ᠱᠤᠭᠤᠵᠤ ᠪᠣᠯᠪᠠᠰᠤᠨ᠎ᠤ ᠲᠡᠦᠬᠡ ᠵᠢ ᠪᠢᠴᠢᠭᠯᠡᠨ᠎ᠡ
ᠤᠯᠠᠭᠠᠨᠬᠠᠳᠠ ᠪᠤᠯ ᠲᠡᠤᠬᠡᠨ᠎ᠠᠴᠠ᠎ᠪᠠᠨ ᠠᠪᠤᠭᠠᠳ ᠪᠣᠯᠪᠠᠰᠤᠨ ᠬᠤᠲᠠ ᠵᠢᠨ ᠠᠯᠳᠡᠷᠳᠠᠢ ᠶᠤᠮ᠂ ᠲᠡᠭᠦᠨ᠎ᠦ ᠭᠦᠨ ᠵᠤᠵᠠᠭᠠᠨ ᠪᠣᠯᠪᠠᠰᠤᠨ᠎ᠤ ᠲᠡᠦᠬᠡ ᠨᠢ ᠱᠢᠨ᠎ᠡ ᠴᠠᠭ ᠦᠶ᠎ᠡ᠎ᠶ᠋ᠢᠨ ᠤᠯᠠᠭᠠᠨᠬᠠᠳᠠ᠎ᠶ᠋ᠢᠨ ᠬᠤᠲᠠ᠎ᠶ᠋ᠢᠨ ᠲᠦᠷᠦᠯ ᠲᠡᠮᠲᠡᠭ᠎ᠢ ᠡᠭᠦᠳᠬᠦ᠌ ᠴᠢᠬᠤᠯᠠ ᠰᠣᠶᠣᠯ᠎ᠤᠨ ᠦᠨᠳᠦᠰᠦ ᠪᠢᠯᠡ᠃
ᠠᠯᠢ ᠡᠷᠲᠡ ᠲᠦᠮᠡᠨ ᠵᠢᠯ᠎ᠦᠨ ᠡᠮᠦᠨ᠎ᠡ ᠤᠯᠠᠭᠠᠨᠬᠠᠳᠠ ᠣᠷᠣᠨ᠎ᠳᠤ ᠬᠥᠮᠦᠨ ᠲᠥᠷᠥᠯᠬᠢᠲᠡᠨ ᠣᠷᠣᠱᠢᠨ ᠠᠮᠢᠳᠤᠷᠠᠵᠦ ᠪᠠᠢᠵᠠᠶ᠂ ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠠ᠎ᠳᠤ ᠡᠨᠳᠡᠬᠢ ᠡᠪᠦᠭᠡ ᠳᠡᠭᠡᠳᠦᠰ ᠭᠡᠷᠡᠯ ᠰᠠᠴᠤᠷᠠᠩᠭᠤᠶ ᠬᠣᠩᠱᠠᠨ ᠰᠣᠶᠣᠯ᠎ᠢ ᠡᠭᠦᠳᠪᠡ᠃ ᠤᠷᠲᠤ ᠤᠳᠠᠭᠠᠨ ᠲᠡᠦᠬᠡ᠎ᠶ᠋ᠢᠨ ᠶᠠᠪᠤᠴᠠ᠎ᠳᠤ ᠤᠯᠠᠭᠠᠨᠬᠠᠳᠠ ᠬᠣᠲᠠ ᠳ᠋ᠤ ᠬᠤᠩᠱᠠᠨ ᠰᠣᠶᠣᠯ᠂ ᠤᠮᠠᠷᠠᠲᠤ᠎ᠶ᠋ᠢᠨ ᠲᠠᠯ᠎ᠠ ᠨᠤᠲᠤᠭ᠎ᠤᠨ ᠬᠦᠷᠡᠯ ᠵᠡᠪᠰᠡᠭ᠎ᠦᠨ ᠰᠣᠶᠣᠯ᠂ ᠬᠢᠳᠠᠨ᠎ᠤ ᠯᠢᠶᠣᠤ ᠤᠯᠤᠰ᠎ᠤᠨ ᠰᠣᠶᠣᠯ᠂ ᠮᠣᠩᠭᠣᠯ ᠶᠤᠸᠠᠨ᠎ᠤ ᠰᠣᠶᠣᠯ᠎ᠢ ᠪᠦᠷᠢᠯᠳᠦᠭᠦᠯᠪᠡ᠃
ᠥᠨᠥᠳᠦᠷ 8000 ᠵᠢᠯ᠎ᠦᠨ ᠬᠤᠩᠱᠠᠨ ᠰᠣᠶᠣᠯ᠎ᠤᠨ ᠭᠣᠯᠣᠮᠲᠠ ᠨᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ ᠶ᠋ᠢ ᠡᠭᠦᠳᠬᠦ᠌ ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ 《ᠰᠣᠶᠣᠯ᠎ᠢᠶᠠᠷ ᠬᠣᠲᠠ᠎ᠶ᠋ᠢ ᠡᠭᠦᠳᠬᠦ᠌》 ᠪᠠᠷ ᠬᠣᠲᠠ᠎ᠶ᠋ᠢᠨ ᠵᠥᠭᠡᠯᠡᠨ ᠪᠣᠳᠠᠲᠤ ᠬᠦᠴᠦᠨ᠎ᠢ ᠲᠤᠯᠭᠠᠭᠤᠷᠢᠯᠠᠵᠤ᠂ 《 ᠪᠥᠬᠥ᠌ ᠤᠯᠤᠰ᠎ᠤᠨ ᠪᠣᠯᠪᠠᠰᠤᠨ ᠬᠣᠲᠠ 》 ᠵᠢ ᠡᠭᠦᠳᠦᠨ ᠪᠠᠢᠭᠤᠯᠬᠤ ᠵᠠᠮ ᠳᠡᠭᠡᠷ᠎ᠡ ᠳᠡᠯᠡᠬᠡᠶ ᠳ᠋ᠠᠬᠢᠨ᠎ᠳᠤ ᠠᠳᠠᠯᠢ ᠪᠤᠰᠤ 《ᠱᠢᠨ᠎ᠡ ᠤᠯᠠᠭᠠᠨᠬᠠᠳᠠ》 ᠶ᠋ᠢ ᠳᠡᠯᠭᠡᠨ ᠦᠵᠡᠭᠦᠯᠵᠡᠶ᠃
ᠬᠤᠳᠠ᠎ᠶ᠋ᠢᠨ ᠪᠣᠯᠪᠠᠰᠤᠨ ᠨᠢ 《ᠨᠢᠭᠤᠷ ᠲᠠᠯ᠎ᠠ》 ᠳᠡᠭᠡᠷ᠎ᠡ ᠢᠯᠡᠷᠡᠬᠦ᠌᠎ᠪᠡᠷ ᠪᠠᠷᠠᠬᠤ ᠦᠭᠡᠢ᠂ ᠨᠡᠩ ᠴᠤ᠌ 《ᠳᠣᠲᠣᠷ ᠲᠠᠯ᠎ᠠ》 ᠳ᠋ᠤ ᠣᠷᠣᠱᠢᠵᠤ᠂ ᠰᠣᠶᠣᠯ ᠡᠴᠡ ᠦᠨᠳᠦᠰᠦᠯᠡᠳᠡᠭ᠃
ᠤᠯᠠᠭᠠᠨᠬᠠᠳᠠ ᠬᠣᠲᠠ ᠰᠣᠶᠣᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠢᠯᠡ ᠲᠣᠳᠣ ᠤᠯᠠᠭᠠᠨᠬᠠᠳᠠ᠎ᠶ᠋ᠢᠨ ᠤᠨᠴᠠᠯᠢᠭ ᠲᠡᠶ ᠴᠢᠨᠠᠷ ᠰᠠᠢᠲᠠᠶ ᠰᠣᠶᠣᠯ᠎ᠤᠨ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠪᠠ᠃ ᠰᠣᠶᠣᠯ᠎ᠤᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠴᠢᠩᠭᠠᠳᠭᠠᠵᠤ᠂ ᠤᠷᠠᠯᠢᠭ᠎ᠤᠨ ᠰᠣᠳᠣᠨ ᠪᠦᠲᠦᠭᠡᠯ ᠢ ᠡᠭᠦᠳᠬᠦ᠌ ᠢᠨᠵᠧᠨᠧᠷᠢᠩ ᠢ ᠬᠡᠷᠡᠭ᠌ᠵᠢᠭᠦᠯᠵᠦ᠍᠂ ᠤᠯᠠᠨ ᠲᠦᠮᠡᠨ᠎ᠦ ᠤᠯᠠᠨ ᠡᠱᠢᠵᠢᠭ᠌ᠰᠡᠨ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠪᠠ᠃ ᠣᠯᠠᠨ ᠨᠡᠢᠲᠡ᠎ᠶ᠋ᠢᠨ ᠰᠣᠶᠣᠯ᠎ᠤᠨ ᠲᠥᠬᠥᠭᠡᠷᠦᠮᠵᠢ᠎ᠶ᠋ᠢ ᠰᠦᠢᠳᠭᠡᠯ ᠬᠤᠷᠢᠶᠠᠬᠤ ᠦᠭᠡᠢ᠎ᠪᠡᠷ ᠨᠡᠭᠡᠭᠡᠬᠦ᠌ ᠡᠷᠴᠢᠮ ᠵᠢᠡᠨ ᠴᠢᠩᠭᠠᠷᠠᠭᠤᠯᠵᠤ᠂ ᠬᠣᠲᠠ᠎ᠶ᠋ᠢᠨ ᠨᠣᠮ᠎ᠤᠨ ᠰᠠᠩ ᠂ ᠤᠷᠠᠨ ᠵᠢᠷᠤᠭ᠎ᠤᠨ ᠣᠷᠳᠣᠨ᠂ ᠰᠣᠶᠣᠯ᠎ᠤᠨ ᠣᠷᠳᠣᠨ ᠂ ᠮᠦᠽᠧᠢ᠎ᠶ᠋ᠢ ᠴᠥᠮ ᠰᠦᠢᠳᠭᠡᠯ ᠬᠤᠷᠢᠶᠠᠬᠤ ᠦᠭᠡᠢ᠎ᠪᠡᠷ ᠨᠡᠭᠡᠭᠡᠪᠡ᠃
ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠵᠦ᠍᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠦ᠍᠂ ᠤᠯᠠᠭᠠᠨᠬᠠᠳᠠ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃ 2021 ᠣᠨ᠎ᠳᠤ ᠂ ᠤᠯᠠᠭᠠᠨᠬᠠᠳᠠ ᠬᠣᠲᠠ᠎ᠶ᠋ᠢᠨ ᠤᠯᠠᠨ ᠲᠦᠮᠡᠨ ᠤ᠋ ᠤᠷᠠᠯᠢᠭ᠎ᠤᠨ ᠣᠷᠳᠣᠨ ᠨᠢ 19 ᠵᠦᠶ᠋ᠯ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ ᠨᠡᠭᠡᠭᠡᠵᠦ᠍ ᠂ 2110 ᠰᠣᠷᠣᠭ᠍ᠴᠢ ᠡᠯᠰᠡᠪᠡ᠃ ᠪᠥᠬᠥ᠌ ᠤᠯᠤᠰ᠎ᠤᠨ《ᠬᠥᠳᠡᠭᠡ ᠲᠣᠰᠭᠣᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ 》 ᠵᠢ ᠬᠠᠷᠠᠴᠢᠨ ᠬᠣᠱᠢᠭᠤᠨ᠎ᠤ ᠯᠸᠢ ᠶᠢᠩᠽᠢ ᠲᠣᠰᠭᠣᠨ᠎ᠳᠤ ᠲᠣᠭ᠍ᠯᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠤᠯᠠᠭᠠᠨᠬᠠᠳᠠ᠎ᠶ᠋ᠢᠨ ᠰᠣᠶᠣᠯ ᠵᠢᠭᠤᠯᠴᠢᠯᠠᠯ᠎ᠤᠨ ᠨᠠᠢᠷ ᠵᠡᠷᠭᠡ ᠱᠢᠷᠢᠰ ᠠᠵᠢᠯᠯᠠᠭ᠎ᠠ᠎ᠨᠢ ᠣᠯᠠᠨ ᠲᠦᠮᠡᠨ᠎ᠳᠦ ᠰᠣᠶᠣᠯ᠎ᠤᠨ ᠦᠪᠡᠳᠡᠭ᠌ᠰᠢ ᠨᠠᠢᠷ᠎ᠤᠨ ᠤᠬᠢ ᠰᠢᠮ᠎ᠠ ᠵᠢ ᠬᠦᠷᠳᠡᠭᠡᠵᠡᠢ᠃
ᠪᠣᠯᠪᠠᠰᠤᠨ ᠱᠢᠨ᠎ᠡ ᠰᠤᠷᠲᠠᠯ ᠵᠢᠠᠷ ᠬᠥᠮᠦᠰ᠎ᠦᠨ ᠰᠡᠳᠭᠢᠯ᠎ᠢ ᠤᠮᠳᠠᠯᠠᠨ᠎ᠠ
ᠪᠣᠯᠪᠠᠰᠤᠨ ᠬᠤᠳᠠ᠎ᠶ᠋ᠢ ᠴᠣᠭ᠍ᠴᠠᠯᠠᠨ ᠪᠠᠢᠭᠤᠯᠬᠤ ᠨᠢ ᠦᠨᠡᠨ᠎ᠳᠡᠭᠡᠨ ᠬᠤᠳᠠ᠎ᠶ᠋ᠢᠨ ᠬᠡᠪ ᠴᠢᠨᠠᠷ᠂ ᠬᠤᠳᠠ᠎ᠶ᠋ᠢᠨ ᠠᠷᠠᠳ᠎ᠤᠨ ᠬᠡᠪ ᠴᠢᠨᠠᠷ᠎ᠤᠨ 《ᠳᠣᠲᠣᠨ᠎ᠠ ᠭᠠᠳᠠᠨᠠᠬᠢ ᠵᠢ ᠵᠡᠷᠬᠡ ᠳ᠋ᠤᠨᠢ ᠵᠠᠰᠠᠬᠤ》 ᠮᠥᠷᠥᠢᠴᠡᠭᠡᠨ ᠪᠣᠯᠤᠨ᠎ᠠ᠃ ᠤᠯᠠᠭᠠᠨᠬᠠᠳᠠ ᠬᠤᠳᠠ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠴᠢᠷᠮᠠᠢᠨ ᠪᠠᠢᠭᠤᠯᠬᠤ ᠠᠬᠢᠴᠠ ᠳᠤᠮᠳᠠ᠂ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠠ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠣᠶᠤᠨ ᠰᠠᠨᠠᠭᠠᠨ᠎ᠤ ᠠᠮᠢᠨ ᠰᠤᠳᠠᠰᠤ᠎ᠳᠠᠭᠠᠨ ᠠᠭᠤᠰᠭᠠᠪᠠ᠃
2016 ᠣᠨ᠎ᠠᠴᠠ ᠨᠠᠭᠠᠰᠢ᠂ ᠤᠯᠠᠭᠠᠨᠬᠠᠳᠠ ᠬᠣᠲᠠ ᠨᠡᠢᠭᠡᠮ ᠨᠡᠢᠲᠡ᠎ᠶ᠋ᠢᠨ ᠶᠣᠰᠣ ᠰᠤᠷᠲᠠᠬᠤᠨ᠂ ᠠᠵᠢᠯ ᠮᠡᠷᠭᠡᠵᠢᠯ᠎ᠦᠨ ᠶᠣᠰᠣ ᠰᠤᠷᠲᠠᠬᠤᠨ᠂ ᠬᠡᠷ ᠪᠦᠯᠢ᠎ᠶ᠋ᠢᠨ ᠶᠤᠰᠤ ᠰᠤᠷᠲᠠᠬᠤᠨ᠂ ᠬᠤᠪᠢ ᠬᠥᠮᠦᠨ᠎ᠦ ᠶᠤᠰᠤ ᠰᠤᠷᠲᠠᠬᠤᠨ᠎ᠢᠶᠠᠷ ᠠᠭᠤᠯᠭ᠎ᠠ ᠪᠣᠯᠭᠠᠭ᠍ᠰᠠᠨ 《ᠳᠥᠷᠪᠡᠨ ᠰᠤᠷᠲᠠᠬᠤᠨ》 ᠤ᠋ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂《ᠤᠯᠠᠭᠠᠨᠬᠠᠳᠠ᠎ᠶ᠋ᠢᠨ ᠰᠠᠢᠨ ᠬᠥᠮᠦᠨ》 ᠪᠣᠯᠬᠤ ᠠᠵᠢᠯᠯᠠᠭ᠎ᠠ᠎ᠶ᠋ᠢ ᠪᠠᠢᠩᠭᠤ ᠥᠷᠨᠢᠭᠦᠯᠵᠠᠢ᠃《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ 《ᠤᠯᠠᠭᠠᠨᠬᠠᠳᠠ᠎ᠶ᠋ᠢᠨ ᠰᠠᠢᠨ ᠬᠥᠮᠦᠨ 》 ᠢ᠋ ᠨᠡᠢᠲᠡ 474 ᠱᠢᠯᠭᠠᠷᠠᠭᠤᠯᠵᠤ᠂ ᠡᠭᠦᠨ᠎ᠳᠦ 《ᠳᠤᠮᠳᠠᠳᠤ ᠤᠯᠤᠰ᠎ᠤᠨ ᠰᠠᠢᠨ ᠬᠥᠮᠦᠨ 》᠎ᠦ ᠨᠡᠷᠡᠰ ᠲᠸ᠋ 23 ᠬᠥᠮᠦᠨ᠂ 《ᠥᠪᠥᠷ ᠮᠣᠩᠭᠣᠯ᠎ᠤᠨ ᠰᠠᠢᠨ ᠬᠥᠮᠦᠨ 》 ᠦ ᠨᠡᠷᠡᠰ ᠲᠸ᠋ 135 ᠬᠥᠮᠦᠨ ᠱᠢᠯᠭᠠᠷᠠᠨ ᠦᠯᠡᠳᠡᠵᠡᠢ᠃ ᠬᠣᠲᠠ᠎ᠶ᠋ᠢᠨ ᠲᠠᠰ᠎ᠤᠨ ᠶᠣᠰᠣ ᠰᠤᠷᠲᠠᠬᠤᠨ᠎ᠤ ᠵᠢᠱ᠌ᠢᠶᠡᠴᠢ 55 ᠬᠥᠮᠦᠨ᠎ᠢ ᠱᠢᠯᠭᠠᠷᠠᠭᠤᠯᠤᠨ ᠭᠠᠷᠭᠠᠵᠤ᠂ ᠡᠭᠦᠨ᠎ᠳᠦ 1 ᠬᠥᠮᠦᠨ᠎ᠨᠢ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠢᠷᠠᠭᠤ ᠠᠯᠳᠠᠷ᠎ᠢ ᠭᠥᠷᠳᠡᠵᠦ᠍᠂ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ ᠪᠡᠷ 8 ᠬᠥᠮᠦᠨ ᠰᠣᠩᠭᠣᠭ᠍ᠳᠠᠵᠤ᠂ 9 ᠬᠥᠮᠦᠨ ᠨᠡᠷ᠎ᠡ ᠳᠤᠷᠠᠳᠤᠭᠤᠯᠤᠬᠰᠠᠨ ᠱᠠᠩᠨᠠᠯ ᠭᠥᠷᠳᠡᠵᠠᠢ᠃
ᠤᠯᠠᠭᠠᠨᠬᠠᠳᠠ ᠬᠣᠲᠠ 《ᠪᠣᠯᠪᠠᠰᠤᠨ ᠶᠣᠰᠣᠷᠬᠠᠭ ᠤᠯᠠᠭᠠᠨᠬᠠᠳᠠ᠎ᠶ᠋ᠢᠨ ᠬᠥᠮᠦᠨ ᠪᠣᠯᠬᠤ》 ᠪᠠᠷ ᠭᠣᠣᠯ ᠰᠡᠳᠦᠪ ᠪᠣᠯᠭᠠᠵᠤ᠂ ᠬᠣᠲᠠ᠎ᠶ᠋ᠢᠨ ᠠᠷᠠᠳ᠎ᠤᠨ ᠪᠣᠯᠪᠠᠰᠤᠨ ᠬᠡᠪ ᠴᠢᠨᠠᠷ ᠢ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠵᠦ᠍᠂ ᠪᠣᠯᠪᠠᠰᠤᠨ ᠦᠢᠯᠡ ᠠᠵᠢᠯᠯᠠᠭ᠎ᠠ᠎ᠶ᠋ᠢ ᠳᠦᠷᠢᠮᠵᠢᠭᠦᠯᠦᠨ ᠰᠤᠷᠤᠯᠴᠠᠬᠤ ᠠᠵᠢᠯᠯᠠᠭ᠎ᠠ ᠵᠢ 800 ᠭᠠᠷᠤᠢ ᠲᠠᠯᠠᠪᠠᠢ ᠡᠷᠬᠢᠯᠡᠵᠦ᠍᠂ 12.3 ᠲᠦᠮᠡ ᠭᠠᠷᠤᠢ ᠬᠥᠮᠦᠨ ᠣᠷᠣᠯᠴᠠᠵᠠᠢ᠃
ᠤᠯᠠᠭᠠᠨᠬᠠᠳᠠ ᠬᠣᠲᠠ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ ᠪᠦᠬᠦ ᠳᠠᠯ᠎ᠠ ᠪᠡᠷ ᠪᠥᠷᠬᠥᠭᠦᠯᠬᠦ᠌᠎ᠶ᠋ᠢ ᠪᠡᠶᠡᠯᠡᠭᠦᠯᠵᠦ᠍᠂ 220 ᠭᠠᠷᠤᠶ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠥᠷᠲᠡᠭᠡ᠎ᠶ᠋ᠢ ᠪᠠᠢᠭᠤᠯᠵᠤ᠂ ᠳᠠᠩᠰᠠᠯᠠᠭᠤᠯᠤᠭ᠍ᠰᠠᠨ ᠰᠠᠢᠨ ᠳᠤᠷᠠᠴᠤᠤᠯ᠎ᠤᠨ ᠶᠡᠷᠦᠩᠬᠡᠶ ᠲᠣᠭ᠎ᠠ 27.8 ᠲᠦᠮᠡ ᠭᠠᠷᠤᠶ ᠬᠥᠮᠦᠨ᠎ᠳᠦ ᠬᠦᠷᠴᠦ᠍᠂ ᠡᠯ᠎ᠡ ᠲᠥᠷᠥᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ 1600 ᠭᠠᠷᠤᠶ ᠳᠠᠩᠰᠠᠯᠠᠭᠤᠯᠪᠠ; ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠢᠳᠡᠪᠬᠢᠲᠡᠶ ᠰᠣᠩᠭᠣᠨ ᠪᠣᠶ ᠪᠣᠯᠭᠠᠵᠤ᠂ 1 ᠰᠠᠢᠨ ᠳᠤᠷᠠᠴᠤᠤᠯ᠂ 3 ᠨᠡᠢᠭᠡᠮ ᠲᠣᠭᠣᠷᠢᠭ᠎ᠨᠢ ᠪᠥᠬᠥ᠌ ᠤᠯᠤᠰ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ 《ᠳᠥᠷᠪᠡᠨ 100 ᠱᠢᠯᠢᠳᠡᠭ》᠎ᠢ᠋ᠢᠡᠷ ᠰᠣᠩᠭᠣᠭ᠍ᠳᠠᠪᠠ᠃
ᠣᠳᠣᠬᠠᠨ᠎ᠳᠤ ᠤᠯᠠᠭᠠᠨᠬᠠᠳᠠ ᠬᠣᠲᠠ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠰᠦᠷ ᠳᠠᠯᠠᠢᠴᠠᠲᠠᠶ ᠬᠠᠮᠲᠤᠷᠠᠯ ᠬᠦᠴᠦᠨ᠎ᠢ ᠨᠢᠭᠡᠨᠲᠡ ᠬᠤᠷᠠᠮᠳᠤᠭᠤᠯᠤᠨ ᠪᠦᠷᠢᠯᠳᠦᠭᠦᠯᠪᠡ᠃ ᠤᠯᠠᠭᠠᠨᠬᠠᠳᠠ᠎ᠶ᠋ᠢᠨ ᠠᠷᠠᠳ ᠲᠦᠮᠡᠨ ᠴᠢᠷᠮᠠᠢᠨ ᠲᠡᠮᠡᠴᠡᠬᠦ᠌ ᠳᠦᠷᠢ ᠲᠥᠷᠬᠦ᠌᠎ᠪᠡᠨ ᠢᠮᠠᠭ᠍ᠲᠠ ᠪᠠᠷᠢᠮᠲᠠᠯᠠᠵᠤ᠂ ᠪᠦᠬᠦ᠌ ᠤᠯᠤᠰ᠎ᠤᠨ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠵᠠᠮ ᠳᠡᠭᠡᠷ᠎ᠡ ᠡᠷᠡᠮᠡᠭᠡᠢᠯᠡᠨ ᠤᠷᠤᠬᠰᠢᠯᠠᠬᠰᠠᠭᠠᠷ ᠁
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃