2022-08-03 11:25:35
ᠬᠥᠯᠥᠨ ᠪᠤᠢ᠌ᠷ ᠪᠣᠯ ᠮᠠᠨ᠎ᠤ ᠤᠯᠤᠰ᠎ᠤᠨ ᠪᠠᠢᠭᠠᠯᠢᠯᠢᠭ ᠠᠮᠢ ᠠᠬᠤᠢ ᠪᠦᠷᠢᠨ ᠪᠦᠲᠦᠨ ᠬᠠᠳᠠᠭᠠᠯᠠᠭ᠍ᠳᠠᠭ᠍ᠰᠠᠨ ᠭᠠᠵᠠᠷ ᠣᠷᠣᠨ᠎ᠤ ᠨᠢᠭᠡ ᠪᠣᠯᠤᠨ᠎ᠠ᠂ ᠥᠷᠭᠡᠨ ᠠᠭᠤᠳᠠᠮ ᠡᠪᠡᠰᠦᠲᠦ ᠲᠠᠯ᠎ᠠ᠂ ᠨᠤᠮᠢᠨ ᠨᠤᠭᠤᠭᠠᠨ ᠤᠢ ᠱᠢᠭᠤᠢ᠂ ᠤᠷᠤᠰᠬᠠᠯ ᠳᠤᠩᠭᠠᠯᠠᠭ ᠭᠣᠣᠯ ᠮᠥᠷᠡᠨ᠂ ᠦᠩ ᠱᠢᠮᠡᠯᠢᠭ ᠬᠠᠷ᠎ᠠ ᠬᠥᠷᠥᠰᠥ᠍ ᠲᠠᠢ ᠪᠠᠢᠵᠦ ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠨᠡᠯᠢᠶᠡᠳ ᠪᠦᠷᠢᠨ ᠪᠦᠲᠦᠨ ᠠᠮᠢ ᠠᠬᠤᠢ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠨ᠎ᠠ᠃

ᠮᠡᠷᠭᠡᠯ ᠭᠣᠣᠯ
ᠨᠣᠭᠣᠭᠠᠨ ᠥᠩᠭᠡ ᠪᠣᠯ ᠬᠥᠯᠥᠨ ᠪᠣᠢᠷ᠎ᠤᠨ ᠳᠡᠪᠢᠰᠭᠡᠷ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ ᠬᠥᠯᠥᠨ ᠪᠣᠢᠷ᠎ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃ ᠤᠢ᠍ᠢᠷ᠎ᠠ᠎ᠶ᠋ᠢᠨ ᠵᠢᠯ᠎ᠡᠴᠡ ᠬᠥᠯᠥᠨ ᠪᠤᠢ᠌ᠷ ᠬᠤᠳᠠ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ᠂ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠰᠠᠬᠢᠨ ᠬᠠᠮᠠᠭᠠᠯᠠᠵᠤ᠂ ᠠᠵᠤ ᠦᠢᠯᠡᠰ᠎ᠢ ᠱᠢᠯᠢᠳᠡᠭ᠌ᠵᠢᠭᠦᠯᠦᠨ ᠱᠢᠨᠡᠴᠢᠯᠡᠵᠦ᠍᠂ ᠥᠷᠭᠡᠨ ᠤᠯᠠᠨ ᠺᠠᠳ᠋ᠷ ᠤᠯᠠᠨ ᠲᠦᠮᠡᠨ ᠪᠤᠬᠢᠷᠲᠤᠯ ᠦᠭᠡᠢ ᠨᠤᠮᠢᠨ ᠨᠤᠭᠤᠭᠠᠨ ᠴᠢᠭᠯᠡᠯ᠎ᠢ ᠵᠤᠷᠢᠨ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠭᠦᠯᠬᠦᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠰᠠᠢᠲᠤᠷ ᠵᠠᠮᠨᠠᠪᠠ᠃
ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠪᠠ
《 ᠠᠷᠪᠠᠨ ᠭᠤᠷᠪᠠᠳᠤᠭᠠᠷ ᠲᠠᠪᠤᠨ ᠵᠢᠯ 》 ᠡᠴᠡ ᠨᠠᠭᠠᠰᠢ᠂ ᠬᠥᠯᠥᠨ ᠪᠣᠢᠷ ᠬᠣᠲᠠ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠢᠨᠵᠧᠨᠧᠷᠢᠩ᠎ᠢ ᠶᠡᠬᠡᠪᠡᠷ ᠬᠡᠷᠡᠭ᠌ᠵᠢᠭᠦᠯᠵᠦ᠍᠂ ᠨᠢᠭᠡᠨᠲᠡ ᠬᠠᠭᠠᠯᠪᠤᠷᠢᠯᠠᠭ᠍ᠰᠠᠨ ᠣᠢᠲᠤ ᠭᠠᠵᠠᠷ᠎ᠲᠤ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ ᠡᠪᠡᠰᠦ ᠪᠡᠯᠴᠢᠭᠡᠷ᠎ᠢ ᠰᠡᠷᠭᠦᠭᠡᠬᠦ᠌᠂ ᠮᠠᠯᠵᠢᠬᠤ᠎ᠶ᠋ᠢ ᠵᠣᠭ᠍ᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠌᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠬᠤᠳᠠᠯᠳᠤᠭᠠᠨ᠎ᠤ ᠴᠢᠨᠠᠷᠲᠠᠶ ᠣᠭ᠍ᠲᠣᠯᠬᠤ᠎ᠶ᠋ᠢ ᠵᠣᠭ᠍ᠰᠣᠭᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠮᠠᠯ ᠪᠡᠯᠴᠢᠭᠡᠷ᠎ᠢ ᠲᠡᠩᠴᠡᠭᠦᠷᠢᠰᠢᠬᠦᠯᠬᠦ᠂ ᠠᠮᠢ ᠠᠬᠤᠶ᠎ᠶ᠋ᠢᠨ ᠨᠥᠬᠥᠪᠥᠷᠢ ᠱᠠᠩᠨᠠᠯ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠪᠦᠷᠬᠦᠴᠡ᠎ᠶ᠋ᠢᠨ ᠬᠡᠮᠵᠢᠶ᠎ᠡ 《ᠬᠤᠤᠰ ᠲᠠᠪᠰᠢᠯᠳᠠ》 ᠶ᠋ᠢ ᠪᠡᠶᠡᠯᠡᠭᠦᠯᠵᠦ᠍᠂ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠲᠠᠯᠠᠪᠠᠶ 《ᠬᠤᠤᠰ ᠪᠠᠭᠤᠷᠠᠯᠲᠠ》 ᠶ᠋ᠢ ᠪᠡᠶᠡᠯᠡᠭᠦᠯᠪᠡ᠃
ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠄ 2018 ᠣᠨ᠎ᠡᠴᠡ 2021 ᠣᠨ ᠪᠣᠯᠲᠠᠯ᠎ᠠ᠂ ᠬᠥᠯᠥᠨ ᠪᠣᠢᠷ᠎ᠤᠨ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ 73.1% ᠪᠠᠢᠭ᠍ᠰᠠᠨ᠎ᠡᠴᠡ᠎ᠪᠠᠨ ᠳᠡᠭᠡᠭ᠌ᠰᠢᠯᠡᠭᠡᠳ 76.6% ᠪᠣᠯᠵᠣ᠂ ᠥᠨᠳᠥᠷ᠎ᠦᠨ ᠬᠡᠮᠵᠢᠶ᠎ᠡ ᠨᠢ 30.82 ᠰᠠᠨᠲ᠋ᠢᠮᠧᠲ᠋ᠷ ᠪᠠᠢᠭ᠍ᠰᠠᠨ᠎ᠡᠴᠡ᠎ᠪᠠᠨ ᠨᠡᠮᠡᠭ᠌ᠳᠡᠭᠡᠳ 36.69 ᠰᠠᠨᠲ᠋ᠢᠮᠧᠲ᠋ᠷ ᠪᠣᠯᠵᠣ᠂ ᠬᠠᠭᠤᠷᠠᠶ ᠡᠪᠡᠰᠦᠨ᠎ᠦ ᠤᠨᠠᠯᠲᠠ 115.97 ᠺᠢᠯᠣᠭ᠌ᠷᠠᠮ/ ᠮᠥ᠍ ᠪᠠᠢᠭ᠍ᠰᠠᠨ᠎ᠡᠴᠡ᠎ᠪᠠᠨ ᠨᠡᠮᠡᠭ᠌ᠳᠡᠭᠡᠳ 126.66 ᠺᠢᠯᠣᠭ᠌ᠷᠠᠮ / ᠮᠥ᠍ ᠪᠣᠯᠪᠠ᠃
《 ᠬᠥᠬᠡ ᠣᠭ᠍ᠲᠠᠷᠭᠤᠶ ᠬᠦᠬᠡᠮᠳᠦᠭ ᠤᠰᠤ ᠴᠡᠪᠡᠷ ᠬᠥᠷᠥᠰᠥ 》 ᠵᠢ ᠬᠠᠮᠠᠭᠠᠯᠠᠬᠤ ᠳᠠᠢᠯᠠᠯᠳᠤᠭᠠᠨ᠎ᠳᠤ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠬᠦ᠌᠎ᠶ᠋ᠢ ᠬᠡᠷᠡᠭ᠌ᠵᠢᠭᠦᠯᠵᠦ᠍᠂ ᠤᠤᠭᠤᠬᠤ ᠤᠰᠤᠨ᠎ᠤ ᠤᠰᠤᠨ ᠰᠤᠷᠪᠤᠯᠵᠢ᠎ᠶ᠋ᠢᠨ ᠭᠠᠵᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠨ᠂ ᠠᠵᠤ ᠦᠶ᠋ᠯᠡᠳᠪᠦᠷᠢ᠎ᠶ᠋ᠢᠨ ᠪᠣᠬᠢᠷ ᠤᠰᠤ ᠭᠠᠳᠠᠭ᠍ᠰᠢᠯᠠᠭᠤᠯᠬᠤᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ 《ᠲᠠᠷᠠᠬᠠᠶ᠂ ᠡᠮᠬᠢ ᠲᠢᠭᠯᠢᠮ ᠥᠬᠡᠶ᠂ ᠪᠣᠬᠢᠷᠳᠤᠯ ᠲᠠᠢ》 ᠠᠵᠤ ᠠᠬᠤᠢᠯᠠᠯ᠎ᠤᠨ ᠲᠤᠰᠭᠠᠶ ᠵᠠᠰᠠᠯᠲᠠ᠎ᠶ᠋ᠢ ᠲᠥᠪᠯᠡᠷᠡᠭᠦᠯᠦᠨ ᠥᠷᠨᠢᠭᠦᠯᠪᠡ; ᠪᠦᠬᠦ᠌ ᠬᠣᠲᠠ᠎ᠶ᠋ᠢᠨ ᠳᠥᠷᠪᠡᠨ ᠱᠠᠲᠤᠨ᠎ᠤ ᠭᠣᠣᠯ ᠮᠥᠷᠡᠨ ᠨᠠᠭᠤᠷ ᠪᠦᠷᠢᠳᠦ ᠵᠢᠨ ᠳᠠᠷᠤᠭ᠎ᠠ 2100 ᠭᠠᠷᠤᠢ ᠬᠥᠮᠦᠨ᠎ᠢ ᠨᠠᠢᠳᠠᠪᠤᠷᠢᠵᠢᠭᠤᠯᠵᠤ᠂ ᠤᠰᠤ ᠵᠠᠰᠠᠬᠤ 《ᠬᠠᠷᠢᠭᠤᠴᠠᠯᠭ᠎ᠠ᠎ᠶ᠋ᠢᠨ ᠬᠡᠯᠬᠢᠶ᠎ᠡ 》 ᠶ᠋ᠢ ᠬᠣᠯᠪᠣᠨ᠂ ᠭᠣᠣᠯ ᠮᠥᠷᠡᠨ ᠨᠠᠭᠤᠷ ᠪᠦᠷᠢᠳᠦ ᠵᠢ ᠲᠣᠭᠣᠷᠢᠨ ᠴᠠᠭ᠍ᠳᠠᠬᠤ᠎ᠶ᠋ᠢ ᠪᠠᠢᠩᠭᠤᠵᠢᠭᠤᠯᠬᠤ᠎ᠶ᠋ᠢ ᠪᠡᠶᠡᠯᠡᠭᠦᠯᠪᠡ; ᠤᠰᠤᠨ᠎ᠤ ᠠᠮᠢ ᠠᠬᠤᠢ᠎ᠶ᠋ᠢᠨ ᠣᠷᠴᠢᠨ ᠨᠥᠬᠥᠴᠡᠯ ᠢᠯᠡᠳᠲᠡ ᠰᠠᠢᠵᠢᠷᠠᠪᠠ; ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠵᠤ᠂ ᠵᠠᠭᠤᠨ ᠲᠦᠮᠡᠨ ᠮᠥ᠍ ᠰᠠᠢᠨ ᠲᠠᠷᠢᠶ᠎ᠠ᠎ᠶ᠋ᠢ ᠵᠠᠰᠠᠬᠤ ᠲᠥᠷᠥᠯ ᠵᠦᠶ᠋ᠯ᠎ᠢ ᠠᠬᠢᠭᠤᠯᠵᠤ᠂ ᠬᠢᠮᠢ᠎ᠶ᠋ᠢᠨ ᠪᠣᠷᠲᠣᠭᠣᠷ᠂ ᠲᠠᠷᠢᠶᠠᠨ ᠡᠮ᠎ᠦᠨ ᠬᠡᠷᠡᠭ᠌ᠯᠡᠬᠦ᠌ ᠬᠡᠮᠵᠢᠶ᠎ᠡ᠎ᠶ᠋ᠢ ᠪᠠᠭᠠᠰᠭᠠᠪᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠬᠥᠯᠥᠨ ᠪᠣᠢᠷ ᠬᠣᠲᠠ᠎ᠶ᠋ᠢᠨ ᠠᠭᠠᠷ᠎ᠤᠨ ᠴᠡᠪᠡᠷ ᠲᠤᠩᠭᠠᠯᠠᠭ ᠡᠳᠦᠷ᠎ᠦᠨ ᠲᠣᠭ᠎ᠠ᠎ᠶ᠋ᠢᠨ ᠬᠠᠷᠢᠴᠠᠯ ᠪᠥᠬᠥ᠌ ᠣᠷᠣᠨ᠎ᠤ ᠲᠡᠷᠢᠭᠦᠨ᠎ᠳᠦ ᠣᠷᠣᠵᠤ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ ᠢ ᠬᠢᠨᠠᠨ ᠱᠢᠯᠭᠠᠬᠤ ᠣᠭ᠍ᠲᠣᠯᠤᠭᠠᠰᠤᠨᠢ ᠪᠦᠬᠦᠨ ᠵᠢᠡᠷ ᠵᠢᠡᠨ ᠪᠠᠷᠢᠮᠵᠢᠶ᠎ᠠ᠎ᠳᠤ ᠬᠦᠷᠴᠦ᠍᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠪᠠᠢᠳᠠᠯ᠎ᠤᠨ ᠨᠠᠷᠢᠨ ᠪᠠᠢᠴᠠᠭᠠᠯᠲᠠ ᠪᠠ ᠬᠦᠨᠳᠦ ᠲᠡᠮᠦᠷᠯᠢᠭ᠎ᠦᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠡᠭᠦᠷᠭᠡ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠪᠡ᠃
ᠬᠥᠯᠥᠨ ᠪᠤᠢ᠌ᠷ᠎ᠤᠨ ᠬᠢᠨ ᠬᠥᠯᠥᠨ ᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠭᠣᠣᠯ᠎ᠢ ᠲᠠᠲᠠᠵᠤ ᠨᠠᠭᠤᠷ᠎ᠢ ᠲᠤᠰᠠᠯᠠᠬᠤ ᠪᠠ ᠭᠣᠣᠯ ᠨᠠᠭᠤᠷ᠎ᠢ ᠬᠣᠯᠪᠣᠨ ᠨᠡᠪᠲᠡᠷᠡᠭᠦᠯᠬᠦ᠌ ᠢᠨᠵᠧᠨᠧᠷᠢᠩ᠎ᠳᠦ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ ᠬᠢᠵᠦ᠍᠂ ᠵᠢᠭᠤᠯᠴᠢᠯᠠᠯ᠎ᠤᠨ ᠠᠵᠤ ᠠᠬᠤᠢᠯᠠᠯ᠎ᠢ ᠬᠠᠭᠠᠵᠤ ᠵᠣᠭ᠍ᠰᠣᠭᠠᠵᠤ᠂ ᠲᠣᠭ᠍ᠲᠠᠭᠠᠯ᠎ᠡᠴᠡ ᠵᠥᠷᠢᠴᠡᠭ᠌ᠰᠡᠨ ᠪᠠᠷᠢᠯᠭ᠎ᠠ᠎ᠶ᠋ᠢ ᠨᠤᠷᠠᠭᠠᠵᠤ᠂ ᠠᠮᠢ ᠠᠬᠤᠢ᠎ᠶ᠋ᠢᠨ ᠨᠡᠭᠦᠳᠡᠯ ᠠᠷᠠᠳ᠂ ᠨᠤᠲᠤᠭ ᠪᠡᠯᠴᠢᠭᠡᠷ᠎ᠦᠨ ᠱᠠᠩᠨᠠᠯ ᠨᠥᠬᠥᠪᠥᠷᠢ᠂ ᠭᠡᠰᠡᠭ ᠭᠠᠵᠠᠷ᠎ᠤᠨ ᠵᠢᠭᠠᠰᠤ ᠠᠩᠨᠠᠬᠤ ᠵᠢ ᠵᠤᠬᠰᠤᠭᠠᠬᠤ᠂ ᠨᠠᠭᠤᠷ᠎ᠢ ᠲᠣᠭᠣᠷᠢᠭ᠍ᠰᠠᠨ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ ᠵᠠᠰᠠᠯᠲᠠ᠎ᠶ᠋ᠢ ᠬᠡᠷᠡᠭ᠌ᠵᠢᠭᠦᠯᠪᠡ ᠁ ᠠᠯᠢ ᠤᠯᠠᠨ ᠠᠷᠭ᠎ᠠ ᠬᠡᠮᠵᠢᠶ᠎ᠡ ᠨᠢ ᠬᠥᠯᠥᠨ ᠨᠠᠭᠤᠷ᠎ᠤᠨ ᠤᠰᠤᠨ ᠣᠷᠣᠨ᠎ᠤ ᠲᠠᠯᠠᠪᠠᠢ᠎ᠶ᠋ᠢ ᠵᠣᠬᠢᠰᠲᠠᠢ ᠬᠡᠪᠴᠢᠶᠡᠨ᠎ᠳᠦ ᠪᠠᠢᠯᠭᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠦᠲᠦᠮᠵᠢᠲᠡᠢ ᠰᠡᠷᠭᠦᠭᠡᠪᠡ᠃
ᠣᠳᠣᠬᠠᠨ᠎ᠳᠤ ᠬᠥᠯᠥᠨ ᠨᠠᠭᠤᠷ᠎ᠤᠨ ᠤᠰᠤᠨ᠎ᠤ ᠲᠠᠯᠠᠪᠠᠶ 2242 ᠲᠡᠭ᠌ᠰᠢ ᠳᠥᠷᠪᠡᠯᠵᠢᠨ ᠺᠢᠯᠣᠮᠧᠲ᠋ᠷ ᠪᠣᠯᠤᠨ ᠨᠡᠮᠡᠭ᠌ᠳᠡᠵᠦ᠍᠂ ᠤᠰᠤᠨ᠎ᠤ ᠬᠡᠮᠵᠢᠶ᠎ᠡ ᠨᠢ 138 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠦ᠂ ᠲᠡᠦᠬᠡ᠎ᠶ᠋ᠢᠨ ᠬᠠᠮᠤᠭ᠎ᠤᠨ ᠰᠠᠢᠨ ᠲᠦᠪᠱᠢᠨ᠎ᠳᠦ ᠣᠢᠷᠠᠲᠤᠬᠰᠠᠨ ᠪᠠᠢᠨ᠎ᠠ᠃
ᠦᠷᠭᠦᠯᠵᠢᠯᠡᠨ ᠴᠡᠯᠡᠭᠡᠷᠡᠭᠰᠡᠨ ᠬᠢᠩᠭᠠᠨ ᠳᠠᠪᠠᠭ᠎ᠠ᠎ᠶ᠋ᠢᠨ ᠣᠶ ᠱᠢᠭᠤᠶ ᠪᠣᠯ ᠬᠥᠯᠥᠨ ᠪᠣᠢᠷ᠎ᠤᠨ ᠠᠮᠢ ᠠᠬᠤᠶ᠎ᠶ᠋ᠢᠨ ᠱᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠮᠥᠨ᠃ 2015 ᠣᠨ᠎ᠳᠤ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠳᠤ ᠪᠠᠢᠭᠠᠯᠢ᠎ᠶ᠋ᠢᠨ ᠣᠶ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ᠎ᠶ᠋ᠢ ᠪᠥᠬᠥ᠌ ᠲᠠᠯ᠎ᠠ᠎ᠪᠠᠷ ᠵᠣᠭ᠍ᠰᠣᠭᠠᠪᠠ᠃ ᠣᠶ ᠱᠢᠭᠤᠶ᠎ᠶ᠋ᠢᠨ ᠰᠠᠭᠤᠷᠢ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ ᠬᠥᠯᠥᠨ ᠪᠣᠢᠷ ᠬᠣᠲᠠ᠎ᠶ᠋ᠢᠨ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠢᠯᠡᠳᠲᠡ ᠳᠡᠭᠡᠭ᠌ᠰᠢᠯᠡᠵᠦ᠍᠂ 2012 ᠣᠨ᠎ᠳᠤ 51.4% ᠪᠠᠢᠭ᠍ᠰᠠᠨ᠎ᠡᠴᠡ᠎ᠪᠠᠨ 2021 ᠣᠨ᠎ᠳᠤ ᠳᠡᠭᠡᠭ᠌ᠰᠢᠯᠡᠭᠡᠳ 52.35% ᠪᠣᠯᠵᠠᠶ᠃
ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠭᠤᠤ ᠷᠦᠨ ᠰᠢ᠂ ᠬᠥᠯᠥᠨ ᠪᠤᠢ᠌ᠷ ᠪᠦᠬᠦ᠌ ᠣᠷᠣᠨ ᠪᠦᠰᠡ᠎ᠪᠡᠷ᠎ᠢᠶᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠪᠦᠬᠦ᠌ ᠬᠦᠷᠢᠶ᠎ᠡ ᠴᠠᠷᠠᠭ᠎ᠠ ᠪᠦᠬᠦ᠌ ᠶᠠᠪᠤᠴᠠ᠎ᠪᠠᠷ ᠬᠥᠭ᠌ᠵᠢᠯᠲᠡ᠎ᠶ᠋ᠢᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠲᠣᠭ᠍ᠲᠡᠴᠡ᠎ᠶ᠋ᠢᠨ ᠲᠤᠷᠱᠢᠯᠲᠠ᠎ᠶᠢᠨ ᠠᠵᠢᠯ᠎ᠢ ᠢᠳᠡᠪᠬᠢᠲᠡᠢ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ ᠭᠡᠵᠦ᠍ ᠢᠯᠡᠳᠭᠡᠪᠡ᠃
ᠬᠥᠬᠡᠮᠳᠦᠭ ᠨᠤᠭᠤᠭᠠᠨ ᠠᠭᠤᠯᠠ ᠤᠰᠤ ᠮᠥᠰᠥ ᠴᠠᠰᠤᠨ᠎ᠤ ᠡᠬᠢ ᠪᠠᠶᠠᠯᠢᠭ᠎ᠢ ᠠᠯᠲᠠ ᠮᠥᠩᠭᠥᠨ ᠠᠭᠤᠯᠠ ᠪᠣᠯᠭᠠᠪᠠ
ᠬᠥᠯᠥᠨ ᠪᠤᠢ᠌ᠷ ᠬᠤᠳᠠ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠰᠢᠯᠵᠢᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦ᠍᠎ᠪᠡᠨ ᠲᠥᠪᠯᠡᠷᠡᠭᠦᠯᠦᠨ ᠠᠬᠢᠭᠤᠯᠵᠤ᠂ ᠡᠭᠡ ᠤᠯᠤᠰ᠎ᠤᠨ ᠤᠮᠠᠷᠠᠲᠤ ᠬᠢᠯᠢ᠎ᠳᠦ ᠶᠡᠷᠦᠩᠬᠡᠢ ᠱᠦᠵᠢ ᠰᠢ ᠵᠢᠨ ᠫᠢᠩ᠎ᠦᠨ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ᠂ ᠮᠥᠰᠥ ᠴᠠᠰᠤᠨ᠎ᠤ ᠡᠬᠢ ᠪᠠᠶᠠᠯᠢᠭ ᠴᠦ᠍ ᠠᠯᠳᠠ ᠮᠥᠩᠭᠥᠨ ᠠᠭᠤᠯᠠ ᠮᠥᠨ》 ᠭᠡᠬᠦ᠌ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠠᠮᠢᠳᠤᠯᠢᠭ ᠦᠢᠯᠡᠳᠦᠯᠭᠡ ᠪᠣᠯᠭᠠᠪᠠ᠃
ᠬᠥᠯᠥᠨ ᠪᠤᠢ᠌ᠷ 《ᠪᠣᠬᠢᠷᠲᠤᠯ ᠦᠭᠡᠢ》ᠵᠢᠨ ᠪᠠᠷᠢᠮᠵᠢᠶ᠎ᠡ ᠵᠢ ᠲᠤᠭᠲᠠᠭᠠᠵᠤ᠂ ᠬᠣᠴᠣᠷᠤᠩᠭᠤᠢ ᠦᠢᠯᠡᠳᠪᠦᠷᠢᠯᠡᠯ᠎ᠦᠨ ᠮᠡᠷᠭᠡᠵᠢᠯ ᠪᠠ ᠲᠥᠬᠥᠭᠡᠷᠦᠮᠵᠢ᠎ᠳᠦ ᠬᠠᠷᠢᠶᠠᠯᠠᠭ᠍ᠳᠠᠪᠠᠯ ᠡᠷᠡᠰ ᠵᠥᠪᠱᠢᠶᠡᠷᠡᠬᠦ᠌ ᠦᠭᠡᠢ; ᠠᠵᠤ ᠦᠢᠯᠡᠰ᠎ᠦᠨ ᠲᠥᠷᠥ᠎ᠶ᠋ᠢᠨ ᠪᠣᠳᠣᠯᠭ᠎ᠠ᠂ ᠴᠢᠳᠠᠮᠵᠢᠲᠤ ᠣᠷᠣᠨ᠎ᠤ ᠬᠤᠪᠢᠶᠠᠷᠢᠯᠠᠯ ᠵᠢᠴᠢ ᠲᠥᠯᠥᠪᠵᠢᠭᠦᠯᠭᠡ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠦᠭᠡᠶ ᠪᠣᠯ ᠡᠷᠡᠰ ᠵᠥᠪᠱᠢᠶᠡᠷᠡᠬᠦ᠌ ᠦᠭᠡᠶ; ᠣᠷᠴᠢᠨ ᠲᠣᠭᠣᠷᠢᠨ᠎ᠤ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠪᠠᠴᠢᠮ ᠪᠠᠢᠳᠠᠯ᠎ᠢ ᠠᠷᠭᠠᠴᠡᠭᠠᠬᠤ ᠪᠡᠯᠡᠳᠭᠡᠯ ᠲᠥᠰᠦᠯ᠎ᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠦᠭᠡᠶ ᠪᠣᠯ ᠡᠷᠡᠰ ᠵᠥᠪᠱᠢᠶᠡᠷᠡᠬᠦ᠌ ᠦᠭᠡᠶ ᠁
ᠬᠥᠯᠥᠨ ᠪᠤᠢ᠌ᠷ 《ᠡᠨᠧᠷᠭᠢ᠎ᠶ᠋ᠢᠨ ᠬᠣᠷᠣᠭ᠍ᠳᠠᠯ᠎ᠤᠨ ᠬᠣᠣᠰ ᠡᠵᠡᠮᠳᠡᠯ》᠎ᠢ᠋ ᠬᠡᠷᠡᠭ᠌ᠵᠢᠭᠦᠯᠵᠦ᠍᠂ ᠪᠣᠬᠢᠷᠲᠤᠯ᠎ᠲᠠᠶ ᠠᠵᠤ ᠠᠬᠤᠢᠯᠠᠯ᠎ᠢ ᠬᠣᠷᠢᠭ᠍ᠯᠠᠵᠤ᠂ ᠡᠨᠧᠷᠭᠢ᠎ᠶ᠋ᠢᠨ ᠬᠣᠷᠣᠭ᠍ᠳᠠᠯ ᠪᠠᠷᠢᠮᠵᠢᠶ᠎ᠠ᠎ᠡᠴᠡ ᠬᠡᠲᠦᠷᠡᠭ᠌ᠰᠡᠨ ᠠᠵᠤ ᠠᠬᠤᠢᠯᠠᠯ᠎ᠢ ᠴᠢᠩᠭ᠎ᠠ ᠬᠢᠵᠠᠭᠠᠷᠯᠠᠪᠠ; ᠤᠯᠤᠰ᠎ᠤᠨ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠴᠢᠳᠠᠮᠵᠢᠲᠤ ᠣᠷᠣᠨ᠎ᠳᠤ ᠠᠵᠤ ᠦᠶ᠋ᠯᠡᠰ᠎ᠦᠨ ᠣᠷᠣᠬᠤ᠎ᠵᠢ ᠵᠥᠪᠱᠢᠶᠡᠷᠡᠬᠦ ᠨᠠᠵᠠᠭᠠᠢ ᠲᠠᠯ᠎ᠠ᠎ᠵᠢᠨ ᠨᠠᠷᠢᠨ ᠳᠠᠨᠭᠰᠠ᠎ᠶ᠋ᠢ ᠴᠢᠩᠭ᠎ᠠ ᠬᠡᠷᠡᠭ᠌ᠵᠢᠭᠦᠯᠵᠦ᠍᠂ ᠦᠷᠭᠦᠯᠵᠢᠯᠡᠨ ᠬᠥᠭ᠌ᠵᠢᠭᠦᠯᠬᠦ᠌᠎ᠳᠦ ᠳᠣᠭᠢᠷᠠᠬᠤ ᠥᠬᠡᠶ ᠠᠵᠤ ᠦᠶ᠋ᠯᠡᠰ᠎ᠲᠦ ᠬᠢᠵᠠᠭᠠᠷᠯᠠᠯ ᠪᠠ ᠴᠠᠭᠠᠵᠠᠯᠠᠬᠤ᠎ᠶ᠋ᠢ ᠬᠡᠷᠡᠭ᠌ᠵᠢᠭᠦᠯᠪᠡ; ᠪᠣᠬᠢᠷᠲᠤᠯ ᠦᠭᠡᠢ ᠬᠥᠭ᠌ᠵᠢᠯᠲᠡ᠎ᠶ᠋ᠢ ᠬᠢᠨᠠᠨ ᠱᠢᠯᠭᠠᠬᠤ ᠭᠦᠢᠴᠡᠳᠭᠡᠯ ᠲᠣᠭ᠎ᠠ᠎ᠶ᠋ᠢ ᠬᠡᠷᠡᠭ᠌ᠵᠢᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠠᠬᠢᠭᠤᠯᠪᠠ ᠁
ᠬᠥᠯᠥᠨ ᠪᠣᠢᠷ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠣᠨᠴᠠᠯᠢᠭ᠍ᠲᠤ ᠵᠢᠭᠤᠯᠴᠢᠯᠠᠯ᠎ᠤᠨ ᠦᠶ᠋ᠯᠡᠰ ᠪᠠ ᠨᠠᠷᠮᠠᠢ ᠪᠣᠭᠣᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠎ᠪᠡᠷ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠳᠡᠭᠡᠭ᠌ᠰᠢᠯᠡᠭᠦᠯᠬᠦ᠌᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠡᠮᠵᠢᠶ᠎ᠡ᠎ᠶ᠋ᠢ ᠨᠡᠮᠡᠭ᠌ᠳᠡᠭᠦᠯᠦᠨ ᠶᠠᠰᠤ ᠴᠢᠨᠠᠷ᠎ᠢ ᠨᠡᠮᠡᠭ᠌ᠳᠡᠭᠦᠯᠬᠦ᠌᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠡᠷᠴᠢᠮᠵᠢᠭᠦᠯᠦᠨ ᠲᠥᠪᠯᠡᠷᠡᠭᠦᠯᠬᠦ᠌᠂ ᠠᠮᠢ ᠠᠬᠤᠶ᠎ᠶ᠋ᠢᠨ ᠠᠵᠤ ᠦᠶ᠋ᠯᠡᠰ᠎ᠢ ᠴᠠᠭ ᠲᠣᠬᠢᠶᠠᠯ᠎ᠢ ᠠᠮᠵᠢᠨ ᠬᠥᠭ᠌ᠵᠢᠭᠦᠯᠬᠦ᠌᠂ ᠤᠯᠠᠮᠵᠢᠯᠠᠯᠲᠤ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠱᠢᠯᠢᠳᠡᠭ᠎ᠢ ᠡᠭᠦᠳᠬᠦ᠌ ᠲᠠᠪᠤᠨ ᠶᠡᠬᠡ ᠠᠵᠢᠯᠯᠠᠭᠠᠨ᠎ᠤ ᠲᠥᠯᠥᠪᠯᠡᠭᠡ᠎ᠶ᠋ᠢ ᠡᠬᠢᠯᠡᠨ ᠬᠡᠷᠡᠭ᠌ᠵᠢᠭᠦᠯᠵᠦ᠍᠂ ᠪᠣᠬᠢᠷᠲᠤᠯ ᠥᠬᠡᠶ ᠠᠮᠢ ᠠᠬᠤᠶ᠎ᠶ᠋ᠢᠨ ᠳᠠᠪᠠᠭᠤᠯᠢᠭ᠎ᠢ ᠪᠤᠵᠠᠭᠠᠢᠷᠠᠭᠤᠯᠤᠨ ᠪᠠᠳᠠᠷᠠᠭᠤᠯᠵᠤ᠂ ᠡᠨᠧᠷᠭᠢᠡᠬᠢ ᠪᠠᠶᠠᠯᠢᠭ᠎ᠤᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠲᠦᠷᠭᠡᠳᠭᠡᠪᠡ᠃
ᠬᠢᠵᠢᠭ᠎ᠦᠨ ᠪᠠᠢᠳᠠᠯ᠎ᠢ ᠴᠢᠩᠭ᠎ᠠ ᠰᠡᠷᠭᠡᠢᠯᠡᠨ ᠡᠵᠡᠮᠳᠡᠵᠦ᠍ ᠪᠠᠢᠭ᠎ᠠ ᠠᠬᠤᠶ ᠪᠠᠢᠳᠠᠯ ᠳᠤᠤᠷ᠎ᠠ᠂ ᠬᠥᠯᠥᠨ ᠪᠣᠢᠷ ᠬᠣᠲᠠ᠎ᠶ᠋ᠢᠨ ᠣᠢᠷ᠎ᠠ᠎ᠶ᠋ᠢᠨ ᠵᠢᠯ᠎ᠦᠨ ᠠᠵᠤ ᠠᠬᠤᠶ᠎ᠶ᠋ᠢᠨ ᠬᠥᠭ᠌ᠵᠢᠯᠲᠡ ᠲᠣᠭ᠍ᠲᠠᠭᠤᠨ᠎ᠤ ᠳᠤᠮᠳᠠ ᠠᠬᠢᠯᠲᠠ᠎ᠲᠠᠶ ᠪᠣᠯᠪᠠ᠃ 2021 ᠣᠨ᠎ᠳᠤ᠂ ᠪᠥᠬᠥ᠌ ᠬᠣᠲᠠ᠎ᠶ᠋ᠢᠨ ᠬᠣᠲᠠ᠎ᠶ᠋ᠢᠨ ᠲᠠᠰ᠎ᠤᠨ ᠭᠤᠤᠯᠳᠠᠯᠭ᠎ᠠ᠎ᠲᠠᠶ 221 ᠲᠥᠷᠥᠯ ᠵᠦᠶ᠋ᠯ ᠠᠵᠢᠯ᠎ᠢᠶᠠᠨ ᠡᠬᠢᠯᠡᠭᠦᠯᠦᠨ ᠰᠡᠷᠭᠦᠭᠡᠵᠦ᠍᠂ 207.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠭᠦᠶ᠋ᠴᠡᠳᠭᠡᠯ ᠲᠣᠭ᠎ᠠ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠪᠡ᠃
ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠲᠤᠭ᠎ᠠ ᠲᠣᠭ᠍ᠲᠠᠭᠤᠨ ᠴᠢᠨᠠᠷ ᠳᠡᠭᠡᠭ᠌ᠰᠢᠯᠡᠵᠦ᠍᠂ ᠠᠮᠤ ᠪᠤᠳᠠᠭ᠎ᠠ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ ᠦᠷᠭᠦᠯᠵᠢᠯᠡᠨ ᠲᠣᠭ᠍ᠲᠠᠭᠤᠨ᠎ᠢᠶᠠᠷ ᠨᠡᠮᠡᠭ᠌ᠳᠡᠪᠡ᠃ 2021 ᠣᠨ᠎ᠳᠤ᠂ ᠬᠥᠯᠥᠨ ᠪᠣᠢᠷ ᠬᠣᠲᠠ᠎ᠶ᠋ᠢᠨ ᠠᠮᠤ ᠪᠤᠳᠠᠭᠠᠨ᠎ᠤ ᠤᠨᠠᠯᠲᠠ 16.2 ᠳ᠋ᠦᠩᠱᠢᠭᠤᠷ ᠵᠢᠩ ᠨᠡᠮᠡᠭ᠌ᠳᠡᠵᠦ᠍᠂ ᠪᠥᠬᠥ᠌ ᠣᠷᠣᠨ᠎ᠳᠤ 46% ᠶ᠋ᠢᠨ ᠨᠡᠮᠡᠭ᠌ᠳᠡᠯ᠎ᠦᠨ ᠬᠡᠮᠵᠢᠶ᠎ᠡ᠎ᠶ᠋ᠢ ᠬᠠᠨᠳᠢᠪᠯᠠᠪᠠ᠃ ᠬᠥᠯᠥᠨ ᠪᠣᠢᠷ᠎ᠤᠨ ᠲᠠᠯ᠎ᠠ ᠨᠤᠲᠤᠭ᠎ᠤᠨ ᠬᠣᠨᠢ᠂ ᠲᠠᠯ᠎ᠠ ᠨᠤᠲᠤᠭ᠎ᠤᠨ ᠣᠬᠣᠷ ᠰᠡᠭᠦᠯᠲᠦ ᠬᠣᠨᠢ᠎ᠶ᠋ᠢ ᠲᠣᠰ ᠲᠣᠰ 《ᠤᠯᠤᠰ᠎ᠤᠨ ᠲᠠᠰ᠎ᠤᠨ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ᠎ᠦᠨ ᠪᠥᠯᠦᠭᠯᠡᠯ》᠂ 《 ᠤᠯᠤᠰ᠎ᠤᠨ ᠮᠠᠯ ᠵᠢᠭᠦᠷᠲᠡᠨ᠎ᠦ ᠱᠢᠨ᠎ᠡ ᠡᠭᠦᠯᠳᠡᠷ 》 ᠵᠢᠡᠷ ᠬᠢᠨᠠᠨ ᠲᠤᠭᠲᠠᠭᠠᠭᠳᠠᠵᠤ᠂ ᠬᠥᠯᠥᠨ ᠪᠣᠢᠷ᠎ᠤᠨ ᠲᠠᠯ᠎ᠠ ᠨᠤᠲᠤᠭ᠎ᠤᠨ ᠬᠣᠨᠢᠨ ᠮᠢᠬ᠎ᠠ ᠵᠡᠷᠭᠡ 8 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠨᠠᠷᠠᠲᠤ ᠲᠡᠮᠳᠡᠭ᠌ᠲᠦ᠍ ᠨᠢ 《 ᠳᠤᠮᠳᠠᠳᠤ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠵᠠᠭᠤᠨ ᠬᠦᠴᠦᠷᠬᠡᠭ ᠪᠡᠯᠭᠡ ᠲᠡᠮᠳᠡᠭ᠎ᠦᠨ ᠴᠢᠨᠠᠷᠲᠠᠶ ᠨᠠᠷᠠᠲᠤ ᠲᠡᠮᠳᠡᠭ᠌ᠲᠦ》 ᠳ᠋ᠤ ᠰᠣᠩᠭᠣᠭ᠍ᠳᠠᠪᠠ᠃
ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠵᠦᠷᠢᠶᠡᠴᠢᠯᠡᠭ᠌ᠰᠡᠨ᠂ ᠳᠡᠭᠡᠳᠤ ᠲᠡᠰᠵᠢᠭᠰᠡᠨ ᠬᠥᠭ᠌ᠵᠢᠯᠲᠡ᠎ᠶ᠋ᠢᠨ ᠠᠯᠬᠤᠴᠠ ᠲᠦᠷᠭᠡᠳᠴᠦ᠍᠂ ᠬᠥᠯᠥᠨ ᠪᠦᠢᠷ᠎ᠦᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠵᠠᠮ ᠱᠤᠭᠤᠮ᠎ᠨᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠮᠦᠰᠦ ᠴᠠᠰᠤᠨ᠎ᠤ ᠬᠦᠰᠡᠯ ᠵᠡᠭᠦᠳᠦ᠍᠎ᠪᠡᠨ ᠲᠡᠷᠭᠡᠯᠱᠢᠭᠦᠯᠵᠦ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠠᠢ ᠬᠠᠨᠢᠰᠤᠨᠠᠮ》 ᠰᠣᠳᠣᠨ ᠵᠠᠮ ᠱᠤᠭᠤᠮ᠎ᠳᠤ ᠰᠣᠩᠭᠣᠭ᠍ᠳᠠᠨ ᠣᠷᠣᠵᠤ᠂ 《 ᠬᠥᠯᠥᠨ ᠪᠦᠷ ᠨᠡᠷᠡᠮᠵᠢᠲᠦ 》 ᠲᠠᠯ᠎ᠠ ᠨᠤᠲᠤᠭ ᠣᠢ ᠱᠢᠭᠤᠢ᠎ᠶ᠋ᠢᠨ ᠵᠢᠭᠤᠯᠴᠢᠯᠠᠯ᠎ᠤᠨ ᠭᠠᠯᠲᠤ ᠲᠡᠷᠭᠡ ᠲᠣᠭ᠍ᠲᠠᠭᠤᠨ᠎ᠢᠶᠠᠷ ᠠᠵᠢᠯᠯᠠᠵᠤ᠂ ᠬᠥᠯᠥᠨ ᠪᠦᠷ ᠪᠦᠬᠦ᠌ ᠤᠯᠤᠰ᠎ᠤᠨ 《 ᠮᠥᠰᠥ᠍ ᠴᠠᠰᠤᠨ᠎ᠤ ᠵᠢᠭᠤᠯᠴᠢᠯᠠᠯ᠎ᠤᠨ ᠠᠷᠪᠠᠨ ᠰᠣᠳᠣᠨ ᠬᠣᠲᠠ》 ᠳ᠋ᠤ᠌ ᠣᠷᠣᠪᠠ᠃
ᠴᠠᠰᠤᠲᠤ ᠣᠢ ᠬᠦᠪᠴᠢ ᠪᠣᠯᠤᠨ ᠪᠠᠶᠠᠯᠢᠭ ᠰᠠᠢᠬᠠᠨ ᠦᠨᠳᠦᠰᠦᠲᠡᠨ᠎ᠦ ᠵᠠᠩ ᠦᠢᠯᠡ᠎ᠶ᠋ᠢᠨ ᠵᠤᠯᠭᠠᠯᠴᠠᠯ ᠨᠢ ᠬᠥᠯᠥᠨ ᠪᠦᠷᠦᠨ ᠳᠡᠯᠡᠬᠡᠢ᠎ᠳᠤ ᠬᠤᠤᠰ ᠦᠭᠡᠢ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠡᠬᠢ ᠪᠠᠶᠠᠯᠢᠭ᠎ᠢ ᠪᠤᠢ ᠪᠣᠯᠭᠠᠪᠠ᠃ 《ᠬᠦᠶ᠋ᠲᠡᠨ》 ᠵᠢᠡᠷ ᠠᠯᠳᠠᠷᠱᠢᠭ᠍ᠰᠠᠨ ᠬᠥᠯᠥᠨ ᠪᠣᠢᠷ 《ᠬᠦᠶ᠋ᠲᠡᠨ ᠡᠬᠢ ᠪᠠᠶᠠᠯᠢᠭ》 ᠢ᠋ 《ᠬᠠᠯᠠᠭᠤᠨ ᠠᠵᠤ ᠦᠶ᠋ᠯᠡᠰ》 ᠪᠣᠯᠭᠠᠨ ᠬᠤᠪᠢᠷᠠᠭᠤᠯᠬᠤ᠎ᠪᠠᠷ ᠴᠢᠷᠮᠠᠢᠵᠤ ᠪᠠᠢᠨ᠎ᠠ᠃
ᠡᠨᠡ ᠵᠢᠯ ᠬᠥᠯᠥᠨ ᠪᠣᠢᠷ ᠲᠣᠰ ᠭᠠᠵᠠᠷ ᠣᠷᠣᠨ᠎ᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠡᠬᠢᠨ᠎ᠤ ᠪᠠ ᠡᠴᠦᠰ᠎ᠤᠨ ᠦᠶ᠋ᠯᠡᠳᠬᠦᠨ᠎ᠦ ᠪᠦᠲᠦᠴᠡ᠎ᠶ᠋ᠢ ᠪᠠᠶᠠᠯᠢᠭ᠍ᠵᠢᠭᠤᠯᠵᠤ᠂ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠂ ᠮᠡᠷᠭᠡᠵᠢᠯ᠎ᠦᠨ ᠥᠭᠡᠷᠡᠴᠢᠯᠡᠯᠲᠡ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠶᠡᠷᠦᠩᠬᠡᠢᠯᠡᠨ ᠠᠱᠢᠭ᠍ᠯᠠᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠥᠷᠲᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌ ᠴᠢᠨᠠᠷ ᠰᠠᠢᠲᠠᠶ ᠲᠥᠷᠥᠯ ᠵᠦᠶ᠋ᠯ᠎ᠢ ᠢᠳᠡᠪᠬᠢᠲᠡᠶ ᠰᠦᠪᠡᠭ᠌ᠴᠢᠯᠡᠪᠡ᠃
ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠯᠥᠨ ᠪᠣᠢᠷ ᠡᠨᠡ ᠵᠢᠯ ᠬᠣᠲᠠ᠎ᠶ᠋ᠢᠨ ᠲᠠᠰ᠎ᠤᠨ ᠭᠤᠤᠯᠳᠠᠯᠭ᠎ᠠ᠎ᠲᠠᠶ 378 ᠲᠥᠷᠥᠯ ᠵᠦᠶ᠋ᠯ᠎ᠢ ᠬᠥᠳᠡᠯᠦᠩᠭᠦᠶ᠎ᠪᠡᠷ ᠲᠥᠯᠥᠪᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 1451.8 ᠳ᠋ᠦᠩᠱᠢᠭᠤᠷ ᠲᠥᠭᠥᠷᠢᠭ᠎ᠲᠦ ᠬᠦᠷᠴᠡᠶ᠃
ᠬᠣᠶᠠᠷ ᠢ ᠥᠷᠭᠡᠳᠭᠡᠬᠦ᠌᠂ ᠬᠣᠶᠠᠷ᠎ᠢ ᠪᠠᠭᠠᠰᠭᠠᠬᠤ᠂ ᠨᠢᠭᠡ᠎ᠶ᠋ᠢ ᠲᠣᠭ᠍ᠲᠠᠪᠤᠷᠢᠵᠢᠭᠤᠯᠬᠤ》 ᠵᠠᠷᠴᠢᠮ ᠶᠣᠰᠣᠭᠠᠷ᠂ ᠬᠥᠯᠥᠨ ᠪᠣᠢᠷ ᠲᠠᠷᠢᠮᠠᠯ᠎ᠤᠨ ᠪᠦᠲᠦᠴᠡ᠎ᠶ᠋ᠢ ᠤᠯᠠᠮ ᠨᠢᠭᠡ ᠠᠯᠬᠤᠮ ᠲᠣᠬᠢᠷᠠᠭᠤᠯᠤᠨ ᠱᠢᠯᠢᠳᠡᠭ᠌ᠵᠢᠭᠦᠯᠵᠦ᠍᠂ ᠠᠮᠤ ᠪᠤᠳᠠᠭᠠᠨ᠎ᠤ ᠤᠨᠠᠯᠲᠠ᠎ᠶ᠋ᠢ 120 ᠳ᠋ᠦᠩᠱᠢᠭᠤᠷ ᠵᠢᠩ᠎ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠬᠤ᠎ᠶ᠋ᠢ ᠪᠠᠲᠤᠯᠠᠪᠠ; ᠰᠦ ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢ ᠴᠢᠩᠭᠠᠷᠠᠭᠤᠯᠵᠤ᠂ ᠳᠠᠭᠠᠭᠤᠯᠤᠭᠴᠢ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠲᠡᠳᠬᠦᠨ᠂ ᠦᠨᠳᠦᠰᠦᠲᠡᠨ᠎ᠦ ᠤᠯᠠᠮᠵᠢᠯᠠᠯᠲᠤ ᠴᠠᠭᠠᠨ ᠢᠳᠡᠭᠡᠨ᠎ᠦ ᠬᠥᠭ᠌ᠵᠢᠯᠲᠡ᠎ᠶ᠋ᠢ ᠲᠦᠷᠭᠡᠳᠭᠡᠵᠦ᠍᠂ ᠰᠠᠭᠠᠯᠢ᠎ᠶ᠋ᠢᠨ ᠦᠨᠢᠶ᠎ᠡ᠎ᠵᠢᠨ ᠲᠤᠭ᠎ᠠ ᠪᠠ ᠦᠨᠢᠶᠡᠨ ᠰᠦᠨ ᠭᠠᠷᠤᠯᠲᠠ᠎ᠶ᠋ᠢ ᠦᠷᠭᠦᠯᠵᠢᠯᠡᠨ ᠨᠡᠮᠡᠭ᠌ᠳᠡᠭᠦᠯᠪᠡ᠃
ᠨᠢᠭᠡᠳᠦᠭᠡᠷ ᠤᠯᠠᠷᠢᠯ᠎ᠳᠤ ᠬᠥᠯᠥᠨ ᠪᠣᠢᠷ ᠬᠣᠲᠠ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠳᠡᠭᠡᠷ᠎ᠡᠵᠢᠯ᠎ᠤᠨ ᠠᠳᠠᠯᠢ ᠬᠤᠭᠤᠴᠠᠭᠠᠨ ᠤ᠎ᠬᠢ᠎ᠡᠴᠡ 6.5% ᠪᠠᠷ ᠨᠡᠮᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ᠎ᠲᠤ ᠣᠷᠣᠪᠠ᠃ ᠳᠡᠭᠡᠷ᠎ᠡ ᠬᠠᠭᠠᠰ ᠵᠢᠯ᠎ᠳᠦ᠂ ᠵᠢᠱ᠌ᠢᠯᠲᠡ᠎ᠪᠡᠷ ᠪᠥᠬᠥ᠌ ᠬᠣᠲᠠ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 6.5% ᠣᠷᠴᠢᠮ ᠨᠡᠮᠡᠭ᠌ᠳᠡᠵᠦ᠍᠂ ᠣᠢᠷ᠎ᠠ᠎ᠶ᠋ᠢᠨ 5 ᠵᠢᠯ᠎ᠦᠨ ᠲᠤᠷᠱᠢᠬᠢ ᠲᠡᠦᠬᠡ᠎ᠶ᠋ᠢᠨ ᠬᠠᠮᠤᠭ᠎ᠤᠨ ᠥᠨᠳᠥᠷ ᠨᠡᠮᠡᠭ᠌ᠳᠡᠯ᠎ᠦᠨ ᠬᠤᠷᠳᠤᠴᠠ ᠪᠣᠯᠵᠣ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠭᠦᠶ᠋ᠴᠡᠳᠭᠡᠯ ᠲᠣᠭ᠎ᠠ ᠪᠥᠬᠥ᠌ ᠲᠠᠯ᠎ᠠ᠎ᠪᠠᠷ ᠲᠦᠷᠦᠭᠦᠯᠡᠪᠡ᠃
ᠥᠨᠥᠳᠦᠷ᠎ᠦᠨ ᠬᠥᠯᠥᠨ ᠪᠤᠢ᠌ᠷ ᠶᠠᠭ ᠬᠥᠬᠡᠮᠳᠦᠭ ᠠᠭᠤᠯᠠ᠎ᠶ᠋ᠢ ᠠᠯᠳᠠᠨ ᠠᠭᠤᠯᠠ ᠪᠣᠯᠭᠠᠬᠤ᠎ᠪᠠᠷ ᠴᠢᠷᠮᠠᠢᠵᠤ᠂ ᠪᠣᠬᠢᠷᠲᠤᠯ ᠦᠭᠡᠢ᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢᠨ ᠢᠯᠡ ᠲᠣᠳᠣ ᠳᠡᠪᠢᠰᠭᠡᠷ ᠦᠩᠭᠡ ᠪᠣᠯᠭᠠᠪᠠ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠬᠥᠯᠥᠨ ᠪᠤᠢ᠌ᠷ᠎ᠤᠨ ᠬᠥᠮᠦᠰ ᠬᠥᠬᠡᠮᠳᠦᠭ ᠨᠣᠭᠣᠭᠠᠨ ᠠᠭᠤᠯᠠ ᠤᠰᠤ᠎ᠪᠠᠷ ᠳᠡᠪᠢᠰᠭᠡᠷ ᠦᠩᠭᠡ ᠪᠣᠯᠭᠠᠵᠤ᠂ ᠨᠡᠩ ᠰᠦᠷᠯᠢᠭ ᠰᠠᠢᠬᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠵᠢᠷᠤᠭ᠍ᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃