2022-08-06 10:42:06
ᠤᠯᠠᠭᠠᠨᠬᠠᠳᠠ ᠪᠣᠯ ᠨᠢᠭᠡᠨ ᠵᠣᠯ ᠵᠢᠷᠭᠠᠯᠲᠤ ᠬᠤᠳᠠ ᠪᠤᠯᠬᠤ ᠶᠤᠮ᠃
ᠡᠨᠡ ᠬᠦ᠌ ᠬᠤᠳᠠ᠎ᠳᠤ᠂ ᠬᠥᠮᠦᠰ ᠵᠣᠯ ᠵᠢᠷᠭᠠᠯᠲᠤ ᠠᠮᠢᠳᠤᠷᠠᠯ ᠵᠢᠡᠨ ᠴᠤᠭᠴᠠᠯᠠᠬᠤ ᠪᠡᠷ ᠴᠠᠭ ᠮᠦᠴᠡ ᠵᠢ ᠠᠯᠳᠠᠯ ᠦᠭᠡᠢ ᠲᠡᠮᠡᠦᠯᠦᠨ᠎ᠡ; ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠪᠡᠷ ᠥᠷᠯᠥᠭᠡ ᠦᠳᠡᠰᠢ ᠵᠢ ᠲᠡᠮᠡᠴᠡᠨ ᠵᠢᠳᠭᠦᠨ᠎ᠡ᠃ 2022 ᠣᠨ᠎ᠤ ᠨᠢᠭᠡᠳᠦᠭᠡᠷ ᠤᠯᠠᠷᠢᠯ᠎ᠳᠤ᠂ ᠪᠦᠬᠦ᠌ ᠬᠤᠳᠠ᠎ᠶ᠋ᠢᠨ ᠣᠷᠣᠨᠨᠤᠳᠤᠬ ᠤ᠋ᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 3.7% ᠨᠡᠮᠡᠭ᠌ᠳᠡᠵᠦ᠍᠂ 273 ᠭᠣᠣᠯᠳᠠᠯᠭ᠎ᠠ᠎ᠲᠠᠶ ᠲᠦᠷᠦᠯ ᠵᠦᠢᠯ ᠠᠵᠢᠯ ᠡᠬᠢᠯᠡᠭᠦᠯᠦᠨ ᠠᠵᠢᠯ᠎ᠢᠶᠠᠨ ᠰᠡᠷᠭᠦᠭᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 194 ᠢᠯᠡᠭᠦᠦ ᠪᠠᠢᠵᠤ᠂ ᠬᠡᠪᠴᠢᠶᠡᠵᠢᠯ᠎ᠡᠴᠡ ᠳᠡᠭᠡᠭ᠌ᠰᠢᠬᠢ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 62.3% ᠨᠡᠮᠡᠭ᠌ᠳᠡᠵᠡᠢ᠃
ᠪᠠᠶᠠᠷᠯᠠᠭᠤᠱᠢᠲᠠᠢ ᠲᠣᠭ᠎ᠠ ᠪᠠᠷᠢᠮᠲᠠ ᠵᠢᠨ ᠠᠷᠤ ᠳ᠋ᠦ ᠤᠯᠠᠭᠠᠨᠬᠠᠳᠠ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠷᠪᠢᠯᠢᠭ ᠠᠯᠬᠤᠭ᠎ᠠ ᠪᠤᠢ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ ᠂ ᠤᠯᠠᠭᠠᠨᠬᠠᠳᠠ ᠬᠤᠳᠠᠰᠢᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠣᠷᠣᠨ ᠪᠦᠰᠡ᠎ᠶ᠋ᠢᠨ ᠲᠦᠪ ᠬᠤᠳᠠ᠎ᠶ᠋ᠢ ᠪᠦᠳᠦᠬᠡᠨ ᠪᠠᠢᠭᠤᠯᠬᠤ᠂《 ᠬᠣᠣᠰ ᠤᠳᠤᠨ ᠣᠷᠣᠨ 》᠎ᠢ᠋ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂《 ᠲᠠᠪᠤᠨ ᠪᠠᠢᠷᠢ ᠲᠣᠭ᠍ᠲᠠᠭᠠᠯᠲᠠ 》ᠵᠢ ᠬᠦᠴᠦᠯᠡᠨ ᠨᠠᠢᠳᠠᠪᠤᠷᠢᠵᠢᠭᠤᠯᠤᠨ᠂ ᠴᠢᠨᠠᠷ ᠰᠠᠢᠲᠠᠢ ᠬᠥᠭ᠌ᠵᠢᠯᠲᠡ᠂ ᠠᠮᠢ ᠠᠬᠤᠢ᠎ᠶ᠋ᠢᠨ ᠣᠷᠴᠢᠨ ᠲᠣᠭᠣᠷᠢᠨ᠎ᠤ ᠪᠦᠳᠦᠬᠡᠨ ᠪᠠᠢᠭᠤᠯᠤᠯᠲᠠ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠲᠠᠯ᠎ᠠ᠎ᠪᠠᠷ ᠬᠢᠯᠠᠰ ᠴᠡᠭ ᠤᠯᠠᠨ ᠭᠠᠷᠭᠠᠪᠠ᠃
ᠴᠢᠨᠠᠷ ᠰᠠᠢᠲᠠᠢ ᠬᠦᠭᠵᠢᠭᠦᠯᠵᠦ ᠬᠣᠲᠠ᠎ᠶ᠋ᠢᠨ ᠴᠢᠳᠠᠮᠵᠢ ᠵᠢᠨ ᠳᠡᠰ᠎ᠢ ᠳᠡᠭᠡᠭᠰᠢᠯᠡᠭᠦᠯᠪᠡ
ᠳᠡᠯᠭᠡᠷ ᠵᠤᠨ᠎ᠤ 7 ᠰᠠᠷ᠎ᠠ᠂ ᠬᠠᠰ ᠯᠤᠤ ᠵᠢᠨ ᠨᠤᠲᠤᠭ ᠲᠤ᠌ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠬᠦᠷ ᠬᠦᠭᠵᠢᠶᠡᠨ᠎ᠲᠠᠢ ᠶᠠᠪᠤᠭᠳᠠᠨ᠎ᠠ᠃ ᠤᠳᠬᠤᠭᠤᠷ ᠮᠠᠱᠢᠨ᠂ ᠪᠠᠷᠢᠯᠭ᠎ᠠ᠎ᠶ᠋ᠢᠨ ᠲᠡᠷᠭᠡ ᠤᠳ ᠨᠠᠭᠠᠰᠢ ᠴᠠᠭᠠᠰᠢ ᠰᠦᠯᠵᠢᠯᠳᠦᠨ᠂ ᠠᠵᠢᠯᠴᠢᠳ ᠱᠢᠲᠠᠮᠠ ᠬᠠᠯᠠᠭᠤᠨᠳ᠋ᠦ ᠱᠠᠯᠠᠮᠠᠭᠠᠢᠯᠠᠨ ᠠᠵᠢᠯᠯᠠᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠵᠢᠨ ᠬᠤᠷᠳᠤᠴᠠ᠎ᠶ᠋ᠢ ᠲᠦᠷᠭᠡᠳᠭᠡᠨ᠎ᠡ᠃
2021 ᠣᠨ᠎ᠳᠤ᠂ ᠤᠯᠠᠭᠠᠨᠬᠠᠳᠠ ᠬᠣᠲᠠ 17 ᠵᠤᠷᠪᠤᠰ ᠭᠣᠸ᠋ᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠲᠣᠳᠣᠷᠬᠠᠶ ᠲᠣᠭ᠍ᠲᠠᠭᠠᠵᠤ᠂ 6 ᠠᠷᠠᠯᠵᠢᠶᠠᠴᠢᠨ ᠤᠷᠢᠬᠤ ᠲᠤᠰᠭᠠᠶ ᠠᠩᠭᠢ᠂ 10 ᠭᠣᠸ᠋ᠯᠳᠠᠯᠭ᠎ᠠ᠎ᠲᠠᠶ ᠠᠵᠢᠯ᠎ᠢ ᠠᠬᠢᠭᠤᠯᠬᠤ ᠳᠤᠭᠤᠢᠯᠠᠩ ᠪᠠᠢᠭᠤᠯᠵᠤ᠂ ᠠᠷᠠᠯᠵᠢᠶᠠᠴᠢᠨ ᠤᠷᠢᠵᠤ ᠪᠠᠯᠠ ᠮᠦᠡᠭᠬᠦ ᠣᠷᠣᠭᠤᠯᠬᠤ ᠪᠤᠭᠤᠮᠲᠠ ᠰᠢᠪᠲᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠲᠠᠰᠤᠷᠠᠯᠲᠠ ᠥᠬᠡᠶ ᠥᠷᠨᠢᠭᠦᠯᠵᠦ᠍᠂《 ᠲᠥᠷᠥᠯ ᠵᠦᠶ᠋ᠯ᠎ᠦᠨ ᠬᠠᠮᠢᠶᠠᠷᠤᠭ᠍ᠴᠢ 》ᠵᠢᠨ ᠲᠦᠷᠢᠮ᠎ᠢ ᠬᠡᠷᠡᠭ᠌ᠵᠢᠭᠦᠯᠦᠨ᠂ ᠪᠥᠬᠥ᠌ ᠬᠦᠴᠦᠨ᠎ᠢᠶᠡᠷ᠎ᠢᠶᠡᠨ ᠠᠵᠢᠯ ᠡᠬᠢᠯᠡᠭᠦᠯᠵᠦ ᠪᠠᠷᠢᠯᠭ᠎ᠠ ᠪᠠᠢᠭᠤᠯᠬᠤ ᠵᠢ ᠠᠬᠢᠭᠤᠯᠪᠠ᠃ 2022 ᠣᠨ᠎ᠳᠤ᠂ ᠤᠯᠠᠭᠠᠨᠬᠠᠳᠠ ᠬᠣᠲᠠ 640 ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2523 ᠳ᠋ᠦᠩᠱᠢᠭᠤᠷ ᠲᠥᠭᠥᠷᠢᠭᠬᠦᠷᠦᠨᠡ᠃
ᠲᠥᠷᠥᠯ ᠵᠦᠶ᠋ᠯ ᠪᠣᠯ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠰᠠᠭᠤᠷᠢ᠂ ᠬᠦᠷᠢᠶᠡᠯᠡᠩ ᠲᠣᠭᠣᠷᠢᠭ ᠪᠣᠯ ᠲᠥᠷᠥᠯ ᠵᠦᠶ᠋ᠯ᠎ᠦᠨ ᠬᠥᠭ᠌ᠵᠢᠯᠲᠡ᠎ᠶ᠋ᠢᠨ ᠠᠴᠢᠶᠠᠯᠠᠪᠤᠷᠢ ᠪᠠ ᠲᠠᠪᠴᠠᠩ ᠪᠣᠯᠤᠨ᠎ᠠ᠃ ᠤᠯᠠᠭᠠᠨᠬᠠᠳᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠲᠣᠭᠣᠷᠢᠭ᠎ᠢ ᠪᠦᠬᠦ᠌ ᠬᠦᠴᠦᠨ᠎ᠢᠶᠡᠷ ᠪᠠᠢᠭᠤᠯᠵᠤ᠂《 ᠨᠢᠭᠡ ᠲᠣᠭᠣᠷᠢᠭ ᠲᠦᠷᠪᠡᠨ ᠬᠦᠷᠢᠶᠡᠯᠡᠩ 》᠎ᠤ᠋ᠨ ᠪᠠᠢᠷᠢᠱᠢᠭᠤᠯᠤᠯᠲᠠ᠎ᠶ᠋ᠢ ᠪᠤᠢ ᠪᠤᠯᠭᠠᠵᠤ᠂ ᠤᠷᠢᠳ ᠬᠣᠵᠢᠳ《ᠤᠷᠤᠨ ᠠᠯᠤᠰᠯᠠᠭᠰᠠᠨ ᠠᠵᠤ ᠠᠬᠤᠢ 》ᠵᠢᠨ ᠲᠦᠷᠦ᠍᠎ᠶ᠋ᠢᠨ ᠪᠤᠳᠤᠯᠭ᠎ᠠ᠂ ᠬᠤᠳᠠ᠎ᠡᠴᠠ ᠤᠬᠤᠷᠢᠨ ᠬᠦᠷᠢᠶᠡᠯᠡᠩ᠎ᠳᠦ ᠣᠷᠣᠬᠤ ᠵᠡᠷᠭᠡ ᠬᠠᠮᠢᠶ᠎ᠠ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠵᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠲᠥᠪᠯᠡᠷᠡᠩᠭᠦᠢ ᠡᠷᠴᠢᠮᠵᠢᠭᠰᠡᠨ ᠬᠥᠭ᠌ᠵᠢᠯᠲᠡ᠎ᠶ᠋ᠢ ᠠᠬᠢᠭᠤᠯᠪᠠ᠃
ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠪᠠᠷ ᠠᠴᠢᠶᠠᠯᠠᠪᠤᠷᠢ ᠪᠣᠯᠭᠠᠵᠤ᠂ ᠠᠵᠤ ᠦᠶ᠋ᠯᠡᠰ᠎ᠦᠨ ᠲᠥᠷᠥᠯ ᠵᠦᠶ᠋ᠯ᠎ᠢᠶᠡᠷ ᠲᠤᠯᠭᠠᠭᠤᠷᠢᠯᠠᠯ ᠪᠤᠯᠭᠠᠨ᠂ ᠣᠢᠷ᠎ᠠ᠎ᠶ᠋ᠢᠨ ᠵᠢᠯ᠎ᠦᠳ᠎ᠲᠦ᠂ ᠤᠯᠠᠭᠠᠨᠬᠠᠳᠠ ᠬᠣᠲᠠ ᠬᠠᠳᠠᠭᠠᠯᠠᠭ᠍ᠳᠠᠵᠤ ᠪᠠᠢᠭ᠎ᠠ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠴᠢᠨᠠᠷ ᠰᠠᠢᠲᠠᠶ ᠨᠡᠮᠡᠭ᠌ᠳᠡᠯ ᠬᠠᠩᠭᠠᠯᠭ᠎ᠠ᠎ᠶ᠋ᠢ ᠥᠷᠭᠡᠳᠭᠡᠨ᠂ ᠤᠯᠠᠮᠵᠢᠯᠠᠯᠲᠤ ᠠᠵᠤ ᠦᠶ᠋ᠯᠡᠰ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠎ᠦᠨ ᠱᠢᠨ᠎ᠡ ᠬᠥᠳᠡᠯᠭᠡᠭᠦᠷ᠎ᠢ ᠪᠣᠶ ᠪᠣᠯᠭᠠᠵᠤ᠂ ᠠᠵᠤ ᠦᠶ᠋ᠯᠡᠰ᠎ᠦᠨ ᠳᠠᠪᠠᠭᠤᠯᠢᠭ ᠪᠠ ᠬᠥᠭ᠌ᠵᠢᠯᠲᠡ᠎ᠶ᠋ᠢᠨ ᠨᠦᠬᠡᠴᠡ ᠬᠦᠴᠦᠨ᠎ᠢ ᠴᠢᠩᠭᠠᠷᠠᠭᠤᠯᠵᠠᠢ᠃
ᠤᠯᠠᠭᠠᠨᠬᠠᠳᠠ᠎ᠶ᠋ᠢᠨ ᠶᠦᠨ ᠲᠦᠩ ᠴᠠᠬᠢᠯᠭᠠᠨ ᠵᠠᠳᠠᠯᠤᠯᠲᠠ᠎ᠶ᠋ᠢᠨ ᠵᠡᠰ᠎ᠦᠨ ᠦᠢᠯᠡᠳᠪᠦᠷᠢ᠎ᠶ᠋ᠢᠨ ᠲᠠᠰᠤᠭ ᠲᠦ᠍ 2 ᠮᠠᠱᠢᠨ ᠬᠥᠮᠦᠨ ᠴᠠᠭ ᠪᠦᠷᠢ 600 ᠬᠡᠰᠡᠭ ᠴᠠᠬᠢᠯᠭᠠᠨ ᠵᠠᠳᠠᠯᠤᠯᠲᠠ᠎ᠶ᠋ᠢᠨ ᠵᠡᠰ᠎ᠦᠨ ᠢᠯᠲᠠᠰᠤ᠎ᠶ᠋ᠢ ᠰᠠᠯᠭᠠᠵᠤ ᠴᠢᠳᠠᠨ᠎ᠠ᠂ ᠡᠨᠡ ᠨᠢ 30 ᠠᠵᠢᠯᠴᠢᠨ᠎ᠤ ᠦᠢᠯᠡᠳᠪᠦᠷᠢᠯᠡᠯ᠎ᠦᠨ ᠦᠷ᠎ᠡ ᠪᠦᠲᠦᠮᠵᠢᠲᠡᠶ ᠲᠡᠩᠴᠡᠳᠡᠭ᠃
《ᠣᠳᠣᠬᠠᠨ᠎ᠳᠤ᠂ ᠪᠢᠳᠡ ᠨᠢᠭᠡᠨᠲᠡ ᠡᠭᠦᠷᠢᠳᠡ᠎ᠶ᠋ᠢᠨ ᠴᠢᠨᠠᠷᠲᠠᠶ ᠵᠢᠪᠡᠷᠡᠬᠦ᠌ ᠥᠬᠡᠶ ᠪᠣᠯᠣᠳ᠎ᠤᠨ ᠪᠢᠯᠢᠭ ᠲᠤᠢᠯ᠎ᠤᠨ ᠠᠷᠭ᠎ᠠ᠎ᠪᠠᠷ ᠴᠠᠬᠢᠯᠭᠠᠨ ᠵᠠᠳᠠᠯᠤᠯᠲᠠ ᠬᠢᠬᠦ᠌᠂ ᠠᠦ᠋ᠲ᠋ᠣᠴᠢᠯᠠᠭ᠍ᠰᠠᠨ ᠡᠵᠡᠮᠱᠢᠯ᠎ᠦᠨ ᠫᠷᠤᠭ᠌ᠷᠠᠮ᠎ᠢ ᠨᠡᠭᠡᠭᠡᠨ ᠬᠥᠭ᠌ᠵᠢᠭᠦᠯᠬᠦ᠌ ᠵᠡᠷᠭᠡ ᠣᠯᠠᠨ ᠵᠦᠶ᠋ᠯ᠎ᠦᠨ ᠵᠠᠩᠭᠢᠯᠠᠭ᠎ᠠ᠎ᠶ᠋ᠢᠨ ᠮᠡᠷᠭᠡᠵᠢᠯ᠎ᠢ ᠡᠵᠡᠮᠱᠢᠵᠡᠢ᠃ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ〈 ᠬᠣᠣᠰ ᠵᠤᠤᠬ᠎ᠠ ᠪᠡᠷ ᠪᠦᠳᠦᠭᠦᠯᠢᠭ ᠵᠡᠰᠢ ᠦᠷᠭᠦᠯᠵᠢᠯᠡᠨ ᠦᠯᠢᠶᠡᠯᠭᠡᠨ ᠪᠣᠯᠪᠠᠰᠤᠷᠠᠭᠤᠯᠬᠤ 〉ᠮᠡᠷᠭᠡᠵᠢᠯ ᠨᠢᠭᠡᠨᠲᠡ ᠲᠤᠰᠭᠠᠢ ᠠᠱᠢᠭ᠎ᠤᠨ ᠮᠡᠷᠭᠡᠵᠢᠯ᠎ᠦᠨ ᠬᠤᠪᠢ᠎ᠪᠠᠷ ᠥᠷᠭᠡᠨ᠎ᠢᠶᠡᠷ ᠳᠡᠯᠭᠡᠷᠡᠭᠦᠯᠦᠭᠳᠡᠨ ᠬᠡᠷᠡᠭᠯᠡᠨ᠎ᠡ 》ᠭᠡᠵᠦ᠍ ᠤᠯᠠᠭᠠᠨᠬᠠᠳᠠ᠎ᠶ᠋ᠢᠨ ᠶᠦᠨ ᠲᠦᠩ᠎ᠤᠨ ᠶᠡᠷᠦᠩᠬᠡᠢ ᠳᠠᠭᠠᠭᠠᠮᠠᠯ ᠸᠠᠩ ᠵᠢᠨ ᠢᠦᠢ ᠬᠡᠯᠡᠪᠡ᠃
ᠤᠯᠠᠭᠠᠨᠬᠠᠳᠠ᠎ᠶ᠋ᠢᠨ ᠶᠦᠨ ᠲᠦᠩ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠤᠯᠠᠭᠠᠨᠬᠠᠳᠠ ᠬᠤᠳᠠ᠎ᠶ᠋ᠢᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ᠎ᠦ ᠬᠤᠷᠢᠶᠠᠩᠭᠤᠢ ᠳᠦᠷᠰᠦ ᠪᠣᠯᠤᠨ᠎ᠠ᠃ ᠠᠷᠪᠠᠨ ᠭᠤᠷᠪᠠᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠥ᠌ ᠬᠣᠲᠠ᠎ᠳᠤ ᠱᠢᠨ᠎ᠡ᠎ᠪᠡᠷ ᠨᠡᠮᠡᠭ᠌ᠳᠡᠭ᠌ᠰᠡᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ 152 ᠪᠣᠯᠵᠣ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 83 ᠪᠣᠯᠪᠠ᠃
ᠡᠳᠦᠭᠡ ᠵᠢᠨ ᠤᠯᠠᠭᠠᠨᠬᠠᠳᠠ᠎ᠳᠤ᠂ ᠵᠠᠭᠤᠨ ᠲᠦᠮᠡᠨ ᠲᠣᠨ᠎ᠤ ᠵᠡᠰ᠎ᠦᠨ ᠳᠠᠪᠠᠭᠤᠯᠢᠭ ᠦᠢᠯᠡᠳᠪᠦᠷᠢᠯᠡᠯ᠎ᠦᠨ ᠴᠢᠳᠠᠮᠵᠢ ᠨᠢᠭᠡᠨᠲᠡ ᠪᠦᠷᠢᠯᠳᠦᠵᠦ᠍᠂ ᠵᠠᠭᠤᠨ ᠳ᠋ᠦᠩᠱᠢᠭᠤᠷ ᠲᠥᠭᠥᠷᠢᠭ᠎ᠦᠨ ᠲᠡᠰ᠎ᠤᠨ ᠡᠮ ᠡᠮᠨᠡᠯᠭᠡ᠎ᠶ᠋ᠢᠨ ᠠᠵᠤ ᠦᠢᠯᠡᠰ ᠠᠩᠬ᠎ᠠ ᠪᠦᠷᠢᠯᠳᠦᠵᠦ᠂ ᠮᠢᠩᠭᠠᠨ ᠲᠦᠮᠡᠨ ᠺᠢᠯᠣᠸᠠᠲ᠎ᠤᠨ ᠴᠡᠪᠡᠷ ᠡᠨᠧᠷᠭᠢ ᠭᠠᠷᠭᠠᠬᠤ ᠰᠠᠭᠤᠷᠢᠨ᠎ᠢ ᠲᠦᠷᠭᠡᠨ ᠪᠦᠳᠦᠭᠡᠨ ᠪᠠᠢᠭᠤᠯᠵᠤ᠂ ᠬᠦᠬᠦᠷ ᠬᠦᠴᠢᠯ᠎ᠦᠨ ᠬᠢᠮᠢ᠎ᠶ᠋ᠢᠨ ᠠᠵᠤ ᠦᠢᠯᠡᠳᠪᠦᠷᠢ ᠪᠣᠯᠤᠨ ᠠᠮᠢᠳᠤ ᠪᠣᠳᠠᠰ᠎ᠤᠨ ᠬᠢᠮᠢ᠎ᠶ᠋ᠢᠨ ᠠᠵᠤ ᠦᠢᠯᠡᠳᠪᠦᠷᠢ ᠵᠡᠷᠭᠡ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ ᠴᠤᠯᠭᠤᠷᠠᠨ ᠭᠠᠷᠴᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠪᠣᠯᠤᠨ ᠶᠠᠰᠤ ᠴᠢᠨᠠᠷ ᠶᠠᠭ ᠯᠤᠲᠤ ᠶᠡᠬᠡ ᠱᠢᠪᠲᠤᠯᠤᠯᠲᠠᠬᠢᠨᠡ᠃
ᠠᠵᠤ ᠦᠢᠯᠡᠳᠪᠦᠷᠢ᠎ᠶ᠋ᠢᠨ ᠠᠵᠤ ᠠᠬᠤᠢ ᠬᠦᠭᠵᠢᠨ ᠪᠤᠵᠠᠭᠠᠢᠷᠠᠬᠤ ᠳ᠋ᠤ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ ᠴᠤ᠌ ᠥᠷᠨᠢᠩᠭᠦᠢ ᠬᠦᠭᠵᠢᠯᠲᠡ ᠵᠢᠨ ᠴᠠᠭ ᠵᠢᠡᠨ ᠤᠭᠳᠤᠨ ᠠᠪᠴᠢᠷᠠᠯ᠎ᠠ᠃
ᠠᠮᠤ ᠪᠤᠳᠠᠭᠠᠨ᠎ᠤ ᠤᠨᠠᠯᠲᠠ ᠶᠢᠰᠦᠨ ᠵᠢᠯ ᠳᠠᠷᠠᠭᠠᠯᠠᠨ ᠵᠠᠭᠤᠨ ᠳ᠋ᠦᠩᠱᠢᠭᠤᠷ ᠵᠢᠩ᠎ᠢ ᠳᠠᠪᠠᠵᠤ᠂ ᠲᠦᠬᠦᠭᠡᠷᠦᠮᠵᠢᠲᠦ ᠲᠠᠷᠢᠶᠠᠯᠠᠩ ᠪᠣᠯᠤᠨ ᠮᠠᠯ᠎ᠤᠨ ᠲᠣᠭ᠎ᠠ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠦ ᠵᠢᠬᠰᠠᠭᠠᠬᠳᠠᠵᠤ᠂ 2019 ᠣᠨ᠎ᠳᠤ᠂ ᠤᠯᠠᠭᠠᠨᠬᠠᠳᠠ ᠬᠤᠲᠠ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠤᠷᠤᠨ᠎ᠤ《 ᠢᠳᠡᠱᠢᠨ ᠨᠣᠭᠣᠭ᠎ᠠ 》ᠵᠢᠨ ᠭᠠᠷᠤᠯᠳᠠ ᠵᠢᠨ ᠰᠠᠭᠤᠷᠢᠨ ᠪᠣᠯᠪᠠ ᠁
ᠡᠨᠡ ᠵᠢᠯ᠂ ᠤᠯᠠᠭᠠᠨᠬᠠᠳᠠ ᠬᠣᠲᠠ᠎ᠶ᠋ᠢᠨ ᠨᠠᠶ᠋ᠮᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭ᠍ᠰᠢ ᠭᠠᠷᠭᠠᠬᠤ ᠰᠠᠭᠤᠷᠢᠨ᠎ᠢ ᠪᠠᠢᠭᠤᠯᠬᠤ ᠬᠠᠷᠠᠯᠲᠠ᠎ᠶ᠋ᠢ ᠲᠣᠳᠣᠷᠬᠠᠶ ᠵᠢᠭᠠᠵᠤ ᠭᠠᠷᠭᠠᠪᠠ᠃
ᠡᠨᠡ ᠬᠦ᠌ ᠬᠠᠷᠠᠯᠲᠠ᠎ᠶ᠋ᠢᠨ ᠲᠣᠭᠣᠷᠢᠨ᠎ᠳᠤ᠂ ᠤᠯᠠᠭᠠᠨᠬᠠᠳᠠ ᠬᠤᠳᠠ ᠲᠦᠷᠦᠯ ᠵᠦᠢᠯ᠎ᠢ ᠱᠢᠯᠢᠳᠡᠭ᠌ᠵᠢᠭᠦᠯᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠲᠦᠷᠦᠯ ᠲᠡᠮᠳᠡᠭ᠎ᠢ ᠡᠭᠦᠳᠬᠦ᠌᠎ᠪᠡᠷ ᠭᠣᠣᠯ ᠴᠢᠷᠮᠠᠢᠬᠤ ᠴᠢᠭ᠌ᠯᠡᠯ ᠵᠢᠡᠨ ᠪᠤᠯᠭᠠᠵᠤ᠂ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ᠂ 《ᠲᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌》 ᠢᠨᠵᠧᠨᠧᠷᠢᠩ ᠪᠠ 《 ᠦᠬᠡᠷ᠎ᠢ ᠨᠡᠮᠡᠭ᠌ᠳᠡᠭᠦᠯᠵᠦ᠍ ᠬᠤᠨᠢ᠎ᠶ᠋ᠢ ᠴᠦᠭᠡᠴᠢᠯᠡᠬᠦ 》 ᠢᠨᠵᠧᠨᠧᠷᠢᠩ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠠᠢ᠂ ᠤᠳᠤᠬᠠᠨ ᠳ᠋ᠤ᠂ ᠤᠯᠠᠭᠠᠨᠬᠠᠳᠠ ᠬᠤᠳᠠ᠎ᠶ᠋ᠢᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ《 ᠤᠯᠠᠭᠠᠨᠬᠠᠳᠠ ᠵᠢᠨ ᠤᠬᠢ ᠰᠢᠮ᠎ᠡ 》ᠵᠢᠩᠬᠢᠨᠢ᠎ᠪᠡᠷ ᠠᠱᠢᠭ᠍ᠯᠠᠯᠲᠠ᠎ᠳᠤ ᠤᠷᠤᠪᠠ᠃ ᠡᠳᠦᠭᠡ᠂《 ᠤᠯᠠᠭᠠᠨᠬᠠᠳᠠ ᠵᠢᠨ ᠤᠬᠢ ᠰᠢᠮ᠎ᠡ 》᠎ᠪᠡᠷ ᠭᠤᠤᠯᠯᠠᠭᠤᠯᠤᠭᠰᠠᠨ 《 ᠤᠯᠠᠭᠠᠨᠬᠠᠳᠠ᠎ᠶ᠋ᠢᠨ ᠨᠠᠷᠢᠮᠤ 》᠂《 ᠤᠯᠠᠭᠠᠨᠬᠠᠳᠠ᠎ᠶ᠋ᠢᠨ ᠦᠬᠡᠷ᠎ᠦᠨ ᠮᠢᠬ᠎ᠠ 》᠂ 《 ᠤᠯᠠᠭᠠᠨᠬᠠᠳᠠ᠎ᠶ᠋ᠢᠨ ᠨᠣᠭᠣᠭᠠᠨ ᠪᠤᠷᠴᠠᠭ 》᠂ 《 ᠤᠯᠠᠭᠠᠨᠬᠠᠳᠠ᠎ᠶ᠋ᠢᠨ ᠲᠥᠪᠡᠳ ᠬᠠᠰᠢ 》 ᠵᠡᠷᠭᠡ ᠨᠢᠭᠡ ᠪᠦᠯᠦᠭ ᠲᠦᠷᠦᠯ ᠲᠡᠮᠳᠡᠭ ᠨᠢ ᠤᠯᠤᠰ ᠪᠠ ᠦᠪᠡᠷᠲᠡᠭᠡᠨ ᠵᠠᠰᠠᠬᠤ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠌ᠲᠦ᠍᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠤᠷᠤᠭᠠᠳ ᠤᠯᠠᠭᠠᠨᠬᠠᠳᠠ ᠵᠢᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠭᠦᠨ ᠨᠢ ᠤᠯᠠᠭᠠᠨᠬᠠᠳᠠ᠎ᠡᠴᠠ ᠭᠠᠷᠴᠤ᠌᠂ ᠳᠡᠯᠡᠬᠡᠶ ᠵᠢᠨ ᠲᠡᠪᠴᠡᠩ ᠳ᠋ᠤ ᠭᠠᠷᠬᠤ ᠦᠷᠨᠢᠭᠦᠨ ᠬᠦᠭᠵᠢᠯᠲᠡ ᠵᠢᠨ ᠵᠠᠮ ᠳᠡᠭᠡᠷ᠎ᠡ ᠵᠢᠪᠬᠤᠭ᠎ᠠ ᠲᠡᠭᠦᠯᠳᠡᠷ ᠤᠷᠤᠭᠰᠢᠯᠠᠨ᠎ᠠ᠃
ᠨᠤᠮᠢᠨ ᠨᠤᠭᠤᠭᠠᠨ ᠲᠡᠪᠢᠰᠭᠡᠷ ᠦᠩᠭᠡ ᠳ᠋ᠤ ᠰᠠᠭᠤᠷᠢᠯᠠᠨ ᠵᠢᠭᠤᠯᠴᠢᠯᠠᠯ᠎ᠤᠨ ᠦᠵᠡᠮᠵᠢᠲᠦ ᠣᠷᠣᠨ᠎ᠢ ᠴᠣᠭ᠍ᠴᠠᠯᠠᠪᠠ
ᠴᠡᠩᠭᠡᠭ ᠤᠰᠤ᠂ ᠴᠡᠯᠮᠡᠭ ᠣᠭ᠍ᠲᠠᠷᠭᠤᠢ᠂ ᠨᠤᠭᠤᠭᠠᠨ ᠠᠭᠤᠯᠠ᠂ ᠴᠡᠪᠡᠷ ᠬᠥᠷᠥᠰᠥ᠍ ᠪᠣᠯ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠠᠷᠠᠳ ᠲᠤ᠌ ᠠᠰᠢᠭ ᠬᠦᠷᠲᠡᠭᠡᠬᠦ ᠵᠦᠢᠯ ᠮᠦᠨ᠃
ᠤᠢ᠍ᠢᠷ᠎ᠠ᠎ᠶ᠋ᠢᠨ ᠵᠢᠯ᠎ᠡᠴᠡ᠂ ᠤᠯᠠᠭᠠᠨᠬᠠᠳᠠ ᠬᠤᠳᠠ《 ᠠᠮᠢ ᠠᠬᠤᠢ᠎ᠪᠠᠷ ᠬᠤᠳᠠ᠎ᠪᠠᠨ ᠪᠠᠢᠭᠤᠯᠬᠤ 》ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠠᠷᠢᠮᠲᠠᠯᠠᠵᠤ᠂ ᠠᠭᠤᠯᠠ ᠤᠰᠤ ᠤᠢ ᠱᠢᠭᠤᠢ ᠲᠠᠷᠢᠶᠠᠨ ᠭᠠᠵᠠᠷ ᠲᠠᠷᠢᠶ᠎ᠡ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲᠸᠮ ᠲᠠᠢ ᠵᠠᠰᠠᠵᠤ᠂《 ᠬᠦᠬᠡ ᠣᠭ᠍ᠲᠠᠷᠭᠤᠢ᠂ ᠬᠦᠭᠡᠮᠳᠦᠭ ᠤᠰᠤ᠂ ᠴᠡᠪᠡᠷ ᠬᠥᠷᠥᠰᠥ᠍ 》ᠵᠢ ᠬᠠᠮᠠᠭᠠᠯᠠᠬᠤ ᠳᠠᠢᠯᠠᠯᠳᠤᠭᠠᠨ᠎ᠢ ᠴᠦᠬᠦᠷᠡᠰᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠬᠦ᠌᠎ᠳᠦ ᠤᠯᠠᠭᠠᠨᠬᠠᠳᠠ ᠵᠢᠨ ᠬᠤᠪᠢ ᠨᠡᠮᠡᠷᠢ ᠪᠠᠨ ᠦᠵᠡᠭᠦᠯᠪᠡ᠃
2019 ᠣᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ᠎ᠳᠤ ᠱᠢᠨᠵᠢᠯᠡᠨ ᠪᠠᠢᠴᠠᠭᠠᠬᠤ᠎ᠶ᠋ᠢᠨ ᠬᠠᠮᠲᠤ᠌᠂《 ᠡᠨᠡ ᠬᠦ᠌ ᠨᠣᠮᠢᠨ ᠨᠣᠭᠣᠭᠠᠨ᠂ ᠬᠦᠭᠡᠮᠳᠦᠭ ᠰᠠᠢᠬᠠᠨ᠂ ᠴᠡᠪᠡᠷ ᠠᠷᠢᠭᠤᠨ ᠠᠭᠤᠯᠠ ᠤᠰᠤ ᠪᠠᠨ ᠰᠠᠢᠲᠤᠷ ᠬᠠᠮᠠᠭᠠᠯᠠᠬᠤ ᠬᠡᠷᠡᠭᠲᠡᠢ》ᠭᠡᠵᠦ᠍ ᠴᠢᠬᠤᠯᠠᠴᠢᠯᠠᠪᠠ᠃ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ ᠳ᠋ᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ᠂ ᠭᠤᠷᠪᠠᠨ ᠵᠢᠯ᠎ᠤᠨ ᠳᠠᠷᠠᠭ᠎ᠠ ᠡᠮᠡᠭᠡᠯ ᠠᠭᠤᠯᠠ ᠤᠢ ᠱᠢᠭᠤᠢ᠎ᠶ᠋ᠢᠨ ᠲᠠᠯᠠᠪᠠᠢ᠎ᠶ᠋ᠢᠨ ᠪᠠᠢᠭᠠᠯᠢ᠎ᠶ᠋ᠢᠨ ᠤᠢ ᠱᠢᠭᠤᠢ᠎ᠶ᠋ᠢᠨ ᠲᠠᠯᠠᠪᠠᠢ 4.2 ᠲᠦᠮᠡᠨ ᠮᠦ᠍᠂ ᠲᠠᠷᠢᠮᠠᠯ ᠤᠢ᠎ᠶ᠋ᠢᠨ ᠲᠠᠯᠠᠪᠠᠢ 6.6 ᠲᠦᠮᠡᠨ ᠮᠦ᠍ ᠬᠦᠷᠴᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 98.8% ᠬᠦᠷᠴᠡᠢ᠃
ᠤᠯᠠᠭᠠᠨᠬᠠᠳᠠ ᠬᠤᠲᠠ ᠲᠡᠨᠡᠭ ᠡᠪᠦᠭᠡᠨ ᠠᠭᠤᠯᠠ ᠵᠢ ᠨᠡᠭᠦᠯᠭᠡᠬᠦ ᠵᠤᠷᠢᠭ ᠵᠢᠡᠷ ᠦᠵᠡᠰᠭᠦᠯᠡᠩᠲᠦ ᠰᠠᠢᠬᠠᠨ ᠠᠭᠤᠯᠠ ᠤᠰᠤ᠎ᠶ᠋ᠢ ᠳᠠᠬᠢᠨ ᠪᠠᠢᠭᠤᠯᠤᠭᠠᠳ ᠤᠯᠠᠨ ᠭᠠᠵᠠᠷ ᠯᠤᠳᠤ ᠶᠡᠭᠡ ᠬᠤᠪᠢᠷᠡᠯᠲᠡ ᠭᠠᠷᠴᠠᠢ᠃ ᠠᠷᠤ ᠬᠣᠷᠴᠢᠨ ᠬᠣᠱᠢᠭᠤ᠂ ᠪᠠᠭᠠᠷᠢᠨ ᠪᠠᠷᠠᠭᠤᠨ ᠬᠣᠱᠢᠭᠤ᠂ ᠬᠡᠱᠢᠭ᠌ᠲᠡᠨ ᠬᠣᠱᠢᠭᠤ ᠠᠮᠢ ᠠᠬᠤᠶ᠎ᠶ᠋ᠢᠨ ᠴᠢᠳᠠᠮᠵᠢ᠎ᠶ᠋ᠢᠨ ᠴᠢᠬᠤᠯᠠ ᠭᠠᠵᠠᠷ ᠣᠷᠣᠨ᠎ᠳᠤ ᠨᠢᠭᠡ ᠪᠦᠯᠦᠭ ᠣᠷᠣᠨ ᠪᠦᠰᠡ᠎ᠶ᠋ᠢᠨ ᠴᠢᠨᠠᠷᠲᠠᠶ ᠡᠯᠡᠰᠦᠷᠬᠡᠭᠵᠢᠯᠢᠰᠡᠷᠭᠡᠢᠯᠡᠵᠦ ᠡᠯᠡᠰᠦᠷᠬᠡᠭᠵᠢᠯ᠎ᠢ ᠵᠠᠰᠠᠬᠤ ᠢᠨᠵᠧᠨᠧᠷᠢᠩ᠎ᠢ ᠲᠥᠪᠯᠡᠷᠡᠭᠦᠯᠦᠨ ᠪᠠᠢᠭᠤᠯᠪᠠ; ᠣᠩᠨᠢᠭᠤᠳ ᠬᠣᠱᠢᠭᠤ ᠭᠠᠵᠠᠷ ᠱᠢᠷᠣᠶ᠎ᠶ᠋ᠢᠨ ᠡᠯᠡᠰᠦᠷᠭᠡᠬᠵᠢᠯᠦᠨ ᠬᠡᠮᠵᠢᠶ᠎ᠡ᠎ᠪᠡᠷ ᠨᠡᠯᠢᠶᠡᠳ ᠬᠦᠨᠳᠦ ᠣᠷᠣᠨ ᠪᠦᠰᠡ᠎ᠶ᠋ᠢ ᠲᠥᠪᠯᠡᠷᠡᠭᠦᠯᠦᠨ ᠵᠠᠰᠠᠵᠤ᠂ ᠵᠠᠭᠤᠨ ᠲᠦᠮᠡᠨ ᠮᠸ᠋ᠶ᠋ᠢᠨ ᠶᠡᠷᠦᠩᠬᠡᠢᠯᠡᠭ᠌ᠰᠡᠨ ᠡᠯᠡᠰᠦᠷᠬᠡᠭᠵᠢᠯ᠎ᠢ ᠵᠠᠰᠠᠬᠤ ᠰᠠᠭᠤᠷᠢᠨ᠎ᠢ ᠪᠠᠢᠭᠤᠯᠪᠡ; ᠠᠤᠬᠠᠨ ᠬᠣᠱᠢᠭᠤ ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠭᠠᠵᠠᠷ ᠪᠠᠢᠭᠰᠠᠨ ᠡᠴᠡ ᠪᠠᠨ ᠨᠤᠭᠤᠭᠠᠨ ᠪᠦᠷᠢᠳᠦ ᠪᠤᠯᠵᠤ᠂《 ᠪᠦᠬᠦ ᠪᠦᠮᠪᠦᠷᠴᠡᠭ᠎ᠤᠨ500 ᠰᠢᠯᠢᠳᠡᠭ 》ᠤᠷᠴᠢᠨ ᠲᠤᠭᠤᠷᠢᠨ᠎ᠤ ᠱᠠᠩᠨᠠᠯ᠎ᠢ ᠬᠦᠷᠲᠡᠪᠡ᠃
ᠤᠳᠤᠬᠠᠨ ᠳ᠋ᠤ᠂ ᠤᠯᠠᠭᠠᠨᠬᠠᠳᠠ ᠬᠤᠳᠠ᠎ᠶ᠋ᠢᠨ ᠤᠢ ᠱᠢᠭᠤᠢ᠎ᠶ᠋ᠢᠨ ᠲᠠᠯᠠᠪᠠᠢ 4547 ᠲᠦᠮᠡᠨ ᠮᠦ᠍ ᠬᠦᠷᠴᠦ᠍᠂ ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ 35.85% ᠬᠦᠷᠴᠦ᠍᠂ ᠡᠯᠡᠰᠦᠷᠬᠡᠭᠵᠢᠭ᠌ᠰᠡᠨ ᠭᠠᠵᠠᠷ ᠱᠢᠷᠣᠢ᠎ᠶ᠋ᠢᠨ ᠲᠠᠯᠠᠪᠠᠢ 1166 ᠲᠦᠮᠡᠨ ᠮᠦ᠍ ᠪᠠᠭᠠᠰᠴᠤ᠌᠂ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠡ 62.6% ᠬᠦᠷᠴᠦ᠍᠂ ᠲᠦᠪ ᠬᠤᠳᠠ ᠲᠤᠭᠤᠷᠢᠭ᠎ᠤᠨ ᠣᠷᠴᠢᠨ ᠲᠣᠭᠣᠷᠢᠨ ᠠᠭᠠᠷ ᠮᠠᠨᠳᠠᠯ᠎ᠤᠨ ᠶᠠᠰᠤ ᠴᠢᠨᠠᠷ ᠱᠢᠯᠢᠳᠡᠭ ᠰᠠᠢ᠌ᠨ ᠨᠤᠷᠮ᠎ᠠ 95% ᠵᠢ ᠳᠠᠪᠠᠵᠤ᠂ ᠡᠭᠡ ᠤᠯᠤᠰ᠎ᠤᠨ ᠤᠮᠠᠷᠠᠲᠤ ᠬᠢᠯᠢ᠎ᠶ᠋ᠢᠨ ᠨᠢᠭᠡᠨ《 ᠭᠡᠷᠡᠯᠲᠦ ᠨᠤᠭᠤᠭᠠᠨ ᠰᠤᠪᠤᠳ 》ᠪᠣᠯᠪᠠ᠃
ᠠᠮᠢ ᠠᠬᠤᠶ᠎ᠶ᠋ᠢᠨ ᠣᠷᠴᠢᠨ ᠨᠥᠬᠥᠴᠡᠯ᠎ᠦᠨ ᠦᠷᠭᠦᠯᠵᠢᠯᠡᠨ ᠰᠠᠢᠵᠢᠷᠠᠭ᠍ᠰᠠᠨ᠎ᠨᠢ ᠵᠢᠭᠤᠯᠴᠢᠯᠠᠯ᠎ᠤᠨ ᠦᠢᠯᠡᠰ᠎ᠦᠨ ᠥᠷᠨᠢᠭᠦᠨ ᠬᠥᠭ᠌ᠵᠢᠯᠲᠡ᠎ᠶ᠋ᠢ ᠰᠣᠯᠢᠵᠤ ᠠᠪᠴᠢᠷᠠᠵᠠᠢ᠃
ᠣᠢᠷ᠎ᠠ᠎ᠶ᠋ᠢᠨ ᠵᠢᠯ᠎ᠡᠴᠡ ᠨᠠᠭᠠᠰᠢ᠂ ᠤᠯᠠᠭᠠᠨᠬᠠᠳᠠ ᠬᠣᠲᠠ ᠵᠢᠭᠤᠯᠴᠢᠯᠠᠯ᠎ᠤᠨ ᠡᠬᠢ ᠪᠠᠶᠠᠯᠢᠭ᠎ᠢ ᠠᠱᠢᠭ᠍ᠯᠠᠬᠤ ᠴᠢᠳᠠᠪᠤᠷᠢ᠎ᠪᠠᠨ ᠲᠠᠰᠤᠷᠠᠯᠲᠠ ᠦᠭᠡᠶ ᠳᠡᠭᠡᠭ᠌ᠰᠢᠯᠡᠭᠦᠯᠵᠦ᠍᠂ ᠰᠣᠶᠣᠯ᠎ᠤᠨ ᠠᠭᠤᠯᠬᠤᠨ᠎ᠢ ᠭᠦᠨᠵᠡᠭᠡᠶ ᠠᠭᠤᠳᠠᠯᠵᠤ᠂《 ᠵᠢᠷᠭᠤᠭᠠᠨ ᠵᠢᠭᠤᠯᠴᠢᠯᠠᠯ᠎ᠤᠨ ᠨᠡᠷᠡᠲᠦ ᠲᠡᠮᠲᠡᠭᠲᠦ 》᠎ᠪᠠᠷ ᠭᠣᠸ᠋ᠯᠯᠠᠭᠤᠯᠤᠭ᠍ᠰᠠᠨ《 ᠭᠤᠷᠪᠠᠨ ᠠᠯᠬᠤᠮ᠎ᠢᠶᠠᠷ ᠶᠠᠪᠤᠬᠤ》 ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠬᠡᠱᠢᠭ᠌ᠲᠡᠨ ᠬᠣᠱᠢᠭᠤᠨ᠎ᠤ ᠤᠯᠠᠭᠠᠨᠪᠤᠲᠤᠩ᠂ ᠨᠢᠩᠴᠧᠩ ᠱᠢᠶᠠᠨ᠎ᠤ ᠳ᠋ᠤᠤ ᠱᠢᠤᠢ ᠭᠸᠤ ᠵᠢᠨ ᠦᠵᠡᠮᠵᠢ᠎ᠶ᠋ᠢᠨ ᠣᠷᠣᠨ᠂ ᠣᠩᠨᠢᠭᠤᠳ ᠬᠣᠱᠢᠭᠤᠨ᠎ᠤ ᠬᠠᠰ ᠯᠤᠤ ᠡᠯᠡᠰᠦᠨ ᠨᠠᠭᠤᠷ᠎ᠤᠨ ᠦᠵᠡᠮᠵᠢ᠎ᠶ᠋ᠢᠨ ᠣᠷᠣᠨ ᠵᠡᠷᠭᠡ ᠦᠵᠡᠮᠵᠢ᠎ᠶ᠋ᠢᠨ ᠣᠷᠣᠨ ᠲᠦᠷᠪᠡᠨ ᠵᠦᠭ ᠨᠠᠶ᠋ᠮᠠᠨ ᠵᠦᠪᠬᠢᠰᠤᠨ ᠵᠢᠭᠤᠯᠴᠢᠯᠠᠭᠰᠠᠳ᠎ᠤᠨ ᠬᠦᠷᠢᠶᠡᠯᠡᠯ᠎ᠢ ᠤᠯᠵᠤ᠂ ᠵᠢᠭᠤᠯᠴᠢᠯᠠᠯ᠎ᠤᠨ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠡᠷ ᠨᠡᠮᠡᠭ᠌ᠳᠡᠬᠦ᠌᠎ᠶ᠋ᠢ ᠠᠬᠢᠭᠤᠯᠵᠠᠢ᠃
ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍ ᠢᠷᠡᠬᠦ ᠮᠠᠷᠭᠠᠰᠢ ᠵᠢᠨ ᠵᠤᠯ ᠵᠢᠷᠭᠠᠯᠲᠤ ᠠᠮᠢᠳᠤᠷᠠᠯ ᠵᠢᠡᠨ ᠵᠢᠷᠤᠭᠯᠠᠨ᠎ᠠ
ᠤᠯᠠᠭᠠᠨᠬᠠᠳᠠ ᠬᠣᠲᠠ《 ᠠᠷᠠᠳ ᠲᠦᠮᠡᠨ᠎ᠢᠶᠡᠷ ᠭᠣᠸ᠋ᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ 》᠎ᠶ᠋ᠢ ᠳᠤᠭᠤᠰᠢᠯᠠᠭᠤᠨ ᠨᠠᠢᠳᠠᠪᠤᠷᠢᠵᠢᠭᠤᠯᠬᠤ ᠳᠤᠮᠳᠠ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢᠭᠤᠯᠤᠯᠲᠠ᠎ᠶ᠋ᠢ ᠳᠣᠪᠣᠢᠯᠭᠠᠨ᠂ ᠣᠷᠣᠱᠢᠨ ᠰᠠᠭᠤᠬᠤ᠎ᠳᠤ ᠲᠣᠬᠢᠷᠠᠮᠵᠢᠲᠠᠶ ᠬᠣᠲᠠ᠎ᠶ᠋ᠢᠨ ᠪᠥᠲᠥᠭᠡᠨ ᠪᠠᠢᠭᠤᠯᠤᠯᠲᠠ᠂ ᠠᠵᠢᠯ ᠣᠯᠭᠣᠯᠲᠠ᠂ ᠰᠤᠷᠭᠠᠨ ᠬᠥᠮᠦᠵᠢᠯ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠤ ᠰᠠᠨᠠᠭ᠎ᠠ ᠵᠣᠪᠠᠵᠤ ᠪᠠᠢᠭ᠎ᠠ ᠶᠠᠪᠤᠳᠠᠯ᠎ᠢ ᠬᠠᠮᠤᠭ᠎ᠤᠨ ᠶᠡᠬᠡ ᠴᠢᠷᠮᠠᠢᠯᠭ᠎ᠠ᠎ᠪᠠᠷ ᠱᠢᠶ᠋ᠳᠪᠦᠷᠢᠯᠡᠵᠦ᠍᠂ ᠣᠯᠠᠨ ᠲᠦᠮᠡᠨ᠎ᠳᠦ ᠦᠶ᠋ᠯᠡᠴᠢᠯᠡᠬᠦ᠌ 《 ᠡᠴᠦᠰ᠎ᠦᠨ ᠨᠢᠭᠡ ᠺᠢᠯᠣᠮᠧᠲ᠋ᠷ 》᠎ᠢ᠋ ᠨᠡᠪᠲᠡᠷᠡᠭᠦᠯᠪᠡ᠃《 ᠠᠷᠪᠠᠨ ᠭᠤᠷᠪᠠᠳᠤᠭᠠᠷ ᠲᠠᠪᠤᠨ ᠵᠢᠯ 》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠠᠭᠠᠨᠬᠠᠳᠠ ᠬᠣᠲᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ 1681 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ 70% ᠡᠴᠨ ᠳᠡᠭᠡᠭ᠌ᠰᠢᠬᠢ᠎ᠶ᠋ᠢ ᠡᠵᠡᠯᠡᠵᠡᠢ᠃
ᠤᠢ᠍ᠢᠷ᠎ᠠ᠎ᠶ᠋ᠢᠨ ᠵᠢᠯ᠎ᠳ᠋ᠤ᠂ ᠤᠯᠠᠭᠠᠨᠬᠠᠳᠠ ᠬᠤᠳᠠ 2000 ᠣᠨ᠎ᠠᠴᠠ ᠡᠮᠦᠨ᠎ᠡ ᠪᠠᠢᠭᠤᠯᠤᠭ᠍ᠳᠠᠭ᠍ᠰᠠᠨ᠂ ᠰᠠᠭᠤᠷᠢ ᠲᠥᠬᠥᠭᠡᠷᠦᠮᠵᠢ ᠪᠠᠭᠤᠷᠠᠢ᠂ ᠰᠠᠭᠤᠭᠠᠯᠢ ᠠᠷᠠᠳ ᠥᠭᠡᠷᠡᠴᠢᠯᠡᠯᠲᠡ ᠬᠢᠬᠦ᠌ ᠬᠦᠰᠡᠯ᠎ᠢᠶᠡᠷ ᠴᠢᠩᠭ᠎ᠠ ᠪᠠᠢᠭ᠎ᠠ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠵᠢᠯ ᠬᠤᠪᠢᠶᠠᠨ ᠪᠦᠬᠦ᠌ ᠲᠠᠯ᠎ᠠ᠎ᠪᠠᠷ ᠥᠭᠡᠷᠡᠴᠢᠯᠡᠯᠲᠡ ᠬᠢᠵᠦ᠍᠂ ᠤᠯᠠᠨ ᠲᠦᠮᠡᠨ᠎ᠦ ᠤᠷᠤᠰᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠪᠠ᠃
ᠣᠳᠣᠬᠠᠨ᠎ᠳᠤ᠂ ᠤᠯᠠᠭᠠᠨᠬᠠᠳᠠ ᠬᠤᠳᠠ᠎ᠶ᠋ᠢᠨ ᠲᠢᠶᠧ ᠨᠠᠨ᠎ᠤ ᠲᠦᠬᠦᠮ ᠪᠦᠳᠦᠴᠡᠳᠦ ᠤᠷᠤᠨ ᠰᠠᠭᠤᠴᠠ ᠵᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠲᠦᠪ ᠬᠤᠳᠠ ᠲᠣᠭᠣᠷᠢᠭ᠎ᠤᠨ ᠲᠥᠪᠯᠡᠷᠡᠨ ᠵᠠᠯᠭᠠᠯᠳᠤᠭ᠍ᠰᠠᠨ ᠪᠦᠳᠦᠴᠡᠳᠦ ᠤᠷᠤᠨ ᠰᠠᠭᠤᠴᠠ ᠦᠨᠳᠦᠰᠦᠨ᠎ᠳᠡᠭᠡᠨ ᠦᠭᠡᠢ ᠪᠣᠯᠭᠠᠵᠤ᠂ 190.4 ᠲᠦᠮᠡᠨ ᠲᠡᠭ᠌ᠰᠢ ᠳᠥᠷᠪᠡᠯᠵᠢᠨ ᠮᠸᠲᠷ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠵᠤ᠂ ᠠᠷᠠᠳ ᠤᠯᠠᠨ᠎ᠤ ᠠᠮᠤᠷ ᠲᠠᠢᠪᠤᠩ ᠣᠷᠣᠨ ᠰᠠᠭᠤᠴᠠ᠎ᠶ᠋ᠢᠨ ᠵᠡᠭᠦᠳᠦ᠍᠎ᠶ᠋ᠢ ᠲᠡᠷᠭᠡᠯᠱᠢᠭᠦᠯᠪᠡ᠃
ᠠᠵᠢᠯ ᠣᠯᠭᠣᠯᠲᠠ ᠲᠣᠭ᠍ᠲᠠᠭᠤᠨ ᠪᠠᠢᠪᠠᠯ ᠠᠷᠠᠳ᠎ᠤᠨ ᠰᠡᠳᠭᠢᠯ ᠲᠣᠭ᠍ᠲᠠᠪᠤᠷᠢᠵᠢᠨᠠ᠃ ᠤᠯᠠᠭᠠᠨᠬᠠᠳᠠ ᠬᠣᠲᠠ ᠠᠵᠢᠯ ᠤᠯᠭᠤᠯᠳᠠ ᠳ᠋ᠦ ᠦᠵᠡᠬᠦᠯᠦᠭᠰᠡᠨ ᠬᠢᠵᠢᠭ᠎ᠤᠨ ᠪᠠᠢᠳᠠᠯ᠎ᠤᠨ ᠨᠦᠯᠦᠭᠡ ᠵᠢ ᠢᠯᠠᠨ ᠲᠠᠪᠠᠵᠤ᠂《 ᠵᠢᠷᠭᠤᠭᠠᠨ ᠨᠢᠭᠡ ᠪᠦᠯᠦᠭ 》᠎ᠤ᠋ᠨ ᠢᠨᠵᠧᠨᠧᠷᠢᠩ᠎ᠢ ᠢᠳᠡᠪᠬᠢᠲᠡᠶ ᠬᠡᠷᠡᠭ᠌ᠵᠢᠭᠦᠯᠵᠦ᠍᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠳ᠎ᠤᠨ ᠠᠵᠢᠯ ᠤᠯᠬᠤ ᠪᠠ ᠠᠳᠠᠯ ᠦᠶ᠋ᠯᠡᠰ ᠪᠤᠰᠬᠠᠬᠤ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠵᠤ᠂《 ᠠᠵᠢᠯ ᠤᠯᠭᠤᠯᠳᠠ ᠦᠭᠡᠢ 》ᠬᠡᠷ ᠪᠦᠯᠢ᠎ᠶ᠋ᠢ ᠬᠥᠳᠡᠯᠦᠩᠭᠦᠶ᠎ᠪᠡᠷ ᠦᠭᠡᠢ ᠪᠤᠯᠭᠠᠬᠤ ᠵᠢ ᠪᠠᠲᠤᠯᠠᠪᠠ᠃《 ᠠᠷᠪᠠᠨ ᠭᠤᠷᠪᠠᠳᠤᠭᠠᠷ ᠲᠠᠪᠤᠨ ᠵᠢᠯ 》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠠᠭᠠᠨᠬᠠᠳᠠ ᠬᠣᠲᠠ ᠵᠢᠯ ᠪᠦᠷᠢ ᠳᠤᠮᠳᠠᠴᠢ᠎ᠪᠠᠷ 69 ᠲᠦᠮᠡ᠎ᠡᠴᠡ ᠳᠡᠭᠡᠭ᠌ᠰᠢ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠣᠯᠭᠣᠵᠤ᠂ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠣᠯᠭᠣᠬᠤ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ ᠳ᠋ᠤ ᠵᠢᠯ ᠪᠦᠷᠢ ᠳᠤᠮᠳᠠᠴᠢ᠎ᠪᠠᠷ 7.8 ᠲᠦᠮᠡᠨ ᠬᠥᠮᠦᠨ ᠤᠳᠠᠭ᠎ᠠ ᠤᠷᠤᠯᠴᠠᠭᠤᠯᠪᠠ᠃
ᠤᠯᠠᠭᠠᠨᠬᠠᠳᠠ ᠬᠣᠲᠠ ᠪᠣᠯ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠣᠮᠣ ᠬᠣᠲᠠ᠂ ᠰᠣᠶᠣᠯ᠎ᠢ ᠡᠷᠬᠢᠮᠯᠡᠨ ᠰᠤᠷᠭᠠᠨ ᠬᠥᠮᠦᠵᠢᠯ᠎ᠢ ᠴᠢᠬᠤᠯᠠᠴᠢᠯᠠᠬᠤ ᠥᠨᠢ ᠤᠳᠠᠭᠠᠨ ᠤᠯᠠᠮᠵᠢᠯᠠᠯ᠎ᠲᠠᠶ᠃ ᠳᠤᠮᠳᠠᠳᠤ ᠪᠠᠭ᠎ᠠ ᠰᠤᠷᠭᠠᠭᠤᠯᠢ᠎ᠶ᠋ᠢᠨ《 ᠬᠣᠲᠠ ᠪᠠᠯᠭᠠᠰᠤᠨ ᠳ᠋ᠦ ᠰᠢᠬᠠᠯᠳᠤᠵᠤ᠂ ᠬᠥᠳᠡᠭᠡ ᠲᠣᠰᠭᠣᠨ ᠳ᠋ᠦ ᠪᠠᠭᠤᠷᠠᠶ 》ᠪᠠᠢᠬᠤ ᠲᠥᠪ ᠬᠣᠲᠠ ᠲᠣᠭᠣᠷᠢᠭ᠎ᠤᠨ ᠰᠤᠷᠭᠠᠭᠤᠯᠢ᠎ᠳᠤ ᠣᠷᠣᠬᠤ᠎ᠳᠤ ᠬᠦᠴᠢᠷᠲᠡᠶ ᠴᠡᠴᠡᠷᠯᠢᠭ᠎ᠲᠦ ᠣᠷᠣᠬᠤ᠎ᠳᠤ ᠬᠦᠴᠢᠷᠲᠡᠶ ᠵᠡᠷᠭᠡ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠤᠯᠠᠭᠠᠨᠬᠠᠳᠠ ᠬᠣᠲᠠ ᠲᠣᠰ ᠱᠠᠲᠤᠨ᠎ᠤ ᠡᠳ᠋᠎ᠦᠨ ᠵᠠᠰᠠᠭ᠎ᠡᠴᠠ 10 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠭᠠᠷᠭᠠᠵᠤ᠂ ᠰᠤᠷᠭᠠᠭᠤᠯᠢ ᠡᠷᠭᠢᠯᠡᠬᠦ᠌ ᠨᠥᠬᠥᠴᠡᠯ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠰᠢᠷᠤᠢ ᠵᠢᠨ ᠬᠠᠨᠵᠤ ᠪᠠ ᠱᠢᠷᠣᠶ᠎ᠶ᠋ᠢᠨ ᠵᠤᠸ᠋ᠬᠠ᠂ ᠱᠢᠷᠣᠶ᠎ᠶ᠋ᠢᠨ ᠵᠣᠷᠯᠣᠩ᠎ᠤᠨ ᠦᠵᠡᠭ᠌ᠳᠡᠯ᠎ᠢ ᠪᠥᠬᠥ᠌ ᠲᠠᠯ᠎ᠠ᠎ᠪᠠᠷ ᠠᠷᠢᠯᠭᠠᠪᠠ᠃ ᠡᠯ᠎ᠡ ᠲᠥᠷᠥᠯ᠎ᠦᠨ ᠰᠤᠷᠭᠠᠭᠤᠯᠢ᠎ᠶ᠋ᠢ 105 ᠱᠢᠨ᠎ᠡ᠎ᠪᠡᠷ ᠥᠭᠡᠷᠡᠴᠢᠯᠡᠨ ᠥᠷᠭᠡᠳᠭᠡᠨ ᠪᠠᠢᠭᠤᠯᠵᠤ᠂ ᠰᠢᠨ᠎ᠡ ᠪᠡᠷ 6.6 ᠲᠦᠮᠡᠨ ᠡᠷᠳᠡᠮ᠎ᠦᠨ ᠴᠣᠯᠠᠨᠡᠮᠡᠭ᠌ᠳᠡᠭᠦᠯᠦᠨ᠂ ᠨᠡᠢᠳᠡᠮ ᠬᠠᠷᠠᠭᠠᠯᠵᠠᠬᠤ ᠴᠢᠨᠠᠷᠲᠠᠶ ᠬᠡᠸ᠋ᠬᠡᠳ᠎ᠦᠨ ᠴᠡᠴᠡᠷᠯᠢᠭ᠎ᠦᠨ ᠪᠦᠷᠬᠦᠴᠡ᠎ᠶ᠋ᠢᠨ ᠨᠣᠷᠮ᠎ᠠ᠎ᠶ᠋ᠢ 81.9% ᠳ᠋ᠤ ᠬᠦᠷᠭᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠨᠥᠬᠥᠴᠡᠯ᠎ᠢ ᠦᠨᠳᠦᠰᠦᠨ᠎ᠡᠴᠡ ᠨᠢ ᠰᠠᠢᠵᠢᠷᠠᠭᠤᠯᠵᠤ᠂ ᠲᠦᠪ ᠬᠣᠲᠠ ᠲᠣᠭᠣᠷᠢᠭ᠎ᠤᠨ ᠰᠤᠷᠭᠠᠭᠤᠯᠢ᠎ᠳᠤ ᠣᠷᠣᠬᠤ᠎ᠳᠤ ᠬᠦᠴᠢᠷᠲᠡᠶ ᠬᠡᠸ᠋ᠬᠡᠳ᠎ᠦᠨ ᠴᠡᠴᠡᠷᠯᠢᠭ᠎ᠲᠦ ᠣᠷᠣᠬᠤ᠎ᠳᠤ ᠬᠦᠴᠢᠷᠲᠡᠶ ᠪᠠᠢᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃
ᠥᠨᠥᠳᠦᠷ᠎ᠦᠨ ᠤᠯᠠᠭᠠᠨᠬᠠᠳᠠ ᠲᠦᠮᠡᠨ ᠦᠢᠯᠡᠰ ᠬᠥᠭ᠌ᠵᠢᠨ ᠴᠡᠴᠡᠭ᠌ᠯᠡᠵᠦ᠍᠂ ᠭᠠᠵᠠᠷ ᠪᠤᠯᠭᠠᠨ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠬᠤᠩᠱᠠᠨ᠎ᠤ ᠬᠥᠪᠡᠭᠦᠳ ᠥᠬᠢᠳ ᠭᠠᠷ ᠬᠣᠯᠪᠣᠨ ᠲᠡᠮᠡᠴᠡᠵᠦ᠍᠂ ᠵᠣᠯ ᠵᠢᠷᠭᠠᠯᠲᠤ ᠠᠮᠢᠳᠤᠷᠠᠯ᠎ᠤᠨ ᠵᠦᠭ ᠵᠤᠷᠢᠭ ᠲᠡᠭᠦᠯᠳᠡᠷ ᠲᠡᠮᠡᠦᠯᠦᠨ᠎ᠡ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃