2022-08-11 10:05:06
ᠵᠤᠨ ᠤ᠋ ᠤᠯᠠᠷᠢᠯ ᠤ᠋ᠨ ᠦᠬᠠᠶ ᠨᠠᠭᠤᠷ ᠤ᠋ᠨ ᠦᠵᠡᠮᠵᠢ ᠤᠨᠴᠠ ᠵᠢᠨ ᠭᠤᠶᠤᠮᠰᠤᠭ ᠬᠠᠷᠠᠭᠳᠠᠨ᠎ᠠ ᠃ ᠨᠠᠭᠤᠷ ᠤ᠋ᠨ ᠬᠥᠪᠡᠭᠡᠨ ᠳ᠋ᠤ ᠵᠣᠭ᠍ᠰᠣᠭᠠᠳ ᠡᠨᠡ ᠬᠦ᠌ ᠬᠥᠪᠡᠭᠡ ᠬᠢᠵᠠᠭᠠᠷ ᠨᠢ ᠬᠠᠷᠠᠭ᠍ᠳᠠᠬᠤ ᠦᠭᠡᠢ ᠨᠣᠮᠢᠨ ᠳᠣᠯᠭᠢᠶᠠᠨ ᠢ᠋ ᠪᠠᠷᠠᠯᠠᠨ ᠵᠤᠭᠰᠤᠭᠰᠠᠨ ᠯᠢ ᠴᠠᠩ ᠾᠧ ᠄《ᠪᠢ ᠦᠬᠠᠢ ᠬᠤᠳᠠ ᠳ᠋ᠤ 50 ᠭᠠᠷᠤᠢ ᠵᠢᠯ ᠠᠮᠢᠳᠤᠷᠠᠴᠢᠬᠠᠵᠠᠢ ᠃ ᠦᠩᠬᠡᠷᠡᠭᠰᠡᠨ ᠳ᠋ᠤ ᠡᠨᠳᠡ ᠡᠢᠮᠤ ᠲᠤᠮᠤ ᠨᠠᠭᠤᠷ ᠂ ᠡᠢ᠌ᠨ ᠬᠦ᠌ ᠠᠮᠢᠵᠢᠷᠠᠯ ᠤ᠋ᠨ ᠬᠦᠴᠦᠨ ᠵᠢᠡᠷ ᠪᠢᠯᠬᠠᠭ᠍ᠰᠠᠨ ᠦᠵᠡᠮᠵᠢ ᠲᠠᠢ ᠪᠤᠯᠤᠨ᠎ᠠ ᠭᠡᠵᠤ ᠰᠠᠨᠠᠭ᠎ᠠ ᠵᠡᠭᠦᠳᠦᠨ ᠳ᠋ᠤ ᠴᠦ᠍ ᠤᠷᠤᠭᠰᠠᠨ ᠦᠬᠡᠢ》ᠬᠡᠵᠤ ᠰᠡᠳᠭᠢᠯ ᠳᠣᠭ᠍ᠳᠣᠯᠤᠩᠬᠠᠨ ᠶᠠᠷᠢᠨ᠎ᠠ ᠃ ᠵᠥᠪᠬᠡᠨ ᠯᠢ ᠴᠠᠩ ᠾᠧ ᠨᠠᠰᠤᠲᠠᠨ ᠪᠢᠰᠢ ᠂ ᠤᠳᠤ ᠦᠬᠠᠢ ᠬᠤᠳᠠ ᠵᠢᠨ ᠮᠠᠰᠢ ᠤᠯᠠᠨ ᠰᠠᠭᠤᠭᠠᠯᠢ ᠠᠷᠠᠳ ᠪᠣᠯᠤᠨ ᠭᠠᠳᠠᠨ᠎ᠠ ᠣᠷᠣᠨ ᠡᠴᠡ ᠢᠷᠡᠭᠰᠡᠨ ᠵᠢᠭᠤᠯᠴᠢᠯᠠᠭᠰᠠᠳ ᠴᠥᠮ ᠦᠬᠠᠢ ᠬᠤᠳᠠ ᠵᠢᠨ ᠦᠵᠡᠰᠭᠦᠯᠡᠩᠲᠦ ᠰᠠᠢᠬᠠᠨ ᠬᠤᠪᠢᠷᠠᠯᠲᠠ ᠶ᠋ᠢ ᠬᠠᠷᠠᠭᠠᠳ ᠭᠠᠢᠬᠠᠵᠤ ᠪᠠᠬᠠᠷᠬᠠᠭᠠᠳ ᠪᠠᠷᠠᠰᠢ ᠦᠭᠡᠢ ᠶᠤᠮ ᠃
ᠥᠩᠭᠡᠷᠡᠭ᠌ᠰᠡᠨ ᠳ᠋ᠤ ᠬᠠᠮᠠᠷ ᠬᠠᠳᠭᠤᠬᠤ ᠡᠪᠡᠰᠦ ᠦᠭᠡᠢ ᠪᠠᠢᠭᠰᠠᠨ ᠭᠠᠵᠠᠷ ᠤᠳᠤ ᠬᠠᠷᠢᠨ ᠠᠮᠢᠵᠢᠷᠠᠯ ᠤ᠋ᠨ ᠬᠦᠴᠦᠨ ᠵᠢᠡᠷ ᠪᠢᠯᠬᠠᠭ᠍ᠰᠠᠨ ᠨᠣᠮᠢᠨ ᠨᠣᠭᠣᠭᠠᠨ ᠭᠡᠷ ᠣᠷᠣᠨ ᠪᠤᠯᠵᠤ ᠬᠤᠪᠢᠷᠠᠨ ᠂ ᠤᠢ ᠳᠤᠷᠠᠳᠭᠠᠯ ᠳ᠋ᠠᠬᠢ 《ᠪᠠᠷᠠᠭᠤᠨ ᠣᠷᠣᠨ ᠤ᠋ ᠨᠡᠭᠦᠷᠡᠰᠦᠨ ᠤ᠋ ᠬᠤᠳᠠ》ᠨᠢᠬᠡᠨᠳᠡ《ᠶᠡᠬᠡ ᠡᠯᠡᠰᠦᠨ ᠴᠦᠯ ᠤ᠋ᠨ ᠨᠠᠭᠤᠷ ᠤ᠋ᠨ ᠬᠤᠳᠠ》ᠭᠡᠰᠡᠨ ᠱᠢᠨ᠎ᠡ ᠨᠡᠷ᠎ᠡ ᠵᠢᠨ ᠬᠠᠭᠤᠳᠠᠰᠤᠪᠠᠷ ᠰᠤᠯᠢᠭᠳᠠᠪᠠ ᠃ ᠡᠨᠡ ᠪᠣᠯ ᠦᠬᠠᠢ ᠬᠤᠳᠠ ᠵᠢᠨ ᠥᠩᠭᠡᠷᠡᠭ᠌ᠰᠡᠨ 10 ᠵᠢᠯ ᠤ᠋ᠨ ᠲᠤᠷᠰᠢᠬᠢ ᠬᠥᠮᠦᠰ ᠤ᠋ᠨ ᠰᠡᠳᠬᠢᠯ ᠳ᠋ᠤ ᠦᠯᠡᠳᠡᠬᠡᠭᠰᠡᠨ ᠬᠠᠮᠤᠭ ᠤ᠋ᠨ ᠢᠯᠡ ᠲᠤᠳᠤ ᠬᠤᠪᠢᠷᠠᠯᠲᠠ ᠪᠣᠯᠤᠨ᠎ᠠ ᠃ 10 ᠵᠢᠯ ᠤ᠋ᠨ ᠬᠤᠭᠤᠴᠠᠭᠠᠨ ᠳ᠋ᠤ ᠂ ᠦᠬᠠᠶ ᠬᠣᠲᠠ ᠡᠬᠢ ᠪᠠᠶᠠᠯᠢᠭ ᠤ᠋ᠨ ᠬᠡᠯᠪᠡᠷᠢ ᠵᠢᠨ ᠦᠶ᠋ᠯᠡᠳᠪᠦᠷᠢ ᠠᠭᠤᠷᠬᠠᠶ ᠵᠢᠨ ᠬᠣᠲᠠ ᠶ᠋ᠢ ᠠᠮᠢ ᠠᠬᠤᠶ ᠵᠢᠨ ᠬᠣᠲᠠ ᠂ ᠱᠢᠨ᠎ᠡ ᠶ᠋ᠢ ᠡᠭᠦᠳᠬᠦ᠌ ᠬᠣᠲᠠ ᠂ ᠤᠶᠤᠨᠲᠤ ᠬᠣᠲᠠ ᠳᠠᠢᠰᠢ ᠬᠡᠯᠪᠡᠷᠢ ᠪᠡᠨ ᠬᠤᠪᠢᠷᠠᠭᠤᠯᠬᠤᠶ᠋ᠢ ᠯᠠᠪᠳᠠᠭᠤᠨ ᠪᠠᠲᠤᠲᠠᠶ ᠠᠬᠢᠭᠤᠯᠵᠤ ᠂ ᠤᠳᠤ ᠠᠵᠤ ᠦᠶ᠋ᠯᠡᠰ ᠤ᠋ᠨ ᠪᠦᠲᠦᠴᠡ ᠨᠠᠩ ᠱᠢᠯᠢᠳᠡᠭ ᠂ ᠬᠣᠲᠠ ᠵᠢᠨ ᠴᠢᠨᠠᠷ ᠲᠠᠰ ᠨᠠᠩ ᠥᠨᠳᠥᠷ ᠂ ᠬᠣᠲᠠ ᠵᠢᠨ ᠬᠡᠪ ᠨᠠᠮᠪᠠ ᠨᠠᠩ ᠰᠠᠢᠨ ᠰᠠᠢᠬᠠᠨ ᠪᠤᠯᠤᠭᠰᠠᠨ ᠪᠠᠢᠨ᠎ᠠ ᠃

ᠨᠣᠮᠢᠨ ᠳᠣᠯᠭᠢᠶᠠᠨ ᠵᠢᠡᠷ ᠳᠦᠷᠢ ᠳᠦᠷᠬᠦ ᠪᠡᠨ ᠰᠢᠨᠡᠳᠭᠡᠪᠡ
《ᠪᠢ ᠦᠬᠠᠢ ᠳ᠋ᠤ ᠢᠷᠡᠬᠦ᠌ ᠪᠣᠯᠭᠠᠨ ᠦᠬᠠᠢ ᠨᠠᠭᠤᠷ ᠤ᠋ᠨ ᠬᠦᠪᠡᠭᠡ ᠪᠡᠷ ᠶᠠᠪᠤᠵᠤ ᠂ ᠡᠨᠡ ᠬᠦ᠌ ᠲᠤᠮᠤ ᠨᠠᠭᠤᠷ ᠂ ᠲᠤᠮᠤ ᠭᠣᠣᠯ ᠂ ᠲᠤᠮᠤ ᠡᠯᠡᠰᠦᠨ ᠴᠦᠯ ᠤ᠋ᠨ ᠬᠠᠷᠢᠯᠴᠠᠨ ᠠᠭᠤᠰᠤᠯᠴᠠᠭ᠍ᠰᠠᠨ ᠦᠵᠡᠰᠭᠦᠯᠡᠩᠲᠦ ᠰᠠᠢᠬᠠᠨ ᠦᠪᠡᠷᠮᠢᠴᠡ ᠦᠵᠡᠮᠵᠢᠶ᠋ᠢ ᠰᠣᠨᠢᠷᠬᠠᠳᠠᠭ ᠶᠤᠮ》ᠭᠡᠵᠦ᠍ ᠤᠷᠳᠤᠰ ᠬᠤᠳᠠ ᠡᠴᠡ ᠦᠬᠠᠢ ᠨᠠᠭᠤᠷ ᠲᠦ᠍ ᠵᠢᠭᠤᠯᠴᠢᠯᠠᠬᠤ ᠪᠡᠷ ᠢᠷᠡᠭ᠌ᠰᠡᠨ ᠯᠢᠦ ᠵᠢᠶᠠᠨ ᠵᠢᠶᠦ᠋ᠨ ᠬᠡᠯᠡᠨ᠎ᠡ ᠃
2013 ᠣᠨ ᠳ᠋ᠤ ᠂ ᠤᠯᠤᠰ ᠤ᠋ᠨ ᠪᠠᠷᠠᠭᠤᠨ ᠣᠷᠣᠨ ᠢ᠋ ᠶᠡᠬᠡ ᠪᠡᠷ ᠨᠡᠭᠡᠭᠡᠨ ᠬᠥᠭ᠌ᠵᠢᠭᠦᠯᠬᠦ᠌ ᠭᠣᠣᠯᠳᠠᠯᠭ᠎ᠠ ᠲᠠᠶ ᠲᠦᠷᠦᠯ ᠵᠦᠢᠯ ᠪᠣᠯᠬᠤ ᠬᠠᠳᠤᠨ ᠭᠣᠣᠯ ᠤ᠋ᠨ ᠬᠠᠢ᠌ᠷᠤᠪ ᠤ᠋ᠨ ᠲᠤᠬᠤᠢ ᠵᠢᠨ ᠤᠰᠤᠨ ᠠᠱᠢᠭ᠍ᠯᠠᠯᠲᠠ ᠵᠢᠨ ᠬᠦᠢᠰᠦ ᠪᠠᠷᠢᠯᠭ᠎ᠠ ᠪᠠᠢᠭᠤᠯᠤᠭ᠍ᠳᠠᠵᠤ ᠤᠰᠤ ᠬᠠᠳᠠᠭᠠᠯᠠᠬᠤ ᠶ᠋ᠢ ᠲᠠᠭᠠᠯᠳᠤᠨ ᠦᠬᠠᠢ ᠨᠠᠭᠤᠷ ᠡᠨᠳᠡ ᠢᠯᠡᠷᠡᠭᠰᠡᠨ ᠠᠵᠢ ᠃
ᠦᠬᠠᠶ ᠬᠤᠲᠠ ᠵᠢᠨ ᠬᠥᠮᠦᠰ ᠲᠦ᠍ ᠠᠪᠴᠤ᠌ ᠬᠡᠯᠡᠪᠡᠯ ᠂ ᠦᠬᠠᠶ ᠨᠠᠭᠤᠷ ᠨᠢ ᠨᠣᠮᠢᠨ ᠨᠤᠭᠤᠭᠠᠨ ᠳᠠᠪᠠᠯᠭᠠᠨ ᠲᠡᠳᠦᠶ ᠪᠢᠰᠢ ᠂ ᠨᠠᠩ ᠴᠤ᠌ ᠦᠬᠠᠶ ᠬᠣᠲᠠ ᠵᠢᠨ ᠬᠡᠯᠪᠡᠷᠢ ᠪᠡᠨ ᠬᠤᠪᠢᠷᠠᠭᠤᠯᠬᠤ ᠬᠦᠰᠡᠯ ᠡᠷᠡᠮᠡᠯᠵᠡᠯ ᠢ᠋ ᠠᠴᠢᠶᠠᠯᠠᠵᠤ ᠪᠠᠢᠳᠠᠭ ᠃ ᠦᠬᠠᠶ ᠨᠠᠭᠤᠷ ᠨᠢ ᠬᠣᠲᠠ ᠵᠢᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠳ᠋ᠤ ᠰᠠᠢᠨ ᠰᠠᠢᠬᠠᠨ ᠪᠠᠢᠭᠠᠯᠢ ᠵᠢᠨ ᠨᠥᠬᠥᠴᠡᠯ ᠢ᠋ ᠪᠦᠷᠢᠯᠳᠦᠭᠦᠯᠦᠭᠰᠡᠡ ᠵᠢᠡᠷ ᠪᠠᠷᠠᠬᠤ ᠦᠬᠡᠢ ᠴᠢᠨᠠᠭᠰᠢᠳᠠ ᠵᠢᠭᠤᠯᠴᠢᠯᠠᠯ ᠤ᠋ᠨ ᠦᠶ᠋ᠯᠡᠰ ᠢ᠋ ᠬᠥᠭ᠌ᠵᠢᠭᠦᠯᠬᠦ᠌ ᠳ᠋ᠤ ᠴᠢᠬᠤᠯᠠ ᠲᠤᠯᠭᠠᠭᠤᠷᠢᠯᠠᠯ ᠬᠠᠩᠭᠠᠪᠠ ᠃《ᠬᠤᠳᠠ ᠵᠢᠨ ᠳᠤᠮᠳᠠ ᠪᠡᠨ ᠡᠢᠮᠦ᠍ ᠶᠡᠬᠡ ᠨᠠᠭᠤᠷ ᠴᠥᠭᠥᠷᠥᠮ ᠲᠠᠢ ᠪᠠᠢᠬᠤ ᠨᠢ ᠪᠦᠬᠦ᠌ ᠤᠯᠤᠰ ᠤ᠋ᠨ ᠬᠡᠪᠴᠢᠶᠡᠨ ᠳ᠋ᠤ ᠴᠤ᠌ ᠴᠦᠬᠡᠨ ᠶᠤᠮ》ᠭᠡᠵᠦ᠍ ᠦᠬᠠᠢ ᠨᠠᠭᠤᠷ ᠤ᠋ᠨ ᠵᠢᠭᠤᠯᠴᠢᠯᠠᠯ ᠤ᠋ᠨ ᠺᠣᠮᠫᠠᠨᠢ ᠵᠢᠨ ᠲᠠᠢᠯᠪᠤᠷᠢᠯᠠᠭ᠍ᠴᠢ ᠸᠠᠩ ᠶᠢᠤ ᠬᠣᠩ ᠲᠠᠨᠢᠯᠴᠠᠭᠤᠯᠤᠨ᠎ᠠ᠃
ᠣᠯᠠᠨ ᠵᠢᠯ ᠤ᠋ᠨ ᠲᠤᠷᠰᠢ ᠂ ᠬᠣᠲᠠ ᠵᠢᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠶ᠋ᠢ ᠲᠦᠷᠭᠡᠳᠭᠡᠬᠦ᠌ ᠵᠢᠨ ᠲᠥᠯᠥᠭᠡ ᠂ ᠦᠬᠠᠶ ᠬᠣᠲᠠ ᠦᠬᠠᠶ ᠨᠠᠭᠤᠷ ᠢ᠋ ᠲᠤᠭᠤᠢᠯᠠᠭᠰᠠᠨ ᠨᠡᠭᠡᠭᠡᠨ ᠬᠥᠭ᠌ᠵᠢᠭᠦᠯᠦᠯᠲᠡ ᠪᠠ ᠪᠥᠲᠥᠭᠡᠨ ᠪᠠᠢᠭᠤᠯᠤᠯᠲᠠ ᠶ᠋ᠢ ᠵᠢᠭᠤᠯᠴᠢᠯᠠᠯ ᠤ᠋ᠨ ᠦᠶ᠋ᠯᠡᠰ ᠤ᠋ᠨ ᠬᠥᠭ᠌ᠵᠢᠯᠲᠡ ᠵᠢᠨ ᠵᠢᠡᠨ ᠭᠤᠤᠯᠳᠠᠯᠭ᠎ᠠ ᠵᠢᠨ ᠳᠤᠮᠳᠠᠬᠢ ᠭᠤᠤᠯᠳᠠᠯᠭ᠎ᠠ ᠪᠤᠯᠭᠠᠨ ᠠᠳᠬᠤᠵᠤ ᠂ ᠥᠨᠳᠥᠷ ᠲᠦᠪᠰᠢᠨ ᠵᠢᠡᠷ ᠲᠥᠯᠥᠪᠵᠢᠭᠦᠯᠦᠨ ᠪᠥᠲᠥᠭᠡᠨ ᠪᠠᠢᠭᠤᠯᠵᠤ ᠂ ᠦᠬᠠᠶ ᠨᠠᠭᠤᠷ ᠢ᠋ ᠦᠵᠡᠮᠵᠢ ᠵᠢᠨ ᠵᠢᠭᠤᠯᠴᠢᠯᠠᠯ ᠂ ᠵᠤᠭ᠎ᠠ ᠴᠡᠩᠭᠡᠯ ᠂ ᠪᠡᠶ᠎ᠡ ᠵᠢᠨ ᠲᠠᠮᠢᠷ ᠤ᠋ᠨ ᠤᠷᠤᠯᠳᠤᠭᠠᠨ ᠂ ᠰᠤᠪᠢᠯᠠᠯᠲᠠ ᠪᠠ ᠰᠡᠯᠡᠭᠦᠴᠡᠨ ᠵᠢᠭᠤᠯᠴᠢᠯᠠᠬᠤ ᠶ᠋ᠢ ᠨᠢᠭᠡ ᠴᠣᠭ᠍ᠴᠠᠵᠢᠭᠤᠯᠤᠭ᠍ᠰᠠᠨ ᠤᠯᠤᠰ ᠤ᠋ᠨ ᠲᠠᠰ ᠤ᠋ᠨ ᠨᠡᠷᠡᠲᠤ ᠦᠵᠡᠮᠵᠢ ᠵᠢᠨ ᠣᠷᠣᠨ ᠪᠣᠯᠭᠠᠬᠤ ᠪᠠᠷ ᠴᠢᠷᠮᠠᠢᠵᠤ ᠪᠠᠢᠨ᠎ᠠ ᠃ ᠣᠳᠣᠬᠠᠨ ᠳ᠋ᠤ ᠦᠬᠠᠶ ᠨᠠᠭᠤᠷ ᠤ᠋ᠨ ᠰᠡᠯᠡᠭᠦᠴᠡᠯ ᠠᠮᠠᠷᠠᠯᠲᠠ ᠵᠢᠨ ᠵᠢᠭᠤᠯᠴᠢᠯᠠᠯ ᠤ᠋ᠨ ᠣᠷᠣᠨ ᠨᠢᠭᠡᠨᠲᠡ ᠤᠯᠤᠰ ᠤ᠋ᠨ ᠤᠰᠤᠨ ᠠᠱᠢᠭ᠍ᠯᠠᠯᠲᠠ ᠵᠢᠨ ᠦᠵᠡᠮᠵᠢ ᠵᠢᠨ ᠣᠷᠣᠨ ᠪᠠ ᠤᠯᠤᠰ ᠤ᠋ᠨ 4A ᠲᠠᠰ ᠤ᠋ᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠤ᠋ ᠨᠡᠷᠡᠰ ᠲᠦ᠍ ᠵᠢᠭᠰᠠᠭᠠᠭᠳᠠᠪᠠ ᠃
ᠡᠢᠮᠦ᠍ ᠨᠢᠭᠡᠨ ᠬᠣᠲᠠ ᠵᠢᠨ ᠳᠤᠮᠳᠠᠬᠢ ᠲᠣᠮᠣ ᠨᠠᠭᠤᠷ ᠲᠠᠶ ᠪᠤᠯᠵᠤ ᠂ ᠬᠠᠮᠤᠭ ᠤ᠋ᠨ ᠶᠡᠬᠡ ᠠᠱᠢᠭ ᠬᠦᠷᠲᠡᠭᠰᠡᠨ ᠬᠦᠮᠦᠰ ᠪᠤᠯ ᠦᠬᠠᠶ ᠬᠣᠲᠠ ᠵᠢᠨ ᠰᠠᠭᠤᠭᠠᠯᠢ ᠠᠷᠠᠳ ᠪᠤᠯᠬᠤ ᠶᠤᠮ ᠃ ᠣᠲᠣ ᠦᠬᠠᠶ ᠬᠣᠲᠠ ᠵᠢᠨ ᠨᠢᠬᠡᠨᠳᠡ ᠪᠦᠳᠦᠬᠡᠨ ᠪᠠᠢᠭᠤᠯᠤᠭᠰᠠᠨ ᠤᠷᠤᠨ ᠤ᠋ ᠨᠣᠭᠣᠭᠠᠷᠠᠭᠤᠯᠤᠯᠲᠠ ᠵᠢᠨ ᠨᠣᠷᠮ᠎ᠠ ᠨᠢᠭᠡᠨᠲᠡ 43% ᠳ᠋ᠤ ᠬᠦᠷᠴᠦ᠍ ᠂ ᠬᠥᠮᠦᠨ ᠳᠤᠮᠳᠠᠴᠢ ᠵᠢᠨ ᠴᠡᠴᠡᠷᠯᠢᠭ ᠤ᠋ᠨ ᠨᠣᠭᠣᠭᠠᠷᠠᠭᠤᠯᠤᠯᠲᠠ ᠵᠢᠨ ᠲᠠᠯᠠᠪᠠᠢ 19.5 ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠡᠶ ᠃《ᠲᠠᠪᠤᠨ ᠮᠢᠨᠦ᠋ᠲ ᠶᠠᠪᠤᠪᠠᠯ ᠰᠡᠯᠡᠭᠦᠴᠡᠯ ᠤ᠋ᠨ ᠨᠣᠭᠣᠭᠠᠨ ᠭᠠᠵᠠᠷ ᠲᠦ᠍ ᠬᠦᠷᠴᠢᠬᠡᠨᠠ》᠂ 《ᠠᠷᠪᠠᠨ ᠮᠢᠨᠦ᠋ᠲ ᠶᠠᠪᠤᠪᠠᠯ ᠰᠡᠯᠡᠭᠦᠴᠡᠯ ᠤ᠋ᠨ ᠲᠣᠭᠣᠷᠢᠭ ᠲᠦ᠍ ᠬᠦᠷᠴᠢᠬᠡᠨᠠ》᠃ ᠡᠨᠡ ᠪᠤᠯ ᠦᠬᠠᠶ ᠵᠢᠨ ᠦᠨᠡᠨ ᠪᠤᠳᠠᠲᠤ ᠳᠦᠷᠰᠦᠯᠡᠯ ᠪᠠᠢᠵᠤ ᠂《ᠴᠣᠩᠬᠣᠪᠠᠨ ᠨᠡᠭᠡᠭᠡᠮᠡᠭᠴᠡ ᠨᠤᠮᠢᠨ ᠨᠣᠭᠣᠭᠠᠨ ᠢ᠋ ᠬᠠᠷᠠᠵᠤ ᠂ ᠭᠠᠳᠠᠭ᠍ᠰᠢ ᠭᠠᠷᠤᠮᠠᠭᠴᠠ ᠦᠵᠡᠮᠵᠢ ᠰᠣᠨᠢᠷᠬᠠᠬᠤ》ᠨᠢ ᠨᠠᠩ ᠴᠤ᠌ ᠬᠣᠲᠠ ᠵᠢᠨ ᠠᠷᠠᠳ ᠤ᠋ᠨ ᠱᠢᠯᠦᠭ᠌ᠯᠢᠭ ᠠᠮᠢᠳᠤᠷᠠᠯ ᠤ᠋ᠨ《ᠪᠠᠷᠢᠮᠵᠢᠶ᠎ᠠ》ᠪᠣᠯᠤᠭ᠍ᠰᠠᠨ ᠪᠠᠢᠨ᠎ᠠ ᠃ ᠦᠬᠠᠶ ᠬᠣᠲᠠ ᠪᠠᠰᠠ ᠪᠥᠬᠥ᠌ ᠤᠯᠤᠰ ᠤ᠋ᠨ ᠨᠣᠭᠣᠭᠠᠷᠠᠭᠤᠯᠤᠯᠲᠠ ᠵᠢᠨ ᠵᠢᠱ᠌ᠢᠶᠡᠴᠢ ᠬᠣᠲᠠ ᠂ ᠤᠯᠤᠰ ᠤ᠋ᠨ ᠴᠡᠴᠡᠷᠯᠢᠭ᠌ᠵᠢᠭᠦᠯᠦᠭ᠌ᠰᠡᠨ ᠬᠣᠲᠠ ᠪᠠ ᠪᠥᠬᠥ᠌ ᠤᠯᠤᠰ ᠤ᠋ᠨ ᠤᠰᠤᠨ ᠤ᠋ ᠠᠮᠢ ᠠᠬᠤᠶ ᠵᠢᠨ ᠪᠣᠯᠪᠠᠰᠤᠨ ᠬᠣᠲᠠ ᠵᠢᠨ ᠡᠩᠨᠡᠭᠡᠨ ᠳ᠋ᠤ ᠠᠮᠵᠢᠯᠲᠠ ᠣᠷᠣᠪᠠ ᠃
ᠱᠢᠨ᠎ᠡ ᠬᠠᠭᠤᠴᠢᠨ ᠬᠥᠳᠡᠯᠭᠡᠬᠦ ᠡᠨ᠋ᠸᠷᠬᠢ ᠵᠢᠨ ᠰᠣᠯᠢᠭ᠍ᠳᠠᠯ ᠢ᠋ ᠲᠦᠷᠬᠡᠳᠬᠡᠪᠡ
ᠣᠢᠷ᠎ᠠ ᠳ᠋ᠤ ᠤᠰᠤᠲᠥ᠋ᠷᠥᠭ᠌ᠴᠢ ᠲᠦᠯᠡᠰᠢᠨ ᠤ᠋ ᠴᠠᠬᠢᠯᠭᠠᠨ ᠴᠡᠨᠡᠭ ᠤ᠋ᠨ ᠴᠤ᠋ ᠱᠢᠨ᠎ᠡ ᠨᠡᠢᠲᠡ ᠵᠢᠨ ᠮᠠᠱᠢᠨ ᠲᠡᠷᠭᠡ ᠦᠬᠠᠢ ᠬᠣᠲᠠ ᠪᠡᠷ ᠰᠦᠯᠵᠢᠯᠳᠦᠵᠦ᠍ ᠂ ᠡᠢᠮᠦᠷᠬᠦᠦ ᠲᠡᠷᠭᠡᠨ ᠤ᠋ ᠲᠠᠭᠤ ᠴᠢᠮᠡᠭᠡ ᠨᠢ ᠪᠠᠭ᠎ᠠ ᠂ ᠪᠣᠬᠢᠷᠲᠤᠯ ᠪᠠᠭ᠎ᠠ ᠂ ᠰᠠᠭᠤᠬᠤ ᠳ᠋ᠤ ᠲᠠᠭᠠᠯᠠᠮᠵᠢᠲᠠᠶ ᠪᠠᠢᠵᠤ ᠂ ᠴᠥᠭᠡᠨ ᠪᠤᠰᠤ ᠬᠣᠲᠠ ᠵᠢᠨ ᠠᠷᠠᠳ ᠤ᠋ᠨ ᠬᠦᠷᠢᠶᠡᠯᠡᠯ ᠢ᠋ ᠣᠯᠵᠤ ᠪᠠᠢᠨ᠎ᠠ ᠃ ᠣᠳᠣᠬᠠᠨ ᠳ᠋ᠤ ᠪᠦᠬᠦ᠌ ᠬᠣᠲᠠ ᠵᠢᠨ ᠡᠵᠡᠩᠨᠡᠵᠦ᠍ ᠪᠠᠢᠭ᠎ᠠ ᠤᠰᠤᠲᠥ᠋ᠷᠥᠭ᠌ᠴᠢ ᠲᠦᠯᠡᠱᠢᠨ ᠤ᠋ ᠳ᠋ᠢᠶᠠᠨ ᡂᠢ ᠵᠢᠨ ᠨᠡᠢᠲᠡ ᠵᠢᠨ ᠮᠠᠱᠢᠨ ᠲᠡᠷᠭᠡ ᠨᠢᠭᠡᠨᠲᠡ 50 ᠰᠠᠭᠤᠷᠢ ᠳ᠋ᠤ ᠬᠦᠷᠴᠡᠶ ᠃
ᠤᠳᠠ ᠲᠣᠭᠣᠷᠢᠭ ᠲᠤ᠌ ᠪᠠᠢᠷᠢᠯᠠᠭ᠎ᠠ ᠦᠬᠠᠢ ᠬᠤᠳᠠ ᠵᠢᠨ ᠬᠠᠢ ᠢ ᠲᠦᠩ ᠱᠢᠨ᠎ᠡ ᠡᠨᠧᠷᠭᠢ ᠵᠢᠨ ᠮᠠᠱᠢᠨ ᠲᠡᠷᠭᠡᠨ ᠤ᠋ ᠬᠢᠵᠠᠭᠠᠷᠲᠤ ᠺᠣᠮᠫᠠᠨᠢ ᠳ᠋ᠤ ᠂ ᠠᠵᠢᠯᠴᠢᠳ ᠤ᠋ᠨ ᠬᠠᠮᠲᠤ ᠵᠢᠨ ᠴᠢᠷᠮᠠᠢᠯᠭ᠎ᠠ ᠪᠠᠷ ᠱᠢᠨ᠎ᠡ ᠡᠨᠧᠷᠭᠢ ᠵᠢᠨ ᠬᠦᠨᠳᠦ ᠠᠴᠢᠶᠠᠨ ᠤ᠋ ᠮᠠᠱᠢᠨ ᠲᠡᠷᠭᠡ ᠦᠢᠯᠡᠳᠪᠦᠷᠢᠯᠡᠯ ᠤ᠋ᠨ ᠱᠤᠭᠤᠮ ᠡᠴᠠ ᠠᠯᠭᠤᠷᠬᠠᠨ ᠭᠠᠷᠴᠤ ᠢᠷᠡᠪᠡ ᠃ ᠣᠳᠣᠬᠠᠨ ᠳ᠋ᠤ ᠠᠵᠤ ᠠᠬᠤᠢᠯᠠᠯ ᠤ᠋ᠨ ᠦᠶ᠋ᠯᠡᠳᠪᠦᠷᠢᠯᠡᠭ᠌ᠰᠡᠨ 30 ᠱᠢᠨ᠎ᠡ ᠡᠨᠧᠷᠭᠢ ᠵᠢᠨ ᠬᠦᠨᠳᠦ ᠠᠴᠢᠶᠠᠨ ᠤ᠋ ᠮᠠᠱᠢᠨ ᠲᠡᠷᠭᠡ ᠨᠢ ᠨᠢᠭᠡᠨᠲᠡ 60 ᠰᠠᠭᠤᠷᠢ ᠤᠯᠠᠮᠵᠢᠯᠠᠯᠲᠤ ᠬᠦᠨᠳᠦ ᠠᠴᠢᠶᠠᠨ ᠤ᠋ ᠮᠠᠱᠢᠨ ᠲᠡᠷᠭᠡ ᠶ᠋ᠢ ᠣᠷᠣᠯᠠᠵᠤ ᠂ ᠤᠳᠠ ᠲᠣᠭᠣᠷᠢᠭ ᠤ᠋ᠨ ᠠᠭᠤᠷᠬᠠᠶ ᠵᠢᠨ ᠲᠣᠭᠣᠷᠢᠭ ᠵᠢᠡᠷ ᠠᠶᠠᠯᠠᠨ ᠂ ᠠᠭᠤᠷᠬᠠᠶ ᠵᠢᠨ ᠲᠣᠭᠣᠷᠢᠭ ᠤ᠋ᠨ ᠵᠠᠮ ᠲᠦᠭ᠌ᠵᠢᠷᠡᠬᠦ᠌ ᠪᠠ ᠣᠲᠣᠭ᠎ᠠ ᠭᠠᠳᠠᠭ᠍ᠰᠢᠯᠠᠭᠤᠯᠬᠤᠶ᠋ᠢ ᠪᠦᠲᠦᠮᠵᠢᠲᠡᠶ ᠪᠠᠭᠠᠰᠭᠠᠭᠰᠠᠨ ᠪᠠᠢᠨ᠎ᠠ ᠃
ᠤᠰᠤᠲᠥ᠋ᠷᠥᠭ᠌ᠴᠢ ᠡᠨᠧᠷᠭᠢ ᠵᠢᠨ ᠠᠵᠤ ᠦᠢᠯᠡᠰ ᠢ᠋ ᠶᠡᠬᠡ ᠪᠡᠷ ᠬᠥᠭ᠌ᠵᠢᠭᠦᠯᠬᠦ᠌ ᠪᠣᠯ ᠣᠳᠣᠬᠠᠨ ᠤ᠋ ᠦᠬᠠᠢ ᠬᠤᠳᠠ ᠵᠢᠨ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠬᠤ ᠱᠢᠨ᠎ᠡ ᠠᠷᠭ᠎ᠠ ᠵᠠᠮ ᠪᠣᠯᠤᠨ᠎ᠠ ᠃ ᠤᠢ᠍ᠢᠷᠠ ᠵᠢᠨ ᠵᠢᠯ ᠡᠴᠡ ᠨᠠᠭᠠᠰᠢ ᠂ ᠦᠬᠠᠢ ᠬᠤᠳᠠ ᠵᠢᠨ ᠬᠢᠨ ᠤᠯᠤᠰ ᠤ᠋ᠨ ᠬᠥᠭ᠌ᠵᠢᠯᠲᠡ ᠵᠢᠨ ᠪᠠᠢᠯᠳᠤᠬᠤ ᠪᠤᠳᠤᠯᠭ᠎ᠠ ᠵᠢᠨ ᠴᠢᠨᠠᠷᠲᠠᠢ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠤ᠋ᠨ ᠴᠢᠬᠤᠯᠠ ᠶᠡᠬᠡ ᠠᠵᠠ ᠲᠣᠬᠢᠶᠠᠯ ᠪᠣᠯᠤᠨ 《ᠬᠤᠤᠰ ᠨᠡᠭᠦᠷᠡᠰᠦᠲᠥ᠋ᠷᠥᠭ᠌ᠴᠢ》ᠪᠤᠯᠤᠨ《ᠡᠨᠧᠷᠬᠢ ᠵᠢᠨ ᠬᠤᠷᠤᠬ᠍ᠳᠠᠭᠤᠯᠤᠯ ᠤ᠋ᠨ ᠨᠡᠮᠡᠭ᠌ᠳᠡᠯ ᠪᠠ ᠡᠷᠴᠢᠮ ᠢ᠋ ᠡᠵᠡᠮᠳᠡᠬᠦ᠌》ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢᠨ ᠠᠱᠢᠭ᠍ᠲᠠᠢ ᠠᠵᠠ ᠲᠣᠬᠢᠶᠠᠯ ᠢ᠋ ᠠᠮᠵᠢᠭᠤᠯᠵᠤ ᠂ ᠠᠵᠤ ᠦᠢᠯᠡᠰ ᠤ᠋ᠨ ᠰᠠᠭᠤᠷᠢ ᠪᠠ ᠱᠢᠩᠭᠡᠭᠡᠬᠦ᠌ ᠴᠢᠳᠠᠪᠤᠷᠢ ᠳ᠋ᠠᠭᠠᠨ ᠰᠠᠭᠤᠷᠢᠯᠠᠨ ᠪᠦᠯᠦᠭ᠌ᠵᠢᠯ ᠤ᠋ᠨ ᠰᠡᠳᠭᠢᠬᠦᠢᠶ᠋ᠢ ᠪᠠᠷᠢᠮᠲᠠᠯᠠᠵᠤ᠂ ᠰᠠᠯᠬᠢ ᠪᠠ ᠭᠡᠷᠡᠯ ᠤ᠋ᠨ ᠡᠨ᠋ᠸᠷᠬᠢ ᠵᠢ ᠤᠰᠤᠲᠥ᠋ᠷᠥᠭ᠌ᠴᠢᠬᠦᠯᠦᠨ ᠬᠠᠳᠠᠭᠠᠯᠠᠵᠤ ᠬᠡᠷᠡᠭ᠌ᠯᠡᠬᠦ᠌ᠶ᠋ᠢ ᠨᠢᠭᠡ ᠴᠤᠬ᠍ᠴᠠᠵᠢᠭᠤᠯᠤᠭ᠍ᠰᠠᠨ ᠱᠢᠨ᠎ᠡ ᠡᠨᠧᠷᠭᠢ ᠵᠢᠨ ᠠᠵᠤ ᠦᠢᠯᠡᠰ ᠤ᠋ᠨ ᠰᠠᠭᠤᠷᠢᠨ ᠢ᠋ ᠪᠠᠢᠭᠤᠯᠵᠤ᠂ ᠵᠠᠳᠠᠷᠠᠭᠤᠯᠵᠤ ᠪᠣᠯᠬᠤ ᠰᠦᠯᠢᠶᠣᠣ ᠪᠠᠷ ᠭᠣᠣᠯ ᠴᠢᠭ᠌ᠯᠡᠯ ᠪᠤᠯᠭᠠᠨ᠂ ᠱᠢᠨ᠎ᠡ ᠮᠠᠲ᠋ᠧᠷᠢᠶᠠᠯ ᠤ᠋ᠨ ᠪᠦᠬᠦ᠌ ᠠᠵᠤ ᠦᠢᠯᠡᠰ ᠤ᠋ᠨ ᠬᠡᠯᠬᠢᠶ᠎ᠡ ᠵᠢᠨ ᠰᠠᠭᠤᠷᠢᠨ ᠵᠢᠡᠷ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠬᠤ ᠶ᠋ᠢ ᠲᠦᠷᠭᠡᠳᠭᠡᠬᠦ᠌ ᠭᠣᠣᠯ ᠱᠢᠪᠲᠤᠯᠤᠯᠲᠠ ᠵᠢᠨ ᠠᠷᠭ᠎ᠠ ᠵᠠᠮ ᠪᠤᠯᠭᠠᠨ᠂ ᠪᠦᠳᠦᠭᠡᠨ ᠪᠠᠢᠭᠤᠯᠤᠯᠲᠠ ᠶ᠋ᠢ ᠪᠦᠬᠦ᠌ ᠬᠦᠴᠦᠨ ᠵᠢᠡᠷ ᠠᠬᠢᠭᠤᠯᠪᠠ ᠃ ᠨᠢᠳᠤᠨᠤᠨ ᠡᠴᠡ ᠨᠠᠭᠠᠰᠢ᠂ ᠦᠬᠠᠶ ᠬᠣᠲᠠ ᠱᠢᠨ᠎ᠡ ᠡᠨᠧᠷᠭᠢ ᠵᠢᠨ ᠬᠡᠯᠬᠢᠶ᠎ᠡ ᠵᠢᠨ 25 ᠲᠥᠷᠥᠯ ᠵᠦᠶ᠋ᠯ ᠢ᠋ ᠤᠷᠤᠭᠤᠯᠵᠤ ᠂ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠪᠠᠭ᠍ᠲᠠᠭᠠᠮᠵᠢ ᠨᠢ 386.3 ᠲᠦᠮᠡᠨ ᠬᠢᠯᠦᠸᠠᠲ ᠲᠦ᠍ ᠬᠦᠷᠴᠠᠢ; ᠵᠠᠳᠠᠷᠠᠭᠤᠯᠵᠤ ᠪᠣᠯᠬᠤ ᠰᠦᠯᠢᠶᠣᠣ ᠵᠢᠨ ᠠᠵᠤ ᠦᠶ᠋ᠯᠡᠰ ᠤ᠋ᠨ 5 ᠲᠥᠷᠥᠯ ᠵᠦᠶ᠋ᠯ ᠢ᠋ ᠤᠷᠤᠭᠤᠯᠵᠤ᠂ ᠶᠡᠷᠦᠩᠬᠡᠶ ᠦᠶ᠋ᠯᠡᠳᠪᠦᠷᠢᠯᠡᠬᠦ᠌ ᠴᠢᠳᠠᠪᠤᠷᠢ ᠨᠢ 296 ᠲᠦᠮᠡᠨ ᠲᠣᠨ ᠳ᠋ᠤ ᠬᠦᠷᠴᠠᠢ; ᠣᠷᠭᠠᠨᠢᠭ ᠴᠠᠬᠢᠭᠤᠷ ᠤ᠋ᠨ 2 ᠲᠥᠷᠥᠯ ᠵᠦᠶ᠋ᠯ ᠢ᠋ ᠤᠷᠤᠭᠤᠯᠵᠤ᠂ ᠶᠡᠷᠦᠩᠬᠡᠶ ᠦᠶ᠋ᠯᠡᠳᠪᠦᠷᠢᠯᠡᠬᠦ᠌ ᠴᠢᠳᠠᠪᠤᠷᠢ ᠨᠢ 95 ᠲᠦᠮᠡᠨ ᠲᠣᠨ ᠳ᠋ᠤ ᠬᠦᠷᠦᠭᠰᠡᠨ ᠪᠠᠢᠨ᠎ᠠ ᠃
ᠤᠯᠠᠮᠵᠢᠯᠠᠯᠲᠤ ᠠᠵᠤ ᠦᠢᠯᠡᠰ ᠢ᠋ ᠱᠢᠨ᠎ᠡ ᠠᠮᠢᠵᠢᠷᠠᠯ ᠤ᠋ᠨ ᠬᠦᠴᠦᠨ ᠲᠠᠢ ᠪᠣᠯᠭᠠᠬᠤ ᠪᠣᠯ ᠦᠬᠠᠢ ᠬᠤᠳᠠ ᠵᠢᠨ ᠢᠯᠭᠤᠮ ᠤᠷᠤᠭ᠍ᠰᠢᠲᠠᠢ ᠪᠡᠷ ᠬᠡᠯᠪᠡᠷᠢ ᠪᠡᠨ ᠬᠤᠪᠢᠷᠠᠭᠤᠯᠬᠤ ᠵᠢᠨ ᠵᠠᠩᠭᠢᠯᠠᠭ᠎ᠠ ᠪᠤᠯᠬᠤ ᠶᠤᠮ ᠃ ᠤᠳᠤ ᠵᠢᠨ ᠪᠠᠢᠭ᠎ᠠ ᠰᠠᠭᠤᠷᠢ ᠪᠠ ᠬᠠᠷᠢᠴᠠᠩᠭᠤᠢ ᠳᠠᠪᠠᠭᠤᠯᠢᠭ ᠲᠠᠭᠠᠨ ᠰᠠᠭᠤᠷᠢᠯᠠᠨ ᠂ ᠦᠬᠠᠢ ᠬᠤᠳᠠ ᠠᠮᠢ ᠠᠬᠤᠢ ᠪᠣᠯᠤᠨ ᠬᠥᠭ᠌ᠵᠢᠯᠲᠡ ᠵᠢᠨ ᠬᠣᠶᠠᠷ ᠬᠣᠷᠢᠭ᠎ᠠ ᠱᠤᠭᠤᠮ ᠢ᠋ ᠪᠠᠲᠤ ᠰᠠᠬᠢᠵᠤ ᠂ ᠡᠨᠧᠷᠭᠢ ᠠᠷᠪᠢᠯᠠᠵᠤ ᠪᠣᠬᠢᠷᠲᠤᠯ ᠢ᠋ ᠪᠠᠭᠠᠰᠭᠠᠬᠤ ᠶ᠋ᠢ ᠬᠠᠲᠠᠭᠤ ᠬᠢᠵᠠᠭᠠᠷᠯᠠᠯ ᠪᠤᠯᠭᠠᠨ᠂ ᠬᠣᠴᠣᠷᠤᠩᠭᠤᠢ ᠦᠢᠯᠡᠳᠪᠦᠷᠢᠯᠡᠯ ᠤ᠋ᠨ ᠴᠢᠳᠠᠪᠤᠷᠢ ᠶ᠋ᠢ ᠱᠢᠭ᠌ᠰᠢᠭ᠌ᠳᠡᠭᠦᠯᠵᠦ᠍ ᠂ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠤᠨ ᠲᠡᠰ ᠳᠡᠪᠱᠢᠭᠦᠯᠬᠦ᠌ ᠶ᠋ᠢ ᠭᠡᠳᠡᠷᠬᠦ᠌ ᠰᠢᠬᠠᠮᠳᠤᠭᠤᠯᠤᠨ᠂ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠤ᠋ᠨ ᠬᠦᠭᠵᠢᠯᠳᠡ ᠵᠢ ᠦᠨᠳᠦᠷ ᠲᠦᠪᠱᠢᠨ᠂ ᠨᠠᠷᠢᠯᠢ ᠂ ᠱᠢᠨ᠎ᠡ ᠮᠠᠲᠧᠷᠢᠶᠠᠯ ᠲᠡᠢᠰᠢ ᠤᠷᠤᠭ᠍ᠰᠢᠯᠠᠬᠤ ᠶ᠋ᠢ ᠠᠬᠢᠭᠤᠯᠪᠠ᠃ ᠣᠳᠣᠬᠠᠨ ᠳ᠋ᠤ ᠦᠬᠠᠶ ᠬᠣᠲᠠ ᠵᠢᠨ ᠨᠡᠭᠦᠷᠡᠰᠦ ᠶ᠋ᠢ ᠲᠤᠬᠠᠶ ᠵᠢᠨ ᠭᠠᠵᠠᠷᠲᠠᠭᠠᠨ ᠡᠳ᠋ᠰᠢᠬᠦᠯᠦᠨ ᠪᠤᠯᠪᠠᠰᠤᠷᠠᠭᠤᠯᠬᠤ ᠨᠣᠷᠮ᠎ᠠ ᠨᠢᠬᠡᠨᠳᠡ 90% ᠵᠢ ᠲᠠᠪᠠᠵᠤ ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠨᠣᠭ ᠲᠥᠬᠥᠭᠡᠷᠦᠮᠵᠢ ᠦᠶ᠋ᠯᠡᠳᠬᠦ᠌ ᠵᠡᠷᠭᠡ ᠨᠡᠭᠦᠷᠡᠰᠦᠨ ᠤ᠋ ᠪᠤᠰᠤ ᠠᠵᠤ ᠦᠶ᠋ᠯᠡᠰ ᠤ᠋ᠨ ᠪᠦᠬᠦ ᠠᠵᠤ ᠦᠶ᠋ᠯᠡᠳᠪᠦᠷᠢ ᠵᠢᠨ ᠨᠡᠮᠡᠭ᠌ᠳᠡᠯ ᠥᠷᠲᠡᠭ ᠲᠡᠬᠢ ᠬᠤᠪᠢ ᠵᠢᠨ ᠵᠢᠩ ᠨᠢ 2010 ᠣᠨ ᠳ᠋ᠤ 47.7% ᠪᠠᠢᠭ᠍ᠰᠠᠨ ᠡᠴᠡ ᠪᠠᠨ ᠣᠲᠣ 80% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠪᠡ ᠃
ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠭᠠᠷᠤᠭ᠎ᠠ ᠳᠡᠭᠡᠷ᠎ᠡ ᠵᠣᠭ᠍ᠰᠣᠭᠰᠠᠨ ᠦᠬᠠᠢ ᠬᠤᠳᠠ ᠦᠷᠭᠦᠯᠵᠢᠯᠡᠨ ᠡᠷᠡᠮᠡᠬᠡᠢᠯᠡᠨ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠂ ᠴᠢᠨᠠᠷ ᠴᠢᠨᠰᠠᠭ᠎ᠠ ᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠵᠢᠨ ᠱᠢᠨ᠎ᠡ ᠬᠠᠭᠤᠳᠠᠰᠤᠶ᠋ᠢ ᠴᠢᠷᠮᠠᠢᠨ ᠪᠢᠴᠢᠭ᠌ᠯᠡᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃