ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠳᠠᠪᠠᠯᠲᠠ

2022-08-15 17:45:06

ᠵᠣᠬᠢᠶᠠᠭ᠍ᠴᠢ᠄ ᠪᠢᠯᠢᠭᠪᠡᠭᠠᠳᠤᠷ ᠣᠩᠱᠢᠭ᠍ᠰᠠᠨ ᠣᠳᠠᠭ᠎ᠠ᠄ 3

ᠲᠡᠯᠭᠡᠷ ᠵᠤᠨ᠎ᠤ ᠰᠠᠢᠬᠠᠨ ᠤᠯᠠᠷᠢᠯ ᠳ᠋ᠤ ᠠᠭᠤᠳᠠᠮ ᠰᠠᠷᠠᠭᠤᠯ ᠰᠢᠯᠢ ᠵᠢᠨ ᠭᠤᠤᠯ᠎ᠤᠨ ᠲᠠᠯ᠎ᠠ ᠨᠤᠲᠤᠭ ᠲᠦ᠍ ᠨᠤᠮᠢᠨ ᠲᠠᠪᠠᠯᠭᠠᠨ ᠬᠠᠶᠠᠯᠠᠵᠤ᠂ ᠬᠦᠬᠡ ᠤᠭᠳᠠᠷᠭᠤᠢ ᠴᠡᠯᠡᠢᠨ ᠬᠦᠳᠡᠭᠡ ᠲᠠᠯ᠎ᠠ ᠨᠡᠯᠦᠢᠭᠡᠳ ᠢᠯᠪᠢᠨ ᠢᠷᠡᠬᠦ ᠠᠶᠠᠰ᠎ᠤᠨ ᠰᠠᠯᠬᠢ ᠰᠡᠳᠬᠢᠯ ᠲᠤᠳᠤᠷ᠎ᠢ ᠠᠷᠢᠭᠤᠰᠬᠠᠨ᠎ᠠ᠃ ᠡᠨᠡ ᠨᠤᠲᠤᠭ ᠎ᠤᠨ ᠬᠦᠮᠦᠨ ᠠᠷᠠᠳ ᠦᠯᠦᠭᠡᠢ ᠨᠤᠲᠤᠭ ᠵᠢᠠᠨ ᠨᠢᠳᠤᠨ᠎ᠤ ᠪᠠᠨ ᠴᠡᠴᠡᠭᠡᠢ ᠰᠢᠭ ᠬᠠᠢᠷᠠᠯᠠᠵᠤ᠂ ᠨᠤᠲᠤᠭ ᠤᠰᠤᠨ᠎ᠤ ᠪᠡᠨ ᠬᠦᠭᠵᠢᠯ ᠴᠡᠴᠡᠭᠯᠡᠯ᠂ ᠦᠨᠳᠦᠰᠦᠳᠡᠨ᠎ᠤ ᠪᠦᠯᠬᠦᠮᠳᠡᠯ᠎ᠤᠨ ᠢᠷᠠᠭᠤ ᠲᠤᠤᠯᠢᠰ᠎ᠢ ᠪᠢᠴᠢᠭᠯᠡᠭᠰᠡᠭᠡᠷ ᠁

ᠱᠢᠯᠢ᠎ᠶ᠋ᠢᠨ ᠭᠣᠣᠯ ᠠᠢᠮᠠᠭ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭ᠍ᠲᠠᠭᠤᠨ᠎ᠤ ᠬᠠᠯᠬᠠᠪᠴᠢ ᠵᠢᠨ ᠭᠤᠤᠯᠳᠠᠯᠭ᠎ᠠ ᠳᠠᠢ ᠭᠠᠵᠠᠷ ᠤᠷᠤᠨ ᠪᠤᠯᠤᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠱᠢᠯᠢ᠎ᠶ᠋ᠢᠨ ᠭᠣᠣᠯ ᠠᠢᠮᠠᠭ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ ᠡᠴᠡ ᠪᠡᠨ ᠥᠪᠡᠷᠲᠡᠭᠡᠨ ᠵᠠᠰᠠᠬᠤ ᠣᠷᠣᠨ᠎ᠤ《ᠬᠣᠶᠠᠷ ᠬᠠᠯᠬᠠᠪᠴᠢ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠦ ᠦᠢᠯᠡᠴᠢᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠢᠨ ᠠᠵᠢᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠳᠤ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ᠎ᠶ᠋ᠢ ᠴᠢᠩᠭᠠᠳᠭᠠᠪᠠ; ᠠᠮᠤᠷ ᠲᠤᠬᠳᠠᠭᠤᠨ᠎ᠦ ᠪᠠᠢᠭᠤᠯᠤᠯᠲᠠ᠎ᠪᠠᠷ ᠭᠠᠷᠳᠠᠴᠠ ᠪᠤᠯᠭᠠᠨ᠂ ᠤᠯᠤᠰ᠎ᠤᠨ ᠠᠮᠤᠷ ᠲᠦᠪᠱᠢᠨ᠂ ᠨᠡᠢᠭᠡᠮ᠎ᠦᠨ ᠠᠮᠤᠷ ᠲᠣᠭ᠍ᠲᠠᠭᠤᠨ ᠪᠠ ᠤᠯᠠᠨ ᠨᠡᠢᠲᠡ᠎ᠶ᠋ᠢᠨ ᠠᠮᠤᠷ ᠲᠦᠪᠱᠢᠨ᠎ᠢ᠎ᠬᠠᠮᠠᠭᠠᠯᠠᠬᠤ 《ᠭᠤᠷᠪᠠᠨ ᠴᠢᠳᠠᠪᠤᠷᠢ》 ᠪᠡᠨ ᠬᠦᠴᠦᠯᠡᠨ ᠳᠡᠭᠡᠭ᠌ᠰᠢᠯᠡᠭᠦᠯᠵᠦ᠍᠂ ᠴᠡᠯᠮᠡᠭ ᠬᠦᠬᠡ ᠤᠭᠳᠠᠷᠭᠤᠢ ᠠᠷᠢᠭᠤᠨ ᠲᠤᠡᠭᠭᠠᠯᠠᠭ ᠤᠰᠤ ᠮᠦᠷᠡᠨ ᠲᠠᠢ᠂ ᠠᠮᠤᠷ ᠠᠮᠤᠭᠤᠯᠠᠡᠭ ᠡᠶ᠎ᠡ ᠵᠤᠬᠢᠴᠠᠩᠭᠤᠢ ᠤᠷᠴᠢᠨ ᠲᠤᠭᠤᠷᠢᠨ ᠲᠠᠢ ᠨᠡᠢᠭᠡᠮ ᠵᠢᠷᠤᠮ᠎ᠤᠨ ᠦᠭᠡᠳᠡᠷᠬᠡᠭ ᠦᠷᠨᠢᠭᠦᠨ ᠰᠠᠢᠨ ᠪᠠᠢᠳᠠᠯ᠎ᠢ ᠪᠤᠢ ᠪᠤᠯᠭᠠᠵᠠᠢ᠃

ᠠᠮᠢ ᠠᠬᠤᠢ ᠵᠢᠨ ᠪᠠᠳᠤ ᠪᠡᠬᠢ 《ᠤᠷᠳᠤ ᠴᠠᠭᠠᠨ ᠬᠡᠷᠡᠮ》 ᠎ᠢ᠋ ᠴᠤᠭᠴᠠᠯᠠᠨ᠎ᠠ

ᠪᠢᠳᠡᠨ᠎ᠤ ᠰᠠᠭᠤᠭᠰᠠᠨ ᠬᠦᠡᠭᠭᠡᠨ ᠮᠠᠰᠢᠨ ᠰᠢᠯᠢᠡᠭᠬᠤᠳᠠ ᠡᠴᠡ ᠵᠡᠭᠦᠨᠰᠢ ᠮᠤᠷᠳᠠᠵᠦ ᠮᠤᠳᠤᠨ ᠮᠠᠯᠵᠢᠯ᠎ᠤᠨ ᠲᠠᠯᠠᠪᠠᠢ ᠪᠡᠷ ᠦᠡᠭᠭᠡᠷᠡᠬᠦ ᠳ᠋ᠤ ᠬᠠᠷᠠᠭ᠎ᠠ ᠠᠯᠳᠠᠮ᠎ᠠ ᠨᠤᠮᠢᠨ ᠨᠤᠭᠤᠭᠠᠨ ᠲᠠᠯ᠎ᠠ ᠦᠷᠭᠦᠯᠵᠢᠯᠡᠵᠦ᠂ ᠬᠤᠳᠠ ᠵᠢᠨ ᠱᠤᠤᠭᠢᠶᠠᠨ ᠲᠡᠪᠵᠢᠶᠡᠨ ᠲᠤᠤᠷᠬᠠᠨ᠎ᠠ ᠰᠠᠷᠨᠢᠨ ᠵᠠᠮᠬᠠᠷᠠᠪᠠ᠃

《ᠡᠨᠡ ᠬᠡᠰᠡᠭ ᠨᠤᠲᠤᠭ ᠪᠡᠯᠴᠢᠭᠡᠷ ᠪᠣᠯ ᠪᠢᠳᠡᠨ᠎ᠦ ᠲᠠᠴᠢᠷᠰᠢᠵᠦ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠵᠠᠰᠠᠨ ᠰᠡᠷᠭᠦᠭᠡᠭ᠌ᠰᠡᠨ᠎ᠦ ᠦᠷ᠎ᠡ ᠪᠦᠲᠦᠮᠵᠢ ᠰᠢᠤ!》 ᠭᠡᠵᠦ᠍ ᠮᠤᠳᠤᠨ ᠮᠠᠯᠵᠢᠯ᠎ᠤᠨ ᠲᠠᠯᠠᠪᠠᠢ ᠎ᠶ᠋ᠢᠨ ᠤᠬᠠᠭᠤᠯᠬᠤ ᠭᠡᠱᠢᠭᠦᠨ ᠱᠢᠤᠸᠠᠢ ᠶᠧ ᠹᠠᠩ ᠪᠠᠬᠠᠳᠤᠯ᠎ᠲᠠᠶ ᠬᠡᠯᠡᠨ᠎ᠡ᠃

2014 ᠣᠨ᠎ᠤ 1 ᠰᠠᠷ᠎ᠠ᠎ᠶ᠋ᠢᠨ 27᠎ᠤ᠋ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠮᠤᠳᠤᠨ ᠮᠠᠯᠵᠢᠯ᠎ᠤᠨ ᠲᠠᠯᠠᠪᠠᠢ᠎ᠶ᠋ᠢᠨ ᠡᠪᠡᠰᠦ ᠪᠣᠷᠳᠣᠭᠠᠨ᠎ᠤ ᠠᠵᠤ ᠦᠢᠯᠡᠰ᠎ᠦᠨ ᠰᠠᠭᠤᠷᠢᠨ᠎ᠳᠤ ᠬᠦᠷᠴᠦ᠍ ᠂ ᠡᠪᠡᠰᠦ ᠪᠣᠷᠳᠣᠭᠠᠨ᠎ᠤ ᠠᠷᠠᠯᠵᠢᠶᠠᠨ᠎ᠤ ᠲᠠᠡᠭᠭᠢᠮ᠂ ᠡᠪᠡᠰᠦ ᠪᠣᠷᠳᠣᠭ᠎ᠠ ᠵᠢ ᠮᠥᠬᠥᠯᠢᠭᠵᠢᠭᠦᠯᠦᠨ ᠡᠳ᠋ᠱᠢᠭᠦᠯᠬᠦ᠌ ᠦᠢᠯᠡᠳᠪᠦᠷᠢ᠎ᠶ᠋ᠢᠨ ᠲᠠᠰᠤᠭ᠎ᠢ ᠪᠠᠢᠴᠠᠭᠠᠨ ᠦᠵᠡᠵᠦ᠍᠂ ᠲᠤᠰ ᠰᠠᠭᠤᠷᠢᠨ᠎ᠤ ᠡᠪᠡᠰᠦ ᠪᠣᠷᠳᠣᠭᠠᠨ᠎ᠤ ᠪᠦᠲᠦᠭᠡᠭ᠌ᠳᠡᠬᠦᠨ᠎ᠦ ᠠᠷᠠᠯᠵᠢᠶᠠᠨ᠎ᠤ ᠬᠠᠳᠠᠭᠠᠯᠠᠬᠤ ᠦᠢᠯᠡᠴᠢᠯᠡᠭᠡ ᠪᠣᠯᠤᠨ ᠨᠠᠷᠢᠯᠢᠭ ᠡᠳ᠋ᠱᠢᠭᠦᠯᠬᠦ᠌ ᠦᠢᠯᠡᠳᠪᠦᠷᠢᠯᠡᠯ᠎ᠤᠨ ᠪᠠᠢᠳᠠᠯ᠎ᠢ ᠤᠢᠯᠠᠭᠠᠭᠰᠠᠨ ᠶᠤᠮ᠃ ᠲᠡᠷᠡ ᠨᠠᠷᠢᠯᠢᠭ ᠡᠳ᠋ᠱᠢᠭᠦᠯᠦᠭ᠌ᠰᠡᠨ ᠰᠢᠮ᠎ᠡ ᠰᠠᠢᠳᠠᠢ ᠮᠦᠬᠦᠯᠢᠭᠲᠦ ᠪᠤᠷᠳᠤᠭ᠎ᠠ ᠵᠢ ᠦᠵᠡᠭᠡᠳ᠄《ᠡᠨᠡ ᠴᠢᠨᠢ ᠶᠤᠰᠤᠳᠠᠢ ᠦᠭᠡᠷ ᠬᠤᠨᠢᠨ᠎ᠤ ᠢᠳᠡᠬᠦ ᠲᠤᠷᠠᠳᠠᠢ ᠠᠮᠳᠠᠳᠤ ᠪᠤᠭᠤᠷᠰᠤᠭ ᠪᠠᠢᠨ᠎ᠠ ᠳ᠋ᠠ》 ᠭᠡᠵᠦ ᠶᠦᠮᠦᠷᠯᠢᠭ ᠵᠢᠡᠷ ᠬᠡᠯᠡᠵᠦ ᠪᠢᠯᠡ᠃

ᠡᠨᠡ 《ᠠᠮᠲᠠᠲᠤ ᠪᠤᠭᠤᠷᠰᠤᠭ》 ᠎ᠢ᠋ ᠳᠠᠷᠤᠶ ᠲᠤᠬᠠᠶ᠎ᠶ᠋ᠢᠨ ᠭᠠᠵᠠᠷ᠎ᠤᠨ ᠴᠢᠨᠠᠷ ᠰᠠᠢᠲᠠᠶ ᠲᠡᠵᠢᠭᠡᠯ ᠡᠪᠡᠰᠦ᠎ᠪᠡᠷ ᠡᠳ᠋ᠰᠢᠭᠦᠯᠦᠨ ᠬᠢᠭ᠌ᠰᠡᠨ ᠶᠤᠮ᠃ ᠤᠢ᠍ᠢᠷ᠎ᠠ᠎ᠶ᠋ᠢᠨ ᠵᠢᠯ᠎ᠳ᠋ᠤ᠂ ᠮᠤᠳᠤᠨ ᠮᠠᠯᠵᠢᠯ᠎ᠤᠨ ᠲᠠᠯᠠᠪᠠᠢ ᠨᠤᠲᠤᠭ ᠪᠡᠯᠴᠢᠭᠡᠷ᠎ᠢ ᠬᠠᠮᠠᠭᠠᠯᠠᠬᠤ ᠵᠢ ᠬᠠᠢᠨ ᠰᠦᠪᠡᠭᠴᠢᠯᠡᠵᠦ᠂ ᠤᠷᠭᠤᠮᠠᠯ᠎ᠤᠨ ᠪᠦᠷᠬᠦᠴᠡ 30% ᠪᠠᠢᠭ᠍ᠰᠠᠨ᠎ᠢ 50% — 60% ᠪᠤᠯᠳᠠᠯ᠎ᠠ ᠨᠡᠮᠡᠭᠳᠡᠬᠦᠯᠵᠦ᠂ ᠬᠠᠭᠤᠷᠠᠢ ᠡᠪᠡᠰᠦᠨ᠎ᠦ ᠤᠨᠠᠯᠲᠠ ᠳᠤᠮᠳᠠᠴᠢ ᠪᠠᠷ 20% — 40% ᠨᠡᠮᠡᠭᠳᠡᠵᠡᠢ᠃ ᠬᠡᠷᠡᠭᠵᠢᠭᠦᠯᠵᠦ ᠪᠠᠢᠭ᠎ᠠ《ᠱᠢᠯᠢᠩᠬᠣᠲᠠ᠎ᠶ᠋ᠢᠨ ᠲᠠᠴᠢᠷᠰᠢᠵᠤ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠲᠥᠷᠥᠯ ᠵᠦᠶ᠋ᠯ》 ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠵᠠᠰᠠᠨ ᠰᠡᠷᠭᠦᠭᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭ᠍ᠳᠠᠨ ᠣᠷᠣᠵᠤ᠂ ᠲᠡᠯᠡᠬᠡᠢ ᠳ᠋ᠠᠬᠢᠨ᠎ᠤ ᠬᠠᠷᠠᠭᠠᠨ ᠳ᠋ᠠᠬᠢ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠤᠨ ᠲᠦᠭᠡᠮᠡᠯᠵᠢᠭᠦᠯᠵᠦ ᠪᠣᠯᠬᠤ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠵᠠᠰᠠᠨ ᠰᠡᠷᠭᠦᠭᠡᠭᠰᠡᠨ ᠥᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ᠃

ᠱᠢᠯᠢ᠎ᠶ᠋ᠢᠨ ᠭᠣᠣᠯ ᠠᠢᠮᠠᠭ ᠢᠮᠠᠬᠳᠠ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠨ ᠪᠠᠷᠢᠮᠳᠠᠯᠠᠵᠤ᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ ᠤᠢ᠍ᠢᠯᠠᠭᠠᠭ᠍ᠳᠠᠬᠤᠨ᠎ᠢ ᠪᠠᠳᠤ ᠪᠤᠢ ᠪᠤᠯᠭᠠᠵᠤ᠂ ᠠᠭᠤᠯᠠ ᠤᠰᠤ ᠤᠢ ᠱᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭᠠᠯᠠᠨ ᠵᠠᠰᠠᠬᠤ᠎ᠶ᠋ᠢ ᠲᠥᠯᠥᠪᠵᠢᠭᠦᠯᠦᠨ ᠠᠬᠢᠭᠤᠯᠪᠠ᠃ ᠡᠬᠢ ᠡᠭᠦᠰᠦᠯ᠎ᠡᠴᠡ ᠨᠢ ᠴᠢᠩᠭ᠎ᠠ ᠡᠵᠡᠮᠳᠡᠬᠦ᠂ ᠶᠠᠪᠤᠴᠠ ᠵᠢ ᠴᠢᠩᠭ᠎ᠠ ᠬᠠᠮᠢᠶᠠᠷᠬᠤ᠂ ᠨᠠᠵᠠᠭᠠᠢ ᠦᠷ᠎ᠡ ᠨᠦᠯᠦᠭᠡ ᠵᠢ ᠴᠢᠡᠭᠳᠠᠯᠠᠨ ᠵᠠᠯᠠᠷᠠᠭᠤᠯᠬᠤ ᠵᠢ ᠪᠠᠷᠢᠮᠲᠠᠯᠠᠵᠤ᠂ ᠤᠯᠤᠰ ᠎ᠤᠨ ᠭᠠᠵᠠᠷ ᠰᠢᠷᠤᠢ ᠵᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ ᠵᠢ ᠴᠢᠩᠭ᠎ᠠ ᠨᠠᠢᠳᠠᠪᠤᠷᠢᠵᠢᠭᠤᠯᠵᠤ᠂ ᠠᠭᠤᠷᠬᠠᠶ᠎ᠶ᠋ᠢᠨ ᠣᠷᠴᠢᠨ ᠠᠬᠤᠶ᠎ᠶ᠋ᠢ ᠴᠡᠭᠴᠡᠯᠡᠨ ᠵᠠᠰᠠᠵᠤ᠂ ᠪᠣᠬᠢᠷᠲᠤᠯ ᠦᠭᠡᠢ ᠠᠭᠤᠷᠬᠠᠶ᠎ᠶ᠋ᠢᠨ ᠪᠦᠲᠦᠬᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠪᠠ᠃ ᠲᠠᠷᠠᠭᠠᠴᠢ ᠵᠢᠨ ᠠᠯᠬᠤᠮ᠎ᠳᠦ ᠪᠦᠬᠦ ᠠᠢᠮᠠᠭ᠎ᠤᠨ ᠨᠤᠲᠤᠭ ᠲᠡᠪᠢᠰᠭᠡᠷ᠎ᠤᠨ ᠵᠢᠠᠨ 64.18% ᠵᠢ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ᠂ ᠠᠮᠢ ᠠᠬᠤᠢ᠎ᠣᠷᠴᠢᠨ ᠲᠣᠭᠣᠷᠢᠨ᠎ᠢ ᠣᠷᠣᠨ ᠬᠤᠪᠢᠶᠠᠵᠦ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠬᠦ ᠪᠡᠷ ᠪᠤᠢ᠃

ᠤᠳᠤ ᠰᠢᠯᠢ ᠵᠢᠨ ᠭᠤᠤᠯ ᠠᠢᠮᠠᠭ᠎ᠤᠨ ᠺᠠᠳ᠋ᠷ ᠠᠵᠢᠯᠳᠡᠳ ᠤᠯᠠᠨ ᠲᠦᠮᠡᠨ᠎ᠤ ᠬᠠᠮᠳᠤ ᠵᠢᠨ ᠴᠢᠷᠮᠠᠢᠯᠭ᠎ᠠ ᠪᠡᠷ ᠪᠦᠬᠦ ᠠᠢᠮᠠᠭ᠎ᠤᠨ ᠠᠮᠢ ᠠᠬᠤᠢ᠎ᠣᠷᠴᠢᠨ ᠲᠣᠭᠣᠷᠢᠨ ᠦᠷᠭᠦᠯᠵᠢᠯᠡᠨ ᠰᠡᠷᠭᠦᠵᠦ᠂ ᠪᠦᠬᠦ᠌ ᠠᠢᠮᠠᠭ᠎ᠤᠨ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠡ ᠪᠣᠯᠤᠨ ᠤᠢ ᠱᠢᠭᠤᠢ᠎ᠶ᠋ᠢᠨ ᠪᠦᠷᠬᠦᠴᠡ᠎ᠵᠡᠷᠭᠡ ᠪᠡᠷ 《ᠬᠣᠣᠰ ᠨᠡᠮᠡᠭ᠌ᠳᠡᠯ》ᠢ᠋ ᠪᠡᠶᠡᠯᠡᠭᠦᠯᠵᠦ᠂ ᠡᠯᠡᠰᠦᠷᠭᠡᠭᠵᠢᠭ᠌ᠰᠡᠨ ᠭᠠᠵᠠᠷ ᠱᠢᠷᠣᠶ ᠎ᠶ᠋ᠢᠨ ᠲᠠᠯᠠᠪᠠᠢ ᠪᠠ ᠡᠯᠡᠰᠦᠷᠬᠡᠭᠵᠢᠯ᠎ᠤᠨ ᠬᠡᠮᠵᠢᠶ᠎ᠡ ᠬᠠᠷᠢᠨ ᠵᠡᠷᠭᠡ ᠪᠡᠷ ᠪᠠᠭᠤᠷᠠᠪᠠ; ᠪᠡᠯᠴᠢᠭᠡᠷ ᠡᠪᠡᠰᠤᠨ᠎ᠤ ᠳᠤᠮᠳᠠᠴᠢ ᠥᠨᠳᠥᠷ᠎ᠦᠨ ᠬᠡᠮᠵᠢᠶ᠎ᠡ 8.8 ᠰᠠᠨᠲ᠋ᠢᠮᠧᠲ᠋ᠷ᠂ ᠳᠤᠮᠳᠠᠴᠢ ᠪᠦᠷᠬᠦᠴᠡ 24.9% ᠪᠤᠯᠵᠦ᠂ ᠡᠨᠡ ᠨᠢ ᠠᠳᠠᠯᠢ ᠬᠤᠭᠤᠴᠠᠭᠠᠨ᠎ᠤ ᠬᠢ᠎ᠡᠴᠡ 1.4 ᠰᠠᠨᠲ᠋ᠢᠮᠧᠲ᠋ᠷ ᠪᠠ ᠵᠠᠭᠤᠨ᠎ᠤ ᠬᠠᠷᠢᠴᠠᠯ ᠵᠢᠡᠷ 1.6 ᠬᠤᠪᠢ ᠳᠡᠭᠡᠭ᠌ᠰᠢᠯᠡᠵᠡᠶ; ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠪᠦᠲᠦᠮᠵᠢᠲᠡᠶ ᠬᠠᠮᠠᠭᠠᠯᠠᠵᠤ᠂ ᠤᠯᠤᠰ᠎ᠤᠨ ᠲᠠᠰ᠎ᠤᠨ ᠲᠠᠯ᠎ᠠ ᠨᠤᠲᠤᠭ᠎ᠤᠨ ᠴᠡᠴᠡᠷᠯᠢᠭ᠎ᠦᠨ 5 ᠲᠤᠷᠱᠢᠯᠲᠠ᠎ᠶ᠋ᠢᠨ ᠴᠡᠭ᠂ ᠤᠯᠤᠰ᠎ᠤᠨ ᠨᠤᠭᠤ ᠭᠠᠵᠠᠷ᠎ᠤᠨ ᠴᠡᠴᠡᠷᠯᠢᠭ 4᠂ ᠤᠯᠤᠰ᠎ᠤᠨ ᠡᠯᠡᠰᠦᠨ ᠴᠥᠯ᠎ᠦᠨ ᠴᠡᠴᠡᠷᠯᠢᠭ 2᠎ᠢ᠋ ᠱᠢᠨ᠎ᠡ᠎ᠪᠡᠷ ᠪᠦᠲᠦᠬᠡᠨ ᠪᠠᠢᠭᠤᠯᠤᠭᠰᠠᠨ ᠪᠠᠢᠨ᠎ᠠ᠃

ᠪᠢᠳᠡ ᠲᠤᠯᠤᠨ ᠨᠤᠤᠷ ᠱᠢᠶᠠᠨ᠎ᠤ ᠵᠠᠭᠤᠨ ᠲᠦᠮᠡᠨ ᠮᠦ᠍ ᠵᠢᠭᠠᠷᠲᠤ ᠨᠠᠷᠠᠰᠤᠨ᠎ᠤ ᠰᠠᠭᠤᠷᠢᠨ᠎ᠳᠦ ᠬᠦᠷᠬᠦ᠎ᠳᠦ᠂ ᠠᠭᠤᠯᠠ ᠤᠰᠤ ᠤᠨᠢᠶᠠᠷᠳᠤᠨ ᠬᠦᠭᠡᠷᠡᠭᠡᠳ ᠬᠠᠷᠠᠭᠠᠨ᠎ᠤ ᠦᠵᠦᠭᠦᠷ ᠨᠤᠮᠢᠨ ᠦᠡᠭᠭᠡ ᠪᠡᠷ ᠲᠤᠯᠬᠢᠶᠠᠯᠠᠨ᠎ᠠ᠃ ᠭᠡᠳᠡᠯ᠎ᠡ 20 ᠵᠢᠯ ᠡᠮᠦᠨ᠎ᠡ ᠡᠨᠳᠡᠬᠢ ᠨᠢ ᠡᠯᠡᠰᠦᠷᠬᠡᠭᠵᠢᠨ ᠲᠠᠴᠢᠷᠰᠢᠭᠰᠠᠨ ᠮᠠᠡᠭᠬᠠᠨ ᠲᠤᠯᠤᠭᠠᠳ ᠪᠠᠢᠭᠰᠠᠨ ᠠᠵᠠᠢ᠃ ᠲᠤᠯᠤᠨ ᠨᠤᠤᠷ ᠱᠢᠶᠠᠨ ᠪᠣᠯ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠳᠤ ᠪᠠᠢᠷᠢᠯᠠᠵᠤ᠂ ᠮᠠᠨ᠎ᠤ ᠤᠷᠤᠨ᠎ᠤ ᠪᠡᠭᠡᠵᠢᠩ᠎ᠡᠴᠡ ᠬᠠᠮᠤᠭ᠎ᠤᠨ ᠤᠢ᠍ᠢᠷ᠎ᠠ ᠬᠣᠱᠢᠭᠤ ᠱᠢᠶᠠᠨ ᠪᠠᠢᠵᠤ᠂ ᠨᠡᠢᠰᠯᠡᠯ ᠪᠡᠭᠡᠵᠢᠡᠭ ᠡᠴᠡ ᠠᠰ ᠵᠠᠢ ᠨᠢ ᠵᠦᠪᠬᠡᠨ180 ᠺᠢᠯᠤᠮᠸᠲᠷ ᠯᠡ ᠪᠠᠢᠳᠠᠭ᠃ ᠡᠢᠮᠦ᠎ᠳᠦ ᠲᠤᠰ ᠰᠢᠶᠠᠨ ᠪᠠᠢᠭᠠᠯᠢ᠎ᠶ᠋ᠢᠨ ᠵᠢᠮ᠎ᠡ ᠶᠣᠰᠣ ᠪᠠ ᠠᠵᠤ ᠠᠬᠤᠶ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠠᠭᠤᠯᠠ ᠤᠰᠤ ᠤᠢ ᠱᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢᠨ ᠱᠢᠰᠲ᠋ᠧᠮ᠎ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠶᠡᠬᠡ ᠬᠡᠪᠴᠢᠶᠡᠨ᠎ᠦ ᠠᠮᠢ ᠠᠬᠤᠶ᠎ᠶ᠋ᠢᠨ ᠪᠦᠳᠦᠭᠡᠨ ᠪᠠᠢᠭᠤᠯᠤᠯᠲᠠ ᠬᠢᠵᠦ᠂ ᠣᠢᠲᠤ ᠭᠠᠵᠠᠷ᠎ᠤᠨ ᠲᠠᠯᠠᠪᠠᠢ 2000 ᠣᠨ᠎ᠳᠤ ᠵᠦᠪᠬᠡᠨ 54 ᠲᠦᠮᠡᠨ ᠮᠦ᠍ ᠪᠠᠢᠭ᠍ᠰᠠᠨ᠎ᠠᠴᠠ᠎ᠪᠠᠨ ᠤᠳᠤ 221 ᠲᠦᠮᠡᠨ ᠮᠦ᠍ ᠪᠣᠯᠤᠨ ᠨᠡᠮᠡᠭ᠌ᠳᠡᠵᠦ᠍᠂ ᠤᠢ ᠱᠢᠭᠤᠶ᠎ᠶ᠋ᠢᠨ ᠪᠦᠷᠬᠦᠴᠡ 2000 ᠣᠨ᠎ᠳᠦ 6.8% ᠪᠠᠢᠭ᠍ᠰᠠᠨ᠎ᠠᠴᠠ᠎ᠪᠠᠨ 37.9% ᠪᠣᠯᠤᠨ ᠳᠡᠭᠡᠭ᠌ᠰᠢᠯᠡᠵᠦ᠍᠂ ᠲᠦᠷᠦᠯ ᠵᠦᠢᠯ᠎ᠦᠨ ᠣᠷᠣᠨ᠎ᠤ ᠤᠢ ᠱᠢᠭᠤᠶ ᠡᠪᠡᠰᠦ ᠤᠷᠭᠤᠮᠠᠯ᠎ᠤᠨ ᠪᠦᠷᠬᠦᠴᠡ 2000 ᠣᠨ᠎ᠳᠤ 30%᠎ᠲᠦ ᠬᠦᠷᠬᠦ᠌ ᠦᠭᠡᠢ ᠪᠠᠢᠭ᠍ᠰᠠᠨ᠎ᠠᠴᠠ᠎ᠪᠠᠨ ᠤᠳᠤ᠎ᠶ᠋ᠢᠨ 85% ᠡᠴᠡ ᠳᠡᠭᠡᠭ᠌ᠰᠢ ᠪᠣᠯᠤᠨ ᠳᠡᠭᠡᠭ᠌ᠰᠢᠯᠡᠵᠦ᠍᠂ ᠨᠢᠴᠦᠬᠦᠨ ᠮᠠᠡᠭᠬ᠎ᠠ ᠨᠤᠭᠤᠭᠠᠨ ᠪᠦᠷᠢᠳᠤ ᠯᠡ ᠪᠠᠢᠭᠰᠠᠨ ᠡᠴᠡ ᠪᠡᠨ ᠨᠤᠮᠢᠨ ᠲᠤᠯᠬᠢᠶ᠎ᠠ ᠬᠠᠶᠠᠯᠠᠭᠰᠠᠨ ᠲᠠᠡᠭᠰᠤᠭ ᠨᠤᠲᠤᠭ ᠪᠤᠯᠪᠠ᠃

ᠥᠪᠥᠷ ᠮᠣᠩᠭᠣᠯ᠎ᠤᠨ ᠭᠦᠸᠧ ᠬᠤᠸᠠ ᠴᠢᠬᠢ ᠮᠣᠳᠣ ᠦᠷᠡᠵᠢᠭᠦᠯᠦᠨ ᠪᠣᠢᠵᠢᠭᠤᠯᠬᠤ ᠰᠠᠭᠤᠷᠢᠨ᠎ᠳᠤ ᠬᠦᠷᠬᠦ᠌᠎ᠳᠦ ᠡᠯᠳᠡᠪ ᠲᠦᠷᠦᠯ᠎ᠤᠨ ᠴᠢᠬᠢ ᠮᠤᠳᠤᠨ᠎ᠤ ᠤᠷᠭᠤᠴᠠ ᠮᠠᠰᠢ ᠰᠠᠢᠨ ᠪᠠᠢᠵᠤ᠂ ᠠᠵᠢᠯᠴᠢᠳ ᠶᠠᠭ ᠰᠠᠶᠢᠬᠠᠨ ᠡᠪᠡᠰᠦ ᠠᠷᠢᠯᠭᠠᠭᠠᠳ ᠶᠠᠭᠠᠷᠠᠤ ᠪᠠᠢᠯ᠎ᠠ᠃ 60 ᠨᠠᠰᠤᠲᠠᠶ ᠯᠢᠦᠶ ᠹᠸᠡᠭ ᠶᠢᠩ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠵᠤ᠂ ᠲᠡᠷᠡ ᠲᠤᠰ ᠰᠠᠭᠤᠷᠢᠨ ᠳ᠋ᠤ 15 ᠵᠢᠯ ᠠᠵᠢᠯᠯᠠᠵᠠᠶ᠃

《ᠡᠨᠳᠡ ᠠᠵᠢᠯᠯᠠᠬᠤ ᠨᠢ ᠨᠠᠳᠠᠳᠤ᠎ᠳᠦ ᠲᠤᠢᠯ᠎ᠤᠨ ᠲᠠᠭᠠᠯᠠᠮᠵᠢᠳᠠᠢ ᠰᠠᠨᠠᠭᠳᠠᠳᠠᠭ᠂ ᠬᠦᠯᠦᠰᠤ ᠤᠯᠭᠤᠮᠵᠢ᠎ᠴᠦ ᠬᠠᠨᠤᠮᠵᠢᠳᠠᠢ ᠪᠤᠯᠬᠤᠷ ᠭᠡᠷ ᠲᠡᠭᠡᠨ ᠲᠠᠷᠢᠶ᠎ᠠ ᠲᠠᠷᠢᠬᠤ ᠡᠴᠡ ᠬᠤᠯᠠ ᠲᠡᠭᠡᠷ᠎ᠡ᠂ ᠮᠢᠨᠤ ᠬᠦᠦ ᠪᠤᠯᠤᠨ ᠪᠡᠷᠢ ᠪᠦᠷ ᠡᠨᠳᠡ ᠠᠵᠢᠯᠯᠠᠵᠤ ᠪᠠᠢᠨ᠎ᠠ》 ᠭᠡᠵᠦ᠍ ᠯᠢᠦᠶ ᠹᠸᠩ ᠶᠢᠡᠭ ᠪᠠᠶᠠᠷᠳᠠᠢ ᠶᠠᠷᠢᠨ᠎ᠠ᠃

ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭᠭᠦᠨ ᠠᠭᠤᠯᠠ ᠮᠦᠨ᠃ ᠠᠮᠢ ᠠᠬᠤᠢ ᠵᠢᠨ ᠰᠠᠷᠭᠦᠯᠳᠡ ᠬᠢᠭᠡᠳ ᠪᠤᠬᠢᠷᠳᠤᠯ ᠦᠭᠡᠢ ᠬᠦᠭᠵᠢᠯᠳᠡ ᠨᠢ ᠠᠬᠢᠭᠠᠳ ᠬᠦᠮᠦᠨ ᠠᠷᠠᠳ ᠲᠠᠭᠠᠨ ᠬᠦᠷᠳᠡᠭᠡᠯ ᠭᠡᠰᠢᠭ ᠵᠢᠠᠨ ᠰᠤᠶᠤᠷᠬᠠᠳᠠᠭ ᠪᠠᠢᠨ᠎ᠠ᠃ ᠰᠠᠶᠢᠬᠠᠨ ᠤᠷᠤᠭᠰᠠᠨ ᠪᠤᠷᠤᠭᠠᠨ ᠤᠯᠠᠭᠠᠢ ᠵᠢᠨ ᠲᠠᠯ᠎ᠠ ᠨᠤᠲᠤᠭ᠎ᠢ ᠤᠯᠠᠮ ᠭᠤᠶᠤ ᠪᠤᠯᠭᠠᠵᠠᠢ᠃ ᠵᠢᠭᠤᠯᠴᠢᠯᠠᠯ᠎ᠤᠨ ᠬᠦᠭᠵᠢᠶᠡᠨᠳᠤ ᠴᠠᠬ ᠬᠦᠷᠴᠤ ᠢᠷᠡᠭᠰᠡᠨ ᠪᠤᠯᠬᠤᠷ ᠡᠨᠳᠡ ᠲᠡᠨᠳᠡᠬᠢ ᠵᠢᠨ ᠵᠢᠭᠤᠯᠴᠢᠯᠠᠬᠰᠠᠳ ᠦᠵᠡᠰᠭᠦᠯᠡᠡᠭᠲᠤ ᠰᠠᠢᠬᠠᠨ ᠲᠠᠯ᠎ᠠ ᠨᠤᠲᠤᠭ᠎ᠢ ᠵᠤᠷᠢᠨ ᠢᠷᠡᠭᠰᠡᠭᠡᠷ ᠪᠠᠢᠯ᠎ᠠ᠃

ᠾᠸᠨᠠᠨ ᠮᠤᠵᠢ ᠵᠢᠨ ᠵᠸᠡᠭᠵᠸᠤ ᠬᠤᠳᠠ ᠡᠴᠡ ᠮᠠᠰᠢᠨ ᠵᠢᠠᠨ ᠵᠢᠯᠤᠭᠤᠳᠤᠠ 1600 ᠭᠠᠷᠤᠢ ᠺᠢᠯᠤᠮᠸᠲᠷ ᠠᠶᠠᠯᠠᠭᠠᠳ ᠡᠨᠳᠡ ᠬᠦᠷᠴᠤ ᠢᠷᠡᠭᠰᠡᠨ ᠹᠸᠡᠭ ᠰᠢᠤ ᠡᠸᠨ᠄ 《ᠡᠨᠳᠡᠬᠢ ᠦᠡᠭᠭᠡ ᠦᠵᠡᠮᠵᠢ᠂ ᠠᠭᠤᠷ ᠠᠮᠢᠰᠬᠤᠯ ᠦᠨᠡᠭᠡᠷ ᠭᠤᠶᠤ ᠪᠠᠢᠨ᠎ᠠ᠂ ᠠᠶᠠᠨ᠎ᠤ ᠠᠯᠵᠢᠶᠠᠯ ᠠᠯᠢ ᠬᠡᠵᠢᠶᠡᠨᠡᠢ ᠤᠷᠤ ᠲᠠᠰᠤ ᠮᠠᠷᠳᠠᠭᠳᠠᠴᠢᠬᠠᠯ᠎ᠠ》 ᠭᠡᠵᠦ ᠪᠠᠢᠯ᠎ᠠ᠃

ᠤᠯᠠᠭᠠᠶ ᠬᠠᠮᠢᠶᠠᠷᠤᠯᠲᠠ᠎ᠶ᠋ᠢᠨ ᠣᠷᠣᠨ ᠠᠮᠢ ᠠᠬᠤᠢ ᠵᠢᠨ ᠡᠬᠢ ᠪᠠᠶᠠᠯᠢᠭ ᠲᠠᠭᠠᠨ ᠲᠦᠰᠢᠭᠯᠡᠵᠤ᠂ ᠠᠮᠢ ᠠᠬᠤᠢ ᠵᠢᠨ ᠨᠡᠷᠡᠲᠦ ᠲᠦᠷᠦᠯ ᠲᠡᠮᠳᠡᠭ᠎ᠢ ᠴᠢᠷᠮᠠᠢᠨ ᠡᠭᠦᠳᠴᠤ᠂ 《ᠠᠮᠢᠯᠠᠯ᠎ᠤᠨ ᠨᠤᠭᠤᠭᠠᠨ ᠦᠡᠭᠭᠡ ᠪᠤᠯ ᠰᠠᠶᠢ ᠦᠯᠡᠮᠵᠢ ᠪᠠᠶᠠᠨ ᠦᠪ ᠬᠦᠷᠦᠡᠭᠭᠡ》 ᠭᠡᠬᠦ ᠲᠠᠨᠢᠯᠳᠠ ᠵᠢ ᠬᠦᠮᠦᠰ᠎ᠤᠨ ᠰᠡᠳᠬᠢᠯ᠎ᠳᠦ ᠬᠠᠳᠠᠡᠭᠰᠢᠭᠤᠯᠵᠤ᠂ ᠮᠦᠨ ᠴᠦ᠍ ᠰᠢᠯᠢ ᠵᠢᠨ ᠭᠤᠤᠯ ᠠᠢᠮᠠᠭ᠎ᠤᠨ ᠬᠠᠮᠤᠬ ᠠᠩᠬᠠᠨ᠎ᠤ ᠤᠯᠤᠰ᠎ᠤᠨ ᠲᠡᠰ᠎ᠤᠨ ᠠᠮᠢ ᠠᠬᠤᠢ ᠵᠢᠨ ᠵᠢᠱ᠌ᠢᠶ᠎ᠡ᠎ᠡᠦ᠋ᠵᠡᠭᠦᠯᠬᠦ ᠤᠷᠤᠨ ᠲᠤᠭᠤᠷᠢᠭ᠎ᠤᠨ ᠲᠦᠯᠦᠪᠵᠢᠭᠦᠯᠭᠡ ᠵᠢᠨ ᠦᠨᠡᠯᠡᠯᠳᠡ ᠵᠢ ᠦᠡᠭᠭᠡᠷᠡᠭᠦᠯᠦᠭᠰᠡᠨ ᠬᠤᠰᠢᠭᠤ ᠰᠢᠶᠠᠨ ᠪᠤᠯᠬᠤ ᠶᠤᠮ᠃ ᠤᠳᠤ ᠡᠨᠳᠡᠬᠢ ᠵᠢᠭᠤᠯᠴᠢᠯᠠᠯ᠎ᠤᠨ ᠦᠢᠯᠡᠰ ᠦᠷᠨᠢᠭᠦᠨ ᠬᠦᠭᠵᠢᠵᠦ᠂ ᠵᠢᠭᠤᠯᠴᠢᠯᠠᠯ ᠎ᠤᠨ ᠦᠢᠯᠡᠰ ᠡᠷᠬᠢᠯᠡᠬᠦ ᠨᠢ ᠨᠡᠡᠭ ᠤᠯᠠᠨ ᠬᠦᠮᠦᠰ᠎ᠤᠨ ᠤᠷᠤᠯᠭ᠎ᠠ ᠪᠡᠨ ᠨᠡᠮᠡᠭᠳᠡᠭᠦᠯᠵᠦ ᠪᠠᠶᠠᠵᠢᠬᠤ ᠲᠡᠷᠢᠭᠦᠨ ᠰᠤᠡᠭᠭᠤᠯᠳᠠ ᠪᠤᠯᠵᠠᠢ᠃

ᠵᠢᠯ ᠪᠦᠷᠢ᠎ᠶ᠋ᠢᠨ 4 ᠰᠠᠷ᠎ᠠ᠎ᠶ᠋ᠢᠨ ᠡᠬᠢ᠎ᠪᠡᠷ ᠱᠢᠯᠢ᠎ᠶ᠋ᠢᠨ ᠭᠣᠸ᠋ᠯ᠎ᠤᠨ ᠲᠠᠯ᠎ᠠ ᠨᠤᠲᠤᠭ᠎ᠲᠤ 《ᠴᠠᠯᠢᠩ ᠲᠠᠢ ᠠᠮᠠᠷᠠᠯᠳᠠ》 ᠡᠬᠢᠯᠡᠳᠡᠭ᠃ ᠲᠡᠷᠡ ᠨᠢ ᠲᠠᠷᠤᠢ ᠬᠠᠪᠤᠷ᠎ᠤᠨ ᠬᠤᠭᠤᠴᠠᠭᠠᠨ᠎ᠤ ᠪᠡᠯᠴᠢᠭᠡᠷ ᠰᠡᠷᠭᠦᠭᠡᠬᠦ ᠵᠢ ᠵᠢᠭᠠᠵᠤ ᠪᠤᠢ᠂ ᠤᠳᠤᠬᠠᠨ ᠳ᠋ᠤ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠬᠤ ᠬᠤᠭᠤᠴᠠᠭ᠎ᠠ᠎ᠶ᠋ᠢ 45 ᠡᠳᠦᠷ ᠪᠣᠯᠲᠠᠯ᠎ᠠ ᠤᠷᠲᠤᠳᠭᠠᠬᠤ᠎ᠶ᠋ᠢᠨ ᠬᠠᠮᠲᠤ ᠪᠡᠯᠴᠢᠭᠡᠷᠯᠡᠭᠦᠯᠬᠦ᠌᠎ᠶ᠋ᠢ ᠵᠣᠭ᠍ᠰᠣᠭᠠᠬᠤ᠎ᠶ᠋ᠢ ᠬᠡᠷᠡᠭ᠌ᠵᠢᠭᠦᠯᠦᠭ᠌ᠰᠡᠨ ᠮᠠᠯᠵᠢᠬᠤ ᠡᠷᠦᠬᠡ᠎ᠳᠦ ᠨᠥᠬᠥᠪᠥᠷᠢ ᠣᠯᠭᠣᠵᠤ ᠪᠠᠢᠨ᠎ᠠ᠃ ᠡᠭᠦᠨ᠎ᠦ ᠵᠡᠷᠭᠡᠪᠡᠷ ᠪᠡᠯᠴᠢᠭᠡᠷ᠎ᠦᠨ ᠲᠠᠭᠠᠭᠠᠴᠠ᠎ᠶ᠋ᠢ ᠱᠢᠨᠵᠢᠯᠡᠬᠦ᠌ ᠤᠬᠠᠭᠠᠨᠴᠢ ᠪᠠᠷ ᠬᠢᠨᠠᠨ ᠲᠣᠭ᠍ᠲᠠᠭᠠᠬᠤ᠎ᠶ᠋ᠢᠨ ᠬᠠᠮᠲᠤ ᠨᠠᠩ ᠨᠠᠷᠢᠯᠢᠭ᠂ ᠨᠠᠩ ᠣᠶᠤᠨᠯᠢᠭ ᠠᠷᠠᠴᠢᠯᠠᠭ᠎ᠠ ᠮᠠᠯᠵᠢᠯ᠎ᠤᠨ ᠠᠷᠭ᠎ᠠ ᠲᠤᠷᠰᠢᠯᠭ᠎ᠠ ᠵᠢ ᠳᠡᠯᠭᠡᠷᠡᠭᠦᠯᠵᠦ᠍ ᠂ ᠮᠠᠯᠴᠢᠳ᠎ᠤᠨ ᠣᠷᠣᠯᠭ᠎ᠠ ᠵᠢ ᠨᠡᠮᠡᠭᠳᠡᠭᠦᠯᠵᠦ ᠪᠤᠢ᠃

ᠰᠢᠯᠢ ᠵᠢᠨ ᠭᠤᠤᠯ ᠠᠢᠮᠠᠭ᠎ᠤᠨ ᠣᠶ ᠱᠢᠭᠤᠶ ᠨᠤᠳᠤᠬ ᠪᠡᠯᠴᠢᠭᠡᠷ᠎ᠦᠨ ᠲᠣᠪᠴᠢᠶ᠎ᠠ᠎ᠶ᠋ᠢᠨ ᠶᠡᠷᠦᠩᠬᠡᠶ ᠢᠨᠵᠧᠨᠧᠷ ᠬᠥᠩ ᠾᠧ ᠫᠢᠩ᠄ 《ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠡᠨᠡ ᠠᠷᠪᠠᠨ ᠵᠢᠯ ᠪᠣᠯ ᠱᠢᠯᠢ᠎ᠶ᠋ᠢᠨ ᠭᠣᠣᠯ ᠠᠢᠮᠠᠭ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ ᠪᠣᠳᠠᠲᠤ ᠦᠷ᠎ᠡ ᠪᠦᠲᠦᠮᠵᠢ ᠣᠯᠤᠭ᠍ᠰᠠᠨ ᠴᠢᠬᠤᠯᠠ ᠠᠷᠪᠠᠨ ᠵᠢᠯ ᠮᠥᠨ᠂ ᠪᠠᠰᠠ ᠴᠤ᠌ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ ᠨᠢᠭᠡ ᠠᠯᠬᠤᠮ ᠪᠠᠳᠤᠳᠬᠠᠵᠤ ᠰᠠᠭᠤᠷᠢ᠎ᠶ᠋ᠢ ᠪᠡᠬᠢᠵᠢᠭᠦᠯᠦᠭᠰᠡᠨ ᠵᠠᠩᠭᠢᠯᠠᠭ᠎ᠠ᠎ᠶ᠋ᠢᠨ ᠠᠷᠪᠠᠨ ᠵᠢᠯ ᠮᠥᠨ》 ᠭᠡᠵᠥ ᠬᠡᠯᠡᠵᠦ ᠪᠠᠢᠯ᠎ᠠ᠃

ᠡᠬᠡ ᠤᠯᠤᠰ᠎ᠤᠨ 《ᠤᠮᠠᠷᠠᠲᠤ ᠬᠠᠭᠠᠯᠭ᠎ᠠ》 ᠵᠢ ᠪᠠᠲᠤ ᠰᠠᠬᠢᠵᠤ ᠨᠡᠢᠰᠯᠡᠯ ᠪᠡᠭᠡᠵᠢᠡᠭ᠎ᠤᠨ 《 ᠬᠠᠮᠠᠭᠠᠯᠠᠯᠳᠠ ᠵᠢᠨ ᠭᠤᠤᠯ》 ᠪᠤᠯᠤᠨ᠎ᠠ

ᠥᠷᠯᠥᠭᠡ ᠡᠷᠲᠡ ᠠᠵᠢᠯ ᠳ᠋ᠠᠭᠠᠨ ᠭᠠᠷᠤᠭᠰᠠᠨ ᠲᠤᠯᠤᠨ ᠨᠤᠤᠷ ᠱᠢᠶᠠᠨ᠎ᠤ 15 ᠳ᠋ᠤᠭᠠᠷ ᠨᠣᠮᠧᠷᠲᠤ ᠪᠡᠭᠡᠵᠢᠩ᠎ᠢ ᠲᠤᠭᠤᠢᠯᠠᠬᠰᠠᠨ ᠪᠠᠢᠴᠠᠭᠠᠬᠤ ᠦᠷᠳᠡᠭᠡ᠎ᠶ᠋ᠢᠨ ᠵᠢᠵᠢᠭᠦᠷ ᠴᠠᠭ᠍ᠳᠠᠭ᠎ᠠ ᠨᠠᠷ ᠪᠠᠴᠢᠮ ᠶᠠᠭᠠᠷᠠᠯᠳᠠᠢ ᠨᠢᠭᠡ ᠡᠳᠦᠷ᠎ᠤᠨ ᠠᠵᠢᠯ ᠵᠢᠠᠨ ᠡᠬᠢᠯᠡᠭᠦᠯᠦᠯ᠎ᠡ᠃ ᠨᠡᠢᠰᠯᠡᠯ ᠪᠡᠭᠡᠵᠢᠩ᠎ᠡᠴᠡ ᠬᠠᠮᠤᠭ᠎ᠤᠨ ᠤᠢ᠍ᠢᠷ᠎ᠠ ᠮᠠᠨ᠎ᠤ ᠤᠷᠤᠨ᠎ᠤ ᠵᠠᠰᠠᠮᠠᠯ ᠵᠠᠮ᠎ᠤᠨ ᠪᠠᠢᠴᠠᠭᠠᠯᠲᠠ᠎ᠶ᠋ᠢᠨ ᠦᠷᠳᠡᠬᠡ ᠪᠣᠯᠬᠤ ᠪᠠᠢᠴᠠᠭᠠᠬᠤ ᠦᠷᠳᠡᠭᠡ ᠪᠡᠷ ᠡᠳᠦᠷ ᠪᠦᠷᠢ 1000 ᠭᠠᠷᠤᠢ ᠮᠠᠰᠢᠨ ᠲᠡᠷᠭᠡ ᠵᠤᠷᠴᠢᠵᠤ ᠪᠤᠢ᠃

《ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ ᠪᠡᠨ ᠭᠢᠯᠠᠯᠵᠠᠳᠠᠯ᠎ᠠ ᠪᠡᠶᠡᠯᠡᠭᠦᠯᠵᠦ᠂ ᠲᠡᠷᠭᠡ ᠬᠦᠰᠬᠡ ᠪᠤᠯᠭᠠᠨ᠎ᠢ ᠨᠢᠮᠪᠠᠢ ᠪᠠᠢᠴᠠᠭᠠᠬᠤ ᠬᠡᠷᠡᠭᠲᠡᠢ᠂ ᠢᠭᠭᠢᠪᠡᠯ ᠰᠠᠶᠢ ᠨᠡᠢᠰᠯᠡᠯ ᠤᠷᠤᠬᠤ ᠲᠡᠷᠭᠡᠨ ᠬᠦᠰᠬᠡ ᠵᠢᠨ ᠠᠮᠤᠷ ᠲᠦᠪᠰᠢᠨ᠎ᠢ ᠪᠠᠳᠤᠯᠠᠵᠤ ᠴᠢᠳᠠᠨ᠎ᠠ》ᠬᠡᠵᠥ ᠪᠠᠢᠴᠠᠭᠠᠬᠤ ᠥᠷᠲᠡᠭᠡᠨ᠎ᠦ ᠳᠠᠷᠤᠭ᠎ᠠ ᠪᠥ᠋ ᠬᠠᠢ ᠳ᠋ᠦᠩ᠎ᠶᠠᠷᠢᠨ᠎ᠠ᠃

ᠱᠢᠯᠢ᠎ᠶ᠋ᠢᠨ ᠭᠣᠸ᠋ᠯ ᠠᠢᠮᠠᠭ ᠨᠡᠢᠰᠯᠡᠯ ᠪᠡᠭᠡᠵᠢᠩ᠎ᠦᠨ ᠠᠰ ᠬᠤᠢᠨ᠎ᠡ ᠪᠠᠢᠷᠢᠯᠠᠵᠤ᠂ 1103 ᠺᠢᠯᠣᠮᠧᠲ᠋ᠷ᠎ᠦᠨ ᠬᠢᠯᠢ᠎ᠶ᠋ᠢᠨ ᠱᠤᠭᠤᠮ ᠪᠠ ᠮᠣᠩᠭᠣᠯ ᠤᠯᠤᠰ ᠲᠦ᠍ ᠬᠠᠨᠳᠤᠭᠤᠯᠤᠬᠰᠠᠨ 2 ᠬᠠᠭᠤᠷᠠᠶ ᠵᠠᠮ᠎ᠤᠨ ᠪᠣᠭᠣᠮᠲᠠ᠎ᠲᠠᠶ ᠪᠠᠢᠵᠤ᠂ ᠬᠢᠯᠢ᠎ᠶ᠋ᠢᠨ ᠬᠠᠮᠢᠶᠠᠷᠤᠨ ᠡᠵᠡᠮᠳᠡᠬᠦ᠌ ᠴᠡᠭ ᠣᠯᠠᠨ᠂ ᠬᠢᠯᠢ ᠵᠢᠨ ᠱᠤᠭᠤᠮ ᠣᠷᠳᠣ᠂ ᠬᠠᠮᠤᠷᠬᠤ ᠬᠡᠪᠴᠢᠶ᠎ᠡ ᠥᠷᠭᠡᠨ ᠪᠠᠢᠵᠤ᠂ ᠨᠡᠢᠰᠯᠡᠯ ᠪᠡᠭᠡᠵᠢᠩ᠎ᠳᠦ ᠨᠡᠪᠲᠡᠷᠡᠬᠦ ᠳᠣᠲᠣᠭᠠᠳᠤ᠎ᠶ᠋ᠢ ᠬᠠᠮᠠᠭᠠᠯᠠᠬᠤ ᠪᠠᠢᠴᠠᠭᠠᠬᠤ ᠥᠷᠲᠡᠭᠡ᠎ᠶ᠋ᠢᠨ ᠪᠥᠬᠥ᠌ ᠣᠷᠣᠨ᠎ᠤ ᠬᠠᠭᠠᠰ ᠨᠢ ᠡᠨᠳᠡ ᠪᠤᠢ᠃ ᠡᠢᠮᠦ ᠡᠴᠡ ᠱᠢᠯᠢ᠎ᠶ᠋ᠢᠨ ᠭᠣᠸ᠋ᠯ ᠠᠢᠮᠠᠭ᠎ᠤᠨ ᠠᠮᠤᠷ ᠲᠦᠪᠱᠢᠨ ᠲᠣᠭ᠍ᠲᠠᠭᠤᠨ ᠪᠠᠢᠳᠠᠯ ᠨᠢ ᠨᠡᠢᠰᠯᠡᠯ᠎ᠦᠨ ᠠᠮᠤᠷ ᠲᠦᠪᠱᠢᠨ ᠲᠣᠭ᠍ᠲᠠᠭᠤᠨ ᠪᠠᠢᠳᠠᠯ᠎ᠲᠠᠶ ᠱᠢᠭᠤᠳ ᠬᠣᠯᠪᠣᠭ᠍ᠳᠠᠵᠤ ᠪᠠᠢᠳᠠᠭ ᠭᠡᠵᠦ᠍ ᠬᠡᠯᠡᠵᠦ᠍ ᠪᠤᠯᠬᠤ ᠶᠤᠮ᠃

ᠲᠠᠷᠬᠠᠨ ᠬᠢᠯᠢ ᠪᠡᠨ ᠪᠠᠳᠤᠯᠠᠨ ᠬᠠᠮᠠᠭᠠᠯᠠᠵᠤ᠂ ᠬᠢᠯᠢ ᠬᠢᠵᠠᠭᠠᠷ ᠵᠢᠠᠨ ᠪᠠᠳᠤ ᠰᠠᠬᠢᠨ᠎ᠠ᠃ ᠱᠢᠯᠢ᠎ᠶ᠋ᠢᠨ ᠭᠣᠣᠯ ᠠᠢᠮᠠᠭ᠎ᠤᠨ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠮᠠᠯᠴᠢᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠦᠨ ᠪᠡᠬᠢᠵᠢᠭᠦᠯᠵᠦ᠍᠂ ᠡᠭᠡ ᠤᠯᠤᠰ᠎ᠤᠨ᠎ᠢᠶᠠᠨ 《ᠤᠮᠠᠷᠠᠲᠤ ᠬᠠᠭᠠᠯᠭ᠎ᠠ》 ᠵᠢ ᠰᠠᠢᠲᠤᠷ ᠰᠠᠬᠢᠵᠤ᠂ ᠨᠡᠢᠰᠯᠡᠯ᠎ᠦᠨ ᠪᠠᠳᠤ ᠪᠡᠬᠢ 《 ᠬᠠᠮᠠᠭᠠᠯᠠᠯᠳᠠ ᠵᠢᠨ ᠭᠤᠤᠯ》 ᠪᠤᠯᠵᠤ ᠪᠠᠢᠨ᠎ᠠ᠃

ᠲᠡᠭᠡᠬᠦ᠎ᠳᠦ ᠂ ᠠᠭᠤᠳᠠᠮ ᠪᠠᠶᠠᠨ ᠰᠢᠯᠢ ᠨᠤᠲᠤᠭ᠎ᠲᠦ ᠬᠦᠯᠦᠭ᠎ᠤᠨ ᠨᠢᠷᠤᠭᠤᠨ᠎ᠳᠤ ᠤᠬᠠᠭᠠᠨ ᠰᠤᠷᠢᠵᠤ᠂ ᠬᠢᠯᠢ ᠬᠢᠵᠠᠭᠠᠷ᠎ᠤᠨ ᠠᠮᠤᠷ ᠲᠦᠪᠰᠢᠨ᠎ᠳᠦ ᠬᠦᠴᠤ ᠪᠡᠨ ᠡᠷᠭᠦᠵᠦ ᠶᠠᠪᠤᠭ᠎ᠠ ᠮᠤᠷᠢᠳᠤ ᠴᠠᠭᠳᠠᠭᠠᠨ᠎ᠤ ᠠᠡᠭᠭᠢ ᠵᠢᠨ ᠬᠢᠨ ᠤᠳᠤ ᠰᠢᠯᠢ ᠵᠢᠨ ᠭᠤᠤᠯ ᠠᠢᠮᠠᠭ᠎ᠤᠨ ᠵᠡᠭᠦᠨ ᠬᠣᠢᠲᠤ ᠬᠡᠰᠡᠭ᠎ᠦᠨ ᠬᠢᠯᠢ᠎ᠲᠠᠭᠠᠤ 800 ᠭᠠᠷᠤᠢ ᠺᠢᠯᠤᠮᠸᠲᠷ᠎ᠤᠨ ᠮᠠᠱᠢᠨ ᠲᠡᠷᠭᠡ ᠨᠡᠪᠲᠡᠷᠡᠬᠦ᠌᠎ᠳ᠋ᠤ ᠬᠦᠴᠢᠷᠳᠡᠢ ᠣᠷᠣᠨ ᠪᠦᠰᠡ ᠵᠢ ᠴᠢᠡᠭᠳᠠᠯᠠᠨ ᠰᠡᠷᠭᠡᠢᠯᠡᠵᠦ ᠪᠤᠢ᠃

《ᠬᠠᠤᠯᠢ ᠪᠤᠰᠤ᠎ᠪᠠᠷ ᠡᠮ᠎ᠦᠨ ᠮᠠᠲ᠋ᠧᠷᠢᠶᠠᠯ ᠬᠤᠯᠠᠭᠠᠢᠯᠠᠨ ᠮᠠᠯᠳᠠᠭᠰᠠᠳ᠎ᠢ ᠤᠨᠴᠠ ᠬᠢᠴᠢᠶᠡᠨ ᠰᠡᠷᠡᠮᠵᠢᠯᠡᠬᠦ ᠴᠢᠬᠤᠯᠠᠳᠠᠢ᠂ ᠲᠡᠳᠡ ᠭᠤᠤᠯᠳᠠᠭᠤ ᠡᠳᠦᠷ ᠨᠢᠭᠤᠭᠳᠠᠨ ᠰᠦᠨᠢ ᠭᠠᠷᠴᠤ ᠢᠷᠡᠳᠡᠭ᠂ ᠪᠢᠳᠡᠨ᠎ᠤ ᠮᠤᠷᠢᠳᠤ ᠴᠠᠭᠳᠠᠭᠠᠨ᠎ᠤ ᠠᠡᠭᠭᠢ ᠪᠠᠢᠭᠤᠯᠤᠭᠳᠠᠭᠰᠠᠨ ᠲᠤᠬᠠᠢ ᠵᠢᠨ ᠵᠢᠯ ᠳ᠋ᠡᠬᠡᠨ ᠲᠠᠷᠤᠢ ᠬᠤᠯᠠᠭᠠᠢᠯᠠᠨ ᠮᠠᠯᠳᠠᠭᠰᠠᠨ ᠮᠢᠡᠭᠭ᠎ᠠ ᠭᠠᠷᠤᠢ ᠺᠢᠯᠣᠭ᠌ᠷᠠᠮ ᠴᠠᠨ᠎ᠠ ᠴᠡᠴᠡᠭ᠎ᠤᠨ ᠦᠨᠳᠦᠰᠤ ᠵᠢ ᠬᠤᠷᠢᠶᠠᠮᠵᠢᠯᠠᠬᠰᠠᠨ》 ᠭᠡᠵᠦ ᠤᠯᠠᠭᠠᠶ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠮᠤᠷᠢᠲᠦ ᠴᠠᠭ᠍ᠳᠠᠭᠠᠨ᠎ᠤ ᠠᠩᠭᠢ᠎ᠶ᠋ᠢᠨ ᠳᠠᠷᠤᠭ᠎ᠠ ᠠᠴᠢᠲᠤ ᠲᠠᠨᠢᠯᠴᠠᠭᠤᠯᠪᠠ᠃

ᠵᠡᠭᠦᠨ ᠦᠵᠦᠮᠦᠴᠢᠨ ᠬᠣᠱᠢᠭᠤᠨ᠎ᠤ ᠮᠠᠨᠳᠤᠬᠤᠪᠤᠯᠠᠭ ᠪᠠᠯᠭᠠᠰᠤᠨ᠎ᠤ ᠬᠢᠯᠢ ᠬᠠᠮᠠᠭᠠᠯᠠᠭ᠍ᠴᠢ ᠰᠠᠢᠠᠠᠤᠴᠠᠷᠠᠯᠳᠤ ᠦᠷᠯᠦᠭᠡ ᠡᠷᠳᠡᠯᠡᠨ ᠪᠤᠰᠤᠭᠠᠳ ᠮᠣᠲ᠋ᠣᠷ ᠵᠢᠠᠨ ᠤᠨᠤᠨ ᠬᠢᠯᠢ ᠴᠠᠭ᠍ᠳᠠᠬᠤ ᠠᠵᠢᠯ᠎ᠢᠶᠠᠨ ᠡᠬᠢᠯᠡᠭᠦᠯᠪᠡ᠃ ᠡᠨᠡ ᠵᠢᠯ 45 ᠨᠠᠰᠤᠲᠠᠢ ᠲᠡᠷᠡ ᠬᠢᠯᠢ ᠬᠠᠮᠠᠭᠠᠯᠠᠬᠤ ᠠᠵᠢᠯ ᠳ᠋ᠤ 20 ᠵᠢᠯ ᠰᠢᠭᠤᠷᠬᠠᠢᠯᠠᠨ ᠠᠵᠢᠯᠯᠠᠵᠤ᠂ 3 ᠲᠦᠮᠡ ᠭᠠᠷᠤᠢ ᠺᠢᠯᠤᠮᠸᠲᠷ ᠠᠶᠠᠯᠠᠵᠤ᠂ 90 ᠭᠠᠷᠤᠢ ᠬᠡᠷᠡᠭ᠎ᠤᠨ ᠰᠦᠪᠡᠭ᠌ᠴᠢ᠎ᠶ᠋ᠢ ᠢᠯᠡᠷᠡᠭᠦᠯᠵᠤ᠂ 10 ᠭᠠᠷᠤᠢ ᠬᠡᠷᠡᠭ᠎ᠢ ᠬᠠᠪᠰᠤᠷᠤᠨ ᠲᠠᠩᠨᠠᠨ ᠡᠪᠳᠡᠵᠤ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ ᠎ᠶ᠋ᠢᠨ ᠪᠠᠢᠴᠠᠭᠠᠯᠲᠠ᠎ᠶ᠋ᠢᠨ ᠶᠡᠷᠦᠩᠬᠡᠢ ᠦᠷᠳᠡᠬᠡ᠎ᠳᠦ ᠪᠦᠬᠦ᠌ ᠣᠷᠣᠨ᠎ᠤ 《ᠬᠠᠮᠤᠭ᠎ᠤᠨ ᠭᠤᠶᠤ ᠬᠢᠯᠢ᠎ᠶ᠋ᠢᠨ ᠬᠠᠮᠠᠭᠠᠯᠠᠭ᠍ᠴᠢ》 ᠪᠡᠷ ᠦᠨᠡᠯᠡᠭ᠌ᠳᠡᠪᠡ᠃

《ᠡᠬᠡ ᠤᠯᠤᠰ᠎ᠤᠨ ᠵᠢᠠᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠪᠤᠯ ᠤᠨᠴᠠ ᠵᠢᠨ ᠢᠷᠡᠭᠤ ᠠᠯᠳᠠᠷᠳᠠᠢ ᠡᠭᠦᠷᠭᠡ ᠮᠦᠠ》 ᠬᠡᠳᠡᠭ ᠢ᠋ ᠰᠠᠢᠠᠠᠤᠴᠠᠷᠠᠯᠳᠤ ᠵᠢᠨ ᠶᠠᠷᠶᠶᠡᠨ ᠡᠴᠡ ᠪᠢᠳᠡ ᠨᠢᠭᠡᠨ ᠡᠭᠡᠯ ᠪᠤᠷᠤᠭᠵᠢᠭᠤᠨ ᠬᠢᠯᠢ ᠬᠠᠮᠠᠭᠠᠯᠠᠭᠴᠢ ᠵᠢᠨ ᠬᠤᠪᠢᠳᠠᠭᠰᠠᠨ ᠠᠵᠢᠯ ᠵᠢᠠᠨ ᠲᠡᠭᠡᠳᠦᠯᠡᠳᠡᠭ ᠡᠷᠬᠢᠮ ᠲᠡᠭᠡᠳᠦ ᠦᠨᠡᠨᠴᠢ ᠰᠢᠳᠤᠷᠭᠤ ᠵᠠᠡᠭ ᠴᠢᠨᠠᠷ᠎ᠢ ᠤᠯᠵᠤ ᠮᠡᠳᠡᠯ᠎ᠡ᠃

ᠦᠨᠳᠦᠰᠦᠲᠡᠨ ᠨᠤᠭᠦᠳ ᠪᠦᠯᠬᠦᠮᠳᠡᠯ ᠲᠠᠢ᠂ ᠨᠡᠢᠭᠡᠮ ᠠᠮᠤᠷ ᠲᠣᠭ᠍ᠲᠠᠭᠤᠨ᠂ ᠬᠢᠯᠢ ᠬᠢᠵᠠᠭᠠᠷ ᠠᠮᠤᠷ ᠲᠠᠢᠪᠤᠩ ᠪᠠᠢᠬᠤ ᠪᠣᠯ ᠡᠯ᠎ᠠ ᠦᠨᠳᠦᠰᠦᠲᠡᠨ᠎ᠤ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃

ᠱᠢᠯᠢ᠎ᠶ᠋ᠢᠨ ᠭᠣᠣᠯ ᠠᠢᠮᠠᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠡᠬᠢᠵᠢᠭᠦᠯᠦᠨ ᠪᠠᠳᠤᠳᠬᠠᠬᠤ ᠭᠣᠣᠯ ᠱᠢᠵᠢᠮ᠎ᠢ ᠴᠢᠡᠭᠭ᠎ᠠ ᠠᠳᠬᠤᠵᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠦᠨᠳᠦᠰᠦᠲᠡᠨ᠎ᠦ ᠠᠵᠢᠯ᠎ᠢ ᠪᠥᠬᠥ᠌ ᠠᠢᠮᠠᠭ᠎ᠤᠨ ᠭᠤᠤᠯᠳᠠᠯᠭᠠᠳᠤ ᠠᠵᠢᠯ ᠯᠤᠭ᠎ᠠ ᠠᠭᠤᠰᠤᠯᠴᠠᠭᠤᠯᠤᠨ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠪᠠᠢᠭᠤᠯᠬᠤ ᠪᠡᠷ ᠴᠢᠷᠮᠠᠢᠨ ᠲᠡᠮᠡᠴᠡᠵᠦ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠪᠦᠲᠦᠮᠵᠢᠲᠡᠶ ᠠᠬᠢᠭᠤᠯᠵᠤ ᠪᠠᠢᠨ᠎ᠠ᠃

ᠱᠢᠯᠢ᠎ᠶ᠋ᠢᠨ ᠭᠣᠸ᠋ᠯ ᠠᠢᠮᠠᠭ᠎ᠤᠨ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ》 ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠬᠢᠩᠭᠠᠨ ᠵᠡᠰ ᠴᠠᠢᠷ ᠪᠤᠯᠪᠠᠰᠤᠷᠠᠭᠤᠯᠬᠤ ᠬᠢᠵᠠᠭᠠᠷᠲᠤ ᠺᠣᠮᠫᠠᠨᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠶ᠋ᠢ ᠢᠳᠡᠪᠬᠢᠲᠡᠶ ᠭᠦᠢᠴᠡᠳᠭᠡᠭᠰᠡᠭᠡᠷ ᠢᠷᠡᠵᠠᠢ᠃

《ᠪᠢᠳᠡ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠠᠭᠤᠢᠲᠤ ᠭᠠᠴᠠᠭ᠎ᠠ᠎ᠶ᠋ᠢ ᠠᠵᠢᠯ ᠲᠥᠷᠥᠯ᠎ᠦᠨ ᠱᠢᠰᠲ᠋ᠧᠮ᠎ᠢᠶᠡᠷ᠎ᠢᠶᠡᠨ ᠬᠠᠪᠰᠤᠷᠤᠨ ᠲᠡᠳᠬᠦᠵᠦ᠍᠂ ᠪᠠᠷᠠᠭᠤᠨ ᠦᠵᠦᠮᠦᠴᠢᠨ ᠬᠣᠱᠢᠭᠤᠨ᠎ᠤ ᠲᠠᠪᠤᠰᠤᠳᠤ ᠭᠠᠴᠠᠭ᠎ᠠ᠎ᠳᠤ ᠨᠠᠮ᠎ᠤᠨ ᠭᠡᠰᠢᠭᠦᠨ ᠤᠯᠠᠨ ᠲᠦᠮᠡᠨ᠎ᠤ ᠠᠵᠢᠯᠯᠠᠭᠠᠨ᠎ᠤ ᠥᠷᠥᠭᠡ ᠪᠠᠢᠭᠤᠯᠵᠤ ᠥᠭ᠌ᠴᠡᠶ》 ᠬᠡᠵᠥ ᠲᠤᠰ ᠺᠤᠮᠫᠠᠨᠢ ᠵᠢᠨ ᠶᠡᠷᠦᠩᠬᠡᠶ ᠳᠠᠭᠠᠭᠠᠮᠠᠯ ᠯᠢ ᠵᠢᠶᠠᠨ ᠫᠢᠩ ᠲᠠᠨᠢᠯᠴᠠᠭᠤᠯᠤᠭᠰᠠᠨ ᠵᠢᠠᠨ ᠶᠠᠷᠢᠶ᠎ᠠ ᠪᠡᠨ ᠵᠠᠯᠭᠠᠵᠤ᠄ 《ᠪᠢᠳᠡ ᠪᠠᠰᠠ ᠮᠠᠯᠴᠢᠳ᠎ᠢ ᠬᠠᠮᠵᠢᠨ ᠠᠵᠢᠯ ᠤᠯᠬᠤ᠂ ᠮᠠᠯᠴᠢᠳ᠎ᠤᠨ ᠦᠷ᠎ᠡ ᠬᠡᠸ᠋ᠬᠡᠳ᠎ᠤᠨ ᠰᠤᠷᠭᠠᠨ ᠬᠦᠮᠦᠵᠢᠯ ᠬᠦᠷᠳᠡᠬᠦ ᠵᠡᠷᠭᠡ ᠲᠠᠯ᠎ᠠ᠎ᠪᠠᠷ ᠲᠤᠰᠠᠯᠠᠨ ᠲᠡᠮᠵᠢᠬᠦ ᠠᠵᠢᠯ ᠵᠢᠠᠨ ᠦᠷᠨᠢᠭᠦᠯᠦᠭᠰᠡᠭᠡᠷ ᠪᠠᠢᠨ᠎ᠠ》ᠭᠡᠯ᠎ᠠ᠃

ᠠᠷᠪᠠᠨ ᠵᠢᠯ᠎ᠦᠨ ᠬᠤᠭᠤᠴᠠᠭᠠᠨ᠎ᠳᠤ ᠱᠢᠯᠢ᠎ᠶ᠋ᠢᠨ ᠭᠣᠣᠯ ᠠᠢᠮᠠᠭ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠬᠦᠯᠦᠯᠲᠡ᠎ᠶ᠋ᠢᠨ ᠪᠡᠯᠡ ᠮᠥᠩᠭᠥ᠌᠎ᠶ᠋ᠢ 6.5 ᠳ᠋ᠦᠩᠱᠢᠭᠤᠷ ᠲᠥᠭᠥᠷᠢᠭ ᠣᠯᠵᠤ᠂ ᠬᠢᠯᠢ ᠪᠡᠨ ᠮᠠᠨᠳᠤᠭᠤᠯᠤᠨ ᠠᠷᠠᠳ ᠵᠢᠠᠨ ᠴᠢᠨᠡᠭᠡᠯᠢᠭᠵᠢᠭᠦᠯᠬᠦ ᠰᠠᠭᠤᠷᠢ ᠵᠢ ᠪᠠᠳᠤᠳᠬᠠᠨ ᠂ ᠬᠢᠯᠢ ᠬᠢᠵᠠᠭᠠᠷ ᠵᠢᠡᠨ ᠪᠡᠬᠢᠵᠢᠭᠦᠯᠬᠦ 727 ᠲᠦᠷᠦᠯ ᠵᠦᠢᠯ᠎ᠢ ᠬᠡᠷᠡᠭᠵᠢᠭᠦᠯᠵᠦ᠂ ᠨᠤᠷᠠᠬᠤ ᠠᠶᠤᠯᠲᠠᠶ ᠬᠡᠷ ᠪᠠᠢᠱᠢᠩ᠎ᠢ ᠱᠢᠨᠡᠳᠭᠡᠨ ᠵᠠᠰᠠᠬᠤ᠂ ᠴᠡᠪᠡᠷ ᠲᠤᠡᠭᠭᠠᠯᠠᠭ ᠤᠸ᠋ᠭᠤᠬᠤ ᠤᠰᠤᠨ᠎ᠤ ᠢᠨᠵᠧᠨᠧᠷᠢᠩ᠂ ᠭᠠᠴᠠᠭ᠎ᠠ᠎ᠳᠦ ᠨᠡᠪᠳᠡᠷᠡᠬᠦ ᠵᠠᠮ ᠵᠠᠰᠠᠬᠤ ᠵᠡᠷᠭᠡ ᠰᠠᠭᠤᠷᠢ ᠪᠥᠲᠥᠭᠡᠨ ᠪᠠᠢᠭᠤᠯᠤᠯᠲᠠ᠎ᠶ᠋ᠢ ᠭᠣᠸ᠋ᠯᠳᠠᠯᠭ᠎ᠠ᠎ᠲᠠᠶ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠤᠭ ᠡᠴᠡ ᠬᠠᠯᠠᠮᠵᠢᠯᠠᠨ ᠠᠡᠭᠬᠠᠷᠴᠤ ᠪᠠᠢᠭ᠎ᠠ ᠱᠢᠭᠤᠳ ᠪᠣᠳᠠᠲᠠᠶ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠤᠯᠠᠮ ᠨᠢᠭᠡ ᠠᠯᠬᠤᠮ ᠰᠠᠢᠵᠢᠷᠠᠭᠤᠯᠪᠠ᠃

ᠰᠢᠨ᠎ᠡ ᠠᠶᠠᠨ᠎ᠳᠤ ᠡᠷᠡᠯᠬᠡᠭᠯᠡᠨ ᠲᠡᠮᠡᠴᠡᠵᠦ ᠭᠠᠪᠢᠶ᠎ᠠ ᠵᠢᠳᠬᠦᠯ ᠪᠠᠢᠭᠤᠯᠬᠤ ᠵᠢ ᠰᠢᠨ᠎ᠡ ᠴᠠᠭ ᠦᠶ᠎ᠡ ᠤᠷᠢᠶᠠᠯᠠᠨ ᠲᠠᠭᠤᠳᠠᠵᠤ ᠪᠠᠢᠨ᠎ᠠ

ᠰᠢᠯᠢ ᠵᠢᠨ ᠭᠤᠤᠯ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠶᠤᠤ ᠶᠦᠩ ᠪᠥᠸᠧ᠄ 《ᠱᠢᠯᠢ᠎ᠶ᠋ᠢᠨ ᠭᠣᠣᠯ ᠠᠢᠮᠠᠭ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠪᠠ ᠡᠬᠡ ᠤᠯᠤᠰ᠎ᠤᠨ ᠤᠮᠠᠷᠠᠲᠤ᠎ᠶ᠋ᠢᠨ ᠬᠢᠯᠢ ᠬᠢᠵᠠᠭᠠᠷ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠡᠷᠡᠰ ᠭᠦᠢᠴᠡᠳᠭᠡᠵᠦ᠍᠂ 〈ᠬᠣᠶᠠᠷ ᠬᠠᠯᠬᠠᠪᠴᠢ〉 ᠵᠢ ᠪᠡᠬᠢᠵᠢᠭᠦᠯᠬᠦ᠌᠎ᠪᠡᠷ ᠪᠠᠲᠤᠯᠠᠭ᠎ᠠ ᠪᠣᠯᠭᠠᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ᠎ᠶ᠋ᠢ ᠲᠠᠰᠤᠷᠠᠯᠳᠡ ᠦᠭᠡᠢ ᠪᠡᠬᠢᠵᠢᠭᠦᠯᠦᠨ᠎ᠡ》 ᠭᠡᠵᠥ ᠵᠤᠷᠢᠭ ᠵᠢᠠᠠ ᠢᠯᠡᠳᠬᠡᠵᠥ ᠪᠠᠢᠯ᠎ᠠ᠃

ᠨᠠᠮ᠎ᠤᠨ ᠵᠢᠠᠨ ᠦᠭᠡ ᠵᠢ ᠰᠤᠨᠤᠰᠴᠤ᠂ ᠨᠠᠮ᠎ᠤᠨ ᠠᠴᠢ᠎ᠳᠤ ᠲᠠᠯᠠᠷᠬᠠᠨ᠂ ᠨᠠᠮ ᠵᠢᠠᠨ ᠲᠠᠭᠠᠨ ᠤᠷᠤᠭᠰᠢᠯᠠᠬᠤ ᠪᠤᠯ ᠪᠢᠳᠡ ᠪᠦᠬᠦᠨ᠎ᠤ ᠬᠠᠮᠳᠤ ᠵᠢᠨ ᠵᠤᠷᠢᠯᠳᠠ ᠢᠳᠡᠭᠡᠯ ᠮᠦᠨ᠃ ᠡᠭᠦᠷᠭᠡ ᠬᠠᠷᠢᠭᠤᠴᠠᠯᠭ᠎ᠠ ᠎ᠪᠠᠨ ᠵᠣᠷᠢᠭ᠍ᠲᠠᠢ᠎ᠪᠠᠷ ᠡᠭᠦᠷᠭᠡᠯᠡᠵᠦ᠍᠂ ᠪᠦᠯᠬᠦᠮᠳᠡᠨ ᠲᠡᠮᠡᠴᠡᠵᠦ ᠰᠢᠭᠤᠷᠬᠠᠢ ᠠᠵᠢᠯᠯᠠᠬᠤ ᠪᠣᠯ ᠤᠬᠠᠮᠰᠠᠷᠲᠤ ᠠᠵᠢᠯᠯᠠᠭ᠎ᠠ ᠮᠥᠨ᠃ ᠱᠢᠯᠢ᠎ᠶ᠋ᠢᠨ ᠭᠣᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ 《ᠬᠣᠶᠠᠷ ᠬᠠᠯᠬᠠᠪᠴᠢ》 ᠵᠢ ᠪᠠᠲᠤ ᠴᠣᠭ᠍ᠴᠠᠯᠠᠬᠤ ᠪᠤᠲᠠᠳᠤ ᠦᠢᠯᠡᠳᠦᠯᠭᠡ᠎ᠳᠤᠮᠳᠠ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠪᠡᠷ ᠬᠦᠴᠦᠯᠡᠨ ᠴᠢᠷᠮᠠᠢᠬᠰᠠᠭᠠᠷ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面