ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠳᠠᠪᠠᠯᠲᠠ

2022-08-17 09:45:30

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠡᠯᠪᠡᠭ ᠬᠤᠷᠢᠶᠠᠯᠲᠠ᠎ᠶᠢᠨ ᠤᠯᠠᠷᠢᠯ ᠪᠤᠯᠵᠤ᠂ ᠪᠣᠭᠣᠳᠠᠶ᠎ᠶᠢᠨ ᠳᠠᠪᠠᠯᠭᠠᠨ ᠬᠠᠶᠠᠯᠠᠵᠤ ᠠᠩᠬᠢᠯᠤᠮ᠎ᠠ ᠦᠨᠦᠷ ᠬᠠᠩᠬᠤᠯᠤᠨ᠎ᠠ᠃ 7 ᠰᠠᠷ᠎ᠠ᠎ᠶᠢᠨ 20 ᠎ᠪ ᠡᠳᠦᠷ᠂ ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠤᠨ ᠰᠢᠨᠬᠤᠸᠠ ᠪᠠᠯᠭᠠᠰᠤᠨ᠎ᠤ ᠠᠷᠪᠠᠨ ᠲᠦᠮᠡᠨ ᠮᠥ᠍ ᠥᠨᠳᠥᠷ ᠤᠨᠠᠯᠲᠠ᠎ᠲᠠᠶ ᠥᠨᠳᠥᠷ ᠦᠷ᠎ᠡ ᠠᠰᠢᠭᠲᠤ ᠠᠮᠤ ᠪᠤᠳᠠᠭᠠᠨ᠎ᠤ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠤᠨ ᠬᠠᠪᠤᠷ᠎ᠤᠨ ᠪᠣᠭᠣᠳᠠᠶ ᠬᠠᠳᠤᠵᠤ ᠬᠤᠷᠢᠶᠠᠬᠤ ᠠᠵᠢᠯ ᠡᠬᠢᠯᠡᠵᠦ᠂ ᠪᠣᠷᠣᠲᠣᠬᠣᠶ᠎ᠶᠢᠨ ᠤᠰᠤᠯᠠᠯᠲᠠ᠎ᠶᠢᠨ ᠣᠷᠣᠨ᠎ᠤ 62 ᠲᠦᠮᠡᠨ ᠮᠥ᠍ ᠬᠠᠪᠤᠷ᠎ᠤᠨ ᠪᠣᠭᠣᠳᠠᠶ ᠬᠠᠳᠤᠵᠤ ᠬᠤᠷᠢᠶᠠᠬᠤ ᠠᠵᠢᠯ᠎ᠡᠬᠢᠯᠡᠪᠡ᠃

4448740_lity_1660661425245_m.jpg

ᠣᠢᠷ᠎ᠠ᠎ᠶᠢᠨ ᠵᠢᠯ᠎ᠦᠨ ᠲᠤᠷᠰᠢ ᠂ ᠪᠠᠶᠠᠨᠨᠠᠭᠤᠷ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠪᠣᠷᠣᠲᠣᠬᠣᠶ᠎ᠶᠢᠨ ᠤᠰᠤᠯᠠᠯᠲᠠ᠎ᠶᠢᠨ ᠣᠷᠣᠨ᠎ᠤ ᠣᠲᠣ ᠦᠶ᠎ᠡ᠎ᠶᠢᠨ ᠲᠠᠷᠢᠶᠠᠯᠠᠩ᠎ᠢ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ᠎ᠶᠢ ᠭᠦᠨᠵᠡᠭᠡᠶ ᠲᠤᠭᠤᠰᠢᠯᠠᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠪᠡᠷ ᠶᠡᠷᠦᠩᠬᠡᠶ ᠭᠠᠷᠳᠠᠴᠠ ᠪᠣᠯᠭᠠᠵᠤ᠂ ᠬᠠᠪᠤᠷ᠎ᠤᠨ ᠲᠠᠷᠢᠶᠠᠯᠠᠭ᠎ᠠ᠂ ᠲᠠᠷᠢᠶᠠᠯᠠᠩ᠎ᠤᠨ《ᠳᠥᠷᠪᠡ᠎ᠶᠢ ᠡᠵᠡᠮᠳᠡᠬᠦ》᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ ᠭᠤᠤᠯᠳᠠᠯᠭ᠎ᠠ᠎ᠲᠠᠶ ᠠᠵᠢᠯ᠎ᠢ ᠪᠣᠳᠠᠲᠠᠶ ᠠᠳᠬᠤᠨ ᠨᠠᠷᠢᠯᠢᠭ ᠬᠢᠵᠤ᠂ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠴᠢᠳᠠᠪᠤᠷᠢ᠎ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 2021 ᠣᠨ᠎ᠳᠤ᠂ ᠪᠥᠬᠥ ᠬᠣᠲᠠ᠎ᠶᠢᠨ ᠨᠢᠭᠡᠳᠦᠭᠡᠷ ᠠᠵᠤ ᠦᠢᠯᠡᠰ᠎ᠦᠨ ᠨᠡᠮᠡᠭᠳᠡᠯ ᠥᠷᠲᠡᠭ 244.9 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ᠎ᠬᠢ᠎ᠡᠴᠡ 5.4%᠎ᠪᠠᠷ ᠨᠡᠮᠡᠭᠳᠡᠵᠦ᠂ 2012 ᠣᠨ᠎ᠤ᠎ᠬᠢ᠎ᠡᠴᠡ 62.05%᠎ᠪᠡᠷ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 22785 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ᠎ᠬᠢ᠎ᠡᠴᠡ 10.2%᠎ᠵᠢᠡᠷ ᠨᠡᠮᠡᠭᠳᠡᠵᠦ᠂ 2012 ᠣᠨ᠎ᠤ᠎ᠬᠢ᠎ᠡᠴᠡ 52.96 %᠎ᠪᠠᠷ ᠨᠡᠮᠡᠭᠳᠡᠪᠡ᠃ ᠭᠤᠤᠯ ᠬᠠᠷᠠᠯᠲᠠ᠎ᠶᠢ ᠪᠥᠬᠥ ᠲᠠᠯ᠎ᠠ᠎ᠪᠠᠷ ᠪᠡᠶᠡᠯᠡᠭᠦᠯᠵᠦ᠂ ᠪᠥᠬᠥ ᠬᠣᠲᠠ᠎ᠶᠢᠨ ᠠᠵᠤ ᠠᠬᠤᠶ ᠨᠡᠢᠭᠡᠮ᠎ᠦᠨ ᠬᠥᠭᠵᠢᠯᠲᠡ᠎ᠳᠦ 《 ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》᠎ᠤ᠋ ᠠᠵᠢᠯ᠎ᠤᠨ《ᠲᠤᠭᠳᠠᠪᠤᠷᠢᠵᠢᠭᠤᠯᠤᠬᠴᠢ》ᠵᠢᠨ ᠴᠢᠬᠤᠯᠠ ᠦᠢᠯᠡᠳᠦᠯ ᠵᠢᠡᠨ ᠦᠵᠡᠭᠦᠯᠪᠡ᠃

ᠤᠳᠤ ᠪᠠᠶᠠᠨᠨᠠᠭᠤᠷ ᠶᠠᠭ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠤᠷᠤᠭᠰᠢᠯᠠᠵᠤ ᠪᠠᠢᠨ᠎ᠠ᠃

ᠣᠯᠠᠨ ᠲᠠᠯ᠎ᠠ᠎ᠡᠴᠡ ᠬᠦᠴᠦ ᠪᠠᠨ ᠲᠦᠪᠯᠡᠷᠡᠬᠦᠯᠵᠦ ᠳᠠᠪᠠᠭᠤᠯᠢᠭ ᠠᠵᠤ ᠦᠢᠯᠡᠰ᠎ᠦᠨ ᠰᠠᠭᠤᠷᠢ᠎ᠪᠠᠨ ᠪᠡᠬᠢᠵᠢᠭᠦᠯᠪᠡ

ᠣᠢᠷ᠎ᠠ᠎ᠳᠤ᠂ ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ᠎ᠤ ᠱᠧᠩ ᠹᠧᠩ ᠪᠠᠯᠭᠠᠰᠤ᠎ᠶᠢᠨ 《 ᠳ᠋ᠧᠩᠯᠦ ᠤᠯᠠᠭᠠᠨ 》ᠠᠮᠲᠠᠲᠤ ᠬᠡᠮᠬᠡ ᠵᠠᠬ᠎ᠠ ᠳᠡᠯᠭᠡᠭᠦᠷ᠎ᠲᠦ ᠭᠠᠷᠴᠤ᠂ ᠬᠣᠲᠠ᠎ᠶᠢᠨ ᠠᠷᠠᠳ ᠲᠦ᠍ ᠠᠮᠳᠠ ᠵᠢᠨ ᠬᠦᠷᠳᠡᠬᠡᠯ ᠪᠤᠯᠤᠬᠰᠠᠨ ᠵᠢᠡᠷ ᠪᠠᠷᠠᠬᠤ ᠦᠬᠡᠢ ᠪᠠᠰᠠ ᠲᠠᠷᠢᠶᠠᠴᠢᠨ ᠡᠷᠦᠬᠡ᠎ᠳᠦ ᠦᠯᠡᠮᠵᠢ ᠠᠰᠢᠭ ᠬᠦᠷᠲᠡᠭᠡᠪᠡ᠃

ᠱᠧᠩ ᠹᠸᠩ ᠪᠠᠯᠭᠠᠰᠤᠨ᠎ᠤ ᠰᠢᠨ ᠹᠸᠩ ᠲᠣᠰᠬᠣᠨ᠎ᠤ ᠭᠤᠷᠪᠠᠳᠤᠭᠠᠷ ᠳᠤᠭᠤᠢᠯᠠᠩ᠎ᠤᠨ ᠲᠠᠷᠢᠮᠠᠯ᠎ᠤᠨ ᠡᠷᠦᠬᠡ ᠯᠢᠦ ᠽᠢ ᠵᠢᠨ ᠬᠦᠯᠡᠮᠵᠢ᠎ᠳᠦ ᠠᠩᠬᠢᠯᠤᠮ᠎ᠠ ᠦᠨᠦᠷ ᠬᠠᠩᠬᠤᠯᠤᠭᠰᠠᠨ ᠰᠢᠨ᠎ᠡ ᠰᠤᠷᠭᠤᠭ 《 ᠳ᠋ᠧᠩᠯᠦ ᠤᠯᠠᠭᠠᠨ 》 ᠠᠮᠲᠠᠲᠤ ᠬᠡᠮᠬᠡ ᠵᠡᠯ᠎ᠡ ᠪᠠᠨ ᠲᠠᠭᠠᠭ᠎ᠠ ᠶᠠᠳᠠᠮ᠎ᠠ ᠤᠨᠵᠢᠨ᠎ᠠ᠃ ᠡᠨᠡ ᠬᠡᠳᠦᠨ ᠡᠳᠦᠷ᠂ ᠯᠢᠦ ᠽᠢ᠎ᠶᠢᠨ ᠭᠠᠷ ᠤᠲᠠᠰᠤᠨ ᠎ᠳᠡᠬᠢ ᠵᠠᠬᠢᠶᠠᠯᠠᠭ᠎ᠠ ᠲᠠᠰᠤᠷᠠᠭ᠎ᠠ ᠦᠭᠡᠢ᠂ ᠲᠡᠷᠡ ᠡᠳᠦᠷ ᠪᠦᠷᠢ ᠬᠦᠯᠡᠮᠵᠢ᠎ᠳᠦ ᠣᠷᠣᠵᠤ᠂ ᠪᠣᠯᠪᠠᠰᠤᠷᠠᠭᠰᠠᠨ ᠠᠮᠲᠠᠲᠤ ᠬᠡᠮᠬᠡ᠎ᠶᠢ ᠰᠣᠩᠭᠣᠵᠤ ᠬᠠᠢᠷᠴᠠᠭ᠎ᠲᠤ ᠰᠠᠪᠠᠯᠠᠨ ᠪᠤᠷᠤᠯᠠᠭᠤᠯᠤᠭᠠᠳ ᠲᠤᠩ ᠶᠠᠭᠠᠷᠠᠤ ᠪᠠᠢᠯ᠎ᠠ᠃

ᠯᠢᠦ ᠽᠢ᠄ 《 ᠪᠢ ᠨᠡᠢᠲᠡ 4 ᠮᠦ᠍ ᠬᠦᠯᠡᠮᠵᠢ〈 ᠳ᠋ᠧᠩᠯᠦ ᠤᠯᠠᠭᠠᠨ 〉 ᠠᠮᠲᠠᠲᠤ ᠬᠡᠮᠬᠡ ᠲᠠᠷᠢᠪᠠ᠂ ᠡᠨᠡ ᠬᠣᠶᠠᠷ ᠡᠳᠦᠷ ᠨᠢᠭᠡᠳᠦᠭᠡᠷ ᠬᠦᠯᠡᠮᠵᠢ᠎ᠶᠢᠨ ᠠᠮᠲᠠᠲᠤ ᠬᠡᠮᠬᠡ ᠨᠢᠭᠡᠨᠲᠡ ᠵᠠᠬ᠎ᠠ ᠳᠡᠯᠭᠡᠭᠦᠷ᠎ᠲᠦ ᠭᠠᠷᠴᠤ᠂ ᠵᠢᠩ ᠳ᠋ᠡᠬᠡᠨ 40 ᠲᠥᠭᠥᠷᠢᠭ ᠬᠦᠷᠴᠦ᠂ ᠭᠣᠣᠯᠳᠠᠭᠤ ᠬᠥᠬᠡᠬᠣᠲᠠ ᠪᠤᠭᠤᠲᠤ ᠤᠷᠳᠤᠰ ᠵᠡᠷᠭᠡ ᠭᠠᠵᠠᠷ᠎ᠲᠤ ᠪᠣᠷᠣᠯᠠᠭᠤᠯᠵᠤ᠂ ᠪᠣᠷᠣᠯᠠᠭᠤᠯᠭ᠎ᠠ ᠨᠡᠯᠢᠶᠡᠳ ᠵᠦᠭᠡᠷ ᠪᠠᠢᠨ᠎ᠠ 》ᠭᠡᠵᠦ ᠶᠠᠷᠢᠨ᠎ᠠ᠃

ᠦᠶᠤᠸᠠᠨ ᠰᠢᠶᠠᠨ᠎ᠤ ᠱᠧᠩ ᠹᠸᠩ ᠪᠠᠯᠭᠠᠰᠤᠨ᠎ᠤ ᠰᠢᠨ ᠬᠣᠩ ᠲᠣᠰᠬᠣᠨ᠎ᠤ ᠭᠠᠵᠠᠷ ᠰᠢᠷᠣᠢ ᠨᠢ ᠠᠮᠲᠠᠲᠤ ᠬᠡᠮᠬᠡ᠎ᠶᠢᠨ ᠤᠷᠭᠤᠯᠲᠠ᠎ᠳᠤ ᠮᠠᠰᠢ ᠲᠣᠬᠢᠷᠠᠮᠵᠢᠲᠠᠢ ᠪᠠᠢᠵᠦ᠂ ᠡᠨᠳᠡᠬᠢ ᠡᠷᠦᠬᠡ ᠪᠣᠯᠭᠠᠨ ᠴᠥᠮ 《ᠳ᠋ᠧᠩᠯᠦ ᠤᠯᠠᠭᠠᠨ》 ᠠᠮᠲᠠᠲᠤ ᠬᠡᠮᠬᠡ ᠲᠠᠷᠢᠳᠠᠭ᠃ ᠳᠠᠷᠢᠬᠤ ᠮᠡᠷᠭᠡᠵᠢᠯ᠎ᠦᠨ ᠲᠠᠰᠤᠷᠠᠯᠲᠠ ᠥᠬᠡᠶ ᠳᠠᠪᠰᠢᠬᠰᠠᠨ ᠪᠠ ᠢᠨᠲ᠋ᠧᠷ ᠰᠦᠯᠵᠢᠶᠡᠨ᠎ᠦ ᠲᠦᠷᠭᠡᠨ ᠬᠥᠭᠵᠢᠯᠲᠡ᠎ᠶᠢ ᠳᠠᠭᠠᠯᠳᠤᠨ᠂ ᠦᠶᠤᠸᠠᠨ ᠰᠢᠶᠠᠨ᠎ᠤ 《ᠳ᠋ᠧᠩᠯᠦ ᠤᠯᠠᠭᠠᠨ》 ᠠᠮᠳᠠᠳᠤ ᠬᠡᠮᠬᠡ᠎ᠶᠢᠨ ᠠᠯᠳᠠᠷ᠎ᠨᠢ ᠢᠳᠡᠭ ᠢᠳᠡᠭ᠎ᠢᠶᠡᠷ ᠮᠠᠨᠳᠤᠵᠦ᠂ ᠳᠠᠷᠢᠬᠤ ᠬᠡᠪᠴᠢᠶ᠎ᠡ᠎ᠨᠢ᠎ᠴᠦ ᠲᠠᠰᠤᠷᠠᠯᠲᠠ ᠥᠬᠡᠶ ᠥᠷᠭᠡᠳᠴᠦ᠂ 《 ᠭᠠᠳᠠᠭᠰᠢ ᠶᠠᠪᠤᠬᠤ 》 ᠠᠯᠬᠤᠴᠠ᠎ᠨᠢ ᠶᠠᠪᠤᠬᠤ ᠲᠤᠲᠤᠮ ᠲᠦᠷᠬᠡᠳᠴᠡᠢ᠃ ᠲᠠᠷᠢᠶᠠᠴᠢᠳ 《 ᠳ᠋ᠧᠩᠯᠦ ᠤᠯᠠᠭᠠᠨ 》 ᠠᠮᠲᠠᠲᠤ ᠬᠡᠮᠬᠡ ᠲᠠᠷᠢᠬᠤ᠎ᠪᠠᠷ ᠳᠠᠮᠵᠢᠨ ᠬᠦᠯᠡᠮᠵᠢ᠎ᠶᠢᠨ ᠮᠦ᠍ ᠪᠦᠷᠢ᠎ᠶᠢᠨ ᠳᠤᠮᠳᠠᠴᠢ ᠣᠷᠣᠯᠭ᠎ᠠ 3 — 4 ᠲᠦᠮᠡᠨ ᠲᠥᠭᠥᠷᠢᠭ᠎ᠲᠦ ᠬᠦᠷᠴᠦ᠂ ᠬᠠᠮᠤᠭ᠎ᠤᠨ ᠥᠨᠳᠥᠷ᠎ᠲᠡᠬᠡᠨ 6 ᠲᠦᠮᠡᠨ ᠲᠥᠭᠥᠷᠢᠭ ᠲᠦ᠍᠎ᠬᠦᠷᠴᠤ ᠪᠤᠢ᠃

ᠮᠠᠯ ᠠᠵᠤ ᠠᠬᠤᠢ ᠲᠠᠷᠢᠶᠠᠯᠠᠩ ᠪᠣᠯ ᠪᠠᠶᠠᠨᠨᠠᠭᠤᠷ ᠬᠣᠲᠠ᠎ᠶᠢᠨ ᠬᠠᠮᠤᠭ᠎ᠤᠨ ᠶᠡᠬᠡ ᠣᠨᠴᠠᠯᠢᠭ ᠪᠠ ᠳᠠᠪᠠᠭᠤᠯᠢᠭ ᠪᠣᠯᠤᠨ᠎ᠠ᠃ 2021 ᠣᠨ᠎ᠳᠤ᠂ ᠪᠠᠶᠠᠨᠨᠠᠭᠤᠷ᠎ᠤᠨ ᠣᠲᠣ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠶᠢᠨ ᠠᠯᠬᠤᠴᠠ ᠯᠠᠪᠳᠠᠭᠤᠨ ᠪᠠᠲᠤᠲᠠᠶ ᠪᠠᠢᠵᠤ᠂ ᠪᠠᠶᠠᠷᠯᠠᠭᠤᠰᠢᠲᠠᠶ ᠠᠮᠵᠢᠯᠲᠠ ᠣᠯᠵᠠᠶ ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠦᠢᠯᠡᠰ ᠥᠷᠨᠢᠨ ᠬᠥᠭᠵᠢᠵᠦ᠂ 1218 ᠲᠦᠮᠡᠨ ᠮᠢᠬᠠᠨ ᠪ ᠬᠣᠨᠢ ᠪᠤᠷᠤᠯᠠᠭᠤᠯᠵᠤ᠂ ᠦᠷᠭᠦᠯᠵᠢᠯᠡᠨ ᠪᠥᠬᠥ ᠣᠷᠣᠨ᠎ᠤ ᠲᠡᠷᠢᠭᠦᠨ᠎ᠳᠦ ᠣᠷᠣᠪᠠ᠃ ᠷᠦᠨ ᠬᠠᠢ ᠶᠤᠸᠠᠨ ᠲᠣᠮᠣ ᠬᠡᠯᠪᠡᠷᠢ᠎ᠶᠢᠨ ᠳᠠᠭᠠᠭᠤᠯᠤᠬᠴᠢ ᠠᠵᠤ ᠠᠬᠤᠢᠯᠠᠯ᠎ᠢ ᠤᠷᠤᠭᠤᠯᠤᠨ ᠠᠪᠴᠢᠷᠠᠵᠦ᠂ ᠪᠦᠬᠦ ᠬᠣᠲᠠ ᠪᠡᠷ ᠵᠢᠡᠨ ᠮᠢᠬᠠᠨ᠎ᠤ ᠲᠠᠬᠢᠶ᠎ᠠ᠎ᠶᠢ 3100 ᠲᠦᠮᠡ᠎ᠢᠯᠡᠬᠦᠦ ᠪᠤᠷᠤᠯᠠᠭᠤᠯᠵᠤ᠂ ᠮᠠᠨ᠎ᠤ ᠤᠯᠤᠰ᠎ᠤᠨ ᠪᠠᠷᠠᠭᠤᠨ ᠣᠷᠣᠨ᠎ᠤ ᠬᠠᠮᠤᠭ᠎ᠤᠨ ᠲᠣᠮᠣ ᠮᠢᠬᠠᠨ᠎ᠤ ᠲᠠᠬᠢᠶ᠎ᠠ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠲᠡᠵᠢᠭᠡᠨ ᠦᠷᠡᠵᠢᠭᠦᠯᠬᠦ ᠰᠠᠭᠤᠷᠢᠨ ᠪᠣᠯᠪᠠ᠃ ᠬᠥᠳᠡᠭᠡ ᠲᠣᠰᠬᠣᠨ᠎ᠤ ᠠᠵᠤ ᠦᠢᠯᠡᠰ᠎ᠦᠨ ᠪᠥᠬᠥ ᠬᠡᠯᠬᠢᠶ᠎ᠡ᠎ᠶᠢ ᠳᠡᠭᠡᠭᠰᠢᠯᠡᠭᠦᠯᠵᠦ᠂ ᠰᠢᠨ᠎ᠡ᠎ᠪᠡᠷ 2 ᠤᠯᠤᠰ᠎ᠤᠨ ᠲᠠᠰ᠎ᠤᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠭᠰᠡᠨ ᠭᠤᠤᠯᠳᠠᠯᠭ᠎ᠠ᠎ᠲᠠᠶ ᠲᠠᠭᠠᠭᠤᠯᠤᠬᠴᠢ ᠠᠵᠤ ᠠᠬᠤᠢᠯᠠᠯ᠎ᠢ ᠨᠡᠮᠡᠭᠳᠡᠭᠦᠯᠵᠦ᠂ ᠪᠣᠷᠣᠲᠣᠬᠣᠶ᠎ᠶᠢᠨ ᠨᠡᠷᠡᠨ ᠬᠤᠸᠠᠷ᠎ᠤᠨ ᠠᠵᠤ ᠦᠢᠯᠡᠰ᠎ᠦᠨ ᠪᠦᠯᠦᠭᠵᠢᠯ᠎ᠦᠨ ᠲᠥᠷᠥᠯ ᠵᠦᠢᠯ᠎ᠢ ᠲᠣᠭᠲᠠᠭᠤᠨ᠎ᠢᠶᠠᠷ ᠠᠬᠢᠭᠤᠯᠵᠤ᠂ ᠪᠥᠬᠥ ᠬᠣᠲᠠ᠎ᠶᠢᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠤᠨᠳᠤᠤᠰᠢᠭᠤᠯᠤᠬᠰᠠᠨ ᠨᠣᠷᠮ᠎ᠠ 70%᠎ᠳ᠋ᠤ ᠬᠥᠷᠪᠡ᠃

ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠶᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠵᠦ᠂ 《 ᠰᠢᠨᠵᠢᠯᠡᠬᠦ ᠤᠬᠠᠭᠠᠨ ᠮᠡᠷᠭᠡᠵᠢᠯ᠎ᠦᠨ ᠵᠢᠵᠢᠭ ᠬᠦᠷᠢᠶᠡᠯᠡᠩ 》᠎ᠢ᠋ 16 ᠪᠠᠢᠭᠤᠯᠵᠤ᠂ 5 ᠣᠨᠴᠠᠯᠢᠭᠲᠤ ᠠᠵᠤ ᠦᠢᠯᠡᠰ᠎ᠦᠨ ᠵᠢᠵᠢᠭ ᠪᠠᠯᠭᠠᠰᠤ᠂ 87 ᠬᠣᠲᠠ ᠰᠢᠶᠠᠨ᠎ᠤ ᠲᠡᠰ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠠᠢᠭᠤᠯᠵᠤ᠂ ᠰᠠᠢᠨ ᠡᠭᠦᠯᠳᠡᠷ ᠰᠠᠢᠨ ᠠᠷᠭ᠎ᠠ ᠎ᠶᠢ ᠢᠵᠢ ᠪᠦᠷᠢᠳᠦᠭᠦᠯᠬᠦ ᠮᠡᠷᠭᠡᠵᠢᠯ᠎ᠢ ᠶᠡᠬᠡ ᠬᠡᠪᠴᠢᠶ᠎ᠡ᠎ᠪᠡᠷ ᠬᠡᠷᠡᠭᠯᠡᠵᠦ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠪᠠ᠃

ᠭᠤᠤᠯᠳᠠᠯᠭ᠎ᠠ ᠳ᠋ᠤ ᠲᠦᠪᠯᠡᠷᠡᠭᠦᠯᠵᠦ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠴᠢᠳᠠᠪᠤᠷᠢ᠎ᠶᠢ ᠬᠥᠭᠵᠢᠭᠡᠪᠡ

2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠦ᠋᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ᠎ᠶᠢ ᠴᠤᠤᠷᠢᠶᠠᠲᠤᠵᠤ᠂ ᠥᠪᠥᠷ ᠮᠣᠩᠭᠣᠯ᠎ᠤᠨ ᠰᠢᠩ ᠯᠢᠶᠠᠨ ᠰᠢᠩ ᠮᠠᠯ ᠠᠵᠤ ᠠᠬᠤᠶ(ᠪᠦᠯᠦᠭᠯᠡᠯ)ᠵᠢᠨ ᠬᠢᠵᠠᠭᠠᠷᠲᠤ ᠺᠣᠮᠫᠠᠨᠢ ᠤᠷᠠᠳ᠎ᠤᠨ ᠡᠮᠦᠨᠡᠲᠦ ᠬᠣᠰᠢᠭᠤᠨ᠎ᠤ ᠡᠷᠳᠡᠨᠢᠪᠤᠯᠠᠭ ᠰᠤᠮᠤ᠎ᠳᠤ 1.5 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠵᠤ ᠰᠢᠩ ᠯᠢᠶᠠᠨ ᠰᠢᠩ ᠯᠸ ᠭᠤᠤ ᠮᠠᠯ ᠠᠵᠤ ᠠᠬᠤᠶ᠎ᠶᠢᠨ ᠬᠢᠵᠠᠭᠠᠷᠲᠤ ᠺᠣᠮᠫᠠᠨᠢ ᠪᠠᠢᠭᠤᠯᠵᠤ᠂ 542 ᠮᠥ᠍ ᠲᠠᠯᠠᠪᠠᠶ ᠪᠥᠬᠥᠶ ᠲᠠᠩ ᠴᠣᠭᠴᠠᠲᠤ ᠮᠠᠯᠵᠢᠯ᠎ᠤᠨ ᠲᠠᠯᠠᠪᠠᠶ ᠪᠠᠢᠭᠤᠯᠵᠤ᠂ ᠰᠢᠨ᠎ᠡ ᠽᠢᠯᠠᠨᠳ᠋ ᠪᠠ ᠤᠯᠤᠰ᠎ᠤᠨ ᠳᠣᠲᠣᠭᠠᠳᠤ᠎ᠶᠢᠨ ᠣᠨᠴᠠ ᠲᠥᠷᠥᠯ᠎ᠦᠨ ᠰᠠᠭᠠᠯᠢ᠎ᠶᠢᠨ ᠦᠨᠢᠶ᠎ᠡ ᠲᠡᠵᠢᠭᠡᠵᠦ᠂ ᠦᠢᠯᠡᠳᠪᠦᠷᠢᠯᠡᠭᠰᠡᠨ ᠰᠤᠷᠭᠤᠬ ᠰᠦ᠋᠎ᠪᠠᠨ ᠢᠯᠢ ᠺᠤᠮᠫᠠᠨᠢ᠎ᠶᠢᠨ ᠦᠢᠯᠡᠳᠪᠦᠷᠢ᠎ᠳᠦ ᠬᠠᠩᠭᠠᠬᠤ ᠪᠤᠯᠪᠠ᠃ ᠦᠢᠯᠡᠳᠪᠦᠷᠢ᠎ᠶᠢᠨ ᠲᠣᠭᠣᠷᠢᠭ᠎ᠲᠤ ᠣᠲᠣ 5100 ᠦᠨᠢᠶ᠎ᠡ᠎ᠲᠡᠶ ᠪᠠᠢᠵᠦ᠂ ᠡᠳᠦᠷ᠎ᠲᠦ 86 ᠲᠣᠨ ᠰᠦ᠋ ᠦᠢᠯᠡᠳᠪᠦᠷᠢᠯᠡᠵᠦ᠂ ᠲᠤᠮᠳᠠᠴᠢ ᠪᠡᠷ ᠰᠠᠭᠠᠯᠢ᠎ᠶᠢᠨ ᠦᠨᠢᠶ᠎ᠡ ᠪᠥᠷᠢ ᠡᠴᠡ ᠡᠳᠦᠷ᠎ᠲᠦ 36.5 ᠺᠢᠯᠦᠭᠷᠠᠮ ᠰᠦ᠋ ᠰᠠᠭᠠᠵᠦ ᠪᠤᠢ᠃

10 ᠲᠦᠮᠡᠨ ᠰᠠᠭᠠᠯᠢ᠎ᠶᠢᠨ ᠦᠨᠢᠶ᠎ᠡ ᠲᠡᠵᠢᠭᠡᠬᠦ 3 ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠰᠠᠭᠠᠯᠢ᠎ᠶᠢᠨ ᠦᠨᠢᠶ᠎ᠡ ᠲᠡᠵᠢᠭᠡᠬᠦ ᠬᠡᠮᠵᠢᠶ᠎ᠡ᠎ᠶᠢ 28 ᠲᠦᠮᠡ᠎ᠡᠴᠡ ᠳᠡᠭᠡᠭᠰᠢ᠎ᠳᠦ ᠬᠦᠷᠭᠡᠵᠤ᠂ ᠰᠦ᠎ᠵᠢᠨ ᠲᠥᠷᠥᠯ᠎ᠦᠨ ᠭᠠᠷᠤᠯᠲᠠ᠎ᠶᠢ 100 ᠲᠦᠮᠡᠨ ᠲᠣᠨ᠎ᠠᠴᠠ ᠳᠡᠭᠡᠭᠰᠢ᠎ᠳᠦ ᠬᠦᠷᠭᠡᠨ᠎ᠡ᠃ ᠢᠯᠢ ᠺᠤᠮᠫᠠᠨᠢ᠎ᠶᠢᠨ ᠡᠳᠦᠷ᠎ᠦᠨ 2000 ᠲᠣᠨ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ᠎ᠢ ᠡᠷᠲᠡᠬᠡᠨ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ ᠁

2022 ᠣᠨ᠎ᠳᠤ᠂ ᠪᠠᠶᠠᠨᠨᠠᠭᠤᠷ ᠬᠤᠲᠠ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠶᠢ ᠪᠦᠬᠦ ᠬᠦᠴᠦᠨ᠎ᠢᠶᠡᠷ᠎ᠢᠶᠡᠨ ᠬᠡᠷᠡᠭᠵᠢᠭᠦᠯᠵᠦ᠂ ᠠᠵᠤ ᠦᠢᠯᠡᠰ᠎ᠦᠨ ᠪᠦᠰᠡ᠎ᠶᠢᠨ ᠪᠠᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠬᠦ᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ ᠤᠷᠢᠳ᠎ᠢᠶᠠᠷ ᠪᠡᠶᠡᠯᠡᠭᠦᠯᠵᠦ᠂ ᠤᠯᠤᠰ᠎ᠤᠨ ᠳᠡᠰ᠎ᠤᠨ 《 ᠪᠣᠬᠢᠷᠲᠤᠯ ᠦᠭᠡᠢ ᠰᠦ᠎ᠶᠢᠨ ᠰᠠᠪᠠ 》 ᠵᠢ ᠴᠣᠭᠴᠠᠯᠠᠬᠤ᠎ᠳᠤ ᠪᠠᠶᠠᠨᠨᠠᠭᠤᠷ᠎ᠤᠨ ᠬᠦᠴᠦᠨ ᠴᠢᠳᠠᠯ᠎ᠢᠶᠠᠨ ᠨᠡᠮᠡᠷᠢᠯᠡᠪᠡ᠃

ᠣᠢᠷ᠎ᠠ᠎ᠶᠢᠨ ᠵᠢᠯ᠎ᠦᠨ ᠲᠤᠷᠰᠢ᠂ ᠪᠠᠶᠠᠨᠨᠠᠭᠤᠷ ᠬᠣᠲᠠ ᠰᠠᠭᠠᠯᠢ᠎ᠶᠢᠨ ᠦᠨᠢᠶ᠎ᠡ ᠲᠡᠵᠢᠭᠡᠨ ᠦᠷᠡᠵᠢᠭᠦᠯᠬᠦ᠂ ᠰᠦ᠋᠎ᠶᠢᠨ ᠢᠷᠡᠯᠲᠡ᠎ᠶᠢ ᠬᠠᠮᠢᠶᠠᠷᠤᠨ ᠬᠤᠳᠠᠯᠳᠤᠨ ᠠᠪᠴᠤ ᠲᠡᠭᠡᠭᠡᠪᠦᠷᠢᠯᠡᠬᠦ ᠪᠠ ᠴᠠᠭᠠᠨ ᠢᠳᠡᠭᠡ ᠪᠣᠯᠪᠠᠰᠤᠷᠠᠭᠤᠯᠬᠤ ᠡᠯ᠎ᠡ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠂ ᠰᠦ᠋᠎ᠶᠢᠨ ᠠᠵᠤ ᠦᠢᠯᠡᠰ᠎ᠢ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠭᠠᠨ᠂ ᠴᠢᠨᠠᠷ ᠰᠠᠢᠲᠠᠶ ᠰᠦ᠋᠎ᠶᠢᠨ ᠢᠷᠡᠯᠲᠡ᠎ᠶᠢ ᠪᠣᠶ ᠪᠣᠯᠭᠠᠬᠤ᠂ ᠳᠡᠭᠡᠳᠦ ᠲᠠᠰ᠎ᠤᠨ ᠴᠠᠭᠠᠨ ᠢᠳᠡᠭᠡᠨ ᠦᠢᠯᠡᠳᠪᠦᠷᠢᠯᠡᠬᠦ᠎ᠪᠡᠷ ᠬᠠᠷᠠᠯᠲᠠ ᠪᠣᠯᠭᠠᠵᠤ᠂ ᠴᠢᠨᠠᠷ ᠰᠠᠢᠲᠠᠶ ᠰᠦ᠋᠎ᠶᠢᠨ ᠦᠢᠯᠡᠳᠪᠦᠷᠢᠯᠡᠯ᠂ ᠳᠡᠭᠡᠳᠦ ᠲᠠᠰ᠎ᠤᠨ ᠴᠠᠭᠠᠨ ᠢᠳᠡᠭᠡ ᠪᠣᠯᠪᠠᠰᠤᠷᠠᠭᠤᠯᠬᠤ᠂ ᠴᠢᠨᠠᠷ ᠰᠠᠢᠲᠠᠶ ᠲᠡᠵᠢᠭᠡᠯ ᠡᠪᠡᠰᠦ ᠳᠠᠷᠢᠬᠤ᠎ᠶᠢ ᠦᠷᠭᠦᠯᠵᠢᠯᠡᠨ ᠠᠬᠢᠭᠤᠯᠵᠤ᠂ ᠰᠦ᠋᠎ᠶᠢᠨ ᠠᠵᠤ ᠦᠢᠯᠡᠰ᠎ᠦᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠦ᠋᠎ᠶᠢᠨ ᠠᠵᠤ ᠦᠢᠯᠡᠰ᠎ᠦᠨ ᠴᠢᠨᠠᠷ ᠰᠠᠢᠲᠠᠶ ᠬᠥᠭᠵᠢᠯᠲᠡ᠎ᠶᠢ ᠲᠦᠷᠭᠡᠳᠬᠡᠨ ᠠᠬᠢᠭᠤᠯᠬᠤ᠎ᠶᠢᠨ ᠬᠠᠮᠲᠤ᠂ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠰᠦ᠋᠎ᠶᠢᠨ ᠪᠦᠲᠦᠭᠡᠭᠳᠡᠬᠦᠨ᠎ᠦ ᠪᠦᠲᠦᠴᠡ᠎ᠶᠢ ᠢᠳᠡᠪᠬᠢᠲᠡᠶ ᠲᠣᠬᠢᠷᠠᠭᠤᠯᠤᠨ ᠰᠢᠯᠢᠳᠡᠭᠵᠢᠭᠦᠯᠵᠦ᠂ ᠴᠠᠭᠠᠨ ᠢᠳᠡᠭᠡᠨ᠎ᠦ ᠳᠠᠭᠠᠭᠤᠯᠤᠭᠴᠢ ᠠᠵᠤ ᠠᠬᠤᠢᠯᠠᠯ᠎ᠤᠨ ᠪᠤᠵᠠᠭᠠᠢᠷᠠᠨ ᠬᠦᠴᠦᠷᠬᠡᠭᠵᠢᠬᠦ᠎ᠶᠢ ᠳᠡᠮᠵᠢᠵᠦ᠂ ᠰᠦ᠋᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ ᠪᠥᠬᠥ ᠲᠠᠯ᠎ᠠ᠎ᠪᠠᠷ ᠠᠬᠢᠭᠤᠯᠵᠦ ᠪᠤᠢ᠃

ᠰᠢᠨᠵᠢᠯᠡᠭᠦ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠵᠤ ᠣᠨᠴᠠᠯᠢᠭᠲᠤ ᠠᠵᠤ ᠦᠢᠯᠡᠰ᠎ᠦᠨ ᠬᠦᠭᠵᠢᠯᠳᠠ ᠵᠢ ᠲᠦᠷᠭᠡᠳᠭᠡᠪᠡ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠴᠢᠨᠠᠷ ᠰᠠᠢᠲᠠᠶ ᠬᠥᠭᠵᠢᠯᠲᠡ᠎ᠶᠢᠨ ᠭᠤᠤᠯ ᠬᠥᠳᠡᠯᠭᠡᠬᠦ ᠬᠦᠴᠦᠨ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠨᠢ ᠪᠣᠭᠣᠳᠠᠶ᠂ ᠮᠢᠬᠠᠨ ᠪ ᠬᠣᠨᠢ ᠵᠡᠷᠭᠡ ᠪᠠᠶᠠᠨᠨᠠᠭᠤᠷ᠎ᠤᠨ ᠣᠨᠴᠠᠯᠢᠭᠲᠤ ᠠᠵᠤ ᠦᠢᠯᠡᠰ᠎ᠲᠦ ᠬᠦᠴᠦᠨ ᠨᠡᠮᠡᠷᠢᠯᠡᠵᠦ᠂ ᠣᠲᠣ ᠦᠶ᠎ᠡ᠎ᠶᠢᠨ ᠮᠠᠯ ᠠᠵᠤ ᠠᠬᠤᠶ ᠲᠠᠷᠢᠶᠠᠯᠠᠩ᠎ᠤᠨ ᠢᠷᠡᠭᠡᠳᠦᠶ᠎ᠶᠢᠨ ᠳᠦᠷᠰᠦ ᠪᠠᠢᠳᠠᠯ᠎ᠢ ᠵᠢᠷᠤᠭᠯᠠᠪᠠ᠃

ᠲᠦᠷᠦᠭᠦᠬᠡᠨ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠴᠣᠬᠣᠯᠠᠪᠤᠷᠢ᠎ᠶᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠵᠥᠪᠰᠢᠶᠡᠷᠡᠯ ᠣᠯᠤᠭᠰᠠᠨ ᠤᠯᠤᠰ᠎ᠤᠨ ᠲᠠᠷᠢᠶᠠᠯᠠᠩ᠎ᠤᠨ ᠳᠡᠭᠡᠳᠦ ᠲᠠᠰ᠎ᠤᠨ ᠣᠷᠣᠨ ᠪᠣᠯᠵᠠᠶ᠃ ᠣᠳᠣᠬᠠᠨ᠎ᠳᠤ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠲᠠᠰ᠎ᠤᠨ ᠠᠵᠤ ᠠᠬᠤᠢᠯᠠᠯ 58 ᠪᠣᠶ᠂ ᠡᠭᠦᠨ᠎ᠳᠦ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ 21 ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠡᠯ᠎ᠡ ᠲᠥᠷᠥᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠠᠴᠢᠶᠠᠯᠠᠪᠤᠷᠢ 38 ᠪᠣᠶ᠃ ᠲᠠᠷᠠᠭᠠᠴᠢ᠎ᠶᠢᠨ ᠠᠯᠬᠤᠮ᠎ᠳᠤ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠳᠡᠰ᠎ᠤᠨ ᠣᠷᠣᠨ 《 ᠪᠣᠷᠣᠲᠣᠬᠣᠶ᠎ᠶᠢᠨ ᠤᠰᠤᠯᠠᠯᠲᠠ᠎ᠶᠢᠨ ᠣᠷᠣᠨ᠎ᠤ ᠠᠮᠢ ᠠᠬᠤᠶ᠎ᠶᠢᠨ ᠮᠠᠯ ᠠᠵᠤ ᠠᠬᠤᠶ ᠲᠠᠷᠢᠶᠠᠯᠠᠩ 》 ᠎ᠤ᠋ᠨ ᠪᠥᠲᠥᠭᠡᠨ ᠪᠠᠢᠭᠤᠯᠤᠯᠲᠠ ᠬᠥᠭᠵᠢᠯᠲᠡ᠎ᠶᠢᠨ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠬᠠᠲᠠᠭᠤ ᠴᠢᠨᠠᠷᠲᠤ ᠪᠣᠭᠣᠳᠠᠶ᠂ ᠮᠢᠬᠠᠨ᠎ᠤ ᠬᠣᠨᠢ᠎ᠪᠠᠷ ᠭᠤᠤᠯᠯᠠᠬᠤ ᠠᠵᠤ ᠦᠢᠯᠡᠰ ᠪᠣᠯᠭᠠᠵᠤ᠂ ᠪᠥᠬᠥ ᠤᠯᠤᠰ᠎ᠤᠨ ᠠᠮᠢ ᠠᠬᠤᠶ᠎ᠶᠢᠨ ᠮᠠᠯ ᠠᠵᠤ ᠠᠬᠤᠶ ᠲᠠᠷᠢᠶᠠᠯᠠᠩ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠬᠥᠲᠥᠯᠥᠨ ᠳᠠᠭᠠᠭᠤᠯᠬᠤ ᠣᠷᠣᠨ᠂ 《 ᠨᠢᠭᠡ ᠪᠦᠰᠡ ᠨᠢᠭᠡ ᠵᠠᠮ 》᠎ᠤ᠋ᠨ ᠮᠠᠯ ᠠᠵᠤ ᠠᠬᠤᠶ ᠲᠠᠷᠢᠶᠠᠯᠠᠩ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠠᠮᠲᠤᠷᠠᠯᠴᠠᠭᠠᠨ᠎ᠤ ᠤᠷᠢᠳ᠎ᠢᠶᠠᠷ ᠬᠡᠷᠡᠭᠵᠢᠭᠦᠯᠬᠦ ᠣᠷᠣᠨ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠥᠭᠵᠢᠭᠰᠡᠨ ᠳᠠᠭᠤᠷᠢᠶᠠᠯ ᠣᠷᠣᠨ᠎ᠢ ᠭᠤᠤᠯᠳᠠᠯᠭ᠎ᠠ᠎ᠲᠠᠶ ᠪᠣᠶ ᠪᠣᠯᠭᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠪᠠᠷᠠᠭᠤᠨ ᠬᠣᠢᠲᠤ ᠭᠠᠵᠠᠷ ᠣᠷᠣᠨ᠎ᠳᠤ ᠴᠢᠨᠠᠷ ᠰᠠᠢᠲᠠᠶ ᠪᠣᠭᠣᠳᠠᠶ ᠪᠠ ᠮᠢᠬᠠᠨ᠎ᠤ ᠬᠣᠨᠢᠨ᠎ᠤ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠵᠤ᠂ ᠣᠨᠴᠠᠯᠢᠭᠲᠤ ᠠᠮᠢ ᠠᠬᠤᠶ᠎ᠶᠢᠨ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠦᠨ ᠪᠦᠯᠦᠭᠵᠢᠯ᠎ᠢ ᠪᠣᠶ ᠪᠣᠯᠭᠠᠵᠤ᠂ ᠠᠮᠢ ᠠᠬᠤᠶ᠎ᠶᠢᠨ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭᠵᠢᠯᠲᠡ᠎ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ᠎ᠪᠠᠷ ᠬᠠᠢᠨ ᠰᠦᠪᠡᠭᠴᠢᠯᠡᠵᠦ ᠵᠢᠱ᠌ᠢᠶ᠎ᠡ ᠦᠵᠡᠭᠦᠯᠬᠦ ᠪᠤᠯᠤᠨ᠎ᠠ᠃

ᠳᠠᠪᠠᠭᠤᠯᠢᠭ᠎ᠲᠠᠭᠠᠨ ᠰᠠᠭᠤᠷᠢᠯᠠᠵᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠴᠢᠳᠠᠪᠤᠷᠢ ᠣᠯᠭᠣᠵᠤ᠂ ᠰᠢᠨ᠎ᠡ ᠠᠶᠠᠨ ᠎ᠳᠤ ᠪᠠᠶᠠᠨᠨᠠᠭᠤᠷ ᠨᠡᠩ ᠶᠡᠬᠡ ᠵᠣᠷᠢᠭ᠂ ᠨᠡᠩ ᠥᠨᠳᠥᠷ ᠬᠠᠷᠠᠯᠲᠠ᠂ ᠨᠡᠩ ᠴᠢᠩᠭ᠎ᠠ ᠡᠷᠴᠢᠮ᠎ᠢᠶᠡᠷ ᠲᠦᠷᠬᠡᠨ ᠵᠢᠡᠷ ᠤᠷᠤᠭᠰᠢᠯᠠᠵᠤ᠂ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢᠨ ᠢᠷᠠᠭᠤ ᠬᠠᠭᠤᠳᠠᠰᠤ᠎ᠶᠢ ᠪᠢᠴᠢᠭᠯᠡᠨ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面