2022-08-22 08:44:04
ᠨᠠᠮᠤᠷ᠎ᠤᠨ ᠡᠬᠢᠨ᠎ᠤ ᠤᠯᠠᠭᠠᠨᠴᠠᠪ᠎ᠤᠨ ᠦᠵᠡᠮᠵᠢᠳᠦ ᠰᠠᠢᠬᠠᠨ ᠠᠭᠤᠯᠠ ᠤᠰᠤᠨ ᠳ᠋ᠤᠨᠢ ᠬᠠᠷᠠᠭ᠎ᠠ ᠪᠠᠶᠠᠰᠴᠦ᠂ ᠠᠶᠠᠰ᠎ᠤᠨ ᠰᠠᠯᠬᠢᠨ ᠳ᠋ᠤᠨᠢ ᠴᠡᠭᠡᠵᠢ ᠤᠩᠭᠤᠢᠨᠠ!
ᠱᠠᠩᠳᠤ ᠱᠢᠶᠠᠨ᠎ᠤ ᠲᠢᠶᠠᠨ ᠱᠦᠨ ᠰᠠᠯᠬᠢᠨ ᠬᠦᠴᠦᠨ᠎ᠦ ᠴᠠᠬᠢᠯᠭᠠᠨ᠎ᠤ ᠲᠥᠬᠥᠭᠡᠷᠦᠮᠵᠢ᠎ᠶ᠋ᠢᠨ ᠬᠢᠵᠠᠭᠠᠷᠲᠤ ᠺᠣᠮᠫᠠᠨᠢ᠎ᠳᠤ᠂ ᠬᠡᠳᠦᠨ ᠠᠷᠪᠠᠨ ᠮᠧᠲ᠋ᠷ ᠤᠷᠳᠤ ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠱᠢᠨ᠎ᠤ ᠰᠤᠪᠤᠷᠭᠠᠨ ᠪᠠᠭᠠᠨ᠎ᠠ ᠨᠢ ᠦᠢᠯᠡᠳᠪᠦᠷᠢ᠎ᠶ᠋ᠢᠨ ᠲᠣᠭᠣᠷᠢᠭ ᠵᠢᠴᠢ ᠨᠦᠬᠦᠭᠡ ᠲᠠᠯ᠎ᠠ᠎ᠶ᠋ᠢᠨ ᠬᠣᠭᠣᠰᠣᠨ ᠭᠠᠵᠠᠷ᠎ᠲᠤ ᠲᠡᠷᠢ ᠲᠡᠭ᠌ᠰᠢ ᠵᠢᠭ᠍ᠰᠠᠵᠤ᠂ ᠰᠤᠪᠤᠷᠭᠠᠨ ᠪᠠᠭᠠᠨ᠎ᠠ ᠠᠴᠢᠭᠰᠠᠨ 10 ᠭᠠᠷᠤᠢ ᠲᠤᠮᠤ ᠠᠴᠢᠶᠠᠨ᠎ᠤ ᠮᠠᠱᠢᠨ ᠠᠶᠠᠨ ᠵᠢᠡᠨ ᠡᠬᠢᠯᠡᠭᠦᠯᠬᠦ ᠪᠡᠷ ᠪᠡᠯᠡᠬᠡᠨ ᠪᠤᠯᠵᠠᠢ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠳᠤ᠂ ᠮᠢᠩᠭᠠᠨ ᠮᠦ᠍ ᠰᠢᠬᠤᠯᠤ ᠵᠠᠬ᠎ᠠ ᠳᠡᠯᠭᠡᠭᠦᠷ ᠲᠤ᠌ ᠭᠠᠷᠴᠤ᠂ ᠲᠡᠭᠦᠬᠦ᠂ ᠬᠠᠢᠷᠴᠠᠭᠯᠠᠬᠤ᠂ ᠲᠡᠭᠡᠭᠡᠪᠦᠷᠢᠯᠡᠬᠦ᠌ ᠠᠵᠢᠯ ᠲᠤᠢᠯ᠎ᠤᠨ ᠶᠠᠭᠠᠷᠠᠯᠲᠠᠢ ᠶᠠᠪᠤᠭᠳᠠᠨ᠎ᠠ ᠁ ᠤᠯᠠᠭᠠᠨᠴᠠᠪ ᠬᠤᠲᠠ ᠵᠢᠨ ᠭᠠᠵᠠᠷ ᠪᠣᠯᠭᠠᠨ᠎ᠳᠤ ᠶᠠᠭᠠᠷᠠᠯᠲᠠᠢ ᠪᠠᠢᠳᠠᠯ ᠢᠯᠡᠷᠡᠵᠦ᠍᠂ ᠲᠤᠰ ᠬᠤᠳᠠ᠎ᠶ᠋ᠢᠨ ᠡᠭᠦᠯᠡᠨ ᠬᠥᠨᠳᠡᠢ᠂ ᠠᠭᠤᠯᠵᠠᠭᠤᠷ ᠵᠠᠮ᠂ ᠡᠷᠡᠭᠦᠯ ᠮᠡᠨᠳᠦ᠂ ᠠᠮᠢ ᠠᠬᠤᠢ᠂ ᠪᠤᠬᠢᠷᠳᠤᠯ ᠦᠭᠡᠢ ᠡᠨᠧᠷᠭᠢ᠎ᠲᠤ︽ ᠨᠠᠢᠷᠠᠯ ᠬᠥᠭ᠌ᠵᠢᠮ 》᠎ᠢ᠋ ᠬᠦᠭᠵᠢᠮᠳᠡᠨᠠ᠃

ᠬᠦᠷᠮᠡᠨ ᠴᠢᠯᠠᠭᠤᠯᠢᠭ ᠳᠡᠭᠡᠷᠡᠬᠢ ᠨᠤᠮᠢᠨ ᠨᠣᠭᠣᠭᠠᠨ《 ᠳᠣᠮᠣᠭ 》
ᠣᠭ᠍ᠲᠠᠷᠭᠤᠶ᠎ᠡᠴᠠ 《 ᠴᠡᠴᠡᠷᠯᠢᠭ᠎ᠲᠤ ᠬᠣᠲᠠ 》 ᠤᠯᠠᠭᠠᠨᠴᠠᠪ ᠬᠣᠲᠠ᠎ᠶ᠋ᠢᠨ ᠭᠤᠤᠯ ᠬᠣᠲᠠ ᠲᠣᠭᠣᠷᠢᠭ᠎ᠢ ᠬᠠᠷᠠᠬᠤᠶ᠎ᠠ᠂ ᠠᠭᠤᠯᠡᠠ ᠪᠡᠯ᠂ ᠴᠡᠴᠡᠷᠯᠢᠭ᠂ ᠵᠠᠮ᠎ᠤᠨ ᠬᠣᠶᠠᠷ ᠬᠠᠵᠠᠭᠤ᠂ ᠪᠠᠢᠭᠤᠯᠭ᠎ᠠ ᠨᠢᠭᠡᠴᠢ ᠵᠢᠨ ᠬᠦᠷᠢᠶ᠎ᠠ ᠪᠠ ᠰᠠᠭᠤᠭᠠᠯᠢ ᠠᠷᠠᠳ᠎ᠤᠨ ᠲᠣᠭᠣᠷᠢᠭ᠎ᠤᠨ ᠬᠦᠷᠢᠶᠡᠨ᠎ᠳᠦ ᠡᠪᠡᠰᠤ ᠮᠣᠳᠣ ᠭᠠᠵᠠᠷ ᠰᠠᠶ ᠥᠬᠡᠶ ᠬᠦᠬᠡᠷᠡᠨ ᠬᠠᠷᠠᠭ᠍ᠳᠠᠨ᠎ᠠ᠃ ᠡᠭᠦᠨ᠎ᠦ ᠠᠷᠤ᠎ᠳᠤ ᠬᠦᠷᠮᠡᠨ ᠴᠢᠯᠠᠭᠤᠯᠢᠭ ᠳᠡᠭᠡᠷᠡᠬᠢ ᠨᠤᠮᠢᠨ ᠨᠣᠭᠣᠭᠠᠨ《 ᠳᠣᠮᠣᠭ 》 ᠬᠥᠮᠦᠰ ᠤ᠋ᠨ ᠲᠤᠮᠳᠠ ᠦᠷᠭᠡᠨ ᠵᠢᠡᠷ ᠲᠠᠷᠬᠠᠨ ᠤᠯᠠᠮᠵᠢᠯᠠᠭᠳᠠᠨ᠎ᠠ᠃
ᠥᠩᠭᠡᠷᠡᠭ᠌ᠰᠡᠨ᠎ᠳᠦ ᠤᠯᠠᠭᠠᠨᠴᠠᠪ᠎ᠲᠤ ᠬᠤᠷ᠎ᠠ ᠲᠤᠨᠤᠳᠠᠰᠤ ᠴᠦᠬᠡᠨ᠂ ᠠᠮᠢ ᠠᠬᠤᠶ ᠬᠡᠪᠡᠷᠡᠭ ᠪᠠᠢᠵᠤ᠂ ᠭᠤᠤᠯ ᠬᠣᠲᠠ ᠲᠣᠭᠣᠷᠢᠭ᠎ᠤᠨ ᠭᠠᠵᠠᠷ ᠳᠤᠤᠷᠠᠬᠢ ᠬᠦᠷᠮᠡᠨ ᠴᠢᠯᠠᠭᠤᠯᠢᠭ᠎ᠤᠨ ᠪᠦᠷᠬᠦᠴᠡ᠎ᠶ᠋ᠢᠨ ᠲᠠᠯᠠᠪᠠᠶ ᠨᠢ ᠶᠡᠬᠡ᠂ ᠬᠥᠷᠥᠰᠥ᠍ ᠱᠢᠷᠣᠶ ᠨᠢ ᠲᠠᠴᠢᠷ ᠨᠢᠮᠭᠡᠨ᠂ ᠤᠷᠭᠤᠮᠠᠯ ᠤᠷᠭᠤᠬᠤ ᠳ᠋ᠤ ᠬᠦᠴᠢᠷᠳᠠᠢ ᠪᠠᠢᠵᠠᠢ᠃
ᠤᠯᠠᠭᠠᠨᠴᠠᠪ᠎ᠤᠨ ᠨᠣᠭᠣᠭᠠᠷᠠᠭᠤᠯᠤᠯᠲᠠ ᠵᠢᠨ ᠠᠵᠢᠯ ᠳ᠋ᠤ ᠤᠯᠠᠨ ᠵᠢᠯ ᠪᠠᠶ᠎ᠠ ᠪᠡᠷ ᠵᠢᠡᠨ ᠤᠷᠤᠯᠴᠠᠭᠰᠠᠨ ᠵᠢᠨᠢᠩ ᠲᠣᠭᠣᠷᠢᠭ᠎ᠤᠨ ᠴᠡᠴᠡᠷᠯᠢᠭ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ ᠬᠤ᠌ ᠶᠢᠨ ᠰᠢ᠄《 2006 ᠣᠨ᠎ᠠᠴᠠ ᠡᠮᠦᠨ᠎ᠡ᠂ ᠵᠢᠨᠢᠩ ᠲᠣᠭᠣᠷᠢᠭ᠎ᠤᠨ ᠮᠢᠨ ᠵᠢᠶᠠᠨ ᠶᠡᠬᠡ ᠵᠡᠭᠡᠯᠢ᠂ ᠲᠤᠸᠠᠨ ᠵᠢᠶᠧ ᠵᠠᠮ ᠵᠡᠷᠭᠡ ᠬᠡᠳᠦᠨ ᠵᠡᠭᠡᠯᠢ ᠭᠤᠳᠤᠮᠵᠢ ᠡᠴᠡ ᠭᠠᠳᠠᠨ᠎ᠠ ᠪᠠᠷᠤᠭ ᠨᠣᠭᠣᠭᠠᠷᠠᠭᠤᠯᠤᠯᠲᠠ᠎ᠶ᠋ᠢᠨ ᠪᠦᠰᠡ ᠪᠠᠢᠬᠤ ᠦᠭᠡᠢ᠂ ᠬᠣᠲᠠ ᠲᠣᠭᠣᠷᠢᠭ᠎ᠲᠤ ᠵᠥᠪᠬᠡᠨ ᠬᠣᠶᠠᠷ ᠴᠡᠴᠡᠷᠯᠢᠭ ᠪᠠᠢᠬᠰᠠᠨ ᠶᠤᠮ》ᠬᠡᠵᠤ ᠲᠠᠨᠢᠯᠴᠠᠭᠤᠯᠤᠨ᠎ᠠ᠃
ᠬᠦᠴᠢᠷ ᠪᠡᠷᠬᠡᠰᠢᠶᠠᠯ ᠤ᠋ᠨ ᠡᠮᠦᠨ᠎ᠠ ᠬᠦᠯ ᠨᠤᠭᠤᠷᠠᠳᠠᠭ ᠦᠭᠡᠢ ᠤᠯᠠᠭᠠᠨᠴᠠᠪ ᠤ᠋ᠨ ᠬᠥᠮᠦᠰ᠂ 2012 ᠣᠨ᠎ᠳᠤ ᠭᠤᠤᠯ ᠬᠣᠲᠠ ᠲᠣᠭᠣᠷᠢᠭ᠎ᠤᠨ《 ᠭᠤᠷᠪᠠᠨ ᠠᠭᠤᠯᠠ ᠬᠣᠶᠠᠷ ᠭᠤᠤᠯ 》︵ᠪᠠᠶ ᠴᠢᠤᠸᠠᠨ ᠱᠠᠨ ᠠᠭᠤᠯᠠ᠂ ᠯᠤᠤ ᠬᠤ᠌ ᠱᠠᠨ ᠠᠭᠤᠯᠠ᠂ ᠸᠸ ᠯᠦᠩ ᠱᠠᠨ ᠠᠭᠤᠯᠠ᠂ ᠨᠠᠷᠠᠰᠤᠨ ᠭᠤᠤᠯ᠂ ᠴᠢᠤᠸᠠᠨ ᠢᠦᠶ ᠯᠢᠩ ᠭᠤᠤᠯ︶᠎ᠢ᠋ ᠵᠠᠰᠠᠬᠤ ᠢᠨᠵᠧᠨᠧᠷᠢᠩ᠎ᠢ ᠡᠬᠢᠯᠡᠭᠦᠯᠪᠡ᠃ ᠬᠡᠳᠦᠨ ᠵᠢᠯ᠎ᠦᠨ ᠬᠠᠲᠠᠭᠤᠵᠢᠯᠲᠠᠶ ᠵᠠᠰᠠᠯᠲᠠ᠎ᠪᠠᠷ ᠳᠡᠮᠵᠢᠨ᠂ ᠥᠩᠭᠡᠷᠡᠭ᠌ᠰᠡᠨ ᠤ᠋ ᠴᠠᠭᠠᠨ ᠴᠣᠬᠣᠶ ᠠᠭᠤᠯᠠ ᠨᠢ ᠪᠠᠶ ᠴᠢᠤᠸᠠᠨ ᠱᠠᠨ ᠠᠮᠢ ᠠᠬᠤᠶ᠎ᠶ᠋ᠢᠨ ᠴᠡᠴᠡᠷᠯᠢᠭ ᠪᠣᠯᠵᠣ᠂ ᠥᠩᠭᠡᠷᠡᠭ᠌ᠰᠡᠨ᠎ᠦ《 ᠦᠮᠡᠬᠡᠶ ᠤᠰᠤᠨ ᠰᠤᠪᠠᠭ 》ᠨᠠᠷᠠᠰᠤᠨ ᠭᠤᠤᠯ ᠨᠢ ᠲᠤᠩᠭᠠᠯᠠᠭ ᠤᠷᠤᠰᠬᠠᠯ ᠪᠣᠯᠵᠣ ᠬᠤᠪᠢᠷᠠᠪᠠ ᠁
ᠣᠳᠣᠬᠠᠨ᠎ᠳᠤ᠂ ᠵᠢᠨᠢᠩ ᠲᠣᠭᠣᠷᠢᠭ᠎ᠤᠨ ᠨᠣᠭᠣᠭᠠᠷᠠᠭᠤᠯᠤᠯᠲᠠ᠎ᠶ᠋ᠢᠨ ᠲᠠᠯᠠᠪᠠᠶ ᠨᠢᠭᠡᠨᠲᠡ 2948.29 ᠾᠧᠺᠲ᠋ᠠᠷ᠎ᠲᠤ ᠬᠦᠷᠴᠦ᠍᠂ ᠨᠣᠭᠣᠭᠠᠷᠠᠭᠤᠯᠤᠯᠲᠠ᠎ᠶ᠋ᠢᠨ ᠨᠣᠷᠮ᠎ᠠ 39.38% ᠳ᠋ᠤ ᠬᠦᠷᠴᠡᠶ᠃ ᠤᠯᠠᠭᠠᠨᠴᠠᠪ ᠴᠤ᠌ ᠡᠭᠦᠨ᠎ᠡᠴᠡ ᠪᠣᠯᠵᠣ《 ᠤᠯᠤᠰ᠎ᠤᠨ ᠴᠡᠴᠡᠷᠯᠢᠭᠳᠦ ᠬᠣᠲᠠ 》 ᠶ᠋ᠢ ᠠᠮᠵᠢᠯᠲᠠ᠎ᠲᠠᠶ ᠡᠭᠦᠳᠦᠨ ᠪᠠᠢᠭᠤᠯᠵᠤ᠂ ᠦᠨᠡᠯᠡᠨ ᠱᠢᠯᠭᠠᠷᠠᠭᠤᠯᠬᠤ ᠳᠤᠭᠤᠢᠯᠠᠩ᠎ᠤᠨ ᠲᠤᠰᠭᠠᠶ ᠮᠡᠷᠭᠡᠵᠢᠯᠲᠡᠳ 《 ᠬᠦᠷᠮᠡᠨ ᠴᠢᠯᠠᠭᠤᠯᠢᠭ ᠳᠡᠭᠡᠷ᠎ᠡ ᠪᠠᠢᠭᠤᠯᠤᠭ᠍ᠰᠠᠨ ᠴᠡᠴᠡᠷᠯᠢᠭᠳᠦ ᠬᠣᠲᠠ 》 ᠬᠡᠰᠡᠨ ᠦᠨᠡᠯᠡᠯᠲᠡ ᠦᠭᠴᠠᠢ᠃ ᠡᠭᠦᠨ᠎ᠡᠴᠡ ᠡᠬᠢᠯᠡᠨ᠂ ᠡᠨᠡ ᠬᠦ᠌ ᠬᠦᠷᠮᠡᠨ ᠴᠢᠯᠠᠭᠤᠯᠢᠭ ᠳᠡᠭᠡᠷᠡᠬᠢ ᠨᠤᠮᠢᠨ ᠨᠣᠭᠣᠭᠠᠨ《 ᠳᠣᠮᠣᠭ 》 ᠨᠢ ᠥᠷᠭᠡᠨ᠎ᠢᠶᠡᠷ ᠤᠯᠠᠮᠵᠢᠯᠠᠭᠳᠠᠬᠤ ᠪᠤᠯᠪᠠ᠃
ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ᠂ ᠤᠢ᠍ᠢᠷ᠎ᠠ᠎ᠶ᠋ᠢᠨ ᠵᠢᠯ ᠡᠴᠡ ᠨᠠᠭᠠᠰᠢ᠂ ᠤᠯᠠᠭᠠᠨᠴᠠᠪ᠎ᠤᠨ ᠬᠢᠨ ᠡᠨᠡ ᠬᠦ᠌ ᠣᠢᠯᠠᠭᠠᠭ᠍ᠳᠠᠬᠤᠨ᠎ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠠᠮᠢ ᠠᠬᠤᠢ ᠵᠢᠨ ᠤᠯᠠᠭᠠᠨᠴᠠᠪ ᠤ᠋ᠨ ᠪᠦᠳᠦᠭᠡᠨ ᠪᠠᠢᠭᠤᠯᠤᠯᠲᠠ ᠵᠢ ᠠᠬᠢᠭᠤᠯᠤᠨ ᠠᠯᠢ ᠤᠯᠠᠨ ᠠᠮᠵᠢᠯᠲᠠ ᠣᠯᠵᠠᠢ᠃ ᠬᠣᠶᠠᠷ ᠵᠢᠯ᠎ᠦᠨ ᠴᠢᠷᠮᠠᠢᠯᠭ᠎ᠠ᠎ᠪᠠᠷ ᠳᠠᠮᠵᠢᠨ᠂ ᠲᠠᠭ᠎ᠠ᠎ᠶ᠋ᠢᠨ ᠨᠠᠭᠤᠷ᠎ᠤᠨ ᠤᠰᠤᠨ᠎ᠤ ᠠᠮᠢ ᠠᠬᠤᠢ᠎ᠶ᠋ᠢ ᠶᠡᠷᠦᠩᠬᠡᠢᠯᠡᠨ ᠵᠠᠰᠠᠬᠤ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠨᠢᠭᠡᠨᠲᠡ ᠤᠰᠤ ᠨᠡᠪᠲᠡᠷᠡᠬᠦ᠌ ᠨᠥᠬᠥᠴᠡᠯ᠎ᠢ ᠪᠦᠷᠢᠯᠳᠦᠭᠦᠯᠪᠡ; ᠴᠠᠭᠠᠨᠨᠠᠭᠤᠷ᠎ᠤᠨ ᠰᠠᠪᠠ ᠭᠠᠵᠠᠷ ᠤ᠋ᠨ ᠠᠮᠢ ᠠᠬᠤᠢ ᠮᠠᠭᠤᠳᠠᠭᠰᠠᠨ ᠠᠰᠠᠭᠤᠳᠠᠯ ᠢ᠋ ᠪᠦᠲᠦᠮᠵᠢᠳᠡᠢ ᠡᠵᠡᠮᠳᠡᠵᠤ᠂ ᠬᠠᠮᠠᠭᠠᠯᠠᠨ ᠵᠠᠰᠠᠬᠰᠠᠨ ᠦᠷ᠎ᠠ ᠪᠦᠲᠦᠮᠵᠢ ᠢᠯᠡᠷᠬᠡᠢ ᠪᠤᠯᠵᠤ ᠪᠤᠢ᠃
ᠡᠭᠦᠯᠡᠨ ᠬᠦᠨᠳᠡᠢ ᠵᠢᠨ ᠪᠦᠳᠦᠭᠡᠨ ᠪᠠᠢᠭᠤᠯᠤᠯᠳᠠ ᠡᠷᠴᠢᠮᠳᠠᠢ
ᠬᠢᠵᠢᠭ᠎ᠦᠨ ᠨᠦᠯᠦᠭᠡ ᠡᠴᠡ ᠪᠤᠯᠵᠤ᠂ ᠨᠤᠲᠤᠭ᠎ᠲᠠᠭᠠᠨ ᠪᠤᠴᠠᠵᠤ ᠰᠠᠨᠠᠭ᠎ᠠ ᠳ᠋ᠠᠭᠠᠨ ᠲᠠᠭᠠᠷᠠᠭᠰᠠᠨ ᠠᠵᠢᠯ ᠤᠯᠬᠤ᠎ᠨᠢ ᠮᠠᠰᠢ ᠣᠯᠠᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠤ᠋ᠨ ᠬᠦᠰᠡᠯ ᠬᠦᠭᠡᠭᠡᠴᠡᠯᠳᠦᠯ ᠪᠤᠯᠵᠠᠢ᠃ ᠵᠠᠩ ᠯᠢᠩ ᠪᠣᠯ ᠲᠡᠳᠡᠨ᠎ᠦ ᠲᠤᠮᠳᠠᠬᠢ ᠨᠢᠭᠡ᠎ᠨᠢ ᠪᠣᠯᠤᠨ᠎ᠠ᠃
ᠵᠢᠨᠢᠡᠭ᠎ᠳᠦ ᠳᠦᠷᠦᠵᠦ ᠦᠰᠦᠭᠰᠡᠨ ᠵᠠᠩ ᠯᠢᠩ ᠥᠪᠥᠷ ᠮᠣᠩᠭᠣᠯ᠎ᠤᠨ ᠡᠯᠧᠺᠲ᠋ᠷᠣᠨ ᠮᠡᠳᠡᠭᠡ ᠵᠠᠩᠭᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠡᠴᠠ ᠲᠡᠭᠦᠰᠴᠦ᠍᠂ ᠤᠳᠤ ᠤᠯᠠᠭᠠᠨᠴᠠᠪ᠎ᠤᠨ ᠶᠢᠤ ᠺᠸ ᠳ᠋ᠸ ᠡᠬᠦᠯᠡᠨ ᠪᠤᠳᠤᠯᠲᠠ ᠵᠢᠨ ᠰᠠᠭᠤᠷᠢᠨ ᠪ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠬᠡᠯᠲᠡᠰ ᠲᠤ᠌ ᠠᠵᠢᠯᠯᠠᠵᠤ ᠪᠠᠢᠨ᠎ᠠ᠃ ᠲᠡᠷᠡ᠄《 ᠪᠢ ᠤᠤᠯ ᠨᠢ ᠪᠡᠭᠡᠵᠢᠩ᠎ᠳᠦ ᠠᠵᠢᠯᠯᠠᠵᠤ ᠪᠠᠢᠵᠠᠢ᠂ ᠰᠡᠭᠦᠯᠡᠷ ᠨᠢ ᠨᠤᠲᠤᠭ᠎ᠲᠠᠭᠠᠨ ᠪᠤᠴᠠᠵᠤ ᠤᠳᠤ᠎ᠶ᠋ᠢᠨ ᠠᠵᠢᠯ ᠵᠢᠡᠨ ᠤᠯᠵᠠᠢ᠃ ᠮᠢᠨᠤ ᠠᠵᠢᠯ᠎ᠤᠨ ᠣᠷᠴᠢᠨ᠂ ᠴᠠᠯᠢᠩ ᠣᠯᠭᠣᠮᠵᠢ ᠪᠦᠷ ᠨᠡᠯᠢᠶᠡᠳ ᠵᠦᠭᠡᠷ᠂ ᠰᠠᠷ᠎ᠠ᠎ᠶ᠋ᠢᠨ ᠴᠠᠯᠢᠩ ᠲᠦᠮᠡᠨ ᠲᠥᠭᠥᠷᠢᠭ᠎ᠲᠦ ᠬᠦᠷᠴᠤ ᠪᠤᠢ᠃ ᠨᠤᠲᠤᠭ ᠲᠠᠭᠠᠨ ᠰᠠᠨᠠᠭᠠᠨ ᠳ᠋ᠠᠭᠠᠨ ᠲᠠᠭᠠᠷᠠᠭᠰᠠᠨ ᠠᠵᠢᠯ ᠣᠯᠬᠤ ᠨᠢ ᠮᠠᠰᠢ ᠵᠣᠯ ᠵᠢᠷᠭᠠᠯ᠎ᠲᠠᠶ ᠶᠠᠪᠤᠳᠠᠯ ᠭᠡᠵᠦ᠍ ᠪᠢ ᠦᠵᠡᠵᠦ᠍ ᠪᠠᠢᠨ᠎ᠠ》ᠬᠡᠵᠤ ᠶᠠᠷᠢᠨ᠎ᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠤᠯᠠᠭᠠᠨᠴᠠᠪ ᠬᠣᠲᠠ ᠭᠠᠵᠠᠷ ᠤ᠋ᠨ ᠪᠦᠲᠦᠴᠡ ᠲᠣᠭ᠍ᠲᠠᠭᠤᠨ᠂ ᠠᠭᠤᠷ ᠠᠮᠢᠰᠭᠤᠯ ᠬᠦᠶ᠋ᠲᠡᠨ ᠰᠡᠷᠢᠭᠦᠨ ᠵᠡᠷᠭᠡ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ ᠡᠭᠦᠯᠡᠨ ᠬᠥᠨᠳᠡᠶ ᠤᠯᠠᠭᠠᠨᠴᠠᠪ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠣᠯᠠᠨ ᠵᠢᠯ᠎ᠦᠨ ᠴᠢᠷᠮᠠᠢᠯᠭ᠎ᠠ᠎ᠪᠠᠷ ᠳᠡᠮᠵᠢᠨ᠂ ᠬᠤᠸᠠ ᠸᠧᠶ᠂ ᠠᠯᠮᠤᠷᠠᠳ᠂ ᠠᠯᠢᠪᠠᠪᠠ ᠵᠡᠷᠭᠡ ᠳᠡᠯᠡᠬᠡᠶ ᠳᠡᠭᠡᠷ᠎ᠡ ᠨᠥᠯᠥᠭᠡᠯᠡᠬᠦ᠌ ᠬᠦᠴᠦᠨ᠎ᠲᠡᠶ ᠺᠣᠮᠫᠠᠨᠢ᠎ᠶ᠋ᠢ ᠲᠡᠳᠡᠨ ᠠᠪᠴᠢᠷᠠᠵᠤ ᠨᠤᠲᠤᠭ᠍ᠰᠢᠭᠤᠯᠪᠠ᠃ ᠣᠳᠣᠬᠠᠨ᠎ᠳᠤ ᠤᠯᠠᠭᠠᠨᠴᠠᠪ ᠬᠣᠲᠠ ᠳ᠋ᠦ ᠨᠢᠭᠡᠨᠲᠡ 17 ᠳ᠋ᠠᠢᠲ᠋ᠠ᠎ᠶ᠋ᠢᠨ ᠲᠥᠪ᠎ᠦᠨ ᠠᠵᠤ ᠠᠬᠤᠢᠯᠠᠯᠭᠡᠷᠡ ᠲᠣᠭ᠍ᠲᠠᠵᠤ ᠨᠤᠲᠤᠭ᠍ᠰᠢᠵᠤ᠂ ᠳ᠋ᠠᠢᠲ᠋ᠠ᠎ᠶ᠋ᠢᠨ ᠲᠥᠪ ᠲᠦᠷᠭᠡᠨ ᠲᠥᠪᠯᠡᠷᠡᠪᠡ᠃ ᠪᠥᠬᠥ᠌ ᠬᠣᠲᠠ᠎ᠶ᠋ᠢᠨ ᠲᠣᠮᠣ ᠳ᠋ᠠᠢᠲ᠋ᠠ᠎ᠶ᠋ᠢᠨ ᠦᠶ᠋ᠯᠡᠴᠢᠯᠡᠭᠡ᠎ᠶ᠋ᠢ ᠭᠠᠳᠠᠭ᠍ᠰᠢ ᠳᠠᠭᠠᠭᠠᠴᠢᠯᠠᠭᠤᠯᠬᠤ ᠠᠵᠤ ᠠᠬᠤᠢᠯᠠᠯ 12 ᠪᠤᠯᠵᠠᠢ; ᠲᠤᠰ ᠬᠤᠳᠠ᠎ᠶ᠋ᠢᠨ ᠲᠤᠮᠤ ᠳ᠋ᠠᠢᠲ᠋ᠠ᠎ᠶ᠋ᠢᠨ ᠠᠵᠤ ᠦᠢᠯᠡᠰ᠎ᠦᠨ ᠬᠡᠯᠬᠢᠶ᠎ᠡ ᠲᠠᠰᠤᠷᠠᠯᠳᠡ ᠦᠭᠡᠢ ᠥᠷᠭᠡᠵᠢᠵᠦ᠍᠂ ᠨᠢᠭᠡᠨᠲᠡ 4 ᠲᠤᠮᠤ ᠳ᠋ᠠᠢᠲ᠋ᠠ᠎ᠶ᠋ᠢᠨ ᠠᠵᠤ ᠤᠢᠯᠡᠰ ᠤ᠋ᠨ ᠡᠬᠢᠨ᠎ᠤ ᠪᠠ ᠡᠴᠦᠰ᠎ᠤᠨ ᠬᠡᠯᠬᠢᠶᠠᠨ ᠤ᠋ ᠠᠵᠤ ᠠᠬᠤᠢᠯᠠᠯ ᠠᠱᠢᠭ᠍ᠯᠠᠯᠲᠠ᠎ᠳᠤ ᠣᠷᠣᠪᠠ᠃
ᠵᠢᠨᠢᠩ ᠲᠣᠭᠣᠷᠢᠭ᠎ᠤᠨ ᠬᠣᠩ ᠬᠠᠢ ᠪᠠᠷᠠᠭᠤᠨ ᠵᠠᠮ᠎ᠤᠨ ᠬᠣᠢᠲᠤ ᠬᠡᠰᠡᠭ᠎ᠦᠨ ᠨᠢᠭᠡᠨ ᠬᠥᠮᠥᠷᠭᠡ᠎ᠳᠦ᠂ ᠵᠢᠶᠠᠩ ᠬᠠᠢ ᠹᠸᠩ ᠴᠠᠭᠠᠨ ᠭᠤᠸᠨᠶ᠋ᠢᠨ ᠦᠷ᠎ᠡ ᠵᠢ ᠵᠢᠭᠠᠵᠤ᠄《 ᠡᠨᠳᠡ ᠬᠠᠳᠠᠭᠠᠯᠠᠵᠤ ᠪᠠᠢᠭ᠎ᠠ 300 ᠭᠠᠷᠤᠢ ᠲᠣᠨ ᠴᠠᠭᠠᠨ ᠭᠤᠸᠨᠶ᠋ᠢᠨ ᠦᠷ᠎ᠡ᠎ᠶ᠋ᠢ ᠬᠣᠶᠠᠷ ᠡᠳᠦᠷ᠎ᠦᠨ ᠲᠠᠷᠠᠭ᠎ᠠ ᠢᠰᠫᠠᠨᠢ᠎ᠳᠤ ᠭᠠᠷᠭᠠᠨ᠎ᠠ᠃ ᠣᠳᠣᠬᠠᠨ᠎ᠳᠤ᠂ ᠮᠠᠨ᠎ᠤ ᠴᠠᠭᠠᠨ ᠭᠤᠸᠨᠶ᠋ᠢᠨ ᠦᠷ᠎ᠡ᠎ᠶ᠋ᠢᠨ ᠬᠠᠩᠭᠠᠯᠭ᠎ᠠ ᠬᠡᠷᠡᠭᠴᠡᠭᠡᠨ ᠳ᠋ᠡᠭᠡᠨ ᠬᠦᠷᠦᠯᠴᠡᠬᠦ᠌ ᠦᠭᠡᠢ ᠪᠠᠢᠨ᠎ᠠ᠂ ᠲᠣᠨ ᠪᠦᠷᠢ 5000 ᠳ᠋ᠣᠯᠯᠠᠷ᠎ᠲᠤ ᠬᠦᠷᠴᠤ ᠪᠤᠢ 》ᠬᠡᠵᠤ ᠶᠠᠷᠢᠨ᠎ᠠ᠃
ᠴᠠᠭᠠᠨ ᠭᠤᠸᠠ᠎ᠶ᠋ᠢᠨ ᠦᠷ᠎ᠡ ᠪᠣᠯ ᠯᠠᠡᠭᠭᠤᠸᠠ ᠵᠢᠨ ᠦᠷ᠎ᠠ᠎ᠶ᠋ᠢᠨ ᠳᠣᠲᠣᠷ᠎ᠠ ᠰᠢᠯᠢᠳᠡᠭ ᠲᠠᠰ ᠲᠸ᠋ ᠤᠷᠤᠳᠠᠭ᠃1999 ᠣᠨ᠎ᠳᠤ ᠵᠢᠶᠠᠩ ᠬᠠᠢ ᠹᠧᠩ ᠲᠡᠭᠦᠨ᠎ᠦ ᠬᠣᠷᠱᠢᠭ᠍ᠴᠢᠲᠠᠶᠪᠠᠨ ᠲᠠᠨᠢᠯᠴᠠᠵᠤ᠂ ᠴᠠᠭᠠᠨ ᠭᠤᠸᠠ᠎ᠶ᠋ᠢᠨ ᠦᠷ᠎ᠡ᠎ᠶ᠋ᠢᠨ ᠬᠤᠳᠠᠯᠳᠤᠭ᠎ᠠ ᠡᠷᠬᠢᠯᠡᠵᠤ ᠡᠬᠢᠯᠡᠪᠡ᠃ 20 ᠭᠠᠷᠤᠢ ᠵᠢᠯ᠎ᠦᠨ ᠴᠢᠷᠮᠠᠢᠯᠭ᠎ᠠ᠎ᠪᠠᠷ ᠳᠠᠮᠵᠢᠭᠠᠳ᠂ ᠣᠳᠣᠬᠠᠨ᠎ᠳᠤ ᠵᠢᠶᠠᠩ ᠬᠠᠶ ᠹᠸᠩ ᠡᠴᠡ ᠪᠠᠷᠠᠭ᠎ᠠ ᠬᠤᠳᠠᠯᠳᠤᠨ ᠠᠪᠤᠭᠰᠡᠳ ᠧᠦ᠋ᠷᠣᠫᠠ ᠲᠢᠪ᠂ ᠳᠤᠮᠳᠠᠳᠤ ᠳᠣᠷᠣᠨᠠᠲᠤ᠂ ᠣᠷᠣᠰ᠂ ᠠᠮᠧᠷᠢᠺᠠ ᠵᠡᠷᠭᠡ ᠤᠯᠤᠰ ᠪᠠ ᠭᠠᠵᠠᠷ ᠣᠷᠣᠨ᠎ᠳᠤ ᠲᠠᠷᠬᠠᠵᠤ᠂ ᠲᠡᠭᠦᠨ᠎ᠦ ᠪᠣᠷᠣᠯᠠᠭᠤᠯᠤᠭ᠍ᠰᠠᠨ ᠴᠠᠭᠠᠨ ᠭᠤᠸᠠ᠎ᠶ᠋ᠢᠨ ᠦᠷ᠎ᠡ ᠨᠢ ᠣᠯᠠᠨ ᠤᠯᠤᠰ᠎ᠤᠨ ᠵᠠᠬ᠎ᠠ ᠳᠡᠯᠭᠡᠭᠦᠷ ᠲᠤ᠌ ᠬᠠᠮᠤᠭ ᠶᠡᠬᠡ ᠬᠤᠪᠢ ᠡᠵᠡᠯᠡᠵᠦ᠍᠂ ᠨᠡᠷ᠎ᠡ ᠨᠢᠳᠡᠷ᠎ᠲᠡᠬᠡᠨ ᠨᠡᠢᠴᠡᠭ᠌ᠰᠡᠨ ᠣᠯᠠᠨ ᠤᠯᠤᠰ᠎ᠤᠨ ᠴᠠᠭᠠᠨ ᠭᠤᠸᠨᠶ᠋ᠢᠨ ᠦᠷ᠎ᠡ᠎ᠶ᠋ᠢᠨ《 ᠸᠠᠩ 》 ᠪᠣᠯᠵᠠᠶ᠃
ᠵᠢᠶᠠᠩ ᠬᠠᠢ ᠹᠸᠩ᠄《 ᠡᠨᠡ ᠵᠢᠯ ᠪᠢ ᠤᠯᠠᠭᠠᠨᠴᠠᠪ᠎ᠲᠤ ᠺᠣᠮᠫᠠᠨᠢ ᠪᠠᠢᠭᠤᠯᠵᠤ᠂ ᠵᠠᠰᠠᠭ᠎ᠤᠨ ᠣᠷᠳᠣᠨ᠎ᠤ ᠳᠡᠮᠵᠢᠯᠭᠡ᠎ᠶ᠋ᠢ ᠣᠯᠵᠤ ᠳᠣᠯᠣᠳᠤᠭᠠᠷ ᠰᠤᠮᠤ᠎ᠶ᠋ᠢᠨ ᠪᠠᠷᠠᠭᠠᠨ᠎ᠤ ᠭᠦᠢᠯᠭᠡᠭᠡᠨ᠎ᠦ ᠰᠠᠭᠤᠷᠢᠨ᠎ᠳᠤ 15000 ᠲᠡᠭ᠌ᠰᠢ ᠳᠥᠷᠪᠡᠯᠵᠢᠨ ᠮᠸᠲᠷ᠎ᠤᠨ ᠪᠠᠷᠢᠮᠵᠢᠶᠠᠵᠢᠭ᠍ᠰᠠᠨ ᠦᠢᠯᠡᠳᠪᠦᠷᠢ ᠪᠠᠢᠭᠤᠯᠬᠤ᠎ᠪᠠᠷ ᠪᠡᠯᠡᠳᠭᠡᠵᠦ᠍ ᠪᠠᠢᠨ᠎ᠠ᠃ ᠦᠢᠯᠡᠳᠪᠦᠷᠢ ᠪᠠᠢᠭᠤᠯᠤᠭ᠍ᠳᠠᠭ᠍ᠰᠠᠨ᠎ᠤ ᠲᠠᠷᠠᠭ᠎ᠠ᠂ ᠪᠢ ᠬᠠᠷᠠᠮᠥ᠋ᠷᠡᠨ᠎ᠦ ᠠᠵᠤ ᠦᠢᠯᠡᠰ ᠵᠢᠡᠨ ᠠᠯᠬᠤᠮ ᠠᠯᠬᠤᠮ᠎ᠢᠶᠠᠷ ᠤᠯᠠᠭᠠᠨᠴᠠᠪ᠎ᠲᠤ ᠱᠢᠯᠵᠢᠭᠦᠯᠦᠨ ᠠᠪᠴᠢᠷᠠᠵᠤ᠂ ᠨᠡᠬᠦᠵᠤ ᠢᠷᠡᠭᠰᠡᠨ ᠤ᠋ ᠲᠠᠷᠠᠭ᠎ᠠ ᠮᠠᠨ᠎ᠤ ᠦᠢᠯᠡᠳᠬᠦᠨ᠎ᠦ ᠦᠷᠳᠡᠭ 2 ᠳ᠋ᠦᠩᠱᠢᠭᠤᠷ ᠲᠥᠭᠥᠷᠢᠭ᠎ᠲᠦ ᠬᠦᠷᠬᠦ᠌ ᠪᠣᠯᠤᠨ᠎ᠠ 》ᠬᠡᠵᠤ ᠲᠠᠨᠢᠯᠴᠠᠭᠤᠯᠤᠨ᠎ᠠ᠃
ᠣᠢᠷ᠎ᠠ᠎ᠶ᠋ᠢᠨ ᠵᠢᠯ ᠡᠴᠡ ᠨᠠᠭᠠᠰᠢ᠂ ᠤᠯᠠᠭᠠᠨᠴᠠᠪ ᠬᠣᠲᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠬᠦᠶ᠋ᠰᠦ ᠬᠣᠲᠠ ᠪᠠ ᠡᠬᠡ ᠬᠠᠭᠤᠷᠠᠶ᠎ᠶ᠋ᠢᠨ ᠭᠠᠷᠠᠮ᠎ᠤᠨ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠬᠣᠲᠠ᠎ᠶ᠋ᠢᠨ ᠳᠠᠭᠠᠭᠠᠴᠠ᠎ᠶ᠋ᠢᠨ ᠴᠢᠳᠠᠮᠵᠢᠳᠤ ᠰᠠᠭᠤᠷᠢᠯᠠᠵᠤ᠂《 ᠬᠤᠤᠰ ᠣᠷᠴᠢᠯ 》᠎ᠤ᠋ᠨ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠤᠷᠤᠨ ᠪᠠᠢᠷᠢ ᠵᠢᠨ ᠳᠠᠪᠠᠭᠤᠯᠢᠭ ᠵᠢᠡᠷ ᠵᠢᠡᠨ ᠪᠠᠷᠠᠭᠠᠨ᠎ᠤ ᠭᠦᠶ᠋ᠯᠭᠡᠭᠡ᠎ᠶ᠋ᠢ ᠳᠠᠢᠴᠢᠯᠠᠵᠤ᠂ ᠪᠠᠷᠠᠭᠠᠨ᠎ᠤ ᠭᠦᠶ᠋ᠯᠭᠡᠭᠡ᠎ᠪᠡᠷ ᠬᠤᠳᠠᠯᠳᠤᠭ᠎ᠠ᠎ᠶ᠋ᠢ ᠠᠬᠢᠭᠤᠯᠵᠤ᠂ ᠬᠤᠳᠠᠯᠳᠤᠭ᠎ᠠ᠎ᠪᠠᠷ ᠠᠵᠤ ᠦᠶ᠋ᠯᠡᠰ᠎ᠢ ᠬᠥᠭ᠌ᠵᠢᠭᠦᠯᠵᠦ᠍᠂ ᠠᠭᠤᠯᠵᠠᠭᠤᠷ ᠵᠠᠮ ᠤᠯᠠᠭᠠᠨᠴᠠᠪ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃
ᠣᠳᠣᠬᠠᠨ᠎ᠳᠤ᠂ ᠤᠯᠠᠭᠠᠨᠴᠠᠪ ᠬᠣᠲᠠ᠎ᠶ᠋ᠢᠨ ᠬᠠᠭᠤᠷᠠᠶ ᠵᠠᠮ᠂ ᠠᠭᠠᠷ᠎ᠤᠨ ᠠᠶᠠᠯᠠᠯ᠂ ᠲᠡᠮᠦᠷ ᠵᠠᠮ᠎ᠤᠨ ᠪᠣᠰᠣᠭ᠎ᠠ ᠴᠤᠭᠴᠠ᠎ᠳᠦ ᠵᠠᠮ᠎ᠤᠨ ᠲᠤᠤᠷ ᠨᠢᠭᠡᠨᠲᠡ ᠪᠦᠷᠢᠯᠳᠦᠪᠡ᠃ ᠢᠯᠠᠩᠭᠤᠶ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 2016 ᠣᠨ᠎ᠳᠤ ᠨᠡᠪᠲᠡᠷᠡᠭ᠌ᠰᠡᠨ᠎ᠡᠴᠡ ᠨᠠᠭᠠᠰᠢ᠂ ᠨᠡᠢ᠌ᠳᠡ 16 ᠵᠤᠷᠪᠤᠰ ᠤᠯᠠᠨ ᠤᠯᠤᠰ᠎ᠤᠨ ᠵᠠᠮ ᠱᠤᠭᠤᠮ᠎ᠢ ᠨᠡᠪᠲᠡᠷᠡᠭᠦᠯᠵᠦ᠍᠂ 583 ᠴᠤᠪᠤᠭ᠎ᠠ 23895 ᠲᠡᠷᠭᠡ ᠠᠶᠠᠯᠠᠵᠤ᠂ ᠶᠡᠷᠦᠩᠬᠡᠢ ᠪᠠᠷᠠᠭᠠᠨ᠎ᠤ ᠦᠷᠳᠡᠭ 11.4 ᠳ᠋ᠦᠩᠱᠢᠭᠤᠷ ᠳ᠋ᠣᠯᠯᠠᠷ᠎ᠲᠤ ᠬᠦᠷᠴᠡᠢ᠃
ᠰᠠᠯᠬᠢ ᠭᠡᠷᠡᠯ᠎ᠤᠨ ᠡᠬᠢ ᠪᠠᠶᠠᠯᠢᠭ ᠵᠢᠡᠷ ᠭᠠᠢᠬᠠᠮᠰᠢᠬᠳᠤ ᠲᠤᠤᠯᠢᠰ ᠪᠢᠴᠢᠭᠯᠡᠭᠳᠡᠨᠡ
ᠰᠤᠷᠪᠤᠯᠵᠢᠯᠠᠭ᠍ᠴᠢ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠣᠩ ᠫᠠᠨ ᠱᠢᠶᠠᠩ᠎ᠤᠨ ᠰᠧ ᠱᠢᠩ ᠵᠤᠸᠠᠩ ᠲᠣᠰᠭᠣᠨ᠎ᠳᠤ ᠬᠦᠷᠬᠦ ᠳ᠋ᠤ᠂ ᠨᠢᠭᠡᠳᠦᠯᠲᠡᠶ ᠬᠡᠪ ᠪᠠᠷᠢᠮᠵᠢᠶ᠎ᠠ᠎ᠪᠠᠷ ᠪᠠᠢᠭᠤᠯᠤᠭ᠍ᠰᠠᠨ ᠲᠣᠰᠭᠣᠨ᠎ᠤ ᠠᠷᠠᠳ᠎ᠤᠨ ᠣᠷᠣᠨ ᠰᠠᠭᠤᠴᠠ ᠵᠢᠭᠳᠡᠷᠡᠨ᠂ ᠭᠡᠷ᠎ᠦᠨ ᠣᠷᠣᠢ ᠳᠡᠭᠡᠷ᠎ᠡ ᠨᠢ ᠭᠡᠷᠡᠯᠴᠢ ᠴᠡᠨᠡᠭ ᠤ᠋ᠨ ᠴᠠᠬᠢᠯᠭᠠᠨ ᠭᠠᠷᠭᠠᠬᠤ ᠬᠠᠪᠲᠠᠰᠤ᠎ᠪᠠᠷ ᠳᠦᠭᠦᠷᠴᠦ᠍ ᠬᠦᠮᠦᠰ ᠤ᠋ᠨ ᠠᠡᠭᠬᠠᠷᠤᠯ ᠢ᠋ ᠲᠠᠳᠠᠨ᠎ᠠ᠃
ᠰᠤᠷᠪᠤᠯᠵᠢᠯᠠᠭ᠍ᠴᠢ ᠲᠤᠰ ᠲᠣᠰᠭᠣᠨ᠎ᠤ ᠱᠢ ᠵᠤᠸᠠᠨ ᠽᠤᠤ ᠨᠠᠰᠤᠲᠡᠨ ᠤ᠋ ᠭᠡᠷ᠎ᠲᠦᠨᠢ ᠤᠷᠤᠬᠤ ᠳ᠋ᠤ᠂ ᠠᠭᠤᠵᠢᠮ ᠰᠠᠷᠠᠭᠤᠯ ᠵᠣᠴᠢᠨ᠎ᠤ ᠦᠷᠦᠭᠡ᠂ ᠠᠷᠢᠭᠤᠨ ᠴᠡᠪᠡᠷ ᠤᠨᠲᠠᠬᠤ ᠦᠷᠦᠭᠡ᠂ ᠲᠤᠰᠠᠭᠠᠷ ᠲᠣᠭᠣᠭᠠᠨ ᠭᠡᠷ ᠪᠣᠯᠤᠨ ᠠᠷᠢᠭᠤᠨ ᠴᠡᠪᠡᠷ᠎ᠦᠨ ᠲᠠᠰᠤᠯᠭ᠎ᠠ ᠨᠢ ᠡᠪᠲᠠᠢ ᠪᠠᠢᠷᠢᠰᠢᠵᠤ ᠲᠤᠬᠢᠯᠢᠭ ᠬᠠᠷᠠᠭᠳᠠᠨ᠎ᠠ᠃ ᠲᠡᠷᠡ᠄《 ᠣᠳᠣ᠎ᠶ᠋ᠢᠨ ᠠᠮᠢᠳᠤᠷᠠᠯ ᠲᠤᠩ ᠰᠠᠢᠨ ᠪᠤᠯᠤᠭᠰᠠᠨ ᠡ᠂ ᠲᠠᠷᠢᠶᠠᠨ ᠭᠠᠵᠠᠷ ᠤ᠋ᠨ ᠲᠦᠷᠢᠶᠡᠰᠦᠨ ᠮᠥᠩᠭᠥ᠌᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠠᠱᠢᠭ ᠬᠤᠪᠢᠶᠠᠷᠢᠯᠠᠯᠲᠠ᠂ ᠬᠡᠷᠡᠯᠴᠢ ᠴᠡᠨᠡᠭ᠎ᠦᠨ ᠠᠱᠢᠭ ᠬᠤᠪᠢᠶᠠᠷᠢᠯᠠᠯᠲᠠ ᠵᠡᠷᠭᠡ ᠤᠷᠤᠯᠭ᠎ᠠ ᠶ᠋ᠢ ᠨᠡᠮᠡᠪᠡᠯ᠂ ᠬᠦᠭᠰᠢᠨ ᠪᠢᠳᠡ ᠬᠤᠶᠠᠷ ᠤ᠋ᠨ ᠵᠢᠯ᠎ᠦᠨ ᠣᠷᠣᠯᠭ᠎ᠠ 2 ᠲᠦᠮᠡᠨ ᠲᠥᠭᠥᠷᠢᠭ᠎ᠲᠦ ᠬᠦᠷᠳᠡᠭ᠃ 2017 ᠣᠨ᠎ᠳᠤ ᠪᠢᠳᠡ ᠣᠲᠣ᠎ᠶ᠋ᠢᠨ ᠰᠠᠭᠤᠷᠢᠰᠢᠯ ᠳ᠋ᠤ ᠨᠡᠬᠦᠵᠤ ᠢᠷᠡᠵᠠᠢ᠃ ᠤᠳᠤ ᠬᠤᠭᠤᠯᠠ ᠪᠡᠯᠡᠳᠭᠡᠬᠦ᠂ ᠤᠰᠤ ᠵᠠᠷᠤᠬᠤ ᠳ᠋ᠤ ᠪᠦᠷ ᠲᠦᠭᠦᠮ ᠪᠤᠯᠤᠭᠰᠠᠨ᠂ ᠪᠠᠰᠠ ᠰᠦᠢᠳᠭᠡᠯ ᠦᠭᠡᠢ ᠲᠤᠯᠠᠭᠠᠯᠠᠭ᠎ᠠ ᠲᠠᠢ ᠪᠤᠯᠵᠠᠢ 》ᠬᠡᠵᠤ ᠪᠤᠳᠤᠯ ᠵᠢᠠᠨ ᠶᠠᠷᠢᠨ᠎ᠠ᠃
ᠬᠣᠶᠠᠷ ᠨᠠᠰᠤᠲᠠᠨ᠎ᠤ ᠠᠮᠢᠳᠤᠷᠠᠯ᠎ᠤᠨ ᠬᠤᠪᠢᠷᠠᠯᠲᠠ ᠨᠢ ᠥᠪᠥᠷ ᠮᠣᠩᠭᠣᠯ᠎ᠤᠨ ᠱᠠᠨ ᠯᠦ᠍ ᠪᠦᠯᠦᠭ᠌ᠯᠡᠯ᠎ᠦᠨ ᠲᠣᠰ ᠬᠣᠱᠢᠭᠤᠨ᠎ᠤ ᠬᠣᠩ ᠫᠠᠨ ᠱᠢᠶᠠᠩ᠎ᠤᠨ ᠰᠧ ᠱᠢᠩ ᠵᠤᠸᠠᠩ ᠲᠣᠰᠭᠣᠨ᠎ᠳᠤ ᠬᠡᠷᠡᠭ᠌ᠵᠢᠭᠦᠯᠦᠭ᠌ᠰᠡᠨ ᠬᠡᠷᠡᠯᠴᠢ ᠴᠡᠨᠡᠭ᠎ᠢᠶᠡᠷ ᠶᠠᠳᠠᠭᠤ᠎ᠶ᠋ᠢ ᠲᠡᠳᠬᠦᠬᠦ᠌ ᠱᠢᠨ᠎ᠡ ᠲᠣᠰᠭᠣᠨ᠎ᠤ ᠲᠥᠷᠥᠯ ᠵᠦᠶ᠋ᠯ᠎ᠡᠴᠡ ᠢᠷᠡᠯᠲᠡ᠎ᠲᠡᠶ ᠶᠤᠮ᠃ ᠲᠣᠰ ᠲᠦᠷᠦᠯ ᠵᠤᠢᠯ ᠨᠢ ᠨᠢᠭᠡᠳᠦᠭᠡᠷ ᠬᠤᠭᠤᠴᠠᠭᠠᠨ ᠳ᠋ᠠᠭᠠᠨ 183 ᠣᠷᠣᠨ ᠰᠠᠭᠤᠴᠠ ᠪᠠᠢᠭᠤᠯᠵᠠᠢ᠃ ᠣᠳᠣᠬᠠᠨ᠎ᠳᠤ᠂ ᠲᠤᠬᠠᠶ᠎ᠶ᠋ᠢᠨ ᠭᠠᠵᠠᠷ᠎ᠤᠨ ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠵᠤ ᠣᠯᠤᠭ᠍ᠰᠠᠨ ᠪᠡᠯᠡ ᠮᠥᠩᠭᠥ᠎ᠶ᠋ᠢ ᠰᠧ ᠱᠢᠩ ᠵᠤᠸᠠᠩ ᠲᠣᠰᠭᠣᠨ᠎ᠤ ᠲᠥᠪᠯᠡᠷᠡᠭᠦᠯᠦᠨ ᠲᠤᠯᠠᠭᠠᠯᠠᠭ᠎ᠠ ᠬᠢᠬᠦ᠎ᠳᠤ ᠬᠡᠷᠡᠭᠯᠡᠵᠤ ᠪᠤᠢ᠃
ᠲᠤᠰ ᠬᠤᠳᠠ《 ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ 》ᠶᠡᠷᠦᠩᠬᠡᠢ ᠬᠠᠷᠠᠯᠲᠠ᠎ᠶ᠋ᠢᠨ ᠲᠣᠭᠣᠷᠢᠨ᠎ᠳᠤ᠂ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠪᠡᠷ ᠠᠵᠤ ᠠᠬᠤᠢ᠎ᠶ᠋ᠢ ᠳᠡᠮᠵᠢᠬᠦ᠌ ᠵᠢ ᠪᠠᠷᠢᠮᠳᠠᠯᠠᠨ᠂ ᠲᠤᠰ ᠬᠤᠳᠠ᠎ᠶ᠋ᠢᠨ ᠴᠢᠨᠠᠷ ᠰᠠᠢᠲᠠᠢ ᠰᠠᠯᠬᠢ ᠭᠡᠷᠡᠯ᠎ᠦᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠢ᠎ᠶ᠋ᠢᠨ ᠳᠠᠪᠠᠭᠤᠯᠢᠭ ᠪᠠ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠣᠳᠣᠬᠠᠨ᠎ᠳᠤ ᠪᠠᠢᠭᠤᠯᠤᠨ ᠲᠠᠭᠤᠰᠬᠠᠵᠤ ᠲᠤᠤᠷ ᠲᠤ᠌ ᠨᠡᠢᠯᠡᠭᠦᠯᠦᠭᠰᠡᠨ ᠰᠠᠯᠬᠢ ᠬᠡᠷᠡᠯ ᠤ᠋ᠨ ᠴᠠᠬᠢᠯᠭᠠᠨ ᠤ᠋ ᠲᠦᠷᠦᠯ ᠵᠤᠢᠯ 739.9 ᠲᠦᠮᠡᠨ ᠺᠢᠯᠦᠸᠠᠲ ᠲᠤ᠌ ᠬᠦᠷᠴᠠᠢ᠃ 7 ᠰᠠᠷ᠎ᠠ᠎ᠶ᠋ᠢᠨ 19 ᠤ᠋ ᠡᠳᠦᠷ ᠪᠣᠯᠲᠠᠯ᠎ᠠ᠂ ᠳᠡᠯᠡᠬᠡᠶ ᠳᠡᠭᠡᠷᠡᠬᠢ ᠬᠠᠮᠤᠭ᠎ᠤᠨ ᠲᠣᠮᠣ ᠤᠯᠠᠭᠠᠨᠴᠠᠪ᠎ᠤᠨ 600 ᠰᠠᠯᠬᠢᠨ ᠬᠦᠴᠦᠨ᠎ᠦ ᠴᠠᠬᠢᠯᠭᠠᠨ᠎ᠤ ᠰᠠᠭᠤᠷᠢᠨ ᠪ ᠲᠦᠷᠦᠭᠦᠦ ᠪᠦᠯᠦᠭ᠎ᠦᠨ 120 ᠲᠦᠮᠡᠨ ᠺᠢᠯᠦᠸᠠᠲ ᠴᠠᠬᠢᠯᠭᠠᠨ ᠢ᠋ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌ ᠢᠨᠵᠧᠨᠧᠷᠢᠩ᠎ᠦᠨ ᠬᠣᠩᠭᠣᠷ ᠰᠤᠮᠤᠨ ᠤ᠋ ᠳᠥᠷᠪᠡᠳᠦᠭᠡᠷ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠤᠷ᠎ᠤᠨ 97 ᠳ᠋ᠤᠭᠠᠷ ᠨᠣᠮᠧᠷᠲᠤ ᠰᠠᠯᠬᠢᠨ ᠬᠦᠴᠦᠨ᠎ᠦ ᠮᠠᠱᠢᠨ᠎ᠤ ᠰᠠᠭᠤᠷᠢ᠎ᠶ᠋ᠢ ᠳᠡᠪᠢᠰᠴᠦ᠍ ᠳᠠᠭᠤᠰᠭᠠᠪᠠ᠃
ᠡᠭᠦᠨ᠎ᠦ ᠬᠠᠮᠲᠤ᠂ ᠲᠤᠰ ᠬᠤᠳᠠ᠎ᠶ᠋ᠢᠨ ᠱᠢᠨ᠎ᠡ ᠡᠨᠧᠷᠭᠢ᠎ᠶ᠋ᠢᠨ ᠲᠣᠨᠣᠭ ᠲᠦᠭᠦᠭᠡᠷᠤᠮᠵᠢ ᠦᠢᠯᠡᠳᠬᠦ᠌ ᠠᠵᠤ ᠦᠢᠯᠡᠰ ᠴᠦ᠍ ᠲᠦᠷᠭᠡᠨ ᠬᠥᠭ᠌ᠵᠢᠵᠤ᠂ ᠴᠠᠬᠢᠯᠭᠠᠨ ᠭᠠᠷᠭᠠᠬᠤ ᠮᠠᠰᠢᠨ ᠤ᠋ ᠭᠤᠤᠯ ᠮᠠᠱᠢᠨ᠂ ᠰᠤᠪᠤᠷᠭᠠᠨ ᠲᠦᠩᠰᠡ᠂ ᠰᠠᠷᠬᠢᠷᠠᠭᠤᠯ ᠤᠢᠯᠡᠳᠬᠦ ᠤᠯᠠᠨ ᠠᠵᠤ ᠠᠬᠤᠢᠯᠠᠯ ᠠᠰᠢᠭᠯᠠᠯᠳᠠ ᠳ᠋ᠤ ᠤᠷᠤᠵᠤ᠂ ᠵᠢᠯ᠎ᠦᠨ ᠦᠶ᠋ᠯᠡᠳᠬᠦᠨ᠎ᠦ ᠥᠷᠲᠡᠭ ᠨᠢ 100 ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠥᠭᠡᠷᠦᠮᠵᠢ ᠦᠶ᠋ᠯᠡᠳᠬᠦ᠌ ᠠᠵᠤ ᠦᠶ᠋ᠯᠡᠰ᠎ᠦᠨ ᠬᠡᠯᠬᠢᠶ᠎ᠡ ᠠᠩᠬ᠎ᠠ ᠠᠯᠬᠤᠮ ᠪᠦᠷᠢᠯᠳᠦᠪᠡ᠃
ᠱᠢᠯᠢᠳᠡᠭ ᠰᠠᠢᠨ ᠪᠠᠢᠭᠠᠯᠢ᠎ᠶ᠋ᠢᠨ ᠨᠥᠬᠥᠴᠡᠯ ᠵᠢᠴᠢ ᠲᠠᠰᠤᠷᠠᠯᠲᠠ ᠥᠬᠡᠶ ᠴᠢᠷᠮᠠᠢᠯᠭ᠎ᠠ᠎ᠪᠠᠷ᠂ ᠤᠯᠠᠭᠠᠨᠴᠠᠪ ᠬᠣᠲᠠ ᠣᠢᠷ᠎ᠠ᠎ᠶ᠋ᠢᠨ ᠬᠡᠳᠦᠨ ᠵᠢᠯ᠎ᠳᠦ《 ᠤᠯᠤᠰ᠎ᠤᠨ ᠡᠷᠡᠭᠦᠯ ᠬᠠᠮᠠᠭᠠᠯᠠᠯ᠎ᠤᠨ ᠬᠣᠲᠠ 》᠂ 《 ᠤᠯᠤᠰ᠎ᠤᠨ ᠢᠳᠡᠭᠡᠨ᠎ᠦ ᠠᠮᠤᠷ ᠲᠦᠪᠱᠢᠨ᠎ᠦ ᠵᠢᠱ᠌ᠢᠶ᠎ᠡ ᠦᠵᠡᠭᠦᠯᠬᠦ᠌ ᠬᠣᠲᠠ 》᠎ᠶ᠋ᠢ ᠠᠮᠵᠢᠯᠲᠠ᠎ᠲᠠᠶ ᠡᠭᠦᠳᠦᠨ ᠪᠠᠢᠭᠤᠯᠪᠠ᠃ ᠡᠳᠦᠭᠡ᠂ ᠪᠠᠰᠠ ᠡᠷᠡᠭᠦᠯ ᠡᠩᠬᠡ ᠤᠯᠠᠭᠠᠨᠴᠠᠪ᠎ᠤᠨ ᠪᠥᠲᠥᠭᠡᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠤᠨ᠂《 2021 ᠣᠨ᠎ᠤ ᠡᠷᠡᠭᠦᠯ ᠡᠡᠭᠬᠡ ᠤᠯᠠᠭᠠᠨᠴᠠᠪ᠎ᠤᠨ ᠠᠵᠢᠯᠯᠠᠭ᠎ᠠ᠎ᠶ᠋ᠢ ᠬᠢᠨᠠᠨ ᠬᠡᠮᠵᠢᠵᠦ᠍ ᠦᠨᠡᠯᠡᠨ ᠵᠢᠱ᠌ᠢᠭ᠌ᠰᠡᠨ ᠮᠡᠳᠡᠭᠦᠯᠦᠯᠲᠡ 》᠎ᠶ᠋ᠢᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ 2021 ᠣᠨ᠎ᠳᠤ᠂ ᠲᠣᠰ ᠬᠣᠲᠠ᠎ᠶ᠋ᠢᠨ ᠠᠭᠠᠷ᠎ᠤᠨ ᠶᠠᠰᠤ ᠴᠢᠨᠠᠷ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ 92.1% ᠳ᠋ᠤ ᠬᠦᠷᠴᠦ᠍᠂ ᠬᠣᠲᠠ᠎ᠶ᠋ᠢᠨ ᠬᠥᠮᠦᠨ ᠳᠤᠮᠳᠠᠴᠢ᠎ᠶ᠋ᠢᠨ ᠴᠡᠴᠡᠷᠯᠢᠭ᠎ᠦᠨ ᠨᠣᠭᠣ ᠭᠠᠵᠠᠷ᠎ᠤᠨ ᠲᠠᠯᠠᠪᠠᠶ 29.04 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠤᠯᠠᠭᠠᠨᠴᠠᠪ ᠬᠣᠲᠠ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠨᠠᠰᠤᠨ ᠬᠤᠲᠤᠭ 83.63᠎ᠳ᠋ᠤ ᠬᠦᠷᠴᠡᠶ᠃
ᠰᠢᠷᠭᠠᠬᠤ ᠴᠢᠷᠮᠠᠯᠠᠭᠠ ᠡᠴᠡ ᠰᠢᠯᠢᠳᠡᠭ ᠠᠮᠵᠢᠯᠳᠠ ᠳ᠋ᠦ ᠬᠦᠷᠦᠨ᠎ᠡ᠃ ᠭᠡᠳᠦᠢᠪᠡᠷ ᠬᠢᠵᠢᠭ᠎ᠤᠨ ᠨᠦᠯᠦᠭᠡ ᠵᠢ ᠬᠦᠷᠳᠡᠭᠰᠡᠨ ᠴᠦ᠍ ᠤᠯᠠᠭᠠᠨᠴᠠᠪ᠎ᠤᠨ ᠳᠡᠭᠡᠷ᠎ᠡ ᠬᠠᠭᠠᠰ ᠵᠢᠯ᠎ᠤᠨ ᠠᠵᠤ ᠠᠬᠤᠢ ᠦᠭᠡᠳᠡᠷᠭᠡᠭ ᠪᠠᠢᠳᠠᠯ ᠵᠢᠡᠨ ᠪᠠᠳᠤᠯᠠᠵᠤ᠂ ᠭᠤᠤᠯ ᠪᠤᠯᠬᠤ ᠠᠵᠤ ᠠᠬᠤᠢ ᠵᠢᠨ ᠬᠦᠢᠴᠡᠳᠭᠡᠯ ᠲᠤᠭ᠎ᠠ ᠴᠦᠮ ᠨᠡᠮᠡᠭᠳᠡᠯ ᠲᠠᠢ ᠪᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃