ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠶᠡᠷᠦ ᠪᠤᠰᠤ᠎ᠶ᠋ᠢᠨ ᠠᠷᠪᠠᠨ ᠵᠢᠯ·ᠥᠪᠥᠷ ᠮᠣᠩᠭᠣᠯ᠎ᠤ᠋ᠨ ᠱᠢᠨ᠎᠎ᠡ ᠳᠠᠪᠠᠯᠲᠠ

2022-08-25 16:55:44

ᠵᠣᠬᠢᠶᠠᠭ᠍ᠴᠢ᠄ ᠸᠠᠩ ᠢᠦᠶ ᠵᠦᠸᠸ ᠸᠠᠩ ᠢ ᠷᠠᠨ ᠣᠩᠱᠢᠭ᠍ᠰᠠᠨ ᠣᠳᠠᠭ᠎ᠠ᠄ 3

ᠨᠠᠮᠤᠷ᠎ᠤᠨ ᠡᠬᠢ᠎ᠪᠡᠷ᠂ ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠎ᠤᠨ ᠯᠢᠦᠶ ᠳ᠋ᠦᠩ ᠸᠠᠨ ᠯᠢ ᠱᠢᠨ᠎ᠡ ᠡᠨᠧᠷᠭᠢ᠎ᠶ᠋ᠢᠨ ᠤᠶᠤᠨᠲᠤ ᠡᠬᠡ ᠬᠠᠭᠤᠷᠠᠶ᠎ᠶ᠋ᠢᠨ ᠭᠠᠷᠠᠮ᠎ᠳᠤ᠂ ᠴᠠᠬᠢᠯᠭᠠᠨ ᠬᠥᠳᠡᠯᠭᠡᠭᠦᠷᠲᠦ ᠬᠦᠨᠳᠦ ᠬᠡᠯᠪᠡᠷᠢ᠎ᠶᠢᠨ ᠤᠳᠤᠬᠢᠴᠢᠯᠠᠬᠰᠠᠨ ᠠᠴᠢᠶᠠᠨ᠎ᠤ ᠮᠠᠰᠢᠨ ᠡᠮᠬᠢ ᠵᠢᠷᠤᠮ᠎ᠲᠠᠶ ᠵᠣᠭ᠍ᠰᠣᠵᠤ᠂ ᠳᠡᠭᠦᠵᠢᠯᠡᠬᠦᠷ ᠮᠠᠰᠢᠨ ᠳᠡᠭᠦᠵᠢᠯᠡᠭᠦᠷ᠎ᠢᠶᠡᠨ ᠰᠤᠩᠭᠠᠵᠤ᠂ ᠲᠡᠷᠭᠡᠨ ᠳᠡᠭᠡᠷᠡᠬᠢ ᠬᠣᠭᠣᠰᠣᠨ ᠬᠠᠢᠷᠴᠠᠭ᠎ᠢ ᠡᠷᠭᠦᠨ ᠠᠪᠤᠭᠰᠠᠨ᠎ᠤ ᠳᠠᠷᠠᠭ᠎ᠠ ᠪᠠᠰᠠ ᠨᠢᠭᠡ ᠲᠦᠬᠦᠷᠡᠩ ᠨᠡᠭᠦᠷᠡᠰᠦ ᠰᠠᠪᠠᠯᠠᠭᠰᠠᠨ ᠬᠦᠨᠳᠦ ᠬᠠᠢᠷᠴᠠᠭ᠎ᠢ ᠴᠢᠷᠦᠭᠦᠯ ᠳᠡᠭᠡᠷ᠎ᠡ ᠲᠠᠯᠪᠢᠵᠤ᠂ ᠠᠴᠢᠵᠤ ᠪᠠᠭᠤᠯᠭᠠᠬᠤ ᠪᠥᠬᠥ᠌ ᠶᠠᠪᠤᠴᠠ᠎ᠳᠤ ᠨᠡᠭᠦᠷᠡᠰᠦᠨ ᠱᠢᠭᠠᠷᠤ᠎ᠶ᠋ᠢᠨ ᠲᠣᠭᠣᠰᠣ ᠪᠤᠲᠠᠷᠠᠨ ᠤᠨᠠᠬᠤ ᠦᠵᠡᠭᠳᠡᠯ ᠤᠭᠲᠤ ᠬᠠᠷᠠᠬᠳᠠᠬᠰᠠᠨ ᠥᠬᠡᠶ᠃

ᠣᠢᠯᠠᠭᠠᠭ᠍ᠰᠠᠨ᠎ᠢᠶᠠᠷ᠂ ᠱᠢᠨ᠎ᠡ ᠡᠨᠧᠷᠭᠢ᠎ᠶ᠋ᠢᠨ ᠬᠦᠨᠳᠦ ᠬᠡᠯᠪᠡᠷᠢ᠎ᠶᠢᠨ ᠠᠴᠢᠶᠠᠨ᠎ᠤ ᠮᠠᠱᠢᠨ 10 ᠲᠦᠮᠡᠨ ᠺᠢᠯᠣᠮᠧᠲ᠋ᠷ ᠠᠶᠠᠯᠠᠵᠤ᠂ 20 ᠲᠦᠮᠡᠨ ᠺᠢᠯᠦᠸᠠᠲ ᠴᠠᠭ᠎ᠤᠨ ᠴᠠᠬᠢᠯᠭᠠᠨ ᠬᠣᠷᠣᠭ᠍ᠳᠠᠭᠤᠯᠵᠤ᠂ 22.8 ᠲᠦᠮᠡᠨ ᠲᠥᠭᠥᠷᠢᠭ᠎ᠦᠨ ᠴᠠᠬᠢᠯᠭᠠᠨ ᠬᠡᠷᠡᠭ᠌ᠯᠡᠵᠦ᠍᠂ ᠱᠢᠲᠠᠭᠠᠯᠭ᠎ᠠ᠎ᠶ᠋ᠢᠨ ᠲᠣᠰᠣᠨ᠎ᠤ ᠬᠤᠷᠤᠬᠳᠠᠯ ᠨᠢ ᠬᠦᠨᠳᠦ ᠬᠡᠯᠪᠡᠷᠢ᠎ᠶᠢᠨ ᠠᠴᠢᠶᠠᠨ᠎ᠤ ᠮᠠᠱᠢᠨ᠎ᠲᠠᠶ ᠬᠠᠷᠢᠴᠠᠭᠤᠯᠪᠠᠯ 5 ᠲᠦᠮᠡᠨ ᠲᠥᠭᠥᠷᠢᠭ ᠪᠠᠭᠠᠰᠴᠠᠢ᠃

ᠱᠢᠨ᠎ᠡ ᠡᠨᠧᠷᠭᠢ᠎ᠶ᠋ᠢᠨ ᠲᠣᠭᠠᠴᠢᠯᠠᠭ᠍ᠰᠠᠨ ᠡᠬᠡ ᠬᠠᠭᠤᠷᠠᠶ᠎ᠶ᠋ᠢᠨ ᠭᠠᠷᠠᠮ᠎ᠤᠨ ᠤᠶᠤᠨᠲᠤ ᠪᠠᠷᠠᠭᠠᠨ᠎ᠤ ᠭᠦᠶ᠋ᠯᠭᠡᠭᠡ ᠵᠢᠨ ᠲᠥᠷᠥᠯ ᠵᠦᠶ᠋ᠯ ᠨᠢ 《 ᠱᠢᠨ᠎ᠡ ᠡᠨᠧᠷᠭᠢ + ᠲᠣᠭᠠᠴᠢᠯᠠᠭ᠍ᠰᠠᠨ ᠡᠬᠡ ᠬᠠᠭᠤᠷᠠᠶ᠎ᠶ᠋ᠢᠨ ᠭᠠᠷᠠᠮ + ᠲᠠᠷᠠᠬᠠᠶ ᠪᠤᠲᠠᠷᠬᠠᠶ᠎ᠶ᠋ᠢ ᠲᠥᠪᠯᠡᠷᠡᠭᠦᠯᠬᠦ᠌ 》 ᠡᠵᠡᠩᠨᠡᠯᠲᠡ᠎ᠶ᠋ᠢᠨ ᠵᠠᠭ᠍ᠪᠤᠷ᠎ᠢᠶᠠᠷ ᠳᠠᠮᠵᠢᠭᠤᠯᠤᠨ᠂ ᠪᠠᠷᠠᠭᠠᠨ᠎ᠤ ᠭᠦᠶ᠋ᠯᠭᠡᠭᠡ ᠵᠢᠨ ᠱᠢᠰᠲ᠋ᠧᠮ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠤᠪᠢᠰᠤᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍ ᠂ ᠱᠢᠨ᠎ᠡ ᠡᠨᠧᠷᠭᠢ᠎ᠶ᠋ᠢᠨ ᠬᠦᠨᠳᠦ ᠬᠡᠯᠪᠡᠷᠢ᠎ᠶᠢᠨ ᠠᠴᠢᠶᠠᠨ᠎ᠤ ᠮᠠᠱᠢᠨ ᠲᠡᠷᠭᠡᠨ᠎ᠦ ᠡᠵᠡᠩᠨᠡᠯᠲᠡ᠎ᠶ᠋ᠢᠨ ᠬᠠᠷᠢᠴᠠᠯ᠎ᠢ ᠳᠡᠭᠡᠭ᠌ᠰᠢᠯᠡᠭᠦᠯᠦᠨ᠂ ᠪᠤᠬᠢᠷᠲᠤᠯ ᠦᠭᠡᠢ ᠴᠠᠬᠢᠯᠭᠠᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠡᠷᠡᠭ᠌ᠯᠡᠬᠦ ᠪᠤᠯᠤᠨ᠎ᠠ᠃

ᠣᠶᠤᠨᠴᠢ ᠴᠢᠳᠠᠪᠤᠷᠢ ᠪᠡᠷ ᠬᠥᠳᠡᠯᠭᠡᠬᠦ᠌ ᠬᠦᠴᠦᠨ ᠨᠡᠮᠡᠷᠢᠯᠡᠵᠦ᠍᠂ ᠪᠣᠬᠢᠷᠲᠤᠯ ᠥᠬᠡᠶ ᠬᠥᠭ᠌ᠵᠢᠯᠲᠡ ᠵᠢᠨ ᠵᠠᠮ ᠵᠢᠠᠷ ᠲᠤᠷᠪᠢᠯᠢᠬ ᠠᠯᠬᠤᠵᠦ᠂ 《 ᠱᠢᠨ᠎ᠡ ᠡᠨᠧᠷᠭᠢ 》 ᠪᠣᠯᠤᠨ 《 ᠣᠶᠤᠨᠴᠢ ᠴᠢᠳᠠᠪᠤᠷᠢ 》 ᠎ᠵᠢ ᠲᠡᠭᠦᠰ ᠰᠠᠢᠬᠠᠨ ᠤᠶᠠᠯᠳᠤᠭᠤᠯᠤᠭ᠍ᠰᠠᠨ ᠬᠡᠷᠡᠭ᠌ᠯᠡᠯᠳᠡ ᠣᠷᠳᠣᠰ᠎ᠲᠤ ᠨᠢᠭᠡᠨᠲᠡ ᠰᠤᠨᠢᠨ ᠪᠢᠰᠢ ᠶᠠᠪᠤᠳᠠᠯ ᠪᠤᠯᠵᠠᠢ᠃

ᠥᠩᠭᠡᠷᠡᠭ᠌ᠰᠡᠨ᠎ᠳᠦ᠂ ᠨᠡᠭᠦᠷᠡᠰᠦ ᠵᠢᠴᠢ ᠬᠠᠮᠢᠶ᠎ᠠ ᠪᠦᠬᠦᠢ ᠠᠵᠤ ᠦᠢᠯᠡᠰ ᠠᠵᠤ ᠠᠬᠤᠢ᠎ᠶ᠋ᠢᠨ ᠶᠡᠷᠦᠩᠬᠡᠢ ᠬᠡᠮᠵᠢᠶᠡᠨ᠎ᠦ 50% ᠡᠴᠡ ᠳᠡᠭᠡᠭ᠌ᠰᠢᠬᠢ᠎ᠶ᠋ᠢ ᠡᠵᠡᠯᠡᠵᠦ᠍ ᠪᠠᠢᠭ᠍ᠰᠠᠨ ᠤᠷᠳᠤᠰ ᠨᠢ ᠬᠥᠮᠦᠰ᠎ᠲᠦ 《ᠬᠠᠷ᠎ᠠ》 ᠰᠠᠭᠤᠭ᠍ᠳᠠᠯ ᠦᠯᠡᠳᠡᠭᠡᠵᠡᠢ᠃

ᠤᠳᠤ᠂ ᠤᠷᠳᠤᠰ᠎ᠤᠨ ᠬᠢᠨ ᠤᠷᠢᠳ᠎ᠢᠶᠠᠷ ᠪᠠᠢᠭᠤᠯᠤᠯᠳᠠ ᠬᠢᠪᠡᠯ ᠰᠠᠶᠢ ᠲᠠᠷᠠᠭ᠎ᠠ ᠨᠢ ᠡᠪᠳᠡᠵᠦ ᠪᠤᠯᠬᠤ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠪᠦᠲᠦᠴᠡ᠎ᠳᠦ ᠲᠤᠬᠢᠷᠠᠭᠤᠯᠤᠯᠳᠠ ᠬᠢᠬᠦ᠌ ᠳ᠋ᠡᠭᠡᠨ ᠱᠢᠨ᠎ᠡ ᠡᠨᠧᠷᠭᠢ᠎ᠪᠡᠷ ᠭᠣᠣᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠡᠨᠧᠷᠭᠢ᠎ᠶ᠋ᠢᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠪᠠᠷ ᠠᠵᠤ ᠠᠬᠤᠢ᠎ᠶ᠋ᠢᠨ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠬᠦᠳᠤᠯᠤᠨ ᠳᠠᠭᠠᠭᠤᠯᠵᠤ᠂ 《ᠪᠣᠬᠢᠷᠲᠤᠯ ᠦᠭᠡᠢ ᠡᠨᠧᠷᠭᠢ + ᠠᠵᠤ ᠦᠢᠯᠡᠰ᠎ᠦᠨ ᠬᠤᠷᠠᠮᠠᠯ 》᠎ᠵᠠᠭ᠍ᠪᠤᠷ᠎ᠢᠶᠠᠷ᠂ 《 ᠰᠠᠯᠬᠢ ᠭᠡᠷᠡᠯ᠎ᠢ ᠤᠰᠤᠲᠦ᠋ᠷᠦᠭᠴᠢᠵᠢᠭᠤᠯᠤᠨ ᠬᠠᠳᠠᠭᠠᠯᠠᠬᠤ ᠬᠦᠮᠦᠷᠭᠡ》 ᠵᠢᠨ ᠲᠠᠪᠤᠨ ᠶᠡᠬᠡ ᠠᠵᠤ ᠦᠢᠯᠡᠰ᠎ᠦᠨ ᠪᠦᠯᠦᠭ᠌ᠵᠢᠯ᠎ᠢ ᠪᠦᠬᠦ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢᠨ 《 ᠲᠦᠷᠪᠡ ᠤᠯᠠᠨ ᠲᠦᠷᠪᠡ ᠴᠥᠭᠡᠨ》 ᠪᠠᠢᠳᠠᠯ᠎ᠢ ᠲᠦᠷᠭᠡᠳᠭᠡᠨ ᠬᠤᠪᠢᠷᠠᠭᠤᠯᠵᠤ᠂ ᠤᠯᠤᠰ᠎ᠤᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠦᠨ ᠰᠠᠭᠤᠷᠢᠨ᠎ᠢ ᠪᠦᠳᠦᠭᠡᠨ ᠪᠠᠢᠭᠤᠯᠵᠤ ᠪᠠᠢᠨ᠎ᠠ᠃ ᠦᠵᠡᠭ᠌ᠳᠡᠯ᠎ᠡᠴᠡ ᠵᠠᠭ᠍ᠪᠤᠷ᠎ᠬᠦᠷᠲᠡᠯ᠎ᠡ᠂ ᠣᠷᠳᠣᠰ ᠬᠣᠲᠠ ᠳᠠᠬᠢᠨᠲᠠ ᠱᠢᠨ᠎ᠡ ᠡᠨᠧᠷᠭᠢ᠎ᠶ᠋ᠢᠨ ᠬᠡᠯᠪᠡᠷᠢ ᠵᠢ ᠬᠤᠪᠢᠷᠠᠭᠤᠯᠬᠤ ᠰᠢᠨ᠎ᠡ ᠳᠠᠪᠠᠯᠭᠠᠨ᠎ᠤ 《ᠳᠠᠭᠠᠭᠤᠯᠤᠭᠴᠢ》 ᠪᠤᠯᠵᠤ ᠪᠣᠶ᠃

ᠬᠦᠷᠢᠶᠡᠯᠡᠩ ᠲᠣᠭᠣᠷᠢᠭ — ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ 《ᠠᠬᠤᠭᠤᠯᠤᠭᠴᠢ》

2022 ᠣᠨ᠎ᠤ 4 ᠰᠠᠷ᠎ᠠ᠎ᠳᠤ᠂ ᠣᠷᠳᠣᠰ᠎ᠤᠨ ᠮᠸᠩ ᠰᠤ᠌ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ᠂ ᠪᠥᠬᠥ᠌ ᠪᠥᠮᠪᠥᠷᠴᠡᠭ᠎ᠦᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠥᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ — ᠶᠤᠸᠠᠨ ᠵᠢᠩ ᠣᠷᠳᠣᠰ᠎ᠤᠨ ᠨᠡᠭᠦᠷᠡᠰᠦᠲᠥ᠋ᠷᠥᠭ᠌ᠴᠢ ᠥᠯᠥ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠦᠨ ᠨᠢᠭᠡᠳᠦᠭᠡᠷ ᠬᠤᠭᠤᠴᠠᠭᠠᠨ᠎ᠤ ᠲᠥᠷᠥᠯ ᠵᠦᠶ᠋ᠯ ᠠᠱᠢᠭ᠍ᠯᠠᠯᠲᠠ᠎ᠳᠤ ᠣᠷᠣᠪᠠ᠃ ᠲᠤᠰ ᠠᠵᠤ ᠦᠢᠯᠡᠰ᠎ᠦᠨ ᠬᠦᠷᠢᠶᠡᠯᠡᠩ ᠢ᠋ 《 ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ 》᠂ 《ᠨᠡᠭᠦᠷᠡᠰᠦᠲᠥ᠋ᠷᠥᠭ᠌ᠴᠢ ᠥᠯᠥ ᠭᠠᠳᠠᠭᠰᠢᠯᠠᠭᠤᠯᠬᠤ ᠲᠣᠭᠠᠴᠢᠯᠠᠭ᠍ᠰᠠᠨ ᠠᠵᠢᠯᠯᠠᠭᠠᠨ᠎ᠤ ᠱᠢᠰᠲ᠋ᠧᠮ 》 ᠪᠣᠯᠤᠨ 《 ᠪᠣᠬᠢᠷᠲᠤᠯ ᠦᠭᠡᠢ ᠱᠢᠨ᠎ᠡ ᠠᠵᠤ ᠦᠢᠯᠡᠳᠪᠦᠷᠢ᠎ᠶ᠋ᠢᠨ ᠪᠦᠯᠦᠭ᠌ᠵᠢᠯ 》 ᠭᠡᠬᠦ᠌ ᠭᠤᠷᠪᠠᠨ ᠶᠡᠬᠡ ᠱᠢᠨ᠎ᠡ᠎ᠶ᠋ᠢ ᠡᠭᠦᠳᠬᠦ᠌ ᠲᠤᠯᠭᠠᠭᠤᠷᠢ᠎ᠳᠤ ᠰᠠᠭᠤᠷᠢᠯᠠᠵᠤ ᠴᠣᠭ᠍ᠴᠠᠯᠠᠪᠠ᠃ ᠠᠵᠤ ᠦᠶ᠋ᠯᠡᠰ᠎ᠦᠨ ᠬᠦᠷᠢᠶᠡᠯᠡᠩ ᠳᠣᠲᠣᠷᠠᠬᠢ ᠰᠠᠯᠬᠢᠨ ᠬᠦᠴᠦᠨ᠎ᠦ ᠮᠠᠱᠢᠨ᠂ ᠬᠡᠷᠡᠯᠴᠢ ᠴᠡᠨᠡᠭ᠂ ᠡᠨᠧᠷᠭᠢ ᠬᠠᠳᠠᠭᠠᠯᠠᠬᠤ ᠬᠢᠭᠡᠳ ᠣᠶᠤᠨᠴᠢ ᠪᠣᠳᠠᠰ᠎ᠤᠨ ᠢᠨᠲᠸᠷ ᠰᠦᠯᠵᠢᠶ᠎ᠡ᠎ᠶ᠋ᠢᠨ ᠬᠠᠮᠵᠢᠯᠴᠠᠨ ᠪᠣᠶ ᠪᠣᠯᠤᠭ᠍ᠰᠠᠨ ᠴᠡᠪᠡᠷ᠂ ᠲᠣᠭ᠍ᠲᠠᠭᠤᠨ᠂ ᠥᠨᠳᠥᠷ ᠪᠦᠲᠦᠮᠵᠢᠲᠡᠶ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠨᠢ ᠳ᠋ᠢᠶᠠᠨ ᡂᠢ᠎ᠶ᠋ᠢᠨ ᠦᠶ᠋ᠯᠡᠳᠪᠦᠷᠢᠯᠡᠯ᠎ᠳᠦ 100%᠎ᠶᠢᠨ ᠨᠡᠭᠦᠷᠡᠰᠦᠲᠥ᠋ᠷᠥᠭ᠌ᠴᠢ ᠥᠯᠥ ᠭᠠᠳᠠᠭᠰᠢᠯᠠᠭᠤᠯᠬᠤ ᠡᠨᠧᠷᠭᠢ᠎ᠬᠠᠩᠭᠠᠵᠠᠶ᠃

ᠠᠵᠤ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠠᠬᠢᠭᠤᠯᠬᠤ ᠪᠣᠯ ᠡᠨᠧᠷᠭᠢ᠎ᠶ᠋ᠢᠨ ᠬᠣᠷᠣᠭ᠍ᠳᠠᠭᠤᠯᠤᠯ᠎ᠤᠨ ᠬᠤᠤᠰ ᠡᠵᠡᠮᠳᠡᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ ᠦᠨᠳᠦᠰᠦᠨ ᠪᠣᠳᠣᠯᠭ᠎ᠠ ᠮᠥᠨ᠃ ᠣᠷᠳᠣᠰ ᠬᠣᠲᠠ᠎ᠶ᠋ᠢᠨ ᠬᠢᠨ ᠠᠵᠤ ᠦᠶ᠋ᠯᠡᠰ᠎ᠢ ᠲᠥᠯᠥᠪᠵᠢᠭᠦᠯᠬᠦ᠌᠂ ᠲᠥᠷᠥᠯ ᠵᠦᠶ᠋ᠯ᠎ᠢ ᠣᠷᠣᠭᠤᠯᠤᠨ ᠠᠪᠴᠢᠷᠠᠬᠤ ᠲᠠᠯ᠎ᠠ᠎ᠪᠠᠷ ᠡᠨᠧᠷᠭᠢ᠎ᠶ᠋ᠢᠨ ᠬᠣᠷᠣᠭ᠍ᠳᠠᠯ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠠᠲᠠᠭᠤ ᠬᠢᠵᠠᠭᠠᠷᠯᠠᠯ᠎ᠡᠴᠡ ᠪᠣᠯᠵᠣ ᠬᠠᠳᠠᠭᠠᠯᠠᠭ᠍ᠳᠠᠵᠤ ᠪᠠᠢᠭ᠎ᠠ ᠲᠥᠷᠥᠯ ᠵᠦᠶ᠋ᠯ᠎ᠢ ᠪᠣᠬᠢᠷᠲᠤᠯ ᠥᠬᠡᠶ᠎ᠪᠡᠷ ᠥᠭᠡᠷᠡᠴᠢᠯᠡᠨ ᠪᠠᠢᠭᠤᠯᠬᠤ᠂ ᠲᠣᠭᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ᠂ ᠤᠶᠤᠨᠴᠢ ᠪᠡᠷ ᠲᠠᠰ ᠳᠡᠪᠱᠢᠭᠦᠯᠬᠦ᠌᠎ᠶ᠋ᠢ ᠭᠡᠳᠡᠷᠭᠦ᠌ ᠱᠢᠬᠠᠮᠳᠠᠭᠤᠯᠵᠤ ᠪᠠᠢᠨ᠎ᠠ᠃

ᠬᠠᠩᠭᠢᠨ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ 127 ᠠᠵᠤ ᠠᠬᠤᠢᠯᠠᠯ᠂ 57 ᠬᠡᠪᠴᠢᠶᠡᠵᠢᠭ᠌ᠰᠡᠨ ᠠᠵᠤ ᠠᠬᠤᠢᠯᠠᠯ ᠨᠤᠳᠤᠬᠱᠢᠵᠤ᠂ 183 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠡᠢ᠃ ᠡᠳᠦᠷ᠎ᠲᠦ 463.5 ᠲᠦᠮᠡᠨ ᠪᠣᠰᠣᠭ᠎ᠠ ᠳᠥᠷᠪᠡᠯᠵᠢᠨ ᠮᠧᠲ᠋ᠷ ᠱᠢᠩᠭᠡᠨᠵᠢᠭᠦᠯᠦᠭ᠌ᠰᠡᠨ ᠪᠠᠢᠭᠠᠯᠢ᠎ᠶ᠋ᠢᠨ ᠱᠢᠲᠠᠮᠠᠬᠠᠶ ᠬᠡᠶ᠎ᠵᠢ ᠰᠢᠢᠳᠪᠦᠷᠢᠯᠡᠬᠦ ᠬᠡᠪᠴᠢᠶᠡᠵᠢᠯ᠎ᠢ ᠪᠦᠷᠢᠯᠳᠦᠭᠦᠯᠵᠦ᠍᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠲᠥᠷᠥᠯ ᠵᠦᠶ᠋ᠯ᠎ᠦᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ ᠨᠢ 150 ᠲᠦᠮᠡᠨ ᠺᠢᠯᠦᠸᠠᠲ᠎ᠲᠤ ᠬᠦᠷᠴᠦ᠍᠂ ᠣᠷᠳᠣᠰ ᠬᠣᠲᠠ᠎ᠶ᠋ᠢᠨ ᠠᠩᠬᠠᠳᠠᠭ᠍ᠴᠢ ᠵᠠᠭᠤᠨ ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠰᠠᠭᠤᠷᠢᠨ ᠪᠣᠯᠪᠠ᠃

2021 ᠣᠨ᠎ᠳᠤ᠂ ᠣᠷᠳᠣᠰ᠎ᠤᠨ ᠱᠢᠨ᠎ᠡ᠎ᠪᠡᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 56.3 ᠲᠦᠮᠡᠨ ᠺᠢᠯᠦᠸᠠᠲ᠎ᠪᠠᠢᠵᠤ᠂ ᠱᠢᠨ᠎ᠡ᠎ᠪᠡᠷ ᠨᠡᠮᠡᠭ᠌ᠳᠡᠭ᠌ᠰᠡᠨ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ 30% ᠎ᠶ᠋ᠢ ᠡᠵᠡᠯᠡᠪᠡ᠃ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠵᠡᠷᠭᠡ 8 ᠲᠥᠷᠥᠯ᠎ᠦᠨ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠢ ᠳᠡᠭᠡᠭ᠌ᠰᠢ ᠮᠡᠳᠡᠭᠦᠯᠵᠦ᠍᠂ ᠶᠡᠷᠦᠩᠬᠡᠶ ᠬᠡᠪᠴᠢᠶᠡᠵᠢᠯ᠎ᠨᠢ 3665.65 ᠲᠦᠮᠡᠨ ᠺᠢᠯᠦᠸᠠᠲ ᠲᠦ᠍ ᠬᠦᠷᠴᠦ᠂ ᠲᠠᠷᠬᠠᠬᠰᠠᠨ᠂ ᠲᠥᠪᠯᠡᠷᠡᠭᠰᠡᠨ ᠬᠡᠯᠪᠡᠷᠢ ᠵᠢᠨ ᠤᠰᠤᠲᠥ᠋ᠷᠥᠭ᠌ᠴᠢ ᠡᠨᠧᠷᠭᠢ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠂ ᠢᠯᠴᠢ᠎ᠶ᠋ᠢᠨ ᠴᠠᠬᠢᠯᠭᠠᠨ᠎ᠤ ᠠᠮᠢᠳᠤᠯᠢᠭ ᠥᠭᠡᠷᠡᠴᠢᠯᠡᠯᠲᠡ᠂ ᠪᠥᠬᠦᠢᠯᠡ ᠱᠢᠶᠠᠨ᠎ᠤ ᠬᠡᠷ᠎ᠦᠨ ᠣᠷᠣᠶ ᠲᠡᠬᠡᠷ᠎ᠠ ᠬᠡᠷᠡᠯᠴᠢ ᠴᠡᠨᠡᠭ ᠤᠬᠰᠠᠷᠠᠬᠤ᠂ ᠰᠠᠯᠬᠢ ᠬᠡᠷᠡᠯ᠎ᠦᠨ ᠲᠣᠮᠣ ᠬᠡᠯᠪᠡᠷᠢ᠎ᠶ᠋ᠢᠨ ᠰᠠᠭᠤᠷᠢᠨ ᠵᠡᠷᠭᠡ ᠨᠡᠢᠲᠡ 720 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠢ ᠨᠢᠭᠡᠨᠲᠡ ᠴᠤᠬᠤᠯᠠᠪᠤᠷᠢᠯᠠᠨ ᠵᠦᠪᠰᠢᠶᠡᠷᠡᠪᠡ᠃

ᠳᠠᠯᠠᠳ ᠭᠡᠷᠡᠯᠴᠢ ᠴᠡᠨᠡᠭ᠎ᠤᠨ ᠳᠠᠭᠠᠭᠤᠯᠤᠭᠴᠢ ᠰᠠᠭᠤᠷᠢᠨ ᠤ᠋ ᠬᠣᠶᠠᠳᠤᠭᠠᠷ ᠬᠤᠭᠤᠴᠠᠭ᠎ᠠ᠂ ᠲᠢᠶᠠᠨ ᠵᠢᠶᠤᠤ ᠪᠤᠬᠢᠷᠲᠤᠯ ᠦᠭᠡᠢ ᠡᠨᠧᠷᠭᠢ ᠵᠢᠨ ᠨᠡᠭᠦᠷᠡᠰᠦ ᠮᠠᠯᠲᠠᠭ᠍ᠰᠠᠨ᠎ᠡᠴᠡ ᠪᠣᠯᠵᠣ ᠳᠣᠷᠣᠭ᠍ᠰᠢ ᠰᠠᠭᠤᠭ᠍ᠰᠠᠨ ᠣᠷᠣᠨ᠎ᠤ ᠠᠮᠢ ᠠᠬᠤᠶ᠎ᠶ᠋ᠢᠨ ᠵᠠᠰᠠᠯᠲᠠ᠎ᠶ᠋ᠢᠨ ᠭᠡᠷᠡᠯᠴᠢ ᠴᠡᠨᠡᠭ᠎ᠢᠶᠠᠷ ᠴᠠᠬᠢᠯᠭᠠᠨ ᠭᠠᠷᠭᠠᠬᠤ ᠵᠡᠷᠭᠡ ᠨᠢᠭᠡ ᠪᠦᠯᠦᠭ ᠱᠢᠨ᠎ᠡ ᠡᠨᠧᠷᠭᠢ᠎ᠶ᠋ᠢᠨ ᠴᠢᠬᠤᠯᠠ ᠶᠡᠬᠡ ᠲᠥᠷᠥᠯ ᠵᠦᠶ᠋ᠯ ᠵᠠᠯᠭᠠᠭ᠎ᠠ᠎ᠪᠠᠷ ᠴᠠᠬᠢᠯᠭᠠᠨ ᠵᠢᠡᠨ ᠲᠤᠤᠷ ᠲᠦ᠍ ᠤᠷᠤᠭᠤᠯᠤᠨ ᠴᠠᠬᠢᠯᠭᠠᠨ ᠭᠠᠷᠭᠠᠵᠤ᠂ ᠮᠧᠩ ᠰᠢ ᠰᠠᠭᠤᠷᠢᠨ᠎ᠤ ᠬᠥᠪᠴᠢ᠎ᠶ᠋ᠢᠨ 200 ᠲᠦᠮᠡᠨ ᠺᠢᠯᠦᠸᠠᠲ᠎ᠤᠨ ᠭᠡᠷᠡᠯᠴᠢ ᠴᠡᠨᠡᠭ᠎ᠢᠶᠠᠷ ᠡᠯᠡᠰᠦ᠎ᠵᠢ ᠵᠠᠰᠠᠬᠤ ᠲᠥᠷᠥᠯ ᠵᠦᠶ᠋ᠯ᠂ ᠳᠠᠯᠠᠳ ᠬᠣᠱᠢᠭᠤᠨ᠎ᠤ ᠭᠡᠷᠡᠯ᠎ᠢ ᠤᠰᠤᠲᠦ᠋ᠷᠦᠭᠴᠢᠵᠢᠭᠤᠯᠤᠨ ᠬᠠᠳᠠᠭᠠᠯᠠᠬᠤ ᠬᠦᠮᠦᠷᠭᠡ᠎ᠶ᠋ᠢᠨ ᠨᠡᠭᠦᠷᠡᠰᠦᠲᠥ᠋ᠷᠥᠭ᠌ᠴᠢ ᠥᠯᠥ ᠭᠠᠳᠠᠭᠰᠢᠯᠠᠭᠤᠯᠬᠤ ᠠᠮᠢ ᠠᠬᠤᠶ᠎ᠶ᠋ᠢᠨ ᠬᠡᠯᠬᠢᠶ᠎ᠡ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠵᠡᠷᠭᠡ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠢ ᠵᠠᠯᠭᠠᠭ᠎ᠠ᠎ᠪᠠᠷ ᠪᠠᠷᠢᠯᠭ᠎ᠠ ᠵᠢᠨ ᠠᠵᠢᠯ᠎ᠢ ᠡᠬᠢᠯᠡᠭᠦᠯᠦᠨ ᠪᠥᠲᠥᠭᠡᠨ ᠪᠠᠢᠭᠤᠯᠵᠦ ᠪᠤᠢ᠃

ᠣᠷᠳᠣᠰ ᠬᠣᠲᠠ᠎ᠶ᠋ᠢᠨ 《 ᠰᠠᠯᠬᠢ ᠭᠡᠷᠡᠯ᠎ᠢ ᠤᠰᠤᠲᠦ᠋ᠷᠦᠭᠴᠢᠵᠢᠭᠤᠯᠤᠨ ᠬᠠᠳᠠᠭᠠᠯᠠᠬᠤ ᠬᠦᠮᠦᠷᠭᠡ 》 ᠎ᠶ᠋ᠢᠨ ᠠᠵᠤ ᠦᠶ᠋ᠯᠡᠰ᠎ᠦᠨ ᠪᠦᠯᠦᠭ᠌ᠵᠢᠯ᠎ᠦᠨ ᠪᠥᠲᠥᠭᠡᠨ ᠪᠠᠢᠭᠤᠯᠤᠯᠲᠠ ᠨᠢᠭᠡᠨᠲᠡ ᠳᠠᠷᠪᠠᠭᠤᠯ ᠬᠡᠢᠰᠭᠡᠨ ᠠᠶᠠᠯᠠᠯ᠎ᠢᠶᠠᠨ ᠡᠬᠢᠯᠡᠭᠦᠯᠵᠦ᠍᠂ ᠣᠷᠳᠣᠰ ᠬᠣᠲᠠ᠎ᠶ᠋ᠢᠨ ᠠᠵᠤ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠳᠠᠢᠴᠢᠯᠠᠬᠤ ᠲᠤᠯᠭᠠᠭᠤᠷᠢ ᠬᠦᠴᠦᠨ ᠪᠣᠯᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ — ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ 《 ᠬᠤᠷᠳᠤᠳᠭᠠᠭᠤᠷ 》

ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠪᠡᠷ ᠶᠡᠷᠦᠩᠬᠡᠶ ᠭᠠᠷᠳᠡᠴᠡ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠶ᠋ᠯᠡᠳᠦᠯ᠎ᠢ ᠲᠠᠰᠤᠷᠠᠯᠲᠠ ᠥᠬᠡᠶ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢᠨ 《ᠬᠠᠮᠤᠭ᠎ᠤᠨ ᠶᠡᠬᠡ ᠨᠡᠮᠡᠭ᠌ᠳᠡᠯ》 ᠪᠣᠯᠭᠠᠨ ᠬᠤᠪᠢᠷᠠᠭᠤᠯᠤᠯ᠎ᠠ ᠁ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠨᠢ ᠶᠠᠭ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠶ᠋ᠯᠡᠰ᠎ᠲᠦ ᠱᠢᠨ᠎ᠡ ᠨᠡᠮᠡᠭ᠌ᠳᠡᠯ᠎ᠦᠨ ᠣᠷᠣᠨ ᠵᠠᠶ᠂ ᠱᠢᠨ᠎ᠡ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠠ ᠨᠡᠬᠡᠵᠦ ᠭᠦᠶ᠋ᠴᠡᠨ ᠳᠠᠪᠠᠵᠤ ᠭᠠᠷᠬᠤ ᠱᠢᠨ᠎ᠡ ᠠᠵᠠ ᠲᠣᠬᠢᠶᠠᠯ᠎ᠢ ᠠᠪᠴᠢᠷᠠᠵᠤ᠂ ᠣᠷᠳᠣᠰ᠎ᠤᠨ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠬᠤ《ᠬᠤᠷᠳᠤᠳᠭᠠᠭᠤᠷ》 ᠪᠣᠯᠵᠣ ᠪᠠᠢᠨ᠎ᠠ᠃

ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠦᠶ᠋ᠯᠡᠳᠦᠯᠭᠡᠵᠢᠭᠦᠯᠵᠦ᠍᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ ᠠᠵᠢᠯᠯᠠᠭ᠎ᠠ》 ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃ 2021 ᠣᠨ᠎ᠤ 9 ᠰᠠᠷ᠎ᠠ᠎ᠶ᠋ᠢᠨ 7 ᠎ᠤ᠋ ᠡᠳᠦᠷ᠂ ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠣᠷᠳᠣᠰ᠎ᠤᠨ ᠨᠡᠭᠦᠷᠡᠰᠦᠲᠥ᠋ᠷᠥᠭ᠌ᠴᠢ᠎ᠵᠢ ᠰᠠᠭᠠᠷᠮᠠᠭᠵᠢᠭᠤᠯᠬᠤ ᠰᠤᠳᠤᠯᠭᠠᠨ᠎ᠤ ᠬᠦᠷᠢᠶᠡᠯᠡᠩ᠎ᠢ ᠪᠠᠢᠭᠤᠯᠪᠠ᠂ ᠲᠣᠰ ᠰᠤᠳᠤᠯᠭᠠᠨ᠎ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠬᠤᠤᠰ ᠨᠡᠭᠦᠷᠡᠰᠦᠲᠥ᠋ᠷᠥᠭ᠌ᠴᠢ᠎ᠶ᠋ᠢᠨ ᠰᠤᠳᠤᠯᠭᠠᠨ᠎ᠤ ᠪᠠᠢᠭᠤᠯᠤᠮᠵᠢ ᠪᠣᠯᠤᠨ᠎ᠠ᠃ ᠣᠷᠳᠣᠰ᠎ᠤᠨ ᠨᠡᠭᠦᠷᠡᠰᠦᠲᠥ᠋ᠷᠥᠭ᠌ᠴᠢ᠎ᠵᠢ ᠰᠠᠭᠠᠷᠮᠠᠭᠵᠢᠭᠤᠯᠬᠤ ᠰᠤᠳᠤᠯᠭᠠᠨ᠎ᠤ ᠬᠦᠷᠢᠶᠡᠯᠡᠩ᠎ᠦᠨ ᠪᠠᠢᠷᠢ ᠲᠣᠭ᠍ᠲᠠᠭᠠᠯᠲᠠ ᠨᠢ ᠪᠠᠯᠠ ᠣᠷᠣᠭᠤᠯᠤᠯᠲᠠ᠎ᠶ᠋ᠢᠨ ᠭᠤᠤᠯ ᠴᠣᠭ᠍ᠴᠠ᠎ᠶ᠋ᠢᠨ ᠣᠯᠠᠨ ᠡᠱᠢᠵᠢᠯᠲᠡ᠂ ᠬᠠᠮᠢᠶᠠᠷᠤᠯᠲᠠ᠎ᠶ᠋ᠢᠨ ᠲᠦᠷᠢᠮ᠎ᠦᠨ ᠣᠳᠣᠬᠢᠴᠢᠯᠠᠯᠲᠠ᠂ ᠠᠵᠢᠯᠯᠠᠭᠠᠨ᠎ᠤ ᠲᠣᠭ᠍ᠲᠡᠴᠡ᠎ᠶ᠋ᠢᠨ ᠵᠠᠬ᠎ᠠ ᠳᠡᠯᠭᠡᠭᠦᠷᠴᠢᠯᠡᠯᠲᠡ᠂ ᠬᠥᠮᠦᠨ ᠬᠡᠷᠡᠭ᠌ᠯᠡᠬᠦ᠌ ᠲᠣᠭ᠍ᠲᠡᠴᠡ᠎ᠶ᠋ᠢᠨ ᠠᠮᠢᠳᠤᠯᠢᠭ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ ᠪᠠ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠂ ᠰᠤᠳᠤᠯᠤᠨ ᠨᠡᠭᠡᠭᠡᠬᠦ᠌᠂ ᠨᠡᠪᠴᠢᠭᠦᠯᠬᠦ᠌᠂ ᠠᠵᠤ ᠦᠢᠯᠡᠰᠵᠢᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠭᠦᠷᠡᠰᠦᠲᠥ᠋ᠷᠥᠭ᠌ᠴᠢ᠎ᠵᠢ ᠰᠠᠭᠠᠷᠮᠠᠭᠵᠢᠭᠤᠯᠬᠤ ᠪᠠ ᠱᠢᠨ᠎ᠡ᠎ᠶ᠋ᠢ ᠡᠭᠦᠳᠬᠦ᠌ ᠲᠠᠪᠴᠠᠩ ᠪᠣᠯᠤᠨ᠎ᠠ᠃

ᠤᠳᠤ ᠤᠷᠳᠤᠰ᠎ᠤᠨ ᠨᠡᠭᠦᠷᠡᠰᠦᠲᠥ᠋ᠷᠥᠭ᠌ᠴᠢ᠎ᠵᠢ ᠰᠠᠭᠠᠷᠮᠠᠭᠵᠢᠭᠤᠯᠬᠤ ᠰᠤᠳᠤᠯᠭᠠᠨ᠎ᠤ ᠬᠦᠷᠢᠶᠡᠯᠡᠩ ᠪᠣᠯᠤᠨ ᠴᠢᠩᠬᠤᠸᠠ ᠶᠡᠬᠡ ᠰᠤᠷᠭᠠᠭᠤᠯᠢ᠂ ᠴᠢᠶᠣᠤ ᠫᠠᠶ᠎ᠶ᠋ᠢᠨ ᠬᠠᠮᠲᠤᠷᠠᠯᠴᠠᠭᠠᠨ᠎ᠤ ᠲᠡᠷᠢᠭᠦᠨ᠎ᠦ ᠴᠠᠬᠢᠯᠭᠠᠨ ᠵᠠᠳᠠᠯᠤᠯ᠎ᠤᠨ ᠤᠰᠤᠲᠥ᠋ᠷᠥᠭ᠌ᠴᠢ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠨᠢᠭᠡᠨᠲᠡ ᠠᠩᠬ᠎ᠠ ᠠᠯᠬᠤᠮ ᠬᠡᠪᠴᠢᠶᠡᠵᠢᠪᠡ᠃ ᠡᠨᠡ ᠬᠦ᠌ ᠲᠦᠷᠦᠯ ᠵᠦᠢᠯ ᠨᠢ ᠤᠷᠳᠤᠰ᠎ᠤᠨ ᠱᠢᠨ᠎ᠡ ᠡᠨᠧᠷᠭᠢ᠎ᠶ᠋ᠢ ᠱᠢᠩᠭᠡᠭᠡᠬᠦ᠌ ᠪᠠ ᠤᠰᠤᠲᠥ᠋ᠷᠥᠭ᠌ᠴᠢ ᠦᠢᠯᠡᠳᠬᠦ᠌ ᠮᠡᠷᠭᠡᠵᠢᠯ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠲᠤᠰ ᠬᠤᠳᠠ᠎ᠶ᠋ᠢᠨ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠲᠦᠷᠭᠡᠨ ᠪᠡᠶᠡᠯᠡᠭᠦᠯᠬᠦ᠌᠎ᠳᠦ ᠪᠠᠲᠤᠯᠠᠭ᠎ᠠ ᠬᠠᠩᠭᠠᠪᠠ᠃

ᠤᠷᠳᠤᠰ ᠶᠠᠭ ᠤᠷᠢᠳ ᠡᠮᠦᠨ᠎ᠡ ᠪᠠᠢᠭ᠎ᠠ ᠦᠭᠡᠢ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠂ ᠲᠦᠷᠦ᠍᠎ᠶ᠋ᠢᠨ ᠪᠤᠳᠤᠯᠭ᠎ᠠ᠎ᠶ᠋ᠢᠨ ᠡᠷᠴᠢᠮ ᠪᠠ ᠣᠷᠣᠭᠤᠯᠤᠯᠲᠠ᠎ᠶ᠋ᠢᠨ ᠡᠷᠴᠢᠮ᠎ᠢᠶᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠪᠦᠬᠦ᠌ ᠨᠡᠢᠭᠡᠮ᠎ᠦᠨ ᠡᠯ᠎ᠡ ᠬᠦᠷᠢᠶᠡᠨ᠎ᠦ ᠱᠢᠨ᠎ᠡ᠎ᠶ᠋ᠢ ᠡᠭᠦᠳᠬᠦ᠌ ᠲᠠᠯᠳᠠ ᠬᠦᠴᠦᠨ᠎ᠢ ᠪᠦᠲᠦᠮᠵᠢᠲᠡᠢ ᠬᠥᠭ᠌ᠵᠢᠭᠡᠵᠦ ᠪᠠᠢᠨ᠎ᠠ᠃

ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠪᠥᠬᠥ᠌ ᠣᠷᠣᠨ᠎ᠤ 652 ᠠᠵᠤ ᠠᠬᠤᠢᠯᠠᠯ᠎ᠳᠤ ᠰᠤᠳᠤᠯᠤᠨ ᠨᠡᠭᠡᠭᠡᠬᠦ᠌ ᠣᠷᠣᠭᠤᠯᠤᠯᠲᠠ ᠵᠢᠨ ᠳᠠᠷᠠᠭᠠᠬᠢ 1.63 ᠳ᠋ᠦᠩᠱᠢᠭᠤᠷ ᠲᠥᠭᠥᠷᠢᠭ᠎ᠦᠨ ᠨᠥᠬᠥᠪᠥᠷᠢ ᠮᠥᠩᠭᠥ᠌ ᠪᠠᠭᠤᠯᠭᠠᠪᠠ᠂ ᠡᠭᠦᠨ᠎ᠳᠦ ᠣᠷᠳᠣᠰ ᠬᠣᠲᠠ᠎ᠶ᠋ᠢᠨ 115 ᠠᠵᠤ ᠠᠬᠤᠢᠯᠠᠯ 4999.4 ᠲᠦᠮᠡᠨ ᠲᠥᠭᠥᠷᠢᠭ᠎ᠦᠨ ᠨᠥᠬᠥᠪᠥᠷᠢ ᠮᠥᠩᠭᠥ᠌ ᠣᠯᠵᠤ᠂ ᠪᠥᠬᠥ᠌ ᠣᠷᠣᠨ᠎ᠳᠤ ᠲᠡᠷᠢᠭᠦᠯᠡᠭᠰᠡᠨ ᠪᠠᠢᠨ᠎ᠠ᠃

2021 ᠣᠨ᠎ᠡᠴᠡ ᠨᠠᠭᠠᠰᠢ᠂ ᠣᠷᠳᠣᠰ ᠬᠣᠲᠠ 《 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠲᠥᠷᠥ᠎ᠶ᠋ᠢᠨ ᠪᠣᠳᠣᠯᠭ᠎ᠠ᠎ᠶᠢᠨ 30 ᠵᠤᠷᠪᠤᠰ 》 《 1 + N 》 ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠤᠨ ᠲᠡᠭᠦᠯᠳᠡᠷᠵᠢᠭᠦᠯᠵᠦ᠍᠂ 《 ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠣᠨ 》 ᠎ᠵᠢᠡᠷ ᠭᠤᠤᠯ ᠰᠡᠳᠦᠪ ᠪᠣᠯᠭᠠᠨ᠂ 《 ᠬᠣᠶᠠᠷ ᠳᠠᠬᠢᠨ᠎ᠢᠶᠠᠷ ᠨᠡᠮᠡᠭ᠌ᠳᠡᠭᠦᠯᠬᠦ᠌ 》 《 ᠭᠤᠷᠪᠠ᠎ᠶ᠋ᠢ ᠳᠠᠭᠤᠰᠬᠠᠬᠤ》 ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠪᠣᠢᠵᠢᠭᠤᠯᠬᠤ ᠪᠠ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠬᠠᠮᠰᠠᠷ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠶ᠋ᠢ ᠬᠥᠲᠥᠯᠦᠨ ᠵᠢᠯᠣᠭᠣᠳᠭᠤ ᠪᠠ ᠳᠡᠮᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶ᠋ᠢ ᠨᠡᠮᠡᠭ᠌ᠳᠡᠭᠦᠯᠪᠡ᠃

ᠴᠢᠳᠠᠪᠤᠷᠢᠲᠠᠨ — ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ 《ᠲᠦᠷᠭᠡᠳᠭᠡᠭᠦᠷ》

ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠂ ᠴᠢᠳᠠᠪᠤᠷᠢᠲᠠᠨ ᠪᠣᠯ ᠱᠢᠨ᠎ᠡ᠎ᠶ᠋ᠢ ᠡᠭᠦᠳᠬᠦ᠌᠎ᠶ᠋ᠢᠨ ᠨᠢᠭᠡᠳᠦᠭᠡᠷ ᠡᠬᠢ ᠪᠠᠶᠠᠯᠢᠭ ᠮᠥᠨ᠃

ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢᠨ ᠥᠨᠳᠦᠷᠴᠡ᠎ᠡᠴᠡ ᠴᠢᠳᠠᠪᠤᠷᠢᠲᠠᠨ᠎ᠤ ᠠᠵᠢᠯ᠎ᠢ ᠲᠥᠯᠥᠪᠵᠢᠭᠦᠯᠵᠦ᠍᠂ 《 ᠴᠢᠳᠠᠪᠤᠷᠢᠲᠠᠨ ᠲᠠᠢ ᠣᠷᠳᠣᠰ》 ᠤ᠋ᠨ ᠪᠠᠢᠯᠳᠤᠬᠤ ᠪᠣᠳᠣᠯᠭ᠎ᠠ ᠪᠠ 《ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠴᠢᠳᠠᠪᠤᠷᠢᠲᠠᠨ᠎ᠢ ᠨᠡᠭᠡᠭᠡᠨ ᠬᠥᠭ᠌ᠵᠢᠭᠦᠯᠬᠦ᠌ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠬᠥᠭ᠌ᠵᠢᠯᠲᠡ᠎ᠶ᠋ᠢᠨ ᠵᠠᠭ᠍ᠪᠤᠷ᠎ᠢ ᠡᠬᠢ ᠪᠠᠶᠠᠯᠢᠭ᠎ᠢᠶᠠᠷ ᠬᠥᠳᠡᠯᠭᠡᠭᠦᠷ ᠪᠣᠯᠭᠠᠵᠤ ᠪᠠᠢᠭ᠍ᠰᠠᠨ᠎ᠡᠴᠡ ᠴᠢᠳᠠᠪᠤᠷᠢᠲᠠᠨ᠎ᠢ ᠬᠥᠲᠥᠯᠦᠨ ᠳᠠᠭᠠᠭᠤᠯᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃

《ᠣᠷᠳᠣᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠪᠣᠯ ᠪᠥᠬᠥ᠌ ᠬᠣᠲᠠ᠎ᠶ᠋ᠢᠨ ᠴᠣᠷ᠎ᠤᠨ ᠭᠠᠭ᠍ᠴᠠ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠪᠠᠢᠵᠤ᠂ ᠪᠥᠬᠥ᠌ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠂ ᠪᠢᠳᠡ ᠣᠷᠣᠨ ᠪᠦᠰᠡ᠎ᠶ᠋ᠢᠨ ᠥᠨᠳᠥᠷ ᠲᠦᠪᠱᠢᠨ ᠪᠥᠬᠥᠶ ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠪᠠᠢᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠪᠣᠢᠵᠢᠭᠤᠯᠵᠦ ᠣᠷᠣᠭᠤᠯᠤᠨ ᠠᠪᠴᠢᠷᠠᠬᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠪᠠ ᠪᠠᠴᠢᠮ ᠬᠡᠷᠡᠭ᠌ᠰᠡᠬᠦ᠌ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶ᠋ᠢ ᠠᠬᠢᠭᠤᠯᠬᠤ ᠵᠡᠷᠭᠡ ᠵᠢᠷᠭᠤᠭᠠᠨ ᠶᠡᠬᠡ ᠭᠤᠤᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠵᠤ᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠣᠨᠢᠨ ᠳᠡᠭᠡᠷ᠎ᠡ᠎ᠨᠢ ᠬᠦᠴᠦᠯᠡᠵᠦ᠍᠂ ᠣᠳᠣᠬᠠᠨ᠎ᠳᠤ ᠨᠢᠭᠡᠨᠲᠡ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠠᠶ》 ᠭᠡᠵᠦ᠍ ᠣᠷᠳᠣᠰ᠎ᠤᠨ ᠳᠡᠭᠡᠳᠦ ᠱᠢᠨ᠎ᠡ ᠮᠡᠷᠭᠡᠵᠢᠯ᠎ᠦᠨ ᠴᠢᠳᠠᠪᠤᠷᠢᠲᠠᠨ᠎ᠤ ᠲᠣᠪᠴᠢᠶ᠎ᠠ᠎ᠶ᠋ᠢᠨ ᠳᠠᠷᠤᠭ᠎ᠠ ᠱᠠᠩ ᠱᠢᠤ ᠵᠧᠨ ᠢᠯᠡᠳᠭᠡᠪᠡ᠃

ᠪᠦᠷᠢᠳᠭᠡᠯ᠎ᠢ ᠦᠨᠳᠦᠰᠦᠯᠡᠪᠡᠯ᠂ ᠣᠷᠳᠣᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠲᠤ ᠣᠲᠣ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠤᠨ ᠨᠡᠭᠡᠭᠡᠬᠦ᠌ ᠪᠠᠢᠭᠤᠯᠤᠮᠵᠢ 30 ᠪᠣᠶ᠂ ᠡᠭᠦᠨ᠎ᠳᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠢᠯᠠᠯ᠎ᠤᠨ ᠮᠡᠷᠭᠡᠵᠢᠯ᠎ᠦᠨ ᠲᠥᠪ 4᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ 1᠂ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ 1᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠲᠥᠪ 18᠂ ᠢᠨᠵᠧᠨᠧᠷᠢᠩ᠎ᠦᠨ ᠮᠡᠷᠭᠡᠵᠢᠯ᠎ᠦᠨ ᠰᠤᠳᠤᠯᠭᠠᠨ᠎ᠤ ᠲᠥᠪ 2᠂ ᠠᠵᠤ ᠠᠬᠤᠢᠯᠠᠯ᠎ᠤᠨ ᠢᠨᠵᠧᠨᠧᠷᠢᠩ᠎ᠦᠨ ᠰᠤᠳᠤᠯᠭᠠᠨ᠎ᠤ ᠲᠥᠪ 1᠂ ᠠᠺᠠᠳᠧᠮᠢᠴᠢ᠎ᠶ᠋ᠢᠨ ᠠᠵᠢᠯᠯᠠᠬᠤ ᠥᠷᠲᠡᠭᠡ 2᠂ ᠪᠤᠰᠲ ᠳ᠋ᠣᠺᠲ᠋ᠣᠷ᠎ᠤᠨ ᠠᠵᠢᠯᠯᠠᠬᠤ ᠥᠷᠲᠡᠭᠡ 1 ᠪᠣᠶ᠃ 《 ᠴᠢᠳᠠᠪᠤᠷᠢᠲᠠᠨ 》 ᠨᠢ ᠬᠦᠱᠢᠬᠦᠷᠭᠡ᠎ᠶ᠋ᠢᠨ ᠦᠢᠯᠡᠳᠦᠯ ᠵᠢᠡᠨ ᠭᠦᠢᠴᠡᠳ ᠪᠠᠳᠠᠷᠠᠭᠤᠯᠵᠤ᠂ ᠠᠵᠤ ᠠᠬᠤᠢᠯᠠᠯ ᠨᠢᠭᠡᠪᠦᠷᠢ᠂ ᠲᠦᠷᠦᠯ ᠵᠦᠢᠯ ᠨᠢᠭᠡᠪᠦᠷᠢ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠨᠢᠭᠡᠪᠦᠷᠢ᠎ᠶ᠋ᠢᠨ ᠬᠥᠭ᠌ᠵᠢᠯᠲᠡ᠎ᠳ᠋ᠡᠬᠢ《 ᠲᠦᠷᠭᠡᠳᠭᠡᠬᠦᠷ》 ᠪᠣᠯᠪᠠ᠃

《 ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠣᠷᠳᠣᠰ ᠪᠠᠢᠭᠤᠯᠤᠮᠵᠢ ᠲᠣᠭ᠍ᠲᠡᠴᠡ᠎ᠶ᠋ᠢᠨ ᠥᠭᠡᠷᠡᠴᠢᠯᠡᠯᠲᠡ᠎ᠪᠠᠨ ᠭᠦᠨᠵᠡᠭᠡᠢᠷᠡᠭᠦᠯᠵᠦ᠍᠂ ᠲᠦᠷᠢᠮ᠎ᠦᠨ ᠬᠠᠷᠰᠢ ᠰᠠᠭᠠᠳ᠎ᠢ ᠠᠷᠢᠯᠭᠠᠵᠤ᠂ 《ᠣᠢᠷ᠎ᠠ ᠪᠠᠢᠭ᠎ᠠ᠎ᠳᠤᠨᠢ ᠬᠠᠷᠠᠭᠠᠯᠵᠠᠯ ᠦᠵᠡᠭᠦᠯᠵᠦ ᠬᠤᠯᠠ ᠪᠠᠢᠭ᠎ᠠ ᠵᠢ ᠨᠢ ᠲᠠᠳᠠᠬᠤ》 ᠬᠥᠭ᠌ᠵᠢᠯᠲᠡ᠎ᠶ᠋ᠢᠨ ᠰᠠᠢᠨ ᠰᠠᠢᠬᠠᠨ ᠣᠷᠴᠢᠨ ᠲᠣᠭᠣᠷᠢᠨ᠎ᠢ ᠦᠷᠭᠦᠯᠵᠢᠯᠡᠨ ᠪᠣᠶ ᠪᠣᠯᠭᠠᠨ᠎ᠠ᠃ 2025 ᠣᠨ ᠪᠣᠯᠳᠠᠯ᠎ᠠ᠂ ᠲᠦᠮᠡᠨ ᠠᠵᠢᠯ ᠣᠯᠤᠭ᠍ᠴᠢ ᠪᠦᠷᠢ᠎ᠳ᠋ᠡᠬᠢ ᠰᠤᠳᠤᠯᠤᠨ ᠨᠡᠭᠡᠭᠡᠬᠦ᠌ ᠠᠵᠢᠯᠳᠠᠨ᠎ᠢ 80 ᠳ᠋ᠤ ᠬᠦᠷᠬᠡᠵᠦ᠂ ᠲᠦᠮᠡᠨ ᠬᠥᠮᠦᠨ ᠪᠦᠷᠢ ᠵᠢᠨ ᠡᠭᠦᠳᠦᠨ ᠪᠦᠲᠦᠭᠡᠯᠲᠡ᠎ᠶ᠋ᠢᠨ ᠲᠤᠰᠭᠠᠶ ᠠᠱᠢᠭ᠎ᠢ ᠡᠳ᠋ᠯᠡᠬᠦ ᠬᠡᠮᠵᠢᠶ᠎ᠡ᠎ᠵᠢ 10 ᠬᠤᠪᠢ ᠳ᠋ᠤ ᠬᠦᠷᠬᠡᠵᠤ᠂ ᠬᠣᠱᠢᠭᠤ ᠲᠣᠭᠣᠷᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠯᠠ ᠣᠷᠣᠭᠤᠯᠤᠯᠲᠠ᠎ᠶ᠋ᠢ ᠳᠤᠮᠳᠠᠴᠢ᠎ᠪᠠᠷ 10 ᠳ᠋ᠦᠩᠱᠢᠭᠤᠷ ᠲᠥᠭᠥᠷᠢᠭ᠎ᠲᠦ ᠬᠦᠷᠬᠡᠵᠦ᠍᠂ ᠬᠣᠲᠠ᠎ᠶ᠋ᠢᠨ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠯᠠ ᠣᠷᠣᠭᠤᠯᠤᠯᠲᠠ᠎ᠶ᠋ᠢ 100 ᠳ᠋ᠦᠩᠱᠢᠭᠤᠷ ᠲᠥᠭᠥᠷᠢᠭ᠎ᠢ ᠳᠠᠪᠠᠭᠤᠯᠵᠤ᠂ ᠠᠵᠤ ᠠᠬᠤᠢᠯᠠᠯ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠪᠠᠯᠠ ᠣᠷᠣᠭᠤᠯᠤᠯᠲᠠ᠎ᠶ᠋ᠢ 1000 ᠳ᠋ᠦᠩᠱᠢᠭᠤᠷ ᠲᠥᠭᠥᠷᠢᠭ ᠣᠷᠴᠢᠮ᠎ᠳᠤ ᠬᠦᠷᠬᠡᠵᠦ᠍᠂ ᠪᠥᠬᠥ᠌ ᠨᠡᠢᠭᠡᠮ᠎ᠦᠨ ᠰᠤᠳᠤᠯᠤᠨ ᠨᠡᠭᠡᠭᠡᠬᠦ᠌ ᠵᠠᠷᠤᠳᠠᠯ᠎ᠤᠨ GDP ᠎ᠳ᠋ᠡᠬᠢ ᠡᠵᠡᠯᠡᠬᠦ᠌ ᠬᠤᠪᠢ᠎ᠶ᠋ᠢᠨ ᠵᠢᠩ᠎ᠢ 2.5% ᠎ᠡᠴᠡ ᠳᠡᠭᠡᠭ᠌ᠰᠢ᠎ᠳᠦ ᠬᠦᠷᠬᠡᠬᠦ᠌᠎ᠪᠡᠷ ᠴᠢᠷᠮᠠᠢᠵᠦ ᠪᠠᠢᠨ᠎ᠠ᠃

ᠡᠨᠧᠷᠭᠢ᠎ᠶ᠋ᠢᠨ ᠳᠡᠰ ᠳᠡᠪᠱᠢᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠳᠠᠬᠢᠨ ᠱᠤᠭᠤᠯᠳᠡ᠂ ᠱᠢᠨ᠎ᠡ᠎ᠶ᠋ᠢ ᠡᠭᠦᠳᠬᠦ᠌ ᠳᠠᠪᠠᠯᠲᠠ᠂ ᠱᠢᠨ᠎ᠡ ᠡᠨᠧᠷᠭᠢ᠎ᠶ᠋ᠢ 《ᠬᠦᠲᠦᠯᠤᠨ ᠳᠠᠭᠠᠭᠤᠯᠬᠤ 》 ᠁ ᠳᠥᠷᠪᠡᠨ ᠵᠦᠭ᠎ᠲᠦ ᠬᠠᠷᠠᠭ᠎ᠠ ᠪᠠᠨ ᠲᠡᠯᠡᠭᠰᠡᠨ ᠣᠷᠳᠣᠰ᠎ᠤᠨ ᠢᠷᠡᠭᠡᠳᠦᠶ ᠬᠢᠵᠠᠭᠠᠯᠠᠰᠢ ᠥᠬᠡᠶ ᠠᠮᠢᠵᠢᠷᠠᠯ᠎ᠤᠨ ᠬᠦᠴᠦᠨ᠎ᠵᠢᠠᠷ ᠪᠢᠯᠬᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面