2022-08-30 09:39:33
ᠵᠠᠭᠤᠨ ᠵᠢᠯ᠎ᠦᠨ ᠡᠬᠡ ᠬᠠᠭᠤᠷᠠᠶ᠎ᠶ᠋ᠢᠨ ᠪᠣᠭᠣᠮᠲᠠ᠎ᠶ᠋ᠢᠨ ᠬᠣᠲᠠ ᠪᠤᠯᠬᠤ ᠮᠠᠨᠵᠤᠤᠷ ᠬᠣᠢᠲᠤ ᠬᠡᠰᠡᠭ᠎ᠢᠶᠡᠷ᠎ᠢᠶᠡᠨ ᠣᠷᠣᠰ᠎ᠲᠠᠶ ᠵᠠᠯᠭᠠᠯᠳᠤᠵᠤ᠂ ᠪᠠᠷᠠᠭᠤᠨ ᠬᠡᠰᠡᠭ᠎ᠢᠶᠡᠷ᠎ᠢᠶᠡᠨ ᠮᠣᠩᠭᠣᠯ ᠤᠯᠤᠰ᠎ᠲᠠᠶ ᠬᠥᠷᠱᠢᠯᠡᠵᠦ᠍᠂ ᠳᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠪᠣᠯᠤᠨ᠎ᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠮᠠᠨᠵᠤᠤᠷ《ᠨᠢᠭᠡ ᠪᠦᠰᠡ ᠨᠢᠭᠡ ᠵᠠᠮ》᠎ᠤ᠋ᠨ ᠪᠥᠲᠥᠭᠡᠨ ᠪᠠᠢᠭᠤᠯᠤᠯᠲᠠ ᠪᠣᠯᠤᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ᠌ ᠪᠠ ᠭᠠᠳᠠᠭ᠍ᠰᠢ ᠨᠡᠭᠡᠭᠡᠯᠲᠡ ᠬᠢᠬᠦ᠌᠎ᠶ᠋ᠢ ᠠᠬᠢᠭᠤᠯᠬᠤ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠮᠠᠨᠵᠤᠤᠷ ᠪᠣᠭᠣᠮᠲᠠ᠎ᠶ᠋ᠢᠨ ᠨᠠᠷᠮᠠᠢ ᠪᠣᠭᠣᠮᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠪᠣᠯᠤᠨ ᠤᠮᠠᠷᠠᠰᠢ ᠨᠡᠭᠡᠭᠡᠯᠲᠡ ᠬᠢᠬᠦ᠌ ᠳᠤᠮᠳᠠᠬᠢ ᠳᠠᠭᠠᠭᠤᠯᠤᠭ᠍ᠴᠢ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠬᠢᠯᠢ ᠳᠠᠭᠠᠤ ᠨᠡᠭᠡᠭᠡᠯᠲᠡ ᠬᠢᠬᠦ᠌ ᠱᠢᠨ᠎ᠡ ᠥᠨᠳᠥᠷᠯᠢᠭ᠎ᠢ ᠪᠥᠬᠥ᠌ ᠬᠦᠴᠦᠨ᠎ᠢᠶᠡᠷ᠎ᠢᠶᠡᠨ ᠪᠦᠳᠦᠬᠡᠨ ᠪᠠᠢᠭᠤᠯᠪᠠ᠃
ᠤᠮᠠᠷᠠᠰᠢ ᠨᠡᠭᠡᠭᠡᠯᠲᠡ ᠬᠢᠬᠦ᠌ ᠴᠢᠬᠤᠯᠠ 《 ᠪᠡᠬᠢᠯᠡᠯᠲᠡ 》 ᠶ᠋ᠢ ᠴᠣᠭ᠍ᠴᠠᠯᠠᠨ᠎ᠠ
ᠲᠠᠸᠠᠷ᠎ᠤᠨ ᠠᠷᠠᠯᠵᠢᠶ᠎ᠠ᠎ᠠᠴᠠ ᠪᠠᠷᠠᠭᠠᠨ᠎ᠤ ᠭᠦᠶ᠋ᠯᠭᠡᠭᠡ ᠵᠢᠨ ᠠᠵᠤ ᠦᠶ᠋ᠯᠡᠰ ᠬᠦᠷᠲᠡᠯ᠎ᠡ᠂ ᠤᠯᠤᠰ᠎ᠤᠨ ᠭᠤᠤᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠠᠴᠠ ᠶᠡᠷᠦᠩᠬᠡᠢᠯᠡᠭ᠌ᠰᠡᠨ ᠭᠠᠢᠯᠢ ᠵᠢᠨ ᠪᠠᠳᠤᠯᠠᠭᠠᠳᠦ ᠣᠷᠣᠨ᠎ᠢ ᠲᠤᠷᠱᠢᠨ ᠡᠵᠡᠩᠨᠡᠬᠦ᠌ ᠬᠦᠷᠲᠡᠯ᠎ᠡ᠂ ᠮᠠᠨᠵᠤᠤᠷ ᠶᠠᠭ ᠤᠮᠠᠷᠠᠰᠢ ᠨᠡᠭᠡᠭᠡᠯᠲᠡ ᠬᠢᠬᠦ᠌《 ᠪᠡᠬᠢᠯᠡᠯᠲᠡ》᠎ᠶ᠋ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠵᠤ᠂ ᠲᠠᠯ᠎ᠠ ᠨᠤᠲᠤᠭ᠎ᠤᠨ ᠲᠣᠷᠭᠠᠨ ᠵᠠᠮ᠎ᠤᠨ《ᠤᠮᠠᠷᠠᠲᠤ ᠶᠡᠬᠡ ᠬᠠᠭᠠᠯᠭ᠎ᠠ》᠎ᠶ᠋ᠢ ᠪᠥᠬᠥ᠌ ᠲᠠᠯ᠎ᠠ᠎ᠪᠠᠷ ᠨᠡᠭᠡᠭᠡᠪᠡ᠃
《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠦᠯᠦᠪᠵᠢᠭᠦᠯᠭᠡ ᠵᠢᠨ ᠬᠤᠭᠤᠴᠠᠭᠠᠨ᠎ᠳᠤ᠂ ᠪᠣᠭᠣᠮᠲᠠ᠎ᠶ᠋ᠢᠨ ᠪᠠᠷᠠᠭ᠎ᠠ ᠥᠩᠭᠡᠷᠡᠭᠦᠯᠦᠭ᠌ᠰᠡᠨ ᠬᠡᠮᠵᠢᠶ᠎ᠡ ᠨᠡᠢᠲᠡ 7895 ᠲᠦᠮᠡᠨ ᠲᠣᠨ᠎ᠢ ᠪᠡᠶᠡᠯᠡᠭᠦᠯᠪᠡ ; ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠵᠠᠮ ᠱᠤᠭᠤᠮ 57 ᠵᠤᠷᠪᠤᠰ ᠪᠣᠯᠵᠤ ᠨᠡᠮᠡᠭ᠌ᠳᠡᠵᠦ᠍᠂ ᠨᠡᠢ᠌ᠳᠡ 10445 ᠴᠤᠪᠤᠭ᠎ᠠ ᠵᠢᠱᠢᠶᠠᠨ᠎ᠤ ᠭᠠᠯᠲᠤ ᠲᠡᠷᠭᠡ ᠵᠢ ᠨᠡᠪᠳᠡᠷᠡᠬᠦᠯᠪᠡ; ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ᠎ᠶ᠋ᠢ ᠨᠡᠢᠲᠡ 559 ᠳ᠋ᠦᠩᠱᠢᠭᠤᠷ ᠲᠥᠭᠥᠷᠢᠭ ᠪᠡᠶᠡᠯᠡᠭᠦᠯᠪᠡ ; ᠳᠤᠮᠳᠠᠳᠤ ᠣᠷᠣᠰ ᠮᠣᠩᠭᠣᠯ᠎ᠤᠨ ᠵᠠᠯᠠᠭᠤᠴᠤᠳ᠎ᠤᠨ ᠦᠶ᠋ᠯᠡᠰ ᠪᠤᠰᠬᠠᠬᠤ ᠶᠡᠬᠡ ᠬᠤᠷᠠᠯ ; ᠳᠤᠮᠳᠠᠳᠤ ᠤᠯᠤᠰ᠎ᠤᠨ(ᠮᠠᠨᠵᠤᠤᠷ)ᠤᠮᠠᠷᠠᠲᠤ᠎ᠶ᠋ᠢᠨ ᠤᠯᠠᠨ ᠤᠯᠤᠰ᠎ᠤᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠦᠵᠡᠰᠭᠦᠯᠡᠩ᠎ᠤᠨ ᠴᠤᠭᠯᠠᠭᠠᠨ; ᠮᠥᠰᠥ᠍ ᠴᠠᠰᠤᠨ᠎ᠤ ᠵᠢᠭᠤᠯᠴᠢᠯᠠᠯ᠎ᠤᠨ ᠨᠠᠢᠷ ᠁ ᠲᠤᠭ᠎ᠠ ᠪᠠᠷᠢᠮᠳᠠ ᠨᠢᠬᠡᠪᠦᠷᠢ᠂ ᠲᠤᠮᠤ ᠬᠡᠯᠪᠡᠷᠢ ᠵᠢᠨ ᠠᠵᠢᠯᠯᠠᠭᠠᠪᠤᠯᠭᠠᠨ ᠨᠢ ᠮᠠᠨᠵᠤᠤᠷ᠎ᠤᠨ ᠬᠥᠮᠦᠰ᠎ᠦᠨ ᠨᠡᠩ ᠶᠡᠬᠡ ᠬᠥᠭ᠌ᠵᠢᠯᠲᠡ᠎ᠶ᠋ᠢ ᠡᠷᠢᠯᠬᠢᠯᠡᠬᠦ᠌ ᠬᠠᠯᠠᠭᠤᠨ ᠰᠡᠳᠭᠢᠯᠭᠡ ᠪᠠ ᠬᠦᠰᠡᠯ ᠵᠡᠭᠦᠳᠦ᠍᠎ᠶ᠋ᠢ ᠬᠥᠭ᠌ᠵᠢᠭᠡᠪᠡ᠃
ᠤᠯᠤᠰ᠎ᠤᠨ ᠲᠠᠰ᠎ᠤᠨ ᠭᠤᠤᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ 《ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ》᠎ᠳ᠋ᠤ ᠲᠦᠷᠭᠡᠨ ᠠᠭᠤᠰᠤᠯᠴᠠᠵᠤ᠂ ᠭᠠᠳᠠᠭᠠᠳᠤ ᠨᠡᠭᠡᠭᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ ᠨᠢ ᠮᠠᠨᠵᠤᠤᠷ᠎ᠤᠨ ᠪᠣᠳᠠᠲᠤ ᠬᠦᠴᠦᠨ᠎ᠢᠶᠡᠨ ᠨᠡᠮᠡᠭ᠌ᠳᠡᠭᠦᠯᠬᠦ᠌᠂ ᠨᠥᠯᠥᠭᠡ᠎ᠪᠡᠨ ᠥᠷᠭᠡᠳᠭᠡᠬᠦ᠌᠎ᠶ᠋ᠢᠨ ᠵᠠᠢᠯᠠᠰᠢ ᠥᠬᠡᠶ ᠰᠣᠩᠭᠣᠯᠲᠠ ᠪᠣᠯᠪᠠ᠃
2013 ᠣᠨ᠎ᠤ 9 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠲᠦᠪ ᠠᠽᠢᠶ᠎ᠠ᠎ᠶ᠋ᠢᠨ 4 ᠤᠯᠤᠰ᠎ᠲᠤ ᠠᠢᠯᠴᠢᠯᠠᠬᠤ᠎ᠳᠠᠭᠠᠨ《ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ》 ᠶ᠋ᠢ ᠬᠠᠮᠲᠤ᠎ᠪᠠᠷ ᠪᠥᠲᠥᠭᠡᠨ ᠪᠠᠢᠭᠤᠯᠬᠤ ᠵᠢ ᠳᠤᠷᠠᠳᠤᠨ ᠭᠠᠷᠭᠠᠵᠠᠶ᠃《ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢᠨ ᠬᠥᠭᠥᠷᠭᠡ》 ᠶ᠋ᠢᠨ ᠪᠡᠬᠢᠯᠡᠯᠲᠡ ᠪᠣᠯᠤᠭ᠍ᠰᠠᠨ᠎ᠤ ᠬᠤᠪᠢ᠎ᠳᠤ᠂ ᠮᠠᠨᠵᠤᠤᠷ ᠠᠵᠠ ᠲᠣᠬᠢᠶᠠᠯ᠎ᠢ ᠠᠮᠵᠢᠵᠤ᠂ ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ᠎ᠳᠦ ᠢᠳᠡᠪᠬᠢᠲᠡᠶ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠪᠠ᠃
ᠲᠤᠰ ᠵᠢᠯ᠎ᠦᠨ 10 ᠰᠠᠷ᠎ᠠ᠎ᠶ᠋ᠢᠨ 3 ᠤ᠋ ᠡᠳᠦᠷ᠂ ᠠᠩᠬᠠᠳᠠᠭ᠍ᠴᠢ 《ᠵᠢᠶᠠᠩᠰᠦ — ᠮᠠᠨᠵᠤᠤᠷ — ᠧᠦ᠋ᠷᠣᠫᠠ》ᠳᠡᠮᠤᠷ ᠵᠠᠮ᠎ᠤᠨ ᠴᠢᠩᠭᠡᠯᠢᠭ᠎ᠦᠨ ᠲᠤᠰᠭᠠᠢ ᠵᠢᠱᠢᠶᠠᠨ᠎ᠤ ᠭᠠᠯᠲᠤ ᠲᠡᠷᠭᠡ ᠮᠠᠨᠵᠤᠤᠷ ᠬᠤᠳᠠ᠎ᠳᠤ ᠬᠦᠷᠴᠦ᠍᠂ ᠳᠤᠰ ᠬᠤᠳᠠ᠎ᠶ᠋ᠢᠨ ᠪᠣᠭᠣᠮᠲᠠ᠎ᠶ᠋ᠢᠨ ᠬᠣᠯᠪᠣᠭᠠᠯᠠᠨ ᠪᠠᠢᠴᠠᠭᠠᠬᠤ ᠬᠣᠯᠪᠣᠭᠠᠯᠠᠨ ᠲᠡᠭᠡᠭᠡᠪᠦᠷᠢᠯᠡᠬᠦ᠌ ᠰᠠᠯᠠᠭ᠎ᠠ ᠮᠥᠴᠢᠷ ᠨᠢᠭ᠍ᠲᠠ ᠬᠠᠮᠵᠢᠯᠴᠠᠵᠤ᠂ ᠵᠦᠪᠬᠡᠨ 3 ᠴᠠᠭ ᠬᠡᠷᠡᠭ᠌ᠰᠡᠭᠡᠳ ᠳᠠᠷᠤᠢ ᠪᠣᠭᠣᠮᠲᠠ᠎ᠪᠠᠷ ᠥᠩᠭᠡᠷᠡᠬᠦ᠌ ᠪᠤᠢ ᠪᠦᠬᠦᠢ ᠭᠠᠷᠳᠠᠮ᠎ᠢ ᠭᠦᠢᠴᠡᠳᠭᠡᠵᠦ᠍ ᠬᠢᠯᠢ᠎ᠡᠴᠡ ᠤᠷᠤᠭ᠍ᠰᠢᠲᠠᠢ ᠮᠤᠷᠳᠠᠪᠠ᠃ 14 ᠡᠳᠦᠷ᠎ᠦᠨ ᠠᠶᠠᠯᠠᠯ ᠵᠢᠡᠷ ᠠᠩᠬᠠᠳᠠᠭ᠍ᠴᠢ 《ᠵᠢᠶᠠᠩᠰᠦ — ᠮᠠᠨᠵᠤᠤᠷ — ᠧᠦ᠋ᠷᠣᠫᠠ》 ᠵᠢᠨ ᠵᠢᠱᠢᠶᠠᠨ᠎ᠤ ᠭᠠᠯᠲᠤ ᠲᠡᠷᠭᠡ ᠵᠣᠷᠢᠭ᠍ᠰᠠᠨ ᠭᠠᠵᠠᠷ ᠪᠣᠯᠬᠤ ᠫᠤᠯᠠᠨᠳ᠋᠎ᠤᠨ ᠸᠠᠷᠱᠠᠸᠠ᠎ᠳᠤ ᠤᠷᠤᠭ᠍ᠰᠢᠲᠠᠢ ᠬᠦᠷᠪᠡ᠃
《ᠵᠢᠶᠠᠩᠰᠦ — ᠮᠠᠨᠵᠤᠤᠷ — ᠧᠦ᠋ᠷᠣᠫᠠ》 ᠵᠢᠨ ᠵᠢᠱᠢᠶᠠᠨ᠎ᠤ ᠭᠠᠯᠲᠤ ᠲᠡᠷᠭᠡ ᠨᠡᠪᠲᠡᠷᠡᠭ᠌ᠰᠡᠨ ᠨᠢ ᠮᠠᠨᠵᠤᠤᠷ᠎ᠤᠨ《ᠬᠥᠬᠡᠮᠥ᠋ᠷᠡᠨ᠎ᠦ ᠭᠤᠷᠪᠠᠯᠵᠢᠨ ᠬᠣᠢᠭ》᠎ᠤ᠋ᠨ ᠭᠠᠵᠠᠷ ᠣᠷᠣᠨ᠎ᠤ ᠡᠳ᠋ᠱᠢᠭᠦᠯᠵᠦ᠍ ᠪᠣᠯᠪᠠᠰᠤᠷᠠᠭᠤᠯᠬᠤ ᠠᠷᠠᠯᠵᠢᠶᠠᠨ᠎ᠤ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠬᠤ ᠬᠥᠭᠥᠷᠭᠡ᠎ᠶ᠋ᠢ ᠴᠣᠭ᠍ᠴᠠᠯᠠᠪᠠ᠃ ᠡᠨᠡ ᠨᠢ ᠮᠠᠨᠵᠤᠤᠷ ᠪᠣᠭᠣᠮᠲᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠲᠠᠸᠠᠷ᠎ᠤᠨ ᠲᠦᠷᠦᠯ ᠵᠦᠢᠯ᠎ᠢ ᠪᠠᠶᠠᠯᠢᠭ᠍ᠵᠢᠭᠤᠯᠵᠤ᠂ ᠬᠢᠯᠢ᠎ᠪᠡᠷ ᠣᠷᠣᠭᠤᠯᠵᠤ ᠭᠠᠷᠭᠠᠬᠤ ᠠᠷᠠᠯᠵᠢᠶᠠᠨ᠎ᠤ ᠦᠷᠳᠡᠭ᠎ᠢ ᠨᠡᠮᠡᠭ᠌ᠳᠡᠭᠦᠯᠬᠦ᠌ ᠵᠡᠷᠭᠡ᠎ᠳᠦ ᠴᠥᠮ ᠴᠢᠬᠤᠯᠠ ᠦᠢᠯᠡᠳᠦᠯ᠎ᠲᠡᠶ ᠶᠤᠮ᠃
ᠣᠢᠷ᠎ᠠ᠎ᠶ᠋ᠢᠨ ᠬᠣᠶᠠᠷ ᠵᠢᠯ᠎ᠳᠦ᠂ ᠮᠠᠨᠵᠤᠤᠷ ᠪᠣᠭᠣᠮᠲᠠ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠵᠠᠮ ᠱᠤᠭᠤᠮ᠎ᠤᠨ ᠨᠥᠯᠥᠭᠡᠯᠡᠬᠦ᠌ ᠬᠡᠪᠴᠢᠶ᠎ᠡ ᠨᠢ ᠨᠠᠩ ᠥᠷᠭᠡᠨ ᠠᠭᠤᠳᠠᠮ ᠪᠣᠯᠵᠣ᠂ ᠤᠯᠤᠰ᠎ᠤᠨ ᠳᠣᠲᠣᠭᠠᠳᠤ᠎ᠶ᠋ᠢᠨ 30 ᠭᠠᠷᠤᠶ ᠬᠣᠲᠠ ᠪᠠ ᠭᠠᠳᠠᠭᠠᠳᠤ᠎ᠶ᠋ᠢᠨ 20 ᠭᠠᠷᠤᠶ ᠬᠣᠲᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠪᠡᠷ ᠲᠠᠮᠵᠢᠨ ᠨᠢᠭ᠍ᠲᠠ ᠬᠣᠯᠪᠣᠯᠳᠤᠵᠤ᠂ ᠪᠣᠭᠣᠮᠲᠠ᠎ᠶ᠋ᠢᠨ ᠬᠤᠲᠠ ᠮᠠᠨᠵᠤᠤᠷ ᠬᠢᠭᠡᠳ《ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ》᠎ᠶ᠋ᠢᠨ ᠵᠠᠭᠠᠭ ᠬᠢᠵᠠᠭᠠᠷ᠎ᠢ ᠴᠢᠨᠠᠭᠰᠢᠳᠠ ᠪᠠᠭᠠᠰᠬᠠᠪᠠ᠃
《ᠨᠡᠪᠲᠡᠷᠡᠬᠦ᠌ ᠵᠠᠮ᠎ᠤᠨ ᠠᠵᠤ ᠠᠬᠤᠢ》᠎ᠡᠴᠡ《ᠰᠠᠭᠤᠷᠢᠱᠢᠯ ᠤ᠋ᠨ ᠠᠵᠤ ᠠᠬᠤᠢ》 ᠲᠡᠢᠰᠢ ᠤᠷᠤᠭᠰᠢᠯᠠᠪᠠ
2014 ᠣᠨ᠎ᠤ 2 ᠰᠠᠷ᠎ᠠ᠎ᠳᠤ᠂ ᠠᠩᠬᠠᠳᠠᠭ᠍ᠴᠢ ᠪᠦᠯᠦᠭ ᠣᠷᠣᠰ᠎ᠠᠴᠠ ᠣᠷᠣᠭᠤᠯᠤᠭ᠍ᠰᠠᠨ ᠱᠢᠯᠢᠮᠳᠡᠭ᠎ᠦᠨ ᠦᠷ᠎ᠡ ᠵᠢ ᠮᠠᠨᠵᠤᠤᠷ ᠪᠣᠭᠣᠮᠲᠠ᠎ᠪᠠᠷ ᠣᠷᠣᠭᠤᠯᠤᠨ ᠠᠪᠴᠢᠷᠠᠪᠠ᠃ 4 ᠰᠠᠷ᠎ᠠ᠎ᠶ᠋ᠢᠨ 15 ᠤ᠋ ᠡᠳᠦᠷ᠂ ᠣᠯᠠᠨ᠎ᠤ ᠬᠦᠰᠡᠨ ᠬᠦᠯᠢᠶᠡᠭᠰᠡᠨ ᠣᠷᠣᠰ᠎ᠤᠨ ᠱᠢᠯᠢᠮᠳᠡᠭ᠎ᠦᠨ ᠦᠷ᠎ᠡ᠎ᠪᠡᠷ ᠱᠢᠬᠠᠵᠤ ᠭᠠᠷᠭᠠᠭ᠍ᠰᠠᠨ ᠠᠩᠬᠠᠳᠠᠭ᠍ᠴᠢ ᠰᠠᠭᠤᠯᠠᠭ᠎ᠠ ᠨᠤᠭᠤᠭᠠᠨ ᠦᠷ᠎ᠡ᠎ᠶ᠋ᠢᠨ ᠲᠣᠰᠣ᠎ᠶ᠋ᠢ ᠠᠮᠵᠢᠯᠲᠠ ᠲᠠᠢ ᠪᠡᠷ ᠰᠢᠬᠠᠨ ᠭᠠᠷᠭᠠᠪᠠ᠃
ᠮᠠᠨᠵᠤᠤᠷ ᠬᠣᠲᠠ᠎ᠶ᠋ᠢᠨ ᠣᠷᠣᠰ ᠡᠴᠠ ᠣᠷᠣᠭᠤᠯᠤᠭ᠍ᠰᠠᠨ ᠱᠢᠯᠢᠮᠳᠡᠭ᠎ᠦᠨ ᠦᠷ᠎ᠡ ᠪᠣᠯᠪᠠᠰᠤᠷᠠᠭᠤᠯᠬᠤ ᠲᠥᠷᠥᠯ ᠵᠦᠶ᠋ᠯ ᠵᠢᠨ ᠲᠤᠷᠱᠢᠯᠲᠠ ᠠᠮᠵᠢᠯᠲᠠ ᠣᠯᠤᠭ᠍ᠰᠠᠨ ᠨᠢ ᠲᠣᠰ ᠬᠣᠲᠠ᠎ᠶ᠋ᠢᠨ ᠭᠠᠳᠠᠭᠠᠳᠤ᠎ᠠᠴᠠ ᠣᠷᠣᠭᠤᠯᠤᠭ᠍ᠰᠠᠨ ᠡᠬᠢ ᠪᠠᠶᠠᠯᠢᠭ ᠢ ᠪᠣᠯᠪᠠᠰᠤᠷᠠᠭᠤᠯᠬᠤ ᠦᠶ᠋ᠯᠡᠰ᠎ᠦᠨ ᠱᠢᠨ᠎ᠡ ᠬᠠᠭᠤᠳᠠᠰᠤ᠎ᠶ᠋ᠢ ᠨᠡᠭᠡᠭᠡᠭᠰᠡᠨ᠎ᠢ ᠬᠠᠷᠠᠭᠤᠯᠵᠤ᠂ ᠮᠠᠨᠵᠤᠤᠷ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠬᠦ᠌᠂ ᠮᠠᠨᠵᠤᠤᠷ᠎ᠤᠨ ᠭᠠᠳᠠᠭᠠᠳᠤ ᠡᠴᠡ ᠤᠷᠤᠭᠤᠯᠵᠤ ᠭᠠᠷᠭᠠᠬᠤ ᠪᠠᠷᠠᠭᠠᠨ᠎ᠤ ᠲᠥᠷᠥᠯ ᠵᠦᠶ᠋ᠯ᠎ᠢ ᠱᠢᠯᠢᠳᠡᠭ᠌ᠵᠢᠭᠦᠯᠬᠦ᠌᠂ 《ᠨᠡᠪᠲᠡᠷᠡᠬᠦ᠌ ᠵᠠᠮ᠎ᠤᠨ ᠠᠵᠤ ᠠᠬᠤᠶ》 ᠶ᠋ᠢ《 ᠰᠠᠭᠤᠷᠢᠱᠢᠯ ᠤ᠋ᠨ ᠠᠵᠤ ᠠᠬᠤᠶ》ᠲᠠᠢᠰᠢ ᠬᠤᠪᠢᠷᠠᠭᠤᠯᠬᠤ᠎ᠶ᠋ᠢ ᠠᠬᠢᠭᠤᠯᠬᠤ᠎ᠳᠤ ᠢᠳᠡᠪᠬᠢᠲᠡᠶ ᠠᠬᠢᠭᠤᠯᠬᠤ ᠦᠶ᠋ᠯᠡᠳᠦᠯ᠎ᠲᠡᠶ ᠶᠤᠮ᠃
ᠣᠢᠷ᠎ᠠ᠎ᠶ᠋ᠢᠨ ᠵᠢᠯ᠎ᠡᠴᠡ ᠨᠠᠭᠠᠰᠢ᠂ ᠮᠠᠨᠵᠤᠤᠷ《 ᠨᠡᠪᠲᠡᠷᠡᠬᠦ᠌ ᠵᠠᠮ᠎ᠤᠨ ᠠᠵᠤ ᠠᠬᠤᠶ》 ᠶ᠋ᠢ 《 ᠰᠠᠭᠤᠷᠢᠱᠢᠯ ᠤ᠋ᠨ ᠠᠵᠤ ᠠᠬᠤᠶ 》ᠲᠡᠢᠰᠢ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠨᠥᠭᠡᠴᠡ ᠬᠦᠴᠦᠨ ᠢᠯᠡᠳᠲᠡ ᠴᠢᠩᠭᠠᠷᠠᠪᠠ᠃ ᠤᠯᠤᠰ᠎ᠤᠨ ᠠᠩᠬᠠᠳᠠᠭ᠍ᠴᠢ ᠪᠦᠯᠦᠭ ᠬᠢᠯᠢ᠎ᠶ᠋ᠢᠨ ᠵᠢᠭᠤᠯᠴᠢᠯᠠᠯ᠎ᠤᠨ ᠲᠤᠷᠱᠢᠯᠲᠠ᠎ᠶ᠋ᠢᠨ ᠣᠷᠣᠨ᠂ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ ᠪᠣᠯᠤᠭ᠍ᠰᠠᠨ᠎ᠤ ᠬᠤᠪᠢ᠎ᠳᠤ᠂ ᠮᠠᠨᠵᠤᠤᠷ ᠬᠤᠳᠠ ᠲᠦᠮᠡᠨ ᠭᠠᠵᠠᠷ᠎ᠤᠨ ᠴᠠᠶ᠎ᠶ᠋ᠢᠨ ᠵᠠᠮ᠂ ᠡᠩᠬᠡ ᠲᠠᠢᠪᠤᠩ ᠵᠢᠭᠤᠯᠴᠢᠯᠠᠯ᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠥᠪᠡᠰᠦᠪᠡᠨ ᠲᠡᠷᠭᠡ ᠵᠢᠯᠣᠭᠣᠳᠴᠤ᠌ ᠵᠢᠭᠤᠯᠴᠢᠯᠠᠬᠤ ᠵᠡᠷᠭᠡ ᠵᠢᠭᠤᠯᠴᠢᠯᠠᠯ᠎ᠤᠨ ᠨᠠᠷᠠᠲᠤ ᠲᠡᠮᠳᠡᠭ᠎ᠢ ᠨᠡᠭᠡᠭᠡᠨ ᠬᠥᠭ᠌ᠵᠢᠭᠦᠯᠵᠦ᠍ ᠪᠣᠢᠵᠢᠭᠤᠯᠪᠠ; ᠱᠢᠯᠢᠮᠳᠡᠭ᠎ᠦᠨ ᠦᠷ᠎ᠡ᠂ ᠶᠠᠮᠠ᠎ᠶ᠋ᠢᠨ ᠦᠷ᠎ᠡ᠂ ᠰᠠᠭᠠᠭ᠂ ᠨᠣᠬᠠᠶ᠎ᠶ᠋ᠢᠨ ᠬᠣᠱᠢᠭᠤ᠎ᠶ᠋ᠢ ᠭᠠᠳᠠᠭᠠᠳᠤ᠎ᠡᠴᠡ ᠣᠷᠣᠭᠤᠯᠬᠤ ᠬᠢᠯᠢ᠎ᠶ᠋ᠢᠨ ᠪᠣᠭᠣᠮᠲᠠ᠎ᠪᠠᠷ ᠵᠥᠪᠱᠢᠶᠡᠷᠡᠭ᠌ᠳᠡᠵᠦ᠍᠂ ᠲᠣᠰ ᠭᠠᠵᠠᠷ ᠤ᠋ᠨ ᠭᠠᠳᠠᠭᠠᠳᠤ᠎ᠡᠴᠡ ᠣᠷᠣᠭᠤᠯᠤᠭ᠍ᠰᠠᠨ ᠠᠮᠤ ᠲᠣᠰᠣ ᠵᠢ ᠡᠳ᠋ᠱᠢᠭᠦᠯᠬᠦ᠌ ᠨᠠᠩ ᠣᠯᠠᠨ ᠠᠵᠤ ᠠᠬᠤᠢᠯᠠᠯ᠎ᠢ ᠣᠷᠣᠭᠤᠯᠤᠨ ᠠᠪᠴᠢᠷᠠᠵᠤ ᠪᠣᠢᠵᠢᠭᠤᠯᠪᠠ᠃
ᠮᠠᠨᠵᠤᠤᠷ ᠬᠣᠲᠠ ᠪᠣᠭᠣᠮᠲᠠ᠎ᠶ᠋ᠢᠨ ᠡᠬᠢ ᠪᠠᠶᠠᠯᠢᠭ ᠪᠠ ᠣᠷᠣᠨ ᠪᠠᠢᠷᠢ᠎ᠶ᠋ᠢᠨ ᠳᠠᠪᠠᠭᠤᠯᠢᠭ᠎ᠡᠴᠡ ᠪᠣᠯᠵᠣ᠂ ᠬᠢᠯᠢ᠎ᠪᠡᠷ ᠣᠷᠣᠭᠤᠯᠬᠤ ᠠᠮᠤ ᠪᠤᠳᠠᠭ᠎ᠠ ᠡᠳ᠋ᠱᠢᠭᠦᠯᠬᠦ᠌ ᠦᠶ᠋ᠯᠡᠳᠪᠦᠷᠢᠯᠡᠯ᠎ᠦᠨ ᠬᠡᠯᠬᠢᠶ᠎ᠡ᠎ᠳᠦ ᠲᠦᠭᠦᠬᠡᠶ ᠮᠠᠲ᠋ᠧᠷᠢᠶᠠᠯ᠎ᠤᠨ ᠡᠬᠢ ᠰᠤᠷᠪᠤᠯᠵᠢ᠎ᠶ᠋ᠢᠨ ᠴᠢᠬᠤᠯᠠ ᠳᠦᠷᠢ᠎ᠶ᠋ᠢ ᠦᠵᠡᠬᠦᠯᠵᠤ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢᠨ ᠦᠷᠭᠦᠯᠵᠢᠯᠡᠨ ᠬᠤᠪᠢᠷᠠᠬᠤ᠎ᠶ᠋ᠢ ᠳᠠᠭᠠᠯᠳᠤᠨ᠂ ᠮᠠᠨᠵᠤᠤᠷ᠎ᠤᠨ ᠬᠢᠯᠢ᠎ᠪᠡᠷ ᠣᠷᠣᠵᠤ ᠢᠷᠡᠭ᠌ᠰᠡᠨ ᠠᠮᠤ ᠪᠤᠳᠠᠭ᠎ᠠ ᠡᠳ᠋ᠱᠢᠭᠦᠯᠬᠦ᠌ ᠠᠵᠤ ᠠᠬᠤᠢᠯᠠᠯ ᠤ᠋ᠨ ᠬᠢᠨ ᠰᠠᠨᠠᠭᠠᠴᠢᠯᠠᠭ᠎ᠠ᠎ᠡᠴᠡ᠎ᠪᠠᠨ ᠬᠤᠪᠢᠷᠠᠯᠲᠠ᠎ᠶ᠋ᠢ ᠡᠷᠢᠯᠬᠢᠯᠡᠵᠦ᠍᠂ 《ᠳᠣᠲᠣᠭᠠᠳᠤ ᠭᠠᠳᠠᠭᠠᠳᠤ ᠠᠷᠠᠯᠵᠢᠶ᠎ᠠ ᠬᠣᠯᠪᠣᠭᠠᠯᠠᠨ ᠬᠥᠳᠡᠯᠦᠯᠴᠡᠬᠦ᠌᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ᠎ᠶ᠋ᠢ ᠤᠶᠠᠯᠳᠤᠭᠤᠯᠬᠤ 》 ᠲᠤᠰᠭᠠᠶ ᠵᠠᠬ᠎ᠠ ᠳᠡᠯᠭᠡᠭᠦᠷ᠎ᠦᠨ ᠴᠤᠭ᠍ᠯᠠᠷᠠᠯ᠎ᠢ ᠪᠠᠢᠭᠤᠯᠬᠤ᠎ᠶ᠋ᠢ ᠪᠠᠷᠢᠮᠲᠠᠯᠠᠵᠤ᠂ 《 ᠲᠦᠭᠦᠬᠡᠶ ᠮᠠᠲ᠋ᠧᠷᠢᠶᠠᠯ᠎ᠢ ᠲᠥᠪᠯᠡᠷᠡᠭᠦᠯᠦᠨ ᠲᠠᠷᠬᠠᠭᠠᠬᠤ ᠭᠠᠵᠠᠷ 》 ᠡᠴᠡ ᠡᠬᠢᠯᠡᠨ 《 ᠲᠦᠭᠦᠬᠡᠶ ᠮᠠᠲ᠋ᠧᠷᠢᠶᠠᠯ᠎ᠢ ᠭᠠᠳᠠᠭᠠᠳᠤ᠎ᠡᠴᠡ ᠣᠷᠣᠭᠤᠯᠬᠤ — ᠰᠠᠭᠤᠷᠢᠱᠢᠭᠤᠯᠤᠨ ᠡᠳ᠋ᠱᠢᠭᠦᠯᠬᠦ᠌ — ᠠᠷᠭ᠎ᠠ ᠵᠠᠮ᠎ᠢᠶᠠᠷ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠬᠤ》ᠰᠠᠢᠨ ᠰᠠᠢᠬᠠᠨ ᠡᠵᠡᠩᠨᠡᠯᠲᠡ᠎ᠶ᠋ᠢᠨ ᠵᠠᠭ᠍ᠪᠤᠷ᠎ᠢ ᠬᠥᠭ᠌ᠵᠢᠭᠦᠯᠵᠦ᠍᠂ ᠪᠣᠭᠣᠮᠲᠠ᠎ᠶ᠋ᠢᠨ《ᠰᠠᠭᠤᠷᠢᠱᠢᠯ᠎ᠤᠨ ᠠᠵᠤ ᠠᠬᠤᠶ》᠎ᠶ᠋ᠢᠨ ᠬᠥᠭ᠌ᠵᠢᠯᠲᠡ᠎ᠳᠦ ᠲᠠᠰᠤᠷᠠᠯᠲᠠ ᠦᠭᠡᠢ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠣᠯᠠᠨ ᠬᠦᠴᠦᠨ ᠵᠦᠢᠯ ᠨᠢ ᠬᠣᠲᠠ᠎ᠶ᠋ᠢᠨ ᠣᠨᠴᠠ ᠲᠠᠲᠠᠬᠤ ᠬᠦᠴᠦᠨ᠎ᠢ ᠭᠠᠢᠬᠠᠭᠤᠯᠪᠠ
ᠮᠠᠨᠵᠤᠤᠷ ᠬᠡᠳᠦᠢᠪᠡᠷ ᠲᠠᠯ᠎ᠠ ᠨᠤᠲᠤᠭ᠎ᠤᠨ ᠥᠷᠥᠴᠡᠨ᠎ᠳᠦ ᠪᠠᠢᠷᠢᠱᠢᠵᠤ ᠪᠠᠢᠭ᠎ᠠ ᠪᠣᠯᠪᠠᠴᠤ᠌᠂ ᠲᠡᠭᠦᠨ᠎ᠦ ᠣᠲᠣ ᠦᠶ᠎ᠡ᠎ᠶ᠋ᠢᠨ ᠬᠣᠲᠠ᠎ᠶ᠋ᠢᠨ ᠠᠭᠤᠷ ᠠᠮᠢᠰᠭᠤᠯ ᠨᠢ ᠡᠷᠬᠢᠨ ᠲᠣᠭᠣᠷᠢᠨ᠎ᠤ ᠲᠠᠯ᠎ᠠ ᠨᠤᠲᠤᠭ᠎ᠤᠨ ᠳᠦᠷᠰᠦ ᠪᠠᠢᠳᠠᠯ᠎ᠲᠠᠶ ᠴᠢᠩᠭ᠎ᠠ ᠬᠠᠷᠢᠴᠠᠭᠤᠯᠤᠯ ᠪᠣᠯᠵᠣ᠂ ᠭᠠᠵᠠᠷ ᠪᠣᠯᠭᠠᠨ᠎ᠳᠤ ᠦᠪᠡᠷ᠎ᠤᠨ ᠤᠨᠴᠠᠭᠠᠢ ᠱᠢᠳᠢ ᠵᠢ ᠭᠠᠢᠬᠠᠭᠤᠯᠵᠤ ᠪᠠᠢᠳᠠᠭ᠃
ᠮᠠᠨᠵᠤᠤᠷ᠎ᠤᠨ ᠵᠡᠭᠡᠯᠢ ᠭᠤᠳᠤᠮᠵᠢ ᠪᠡᠷ ᠣᠷᠣᠰ ᠮᠠᠶᠢᠭ᠎ᠤᠨ ᠪᠠᠷᠢᠯᠭ᠎ᠠ ᠭᠠᠵᠠᠷ ᠰᠠᠶ ᠥᠬᠡᠶ ᠬᠠᠷᠠᠭ᠍ᠳᠠᠨ᠎ᠠ᠂ ᠠᠰᠠᠷ᠎ᠤᠨ ᠤᠷᠤᠢ ᠵᠢᠨ ᠣᠯᠠᠩᠬᠢ ᠨᠢ ᠤᠯᠠᠭᠠᠨ ᠪᠤᠶᠤ ᠬᠥᠬᠡ ᠥᠩᠭᠡᠲᠡᠶ ᠪᠠᠢᠵᠤ᠂ ᠳᠡᠯᠭᠡᠭᠦᠷ᠎ᠦᠨ ᠫᠠᠢᠰᠠᠠ ᠳᠡᠭᠡᠷ᠎ᠡ ᠳᠤᠮᠳᠠᠳᠤ᠂ ᠣᠷᠣᠰ᠂ ᠮᠣᠩᠭᠣᠯ ᠭᠤᠷᠪᠠᠨ ᠵᠦᠶ᠋ᠯ᠎ᠦᠨ ᠥᠰᠥᠭ ᠪᠢᠴᠢᠭᠳᠡᠵᠤ ᠪᠣᠶ᠃
ᠤᠬᠰᠠᠷᠠᠮᠠᠯ ᠬᠡᠸ᠋ᠬᠡᠯᠳᠡᠶ ᠨᠢ ᠣᠷᠣᠰ᠎ᠲᠤ ᠨᠢᠭᠡ ᠵᠦᠶ᠋ᠯ᠎ᠦᠨ ᠠᠷᠠᠳ᠎ᠤᠨ ᠳᠤᠮᠳᠠᠬᠢ ᠮᠣᠳᠣᠨ ᠲᠣᠭ᠍ᠯᠠᠭᠠᠮ ᠪᠤᠯᠤᠬᠰᠠᠨ ᠪᠤᠯ ᠮᠠᠨᠵᠤᠤᠷ ᠲᠤ᠌ ᠬᠠᠷᠢᠨ ᠨᠢᠭᠡ ᠵᠦᠶ᠋ᠯ᠎ᠦᠨ ᠪᠠᠷᠢᠯᠭ᠎ᠠ᠎ᠶ᠋ᠢᠨ ᠬᠡᠯᠪᠡᠷᠢ ᠪᠣᠯᠵᠠᠶ᠃ ᠤᠬᠰᠠᠷᠠᠮᠠᠯ ᠬᠡᠦᠬᠡᠯᠳᠡᠢ᠎ᠶ᠋ᠢᠨ ᠠᠭᠤᠳᠠᠮ ᠲᠠᠯᠠᠪᠠᠢ᠎ᠳᠤ ᠪᠠᠢᠷᠢᠯᠠᠭ᠎ᠠ ᠵᠤᠴᠢᠳ᠎ᠦᠨ ᠪᠠᠭᠤᠳᠠᠯ ᠨᠢ ᠬᠡᠦᠬᠡᠯᠳᠡᠢ᠎ᠶ᠋ᠢᠨ ᠳᠦᠷᠰᠦ ᠪᠦᠲᠦᠭᠡᠯᠲᠡ᠎ᠲᠡᠶ᠂ ᠧᠦ᠋ᠷᠣᠫᠠ ᠮᠠᠶᠢᠭ᠎ᠤᠨ ᠪᠠᠷᠢᠯᠭ᠎ᠠ᠎ᠶ᠋ᠢᠨ ᠰᠠᠭᠤᠷᠢ᠎ᠲᠠᠶ᠂ ᠨᠡᠪᠲᠡ ᠬᠠᠷᠠᠭ᠍ᠳᠠᠬᠤ ᠳᠣᠲᠣᠭᠠᠳᠤ ᠪᠦᠲᠦᠴᠡ᠎ᠲᠡᠶ᠂ ᠭᠠᠳᠠᠷ ᠪᠠᠢᠳᠠᠯ ᠨᠢ ᠬᠦᠬᠡᠷᠤᠬᠡᠨ ᠴᠤᠪᠤᠭᠤᠯᠢᠭ ᠂ ᠳᠣᠲᠣᠷ ᠴᠢᠮᠡᠭ᠌ᠯᠡᠯ ᠨᠢ ᠭᠣᠢᠳᠠ ᠰᠠᠢᠬᠠᠨ ᠪᠠᠢᠳᠠᠭ᠃ ᠤᠬᠰᠠᠷᠠᠮᠠᠯ ᠬᠡᠸ᠋ᠬᠡᠯᠳᠡᠶᠶ᠋ᠢᠨ ᠲᠠᠯᠠᠪᠠᠶ᠎ᠳᠤ ᠪᠠᠰᠠ ᠳᠡᠯᠡᠬᠡᠶ᠎ᠶ᠋ᠢᠨ ᠨᠠᠷᠠᠲᠤ ᠬᠥᠮᠦᠰ ᠪᠠ ᠠᠳᠠᠯᠢ ᠪᠤᠰᠤ ᠤᠯᠤᠰ᠎ᠤᠨ ᠳᠦᠷᠢ ᠲᠥᠷᠬᠦ᠌᠎ᠶ᠋ᠢ ᠲᠥᠯᠥᠭᠡᠯᠡᠭ᠌ᠰᠡᠨ 200 ᠪᠢᠴᠢᠬᠠᠨ ᠬᠡᠸ᠋ᠬᠡᠯᠳᠡᠶ ᠵᠢᠴᠢ ᠨᠥᠬᠥᠷᠯᠡᠯ᠂ ᠬᠠᠢᠷ᠎ᠠ ᠬᠠᠯᠠᠮᠵᠢ ᠪᠠ ᠵᠥᠩᠨᠡᠯ᠎ᠢᠶᠡᠨ ᠢᠯᠡᠳᠭᠡᠭ᠌ᠰᠡᠨ ᠣᠷᠣᠰ᠎ᠤᠨ ᠳᠠᠬᠢᠨ ᠠᠮᠢᠯᠠᠭ᠍ᠰᠠᠨ ᠪᠠᠶᠠᠷ᠎ᠤᠨ ᠥᠩᠭᠡᠲᠦ 30 ᠥᠨᠳᠡᠭᠡ ᠪᠣᠶ᠃
ᠤᠭ᠍ᠰᠠᠷᠠᠮᠠᠯ ᠬᠡᠦᠬᠡᠯᠳᠠᠢ ᠵᠢᠨ ᠲᠠᠯᠠᠪᠠᠢ᠎ᠶ᠋ᠢᠨ ᠪᠠᠷᠠᠭᠤᠨ ᠲᠠᠯ᠎ᠠ᠎ᠳ᠋ᠤ ᠬᠥᠬᠡ ᠬᠡᠷᠡᠮ ᠳᠠᠢ ᠤᠷᠠᠯᠢᠭ᠎ᠤᠨ ᠮᠦᠽᠧᠶ ᠪᠠᠢᠷᠢᠯᠠᠵᠤ᠂ ᠣᠷᠳᠣᠨ᠎ᠤ ᠳᠣᠲᠣᠷᠠᠬᠢ ᠠᠳᠠᠯᠢ ᠪᠤᠰᠤ ᠴᠠᠭ ᠦᠶ᠎ᠡ᠎ᠶ᠋ᠢᠨ ᠲᠣᠰᠣᠨ ᠵᠢᠷᠤᠭ᠂ ᠱᠤᠭᠤᠮᠠᠯ᠂ ᠪᠣᠯᠣᠷ ᠪᠦᠲᠦᠭᠡᠭ᠌ᠳᠡᠬᠦᠨ ᠨᠢᠳᠦ ᠬᠢᠯᠠᠰᠤᠭᠤᠯᠤᠨ ᠬᠠᠷᠠᠬᠳᠠᠨ᠎ᠠ; ᠬᠣᠲᠠ᠎ᠶ᠋ᠢᠨ ᠵᠡᠭᠦᠨ ᠬᠡᠰᠡᠭ᠎ᠦᠨ ᠳᠣᠪᠣᠴᠠᠭ ᠳᠡᠭᠡᠷ᠎ᠡ ᠨᠢ ᠭᠤᠲ᠋ᠢᠺ ᠮᠠᠶᠢᠭ᠎ᠤᠨ ᠬᠤᠷᠢᠮ᠎ᠤᠨ ᠣᠷᠳᠣᠨ ᠤ᠋ ᠪᠠᠷᠢᠯᠭ᠎ᠠ ᠪᠤᠢ᠃ ᠡᠨᠳᠡ ᠵᠣᠭ᠍ᠰᠣᠨ ᠪᠠᠷᠠᠯᠠᠪᠠᠯ᠂ ᠬᠣᠲᠠ ᠵᠢᠨ ᠪᠦᠬᠦ ᠦᠵᠡᠮᠵᠢ ᠬᠠᠷᠠᠭᠠᠨ᠎ᠠ ᠲᠤᠳᠤᠷᠠᠨ᠎ᠠ᠃
ᠳᠤᠮᠳᠠᠳᠤ ᠣᠷᠣᠰ᠎ᠤᠨ ᠠᠷᠠᠳ᠎ᠤᠨ ᠬᠣᠭᠣᠷᠣᠨᠳᠣᠬᠢ ᠰᠣᠯᠢᠯᠴᠠᠭ᠎ᠠ ᠭᠦᠨᠵᠡᠭᠡᠢᠷᠡᠬᠦ᠌᠎ᠶ᠋ᠢ ᠳᠠᠭᠠᠯᠳᠤᠨ᠂ ᠵᠠᠷᠢᠮ ᠲᠤᠬᠠᠶ᠎ᠶ᠋ᠢᠨ ᠭᠠᠵᠠᠷ᠎ᠤᠨ ᠬᠥᠮᠦᠰ ᠣᠷᠣᠰ᠎ᠤᠨ ᠢᠳᠡᠭᠡᠨ ᠤᠮᠳᠠᠭᠠᠨ᠎ᠤ ᠰᠣᠶᠣᠯ᠎ᠡᠴᠡ ᠱᠢᠮ᠎ᠡ ᠭᠥᠷᠳᠡᠵᠦ᠍᠂ ᠵᠡᠭᠡᠯᠢ ᠭᠤᠳᠤᠮᠵᠢ᠎ᠪᠠᠷ ᠮᠠᠰᠢ ᠣᠯᠠᠨ ᠣᠷᠣᠰ ᠮᠠᠶᠢᠭ᠎ᠤᠨ ᠧᠦ᠋ᠷᠣᠫᠠ ᠬᠣᠭᠣᠯᠠᠨ ᠬᠡᠷ ᠨᠡᠭᠡᠭᠡᠵᠦ᠍᠂ ᠫᠢᠸᠤ᠋᠂ ᠬᠢᠮ᠎ᠠ᠂ ᠣᠷᠣᠰ ᠮᠠᠶᠢᠭ᠎ᠤᠨ ᠲᠠᠯᠬ᠎ᠠ ᠵᠡᠷᠭᠡ ᠨᠢ ᠲᠤᠬᠠᠶ᠎ᠶ᠋ᠢᠨ ᠭᠠᠵᠠᠷ᠎ᠤᠨ ᠬᠥᠮᠦᠰ᠎ᠦᠨ ᠬᠣᠭᠣᠯᠠᠨ ᠱᠢᠷᠡᠭᠡ᠎ᠳᠦ ᠪᠠᠢᠩᠭᠤ ᠲᠣᠬᠢᠶᠠᠯᠳᠤᠳᠠᠭ᠃ ᠬᠢᠵᠢᠭ᠎ᠦᠨ ᠪᠠᠢᠳᠠᠯ ᠡᠭᠦᠰᠬᠦ ᠡᠴᠡ ᠡᠮᠦᠨ᠎ᠡ᠂ ᠮᠠᠨᠵᠤᠤᠷ ᠤ᠋ᠨ ᠬᠢᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠨᠠᠢᠷ᠂ ᠮᠥᠰᠥ᠍ ᠴᠠᠰᠤᠨ᠎ᠤ ᠨᠠᠢᠷ ᠵᠢᠴᠢ ᠦᠵᠡᠰᠭᠦᠯᠡᠩᠲᠦ ᠰᠠᠢᠬᠠᠨ ᠡᠯᠴᠢ᠎ᠶ᠋ᠢᠨ ᠤᠷᠤᠯᠳᠤᠭᠠᠨ᠂ ᠣᠯᠠᠨ ᠤᠯᠤᠰ᠎ᠤᠨ ᠰᠣᠶᠣᠯ ᠤᠷᠠᠯᠢᠭ᠎ᠤᠨ ᠨᠠᠢᠷ ᠵᠡᠷᠭᠡ ᠪᠠᠶᠠᠷ ᠳᠤᠷᠠᠰᠭᠠᠯ᠎ᠤᠨ ᠴᠤᠭ᠍ᠯᠠᠭᠠᠨ ᠦᠵᠡᠰᠭᠦᠯᠡᠩ᠎ᠦᠨ ᠠᠵᠢᠯᠯᠠᠭ᠎ᠠ᠎ᠶ᠋ᠢ ᠡᠷᠭᠢᠯᠡᠵᠦ᠍᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠠᠷᠠᠯᠵᠢᠶ᠎ᠠ ᠬᠤᠳᠠᠯᠳᠤᠭ᠎ᠠ᠂ ᠰᠣᠶᠣᠯ᠎ᠤᠨ ᠰᠣᠯᠢᠯᠴᠠᠭ᠎ᠠ᠎ᠳᠤ ᠲᠠᠪᠴᠠᠩ ᠪᠠᠢᠭᠤᠯᠤᠨ ᠥᠭ᠌ᠴᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠳᠠᠯᠳᠤᠭᠠᠴᠢᠨ ᠪᠠ ᠵᠢᠭᠤᠯᠴᠢᠯᠠᠬᠰᠠᠳ᠎ᠢ ᠲᠡᠳᠠᠳᠠᠭ ᠃
《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠮᠠᠨᠵᠤᠤᠷ ᠬᠣᠲᠠ᠎ᠶ᠋ᠢᠨ ᠭᠥᠯᠢᠶᠡᠨ ᠠᠪᠤᠭ᠍ᠰᠠᠨ ᠵᠢᠭᠤᠯᠴᠢᠯᠠᠬᠰᠠᠳ ᠨᠡᠢᠲᠡ 2329.4 ᠲᠦᠮᠡᠨ ᠬᠥᠮᠦᠨ ᠤᠳᠠᠭ᠎ᠠ᠎ᠳᠤ ᠬᠦᠷᠴᠦ᠍᠂ ᠵᠢᠭᠤᠯᠴᠢᠯᠠᠯ᠎ᠤᠨ ᠶᠡᠷᠦᠩᠬᠡᠶ ᠣᠷᠣᠯᠭ᠎ᠠ 366.8 ᠳ᠋ᠦᠩᠱᠢᠭᠤᠷ ᠲᠥᠭᠥᠷᠢᠭ᠎ᠲᠦ ᠬᠦᠷᠴᠡᠶ᠃ ᠣᠷᠣᠰ᠎ᠤᠨ ᠬᠢᠯᠢ᠎ᠳᠦ ᠣᠷᠣᠵᠤ ᠵᠢᠭᠤᠯᠴᠢᠯᠠᠬᠤ ᠬᠥᠮᠦᠨ᠎ᠦ ᠲᠣᠭ᠎ᠠ ᠳᠤᠮᠳᠠᠳᠤ ᠣᠷᠣᠰ᠎ᠤᠨ ᠬᠢᠯᠢ ᠳᠠᠭᠠᠤ ᠪᠣᠭᠣᠮᠲᠠ᠎ᠶ᠋ᠢᠨ ᠲᠡᠷᠢᠭᠦᠨ᠎ᠳᠦ ᠣᠷᠣᠵᠠᠢ᠃
ᠣᠨᠴᠠᠭᠠᠢᠯᠠᠨ ᠳᠤᠷᠠᠳᠤᠭᠤᠱᠢᠲᠠᠶ᠎ᠨᠢ᠂ ᠮᠠᠨᠵᠤᠤᠷ ᠤ᠋ᠨ ᠬᠢᠨ 2009 ᠣᠨ᠎ᠳᠤ ᠬᠣᠶᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠪᠣᠯᠪᠠᠰᠤᠨ ᠬᠣᠲᠠ᠎ᠶ᠋ᠢᠨ ᠢᠷᠠᠭᠤ ᠠᠯᠳᠠᠷ ᠢ᠋ ᠤᠯᠤᠬᠰᠠᠨ ᠡᠴᠡ ᠨᠠᠭᠠᠰᠢ᠂ ᠪᠥᠬᠥ᠌ ᠬᠣᠲᠠ᠎ᠪᠠᠷ᠎ᠢᠶᠠᠨ ᠬᠢᠯᠪᠠᠷ ᠪᠤᠰᠤ᠎ᠪᠠᠷ ᠣᠯᠤᠭ᠍ᠰᠠᠨ ᠡᠨᠡ ᠢᠷᠠᠭᠤ ᠠᠯᠳᠠᠷ᠎ᠢ ᠬᠤᠪᠢ ᠳᠠᠬᠢᠨ ᠨᠠᠨᠳᠢᠩᠨᠠᠵᠤ᠂ ᠠᠷᠠᠳ᠎ᠲᠤ ᠠᠱᠢᠭ᠍ᠲᠠᠶ᠂ ᠠᠷᠠᠳ᠎ᠲᠤ ᠲᠦᠱᠢᠭ᠌ᠯᠡᠬᠦ᠌᠂ ᠠᠷᠠᠳ᠎ᠤᠨ ᠲᠥᠯᠥᠭᠡ ᠭᠡᠬᠦ᠌ ᠵᠣᠷᠢᠯᠲᠠ᠎ᠶ᠋ᠢ ᠢᠮᠠᠭ᠍ᠲᠠ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ ᠪᠣᠯᠤᠨ ᠺᠠᠳ᠋ᠷ᠎ᠤᠨ ᠡᠩᠨᠡᠭᠡ ᠵᠢᠨ ᠪᠠᠢᠭᠤᠯᠤᠯᠲᠠ ᠵᠡᠷᠭᠡ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠯᠪᠠᠰᠤᠨ ᠬᠣᠲᠠ᠎ᠶ᠋ᠢ ᠡᠭᠦᠳᠦᠨ ᠪᠠᠢᠭᠤᠯᠬᠤ ᠠᠵᠢᠯ᠎ᠨᠢ ᠤᠮᠠᠷᠠᠲᠤ ᠬᠢᠯᠢ᠎ᠶ᠋ᠢᠨ ᠭᠡᠷᠡᠯᠲᠦ ᠰᠤᠪᠤᠳ —ᠮᠠᠨᠵᠤᠤᠷ᠎ᠤᠨ ᠬᠡᠷᠡᠯ ᠰᠠᠴᠤᠷᠠᠩᠭᠤᠶ ᠢᠷᠠᠭᠤ ᠠᠯᠳᠠᠷᠵᠢᠨᠨ ᠪᠠᠲᠤᠯᠠᠬᠤ ᠵᠠᠩᠭᠢᠯᠠᠭ᠎ᠠ᠎ᠶ᠋ᠢᠨ ᠬᠦᠴᠤᠨ ᠪᠣᠯᠵᠠᠶ᠃
ᠥᠨᠥᠳᠦᠷ᠎ᠦᠨ ᠮᠠᠨᠵᠤᠤᠷ ᠬᠣᠲᠠ᠎ᠶ᠋ᠢᠨ ᠬᠥᠮᠦᠨ ᠳᠤᠮᠳᠠᠴᠢ᠎ᠳ᠋ᠤ ᠨᠤᠬᠳᠠᠬᠤ ᠴᠡᠴᠡᠷᠯᠢᠭ᠎ᠦᠨ ᠵᠦᠯᠬᠡᠨ ᠭᠠᠵᠠᠷ᠎ᠤᠨ ᠲᠠᠯᠠᠪᠠᠶ 16.9 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠠᠭᠠᠷ᠎ᠤᠨ ᠶᠠᠰᠤ ᠴᠢᠨᠠᠷ ᠱᠢᠯᠢᠳᠡᠭ ᠰᠠᠢᠨ ᠪᠠᠢᠬᠤ ᠨᠣᠷᠮ᠎ᠠ 96% ᠡᠴᠡ ᠳᠡᠭᠡᠭ᠌ᠰᠢ ᠪᠣᠯᠵᠠᠶ᠃ 《 ᠨᠣᠮᠢᠨ ᠨᠣᠭᠣᠭᠠᠨ ᠦᠵᠡᠰᠭᠦᠯᠡᠩᠲᠦ ᠰᠠᠢᠬᠠᠨ》ᠢᠨᠵᠧᠨᠧᠷᠢᠩ ᠨᠢ ᠮᠠᠨᠵᠤᠤᠷ᠎ᠤᠨ ᠳᠤᠮᠳᠠᠳᠤ ᠥᠷᠥᠨᠡᠳᠠᠬᠢᠨ᠎ᠤ ᠰᠣᠶᠣᠯ᠎ᠤᠨ ᠠᠭᠤᠰᠤᠯᠴᠠᠯ᠂ ᠨᠠᠷᠢᠯᠢᠭ ᠰᠠᠢᠬᠠᠨ ᠬᠣᠲᠠ᠎ᠶ᠋ᠢᠨ ᠬᠡᠪ ᠨᠠᠮᠪᠠ᠎ᠶ᠋ᠢ ᠱᠤᠭᠤᠭ᠍ᠰᠠᠨᠢᠶᠠᠷ ᠪᠠᠷᠠᠬᠤ ᠦᠭᠡᠢ᠂ ᠨᠠᠩ ᠴᠤ᠌ ᠲᠡᠭᠦᠨ᠎ᠦ《ᠭᠠᠵᠠᠷ ᠪᠣᠯᠭᠠᠨ ᠦᠵᠡᠮᠵᠢ᠂ ᠬᠣᠲᠠ ᠦᠵᠡᠮᠵᠢᠨᠢᠬᠡ ᠴᠣᠭ᠍ᠴᠠᠵᠢᠬᠰᠠᠨ》ᠪᠣᠭᠣᠮᠲᠠ᠎ᠶ᠋ᠢᠨ ᠳᠦᠷᠢ ᠲᠥᠷᠬᠦ᠌᠎ᠶ᠋ᠢᠨ ᠷᠢᠳᠢ ᠰᠢᠳᠢ ᠵᠢ ᠭᠦᠢᠴᠡᠳ ᠭᠠᠢᠬᠠᠭᠤᠯᠪᠠ᠃
ᠡᠷᠲᠡᠨ᠎ᠦ ᠲᠣᠷᠭᠠᠨ ᠵᠠᠮ ᠳᠡᠭᠡᠷᠡᠬᠢ ᠤᠯᠠᠭ᠎ᠠ ᠥᠷᠲᠡᠭᠡ ᠪᠦᠷᠢ ᠨᠢ《ᠨᠢᠭᠡ ᠪᠦᠰᠡ ᠨᠢᠭᠡ ᠵᠠᠮ》 ᠤ᠋ᠨ ᠲᠠᠷᠳᠠᠩ ᠵᠠᠮ ᠪᠤᠯᠵᠤ ᠤᠯᠠᠷᠢᠪᠠ; ᠢᠷᠠᠭᠤ ᠴᠡᠭᠡᠯᠬᠡᠨ ᠲᠡᠮᠡᠭᠡᠨ ᠵᠢᠩ᠎ᠦᠨ ᠲᠠᠭᠤᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠠᠭᠤᠷ᠎ᠤᠨ ᠱᠤᠤᠭᠢᠯ ᠪᠣᠯᠵᠤ ᠬᠤᠪᠢᠷᠠᠪᠠ᠃ ᠮᠠᠨᠵᠤᠤᠷ ᠶᠠᠭ ᠪᠣᠳᠠᠲᠤ ᠠᠵᠢᠯᠯᠠᠭ᠎ᠠ᠎ᠪᠠᠷ᠎ᠢᠶᠠᠨ ᠮᠢᠩᠭᠠᠨ ᠣᠨ᠎ᠤ ᠲᠣᠷᠭᠠᠨ ᠵᠠᠮ᠎ᠤᠨ ᠳᠠᠭᠤᠤ᠎ᠶ᠋ᠢ ᠬᠠᠩᠬᠢᠨᠠᠭᠤᠯᠤᠨ ᠳᠠᠭᠤᠯᠠᠵᠤ᠂ ᠨᠠᠩ ᠢᠷᠠᠭᠤ ᠰᠠᠢᠬᠠᠨ ᠱᠢᠨ᠎ᠡ ᠠᠶᠠᠰ᠎ᠢ ᠴᠢᠪᠬᠠᠳᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃