ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-02-18 22:01:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠤᠯᠤᠩ ᠡᠬᠢᠯᠡᠭᠦ ᠦᠭᠡ


ᠲᠡᠦᠬᠡ ᠢᠷᠡᠭᠡᠳᠦᠢ᠎ᠶ᠋ᠢ ᠭᠡᠢᠬᠦᠯᠵᠤ᠂ ᠲᠡᠮᠡᠴᠡᠯ ᠠᠭᠤᠤ ᠦᠢᠯᠡᠰ᠎ᠢ ᠪᠦᠲᠦᠭᠡᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠡᠷᠡᠮᠡᠬᠡᠢᠯᠡᠨ ᠤᠷᠤᠭ᠍ᠰᠢᠯᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠍᠂ ᠨᠠᠮ᠎ᠤᠨ ᠰᠡᠳᠭᠢᠯ ᠴᠡᠷᠢᠭ᠎ᠦᠨ ᠰᠡᠳᠭᠢᠯ ᠠᠷᠠᠳ᠎ᠤᠨ ᠰᠡᠳᠭᠢᠯ᠎ᠢ ᠤᠷᠢᠳ ᠡᠮᠦᠨ᠎ᠡ ᠪᠠᠢᠭ᠎ᠠ ᠦᠭᠡᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠡᠩ ᠪᠦᠷᠢᠨ ᠲᠡᠭᠦᠯᠳᠡᠷ ᠲᠦᠷᠢᠮ᠎ᠦᠨ ᠪᠠᠲᠤᠯᠠᠭ᠎ᠠ᠂ ᠨᠡᠩ ᠪᠠᠲᠤ ᠪᠡᠬᠢ ᠪᠣᠳᠠᠰ᠎ᠤᠨ ᠰᠠᠭᠤᠷᠢ᠂ ᠨᠡᠩ ᠰᠠᠨᠠᠭᠠᠴᠢᠯᠠᠭ᠎ᠠ᠎ᠲᠠᠶ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ᠎ᠢᠶᠠᠷ ᠲᠡᠮᠡᠴᠡᠵᠦ᠍᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠪᠠ ᠪᠠᠶᠠᠵᠢᠭ᠍ᠰᠠᠨ᠎ᠡᠴᠡ ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠤᠬᠰᠡᠨ᠎ᠢ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭ᠍ᠯᠠᠪᠠ᠃

ᠡᠨᠡ ᠡᠳᠦᠷ᠎ᠡᠴᠡ ᠡᠬᠢᠯᠡᠨ᠂ ᠱᠢᠨᠬᠤᠸᠠ ᠬᠣᠷᠢᠶ᠎ᠠ 《ᠱᠢᠨ᠎ᠡ ᠠᠶᠠᠨ᠎ᠳᠠᠭᠠᠨ ᠡᠷᠡᠮᠡᠭᠡᠢᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠶ᠎ᠠ》 ᠭᠡᠬᠦ᠌ ᠪᠤᠯᠤᠩ᠎ᠢ ᠨᠡᠭᠡᠭᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠱᠢᠨ᠎ᠡ ᠲᠡᠦᠬᠡ᠎ᠶ᠋ᠢᠨ ᠭᠠᠷᠤᠭ᠎ᠠ᠎ᠡᠴᠡ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠭᠡᠭᠡᠨ ᠰᠠᠷᠠᠭᠤᠯ ᠢᠷᠡᠭᠡᠳᠦᠢ᠎ᠶ᠋ᠢ ᠪᠠᠷᠠᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠪᠣᠯᠤᠨ᠎ᠠ᠃

ᠡᠨᠡ ᠪᠣᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠳᠤᠮᠳᠠᠳᠤ ᠤᠯᠤᠰ᠎ᠤᠨ ᠭᠠᠢᠬᠠᠮᠱᠢᠭ ᠮᠥᠨ᠄ ᠠᠵᠤ ᠠᠬᠤᠢ ᠲᠦᠷᠭᠡᠨ ᠬᠥᠭ᠌ᠵᠢᠵᠦ᠍᠂ ᠨᠡᠢᠭᠡᠮ ᠤᠷᠳᠤ ᠬᠤᠭᠤᠴᠠᠭ᠎ᠠ᠎ᠪᠠᠷ ᠲᠣᠭ᠍ᠲᠠᠭᠤᠨ ᠪᠠᠢᠨ᠎ᠠ᠃

ᠡᠨᠡ ᠪᠣᠯ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠦᠭᠰᠡᠨ ᠲᠡᠦᠬᠡᠨ ᠳᠠᠪᠠᠯᠲᠠ ᠮᠥᠨ᠄ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢᠯᠡᠭᠰᠡᠨ ᠬᠦᠴᠦᠨ ᠱᠢᠨ᠎ᠡ ᠳᠡᠭ᠌ᠲᠡᠷ᠎ᠲᠦ ᠭᠠᠷᠪᠠ᠃

ᠬᠦᠰᠡᠯ ᠵᠡᠭᠦᠳᠦ᠍᠎ᠪᠡᠨ ᠲᠠᠷᠭᠡᠯᠰᠢᠬᠦᠯᠬᠦ ᠪᠡᠷ ᠰᠠᠯᠬᠢ ᠪᠣᠷᠣᠭᠠᠨ᠎ᠢ ᠰᠦᠷᠦᠨ ᠤᠷᠤᠭ᠍ᠰᠢᠯᠠᠨ᠎ᠠ᠃

ᠡᠷᠡᠮᠡᠬᠡᠢᠯᠡᠨ ᠤᠷᠤᠬᠰᠢᠯᠠᠬᠤ ᠱᠢᠨ᠎ᠡ ᠴᠠᠭ ᠦᠶ᠎ᠡ᠎ᠳᠦ᠂ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠴᠢᠷᠮᠠᠢᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠤᠭᠠᠳ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠡᠩ ᠪᠠᠲᠤ ᠪᠡᠬᠢ ᠪᠣᠳᠠᠰ᠎ᠤᠨ ᠰᠠᠭᠤᠷᠢ᠎ᠶ᠋ᠢ ᠬᠠᠩᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠦᠨ ᠰᠣᠩᠭᠣᠭ᠍ᠰᠠᠨ ᠵᠠᠮ ᠳᠡᠭᠡᠷ᠎ᠡ᠎ᠪᠡᠨ ᠣᠮᠣᠭ ᠲᠡᠭᠦᠯᠳᠡᠷ᠎ᠢᠶᠡᠷ ᠤᠷᠤᠬᠰᠢᠯᠠᠵᠤ᠂ ᠢᠲᠡᠭᠡᠯ ᠵᠣᠷᠢᠭ ᠨᠢ ᠨᠡᠩ ᠪᠠᠲᠤ ᠴᠢᠩᠭ᠎ᠠ ᠪᠣᠯᠪᠠ᠃

ᠱᠢᠨ᠎ᠡ ᠳᠦᠷᠰᠦ ᠪᠠᠢᠳᠠᠯ ᠊᠊᠊᠊᠊᠊᠊᠊ ᠣᠳᠣᠬᠢᠴᠢᠯᠠᠯᠲᠠ᠎ᠶ᠋ᠢᠨ ᠱᠢᠨ᠎ᠡ ᠠᠶᠠᠨ ᠎ᠢᠶᠡᠨ ᠡᠬᠢᠯᠡᠭᠦᠯᠦᠯ᠎ᠡ

ᠱᠢᠨ᠎ᠡ ᠵᠢᠯ ᠡᠬᠢᠯᠡᠮᠡᠭ᠌ᠴᠡ᠂ ᠪᠠᠢᠭᠤᠯᠤᠭ᠍ᠳᠠᠭᠠᠳ ᠤᠳᠠᠭᠠᠳᠤᠢ ᠵᠢᠶᠠᠩᠰᠢ ᠱᠸᠨ᠋ᠵᠸᠨ᠎ᠤ ᠲᠦᠷᠭᠡᠨ᠎ᠦ ᠲᠡᠮᠤᠷ ᠵᠠᠮ ᠳᠡᠭᠡᠷ᠎ᠡ ᠭᠠᠯᠲᠤ ᠲᠡᠷᠭᠡ ᠨᠢᠰᠭᠦ ᠮᠡᠲᠦ ᠳᠠᠪᠬᠢᠵᠤ᠂ ᠡᠷᠲᠡ ᠴᠢᠯᠥᠭᠡᠯᠡᠭ᠌ᠳᠡᠭ᠌ᠰᠡᠨ ᠣᠷᠣᠨ ᠪᠣᠯᠤᠨ ᠣᠨᠴᠠᠭᠠᠢ ᠣᠷᠣᠨ᠎ᠤ ᠬᠣᠭᠣᠷᠣᠨᠳᠣ ᠬᠥᠭ᠌ᠵᠢᠨ ᠮᠠᠨᠳᠤᠯᠳᠠ ᠵᠢᠨ 《ᠲᠦᠷᠭᠡᠨ ᠬᠤᠷᠳᠤᠴᠠ》 ᠵᠢ ᠪᠠᠶᠠᠯᠡᠬᠦᠯᠪᠠ; 《ᠵᠡᠬᠦᠨᠳᠡᠬᠢ᠎ᠳ᠋ᠠᠢᠲ᠋ᠠ ᠪᠠᠷᠠᠭᠤᠨᠳᠠᠬᠢ ᠪᠤᠳᠤᠯᠳᠠ》 ᠢᠨᠵᠧᠨᠧᠷᠢᠩ ᠪᠥᠬᠥ᠌ ᠲᠠᠯ᠎ᠠ᠎ᠪᠠᠷ ᠡᠬᠢᠯᠡᠵᠦ᠍᠂ ᠭᠦᠶ᠋ᠵᠧᠸ᠋᠂ ᠨᠢᠩᠱᠢᠶᠠ᠂ ᠭᠠᠨᠰᠦ ᠵᠡᠷᠭᠡ ᠪᠠᠷᠠᠭᠤᠨ ᠣᠷᠣᠨ ᠲᠣᠭᠠᠴᠢᠯᠠᠭ᠍ᠰᠠᠨ ᠴᠠᠭ ᠦᠶ᠎ᠡ᠎ᠶ᠋ᠢᠨ 《ᠠᠵᠤ ᠠᠬᠤᠶ᠎ᠶ᠋ᠢᠨ ᠱᠢᠨ᠎ᠡ ᠨᠤᠳᠤᠭ ᠳᠡᠪᠢᠰᠭᠡᠷ》 ᠢ᠋ ᠪᠠᠢᠭᠤᠯᠬᠤ ᠪᠣᠯᠤᠨ᠎ᠠ;ᠪᠦᠬᠦ᠌ ᠤᠯᠤᠰ᠎ᠤᠨ ᠬᠠᠮᠤᠭ᠎ᠤᠨ ᠲᠤᠮᠤ ᠴᠡᠩᠭᠡᠭ ᠨᠠᠭᠤᠷ ᠪᠣᠯᠬᠤ ᠫᠦᠸᠸ ᠶᠠᠩ ᠬᠣ᠌ ᠨᠠᠭᠤᠷ᠎ᠲᠤ ᠠᠩᠬ᠎ᠠ ᠤᠳᠠᠭ᠎ᠠ ᠨᠠᠷᠢᠨ ᠬᠣᠱᠢᠭᠤᠲᠤ ᠴᠠᠬᠤᠯᠠᠢ᠎ᠮᠠᠳᠤ ᠵᠢᠨ 《ᠱᠢᠨ᠎ᠡ ᠵᠣᠴᠢᠨ》 ᠵᠢᠡᠨ ᠤᠭ᠍ᠲᠤᠵᠤ᠂ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠪᠠ ᠁

ᠥᠨᠥᠳᠦᠷ᠎ᠤᠨ ᠳᠤᠮᠳᠠᠳᠤ ᠤᠯᠤᠰ ᠲᠦ᠍ ᠲᠣᠭ᠎ᠠ ᠲᠣᠮᠰᠢ ᠦᠭᠡᠢ ᠴᠠᠭ ᠦᠶ᠎ᠡ᠎ᠶ᠋ᠢᠨ ᠦᠵᠡᠮᠵᠢ᠎ᠶ᠋ᠢᠨ ᠣᠷᠣᠨ᠂ ᠪᠠᠢᠳᠠᠯ᠎ᠤᠨ ᠬᠤᠪᠢᠷᠠᠯᠳᠠ ᠯᠤᠳᠤ ᠶᠡᠭᠡ ᠪᠠᠢᠨᠠᠮ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ 50 ᠲᠦᠮᠡᠨ ᠳ᠋ᠦᠩᠱᠢᠭᠤᠷ ᠲᠥᠭᠥᠷᠢᠭ ᠪᠠᠢᠭ᠍ᠰᠠᠨ᠎ᠡᠴᠡ᠎ᠪᠠᠨ 114 ᠲᠦᠮᠡᠨ ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ ᠤᠯᠠᠨ ᠵᠢᠯ᠎ᠦᠨ ᠲᠤᠷᠰᠢ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠤᠷᠮ᠎ᠠ 30% ᠎ᠢ᠋ ᠳᠠᠪᠠᠵᠤ᠂ ᠲᠡᠦᠭᠡᠳᠤ ᠴᠢᠨᠠᠷᠳᠠᠢ ᠪᠡᠷ ᠲᠤᠢᠯ᠎ᠤᠨ ᠶᠠᠳᠠᠭᠤ ᠬᠦᠴᠢᠷᠳᠡᠯ᠎ᠡᠴᠡ ᠠᠩᠭᠢᠵᠢᠷᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠡᠬᠢᠯᠡᠭᠦᠯᠵᠡᠢ᠃

ᠤᠯᠤᠰ᠎ᠤᠨ ᠶᠡᠷᠦᠩᠬᠡᠢᠯᠡᠭ᠌ᠰᠡᠨ ᠬᠦᠴᠦᠨ ᠢᠯᠡᠳᠲᠡ ᠴᠢᠩᠭᠠᠷᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠲᠦᠷᠭᠡᠨ ᠤᠷᠤᠭ᠍ᠰᠢᠯᠠᠵᠤ ᠪᠠᠢᠨ᠎ᠠ —

ᠤᠯᠠᠨ ᠵᠢᠯ ᠳᠠᠷᠠᠭᠠᠯᠠᠨ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ᠂ ᠬᠣᠶᠠᠳᠤᠭᠠᠷ ᠲᠤᠮᠤ ᠬᠡᠷᠡᠭ᠌ᠯᠡᠭᠡᠨ᠎ᠦ ᠵᠠᠬ᠎ᠠ ᠳᠡᠯᠭᠡᠭᠦᠷ᠂ ᠦᠢᠯᠡᠳᠬᠦ᠌ ᠦᠢᠯᠡᠰ᠎ᠦᠨ ᠨᠢᠭᠡᠳᠦᠭᠡᠷ ᠲᠤᠮᠤ ᠤᠯᠤᠰ᠂ ᠪᠠᠷᠠᠭᠠᠨ᠎ᠤ ᠠᠷᠠᠯᠵᠢᠶᠠᠨ᠎ᠤ ᠨᠢᠭᠡᠳᠦᠭᠡᠷ ᠲᠤᠮᠤ ᠤᠯᠤᠰ᠂ ᠭᠠᠳᠠᠭᠠᠳᠤ ᠭᠤᠪᠢᠭᠤᠯᠭ᠎ᠠ᠎ᠶ᠋ᠢᠨ ᠨᠥᠭᠡᠴᠡ᠎ᠶ᠋ᠢᠨ ᠨᠢᠭᠡᠳᠦᠭᠡᠷ ᠲᠤᠮᠤ ᠤᠯᠤᠰ᠎ᠤᠨ ᠪᠠᠢᠷᠢ ᠰᠠᠭᠤᠷᠢ᠎ᠪᠠᠨ ᠲᠤᠭᠳᠠᠭᠤᠨ ᠵᠢᠡᠷ ᠪᠠᠳᠤᠯᠠᠪᠠ᠃

ᠠᠵᠤ ᠠᠬᠤᠢ᠎ᠶ᠋ᠢᠨ ᠪᠦᠲᠦᠴᠡ ᠦᠷᠭᠦᠯᠵᠢᠯᠡᠨ ᠱᠢᠯᠢᠳᠡᠭ᠌ᠵᠢᠪᠡ᠃ 2012 ᠣᠨ᠎ᠳᠤ ᠭᠤᠷᠪᠠᠳᠤᠭᠠᠷ ᠠᠵᠤ ᠦᠶ᠋ᠯᠡᠰ᠎ᠦᠨ ᠨᠡᠮᠡᠭ᠌ᠳᠡᠯ ᠥᠷᠲᠡᠭ᠎ᠦᠨ GDP ᠎ᠳ᠋ᠤ ᠡᠵᠡᠯᠡᠬᠦ᠌ ᠬᠤᠪᠢ᠎ᠶ᠋ᠢᠨ ᠵᠢᠩ ᠠᠩᠬ᠎ᠠ ᠤᠳᠠᠭ᠎ᠠ ᠬᠣᠶᠠᠳᠤᠭᠠᠷ ᠠᠵᠤ ᠦᠶ᠋ᠯᠡᠰ᠎ᠡᠴᠡ ᠳᠠᠪᠠᠵᠤ᠂ 2021 ᠣᠨ᠎ᠳᠤ 53.3% ᠎ᠳ᠋ᠤ ᠬᠥᠷᠪᠡ;ᠳᠣᠲᠣᠭᠠᠳᠤ ᠬᠡᠷᠡᠭ᠌ᠴᠡᠭᠡ᠎ᠶ᠋ᠢᠨ ᠬᠤᠪᠢ ᠨᠡᠮᠡᠷᠢ ᠦᠵᠡᠭᠦᠯᠦᠭ᠌ᠰᠡᠨ ᠨᠣᠷᠮ᠎ᠠ 7 ᠵᠢᠯ ᠳᠠᠷᠠᠭᠠᠯᠠᠨ 100% ᠶ᠋ᠢ ᠳᠠᠪᠠᠪᠠ; ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠡᠵᠡᠯᠡᠬᠦ᠌ ᠬᠠᠷᠢᠴᠠᠯ 2012 ᠣᠨ᠎ᠳᠤ 9.4% ᠪᠠᠢᠭ᠍ᠰᠠᠨ᠎ᠡᠴᠡ 2020 ᠎ᠤᠨ ᠪᠣᠯᠬᠤ᠎ᠳᠤ 15.1% ᠪᠣᠯᠤᠨ ᠳᠡᠭᠡᠭ᠌ᠰᠢᠯᠡᠪᠠ; ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ ᠪᠥᠬᠥ᠌ ᠪᠥᠮᠪᠥᠷᠴᠡᠭ᠎ᠦᠨ ᠨᠡᠷᠡᠰ᠎ᠦᠨ ᠵᠢᠭ᠍ᠰᠠᠭᠠᠯᠲᠠ᠎ᠳᠤ 2013 ᠣᠨ᠎ᠳᠤ 35 ᠳ᠋ᠤᠭᠠᠷ᠎ᠲᠤ ᠵᠢᠭ᠍ᠰᠠᠭᠠᠭ᠍ᠳᠠᠵᠤ ᠪᠠᠢᠭ᠍ᠰᠠᠨ ᠡᠴᠡ᠎ᠪᠠᠨ 2021 ᠣᠨ᠎ᠳᠤ ᠳᠡᠭᠡᠭᠰᠢᠯᠡᠭᠡᠳ 12 ᠳ᠋ᠤᠭᠠᠷ᠎ᠲᠤ ᠵᠢᠭ᠍ᠰᠠᠭᠠᠭ᠍ᠳᠠᠪᠠ ᠁ ᠳᠡᠭᠡᠳᠦ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠪᠡᠶ᠎ᠡ᠎ᠪᠡᠨ ᠳᠠᠭᠠᠭᠠᠨ ᠬᠦᠴᠦᠷᠬᠡᠭ᠌ᠵᠢᠭᠦ ᠪᠠᠢᠳᠠᠯ ᠲᠠᠰᠤᠷᠠᠯᠲᠠ ᠥᠬᠡᠶ ᠡᠷᠴᠢᠮᠵᠢᠵᠤ ᠪᠠᠢᠨ᠎ᠠ᠃ 《ᠴᠠᠩ ᠧ ᠲᠠᠪᠤᠳᠤᠭᠠᠷ》 ᠰᠠᠷᠠᠨ ᠪᠥᠮᠪᠥᠷᠴᠡᠭ᠎ᠢ ᠬᠠᠢᠨ ᠱᠢᠨᠵᠢᠯᠡᠪᠡ; 《ᠲᠢᠶᠠᠨ ᠸᠸᠨ ᠨᠢᠭᠡᠳᠦᠭᠡᠷ ᠨᠣᠮᠧᠷᠲᠤ》 ᠭᠠᠯ ᠭᠠᠷᠠᠭ ᠲᠤ᠌ ᠭᠠᠷᠪᠠ; 《ᠳᠤᠮᠳᠠᠳᠤ ᠤᠯᠤᠰ᠎ᠤᠨ ᠲᠩᠷᠢ᠎ᠶ᠋ᠢᠨ ᠨᠢᠳᠦ》 ᠪᠦᠬᠦ᠌ ᠪᠥᠮᠪᠥᠷᠴᠡᠭ᠎ᠲᠦ ᠨᠡᠭᠡᠭᠡᠯᠲᠡ ᠬᠢᠪᠡ; ᠳᠤᠮᠳᠠᠳᠤ ᠤᠯᠤᠰ᠎ᠤᠨ ᠰᠠᠨᠰᠠᠷ᠎ᠤᠨ ᠥᠷᠲᠡᠭᠡ 《ᠣᠷᠳᠣ ᠬᠤᠭᠤᠴᠠᠭ᠎ᠠ᠎ᠪᠠᠷ ᠬᠦᠮᠦᠨ ᠰᠠᠭᠤᠬᠤ》 ᠱᠢᠨ᠎ᠡ ᠱᠠᠲᠤ᠎ᠶ᠋ᠢ ᠡᠬᠢᠯᠡᠭᠦᠯᠪᠡ; ᠪᠡᠶ᠎ᠡ᠎ᠪᠡᠨ ᠳᠠᠭᠠᠭᠠᠵᠤ ᠪᠠᠢᠭᠤᠯᠤᠭ᠍ᠰᠠᠨ 《ᠱᠢᠤᠸᠠᠢ ᠯᠦᠩ 2 ᠳ᠋ᠤᠭᠠᠷ》 ᠨᠡᠷᠡᠮᠵᠢᠲᠦ ᠲᠤᠢᠯ᠎ᠦᠨ ᠣᠷᠣᠨ᠎ᠳᠤ ᠬᠦᠷᠪᠠ; 《ᠵᠢᠤ ᠵᠠᠩ ᠬᠣᠶᠠᠳᠤᠭᠠᠷ ᠨᠣᠮᠧᠷᠲᠤ》 ᠺᠸᠠᠨ᠋ᠲ᠎ᠤᠨ ᠪᠣᠳᠣᠯᠭ᠎ᠠ᠎ᠶ᠋ᠢᠨ ᠠᠩᠬᠠᠨ᠎ᠤ ᠬᠡᠯᠪᠡᠷᠢ᠎ᠶ᠋ᠢᠨ ᠮᠠᠱᠢᠨ ᠪᠣᠶ ᠪᠣᠯᠵᠣ᠂ ᠣᠨᠴᠠᠭᠠᠶ ᠠᠰᠠᠭᠤᠳᠠᠯ᠎ᠢ ᠪᠤᠳᠤᠬᠤ᠎ᠨᠢ ᠺᠣᠮᠫᠢᠦ᠋ᠲ᠋ᠧᠷ᠎ᠦᠨ᠎ᠬᠢ᠎ᠡᠴᠡ ᠭᠡᠳᠤᠨ ᠳ᠋ᠦᠨᠭᠰᠢᠭᠤᠷ ᠳᠠᠬᠢᠨ ᠲᠦᠷᠭᠡᠨ ᠪᠣᠯᠵᠠᠶ᠃

ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠲᠠᠰᠤᠷᠠᠯᠲᠠ ᠦᠭᠡᠢ ᠨᠡᠮᠡᠭ᠌ᠳᠡᠵᠦ᠍᠂ ᠵᠣᠯ ᠵᠢᠷᠭᠠᠯᠲᠤ ᠠᠮᠢᠳᠤᠷᠠᠯ᠎ᠤᠨ ᠴᠢᠨᠠᠷ ᠴᠢᠨᠰᠠᠭ᠎ᠠ ᠨᠠᠩ ᠭᠦᠶ᠋ᠴᠡᠳ ᠪᠣᠯᠪᠠ —

ᠤᠳᠤ᠎ᠶ᠋ᠢᠨ ᠭᠡᠷᠡᠭᠵᠢᠬᠦᠯᠵᠤ ᠪᠠᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠭᠣᠨ᠎ᠤ 1 ᠳ᠋ᠦᠩᠱᠢᠭᠤᠷ ᠱᠢᠬᠠᠮ ᠶᠠᠳᠠᠭᠤ ᠬᠦᠴᠢᠷᠳᠡᠯᠲᠡᠢ ᠬᠥᠮᠦᠨ ᠠᠮᠠ᠎ᠵᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠪᠠ; ᠪᠥᠬᠥ᠌ ᠤᠯᠤᠰ᠎ᠤᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 3.5 ᠲᠦᠮᠡᠨ ᠲᠥᠭᠥᠷᠢᠭ᠎ᠢ ᠳᠠᠪᠠᠵᠤ᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠦᠮᠦᠰ ᠦᠷᠭᠦᠯᠵᠢᠯᠡᠨ ᠥᠷᠭᠡᠵᠢᠪᠡ; ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠳᠤ ᠣᠷᠣᠬᠤ ᠨᠣᠷᠮ᠎ᠠ 100% ᠱᠢᠬᠠᠮ᠎ᠳᠤ ᠬᠦᠷᠪᠠ;ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠪᠦᠷᠬᠦᠴᠡ 13.5 ᠳ᠋ᠦᠩᠱᠢᠭᠤᠷ ᠬᠥᠮᠦᠨ᠎ᠢ ᠳᠠᠪᠠᠵᠤ᠂ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠪᠦᠷᠬᠦᠴᠡ 10 ᠳ᠋ᠦᠩᠱᠢᠭᠤᠷ ᠬᠥᠮᠦᠨ᠎ᠢ ᠳᠠᠪᠠᠪᠠ ᠁

ᠬᠦᠭᠵᠢᠯᠳᠠ ᠨᠢ ᠬᠡᠨ᠎ᠦ ᠲᠥᠯᠥᠭᠡ ᠪᠤᠢ? ᠬᠡᠷᠬᠢᠨ ᠬᠥᠭ᠌ᠵᠢᠭᠦᠯᠬᠦ᠌ ᠪᠤᠢ?

2012 ᠣᠨ᠎ᠤ 11 ᠰᠠᠷ᠎ᠠ᠎ᠶ᠋ᠢᠨ 15 ᠎ᠤ᠋ ᠡᠳᠦᠷ᠂ ᠰᠠᠶᠢᠬᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠎ᠪᠡᠷ ᠰᠣᠩᠭᠣᠭ᠍ᠳᠠᠭ᠍ᠰᠠᠨ ᠰᠢ ᠵᠢᠨ ᠫᠢᠩ ᠡᠷᠴᠢ ᠬᠦᠴᠤᠳᠠᠢ ᠬᠠᠷᠢᠭᠤᠯᠳᠠ ᠦᠭᠬᠦᠯ᠎ᠡ᠄ 《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠮᠠᠨ᠎ᠤ ᠲᠡᠮᠡᠴᠡᠬᠦ᠌ ᠬᠠᠷᠠᠯᠲᠠ ᠮᠥᠨ》᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ᠎ᠶ᠋ᠢ ᠤᠯᠬᠤ᠎ᠡᠴᠡ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠦᠷᠲᠡᠯ᠎ᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠡᠴᠡ ᠬᠠᠮᠲᠤ᠎ᠪᠠᠷ ᠪᠠᠶᠠᠵᠢᠬᠤ ᠲᠡᠢᠰᠢ ᠤᠷᠤᠭ᠍ᠰᠢᠯᠠᠬᠤ ᠬᠦᠷᠲᠡᠯ᠎ᠡ᠂ ᠠᠷᠠᠳ ᠤᠯᠠᠨ᠎ᠳᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ᠌᠎ᠶ᠋ᠢ ᠮᠠᠨ᠎ᠤ ᠨᠠᠮ᠎ᠤᠨ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠵᠣᠷᠢᠯᠲᠠ ᠪᠠ ᠲᠤᠰᠤᠯᠳᠠ ᠪᠣᠯᠭᠠᠵᠤ᠂ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠦᠵᠡᠰᠭᠦᠯᠡᠩᠲᠦ ᠰᠠᠢᠬᠠᠨ ᠬᠠᠭᠤᠳᠠᠰᠤ᠎ᠶ᠋ᠢ ᠵᠢᠷᠤᠭ᠍ᠯᠠᠪᠠ᠃

ᠪᠦᠬᠦ᠌ ᠠᠷᠠᠳ᠎ᠢ ᠬᠠᠮᠤᠷᠤᠭ᠍ᠰᠠᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠠᠬᠢᠭᠤᠯᠬᠤ᠎ᠳᠤ ᠠᠱᠢᠭ᠍ᠲᠠᠢ ᠲᠣᠭ᠍ᠲᠠᠴᠠ᠎ᠶ᠋ᠢ ᠪᠦᠷᠢᠨᠱᠢᠬᠦᠯᠦᠨ᠂ ᠭᠠᠬᠴᠠᠭᠠᠷ ᠡᠵᠡᠮᠰᠢᠯ᠎ᠢ ᠡᠰᠡᠷᠭᠦᠴᠡᠬᠦ᠌ ᠪᠠ ᠬᠦᠷᠦᠨᠭ᠌ᠭᠡ᠎ᠶ᠋ᠢᠨ ᠡᠮᠬᠢ ᠵᠢᠷᠤᠮ ᠦᠭᠡᠢ ᠥᠷᠭᠡᠳᠬᠦ᠌᠎ᠶ᠋ᠢ ᠰᠡᠷᠭᠡᠢᠯᠡᠬᠦ᠌᠎ᠶ᠋ᠢ ᠴᠢᠩᠭᠠᠳᠭᠠᠵᠤ᠂ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠥᠷᠭᠡᠳᠭᠡᠨ᠂ ᠬᠦᠬᠡ ᠲᠩᠷᠢ ᠬᠥᠪᠥᠩ ᠴᠠᠭᠠᠨ ᠡᠭᠦᠯᠡ ᠬᠥᠬᠡᠮᠳᠦᠭ ᠨᠤᠭᠤᠭᠠᠨ ᠠᠭᠤᠯᠠ ᠤᠰᠤ᠎ᠲᠠᠶ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠪᠠ ᠁

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠴᠢᠨᠠᠷ ᠰᠠᠢᠲᠠᠶ ᠬᠥᠭ᠌ᠵᠢᠯᠲᠡ᠎ᠶ᠋ᠢ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠯᠤᠭ᠎ᠠ ᠢᠮᠠᠭ᠍ᠲᠠ ᠨᠢᠭ᠍ᠲᠠ ᠤᠶᠠᠯᠳᠤᠭᠤᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

ᠳᠡᠯᠡᠬᠡᠢ᠎ᠶ᠋ᠢᠨ ᠲᠠᠪᠴᠠᠩ᠎ᠤᠨ ᠲᠥᠪ᠎ᠲᠦ ᠣᠢᠷᠠᠳᠴᠤ᠌᠂ ᠨᠡᠭᠡᠭᠡᠯᠲᠡᠲᠦ ᠳᠤᠮᠳᠠᠳᠤ ᠤᠯᠤᠰ᠎ᠤᠨ ᠬᠥᠳᠡᠯᠭᠡᠬᠦ᠌ ᠡᠨᠧᠷᠭᠢ ᠤᠷᠬᠢᠯᠤᠨ ᠪᠠᠳᠠᠷᠠᠨ᠎ᠠ —

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠦᠷᠭᠦᠯᠵᠢᠯᠡᠨ ᠰᠠᠢᠵᠢᠷᠠᠵᠤ᠂ ᠳᠤᠮᠳᠠᠳᠤ ᠤᠯᠤᠰ᠎ᠤᠨ ᠲᠤᠮᠤ ᠵᠠᠬ᠎ᠠ ᠳᠡᠯᠭᠡᠭᠦᠷ᠎ᠦᠨ ᠲᠠᠲᠠᠬᠤ ᠬᠦᠴᠦᠨ ᠡᠳᠦᠷ ᠢᠷᠡᠬᠦᠶ᠎ᠡ ᠨᠡᠮᠡᠭ᠌ᠳᠡᠪᠡ᠃

ᠱᠠᠩᠬᠠᠶ ᠬᠣᠲᠠ᠎ᠶ᠋ᠢᠨ ᠬᠢᠨ ᠲᠦᠷᠦᠭᠦᠬᠡᠨ ᠱᠢᠨ᠎ᠡ ᠵᠢᠯ᠎ᠦᠨ ᠠᠩᠬᠠᠨ᠎ᠤ ᠲᠠᠯᠠᠪᠤᠷ ᠭᠠᠳᠠᠭᠠᠳᠤ ᠪᠠᠯᠠ᠎ᠶ᠋ᠢᠨ ᠲᠦᠷᠦᠯ ᠵᠦᠢᠯ᠎ᠤᠨ ᠲᠥᠪᠯᠡᠷᠡᠭᠦᠯᠦᠨ ᠭᠡᠷ᠎ᠡ ᠲᠣᠭ᠍ᠲᠠᠬᠤ ᠶᠣᠰᠣᠯᠠᠯ ᠶᠠᠪᠤᠭᠤᠯᠵᠤ᠂ ᠭᠠᠳᠠᠭᠠᠳᠤ ᠪᠠᠯᠠ᠎ᠶ᠋ᠢᠨ 53 ᠲᠦᠷᠦᠯ ᠵᠦᠢᠯ᠎ᠢ ᠲᠥᠪᠯᠡᠷᠡᠭᠦᠯᠦᠨ ᠭᠡᠷ᠎ᠡ ᠲᠣᠭ᠍ᠲᠠᠵᠤ᠂ ᠪᠠᠯᠠ ᠣᠷᠣᠭᠤᠯᠤᠯᠲᠠ᠎ᠶ᠋ᠢᠨ ᠶᠡᠷᠦᠨᠭᠭᠡᠢ ᠭᠡᠮᠵᠢᠶ᠎ᠡ 54.4 ᠳ᠋ᠦᠩᠱᠢᠭᠤᠷ ᠳ᠋ᠣᠯᠯᠠᠷ᠎ᠲᠤ ᠬᠦᠷᠴᠡᠶ᠃ ᠭᠡᠷ᠎ᠡ ᠲᠣᠭ᠍ᠲᠠᠭ᠍ᠰᠠᠨ ᠲᠥᠷᠥᠯ ᠵᠦᠶ᠋ᠯ᠎ᠦᠨ ᠳᠣᠲᠣᠷ᠎ᠠ 21 ᠵᠦᠶ᠋ᠯ᠎ᠦᠨ ᠪᠠᠯᠠ ᠣᠷᠣᠭᠤᠯᠤᠯᠲᠠ 1 ᠳ᠋ᠦᠩᠱᠢᠭᠤᠷ ᠳ᠋ᠣᠯᠯᠠᠷ᠎ᠢ ᠳᠠᠪᠠᠵᠠᠶ᠃

ᠭᠠᠷ᠎ᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠭ᠍ᠰᠠᠨ ᠼᠠᠢ ᠰᠧ ᠳ᠋ᠡ ᠳᠤᠮᠳᠠᠳᠤ ᠤᠯᠤᠰ᠎ᠤᠨ ᠤᠷᠤᠨ᠎ᠤ ᠡᠳ᠋᠎ᠦᠨ ᠶᠠᠪᠤᠳᠠᠯ᠎ᠤᠨ ᠲᠡᠷᠢᠭᠦᠨ ᠲᠤᠱᠢᠶᠠᠯᠲᠠᠨ᠂ ᠲᠣᠭᠠᠴᠢᠯᠠᠭ᠍ᠰᠠᠨ ᠬᠡᠯᠪᠡᠷᠢ᠎ᠪᠡᠨ ᠬᠤᠪᠢᠷᠠᠭᠤᠯᠬᠤ ᠲᠤᠰᠢᠶᠠᠯᠳᠠᠨ ᠮᠠᠺᠧᠯᠢ ᠪᠠᠰᠠ 《ᠥᠩᠭᠡᠷᠡᠭ᠌ᠰᠡᠨ ᠳᠥᠷᠪᠡᠨ ᠵᠢᠯ᠎ᠳᠦ᠂ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠴᠣᠩᠬᠣᠪᠴᠢ᠎ᠪᠠᠷ ᠳᠡᠮᠵᠢᠨ᠂ ᠪᠢᠳᠡ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ ᠬᠥᠳᠡᠯᠭᠡᠬᠦ᠌ ᠡᠨᠧᠷᠭᠢ᠎ᠶ᠋ᠢ ᠭᠦᠨᠵᠡᠭᠡᠶ ᠣᠢᠯᠠᠭᠠᠪᠠ》 ᠭᠡᠵᠤ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠳᠤ ᠣᠷᠣᠯᠴᠠᠬᠤ ᠲᠥᠯᠥᠪᠯᠡᠭᠡ᠎ᠪᠡᠨ ᠢᠯᠡᠳᠭᠡᠪᠡ᠃

ᠳᠡᠯᠡᠬᠡᠶ᠎ᠶ᠋ᠢᠨ ᠠᠵᠤ ᠠᠬᠤᠶ᠎ᠶ᠋ᠢᠨ ᠬᠦᠶ᠋ᠲᠡᠨ ᠤᠷᠤᠰᠭᠠᠯ ᠳᠤᠤᠷ᠎ᠠ᠂ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠂ ᠦᠶ᠋ᠯᠡᠴᠢᠯᠡᠭᠡᠨ᠎ᠦ ᠠᠷᠠᠯᠵᠢᠶᠠᠨ᠎ᠤ ᠴᠤᠭ᠍ᠯᠠᠭᠠᠨ᠂ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠂ ᠬᠡᠷᠡᠭ᠌ᠯᠡᠭ᠌ᠴᠢᠳ᠎ᠦᠨ ᠦᠵᠡᠰᠭᠦᠯᠡᠩ᠎ᠦᠨ ᠴᠤᠭ᠍ᠯᠠᠭᠠᠨ ᠵᠡᠷᠭᠡ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠦᠪᠡᠳᠡᠭ᠌ᠰᠢ ᠴᠤᠭ᠍ᠯᠠᠭᠠᠨ᠎ᠨᠢ ᠪᠥᠬᠥ᠌ ᠪᠥᠮᠪᠥᠷᠴᠡᠭ᠎ᠦᠨ ᠠᠩᠬᠠᠷᠤᠯ᠎ᠢ ᠲᠠᠲᠠᠵᠤ᠂ 《ᠨᠢᠭᠡ ᠪᠦᠰᠡ ᠨᠢᠭᠡ ᠵᠠᠮ》 ᠤ᠋ᠨ ᠨᠠᠢᠵᠠ᠎ᠶ᠋ᠢᠨ ᠲᠣᠭᠣᠷᠢᠭ ᠲᠠᠰᠤᠷᠠᠯᠲᠠ ᠥᠬᠡᠶ ᠪᠤᠵᠠᠭᠠᠢᠷᠠᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠡᠳᠦᠷ ᠰᠥᠨᠢ ᠥᠬᠡᠶ ᠳᠠᠪᠬᠢᠵᠤ᠂ ᠸᠠᠺᠼᠢᠨ᠎ᠤ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠠᠬᠢᠭᠤᠯᠪᠠ ᠁ ᠨᠡᠭᠡᠭᠡᠯᠲᠡᠳᠦ ᠳᠤᠮᠳᠠᠳᠤ ᠤᠯᠤᠰ ᠳᠡᠯᠡᠬᠡᠶ᠎ᠶ᠋ᠢᠨ ᠠᠵᠤ ᠠᠬᠤᠶ᠎ᠶ᠋ᠢᠨ ᠰᠡᠷᠭᠦᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠪᠠ ᠥᠳᠭᠡᠨ ᠳᠤᠯᠠᠭᠠᠨ ᠠᠭᠤᠷ ᠠᠮᠢᠰᠭᠤᠯ ᠨᠡᠮᠡᠷᠢᠯᠡᠪᠡ᠃

ᠭᠠᠳᠠᠭᠠᠳᠤ᠎ᠶ᠋ᠢᠨ ᠵᠠᠭᠤᠴᠢᠯᠠᠭᠤᠷ᠎ᠤᠨ ᠬᠢᠨ᠂ ᠳᠤᠮᠳᠠᠳᠤ ᠤᠯᠤᠰ ᠪᠣᠯ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠢ ᠬᠦᠳᠦᠯᠦᠨ ᠳᠠᠭᠠᠭᠤᠯᠬᠤ 《ᠨᠠᠢᠳᠠᠪᠤᠷᠢᠲᠠᠢ ᠪᠤᠬ᠎ᠠ ᠲᠡᠷᠭᠡ》 ᠵᠢᠨ ᠨᠢᠭᠡ ᠪᠣᠯᠤᠨ᠎ᠠ ᠭᠡᠵᠤ ᠦᠨᠡᠯᠡᠪᠡ᠃

ᠱᠢᠨ᠎ᠡ ᠵᠢᠳᠬᠦᠯ ᠴᠢᠷᠮᠠᠢᠯᠭ᠎ᠠ ᠊᠊᠊᠊᠊᠊᠊᠊᠊᠊ ᠬᠤᠪᠢᠰᠤᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠤᠯ᠎ᠡ

《ᠬᠢᠵᠢᠭ᠎ᠦᠨ ᠪᠠᠢᠳᠠᠯ᠎ᠢ ᠬᠡᠷᠬᠢᠨ ᠢᠯᠠᠬᠤ ᠪᠤᠢ? ᠬᠢᠵᠢᠭ᠎ᠦᠨ ᠳᠠᠷᠠᠭᠠᠬᠢ ᠳᠡᠯᠡᠬᠡᠶ ᠶᠢᠷᠲᠢᠨᠴᠦ᠍᠎ᠶ᠋ᠢ ᠬᠡᠷᠬᠢᠨ ᠪᠥᠲᠥᠭᠡᠨ ᠪᠠᠢᠭᠤᠯᠬᠤ ᠪᠣᠶ?》

ᠡᠨᠡ ᠬᠦ᠌ ᠴᠢᠬᠤᠯᠠ ᠶᠡᠬᠡ ᠠᠰᠠᠭᠤᠳᠠᠯ᠎ᠳᠤ ᠱᠢᠭᠤᠳ ᠬᠠᠨᠳᠤᠵᠤ᠂ 2022 ᠣᠨ᠎ᠤ 1 ᠰᠠᠷ᠎ᠠ᠎ᠶ᠋ᠢᠨ 17 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ᠎ᠳᠦ 2022 ᠣᠨ᠎ᠤ ᠳᠡᠯᠡᠬᠡᠢ᠎ᠶ᠋ᠢᠨ ᠠᠵᠤ ᠠᠬᠤᠢ᠎ᠶ᠋ᠢᠨ ᠶᠠᠷᠢᠶᠠᠨ᠎ᠤ ᠲᠠᠪᠴᠠᠩ᠎ᠤᠨ ᠸᠢᠳᠢᠣ᠋ ᠬᠤᠷᠠᠯ᠎ᠳᠤ ᠣᠷᠣᠯᠴᠠᠬᠤ᠎ᠳᠠᠭᠠᠨ᠄ 《ᠪᠢᠳᠡ ᠲᠡᠦᠬᠡ᠎ᠶ᠋ᠢᠨ ᠤᠷᠳᠤ ᠦᠶᠡᠯᠡᠯ᠎ᠦᠨ ᠬᠤᠭᠤᠴᠠᠭ᠎ᠠ᠎ᠶ᠋ᠢ ᠬᠠᠷᠢᠴᠠᠭᠤᠯᠤᠨ ᠵᠠᠳᠠᠯᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠲᠡᠢ᠂ ᠪᠠᠰᠠ ᠵᠢᠵᠢᠭ ᠰᠠᠵᠢᠭ ᠵᠦᠢᠯ᠎ᠡᠴᠡ ᠬᠡᠷᠡᠭ ᠪᠣᠳᠠᠰ᠎ᠤᠨ ᠬᠤᠪᠢᠷᠠᠯᠲᠠ᠎ᠶ᠋ᠢ ᠨᠡᠪᠲᠡ ᠠᠵᠢᠭ᠍ᠯᠠᠬᠤ᠎ᠳᠠᠭᠠᠨ ᠴᠢᠳᠠᠮᠠᠭᠠᠢ ᠪᠠᠢᠵᠤ᠂ ᠬᠢᠮᠤᠷᠠᠯ᠎ᠤᠨ ᠳᠤᠮᠳᠠ ᠱᠢᠨ᠎ᠡ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ》 ᠭᠡᠵᠦ᠍ ᠭᠦᠨᠵᠡᠭᠡᠢ ᠬᠠᠷᠢᠭᠤᠯᠪᠠ᠃

ᠠᠰᠠᠭᠤᠳᠠᠯ ᠪᠣᠯ ᠴᠠᠭ ᠦᠶ᠎ᠡ᠎ᠶ᠋ᠢᠨ ᠪᠦᠷᠢᠶ᠎ᠡ ᠮᠦᠨ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠴᠠᠭ ᠦᠶ᠎ᠡ᠎ᠶ᠋ᠢᠨ ᠥᠷᠢᠰᠥᠯᠳᠦᠭᠡᠨ᠎ᠳᠦ ᠲᠠᠰᠤᠷᠠᠯᠳᠠ ᠦᠭᠡᠢ ᠱᠢᠭᠤᠳ ᠬᠠᠨᠳᠤᠵᠤ᠂ ᠴᠠᠭ ᠦᠶ᠎ᠡ᠎ᠶ᠋ᠢᠨ ᠰᠡᠳᠦᠪ᠎ᠢ ᠬᠠᠷᠢᠭᠤᠯᠵᠤ᠂ ᠠᠶᠠᠯᠠᠯ᠎ᠤᠨ ᠴᠢᠭ᠌ᠯᠡᠯ᠎ᠢᠶᠡᠨ ᠢᠮᠠᠭ᠍ᠲᠠ ᠯᠠᠪᠳᠠᠭᠤᠨ ᠡᠵᠡᠮᠳᠡᠪᠡ᠃

ᠬᠢᠵᠢᠭ᠎ᠦᠨ ᠪᠠᠢᠳᠠᠯ᠎ᠤᠨ 《ᠳᠠᠷᠤᠯᠲᠠ᠎ᠶ᠋ᠢᠨ ᠱᠢᠯᠭᠠᠯᠲᠠ》 ᠶ᠋ᠢ ᠲᠠᠭᠠᠭᠠᠵᠤ᠂ ᠠᠷᠠᠳ᠎ᠤᠨ ᠲᠥᠯᠥᠭᠡ ᠴᠢᠩ ᠰᠡᠳᠭᠢᠯ᠎ᠡᠴᠡ᠎ᠪᠡᠨ ᠵᠢᠳᠬᠦᠬᠦ᠌ ᠤᠭ ᠰᠠᠨᠠᠭ᠎ᠠ᠎ᠪᠠᠨ ᠲᠠᠢᠯᠪᠤᠷᠢᠯᠠᠪᠠ —

ᠪᠥᠬᠥ᠌ ᠪᠥᠮᠪᠥᠷᠴᠡᠭ᠎ᠦᠨ ᠨᠡᠢᠲᠡ᠎ᠶ᠋ᠢᠨ ᠬᠠᠷᠢᠴᠠᠭᠠᠨ᠎ᠤ ᠵᠥᠪᠯᠡᠯᠭᠡ ᠥᠭ᠌ᠬᠦ ᠨᠠᠷᠠᠲᠤ ᠺᠣᠮᠫᠠᠨᠢ ᠠᠢᠳ᠋ᠸᠮᠠᠨ᠎ᠤ ᠨᠡᠢᠲᠡᠯᠡᠭ᠌ᠰᠡᠨ 《2022 ᠣᠨ᠎ᠤ ᠠᠢᠳ᠋ᠸᠮᠠᠨ᠎ᠤ ᠢᠲᠡᠭᠡᠮᠵᠢ᠎ᠶᠢᠨ ᠬᠦᠰᠦᠨᠦᠭᠳᠤ》 ᠡᠴᠡ ᠦᠵᠡᠪᠡᠯ᠂ 2021 ᠣᠨ᠎ᠳᠤ ᠳᠤᠮᠳᠠᠳᠤ ᠤᠯᠤᠰ᠎ᠤᠨ ᠠᠷᠠᠳ ᠣᠯᠠᠨ᠎ᠤ ᠵᠠᠰᠠᠭ᠎ᠤᠨ ᠣᠷᠳᠣᠨ᠎ᠳᠡᠬᠢ ᠢᠳᠡᠭᠡᠮᠵᠢ᠎ᠶᠢᠨ ᠬᠡᠮᠵᠢᠶ᠎ᠡ 10 ᠵᠢᠯ᠎ᠦᠨ ᠲᠤᠷᠱᠢᠬᠢ ᠬᠠᠮᠤᠭ᠎ᠤᠨ ᠥᠨᠳᠥᠷ ᠲᠦᠪᠱᠢᠨ᠎ᠳᠦ ᠬᠦᠷᠴᠦ᠍᠂ 91% ᠳ᠋ᠥ᠍ ᠬᠦᠷᠴᠦ᠍᠂ ᠰᠤᠷᠪᠤᠯᠵᠢᠯᠠᠭ᠎ᠠ ᠬᠦᠯᠢᠶᠡᠭ᠌ᠰᠡᠨ 28 ᠤᠯᠤᠰ᠎ᠤᠨ ᠲᠡᠷᠢᠭᠦᠨ᠎ᠳᠦ ᠵᠢᠭ᠍ᠰᠠᠭᠠᠭ᠍ᠳᠠᠵᠠᠶ᠃

ᠡᠨᠡ ᠬᠦ᠌ ᠢᠳᠡᠭᠡᠮᠵᠢ ᠨᠢ 《ᠨᠢᠭᠡ᠎ᠶ᠋ᠢ ᠴᠦ᠍ ᠲᠠᠶᠠᠭ᠍ᠳᠠᠬᠤ ᠦᠭᠡᠢ》 ᠪᠠᠲᠤ ᠴᠢᠩᠭ᠎ᠠ ᠬᠠᠮᠠᠭᠠᠯᠠᠯᠲᠠ᠎ᠡᠴᠡ ᠢᠷᠡᠯᠲᠡ᠎ᠲᠡᠶ ᠶᠤᠮ᠃

ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠵᠠᠭᠤᠨ ᠨᠠᠰᠤᠲᠠᠶ ᠨᠠᠰᠤᠲᠠᠨ᠎ᠡᠴᠡ ᠰᠠᠶᠢᠬᠠᠨ ᠮᠠᠨᠳᠤᠯᠡᠭᠰᠡᠨ ᠨᠢᠯᠬ᠎ᠠ ᠬᠡᠦᠬᠡᠳ ᠬᠦᠷᠲᠡᠯ᠎ᠡ ᠠᠮᠢ ᠨᠠᠰᠤ ᠨᠢᠭᠡ ᠪᠦᠷᠢ᠎ᠶ᠋ᠢ ᠲᠠᠶᠠᠭ᠍ᠳᠠᠬᠤ ᠥᠬᠡᠶ᠃ 《ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠬᠠᠮᠠᠭᠠᠯᠠᠬᠤ᠎ᠶ᠋ᠢᠨ ᠲᠥᠯᠥᠭᠡ᠂ ᠪᠢᠳᠡ ᠠᠯᠢᠪᠠ ᠪᠡᠨ ᠵᠤᠷᠢᠭᠤᠯᠵᠤ ᠴᠢᠳᠠᠨ᠎ᠠ! 》 ᠶᠡᠷᠦᠩᠬᠡᠢ ᠱᠦᠵᠢ᠎ᠶ᠋ᠢᠨ ᠦᠭᠡ ᠬᠦᠨᠳᠤ ᠤᠳᠬ᠎ᠠ ᠬᠦᠨ ᠶᠤᠮ᠃

ᠡᠨᠡ ᠬᠦ᠌ ᠢᠲᠡᠭᠡᠯ ᠨᠢ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠰᠡᠷᠭᠦᠬᠦ᠌ ᠢᠲᠡᠭᠡᠯ ᠵᠣᠷᠢᠭ᠎ᠡᠴᠡ ᠢᠷᠡᠯᠲᠡ᠎ᠲᠡᠶ ᠶᠤᠮ᠃

《ᠡᠩ ᠲᠡᠷᠢᠭᠦᠨ᠎ᠳᠦ ᠬᠢᠵᠢᠭ᠎ᠦᠨ ᠪᠠᠢᠳᠠᠯ᠎ᠢ ᠡᠵᠡᠮᠳᠡᠬᠦ᠌》᠂ 《ᠡᠩ ᠲᠡᠷᠢᠭᠦᠨ᠎ᠳᠦ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠡᠨ ᠰᠡᠷᠭᠦᠭᠡᠬᠦ᠌》᠂ 《ᠠᠵᠤ ᠠᠬᠤᠢ᠎ᠶ᠋ᠢᠨ ᠨᠡᠮᠡᠭ᠌ᠳᠡᠯ ᠰᠥᠭᠡᠷᠭᠦ᠌ ᠪᠠᠢᠭ᠍ᠰᠠᠨ᠎ᠠᠴᠠ᠎ᠪᠠᠨ ᠡᠶᠡᠷᠭᠦ᠌ ᠪᠣᠯᠬᠤ᠎ᠶ᠋ᠢ ᠡᠩ ᠲᠡᠷᠢᠭᠦᠨ᠎ᠳᠦ ᠪᠡᠶᠡᠯᠡᠭᠦᠯᠬᠦ᠌》ᠡᠴᠡ ᠲᠣᠭ᠍ᠲᠠᠭᠤᠨ᠎ᠢᠶᠠᠷ ᠰᠡᠷᠭᠦᠬᠦ᠌ ᠠᠵᠤ ᠠᠬᠤᠢ᠎ᠶ᠋ᠢᠨ ᠬᠥᠭ᠌ᠵᠢᠯᠲᠡ ᠬᠦᠷᠲᠡᠯ᠎ᠡ᠂ ᠳᠤᠮᠳᠠᠳᠤ ᠤᠯᠤᠰ 《ᠶᠡᠬᠡ ᠤᠰᠤ᠎ᠪᠠᠷ ᠨᠡᠯᠦᠢᠲᠡᠯ᠎ᠡ ᠤᠰᠤᠯᠠᠬᠤ》 ᠠᠵᠢᠯᠯᠠᠭ᠎ᠠ ᠬᠢᠬᠦ᠌ ᠦᠭᠡᠢ ᠪᠠᠢᠬᠤ᠎ᠶ᠋ᠢ ᠪᠠᠷᠢᠮᠲᠠᠯᠠᠵᠤ᠂ ᠬᠦᠷᠦᠩᠭᠡ ᠡᠮᠬᠢ ᠵᠠᠮᠪᠠᠷᠠᠭ᠎ᠠ ᠦᠭᠡᠢ ᠥᠷᠭᠡᠳᠬᠦ᠌᠎ᠶ᠋ᠢ ᠰᠡᠷᠭᠡᠢᠯᠡᠵᠦ᠍᠂ ᠡᠳ᠋᠎ᠦᠨ ᠵᠠᠰᠠᠭ᠎ᠤᠨ ᠢᠳᠡᠪᠬᠢᠲᠡᠢ ᠲᠦᠷᠦ᠍᠎ᠶ᠋ᠢᠨ ᠪᠤᠳᠤᠯᠭ᠎ᠠ ᠪᠣᠯᠤᠨ ᠲᠣᠭ᠍ᠲᠠᠭᠤᠨ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ ᠢᠯᠠᠩᠭᠤᠶ᠎ᠠ ᠠᠵᠢᠯ ᠣᠯᠭᠣᠯᠲᠠ᠎ᠶ᠋ᠢ ᠪᠠᠲᠤᠯᠠᠬᠤ ᠠᠷᠠᠳ᠎ᠤᠨ ᠠᠮᠢᠳᠤᠷᠠᠯ᠎ᠢ ᠪᠠᠲᠤᠯᠠᠬᠤ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠨᠡᠯᠢᠶᠡᠳ ᠥᠨᠳᠥᠷ ᠨᠡᠮᠡᠭ᠌ᠳᠡᠯ᠎ᠲᠡᠶ᠂ ᠨᠡᠯᠢᠶᠡᠳ ᠳᠣᠣᠷ᠎ᠠ ᠵᠣᠭᠣᠰ ᠮᠠᠭᠤᠳᠠᠬᠤ᠂ ᠨᠡᠯᠢᠶᠡᠳ ᠤᠯᠠᠨ ᠠᠵᠢᠯ ᠣᠯᠭᠣᠯᠲᠠ᠎ᠲᠠᠶ ᠪᠠᠢᠬᠤ᠎ᠶ᠋ᠢ ᠱᠢᠯᠢᠳᠡᠭ᠌ᠵᠢᠭᠦᠯᠦᠨ ᠵᠣᠬᠢᠶᠠᠨ ᠪᠠᠢᠭᠤᠯᠪᠠ᠃

ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠲᠠᠰᠤᠷᠠᠯᠲᠠ ᠥᠬᠡᠶ ᠱᠢᠶ᠋ᠳᠪᠦᠷᠢᠯᠡᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠠᠬᠤᠶ ᠪᠠᠢᠳᠠᠯ᠎ᠢ ᠨᠡᠭᠡᠭᠡᠪᠡ —

2012 ᠎ᠤᠨ᠎ᠢ ᠡᠷᠬᠢᠴᠡᠬᠦᠯᠬᠦᠶ᠎ᠠ᠃

ᠬᠣᠶᠠᠷ ᠣᠷᠣᠨᠲᠤ ᠲᠣᠭᠠᠨ᠎ᠤ ᠥᠨᠳᠥᠷ ᠨᠡᠮᠡᠭ᠌ᠳᠡᠯ᠎ᠡᠴᠡ ᠠᠶᠠᠷᠯᠠᠵᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ ᠱᠢᠨ᠎ᠡ ᠵᠠᠭᠤᠨ᠎ᠳᠤ ᠤᠷᠤᠭ᠍ᠰᠠᠨ᠎ᠡᠴᠡ ᠨᠠᠭᠠᠰᠢ ᠠᠩᠬ᠎ᠠ ᠤᠳᠠᠭ᠎ᠠ 8% ᠎ᠡᠴᠡ ᠳᠣᠷᠣᠭ᠍ᠰᠢ ᠪᠣᠯᠪᠠ᠃ ᠠᠳᠠᠯᠢ ᠬᠤᠭᠤᠴᠠᠭᠠᠨ᠎ᠳᠤ ᠤᠷᠲᠤ ᠬᠤᠭᠤᠴᠠᠭ᠎ᠠ᠎ᠪᠠᠷ ᠬᠤᠷᠠᠮᠳᠤᠭ᠍ᠰᠠᠨ ᠭᠦᠨ ᠳᠠᠪᠬᠤᠷᠭ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠵᠥᠷᠢᠴᠡᠯ ᠲᠠᠰᠤᠷᠠᠯᠲᠠ ᠦᠭᠡᠶ ᠢᠯᠡᠷᠡᠨ ᠭᠠᠷᠪᠠ᠃

2012 ᠣᠨ᠎ᠤ 12 ᠰᠠᠷ᠎ᠠ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭᠠᠬᠢ ᠠᠩᠬᠠᠳᠤᠭᠠᠷ ᠤᠳᠠᠭ᠎ᠠ ᠵᠢᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠄ 《ᠪᠤᠰᠤᠳᠴᠢ ᠨᠥᠬᠥᠴᠡᠯ᠎ᠢ ᠬᠠᠢᠬᠤᠷᠬᠤ ᠦᠭᠡᠢ ᠪᠠᠢᠵᠤ ᠪᠤᠯᠬᠤ ᠦᠭᠡᠢ᠂ ᠵᠢᠮ᠎ᠡ ᠶᠣᠰᠣ᠎ᠶ᠋ᠢ ᠵᠥᠷᠢᠴᠡᠨ ᠰᠣᠬᠣᠷ ᠪᠠᠯᠠᠢ᠎ᠪᠠᠷ ᠥᠨᠳᠥᠷ ᠬᠤᠷᠳᠤᠴᠠ᠎ᠶ᠋ᠢ ᠬᠥᠭᠡᠭᠡᠴᠡᠯᠳᠦᠵᠦ᠍ ᠪᠣᠯᠬᠤ ᠦᠭᠡᠢ》ᠭᠡᠵᠤ ᠴᠢᠬᠤᠯᠠᠴᠢᠯᠠᠪᠠ᠃

ᠲᠡᠭᠦᠨ᠎ᠡᠴᠡ ᠬᠣᠢᠰᠢ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ 《ᠭᠤᠷᠪᠠᠨ ᠬᠤᠭᠤᠴᠠᠭ᠎ᠠ ᠳᠠᠪᠬᠤᠴᠠᠭ᠍ᠰᠠᠨ》ᠱᠠᠲᠤᠨ᠎ᠳᠤ ᠣᠷᠣᠱᠢᠵᠤ ᠪᠠᠢᠬᠤ᠎ᠶ᠋ᠢ ᠮᠠᠭᠠᠳᠯᠠᠬᠤ᠎ᠡᠴᠡ ᠱᠢᠨ᠎ᠡ ᠬᠡᠪ ᠪᠠᠢᠳᠠᠯ᠎ᠢ ᠳᠤᠷᠠᠳᠭᠤ ᠬᠦᠷᠲᠡᠯ᠎ᠡ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠰᠢᠯᠠᠭᠤᠯᠬᠤ᠎ᠡᠴᠡ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠬᠤ ᠬᠦᠷᠲᠡᠯ᠎ᠡ᠂ ᠲᠠᠬᠢᠨ ᠳᠡᠭᠡᠳᠦ ᠬᠤᠷᠳᠤᠴᠠᠳᠤ ᠨᠡᠮᠡᠭᠳᠡᠯ᠎ᠤᠨ ᠱᠠᠲᠤᠨ ᠡᠴᠡ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠲᠤᠨ᠎ᠳᠤ ᠱᠢᠯᠵᠢᠬᠦ᠌᠎ᠶ᠋ᠢ ᠲᠣᠳᠣᠷᠬᠠᠢᠯᠠᠬᠤ ᠬᠦᠷᠲᠡᠯ᠎ᠡ ᠁

《ᠴᠢᠨᠠᠷ ᠰᠠᠢᠲᠠᠢ ᠬᠥᠭ᠌ᠵᠢᠯᠲᠡ ᠨᠢ ᠵᠥᠪᠬᠡᠨ ᠠᠵᠤ ᠠᠬᠤᠢ᠎ᠶ᠋ᠢᠨ ᠱᠠᠭᠠᠷᠳᠠᠯᠭ᠎ᠠ ᠲᠡᠳᠦᠢ ᠪᠢᠰᠢ᠂ ᠬᠠᠷᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠠᠯ᠎ᠠ ᠪᠦᠷᠢ ᠵᠢᠨ ᠶᠡᠷᠦᠩᠬᠡᠢ ᠱᠠᠭᠠᠷᠳᠠᠯᠭ᠎ᠠ ᠪᠣᠯᠤᠨ᠎ᠠ》᠂ 《ᠵᠥᠪᠬᠡᠨ ᠠᠵᠤ ᠠᠬᠤᠢ ᠬᠥᠭ᠌ᠵᠢᠭ᠌ᠰᠡᠨ ᠭᠠᠵᠠᠷ ᠣᠷᠣᠨ᠎ᠳᠤ ᠲᠠᠯᠪᠢᠭ᠍ᠰᠠᠨ ᠱᠠᠭᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ᠎ᠤ ᠬᠥᠭ᠌ᠵᠢᠯᠲᠡ᠎ᠶ᠋ᠢᠨ ᠡᠷᠬᠡᠪᠰᠢ ᠲᠤᠭᠤᠰᠢᠯᠠᠭᠤᠯᠬᠤ ᠱᠠᠭᠠᠷᠳᠠᠯᠭ᠎ᠠ ᠪᠣᠯᠤᠨ᠎ᠠ》 ᠁

ᠮᠠᠨ᠎ᠤ ᠨᠠᠮ ᠠᠵᠤ ᠠᠬᠤᠢ᠎ᠶ᠋ᠢᠨ ᠪᠠᠢᠳᠠᠯ᠎ᠳᠤ ᠱᠢᠨᠵᠢᠯᠡᠬᠦ᠌ ᠤᠬᠠᠭᠠᠨᠴᠢ ᠮᠠᠭᠠᠳᠯᠠᠯᠲᠠ ᠬᠢᠵᠦ᠍᠂ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠠ ᠰᠡᠳᠭᠢᠮᠵᠢ᠎ᠳᠦ ᠴᠠᠭ ᠲᠤᠬᠠᠢ᠎ᠳᠤᠨᠢ ᠲᠤᠬᠢᠷᠠᠭᠤᠯᠤᠯᠳᠠ ᠬᠢᠵᠦ᠍᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠬᠦᠳᠦᠯᠦᠨ ᠵᠢᠯᠣᠭᠣᠳᠪᠠ᠃

ᠳᠡᠯᠡᠬᠡᠢ᠎ᠶ᠋ᠢᠨ ᠪᠠᠢᠳᠠᠯ᠎ᠤᠨ ᠲᠤᠬᠢᠷᠠᠭᠤᠯᠤᠯᠲᠠ ᠬᠤᠪᠢᠰᠤᠯᠲᠠ᠎ᠶ᠋ᠢ ᠠᠷᠭᠠᠴᠠᠭᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠪᠴᠢᠯᠡᠨ ᠪᠠᠢᠭᠤᠯᠪᠠ —

ᠤᠢ᠍ᠢᠷ᠎ᠠ᠎ᠶ᠋ᠢᠨ ᠵᠢᠯ᠎ᠡᠴᠡ᠂ ᠠᠵᠤ ᠠᠬᠤᠢ᠎ᠶ᠋ᠢᠨ ᠳᠡᠯᠡᠬᠡᠢᠵᠢᠯᠲᠡ ᠰᠥᠷᠭᠡᠦ ᠤᠷᠤᠰᠭᠠᠯ᠎ᠳᠤ ᠤᠴᠠᠷᠠᠵᠤ᠂ ᠤᠯᠠᠨ ᠤᠯᠤᠰ᠎ᠤᠨ ᠠᠵᠤ ᠠᠬᠤᠢ᠎ᠶ᠋ᠢᠨ ᠣᠷᠴᠢᠯ᠎ᠤᠨ ᠪᠠᠢᠷᠢᠱᠢᠯ᠎ᠳᠤ ᠭᠦᠨᠵᠡᠭᠡᠢ ᠲᠤᠬᠢᠷᠠᠭᠤᠯᠤᠯᠳᠠ ᠭᠠᠷᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠨᠢ ᠴᠦ᠍ ᠳᠡᠯᠡᠬᠡᠢᠵᠢᠯ᠎ᠢ ᠰᠥᠷᠬᠦ᠌ ᠬᠠᠨᠳᠤᠰᠢ᠎ᠶ᠋ᠢ ᠬᠤᠷᠴᠠᠳᠭᠠᠵᠤ᠂ ᠡᠯ᠎ᠡ ᠤᠯᠤᠰ᠎ᠤᠨ ᠳᠣᠲᠣᠭᠠᠳᠤᠬᠢ ᠪᠡᠨ ᠴᠢᠬᠤᠯᠠᠴᠢᠯᠠᠬᠤ ᠬᠠᠨᠳᠤᠰᠢ ᠳᠡᠭᠡᠭ᠌ᠰᠢᠯᠡᠪᠡ᠃

ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠎ᠠ᠃ 《ᠡᠨᠡ ᠪᠣᠯ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠪᠠᠢᠷᠢᠱᠢᠭᠤᠯᠤᠯᠲᠠ ᠪᠠ ᠲᠦᠷᠦᠭᠦᠦ ᠠᠯᠬᠤᠮ ᠪᠣᠯᠤᠨ᠎ᠠ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠪᠡᠶᠡᠯᠡᠭᠦᠯᠬᠦ᠌ ᠴᠢᠬᠤᠯᠠ ᠶᠡᠬᠡ ᠲᠡᠦᠬᠡᠲᠦ ᠡᠭᠦᠷᠭᠡ ᠪᠣᠯᠤᠨ᠎ᠠ᠂ ᠪᠠᠰᠠ ᠴᠤ᠌ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠰᠢᠯᠠᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠤᠨ᠎ᠠ》 ᠭᠡᠵᠦ᠍ ᠶᠡᠷᠦᠩᠬᠡᠢ ᠱᠦᠵᠢ ᠰᠢ ᠵᠢᠨ ᠫᠢᠩ ᠲᠣᠳᠣᠷᠬᠠᠢ ᠵᠢᠭᠠᠵᠤ ᠭᠠᠷᠭᠠᠪᠠ᠃

ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠪᠠ; ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠢᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠪᠠ; ᠲᠦᠷᠢᠮ᠎ᠦᠨ ᠬᠡᠯᠪᠡᠷᠢ᠎ᠶ᠋ᠢᠨ ᠨᠡᠬᠡᠬᠡᠯᠳᠡ᠎ᠶ᠋ᠢ ᠠᠬᠢᠭᠤᠯᠪᠠ ᠁ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠤᠷᠬᠢᠯᠤᠨ ᠪᠠᠳᠠᠷᠠᠵᠤ᠂ ᠥᠭᠡᠷᠡᠴᠢᠯᠡᠯᠲᠡ ᠨᠡᠬᠡᠬᠡᠯᠳᠡ ᠨᠡᠩ ᠥᠨᠳᠥᠷ ᠲᠦᠪᠱᠢᠨ ᠲᠡᠢᠰᠢ ᠠᠬᠢᠪᠠ᠃

7 ᠵᠢᠯ᠎ᠦᠨ ᠬᠤᠭᠤᠴᠠᠭᠠᠨ᠎ᠳᠤ᠂ 6 ᠳ᠋ᠤᠭᠠᠷ ᠤᠳᠠᠭ᠎ᠠ᠎ᠬᠡᠪᠴᠢᠶ᠎ᠠ ᠪᠡᠨ ᠥᠷᠭᠡᠳᠭᠡᠪᠡ!

ᠲᠦᠷᠦᠭᠦᠬᠡᠨ᠂ ᠣᠷᠳᠣᠰ᠂ ᠵᠢᠩᠳ᠋ᠸ ᠵᠧᠨ ᠪᠠᠯᠭᠠᠰᠤ᠂ ᠱᠢᠶᠠᠩᠶᠠᠩ᠂ ᠺᠠᠱᠭᠠᠷ ᠣᠷᠣᠨ ᠵᠡᠷᠭᠡ 27 《ᠱᠢᠨ᠎ᠡ ᠳᠦᠷᠢ》 ᠲᠣᠳᠣᠷᠠᠬᠤ᠎ᠶ᠋ᠢ ᠳᠠᠭᠠᠯᠳᠤᠨ᠂ ᠮᠠᠨ᠎ᠤ ᠤᠯᠤᠰ᠎ᠤᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠨᠢᠭᠡᠨᠲᠡ 132 ᠪᠣᠯᠵᠣ᠂ 30 ᠮᠤᠵᠢ ᠣᠷᠣᠨ ᠬᠣᠲᠠ᠎ᠶ᠋ᠢ ᠬᠠᠮᠤᠷᠴᠤ᠌᠂ ᠪᠥᠬᠥ᠌ ᠤᠯᠤᠰ᠎ᠤᠨ ᠬᠡᠪᠴᠢᠶᠡᠨ᠎ᠳᠦ ᠬᠠᠭᠤᠷᠠᠶ ᠲᠡᠯᠡᠶ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠵᠦ᠍᠂ ᠵᠡᠭᠦᠨ ᠪᠠᠷᠠᠭᠤᠨ ᠬᠤᠤᠰ ᠴᠢᠭ᠌ᠯᠡᠯ᠎ᠢᠶᠡᠷ ᠬᠠᠷᠢᠯᠴᠠᠨ ᠲᠤᠰᠠᠯᠠᠯᠴᠠᠬᠤ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠪᠠ᠃

《ᠬᠡᠳᠦᠢᠪᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠠᠬᠤᠶ᠎ᠶ᠋ᠢᠨ ᠣᠷᠴᠢᠨ ᠨᠥᠬᠥᠴᠡᠯ᠎ᠦᠨ ᠬᠤᠪᠢᠷᠠᠯᠲᠠ᠎ᠡᠴᠡ ᠪᠣᠯᠤᠭ᠍ᠰᠠᠨ ᠯᠤᠲᠤ ᠶᠡᠬᠡ ᠳᠠᠷᠤᠯᠲᠠ᠎ᠳᠤ ᠤᠴᠠᠷᠠᠭ᠍ᠰᠠᠨ ᠪᠣᠯᠪᠠᠴᠤ᠌ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠭᠦᠶ᠋ᠴᠡᠳ᠂ ᠣᠷᠳᠣ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠬᠠᠰᠠᠨ ᠥᠬᠡᠶ᠂ ᠪᠢᠳᠡ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠢᠷᠡᠭᠡᠳᠦᠶ᠎ᠳᠦ ᠢᠲᠡᠭᠡᠯ ᠲᠡᠭᠦᠯᠳᠡᠷ ᠪᠠᠢᠨ᠎ᠠ》 ᠭᠡᠭᠦ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠢᠳᠡ ᠬᠦᠴᠦᠲᠡᠢ ᠪᠠᠢᠯ᠎ᠠ᠃

ᠱᠢᠨ᠎ᠡ ᠠᠶᠠᠨ ᠎ᠤ ᠭᠠᠷᠤᠭ᠎ᠠ ᠊᠊᠊᠊᠊᠊᠊᠊᠊ ᠠᠯᠬᠤᠭ᠎ᠠ ᠨᠢᠭᠡᠲᠡᠢ ᠤᠷᠤᠭ᠍ᠰᠢᠯᠠᠨ᠎ᠠ

ᠣᠳᠣᠳᠤ ᠣᠭ᠍ᠲᠠᠷᠭᠤᠶ᠎ᠶ᠋ᠢ ᠪᠠᠷᠠᠯᠠᠬᠤᠶ᠎ᠠ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ ᠶᠠᠭ ᠬᠥᠮᠦᠨ ᠲᠥᠷᠥᠯᠬᠢᠲᠡᠨ᠎ᠦ ᠰᠠᠨᠰᠠᠷ᠎ᠤᠨ ᠨᠢᠭᠤᠴᠠ᠎ᠶ᠋ᠢ ᠬᠠᠢᠨ ᠰᠦᠪᠡᠭ᠌ᠴᠢᠯᠡᠬᠦ᠌᠂ ᠰᠠᠨᠰᠠᠷ ᠣᠭ᠍ᠲᠠᠷᠭᠤᠶ᠎ᠶ᠋ᠢ ᠡᠩᠬᠡ ᠲᠠᠢᠪᠤᠩ᠎ᠢᠶᠠᠷ ᠠᠱᠢᠭ᠍ᠯᠠᠬᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠍ ᠪᠠᠢᠨ᠎ᠠ᠃

ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ᠎ᠶ᠋ᠢ ᠪᠦᠬᠦ᠌ ᠲᠠᠯ᠎ᠠ᠎ᠪᠠᠷ ᠪᠠᠢᠭᠤᠯᠵᠤ ᠳᠠᠭᠤᠰᠭᠠᠨ ᠡᠵᠡᠩᠨᠡᠵᠦ᠍᠂ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠢᠨᠵᠧᠨᠧᠷᠢᠩ᠎ᠦᠨ ᠳᠥᠷᠪᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠬᠡᠷᠡᠭ᠌ᠵᠢᠭᠦᠯᠵᠦ᠍᠂ ᠬᠥᠮᠦᠨ ᠰᠠᠭᠤᠯᠭᠠᠭ᠍ᠰᠠᠨ ᠰᠠᠷᠠᠨ ᠪᠥᠮᠪᠥᠷᠴᠡᠭ᠎ᠲᠦ ᠭᠠᠷᠬᠤ ᠲᠥᠰᠦᠯ᠎ᠦᠨ ᠨᠤᠲᠠᠯᠠᠯᠲᠠ᠎ᠶ᠋ᠢ ᠭᠦᠨᠵᠡᠭᠡᠢᠷᠡᠭᠦᠯᠵᠦ᠍᠂ ᠱᠢᠨ᠎ᠡ ᠨᠢᠭᠡ ᠦᠶ᠎ᠡ᠎ᠶ᠋ᠢᠨ ᠬᠥᠮᠦᠨ ᠰᠠᠭᠤᠯᠭᠠᠭ᠍ᠰᠠᠨ ᠬᠥᠯᠭᠡ ᠲᠡᠢ᠌ᠷᠦᠯᠳᠦ ᠰᠤᠮᠤ᠎ᠶ᠋ᠢ ᠰᠤᠳᠤᠯᠤᠨ ᠦᠢᠯᠡᠳᠴᠦ᠍ ᠬᠠᠷᠪᠤᠨ ᠭᠠᠷᠭᠠᠪᠠ ᠁ ᠢᠷᠡᠬᠦ᠌ ᠲᠠᠪᠤᠨ ᠵᠢᠯ᠎ᠳᠦ᠂ ᠳᠤᠮᠳᠠᠳᠤ ᠤᠯᠤᠰ ᠤᠳᠤᠨ ᠮᠡᠴᠢᠳ᠎ᠢ ᠵᠣᠷᠢᠨ ᠠᠶᠠᠯᠠᠬᠤ ᠵᠠᠮ᠎ᠳᠠᠭᠠᠨ ᠥᠨᠳᠥᠷ ᠲᠦᠪᠱᠢᠨ᠎ᠢᠶᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠱᠢᠨ᠎ᠡ ᠠᠯᠬᠤᠮ᠎ᠢ ᠲᠠᠰᠤᠷᠠᠯᠲᠠ ᠦᠭᠡᠢ ᠠᠯᠬᠤᠬᠤ ᠪᠣᠯᠤᠨ᠎ᠠ᠃

ᠱᠢᠨ᠎ᠡ ᠠᠶᠠᠨ᠎ᠳᠠᠭᠠᠨ᠂ ᠢᠳᠡᠷᠡᠭᠦᠨ ᠠᠯᠬᠤᠭ᠎ᠠ᠎ᠪᠠᠷ ᠤᠷᠤᠬᠰᠢᠯᠠᠵᠤ᠂ ᠢᠲᠡᠭᠡᠯ ᠵᠣᠷᠢᠭ ᠨᠡᠩ ᠲᠡᠭᠦᠯᠳᠡᠷ ᠪᠣᠯᠤᠯ᠎ᠠ᠃

ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠴᠢᠬᠤᠯᠠ ᠶᠡᠬᠡ ᠥᠷᠢᠰᠥᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠨ᠎ᠠ —

2022 ᠣᠨ᠎ᠤ 1 ᠰᠠᠷ᠎ᠠ᠎ᠶ᠋ᠢᠨ 24 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠪᠡ᠂ ᠭᠣᠣᠯ ᠰᠡᠳᠦᠪ ᠨᠢ 《ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠴᠢᠷᠮᠠᠢᠨ ᠪᠡᠶᠡᠯᠡᠭᠦᠯᠦᠨ᠎ᠡ》᠃

2030 ᠣᠨ᠎ᠡᠴᠡ ᠡᠮᠦᠨ᠎ᠡ ᠨᠡᠬᠦᠷᠡᠰᠦᠳᠦ᠋ᠷᠦᠭᠴᠢ ᠵᠢᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭ᠌ᠳᠡᠯ᠎ᠳᠦ ᠬᠦᠷᠭᠡᠬᠦ᠌᠎ᠪᠡᠷ ᠴᠢᠷᠮᠠᠢᠵᠤ᠂ 2060 ᠣᠨ᠎ᠡᠴᠡ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠪᠡᠷ ᠴᠢᠷᠮᠠᠢᠵᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠠᠳᠤ ᠦᠶ᠎ᠡ ᠪᠣᠯᠤᠨ ᠤᠯᠤᠰ᠎ᠤᠨ ᠪᠠᠢᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠮᠠᠨ᠎ᠤ ᠤᠯᠤᠰ ᠨᠡᠭᠦᠷᠡᠰᠦᠲᠥ᠋ᠷᠥᠭ᠌ᠴᠢ᠎ᠶ᠋ᠢ ᠭᠠᠳᠠᠭ᠍ᠰᠢᠯᠠᠭᠤᠯᠬᠤ ᠬᠦᠴᠦᠯᠡᠴᠡ᠎ᠶ᠋ᠢᠨ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠪᠠᠭᠤᠷᠠᠯᠲᠠ᠎ᠶ᠋ᠢ ᠪᠡᠶᠡᠯᠡᠭᠦᠯᠵᠦ᠍᠂ ᠲᠡᠦᠬᠡᠨ ᠳᠡᠭᠡᠷᠡᠬᠢ ᠬᠠᠮᠤᠭ᠎ᠤᠨ ᠣᠬᠣᠷᠬᠠᠨ ᠴᠠᠭ᠎ᠢᠶᠠᠷ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ ᠤᠷᠬᠢᠯ ᠬᠡᠮᠵᠢᠭ᠌ᠳᠡᠯ᠎ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠵᠦ᠍᠂ ᠤᠷᠢᠳ ᠡᠮᠦᠨ᠎ᠡ ᠪᠠᠢᠭ᠎ᠠ ᠦᠭᠡᠢ ᠬᠦᠴᠢᠷ ᠪᠡᠷᠬᠡᠱᠢᠶᠡᠯ ᠪᠣᠯᠤᠨ ᠥᠷᠢᠰᠥᠯᠳᠦᠭᠡᠨ᠎ᠳᠦ ᠲᠤᠯᠭᠠᠷᠠᠵᠤ᠂ ᠪᠦᠬᠦ᠌ ᠨᠠᠮ ᠪᠦᠬᠦ᠌ ᠤᠯᠤᠰ᠎ᠤᠨ ᠬᠦᠴᠦᠨ᠎ᠢ ᠨᠢᠭ᠍ᠲᠠᠷᠠᠭᠤᠯᠵᠤ ᠪᠠᠢᠭᠠᠳ ᠪᠡᠶᠡᠯᠡᠭᠦᠯᠬᠦ᠌ ᠴᠢᠬᠤᠯᠠᠲᠠᠢ ᠪᠣᠯᠤᠭ᠍ᠰᠠᠨ᠎ᠢ ᠬᠠᠷᠠᠭᠤᠯᠵᠤ ᠪᠠᠢᠨ᠎ᠠ᠃

ᠲᠥᠪ᠎ᠦᠨ ᠲᠠᠯ᠎ᠠ᠎ᠡᠴᠡ ᠱᠢᠰᠲ᠋ᠧᠮ᠎ᠲᠡᠶ ᠲᠥᠯᠥᠪᠵᠢᠭᠦᠯᠵᠦ᠍᠂ ᠶᠡᠷᠦᠩᠬᠡᠢ ᠪᠠᠢᠷᠢᠯᠠᠭᠤᠯᠤᠯᠲᠠ ᠬᠢᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ 《1 + N》 ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠨᠠᠮ᠎ᠤᠨ ᠠᠯᠢᠪᠠ ᠠᠵᠢᠯ᠎ᠢ ᠤᠳᠤᠷᠢᠳᠬᠤ ᠱᠠᠭᠠᠷᠳᠠᠯᠭ᠎ᠠ᠎ᠶ᠋ᠢ ᠴᠢᠩᠭᠠᠳᠭᠠᠬᠤ ᠨᠢ ᠬᠡᠢ ᠬᠣᠭᠣᠰᠣᠨ ᠪᠢᠰᠢ᠂ ᠬᠡᠢᠰᠪᠦᠷᠢ ᠪᠢᠰᠢ᠂ ᠡᠯ᠎ᠡ ᠲᠠᠯ᠎ᠠ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠤᠨ ᠢᠯᠡᠷᠡᠭᠦᠯᠬᠦ᠌ ᠬᠡᠷᠡᠭ᠌ᠲᠡᠢ ᠭᠡᠳᠡᠭ᠎ᠢ ᠭᠦᠢᠴᠡᠳ ᠬᠠᠷᠠᠭᠤᠯᠵᠠᠢ᠃

9 ᠵᠢᠯ ᠭᠠᠷᠤᠢ᠎ᠶ᠋ᠢᠨ ᠲᠤᠷᠰᠢ᠂ ᠠᠯᠢ ᠤᠯᠠᠨ ᠰᠠᠭᠤᠷᠢ ᠴᠢᠨᠠᠷᠲᠠᠢ᠂ ᠪᠦᠲᠦᠭᠡᠯᠴᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠷᠭ᠎ᠠ ᠬᠡᠮᠵᠢᠶ᠎ᠡ᠎ᠶ᠋ᠢ ᠵᠠᠯᠭᠠᠭ᠎ᠠ᠎ᠪᠠᠷ ᠲᠣᠭ᠍ᠲᠠᠭᠠᠵᠤ᠂ ᠨᠠᠮ᠎ᠢᠮᠠᠭ᠍ᠲᠠ ᠳᠤᠮᠳᠠᠳᠤ ᠤᠯᠤᠰ᠎ᠤᠨ ᠬᠥᠯᠭᠡ ᠣᠩᠭᠣᠴᠠ᠎ᠶ᠋ᠢ ᠬᠦᠳᠦᠯᠦᠨ ᠳᠠᠭᠠᠭᠤᠯᠵᠤ ᠵᠥᠪ ᠴᠢᠭ᠌ᠯᠡᠯ᠎ᠢᠶᠡᠷ ᠳᠠᠪᠠᠯᠭᠠᠨ᠎ᠢ ᠵᠦᠰᠦᠨ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃

9 ᠵᠢᠯ ᠭᠠᠷᠤᠢ᠎ᠶ᠋ᠢᠨ ᠲᠤᠷᠰᠢ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠦᠢᠯᠡᠳᠦᠯᠭᠡ ᠳᠤᠮᠳᠠ᠂ ᠵᠢᠮ᠎ᠡ ᠶᠣᠰᠣᠴᠢ ᠴᠢᠨᠠᠷᠲᠠᠢ ᠲᠠᠨᠢᠯᠲᠠ ᠶᠠᠪᠤᠬᠤ ᠲᠤᠳᠤᠮ ᠪᠠᠲᠤ ᠴᠢᠩᠭ᠎ᠠ ᠪᠣᠯᠪᠠ — 《ᠡᠷᠬᠡᠪᠰᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠬᠦᠨᠳᠦ ᠶᠡᠬᠡ ᠥᠷᠢᠰᠥᠯᠳᠦᠭᠡᠨ᠎ᠢ ᠯᠠᠪᠳᠠᠭᠤᠨ ᠲᠣᠭ᠍ᠲᠠᠭᠤᠨ᠎ᠢᠶᠠᠷ ᠠᠷᠭᠠᠴᠠᠭᠠᠵᠤ᠂ ᠠᠯᠬᠤᠮ ᠨᠢᠭᠡᠲᠡᠢ᠎ᠪᠡᠷ ᠤᠷᠤᠬ᠍ᠰᠢ ᠲᠠᠪᠱᠢᠬᠤ ᠬᠡᠷᠡᠭ᠌ᠲᠡᠢ》᠃

ᠲᠦᠷᠢᠮ ᠪᠠ ᠵᠠᠰᠠᠯᠲᠠ᠎ᠶ᠋ᠢᠨ ᠱᠢᠰᠲ᠋ᠧᠮ᠎ᠦᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ᠎ᠶ᠋ᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠨᠡᠩ ᠶᠡᠬᠡ ᠠᠮᠢᠵᠢᠷᠠᠯ᠎ᠤᠨ ᠬᠦᠴᠦᠨ᠎ᠢ ᠬᠥᠭ᠌ᠵᠢᠪᠠ —

ᠰᠲ᠋ᠣᠺ ᠲᠠᠷᠬᠠᠭᠠᠯᠳᠠ ᠵᠢᠨ ᠳᠠᠩᠰᠠᠯᠠᠯᠳᠠ᠎ᠵᠢᠨ ᠲᠦᠷᠢᠮ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ ᠵᠢ ᠠᠬᠢᠭᠤᠯᠬᠤ᠂ ᠠᠶᠤᠯ ᠲᠦᠭ᠌ᠰᠢᠭᠦᠷᠢ᠎ᠶ᠋ᠢ ᠠᠷᠢᠯᠭᠠᠨ ᠱᠢᠶ᠋ᠳᠪᠦᠷᠢᠯᠡᠬᠦ᠌᠂ ᠬᠢᠨᠠᠯᠲᠠ ᠬᠠᠮᠢᠶᠠᠷᠤᠯᠲᠠ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠵᠡᠷᠭᠡ᠎ᠨᠢ ᠡᠨᠡ ᠵᠢᠯ᠎ᠦᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠦᠭᠡ ᠪᠣᠯᠵᠠᠶ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠯ ᠲᠠᠰᠤᠷᠠᠯᠲᠠ ᠥᠬᠡᠶ ᠲᠡᠭᠦᠯᠳᠡᠷᠵᠢᠪᠡ᠃

ᠡᠬᠢ ᠪᠠᠶᠠᠯᠢᠭ᠎ᠢ ᠲᠤᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠤ ᠨᠡᠩ ᠰᠠᠢ᠌ᠨ ᠤᠶᠠᠯᠳᠤᠯ᠎ᠢ ᠠᠬᠢᠭᠤᠯᠪᠠ; 《ᠬᠣᠶᠠᠷ ᠥᠴᠦᠬᠡᠨ ᠴᠦ᠍ ᠭᠤᠢᠪᠢᠰᠢ ᠦᠭᠡᠢ》 ᠶ᠋ᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠪᠠ; ᠬᠣᠷᠸ᠎ᠠ ᠠᠵᠤ ᠠᠬᠤᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠨᠡᠩ ᠰᠠᠢᠲᠤᠷ ᠦᠢᠯᠡᠴᠢᠯᠡᠪᠠ ᠁

ᠲᠦᠷᠢᠮ᠎ᠦᠨ ᠱᠢᠨ᠎ᠡ ᠡᠭᠦᠳᠦᠯᠲᠡ᠎ᠪᠡᠷ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ ᠲᠠᠰᠤᠷᠠᠯᠳᠠ ᠦᠭᠡᠢ ᠱᠢᠨ᠎ᠡ ᠦᠷ᠎ᠡ ᠪᠦᠲᠦᠮᠵᠢ ᠣᠯᠵᠤ᠂ 《ᠳᠤᠮᠳᠠᠳᠤ ᠤᠯᠤᠰ᠎ᠤᠨ ᠵᠠᠰᠠᠯᠲᠠ》 ᠶᠠᠭ ᠨᠡᠩ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠍ ᠪᠠᠢᠨ᠎ᠠ᠃

ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ᠎ᠦ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠪᠠ —

ᠪᠠᠷᠰ ᠵᠢᠯ᠎ᠦᠨ ᠠᠩᠬᠠᠳᠠᠬᠴᠢ ᠠᠵᠢᠯᠯᠠᠬᠤ ᠡᠳᠦᠷ᠂ ᠵᠧᠵᠢᠶᠠᠩ ᠮᠤᠵᠢ ᠴᠢᠨᠠᠷ ᠰᠠᠢᠲᠠᠶ ᠬᠥᠭ᠌ᠵᠢᠬᠦᠯᠬᠦ ᠬᠠᠮᠲᠤ᠎ᠪᠠᠷ ᠪᠠᠶᠠᠵᠢᠬᠤ ᠵᠢᠱ᠌ᠢᠶ᠎ᠡ ᠦᠵᠡᠭᠦᠯᠬᠦ᠌ ᠣᠷᠣᠨ᠎ᠤ ᠪᠦᠳᠦᠭᠡᠨ ᠪᠠᠢᠭᠤᠯᠤᠯᠳᠠ ᠵᠢ ᠠᠬᠢᠭᠤᠯᠬᠤ ᠶᠡᠬᠡ ᠬᠤᠷᠠᠯ ᠬᠤᠷᠠᠯᠳᠤᠭᠤᠯᠵᠤ᠂ ᠱᠢᠨ᠎ᠡ ᠨᠢᠭᠡ ᠵᠢᠯ᠎ᠦᠨ《ᠡᠭᠦᠷᠭᠡ᠎ᠶ᠋ᠢᠨ ᠨᠠᠷᠢᠨ ᠲᠠᠩᠰᠠ》 ᠶ᠋ᠢ ᠪᠠᠢᠷᠢᠯᠠᠭᠤᠯᠪᠠ᠃

《ᠤᠯᠤᠰ᠎ᠢ ᠵᠠᠰᠠᠬᠤ ᠶᠣᠰᠣ ᠠᠨᠤ ᠠᠷᠠᠳ᠎ᠢ ᠪᠠᠶᠠᠵᠢᠭᠤᠯᠬᠤ᠎ᠠᠴᠠ ᠡᠬᠢᠯᠡᠳᠡᠭ》᠃ ᠬᠠᠮᠲᠤ᠎ᠪᠠᠷ ᠪᠠᠶᠠᠵᠢᠬᠤ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠮᠥᠨ᠃ ᠤᠳᠤ ᠨᠢᠭᠡᠨᠲᠡ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠲᠡᠦᠬᠡᠨ ᠱᠠᠲᠤᠨ᠎ᠳᠤ ᠣᠷᠣᠭᠠᠳ ᠪᠠᠢᠨ᠎ᠠ᠃

ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠵᠤ᠂ ᠠᠯᠢᠪᠠ ᠪᠦᠬᠦᠨ᠎ᠳᠦ ᠠᠷᠠᠳ ᠲᠦᠮᠡᠨ᠎ᠢ ᠲᠦᠱᠢᠭ᠌ᠯᠡᠨ᠎ᠡ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠡᠴᠡ ᠨᠠᠭᠠᠰᠢ ᠠᠩᠬ᠎ᠠ ᠤᠳᠠᠭ᠎ᠠ ᠲᠣᠭ᠍ᠲᠠᠭ᠍ᠰᠠᠨ ᠬᠤᠭᠤᠴᠠᠭᠠᠨ᠎ᠳᠤ ᠶᠠᠪᠤᠭ᠍ᠳᠠᠭ᠍ᠰᠠᠨ ᠪᠦᠬᠦ᠌ ᠪᠥᠮᠪᠥᠷᠴᠡᠭ᠎ᠦᠨ ᠶᠡᠷᠦᠩᠬᠡᠢᠯᠡᠭ᠌ᠰᠡᠨ ᠴᠢᠨᠠᠷᠲᠠᠢ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠤᠭ᠍ᠰᠠᠨ᠎ᠤ ᠬᠤᠪᠢ᠎ᠳᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠣᠭ᠍ᠲᠠᠭᠤᠨ᠎ᠢᠶᠠᠷ ᠶᠠᠪᠤᠭ᠍ᠳᠠᠬᠰᠡᠨ᠎ᠤ ᠠᠷᠤ᠎ᠳᠤ ᠲᠦᠭ ᠲᠦᠮᠡᠨ ᠬᠥᠮᠦᠨ ᠨᠠᠢᠳᠠ ᠵᠢᠨ ᠲᠦᠯᠦᠭᠡ ᠭᠡᠷ ᠪᠦᠯᠢ᠎ᠪᠡᠨ ᠠᠷᠤ᠎ᠳᠠᠭᠠᠨ ᠬᠠᠶᠠᠵᠤ᠂ ᠤᠯᠠᠨ᠎ᠤ ᠲᠥᠯᠥᠭᠡ ᠵᠢᠳᠬᠦᠭ᠌ᠰᠡᠨ ᠶᠤᠮ᠃

ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠳᠤᠮᠳᠠ᠂ ᠤᠷᠢᠳ ᠬᠣᠵᠢᠳ 300 ᠭᠠᠷᠤᠢ ᠲᠦᠮᠡᠨ ᠨᠢᠭᠡᠳᠦᠭᠡᠷ ᠱᠦᠵᠢ ᠪᠣᠯᠤᠨ ᠲᠣᠰᠭᠣᠨ᠎ᠳᠤ ᠰᠠᠭᠤᠭ᠎ᠠ ᠺᠠᠳ᠋ᠷ ᠡᠮᠦᠨ᠎ᠡ ᠹᠷᠣᠨᠲ᠎ᠲᠤ ᠡᠷᠡᠮᠡᠭᠡᠢᠯᠡᠨ ᠲᠡᠮᠡᠴᠡᠵᠦ᠍᠂ ᠵᠠᠷᠢᠮ ᠨᠢ ᠴᠢᠨᠠᠭ᠍ᠰᠢᠯᠠᠭᠠᠳ ᠲᠠᠮᠠᠴᠡᠵᠤ ᠪᠠᠢᠭ᠎ᠠ ᠭᠠᠵᠠᠷ ᠰᠢᠷᠤᠢ ᠳᠡᠭᠡᠷ᠎ᠡ ᠪᠡᠨ ᠮᠦᠨᠭᠭᠡ ᠨᠤᠢᠷᠰᠤᠪᠡ᠂ 《ᠡᠨᠡ ᠪᠣᠯ ᠳᠤᠮᠳᠠᠳᠤ ᠤᠯᠤᠰ᠎ᠤᠨ ᠬᠦᠴᠦᠨ ᠴᠢᠳᠠᠯ ᠮᠥᠨ》 !

ᠲᠥᠷᠥ᠍ ᠵᠠᠰᠠᠭ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ᠍ ᠵᠠᠰᠠᠭ ᠮᠦᠨ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠠᠷᠠᠳ ᠲᠦᠮᠡᠨ᠎ᠳᠦ ᠴᠢᠩᠭ᠎ᠠ ᠲᠦᠱᠢᠭ᠌ᠯᠡᠨ ᠠᠯᠢ ᠤᠯᠠᠨ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢ ᠤᠯᠠᠨ ᠶᠡᠬᠡ ᠶᠠᠪᠤᠳᠠᠯ᠎ᠢ ᠪᠦᠲᠦᠭᠡᠵᠦ᠍᠂ ᠠᠷᠠᠳ ᠲᠦᠮᠡᠨ᠎ᠳᠦ ᠬᠢᠭ᠌ᠰᠡᠨ ᠲᠥᠪ ᠴᠢᠩᠭ᠎ᠠ ᠠᠮᠠᠯᠠᠯᠲᠠ᠎ᠪᠠᠨ ᠪᠡᠶᠡᠯᠡᠭᠦᠯᠪᠡ᠃

ᠢᠷᠡᠭᠡᠳᠦᠢ᠎ᠳᠦ ᠬᠠᠨᠳᠤᠬᠤᠶ᠎ᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠣᠢᠷᠠᠳᠭᠤ ᠲᠤᠳᠤᠮ᠂ ᠠᠶᠤᠯ ᠲᠦᠭ᠌ᠰᠢᠭᠦᠷᠢ ᠥᠷᠢᠰᠥᠯᠳᠦᠭᠡᠨ᠎ᠢᠶᠡᠷ ᠳᠦᠭᠦᠷᠴᠦ᠍ ᠪᠠᠢᠨ᠎ᠠ᠂ ᠭᠡᠪᠡᠴᠦ᠍ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠂ ᠲᠦᠭ ᠲᠦᠮᠡᠨ ᠠᠷᠠᠳ ᠲᠦᠮᠡᠨ᠎ᠦ ᠪᠦᠯᠭᠦᠮᠳᠡᠯ ᠲᠡᠮᠡᠴᠡᠯ ᠪᠠᠢᠪᠠᠯ ᠬᠤᠷᠢᠬ᠍ᠯᠠᠬ᠍ᠳᠠᠰᠢ ᠦᠭᠡᠢ ᠰᠦᠷ ᠳᠠᠯᠠᠢᠴᠠᠲᠠᠢ ᠬᠦᠴᠦᠨ ᠪᠠᠢᠨ᠎ᠠ ᠭᠡᠳᠡᠭ᠎ᠢ ᠪᠢᠳᠠ ᠢᠳᠡᠭᠡᠵᠤ ᠪᠠᠢᠨ᠎ᠠ᠃

《ᠥᠨᠥᠳᠦᠷ᠂ ᠳᠤᠮᠳᠠᠳᠤ᠎ᠶ᠋ᠢᠨ ᠦᠨᠳᠦᠰᠦᠲᠡᠨ ᠳᠡᠯᠡᠬᠡᠢ ᠳ᠋ᠠᠬᠢᠨ᠎ᠳᠤ ᠴᠡᠴᠡᠭ᠌ᠯᠡᠨ ᠬᠥᠭ᠌ᠵᠢᠭ᠌ᠰᠡᠨ ᠪᠠᠢᠳᠠᠯ᠎ᠢ ᠢᠯᠡᠷᠡᠬᠦᠯᠵᠤ᠂ ᠬᠤᠷᠢᠬ᠍ᠯᠠᠬ᠍ᠳᠠᠰᠢ ᠦᠭᠡᠢ ᠠᠯᠬᠤᠭ᠎ᠠ᠎ᠪᠠᠷ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ ᠪᠠᠢᠨ᠎ᠠ》ᠭᠡᠭᠦ ᠶᠡᠷᠦᠩᠬᠡᠢ ᠱᠦᠵᠢ ᠰᠢ ᠵᠢᠨ ᠫᠢᠩ᠎ᠦᠨ ᠢᠳᠡ ᠬᠦᠴᠦᠲᠡᠢ ᠦᠭᠡ ᠶᠠᠷᠢᠶ᠎ᠠ ᠨᠢ ᠪᠠᠲᠤ ᠢᠲᠡᠭᠡᠯ ᠪᠠ ᠵᠠᠪᠠᠯ ᠢᠯᠠᠬᠤ ᠬᠦᠴᠦᠨ ᠴᠢᠳᠠᠯ᠎ᠢ ᠢᠯᠡᠷᠡᠭᠦᠯᠪᠡ᠃

(ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠰᠢᠶᠸ ᠰᠢ ᠶᠣᠣ ᠸᠧᠶ ᠢᠦᠶ ᠺᠦᠨ ᠯᠢᠦ ᠬᠣᠩ ᠱᠢᠶᠠ ᠰᠦᠨ ᠹᠸᠢ)

( ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 17 ᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面