ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠡᠳᠡᠭᠡᠯᠡᠯ

2022-02-24 09:23:03

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

— 2021 ᠤᠨ ᠳ᠋ᠤ᠂ ᠮᠠᠨ ᠤ᠋ ᠤᠷᠤᠨ ᠪᠦᠲᠦᠮᠵᠢᠳᠠᠢ ᠪᠡᠯᠡ ᠤᠷᠤᠭᠤᠯᠤᠯᠳᠠ ᠶ᠋ᠢ ᠬᠦᠴᠦᠯᠡᠨ ᠦᠷᠭᠡᠳᠭᠡᠵᠤ᠂ 3074 ᠴᠢᠬᠤᠯᠠ ᠶᠡᠭᠡ ᠲᠦᠷᠦᠯ ᠵᠦᠢᠯ ᠢ᠋ ᠬᠡᠷᠡᠭ᠌ᠵᠢᠭᠦᠯᠤᠨ 4658 ᠳ᠋ᠦᠩᠱᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠶ᠋ᠢ ᠪᠡᠶᠡᠯᠡᠭᠦᠯᠵᠤ᠂ ᠠᠵᠤ ᠦᠢᠯᠡᠳᠪᠤᠷᠢ ᠶ᠋ᠢᠨ ᠪᠡᠯᠡ ᠤᠷᠤᠭᠤᠯᠤᠯᠳᠠ ᠪᠠ ᠠᠷᠠᠳ ᠤ᠋ᠨ ᠪᠡᠯᠡ ᠤᠷᠤᠭᠤᠯᠤᠯᠳᠠ ᠲᠤᠰ ᠲᠤᠰ 21.1% ᠪᠠ 14.4% ᠪᠠᠷ ᠨᠡᠮᠡᠭ᠌ᠳᠡᠪᠠ᠃

— 2021 ᠤᠨ ᠳ᠋ᠤ᠂ ᠮᠠᠨ ᠤ᠋ ᠤᠷᠤᠨ ᠤᠯᠠᠨ ᠠᠷᠭ᠎ᠠ ᠬᠡᠮᠵᠢᠶ᠎ᠡ ᠶ᠋ᠢ ᠵᠡᠷᠭᠡ ᠪᠡᠷ ᠬᠡᠷᠡᠭ᠌ᠵᠢᠭᠦᠯᠦᠨ ᠠᠵᠤ ᠠᠬᠤᠢᠯᠠᠯ ᠤ᠋ᠨ ᠬᠦᠴᠢᠷᠳᠡᠯ ᠢ᠋ ᠱᠢᠢᠳᠪᠤᠷᠢᠯᠡᠵᠦ᠍᠂ ᠠᠵᠤ ᠠᠬᠤᠢᠯᠠᠯ ᠤ᠋ᠨ ᠴᠠᠬᠢᠯᠭᠠᠨ ᠬᠡᠷᠡᠭ᠌ᠯᠡᠬᠦ᠌ ᠦᠪᠡᠷ ᠤ᠋ᠨ ᠦᠷᠳᠡᠭ ᠢ᠋ 59 ᠳ᠋ᠦᠩᠱᠢᠭᠤᠷ ᠲᠦᠭᠦᠷᠢᠭ ᠪᠠᠭᠤᠷᠠᠭᠤᠯᠤᠨ᠂ ᠱᠢᠨ᠎ᠠ ᠪᠡᠷ ᠪᠠᠢᠭᠤᠯᠤᠭ᠍ᠳᠠᠭ᠍ᠰᠠᠨ ᠵᠠᠬ᠎ᠠ ᠳᠡᠯᠭᠡᠭᠦᠷ ᠤ᠋ᠨ ᠭᠤᠤᠯ ᠴᠤᠭ᠍ᠴᠠ 38.6 ᠲᠦᠮᠡᠨ ᠡᠷᠦᠬᠡ ᠳ᠋ᠤ ᠬᠦᠷᠴᠤ᠌᠂ ᠠᠵᠤ ᠦᠢᠯᠡᠳᠪᠤᠷᠢ ᠶ᠋ᠢᠨ ᠠᠵᠤ ᠠᠬᠤᠢᠯᠠᠯ ᠤ᠋ᠨ ᠠᠱᠢᠭ ᠤᠯᠵᠠᠪᠤᠷᠢ ᠵᠢᠨ ᠶᠠᠷᠤᠩᠬᠡᠢ ᠬᠡᠮᠵᠢᠶ᠎ᠠ 3000 ᠳ᠋ᠦᠩᠱᠢᠭᠤᠷ ᠲᠦᠭᠦᠷᠢᠭ ᠢ᠋ ᠳᠠᠪᠠᠨ ᠲᠡᠦᠬᠡ ᠶ᠋ᠢᠨ ᠱᠢᠨ᠎ᠠ ᠳᠡᠮᠳᠡᠭ᠌ᠯᠡᠯ ᠢ᠋ ᠡᠭᠦᠳᠪᠠ᠃

— 2021 ᠤᠨ᠎ᠳ᠋ᠤ᠂ ᠮᠠᠨ ᠤ᠋ ᠤᠷᠤᠨ ᠪᠡᠯᠡ ᠮᠦᠩᠬᠦ᠌ ᠶ᠋ᠢ ᠱᠢᠭᠤᠳ ᠪᠠᠭᠤᠯᠭᠠᠬᠤ ᠳᠤᠭ᠍ᠳᠠᠴᠠ ᠶ᠋ᠢ ᠨᠠᠢᠳᠠᠪᠤᠷᠢᠵᠢᠭᠤᠯᠵᠦ᠂ ᠱᠢᠭᠤᠳ ᠪᠠᠭᠤᠯᠭᠠᠭ᠍ᠰᠠᠨ ᠪᠡᠯᠡ ᠮᠦᠩᠬᠦ᠌ ᠵᠢ 758 ᠳ᠋ᠦᠩᠱᠢᠭᠤᠷ ᠲᠦᠭᠦᠷᠢᠭ ᠬᠡᠷᠡᠭᠯᠡᠵᠦ ᠂ ᠪᠤᠳᠠᠳᠤ ᠴᠤᠭ᠍ᠴᠠ ᠶ᠋ᠢᠨ ᠠᠵᠤ ᠠᠬᠤᠢ ᠶ᠋ᠢᠨ ᠬᠦᠭ᠌ᠵᠢᠯᠳᠡ ᠪᠤᠯᠤᠨ ᠦᠨᠳᠤᠰᠤᠨ ᠠᠷᠠᠳ ᠤ᠋ᠨ ᠠᠮᠢᠳᠤᠷᠠᠯ ᠂ ᠦᠨᠳᠦᠰᠤᠨ ᠱᠠᠳᠤᠨ ᠤ᠋ ᠡᠷᠬᠢᠯᠳᠡ ᠶ᠋ᠢ ᠪᠠᠳᠤᠯᠠᠪᠠ᠃

— 2021 ᠤᠨ ᠳ᠋ᠤ᠂ ᠮᠠᠨ ᠤ᠋ ᠤᠷᠤᠨ ᠤ᠋ ᠤᠷᠤᠨ ᠨᠤᠳᠤᠭ ᠤ᠋ᠨ ᠦᠢᠯᠡᠳᠪᠤᠷᠢᠯᠡᠯ ᠤ᠋ᠨ ᠶᠡᠷᠦᠩᠬᠡᠢ ᠦᠷᠳᠡᠭ 2 ᠲᠦᠮᠡᠨ ᠳ᠋ᠦᠩᠱᠢᠭᠤᠷ ᠲᠦᠭᠦᠷᠢᠭ ᠢ᠋ ᠳᠠᠪᠠᠨ 6.3% ᠪᠠᠷ ᠨᠡᠮᠡᠭ᠌ᠳᠡᠵᠤ᠂ ᠳᠤᠭ᠍ᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ 9.8% ᠪᠠᠷ ᠨᠡᠮᠡᠭ᠌ᠳᠡᠨ᠂ ᠡᠩ ᠤ᠋ᠨ ᠤᠯᠠᠨ ᠨᠡᠢᠳᠡ ᠶ᠋ᠢᠨ ᠲᠦᠰᠦᠪ ᠤ᠋ᠨ ᠤᠷᠤᠯᠭ᠎ᠠ 14.6% ᠪᠠᠷ ᠨᠡᠮᠡᠭ᠌ᠳᠡᠪᠠ᠃

᠁

ᠡᠨᠡ ᠪᠤᠯ ᠦᠩᠬᠡᠷᠡᠭᠰᠡᠨ ᠨᠢᠬᠡ ᠵᠢᠯ ᠤ᠋ᠨ ᠲᠤᠷᠰᠢᠬᠢ ᠪᠦᠬᠦ ᠤᠷᠤᠨ ᠤ᠋ ᠠᠵᠤ ᠠᠬᠤᠢ ᠵᠢᠨ ᠬᠦᠭᠵᠢᠯᠳᠡ ᠵᠢᠨ ᠠᠮᠵᠢᠯᠳᠠ ᠪᠦᠳᠦᠮᠵᠢ ᠵᠢᠨ ᠬᠤᠷᠢᠶᠠᠩᠭᠤᠢᠯᠠᠯ᠂ ᠮᠦᠨ ᠴᠦ᠍ ᠤᠢᠷ᠎ᠠ ᠵᠢᠨ ᠵᠢᠯ ᠤ᠋ᠳ ᠤ᠋ᠨ ᠠᠵᠤ ᠠᠬᠤᠢ ᠵᠢᠨ ᠡᠷᠡᠬᠦᠯ ᠲᠤᠭᠳᠠᠭᠤᠨ ᠬᠦᠭᠵᠢᠯᠳᠡ ᠵᠢᠨ ᠰᠠᠭᠤᠷᠢᠨ ᠲᠠᠬᠡᠷᠡᠬᠢ ᠨᠢᠬᠡᠨ ᠠᠬᠢᠯᠳᠠ ᠪᠤᠯᠬᠤ ᠶᠤᠮ᠃ ᠤᠢᠷ᠎ᠠ ᠵᠢᠨ ᠵᠢᠯ ᠳ᠋ᠤ ᠤᠷᠤᠨ ᠲᠠᠶᠠᠭᠠᠷ ᠵᠢᠡᠨ ᠰᠢ ᠶ᠋ᠢᠨ ᠫᠢᠩ ᠨᠦᠬᠦᠷ ᠶ᠋ᠢᠡᠷ ᠭᠤᠤᠯ ᠪᠤᠯᠭᠠᠭ᠍ᠰᠠᠨ ᠨᠠᠮ ᠤ᠋ᠨ ᠲᠦᠪ ᠬᠤᠷᠢᠶᠠᠨ ᠤ᠋ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ ᠤ᠋ᠨ ᠲᠦᠪ ᠬᠤᠷᠢᠶ᠎ᠠ ᠪᠤᠯᠤᠨ ᠲᠦᠷᠦ᠍ ᠶ᠋ᠢᠨ ᠶᠠᠪᠤᠳᠠᠯ ᠤ᠋ᠨ ᠬᠤᠷᠢᠶᠠᠨ ᠤ᠋ ᠱᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠳᠤᠭ᠍ᠳᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ ᠠᠵᠢᠯ ᠤ᠋ᠨ ᠶᠡᠷᠦᠩᠬᠡᠢ ᠬᠦᠭ ᠠᠶᠠᠰ ᠢ᠋ ᠪᠠᠷᠢᠮᠳᠠᠯᠠᠵᠦ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠤ᠋ᠨ ᠬᠦᠭ᠌ᠵᠢᠯᠳᠡ ᠶ᠋ᠢ ᠨᠢᠭᠡᠳᠦᠯᠳᠠᠢ ᠲᠦᠯᠦᠪᠵᠢᠭᠦᠯᠵᠤ ᠂ ᠴᠢᠨᠠᠷ ᠰᠠᠢᠳᠠᠢ ᠬᠦᠭ᠌ᠵᠢᠯᠳᠡ ᠪᠡᠷ ᠭᠤᠤᠯ ᠰᠡᠳᠦᠪ ᠪᠤᠯᠭᠠᠨ᠂ ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ ᠶ᠋ᠢᠨ ᠴᠢᠨᠠᠷᠳᠠᠢ ᠦᠭᠡᠷᠡᠴᠢᠯᠡᠯᠳᠡ ᠶ᠋ᠢ ᠬᠦᠴᠦᠯᠡᠨ ᠭᠦᠨᠵᠡᠭᠡᠢᠷᠡᠭᠦᠯᠵᠦ᠍᠂《ᠬᠤᠶᠠᠷ ᠬᠠᠯᠬᠠᠪᠴᠢ》《ᠬᠤᠶᠠᠷ ᠰᠠᠭᠤᠷᠢᠨ》《ᠨᠢᠬᠡ ᠪᠡᠬᠢᠯᠡᠯᠳᠡ》 ᠵᠢ ᠪᠦᠳᠦᠬᠡᠨ ᠪᠠᠢᠭᠤᠯᠵᠤ᠂ 《ᠠᠷᠪᠠᠨ ᠭᠤᠷᠪᠠᠳᠤᠭᠠᠷ ᠲᠠᠪᠤᠨ ᠵᠢᠯ》ᠢ᠋ ᠭᠠᠨᠵᠤᠭ᠎ᠠ ᠲᠦᠬᠦᠷᠡᠩ ᠦᠳᠡᠨ《ᠠᠷᠪᠡᠨ ᠳᠦᠷᠪᠡᠳᠦᠭᠡᠷ ᠳᠠᠪᠤᠨ ᠵᠢᠯ》 ᠢ᠋ ᠰᠠᠢᠨ ᠰᠠᠢᠬᠠᠨ ᠵᠢᠡᠷ ᠡᠬᠢᠯᠡᠬᠦᠯᠦᠭᠰᠡᠨ ᠪᠠᠢᠨ᠎ᠠ᠃

ᠠᠵᠤ ᠠᠬᠤᠢ ᠶ᠋ᠢᠨ ᠡᠷᠬᠢᠯᠳᠡ ᠳᠤᠭ᠍ᠳᠠᠭᠤᠨ ᠪᠠᠢᠬᠤ ᠶ᠋ᠢ ᠪᠠᠳᠤᠯᠠᠪᠠ᠃ 2021 ᠤᠨ ᠳ᠋ᠤ᠂ ᠪᠦᠬᠦ ᠤᠷᠤᠨ ᠤ᠋ ᠤᠷᠤᠨ ᠨᠤᠳᠤᠭ ᠤ᠋ᠨ ᠦᠢᠯᠡᠳᠪᠤᠷᠢᠯᠡᠯ ᠤ᠋ᠨ ᠶᠡᠷᠦᠩᠬᠡᠢ ᠦᠷᠳᠡᠭ 6.3% ᠪᠡᠷ ᠨᠡᠮᠡᠭᠳᠡᠨ ᠂ ᠲᠤᠭᠳᠠᠭᠤᠨ ᠨᠡᠮᠡᠭᠳᠡᠯ ᠢ᠋ ᠦᠷᠬᠦᠯᠵᠢᠯᠡᠨ ᠪᠠᠳᠤᠯᠠᠵᠤ ᠂ ᠦᠨ᠎ᠡ ᠬᠠᠩᠰᠢ ᠶ᠋ᠢᠨ ᠬᠦᠴᠦᠨ ᠵᠦᠶ᠋ᠯ ᠢ᠋ ᠭᠠᠷᠭᠠᠪᠠᠯ ᠪᠥᠬᠥ᠌ ᠣᠷᠣᠨ ᠤ᠋ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ 7.3% ᠪᠡᠷ ᠨᠡᠮᠡᠭ᠌ᠳᠡᠨ᠂ ᠠᠵᠤ ᠠᠬᠤᠶ ᠶ᠋ᠢᠨ ᠨᠡᠮᠡᠭ᠌ᠳᠡᠯ ᠤ᠋ᠨ ᠬᠤᠷᠳᠤᠴᠠ ᠡᠴᠡ ᠲᠠᠪᠠᠭᠰᠠᠨ ᠪᠠᠢᠨ᠎ᠠ᠃ ᠡᠨᠧᠷᠭᠢ ᠶ᠋ᠢᠨ ᠬᠣᠷᠣᠭ᠍ᠳᠠᠭᠤᠯᠤᠯ ᠤ᠋ᠨ《ᠬᠤᠤᠰ ᠡᠵᠡᠮᠳᠡᠯ》 ᠤ᠋ᠨ ᠬᠤᠪᠢ ᠳ᠋ᠤ᠂ ᠪᠦᠬᠦ ᠤᠷᠤᠨ ᠤ᠋ ᠨᠢᠭᠡᠴᠢ GDP ᠶ᠋ᠢᠨ ᠡᠨᠧᠷᠭᠢ ᠶ᠋ᠢᠨ ᠬᠣᠷᠣᠭ᠍ᠳᠠᠭᠤᠯᠤᠯ ᠦᠷᠬᠦᠯᠵᠢᠯᠡᠨ ᠪᠠᠭᠤᠷᠠᠵᠤ ᠂ ᠡᠨᠧᠷᠭᠢ ᠶ᠋ᠢᠨ ᠬᠣᠷᠣᠭ᠍ᠳᠠᠭᠤᠯᠤᠯ ᠤ᠋ᠨ ᠶᠡᠷᠦᠩᠬᠡᠶ ᠬᠡᠮᠵᠢᠶ᠎ᠡ ᠪᠠ ᠡᠷᠴᠢᠮ ᠢ᠋ ᠡᠵᠡᠮᠳᠡᠬᠦ ᠲᠠᠯ᠎ᠠ ᠪᠡᠷ ᠴᠦᠮ ᠲᠤᠭᠳᠠᠭᠰᠠᠨ ᠬᠠᠷᠠᠯᠳᠠ ᠳ᠋ᠠᠭᠠᠨ ᠬᠦᠷᠴᠠᠢ᠃

ᠠᠵᠤ ᠠᠬᠤᠢ ᠶ᠋ᠢᠨ ᠦᠨᠳᠦᠰᠦᠨ ᠪᠠᠢᠳᠠᠯ ᠤ᠋ᠨ ᠳᠤᠭᠳᠠᠪᠤᠷᠢᠳᠠᠢ ᠪᠠᠢᠬᠤ ᠵᠢ ᠪᠠᠳᠤᠯᠠᠪᠠ᠃ 2021 ᠣᠨ ᠤ᠋ ᠳᠤᠤᠷ᠎ᠠ ᠬᠠᠭᠠᠰ ᠵᠢᠯ ᠡᠴᠡ ᠪᠥᠬᠥ᠌ ᠣᠷᠣᠨ ᠤ᠋ ᠭᠤᠤᠯ ᠪᠣᠯᠬᠤ ᠠᠵᠤ ᠠᠬᠤᠶ ᠶ᠋ᠢᠨ ᠭᠦᠶ᠋ᠴᠡᠳᠭᠡᠯ ᠲᠣᠭ᠎ᠠ ᠶ᠋ᠢᠨ ᠨᠡᠮᠡᠭ᠌ᠳᠡᠯ ᠤ᠋ᠨ ᠬᠤᠷᠳᠤᠴᠠ ᠶ᠋ᠢᠨ ᠪᠥᠬᠥ᠌ ᠤᠯᠤᠰ᠎ᠯᠤᠭ᠎ᠠ ᠶ᠋ᠢᠨ ᠵᠥᠷᠢᠶ᠎ᠡ ᠦᠷᠭᠦᠯᠵᠢᠯᠡᠨ ᠪᠠᠭᠠᠰᠴᠠᠢ᠃ ᠡᠬᠦᠨ ᠳ᠋ᠤ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠤ᠋ᠨ ᠨᠡᠮᠡᠭ᠌ᠳᠡᠯ ᠤ᠋ᠨ ᠬᠤᠷᠳᠤᠴᠠ ᠶ᠋ᠢᠨ ᠪᠥᠬᠥ᠌ ᠤᠯᠤᠰ ᠯᠤᠭ᠎ᠠ ᠶ᠋ᠢᠨ ᠵᠥᠷᠢᠶ᠎ᠡ ᠵᠠᠭᠤᠨ ᠤ᠋ ᠬᠠᠷᠢᠴᠠᠯ ᠵᠢᠡᠷ 2.6 ᠬᠤᠪᠢ ᠪᠡᠷ ᠪᠠᠭᠠᠰᠴᠤ᠂ ᠨᠡᠢᠭᠡᠮ ᠤ᠋ᠨ ᠬᠡᠷᠡᠭ᠌ᠯᠡᠭᠡᠨ ᠤ᠋ ᠵᠦᠢᠯ ᠤ᠋ᠨ ᠵᠢᠵᠢᠭ᠌ᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶᠡᠨ ᠤ᠋ ᠨᠡᠮᠡᠭ᠌ᠳᠡᠯ ᠤ᠋ᠨ ᠬᠤᠷᠳᠤᠴᠠ ᠶ᠋ᠢᠨ ᠪᠥᠬᠥ᠌ ᠤᠯᠤᠰ ᠯᠤᠭ᠎ᠠ ᠶ᠋ᠢᠨ ᠵᠥᠷᠢᠶ᠎ᠡ ᠵᠠᠭᠤᠨ ᠤ᠋ ᠬᠠᠷᠢᠴᠠᠯ ᠵᠢᠡᠷ 2.8 ᠬᠤᠪᠢ ᠪᠡᠷ ᠪᠠᠭᠠᠰᠴᠤ᠂ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ ᠶ᠋ᠢᠨ ᠨᠡᠮᠡᠭ᠌ᠳᠡᠯ ᠤ᠋ᠨ ᠬᠤᠷᠳᠤᠴᠠ 10 ᠰᠠᠷ᠎ᠠ ᠳᠠᠷᠠᠭᠠᠯᠠᠨ ᠪᠥᠬᠥ᠌ ᠤᠯᠤᠰ ᠤ᠋ᠨ ᠳᠤᠮᠳᠠᠴᠢ ᠲᠦᠪᠱᠢᠨ ᠡᠴᠡ ᠳᠠᠪᠠᠭᠰᠠᠨ ᠪᠠᠢᠨ᠎ᠠ᠃ ᠨᠢᠳᠤᠨᠤᠨ ᠡᠴᠡ ᠨᠠᠭᠠᠰᠢ ᠲᠦᠭᠦᠬᠡᠶ ᠮᠠᠲ᠋ᠧᠷᠢᠶᠠᠯ ᠤ᠋ᠨ ᠦᠨ᠎ᠡ ᠬᠠᠩᠰᠢ ᠢᠯᠡᠳᠳᠡ ᠦᠰᠦᠭᠰᠡᠨ ᠠᠬᠤᠢ ᠪᠠᠢᠳᠠᠯ ᠲᠤᠤᠷ᠎ᠠ᠂ ᠮᠠᠨ ᠤ᠋ ᠤᠷᠤᠨ ᠬᠠᠩᠭᠠᠯᠭ᠎ᠠ ᠶ᠋ᠢ ᠪᠠᠲᠤᠯᠠᠵᠤ ᠦᠨ᠎ᠡ ᠬᠠᠩᠰᠢ ᠶ᠋ᠢ ᠲᠣᠭ᠍ᠲᠠᠪᠤᠷᠢᠵᠢᠭᠤᠯᠬᠤ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠶ᠋ᠢ ᠡᠷᠡᠰ ᠨᠠᠢᠳᠠᠪᠤᠷᠢᠵᠢᠭᠤᠯᠵᠤ᠂ ᠪᠦᠬᠦ ᠤᠷᠤᠨ ᠤ᠋ ᠨᠡᠭᠦᠷᠡᠰᠦᠨ ᠤ᠋ ᠭᠠᠷᠤᠯᠲᠠ 5 ᠰᠠᠷ᠎ᠠ ᠳᠠᠷᠠᠭᠠᠯᠠᠨ 8000 ᠲᠦᠮᠡᠨ ᠲᠣᠨ ᠢ᠋ ᠳᠠᠪᠠᠨ᠂ ᠬᠡᠪᠴᠢᠶᠡᠵᠢᠯ ᠡᠴᠡ ᠳᠡᠭᠡᠭ᠌ᠰᠢᠬᠢ ᠠᠵᠤ ᠦᠢᠯᠡᠳᠪᠦᠷᠢ ᠶ᠋ᠢᠨ ᠵᠢᠯ ᠤ᠋ᠨ ᠨᠡᠭᠦᠷᠡᠰᠦᠨ ᠤ᠋ ᠭᠠᠷᠤᠯᠲᠠ ᠪᠣᠯᠤᠨ ᠴᠠᠬᠢᠯᠭᠠᠨ ᠭᠠᠷᠭᠠᠬᠤ ᠬᠡᠮᠵᠢᠶ᠎ᠡ ᠴᠥᠮ ᠪᠦᠬᠦ᠌ ᠤᠯᠤᠰ ᠤ᠋ᠨ ᠬᠣᠶᠠᠳᠤᠭᠠᠷ᠎ᠲᠤ ᠣᠷᠣᠪᠠ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠤ᠋ᠨ ᠬᠦᠨᠳᠤ ᠨᠤᠴᠢᠳᠠᠢ ᠨᠦᠯᠦᠬᠡ ᠳ᠋ᠤ ᠤᠴᠠᠷᠠᠭᠰᠠᠨ ᠪᠤᠯᠪᠠᠴᠦ ᠂ ᠤᠢᠷ᠎ᠠ ᠵᠢᠨ ᠬᠤᠶᠠᠷ ᠵᠢᠯ ᠳ᠋ᠤ ᠮᠠᠨ ᠤ᠋ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ᠂ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ᠂ ᠨᠡᠢᠭᠡᠮ ᠤ᠋ᠨ ᠬᠡᠷᠡᠭ᠌ᠯᠡᠭᠡᠨ ᠤ᠋ ᠵᠦᠶ᠋ᠯ ᠤ᠋ᠨ ᠵᠢᠵᠢᠭ᠌ᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠠ ᠴᠥᠮ ᠡᠶᠡᠷᠭᠦ᠌ ᠨᠡᠮᠡᠭ᠌ᠳᠡᠯ ᠢ᠋ ᠪᠡᠶᠡᠯᠡᠭᠦᠯᠦᠭᠰᠡᠨ ᠠᠵᠢ᠃ ᠢᠯᠠᠩᠭᠤᠶ᠎ᠠ ᠪᠦᠬᠦ᠌ ᠤᠯᠤᠰ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠣᠯᠤᠭ᠍ᠰᠠᠨ ᠤ᠋ ᠬᠤᠪᠢ ᠳ᠋ᠤ ᠂ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠶ᠋ᠢ ᠪᠠᠲᠤᠯᠠᠵᠤ᠂ ᠮᠡᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠲᠠ ᠶ᠋ᠢ ᠨᠡᠮᠡᠭᠳᠡᠭᠦᠯᠬᠦ》 ᠪᠠᠢᠯᠳᠤᠬᠤ ᠪᠤᠳᠤᠯᠭ᠎ᠠ ᠪᠤᠯᠤᠨ ᠮᠠᠯ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠲᠦᠷᠦ ᠵᠢᠨ ᠪᠤᠳᠤᠯᠭ᠎ᠠ ᠵᠢᠨ ᠦᠢᠯᠡᠳᠦᠯ ᠢ᠋ ᠦᠷᠭᠦᠯᠵᠢᠯᠡᠨ ᠪᠠᠳᠠᠷᠠᠭᠤᠯᠵᠤ᠂ ᠵᠢᠯ ᠤ᠋ᠨ ᠠᠮᠤ ᠪᠤᠳᠠᠭᠠᠨ ᠤ᠋ ᠶᠡᠷᠦᠩᠬᠡᠢ ᠤᠨᠠᠯᠲᠠ 768 ᠳ᠋ᠦᠩᠱᠢᠭᠤᠷ ᠵᠢᠩ ᠢ᠋ ᠲᠠᠪᠠᠨ ᠮᠠᠯ ᠠᠵᠤ ᠠᠬᠤᠢ ᠵᠢᠨ ᠦᠢᠯᠡᠳᠭᠦᠨ ᠤ᠋ ᠦᠷᠳᠡᠭ 1755 ᠳ᠋ᠦᠩᠰᠢᠭᠤᠷ ᠲᠦᠭᠦᠷᠢᠭ ᠢ᠋ ᠲᠠᠪᠠᠵᠤ᠂ ᠠᠮᠤ ᠪᠤᠳᠠᠭ᠎ᠠ 18 ᠵᠢᠯ ᠲᠠᠷᠠᠭᠠᠯᠠᠨ ᠡᠯᠪᠡᠭ ᠬᠤᠷᠢᠶᠠᠯᠳᠠ ᠤᠯᠵᠤ᠂ ᠮᠠᠯ ᠠᠵᠤ ᠠᠬᠤᠢ ᠵᠢᠨ ᠦᠢᠯᠡᠳᠪᠦᠷᠢᠯᠡᠯ 17 ᠵᠢᠯ ᠳᠠᠷᠠᠭᠠᠯᠠᠨ ᠲᠣᠭᠲᠠᠭᠤᠨ ᠦᠰᠦᠯᠳᠡ ᠵᠢ ᠪᠠᠳᠤᠯᠠᠭᠰᠠᠨ ᠠᠵᠢ᠃

ᠴᠢᠨᠠᠷ ᠰᠠᠢᠳᠠᠢ ᠬᠦᠭ᠌ᠵᠢᠯᠳᠡ ᠵᠢᠨ ᠠᠬᠢᠯᠳᠠ ᠵᠢ ᠪᠠᠳᠤᠯᠠᠪᠠ᠃ ᠭᠠᠢᠯᠢ ᠶ᠋ᠢ ᠬᠥᠩᠭᠡᠷᠡᠭᠦᠯᠵᠦ ᠰᠦᠶ᠋ᠳᠭᠡᠯ ᠢ᠋ ᠪᠠᠭᠤᠷᠠᠭᠤᠯᠬᠤ᠂ ᠠᠵᠤ ᠠᠬᠤᠢᠯᠠᠯ ᠤ᠋ᠨ ᠬᠦᠴᠢᠷᠳᠡᠯ ᠢ᠋ ᠱᠢᠶ᠋ᠳᠪᠦᠷᠢᠯᠡᠬᠦ᠌ ᠵᠡᠷᠭᠡ ᠲᠥᠷᠥ ᠶ᠋ᠢᠨ ᠪᠣᠳᠣᠯᠭ᠎ᠠ ᠶ᠋ᠢᠨ ᠦᠷ᠎ᠡ ᠪᠦᠲᠦᠮᠵᠢ ᠠᠭᠠᠵᠢᠮ ᠵᠢᠡᠷ ᠢᠯᠡᠷᠡᠵᠤ ᠂ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠠᠬᠤᠢᠯᠠᠯ ᠤ᠋ᠨ ᠠᠱᠢᠭ ᠤᠷᠤᠯᠭ᠎ᠠ ᠢᠯᠡᠳᠲᠡ ᠰᠠᠢᠵᠢᠷᠠᠵᠠᠢ᠃ 2021 ᠣᠨ ᠤ᠋ ᠲᠦᠷᠦᠭᠦᠦ 11 ᠰᠠᠷ᠎ᠠ ᠳ᠋ᠤ᠂ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠡᠵᠡᠩᠨᠡᠯᠲᠡ ᠶ᠋ᠢᠨ ᠤᠷᠤᠯᠭ᠎ᠠ 2020 ᠤᠨ ᠤ᠋ ᠠᠳᠠᠯᠢ ᠬᠤᠭᠤᠴᠠᠭᠠᠨ ᠤ᠋ ᠬᠢ ᠡᠴᠡ 1.6 ᠳᠠᠬᠢᠨ ᠨᠡᠮᠡᠭ᠌ᠳᠡᠭᠰᠡᠨ ᠪᠠᠢᠨ᠎ᠠ᠃ ᠡᠨᠧᠷᠭᠢ ᠶ᠋ᠢᠨ ᠬᠣᠷᠣᠭ᠍ᠳᠠᠭᠤᠯᠤᠯ ᠤ᠋ᠨ《ᠬᠤᠤᠰ ᠡᠵᠡᠮᠳᠡᠯ》ᠤ᠋ᠨ ᠬᠢᠵᠠᠭᠠᠷᠯᠠᠯ ᠢ᠋ ᠴᠢᠩᠭᠠᠳᠭᠠᠨ᠂ ᠪᠤᠬᠢᠷᠳᠦᠭᠤᠯᠤᠯ ᠶᠡᠬᠡᠲᠡᠶ ᠡᠨᠧᠷᠭᠢ ᠶ᠋ᠢᠨ ᠬᠣᠷᠣᠭ᠍ᠳᠠᠭᠤᠯᠤᠯ ᠶᠡᠬᠡᠲᠡᠶ ᠲᠥᠷᠥᠯ ᠵᠦᠶ᠋ᠯ ᠢ᠋ ᠰᠣᠬᠣᠷ ᠪᠠᠯᠠᠶ ᠪᠡᠷ ᠬᠥᠭ᠌ᠵᠢᠭᠦᠯᠬᠦ᠌ ᠶ᠋ᠢ ᠴᠢᠩᠭ᠎ᠠ ᠬᠣᠷᠢᠭ᠍ᠯᠠᠵᠤ᠂ ᠪᠥᠬᠥ᠌ ᠣᠷᠣᠨ ᠤ᠋ ᠡᠨᠧᠷᠭᠢ ᠶ᠋ᠢᠨ ᠬᠣᠷᠣᠭ᠍ᠳᠠᠭᠤᠯᠤᠯ ᠶᠡᠬᠡᠲᠡᠶ ᠵᠢᠷᠭᠤᠭᠠᠨ ᠶᠡᠬᠡ ᠠᠵᠤ ᠦᠶ᠋ᠯᠡᠰ ᠤ᠋ᠨ ᠨᠡᠮᠡᠭ᠌ᠳᠡᠯ ᠥᠷᠲᠡᠭ ᠤ᠋ᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠲᠡᠬᠢ ᠡᠵᠡᠯᠡᠬᠦ᠌ ᠬᠠᠷᠢᠴᠠᠯ ᠲᠠᠰᠤᠷᠠᠯᠳᠠ ᠦᠬᠡᠢ ᠪᠠᠭᠤᠷᠠᠵᠤ᠂ ᠣᠢᠷ᠎ᠠ ᠶ᠋ᠢᠨ 3 ᠵᠢᠯ ᠤ᠋ᠨ ᠲᠤᠷᠰᠢ ᠠᠩᠬ᠎ᠠ ᠤᠳᠠᠭ᠎ᠠ 40% ᠡᠴᠡ ᠳᠤᠤᠷ᠎ᠠ ᠪᠤᠯᠵᠠᠢ᠃《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠶ᠋ᠢᠡᠷ ᠥᠪᠥᠷ ᠮᠣᠩᠭᠣᠯ ᠶ᠋ᠢᠡᠨ ᠮᠠᠨᠳᠤᠭᠤᠯᠬᠤ 》 ᠠᠵᠢᠯᠯᠠᠭ᠎ᠠ ᠶ᠋ᠢ ᠭᠦᠨᠵᠡᠭᠡᠶ ᠬᠡᠷᠡᠭ᠌ᠵᠢᠭᠦᠯᠵᠦ᠍᠂ ᠲᠣᠭ᠍ᠲᠠᠴᠠ ᠶ᠋ᠢᠨ ᠲᠠᠯ᠎ᠠ ᠪᠡᠷ ᠲᠥᠯᠥᠪᠵᠢᠭᠦᠯᠤᠨ ᠲᠥᠷᠥ ᠶ᠋ᠢᠨ ᠪᠣᠳᠣᠯᠭ᠎ᠠ ᠶ᠋ᠢᠨ ᠲᠠᠯ᠎ᠠ ᠪᠡᠷ ᠬᠦᠴᠦᠯᠡᠵᠦ᠍᠂ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ ᠵᠠᠷᠤᠳᠠᠯ ᠤᠯᠠᠮ ᠡᠴᠡ ᠤᠯᠠᠮ ᠨᠡᠮᠡᠭᠳᠡᠵᠤ ᠂ ᠨᠢᠳᠤᠨᠤᠨ ᠤ᠋ ᠲᠦᠷᠦᠬᠦᠤ 11 ᠰᠠᠷ᠎ᠠ ᠳ᠋ᠤ 81.3% ᠪᠡᠷ ᠨᠡᠮᠡᠭ᠌ᠳᠡᠪᠠ᠃ ᠡᠬᠦᠨ ᠤ᠋ ᠬᠠᠮᠳᠤ ᠪᠥᠬᠥ᠌ ᠣᠷᠣᠨ ᠤ᠋ ᠠᠵᠤ ᠦᠶ᠋ᠯᠡᠳᠪᠦᠷᠢ ᠶ᠋ᠢᠨ ᠪᠠᠢᠯᠳᠤᠬᠤ ᠪᠣᠳᠣᠯᠭ᠎ᠠ ᠶ᠋ᠢᠨ ᠴᠢᠨᠠᠷᠲᠠᠶ ᠱᠢᠨ᠎ᠡ ᠪᠡᠷ ᠮᠠᠨᠳᠤᠭᠰᠠᠨ ᠠᠵᠤ ᠦᠶ᠋ᠯᠡᠰ ᠢᠳᠡᠷᠡᠬᠦᠨ ᠵᠢᠡᠷ ᠬᠦᠭᠵᠢᠵᠤ᠂ ᠬᠣᠶᠠᠷ ᠣᠷᠣᠨᠲᠤ ᠲᠣᠭ᠎ᠠ ᠪᠡᠷ ᠨᠡᠮᠡᠭ᠌ᠳᠡᠵᠤ ᠡᠬᠢᠯᠡᠭᠰᠡᠨ ᠪᠠᠢᠨ᠎ᠠ ᠃

ᠲᠦᠷᠦᠭᠦᠬᠡᠨ ᠬᠦᠬᠡᠬᠤᠳᠠ ᠵᠢᠨ ᠬᠡᠰᠡᠭ ᠬᠦᠮᠦᠰ ᠰᠢᠨ᠎ᠠ ᠵᠢᠯ ᠤ᠋ᠨ ᠬᠦᠰᠡᠯ ᠪᠤᠳᠤᠯ ᠤ᠋ᠨ ᠲᠤᠬᠠᠢ ᠰᠤᠷᠪᠤᠯᠵᠢᠯᠠᠭ᠎ᠠ ᠬᠦᠯᠢᠶᠡᠬᠦ᠎ᠳ᠋ᠡᠭᠡᠨ᠌《ᠦᠪᠡᠷ ᠵᠢᠡᠨ ᠦᠢᠯᠡᠰ ᠪᠤᠰᠬᠠᠶ᠎ᠠ ᠭᠡᠵᠦ ᠪᠤᠳᠤᠵᠤ ᠪᠠᠢᠨ᠎ᠠ》᠂《ᠰᠢᠨ᠎ᠠ ᠠᠰᠠᠷ ᠠᠪᠤᠶ᠎ᠠ ᠭᠡᠵᠦ ᠪᠤᠳᠤᠵᠤ ᠪᠠᠢᠨ᠎ᠠ》ᠭᠡᠬᠦ ᠮᠡᠳᠦ ᠪᠡᠷ ᠬᠠᠷᠢᠭᠤᠯᠵᠤ ᠪᠠᠢᠯ᠎ᠠ᠃ ᠡᠨᠡ ᠪᠤᠯ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠰᠠᠢᠵᠢᠷᠠᠭᠰᠠᠨ ᠤ᠋ ᠲᠤᠰᠬᠠᠯ᠂ ᠠᠵᠤ ᠠᠬᠤᠢ ᠡᠷᠡᠬᠦᠯ ᠲᠤᠭᠳᠠᠭᠤᠨ ᠵᠢᠡᠷ ᠬᠦᠭᠵᠢᠭᠰᠡᠨ ᠤ᠋ ᠬᠦᠷᠳᠡᠬᠡᠯ᠂ ᠠᠷᠠᠳ ᠤᠯᠠᠨ ᠤ᠋ ᠠᠰᠢᠭ ᠤᠷᠤᠯᠭ᠎ᠠ ᠨᠡᠮᠡᠭᠳᠡᠭᠰᠠᠨ ᠤ᠋ ᠪᠠᠶᠠᠰᠤᠯ ᠪᠤᠯᠬᠤ ᠶᠤᠮ᠃ ᠡᠨᠡ ᠵᠢᠯ ᠤ᠋ᠨ 2 ᠰᠠᠷ᠎ᠠ ᠵᠢᠨ 7 ᠤ᠋ ᠡᠳᠦᠷ ᠲᠦ᠍ ᠪᠦᠬᠦ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠶᠡᠬᠡ ᠬᠤᠷᠠᠯ ᠬᠤᠷᠠᠯᠳᠤᠵᠤ ᠂ 2 ᠰᠠᠷ᠎ᠠ ᠵᠢᠨ 21 ᠤ᠋ ᠡᠳᠤᠷ ᠲᠦ᠍ ᠪᠦᠬᠦ ᠤᠷᠤᠨ ᠤ᠋ ᠠᠵᠤ ᠦᠢᠯᠡᠳᠪᠤᠷᠢ ᠵᠢᠨ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢᠨ ᠶᠡᠬᠡ ᠬᠤᠷᠠᠯ ᠬᠤᠷᠠᠯᠳᠤᠵᠤ ᠂ ᠪᠦᠬᠦ ᠤᠷᠤᠨ ᠤ᠋ ᠠᠵᠤ ᠠᠬᠤᠢ ᠵᠢᠨ ᠬᠦᠭᠵᠢᠯᠳᠡ ᠵᠢᠨ ᠦᠨᠳᠦᠰᠦᠨ ᠨᠦᠬᠦᠴᠡᠯ ᠪᠠ ᠭᠤᠤᠯ ᠲᠤᠯᠭᠠᠭᠤᠷᠢ ᠵᠢᠨ ᠲᠤᠬᠠᠢ ᠪᠦᠬᠦ ᠲᠠᠯ᠎ᠠ ᠵᠢᠨ ᠪᠠᠢᠷᠢᠯᠠᠭᠤᠯᠤᠯᠳᠠ ᠬᠢᠵᠠᠢ᠃ ᠮᠠᠨ ᠤ᠋ ᠤᠷᠤᠨ ᠤ᠋ ᠠᠵᠤ ᠠᠬᠤᠢ ᠨᠡᠩ ᠡᠷᠡᠬᠦᠯ ᠳᠤᠭᠳᠠᠭᠤᠨ ᠵᠢᠡᠷ ᠬᠦᠭᠵᠢᠵᠤ᠂ ᠠᠷᠠᠳ ᠤᠯᠠᠨ ᠳ᠋ᠤ ᠨᠡᠩ ᠤᠯᠠᠨ ᠪᠤᠶᠠᠨ ᠦᠢᠯᠡᠳᠬᠦ ᠨᠢ ᠯᠠᠪᠳᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面