2022-02-28 09:29:46
ᠦᠩᠬᠡᠷᠡᠭᠰᠡᠨ ᠳ᠋ᠤ ᠦᠪᠤᠷ ᠮᠤᠩᠭᠤᠯ ᠤ᠋ᠨ ᠮᠠᠯ ᠲᠠᠷᠢᠶ᠎ᠠ ᠬᠡᠭᠰᠡᠬᠡᠷ ᠮᠠᠯᠴᠢᠳ ᠮᠤᠷᠢ ᠪᠠᠨ ᠤᠨᠤᠭᠠᠳ ᠬᠡᠬᠡᠷ᠎ᠠ ᠲᠠᠯ᠎ᠠ ᠪᠡᠷ ᠮᠠᠯ ᠰᠦᠷᠦᠭ ᠵᠢᠡᠨ ᠲᠠᠭᠠᠵᠤ᠂ ᠲᠠᠷᠢᠶᠠᠴᠢᠳ ᠬᠠᠯᠠᠭᠤᠨ ᠨᠠᠷᠠᠨ ᠳ᠋ᠤ ᠬᠦᠯᠦᠰᠤ ᠪᠠᠨ ᠭᠤᠭᠤᠵᠢᠭᠤᠯᠤᠨ ᠲᠠᠷᠢᠶ᠎ᠠ ᠲᠦᠮᠦᠰᠤ ᠪᠠᠨ ᠠᠷᠠᠴᠢᠯᠠᠵᠤ ᠪᠠᠢᠭᠰᠠᠨ ᠶᠤᠮ᠃ ᠤᠳᠤ ᠪᠤᠯᠬᠤ ᠳ᠋ᠤ ᠭᠠᠷ ᠤᠳᠠᠰᠤ ᠪᠡᠷ ᠮᠠᠯ ᠰᠦᠷᠦᠭ ᠵᠢᠡᠨ ᠬᠠᠷᠢᠭᠤᠯᠬᠤ᠂ GPS ᠶ᠋ᠢᠡᠷ ᠲᠠᠷᠢᠶ᠎ᠠ ᠲᠦᠮᠦᠰᠤ ᠪᠠᠨ ᠲᠠᠷᠢᠬᠤ᠂ ᠢᠨᠲᠧᠷ ᠰᠦᠯᠵᠢᠶ᠎ᠠ ᠪᠡᠷ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠶ᠋ᠢᠡᠨ ᠪᠤᠷᠤᠯᠠᠭᠤᠯᠬᠤ ᠨᠢ ᠨᠢᠭᠡᠨᠳᠡ ᠮᠠᠨ ᠤ᠋ ᠤᠷᠤᠨ ᠤ᠋ ᠮᠠᠯᠴᠢᠨ ᠲᠠᠷᠢᠶᠠᠴᠢᠨ ᠤ᠋ ᠮᠠᠯᠵᠢᠬᠤ ᠲᠠᠷᠢᠶᠠᠯᠠᠬᠤ ᠦᠢᠯᠡᠳᠪᠤᠷᠢᠯᠡᠯ ᠤ᠋ᠨ ᠰᠢᠨ᠎ᠠ ᠠᠷᠭ᠎ᠠ ᠬᠡᠯᠪᠡᠷᠢ ᠪᠤᠯᠤᠭᠰᠠᠨ ᠪᠠᠢᠨ᠎ᠠ᠃
ᠦᠩᠭᠡᠷᠡᠭᠰᠡᠨ ᠳ᠋ᠤ ᠦᠪᠦᠷ ᠮᠤᠩᠭᠤᠯ ᠤ᠋ᠨ ᠠᠵᠤ ᠦᠢᠯᠡᠳᠪᠤᠷᠢ ᠬᠡᠭᠰᠡᠬᠡᠷ ᠡᠩ ᠲᠡᠷᠢᠭᠦᠨ ᠳ᠋ᠤ ᠨᠡᠭᠦᠷᠡᠰᠦ ᠶ᠋ᠢ ᠯᠡ ᠪᠤᠳᠤᠵᠤ ᠤᠯᠳᠠᠭ᠃ ᠤᠳᠤ ᠪᠤᠯᠬᠤ ᠳ᠋ᠤ ᠰᠢᠨ᠎ᠠ ᠡᠨᠧᠷᠬᠢ᠂ ᠰᠢᠨ᠎ᠠ ᠮᠠᠲᠧᠷᠢᠶᠠᠯ᠂ ᠲᠡᠷᠢᠭᠦᠨ ᠤ᠋ ᠲᠤᠨᠤᠭᠯᠠᠯ᠂ ᠲᠤᠮᠤ ᠳ᠋ᠠᠢᠲ᠋ᠠ᠂ ᠡᠭᠦᠯᠡᠨ ᠪᠤᠳᠤᠯᠳᠠ᠂ ᠠᠮᠢᠳᠤ ᠪᠤᠳᠠᠰ ᠤ᠋ᠨ ᠠᠵᠤ ᠦᠢᠯᠡᠰ ᠬᠡᠬᠦᠴᠢᠯᠡᠨ ᠠᠯᠢ ᠤᠯᠠᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠪᠦᠬᠦ ᠤᠷᠤᠨ ᠤ᠋ ᠡᠯ᠎ᠠ ᠭᠠᠵᠠᠷ ᠲᠦ᠍ ᠬᠦᠷ ᠭᠦᠭᠵᠢᠶᠡᠨ ᠲᠠᠢ ᠶᠠᠪᠤᠭᠳᠠᠵᠤ᠂ ᠮᠠᠨ ᠤ᠋ ᠤᠷᠤᠨ ᠤ᠋ ᠦᠢᠯᠡᠳᠬᠦ ᠦᠢᠯᠡᠰ᠂ ᠢᠯᠠᠩᠭᠤᠶ᠎ᠠ ᠤᠳᠤ ᠦᠶ᠎ᠠ ᠶ᠋ᠢᠨ ᠦᠢᠯᠡᠳᠬᠦ ᠦᠢᠯᠡᠰ ᠦᠷᠨᠢᠭᠦᠨ ᠬᠦᠭᠵᠢᠯᠳᠡ ᠶ᠋ᠢᠨ ᠰᠢᠨ᠎ᠠ ᠴᠠᠭ ᠦᠶ᠎ᠠ ᠳ᠋ᠤ ᠤᠷᠤᠪᠠ᠃
ᠦᠩᠭᠡᠷᠡᠭᠰᠡᠨ ᠳ᠋ᠤ ᠦᠪᠤᠷ ᠮᠤᠩᠭᠤᠯ ᠤ᠋ᠨ ᠦᠢᠯᠡᠴᠢᠯᠡᠭᠡᠨ ᠤ᠋ ᠦᠢᠯᠡᠰ ᠨᠢ ᠢᠳᠡᠭᠡᠨ ᠤᠮᠳᠠᠭᠠᠨ᠂ ᠵᠠᠮ ᠳᠡᠭᠡᠭᠡᠪᠤᠷᠢ᠂ ᠬᠤᠳᠠᠯᠳᠤᠭ᠎ᠠ ᠵᠡᠷᠭᠡ ᠤᠯᠠᠮᠵᠢᠯᠠᠯᠳᠦ ᠦᠢᠯᠡᠴᠢᠯᠡᠭᠡᠨ ᠤ᠋ ᠦᠢᠯᠡᠰ ᠶ᠋ᠢᠡᠷ ᠭᠤᠤᠯᠯᠠᠵᠤ᠂ ᠤᠳᠤ ᠪᠤᠯᠬᠤ ᠳ᠋ᠤ ᠮᠡᠳᠡᠭᠡ ᠵᠠᠩᠬᠢ ᠶ᠋ᠢᠨ ᠦᠢᠯᠡᠴᠢᠯᠡᠭᠡ᠂ ᠺᠤᠮᠫᠢᠦ᠋ᠲ᠋ᠧᠷ ᠰᠤᠹᠲ᠂ ᠤᠳᠤ ᠦᠶ᠎ᠠ ᠶ᠋ᠢᠨ ᠡᠳ᠋ ᠪᠠᠷᠠᠭᠠᠨ ᠤ᠋ ᠭᠦᠢᠯᠭᠡᠭᠡ ᠵᠡᠷᠭᠡ ᠤᠳᠤ ᠦᠶ᠎ᠠ ᠶ᠋ᠢᠨ ᠦᠢᠯᠡᠴᠢᠯᠡᠭᠡᠨ ᠤ᠋ ᠦᠢᠯᠡᠰ ᠰᠠᠢᠨ ᠰᠠᠢᠬᠠᠨ ᠬᠦᠭᠵᠢᠯᠳᠡ ᠲᠠᠢ ᠪᠤᠯᠵᠤ᠂ ᠨᠢᠬᠡᠨᠳᠡ ᠮᠠᠨ ᠤ᠋ ᠤᠷᠤᠨ ᠤ᠋ ᠠᠵᠤ ᠠᠬᠤᠢ ᠶ᠋ᠢᠨ ᠬᠦᠭᠵᠢᠯᠳᠡ ᠶ᠋ᠢᠨ ᠴᠢᠬᠤᠯᠠ ᠠᠬᠢᠭᠤᠯᠬᠤ ᠬᠦᠴᠦᠨ ᠪᠤᠯᠵᠠᠢ᠃
᠁
2018 ᠤᠨ ᠤ᠋ 3 ᠰᠠᠷ᠎ᠠ ᠳ᠋ᠤ ᠬᠤᠷᠠᠯᠳᠤᠭᠰᠠᠨ ᠪᠦᠬᠦ ᠤᠯᠤᠰ ᠤ᠋ᠨ ᠬᠤᠶᠠᠷ ᠬᠤᠷᠠᠯ ᠳ᠋ᠤ᠂ ᠶᠡᠷᠦᠩᠬᠡᠢ ᠱᠦᠵᠢ ᠰᠢ ᠵᠢᠨ ᠫᠢᠩ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠡᠨ ᠵᠦᠪᠯᠡᠬᠦ ᠳ᠋ᠤ ᠤᠷᠤᠯᠴᠠᠬᠤ ᠳ᠋ᠠᠭᠠᠨ᠂ 《ᠮᠠᠨ ᠤ᠋ ᠤᠯᠤᠰ ᠤ᠋ᠨ ᠠᠵᠤ ᠠᠬᠤᠢ ᠨᠢᠭᠡᠨᠳᠡ ᠲᠦᠷᠭᠡᠨ ᠨᠡᠮᠡᠭᠳᠡᠯ ᠤ᠋ᠨ ᠱᠠᠳᠤᠨ ᠡᠴᠡ ᠴᠢᠨᠠᠷ ᠰᠠᠢᠳᠠᠢ ᠬᠦᠭᠵᠢᠯᠳᠡ ᠶ᠋ᠢᠨ ᠱᠠᠳᠤᠨ ᠳ᠋ᠤ ᠰᠢᠯᠵᠢᠪᠡ᠃ ᠤᠳᠤ ᠮᠠᠨ ᠤ᠋ ᠤᠯᠤᠰ ᠤ᠋ᠨ ᠠᠵᠤ ᠠᠬᠤᠢ ᠶ᠋ᠢᠨ ᠪᠦᠲᠦᠴᠡ ᠳ᠋ᠤ ᠴᠢᠬᠤᠯᠠ ᠶᠡᠬᠡ ᠬᠤᠪᠢᠷᠠᠯᠳᠠ ᠭᠠᠷᠴᠤ᠂ ᠰᠠᠭᠤᠭᠠᠯᠢ ᠠᠷᠠᠳ ᠤ᠋ᠨ ᠬᠡᠷᠡᠭᠯᠡᠭᠡ ᠲᠦᠷᠭᠡᠰᠦᠨ ᠳᠡᠰ ᠳᠡᠪᠰᠢᠵᠤ᠂ ᠰᠢᠨ᠎ᠠ ᠶ᠋ᠢ ᠡᠭᠦᠳᠬᠦ ᠠᠵᠢᠯ ᠬᠦᠭᠵᠢᠯᠳᠠᠢ ᠬᠤᠭᠤᠴᠠᠭᠠᠨ ᠳ᠋ᠤ ᠤᠷᠤᠵᠠᠢ᠂ ᠬᠡᠷᠪᠡ ᠰᠡᠳᠬᠢᠬᠦᠢ ᠶ᠋ᠢᠨ ᠠᠷᠭ᠎ᠠ ᠬᠡᠯᠪᠡᠷᠢ ᠮᠦᠨᠬᠦ ᠦᠩᠭᠡᠷᠡᠭᠰᠡᠨ ᠤ᠋ ᠬᠠᠭᠤᠴᠢᠨ ᠬᠡᠪᠰᠢᠯ ᠳ᠋ᠡᠭᠡᠨ ᠪᠠᠢᠭᠠᠳ ᠪᠠᠢᠪᠠᠯ ᠭᠠᠷᠬᠤ ᠵᠠᠮ ᠤᠯᠬᠤ ᠳ᠋ᠤ ᠬᠦᠴᠢᠷ ᠮᠦᠷᠳᠡᠭᠡᠨ ᠬᠠᠷᠠᠵᠤ ᠪᠠᠢᠭᠠᠳ ᠰᠠᠢᠨ ᠠᠵᠠ ᠵᠠᠪᠰᠢᠶᠠᠨ ᠢ᠋ ᠴᠦ᠍ ᠠᠯᠳᠠᠵᠤ ᠮᠡᠳᠡᠨ᠎ᠠ᠃ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠳ᠋ᠤ ᠭᠤᠤᠯᠳᠠᠯᠭ᠎ᠠ ᠪᠡᠨ ᠠᠵᠤ ᠦᠢᠯᠡᠰ ᠤ᠋ᠨ ᠪᠦᠲᠦᠴᠡ ᠶ᠋ᠢᠨ ᠬᠡᠯᠪᠡᠷᠢ ᠶ᠋ᠢ ᠬᠤᠪᠢᠷᠠᠭᠤᠯᠵᠤ ᠳᠡᠰ ᠳᠡᠪᠰᠢᠭᠦᠯᠬᠦ ᠶ᠋ᠢ ᠠᠬᠢᠭᠤᠯᠬᠤ ᠳᠡᠭᠡᠷ᠎ᠠ ᠲᠠᠯᠪᠢᠬᠤ ᠬᠡᠷᠡᠭᠳᠠᠢ》 ᠭᠡᠵᠦ ᠴᠢᠬᠤᠯᠠᠴᠢᠯᠠᠪᠠ᠃ 2021 ᠤᠨ ᠤ᠋ 11 ᠰᠠᠷ᠎ᠠ ᠳ᠋ᠤ ᠬᠤᠷᠠᠯᠳᠤᠭᠰᠠᠨ ᠦᠪᠡᠷᠳᠡᠭᠡᠨ ᠵᠠᠰᠠᠬᠤ ᠤᠷᠤᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠡᠴᠡ 《ᠬᠥᠭ᠌ᠵᠢᠯᠲᠡ ᠶ᠋ᠢᠨ ᠣᠷᠴᠢᠨ᠂ ᠬᠥᠭ᠌ᠵᠢᠯᠲᠡ ᠶ᠋ᠢᠨ ᠨᠥᠬᠥᠴᠡᠯ ᠬᠡᠷᠬᠢᠨ ᠬᠤᠪᠢᠷᠠᠭ᠍ᠰᠠᠨ ᠴᠤ᠌᠂ ᠠᠮᠢ ᠠᠬᠤᠢ ᠣᠷᠴᠢᠨ ᠲᠤᠭᠤᠷᠢᠨ ᠢ᠋ ᠦᠷᠡᠭ᠌ᠳᠡᠭᠦᠯᠵᠦ᠍ ᠪᠠᠢᠭᠠᠳ ᠲᠦᠷ ᠴᠠᠭ ᠤ᠋ᠨ ᠨᠢᠭᠡ ᠭᠠᠵᠠᠷ ᠣᠷᠣᠨ ᠤ᠋ ᠪᠡᠨ ᠠᠵᠤ ᠠᠬᠤᠢ ᠶ᠋ᠢᠨ ᠨᠡᠮᠡᠭ᠌ᠳᠡᠯ ᠢ᠋ ᠰᠣᠯᠢᠵᠤ ᠠᠪᠴᠢᠷᠠᠬᠤ ᠤᠬᠤᠷ ᠪᠤᠳᠤᠯᠭᠠᠳᠤ ᠠᠷᠭ᠎ᠠ ᠬᠢᠳᠡᠯ ᠢ᠋ ᠡᠷᠬᠡᠪᠰᠢ ᠲᠤᠢᠯᠪᠤᠷᠢᠲᠠᠢ ᠲᠠᠶᠠᠭ᠍ᠳᠠᠵᠤ᠂ ᠡᠬᠢ ᠪᠠᠶᠠᠯᠢᠭ ᠤ᠋ᠨ ᠨᠡᠭᠡᠭᠡᠨ ᠬᠥᠭ᠌ᠵᠢᠭᠦᠯᠦᠯᠲᠡ᠂ ᠡᠬᠢ ᠪᠠᠶᠠᠯᠢᠭ ᠤ᠋ᠨ ᠬᠣᠷᠣᠭ᠍ᠳᠠᠯ ᠳ᠋ᠤ ᠬᠡᠳᠦ ᠨᠠᠢᠳᠠᠨ ᠠᠵᠤ ᠦᠢᠯᠡᠰ ᠤ᠋ᠨ ᠬᠥᠭ᠌ᠵᠢᠯᠲᠡ ᠶ᠋ᠢ ᠠᠬᠢᠭᠤᠯᠬᠤ ᠵᠤᠬᠢᠰ ᠦᠭᠡᠢ ᠠᠷᠭ᠎ᠠ ᠬᠢᠳᠡᠯ ᠢ᠋ ᠡᠷᠬᠡᠪᠰᠢ ᠲᠤᠢᠯᠪᠤᠷᠢᠲᠠᠢ ᠲᠠᠶᠠᠭ᠍ᠳᠠᠨ᠂ ᠡᠨᠧᠷᠭᠢ ᠶ᠋ᠢᠨ ᠬᠣᠷᠣᠭ᠍ᠳᠠᠭᠤᠯᠤᠯ ᠶᠡᠬᠡᠲᠡᠢ᠂ ᠭᠠᠳᠠᠭ᠍ᠰᠢᠯᠠᠭᠤᠯᠤᠯᠲᠠ ᠶᠡᠬᠡᠲᠡᠢ ᠲᠦᠷᠦᠯ ᠵᠦᠢᠯ ᠢ᠋ ᠡᠷᠬᠡᠪᠰᠢ ᠡᠷᠡᠰ ᠬᠢᠵᠠᠭᠠᠷᠯᠠᠵᠤ᠂ ᠬᠣᠴᠣᠷᠤᠩᠭᠤᠢ ᠪᠠ ᠦᠯᠡᠭᠦᠳᠡᠭ᠌ᠰᠡᠨ ᠦᠢᠯᠡᠳᠪᠦᠷᠢᠯᠡᠯ ᠤ᠋ᠨ ᠴᠢᠳᠠᠪᠤᠷᠢ ᠶ᠋ᠢ ᠡᠷᠬᠡᠪᠰᠢ ᠡᠷᠡᠰ ᠳᠠᠶᠠᠭᠳᠠᠵᠤ᠂ ᠬᠡᠷᠡᠭᠯᠡᠵᠦ ᠪᠤᠯᠬᠤ ᠡᠳ᠋ ᠤ᠋ᠨ ᠬᠦᠴᠦᠨ ᠶ᠋ᠢᠡᠨ ᠦᠯᠦ᠍ ᠬᠠᠢᠬᠤᠷᠤᠨ ᠬᠡᠲᠦᠷᠬᠡᠢ ᠶᠡᠬᠡ ᠥᠷᠢ ᠲᠠᠯᠪᠢᠵᠤ ᠪᠦᠳᠦᠭᠡᠨ ᠪᠠᠢᠭᠤᠯᠤᠯᠲᠠ ᠬᠢᠬᠦ᠌᠂ ᠠᠵᠤ ᠦᠢᠯᠡᠰ ᠤ᠋ᠨ ᠰᠠᠭᠤᠷᠢ ᠶ᠋ᠢ ᠦᠯᠦ᠍ ᠬᠠᠢᠬᠤᠷᠤᠨ ᠰᠣᠬᠣᠷ ᠪᠠᠯᠠᠢ ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠳᠦᠭᠡᠨ ᠪᠠᠢᠭᠤᠯᠬᠤ ᠠᠵᠢᠯᠯᠠᠭ᠎ᠠ ᠶ᠋ᠢ ᠡᠷᠬᠡᠪᠰᠢ ᠡᠷᠡᠰ ᠲᠡᠪᠴᠢᠬᠦ᠌ ᠬᠡᠷᠡᠭ᠌ᠲᠡᠢ》 ᠭᠡᠵᠦ ᠵᠢᠭᠠᠵᠤ ᠭᠠᠷᠭᠠᠪᠠ᠃
ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠪᠤᠯ ᠶᠡᠷᠦᠩᠬᠡᠢ ᠱᠦᠵᠢ ᠰᠢ ᠵᠢᠨ ᠫᠢᠩ ᠶ᠋ᠢᠡᠷ ᠭᠤᠤᠯ ᠪᠤᠯᠭᠠᠭᠰᠠᠨ ᠨᠠᠮ ᠤ᠋ᠨ ᠲᠦᠪ ᠬᠤᠷᠢᠶᠠᠨ ᠤ᠋ ᠮᠠᠨ ᠤ᠋ ᠤᠷᠤᠨ ᠳ᠋ᠤ ᠲᠠᠯᠪᠢᠭᠰᠠᠨ ᠴᠢᠬᠤᠯᠠ ᠱᠠᠭᠠᠷᠳᠠᠯᠭ᠎ᠠ ᠪᠤᠯᠬᠤ ᠪᠦᠭᠡᠳ ᠮᠦᠨ ᠴᠦ᠍ ᠮᠠᠨ ᠤ᠋ ᠤᠷᠤᠨ ᠤ᠋ ᠠᠵᠤ ᠠᠬᠤᠢ ᠪᠡᠨ ᠦᠷᠭᠦᠯᠵᠢᠯᠡᠨ ᠴᠢᠨᠠᠷ ᠰᠠᠢᠳᠠᠢ ᠬᠦᠭᠵᠢᠭᠦᠯᠵᠦ ᠰᠢᠨ᠎ᠠ ᠴᠠᠭ ᠦᠶ᠎ᠠ ᠳ᠋ᠤ ᠡᠷᠡᠮᠡᠬᠡᠢᠯᠡᠨ ᠤᠷᠤᠭᠰᠢᠯᠠᠬᠤ ᠶ᠋ᠢᠨ ᠵᠠᠢᠯᠠᠰᠢ ᠦᠭᠡᠢ ᠰᠤᠩᠭᠤᠯᠳᠠ ᠪᠤᠯᠬᠤ ᠶᠤᠮ᠃
ᠤᠢᠷ᠎ᠠ ᠶ᠋ᠢᠨ ᠵᠢᠯ ᠳ᠋ᠤ᠂ ᠮᠠᠨ ᠤ᠋ ᠤᠷᠤᠨ ᠶᠡᠷᠤᠩᠬᠡᠢ ᠱᠦᠵᠢ ᠰᠢ ᠵᠢᠨ ᠫᠢᠩ ᠤ᠋ᠨ ᠦᠪᠤᠷ ᠮᠤᠩᠭᠤᠯ ᠤ᠋ᠨ ᠲᠤᠬᠠᠢ ᠴᠢᠬᠤᠯᠠ ᠶᠡᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠨᠠᠷᠢᠨ ᠨᠢᠮᠪᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠠᠨ ᠵᠦᠢᠯ ᠤ᠋ᠨ ᠲᠦᠷᠦ ᠶ᠋ᠢᠨ ᠪᠤᠳᠤᠯᠭ᠎ᠠ ᠶ᠋ᠢ ᠵᠠᠯᠭᠠᠭ᠎ᠠ ᠪᠡᠷ ᠨᠡᠢᠳᠡᠯᠡᠨ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠤᠨ ᠳᠡᠰ ᠳᠡᠪᠰᠢᠭᠦᠯᠬᠦ ᠶ᠋ᠢ ᠠᠬᠢᠭᠤᠯᠤᠭᠰᠠᠨ ᠶ᠋ᠢᠡᠷ᠂ 2021 ᠤᠨ ᠪᠤᠯᠬᠤ ᠳ᠋ᠤ ᠪᠦᠬᠦ ᠤᠷᠤᠨ ᠤ᠋ ᠤᠷᠤᠨ ᠨᠤᠳᠤᠭ ᠤ᠋ᠨ ᠦᠢᠯᠡᠳᠪᠤᠷᠢᠯᠡᠯ ᠤ᠋ᠨ ᠶᠡᠷᠦᠩᠬᠡᠢ ᠦᠷᠳᠡᠭ 2 ᠳ᠋ᠦᠩᠰᠢᠭᠤᠷ ᠲᠦᠭᠦᠷᠢᠭ ᠤ᠋ᠨ ᠪᠤᠭᠤᠮᠳᠠ ᠶ᠋ᠢ ᠲᠠᠪᠠᠨ 20514.2 ᠳ᠋ᠦᠩᠰᠢᠭᠤᠷ ᠲᠦᠭᠦᠷᠢᠭ ᠲᠦ᠍ ᠬᠦᠷᠴᠠᠢ᠃ ᠡᠭᠦᠨ ᠳ᠋ᠤ᠂ ᠨᠢᠭᠡᠳᠦᠭᠡᠷ ᠠᠵᠤ ᠦᠢᠯᠡᠰ ᠤ᠋ᠨ ᠨᠡᠮᠡᠭᠳᠡᠯ ᠦᠷᠳᠡᠭ 2225.2 ᠳ᠋ᠦᠩᠰᠢᠭᠤᠷ ᠲᠦᠭᠦᠷᠢᠭ᠂ ᠬᠤᠶᠠᠳᠤᠭᠠᠷ ᠠᠵᠤ ᠦᠢᠯᠡᠰ ᠤ᠋ᠨ ᠨᠡᠮᠡᠭᠳᠡᠯ ᠦᠷᠳᠡᠭ 9374.2 ᠳ᠋ᠦᠩᠰᠢᠭᠤᠷ ᠲᠦᠭᠦᠷᠢᠭ᠂ ᠭᠤᠷᠪᠠᠳᠤᠭᠠᠷ ᠠᠵᠤ ᠦᠢᠯᠡᠰ ᠤ᠋ᠨ ᠨᠡᠮᠡᠭᠳᠡᠯ ᠦᠷᠳᠡᠭ 8914.8 ᠳ᠋ᠦᠩᠰᠢᠭᠤᠷ ᠲᠦᠭᠦᠷᠢᠭ ᠪᠠᠢᠵᠤ᠂ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠩ ᠶ᠋ᠢᠡᠷ ᠰᠠᠭᠤᠷᠢ ᠪᠤᠯᠭᠠᠭᠰᠠᠨ᠂ ᠦᠢᠯᠡᠴᠢᠯᠡᠭᠡᠨ ᠤ᠋ ᠦᠢᠯᠡᠰ ᠶ᠋ᠢᠡᠷ ᠭᠤᠤᠯ ᠴᠤᠭᠴᠠᠵᠢᠭᠤᠯᠤᠬᠰᠠᠨ᠂ ᠠᠵᠤ ᠦᠢᠯᠡᠰ ᠤ᠋ᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠵᠤ ᠳᠡᠰ ᠳᠡᠪᠰᠢᠭᠰᠡᠨ ᠠᠵᠤ ᠠᠬᠤᠢ ᠶ᠋ᠢᠨ ᠬᠦᠭᠵᠢᠯᠳᠡ ᠶ᠋ᠢᠨ ᠰᠢᠨ᠎ᠠ ᠵᠠᠭᠪᠤᠷ ᠢ᠋ ᠦᠨᠳᠦᠰᠦᠨ ᠳ᠋ᠡᠭᠡᠨ ᠪᠦᠷᠢᠯᠳᠦᠭᠦᠯᠦᠭᠰᠡᠨ ᠪᠠᠢᠨ᠎ᠠ᠃
2021 ᠤᠨ ᠳ᠋ᠤ᠂ ᠮᠠᠨ ᠤ᠋ ᠤᠷᠤᠨ ᠰᠦ᠋ ᠶ᠋ᠢᠨ ᠦᠶ᠋ᠯᠡᠰ᠂ ᠦᠷ᠎ᠡ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠳᠦᠬᠡᠨ ᠪᠠᠢᠭᠤᠯᠬᠤ ᠮᠡᠳᠤ ᠵᠢᠨ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠴᠢᠩᠭ᠎ᠠ ᠬᠦᠴᠤᠳᠠᠢ ᠠᠷᠭ᠎ᠠ ᠪᠤᠳᠤᠯᠭ᠎ᠠ ᠵᠢ ᠬᠡᠷᠡᠭᠵᠢᠬᠦᠯᠬᠦ ᠪᠡᠷ ᠲᠠᠮᠵᠢᠨ ᠠᠮᠤ ᠪᠤᠳᠠᠭᠠᠨ ᠤ᠋ ᠡᠯᠪᠡᠭ ᠬᠤᠷᠢᠶᠠᠯᠳᠠ ᠪᠤᠯᠤᠨ ᠮᠠᠯ ᠤᠨᠤᠭᠠᠨ ᠤ᠋ ᠲᠣᠭᠲᠠᠭᠤᠨ ᠦᠰᠦᠯᠳᠡ ᠵᠢ ᠪᠠᠳᠤᠯᠠᠪᠠ᠃ ᠤᠳᠤ ᠮᠠᠨ ᠤ᠋ ᠤᠷᠤᠨ ᠤ᠋ ᠦᠨᠢᠶᠡᠨ ᠰᠦ᠂ ᠦᠭᠡᠷ ᠤ᠋ᠨ ᠮᠢᠬ᠎ᠠ᠂ ᠬᠤᠨᠢᠨ ᠮᠢᠬ᠎ᠠ᠂ ᠨᠤᠤᠰᠤ ᠨᠤᠤᠯᠤᠭᠤᠷ ᠤ᠋ᠨ ᠭᠠᠷᠤᠯᠳᠠ ᠴᠦᠮ ᠪᠦᠬᠦ ᠤᠯᠤᠰ ᠤ᠋ᠨ ᠳᠡᠷᠢᠭᠦᠨ ᠳ᠋ᠤ ᠤᠷᠤᠵᠤ᠂ ᠵᠢᠯ ᠪᠦᠷᠢ 500 ᠲᠦᠮᠡᠨ ᠳᠤᠨ ᠦᠨᠢᠶᠡᠨ ᠰᠦ᠂ 150 ᠲᠦᠮᠡᠨ ᠳᠤᠨ ᠮᠢᠬᠠᠨ ᠤ᠋ ᠵᠦᠢᠯ ᠢ᠋ ᠭᠠᠳᠠᠭᠰᠢ ᠰᠢᠯᠵᠢᠭᠦᠯᠦᠨ ᠭᠠᠷᠭᠠᠬᠤ ᠴᠢᠳᠠᠪᠤᠷᠢ ᠳᠠᠢ ᠪᠤᠯᠵᠠᠢ᠃
2021 ᠤᠨ ᠳ᠋ᠤ᠂ ᠮᠠᠨ ᠤ᠋ ᠤᠷᠤᠨ ᠱᠢᠨ᠎ᠡ ᠡᠨᠧᠷᠭᠢ ᠶ᠋ᠢ ᠳᠠᠬᠢᠨ ᠶ᠋ᠢᠡᠷ ᠨᠡᠮᠡᠭ᠌ᠳᠡᠭᠦᠯᠬᠦ᠌ ᠠᠵᠢᠯᠯᠠᠭ᠎ᠠ ᠶ᠋ᠢ ᠬᠡᠷᠡᠭ᠌ᠵᠢᠭᠦᠯᠵᠦ᠍᠂ 4000 ᠭᠠᠷᠤᠢ ᠲᠦᠮᠡᠨ ᠺᠢᠯᠦᠸᠠᠲ ᠤ᠋ᠨ ᠰᠠᠯᠬᠢᠨ ᠬᠦᠴᠦᠨᠦ ᠴᠠᠬᠢᠯᠭᠠᠨ ᠪᠤᠯᠤᠨ ᠬᠡᠷᠡᠯᠴᠢ ᠴᠡᠨᠡᠭ ᠤ᠋ᠨ ᠪᠦᠲᠦᠭᠡᠨ ᠪᠠᠢᠭᠤᠯᠤᠯᠳᠠ ᠶ᠋ᠢᠨ ᠲᠥᠷᠥᠯ ᠵᠦᠶ᠋ᠯ ᠤ᠋ᠨ ᠵᠥᠪᠱᠢᠶᠡᠷᠡᠯ ᠢ᠋ ᠤᠯᠵᠤ᠂ ᠳᠠᠬᠢᠯᠳᠠ ᠡᠨᠧᠷᠭᠢ ᠪᠡᠷ ᠴᠠᠬᠢᠯᠭᠠᠨ ᠭᠠᠷᠭᠠᠬᠤ ᠬᠡᠮᠵᠢᠶ᠎ᠡ 27.5% ᠪᠠᠷ ᠨᠡᠮᠡᠭ᠌ᠳᠡᠪᠡ᠃
2021 ᠤᠨ ᠳ᠋ᠤ᠂ ᠮᠠᠨ ᠤ᠋ ᠤᠷᠤᠨ ᠠᠵᠤ ᠦᠢᠯᠡᠰ ᠤ᠋ᠨ ᠬᠠᠭᠤᠴᠢᠨ ᠢ᠋ ᠥᠭᠡᠷᠡᠴᠢᠯᠡᠨ ᠱᠢᠨ᠎ᠡ ᠶ᠋ᠢ ᠪᠣᠢᠵᠢᠭᠤᠯᠬᠤ ᠠᠬᠢᠴᠠ ᠶ᠋ᠢ ᠲᠦᠷᠭᠡᠳᠭᠡᠨ᠂ ᠶᠤᠸᠠᠨ ᠵᠢᠩ ᠪᠦᠯᠦᠭᠯᠡᠯ ᠵᠡᠷᠭᠡ 15 ᠳᠠᠭᠠᠭᠤᠯᠤᠭᠴᠢ ᠠᠵᠤ ᠠᠬᠤᠢᠯᠠᠯ ᠢ᠋ ᠤᠷᠤᠭᠤᠯᠤᠨ ᠠᠪᠴᠢᠷᠠᠵᠤ᠂ ᠦᠢᠯᠡᠳᠬᠦ᠌ ᠦᠢᠯᠡᠰ᠂ ᠳᠡᠭᠡᠳᠦ ᠱᠢᠨ᠎ᠡ ᠮᠡᠷᠭᠡᠵᠢᠯ ᠤ᠋ᠨ ᠦᠢᠯᠡᠰ ᠲᠣᠰᠪᠣᠷᠢ 11.3% ᠪᠠ 22.4% ᠪᠡᠷ ᠨᠡᠮᠡᠭ᠌ᠳᠡᠵᠠᠢ᠃
2021ᠤᠨ ᠳ᠋ᠤ᠂ ᠮᠠᠨ ᠤ᠋ ᠤᠷᠤᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭᠢ᠋ ᠨᠡᠢᠳᠬᠡᠨ ᠱᠢᠯᠢᠳᠡᠭ᠌ᠵᠢᠭᠦᠯᠵᠤ᠂ ᠪᠠᠢᠭᠤᠯᠤᠮᠵᠢ ᠶ᠋ᠢᠨ ᠲᠣᠭ᠎ᠠ ᠶ᠋ᠢ ᠬᠠᠭᠠᠰ ᠶ᠋ᠢᠡᠷ ᠪᠠᠭᠠᠰᠭᠠᠨ ᠲᠥᠯᠥᠪᠵᠢᠭᠦᠯᠭᠡ ᠶ᠋ᠢᠨ ᠲᠠᠯᠠᠪᠠᠢ ᠶ᠋ᠢ 30% ᠪᠡᠷ ᠪᠠᠭᠠᠰᠬᠠᠵᠤ᠂ ᠦᠢᠯᠡᠳᠬᠦᠨᠦ ᠥᠷᠲᠡᠭ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠬᠦᠷᠢᠶᠡᠯᠡᠩ ᠲᠣᠭᠣᠷᠢᠭ 3 ᠪᠤᠯᠪᠠ᠃
2021 ᠤᠨ ᠳ᠋ᠤ᠂ ᠮᠠᠨ ᠤ᠋ ᠤᠷᠤᠨ ᠦᠶ᠋ᠯᠡᠴᠢᠯᠡᠭᠡᠨᠦ ᠦᠶ᠋ᠯᠡᠰ ᠢ᠋ ᠳᠤᠭᠳᠠᠪᠤᠷᠢᠵᠢᠭᠤᠯᠤᠨ ᠶᠠᠰᠤ ᠴᠢᠨᠠᠷ ᠢ᠋ ᠳᠡᠭᠡᠭ᠌ᠰᠢᠯᠡᠬᠦᠯᠬᠦ ᠶ᠋ᠢ ᠠᠬᠢᠭᠤᠯᠵᠤ᠂ 3 ᠤᠯᠤᠰ ᠤ᠋ᠨ ᠲᠠᠰ ᠤ᠋ᠨ ᠰᠥᠨᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨᠦ ᠲᠥᠪᠯᠡᠷᠡᠭ᠌ᠰᠡᠨ ᠲᠣᠭᠣᠷᠢᠭ ᠪᠤᠯᠤᠨ 9 ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠲᠣᠰᠭᠣᠨ ᠪᠠᠯᠭᠠᠰᠤ ᠶ᠋ᠢ ᠱᠢᠨ᠎ᠡ ᠪᠡᠷ ᠪᠠᠢᠭᠤᠯᠵᠤ᠂ ᠪᠤᠭᠤᠲᠤ ᠬᠣᠲᠠ ᠤᠯᠤᠰ ᠤ᠋ᠨ ᠲᠠᠰ ᠤ᠋ᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨᠦ ᠲᠤᠷᠱᠢᠯᠲᠠ ᠶ᠋ᠢᠨ ᠴᠡᠭ ᠤ᠋ᠨ ᠬᠣᠲᠠ ᠪᠠᠷ ᠰᠣᠩᠭᠣᠭ᠍ᠳᠠᠪᠠ᠃
2021 ᠤᠨ ᠳ᠋ᠤ᠂ ᠮᠠᠨ ᠤ᠋ ᠣᠷᠣᠨ ᠤ᠋ ᠬᠠᠳᠠᠭᠠᠯᠠᠮᠵᠢ ᠪᠠ ᠵᠢᠭᠡᠯᠡᠯᠭᠡ ᠶ᠋ᠢᠨ ᠨᠡᠮᠡᠭ᠌ᠳᠡᠯ ᠤ᠋ᠨ ᠬᠤᠷᠳᠤᠴᠠ ᠪᠤᠯᠤᠨ ᠨᠡᠮᠡᠭᠳᠡᠯ ᠤ᠋ᠨ ᠬᠡᠮᠵᠢᠶ᠎ᠠ ᠴᠥᠮ 4 ᠵᠢᠯ ᠤ᠋ᠨ ᠲᠤᠷᠱᠢᠬᠢ ᠱᠢᠨ᠎ᠡ ᠲᠡᠮᠳᠡᠭ᠌ᠯᠡᠯ ᠢ᠋ ᠡᠭᠦᠳᠴᠦ᠍᠂ ᠪᠠᠩᠬᠢ ᠶ᠋ᠢᠨ ᠦᠶ᠋ᠯᠡᠰ ᠤ᠋ᠨ ᠡᠷᠡᠭᠦᠯ ᠪᠤᠰᠤ ᠵᠢᠭᠡᠯᠡᠯᠭᠡ ᠶ᠋ᠢᠨ ᠨᠣᠷᠮ᠎ᠠ 6 ᠵᠢᠯ ᠤ᠋ᠨ ᠲᠤᠷᠱᠢᠬᠢ ᠬᠠᠮᠤᠭ ᠤ᠋ᠨ ᠳᠤᠤᠷ᠎ᠠ ᠲᠦᠪᠱᠢᠨ ᠳ᠋ᠤ ᠬᠦᠷᠲᠡᠯ᠎ᠡ ᠪᠠᠭᠤᠷᠠᠭᠰᠠᠨ ᠪᠠᠢᠨ᠎ᠠ᠃
2021 ᠤᠨ ᠳ᠋ᠤ᠂ ᠮᠠᠨ ᠤ᠋ ᠤᠷᠤᠨ 4 ᠠᠵᠤ ᠠᠬᠤᠢᠯᠠᠯ ᠤ᠋ᠨ ᠰᠲ᠋ᠣᠺ ᠢ᠋ ᠵᠠᠬ᠎ᠠ ᠳᠡᠯᠭᠡᠭᠦᠷ ᠲᠦ᠍ ᠭᠠᠷᠭᠠᠵᠤ᠂ ᠪᠦᠬᠦ ᠣᠷᠣᠨ ᠤ᠋ ᠠᠵᠤ ᠠᠬᠤᠢᠯᠠᠯ ᠤ᠋ᠨ 9 ᠵᠢᠯ ᠤ᠋ᠨ ᠲᠤᠷᠰᠢ A ᠰᠲ᠋ᠣᠺ ᠤ᠋ᠨ ᠵᠠᠬ᠎ᠠ ᠳᠡᠯᠭᠡᠭᠦᠷ ᠲᠦ᠍ ᠭᠠᠷᠴᠦ ᠲᠡᠢᠯᠦᠭᠰᠡᠨ ᠦᠬᠡᠢ ᠪᠠᠢᠳᠠᠯ ᠢ᠋ ᠬᠤᠪᠢᠷᠠᠭᠤᠯᠪᠠ᠃
᠁
ᠡᠨᠡ ᠪᠤᠯ ᠦᠩᠬᠡᠷᠡᠭᠰᠡᠨ ᠨᠢᠭᠡ ᠵᠢᠯ ᠤ᠋ᠨ ᠲᠤᠷᠰᠢᠬᠢ ᠠᠮᠵᠢᠯᠳᠠ ᠪᠦᠲᠦᠮᠵᠢ ᠶᠤᠮᠰᠠᠨ᠃ 《ᠠᠷᠪᠡᠨ ᠳᠦᠷᠪᠡᠳᠦᠭᠡᠷ ᠲᠠᠪᠤᠨ ᠵᠢᠯ》 ᠢ᠋ ᠡᠢᠨ ᠬᠦ᠌ ᠰᠠᠢᠨ ᠰᠠᠢᠬᠠᠨ ᠵᠢᠡᠷ ᠡᠬᠢᠯᠡᠬᠦᠯᠦᠭᠰᠡᠨ ᠦᠪᠤᠷ ᠮᠤᠩᠭᠤᠯ ᠮᠠᠨᠢ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠵᠦ ᠢᠳᠡᠷᠡᠬᠦᠨ ᠠᠯᠬᠤᠭ᠎ᠠ ᠪᠡᠷ ᠢᠳᠡᠬᠡᠯ ᠲᠡᠬᠦᠯᠳᠡᠷ ᠤᠷᠤᠭᠰᠢᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃